ᠵᠦᠪ ᠵᠠᠮ᠎ᠢ ᠡᠷᠢᠯᠬᠢᠯᠡᠨ ᠱᠢᠨ᠎ᠡ ᠠᠶᠠᠨ᠎ᠢᠶᠠᠨ ᠰᠠᠢᠳᠤᠷ ᠡᠬᠢᠯᠡᠬᠦᠯᠦᠨ᠎ᠠ
2021-03-30 09:54:46
ᠵᠣᠬᠢᠶᠠᠭ᠍ᠴᠢ᠄
ᠼᠠᠢ ᠳ᠋ᠦᠩ ᠮᠧᠢ ᠮᠤᠤ ᠺᠠᠢ ᠶᠠᠨ ᠯᠢ ᠢᠤᠢ ᠵᠦᠸᠧ ᠢᠤᠢ ᠬᠠᠢ ᠳ᠋ᠦᠩ
ᠣᠩᠱᠢᠭ᠍ᠰᠠᠨ ᠣᠳᠠᠭ᠎ᠠ᠄
★★★☆☆

ᠦᠭᠡ᠎ᠶ᠋ᠢᠨ ᠲᠡᠭᠦᠪᠦᠷᠢ

ᠱᠢᠨ᠎ᠠ ᠬᠦᠭ᠌ᠵᠢᠯᠳᠡ᠎ᠶ᠋ᠢᠨ ᠤᠢ᠍ᠢᠯᠠᠭᠠᠭ᠍ᠳᠠᠬᠤᠨ᠎ᠢ ᠲᠤᠭᠤᠱᠢᠯᠠᠭᠤᠯᠤᠨ᠂ ᠠᠵᠤ ᠠᠬᠤᠢ᠎ᠶ᠋ᠢᠨ ᠬᠦᠭ᠌ᠵᠢᠯᠳᠡ ᠪᠤᠯᠤᠨ ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠳᠡ ᠪᠦᠳᠦᠭᠡᠨ ᠪᠠᠢᠭᠤᠯᠤᠯᠳᠡ᠎ᠶ᠋ᠢᠨ ᠬᠠᠷᠢᠴᠠᠭ᠎ᠠ᠎ᠶ᠋ᠢ ᠨᠢᠭᠡᠳᠤᠯᠳᠡᠢ ᠰᠠᠢᠳᠤᠷ ᠲᠦᠯᠦᠪᠵᠢᠬᠦᠯᠵᠤ᠂ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠤᠭ᠍ᠳᠠᠭᠠᠯᠳᠡ᠎ᠳᠤ ᠨᠡᠢᠴᠡᠭ᠌ᠰᠡᠨ᠂ ᠦᠪᠤᠷ ᠮᠤᠩᠭᠤᠯ᠎ᠤᠨ ᠤᠨᠴᠠᠯᠢᠭ᠎ᠢ ᠬᠠᠷᠠᠭᠤᠯᠤᠭ᠍ᠰᠠᠨ᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬᠤ ᠪᠤᠬᠢᠷᠳᠤᠯ ᠦᠬᠡᠢ ᠬᠦᠭ᠌ᠵᠢᠯᠳᠡ᠎ᠪᠠᠷ ᠤᠳᠤᠷᠢᠳᠤᠮᠵᠢ ᠪᠤᠯᠭᠠᠭ᠍ᠰᠠᠨ ᠴᠢᠨᠠᠷ ᠰᠠᠢᠳᠠᠢ ᠬᠦᠭ᠌ᠵᠢᠯᠳᠡ᠎ᠶ᠋ᠢᠨ ᠱᠢᠨ᠎ᠠ ᠵᠠᠮ᠎ᠢ ᠴᠢᠷᠮᠠᠢᠨ ᠡᠷᠢᠯᠬᠢᠯᠡᠬᠦ᠌ ᠬᠡᠷᠡᠭ᠌ᠳᠡᠢ᠃

— 2019 ᠤᠨ᠎ᠤ 3 ᠰᠠᠷ᠎ᠠ᠎ᠶ᠋ᠢᠨ 5 ᠎ᠤ ᠡᠳᠤᠷ᠂ ᠶᠡᠷᠤᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ᠎ᠤᠨ ᠦᠪᠤᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠡᠨ ᠵᠦᠪᠯᠡᠬᠦ᠌ ᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶ᠎ᠠ᠎ᠠᠴᠠ ᠬᠡᠰᠡᠭ᠌ᠯᠡᠪᠡ

  ᠤᠭ ᠰᠠᠨᠠᠭ᠎ᠠ ᠡᠬᠦᠷᠭᠡ ᠬᠠᠷᠢᠭᠤᠴᠠᠯᠭ᠎ᠠ᠎ᠪᠠᠨ ᠪᠠᠳᠤ ᠴᠡᠭᠡᠵᠢᠯᠡᠨ᠂ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭ᠌ᠵᠢᠯᠳᠡ᠎ᠶ᠋ᠢᠨ ᠦᠵᠡᠯ ᠰᠠᠨᠠᠭ᠎ᠠ᠎ᠶ᠋ᠢ ᠲᠤᠭᠤᠱᠢᠯᠠᠭᠤᠯᠵᠤ᠂ ᠱᠢᠨ᠎ᠠ ᠬᠦᠭ᠌ᠵᠢᠯᠳᠡ᠎ᠶ᠋ᠢᠨ ᠤᠢ᠍ᠢᠯᠠᠭᠠᠭ᠍ᠳᠠᠬᠤᠨ᠎ᠢ ᠨᠠᠢᠳᠠᠪᠤᠷᠢᠵᠢᠭᠤᠯᠤᠨ᠂ ᠨᠡᠮᠡᠭ᠌ᠳᠡᠯ᠎ᠢ ᠲᠤᠭ᠍ᠳᠠᠪᠤᠷᠢᠵᠢᠭᠤᠯᠬᠤ᠂ ᠦᠬᠡᠷᠡᠴᠢᠯᠡᠯᠳᠡ᠎ᠶ᠋ᠢ ᠠᠬᠢᠭᠤᠯᠬᠤ᠂ ᠪᠦᠳᠦᠴᠡ᠎ᠶ᠋ᠢ ᠲᠤᠬᠢᠷᠠᠭᠤᠯᠬᠤ᠂ ᠠᠷᠠᠳ᠎ᠤᠨ ᠠᠮᠢᠳᠤᠷᠠᠯ᠎ᠳᠤ ᠠᠱᠢᠬ ᠬᠦᠷᠳᠡᠭᠡᠬᠦ᠂ ᠲᠦᠭ᠌ᠰᠢᠬᠦᠷᠢ᠎ᠶ᠋ᠢ ᠰᠡᠷᠬᠡᠢᠯᠡᠬᠦ᠂ ᠲᠤᠭ᠍ᠳᠠᠭᠤᠨ᠎ᠢ ᠪᠠᠳᠤᠯᠠᠬᠤ ᠡᠯ᠎ᠠ ᠵᠦᠢᠯ᠎ᠤᠨ ᠠᠵᠢᠯ᠎ᠢ ᠰᠠᠢᠳᠤᠷ ᠬᠢᠵᠤ᠂ ᠦᠨᠳᠦᠰᠦᠳᠡᠨ᠎ᠨᠦᠭᠦᠳ᠎ᠤᠨ ᠤᠯᠠᠨ ᠲᠦᠮᠡᠨ᠎ᠤ ᠬᠦᠷᠳᠡᠮᠵᠢ᠎ᠶ᠋ᠢᠨ ᠲᠦᠷᠦᠭ᠌ᠳᠡᠯ᠎ᠢ ᠲᠠᠰᠤᠷᠠᠯᠳᠡ ᠦᠬᠡᠢ ᠨᠡᠮᠡᠭ᠌ᠳᠡᠬᠦᠯᠵᠤ᠂ ᠡᠬᠡ ᠤᠯᠤᠰ᠎ᠤᠨ ᠤᠮᠠᠷᠠᠳᠤ ᠬᠢᠯᠢ᠎ᠶ᠋ᠢᠨ ᠦᠵᠡᠮᠵᠢ᠎ᠶ᠋ᠢᠨ ᠤᠷᠤᠨ᠎ᠢ ᠨᠡᠩ ᠦᠵᠡᠰᠭᠦᠯᠡᠩᠳᠤ ᠰᠠᠢᠬᠠᠨ ᠪᠤᠯᠭᠠᠨ ᠪᠦᠳᠦᠭᠡᠨ ᠪᠠᠢᠭᠤᠯᠬᠤ ᠬᠡᠷᠡᠭ᠌ᠳᠡᠢ᠃

— 2019 ᠤᠨ᠎ᠤ 7 ᠰᠠᠷ᠎ᠠ᠎ᠳᠤ ᠶᠡᠷᠤᠩᠬᠡᠢ ᠱᠦᠵᠢ ᠰᠢ᠎ᠶ᠋ᠢᠨ ᠫᠢᠩ ᠦᠪᠤᠷ ᠮᠤᠩᠭᠤᠯ᠎ᠳᠤ ᠱᠢᠨᠵᠢᠯᠡᠨ ᠪᠠᠢᠴᠠᠭᠠᠬᠤ ᠦᠶ᠎ᠠ᠎ᠶ᠋ᠢᠨ ᠴᠢᠬᠤᠯᠠ ᠶᠠᠷᠢᠶ᠎ᠠ᠎ᠠᠴᠠ ᠬᠡᠰᠡᠭ᠌ᠯᠡᠪᠡ

ᠱᠢᠨ᠎ᠠ ᠬᠦᠭ᠌ᠵᠢᠯᠳᠡ᠎ᠶ᠋ᠢᠨ ᠤᠢ᠍ᠢᠯᠠᠭᠠᠭ᠍ᠳᠠᠬᠤᠨ ᠪᠤᠯ ᠨᠢᠭᠡᠨ ᠪᠦᠬᠦᠯᠢ ᠴᠤᠭ᠍ᠴᠡ ᠮᠦᠨ᠂ ᠡᠷᠭᠡᠪᠰᠢ ᠪᠦᠷᠢᠨ ᠪᠦᠳᠦᠨ᠂ ᠵᠦᠪ ᠤᠨᠤᠪᠴᠢᠳᠡᠢ᠂ ᠪᠦᠬᠦ᠌ ᠲᠠᠯ᠎ᠠ᠎ᠪᠠᠷ ᠤᠢ᠍ᠢᠯᠠᠭᠠᠨ ᠲᠤᠭᠤᠱᠢᠯᠠᠭᠤᠯᠵᠤ᠂ ᠱᠢᠨ᠎ᠠ ᠬᠦᠭ᠌ᠵᠢᠯᠳᠡ᠎ᠶ᠋ᠢᠨ ᠪᠠᠢᠷᠢᠱᠢᠯ᠎ᠳᠤ ᠤᠢ᠍ᠢᠯᠡᠴᠢᠯᠡᠬᠦ᠌ ᠪᠠ ᠠᠭᠤᠰᠤᠯᠴᠠᠬᠤ᠎ᠪᠠᠷ ᠬᠦᠴᠦᠯᠡᠬᠦ᠌ ᠬᠡᠷᠡᠭ᠌ᠳᠡᠢ᠃

— 2021 ᠤᠨ᠎ᠤ 3 ᠰᠠᠷ᠎ᠠ᠎ᠶ᠋ᠢᠨ 5 ᠎ᠤ ᠡᠳᠤᠷ᠂ ᠶᠡᠷᠤᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠤᠭᠡᠷ ᠬᠤᠷᠠᠯ᠎ᠤᠨ ᠦᠪᠤᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠡᠨ ᠵᠦᠪᠯᠡᠬᠦ᠌᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶ᠎ᠠ᠎ᠠᠴᠠ ᠬᠡᠰᠡᠭ᠌ᠯᠡᠪᠡ

 ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠬᠡᠷ ᠬᠤᠷᠠᠯ᠎ᠤᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠠ ᠎ᠶ᠋ᠢᠨ ᠴᠢᠬᠤᠯᠠ ᠶᠠᠷᠢᠶ᠎ᠠ ᠎ᠨᠢ ᠮᠠᠨ ᠎ᠤ  ᠤᠷᠤᠨ ᠎ᠤ 《ᠠᠷᠪᠠᠨ ᠲᠦᠷᠪᠡᠳᠦᠬᠡᠷ ᠲᠠᠪᠤᠨ ᠵᠢᠯ》 ᠎ᠢ ᠰᠠᠢᠳᠤᠷ ᠡᠬᠢᠯᠡᠬᠦᠯᠦᠨ᠂ ᠱᠢᠨ᠎ᠠ ᠠᠶᠠᠨ ᠵᠠᠮ᠎ᠢᠶᠠᠷ ᠤᠮᠤᠬ ᠲᠡᠬᠦᠯᠳᠡᠷ ᠵᠠᠮᠨᠠᠬᠤ᠎ᠳᠤ ᠤᠷᠤᠬ᠍ᠰᠢᠯᠠᠯᠳᠠ᠎ᠶ᠋ᠢᠨ ᠴᠢᠭ᠌ᠯᠡᠯ᠎ᠢ ᠲᠤᠳᠤᠷᠬᠠᠢ ᠵᠢᠭᠠᠵᠦ᠍ ᠦᠭ᠌ᠴᠡᠢ᠃

ᠱᠢᠨ᠎ᠠ ᠭᠠᠷᠤᠭ᠎ᠠ ᠲᠡᠬᠡᠷ᠎ᠠ ᠵᠤᠬ᠍ᠰᠤᠬ᠍ᠰᠠᠨ ᠦᠪᠦᠷ ᠮᠤᠩᠭᠤᠯ᠎ᠤᠨ ᠠᠤᠭ᠎ᠠ ᠶᠡᠭᠡ ᠵᠢᠷᠤᠬ ᠲᠦᠰᠦᠪ ᠨᠢᠬᠡᠨᠳᠡ ᠵᠢᠷᠤᠬ᠍ᠯᠠᠬ᠍ᠳᠠᠵᠠᠢ᠃

 

《ᠠᠷᠪᠠᠨ ᠲᠦᠷᠪᠡᠳᠦᠬᠡᠷ ᠲᠠᠪᠤᠨ ᠵᠢᠯ》 ᠎ᠤᠨ ᠬᠦᠭ᠌ᠵᠢᠯᠳᠡ᠎ᠶ᠋ᠢ ᠰᠠᠢᠳᠤᠷ ᠡᠬᠢᠯᠡᠬᠦᠯᠬᠦ᠌᠎ᠶ᠋ᠢᠨ ᠲᠦᠯᠦᠬᠡ᠂ ᠦᠪᠦᠷ ᠮᠤᠩᠭᠤᠯ᠎ᠤᠨ ᠦᠨᠳᠦᠰᠦᠳᠡᠨ᠎ᠨᠦᠭᠦᠳ᠎ᠤᠨ ᠬᠦᠪᠡᠬᠦᠳ ᠦᠬᠢᠳ ᠬᠦᠰᠡᠯ ᠨᠠᠢᠳᠠᠯᠭ᠎ᠠ᠎ᠶ᠋ᠢ ᠪᠠᠳᠤ ᠴᠡᠬᠡᠵᠢᠯᠡᠨ ᠠᠶᠠᠨ᠎ᠳᠠᠭᠠᠨ ᠲᠠᠬᠢᠨ ᠮᠤᠷᠳᠠᠵᠦ᠍᠂ ᠤᠳᠤᠬᠢᠴᠢᠯᠠᠬ᠍ᠰᠠᠨ ᠦᠪᠦᠷ ᠮᠤᠩᠭᠤᠯ᠎ᠢ ᠪᠦᠬᠦ᠌ ᠲᠠᠯ᠎ᠠ᠎ᠪᠠᠷ ᠪᠦᠲᠦᠬᠡᠨ ᠪᠠᠢᠭᠤᠯᠬᠤ ᠱᠢᠨ᠎ᠠ ᠠᠶᠠᠨ᠎ᠳᠤ ᠡᠷᠡᠮᠡᠭᠡᠢᠯᠡᠨ ᠤᠷᠤᠬ᠍ᠰᠢᠯᠠᠵᠦ᠍᠂ ᠱᠢᠨ᠎ᠠ ᠠᠮᠵᠢᠯᠳᠠ᠎ᠶ᠋ᠢᠨ ᠬᠠᠭᠤᠳᠠᠰᠤ᠎ᠶ᠋ᠢ ᠪᠢᠴᠢᠭ᠌ᠯᠡᠨ᠂ ᠱᠢᠯᠢᠳᠡᠭ ᠬᠢᠷᠢ ᠪᠦᠲᠦᠮᠵᠢ᠎ᠪᠠᠷ ᠨᠠᠮ ᠪᠠᠢᠭᠤᠯᠤᠬ᠍ᠳᠠᠬ᠍ᠰᠠᠨ ᠵᠠᠭᠤᠨ ᠵᠢᠯ᠎ᠤᠨ ᠤᠢ᠎ᠳᠤ ᠪᠡᠯᠡᠭ ᠡᠷᠬᠦᠬᠦ᠌᠎ᠪᠠᠷ ᠴᠢᠷᠮᠠᠢᠵᠠᠭᠠᠨ᠎ᠠ᠃

ᠤᠢ᠍ᠢᠷ᠎ᠠ᠎ᠶ᠋ᠢᠨ ᠬᠠᠭᠠᠰ ᠰᠠᠷ᠎ᠠ᠎ᠳᠤ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠱᠦᠵᠢ ᠱ᠌ᠢ᠎ᠲᠠᠢ ᠹᠧᠩ ᠪᠦᠬᠦ᠌ ᠤᠷᠤᠨ᠎ᠤ ᠡᠯ᠎ᠠ ᠭᠠᠵᠠᠷ᠎ᠤᠳ᠎ᠢᠶᠠᠷ ᠪᠠᠢᠴᠠᠭᠠᠨ ᠰᠤᠳᠤᠯᠤᠭᠠᠳ ᠮᠠᠰᠢ ᠶᠠᠭᠠᠷᠠᠤ᠃

3 ᠰᠠᠷ᠎ᠠ᠎ᠶ᠋ᠢᠨ 16 ᠎ᠠᠴᠠ 17 ᠎ᠤ ᠡᠳᠦᠷ ᠪᠤᠯᠳᠠᠯ᠎ᠠ᠂ ᠱ᠌ᠢ᠎ᠲᠠᠢ ᠹᠧᠩ ᠱᠦᠵᠢ ᠪᠠᠶᠠᠨᠨᠠᠭᠤᠷ ᠬᠤᠳᠠ᠎ᠶ᠋ᠢᠨ ᠯᠢᠨ ᠾᠧ ᠲᠤᠭᠤᠷᠢᠬ᠂ ᠦᠶᠤᠧᠠᠨ ᠱᠢᠶᠠᠨ᠂ ᠤᠷᠠᠳ᠎ᠤᠨ ᠡᠮᠦᠨᠡᠳᠤ ᠬᠤᠱᠢᠭᠤ᠎ᠪᠠᠷ ᠬᠦᠨᠵᠡᠬᠡᠢᠷᠡᠪᠡ᠃

3 ᠰᠠᠷ᠎ᠠ᠎ᠶ᠋ᠢᠨ 22 ᠎ᠠᠴᠠ 24 ᠎ᠤ ᠡᠳᠦᠷ ᠪᠤᠯᠳᠠᠯ᠎ᠠ᠂ ᠱ᠌ᠢ᠎ᠲᠠᠢ ᠹᠧᠩ ᠱᠦᠵᠢ ᠬᠦᠬᠡᠬᠤᠳᠠ᠎ᠶ᠋ᠢᠨ ᠬᠤᠷᠢᠨᠬᠡᠷ ᠱᠢᠶᠠᠨ᠂ ᠪᠤᠭᠤᠳᠤ ᠬᠤᠳᠠ᠎ᠶ᠋ᠢᠨ ᠬᠤᠪᠤᠷ ᠱᠢᠷᠤᠢ᠎ᠶ᠋ᠢᠨ ᠲᠡᠬᠡᠳᠤ ᠱᠢᠨ᠎ᠠ ᠮᠡᠷᠬᠡᠵᠢᠯ᠎ᠤᠨ ᠲᠤᠭᠤᠷᠢᠬ᠂ ᠬᠦᠨᠳᠡᠯᠡᠨ ᠲᠤᠭᠤᠷᠢᠬ᠂ ᠴᠢᠩᠱᠠᠨ ᠲᠤᠭᠤᠷᠢᠬ᠂ ᠵᠢᠤᠶᠤᠧᠠᠨ ᠲᠤᠭᠤᠷᠢᠬ᠂ ᠤᠷᠳᠤᠰ ᠬᠤᠳᠠ᠎ᠶ᠋ᠢᠨ ᠡᠵᠡᠨ ᠬᠤᠷᠤᠭ᠎ᠠ ᠬᠤᠱᠢᠭᠤ᠎ᠪᠠᠷ ᠬᠦᠨᠵᠡᠬᠡᠢᠷᠡᠪᠡ᠃

ᠶᠠᠭᠤᠨ᠎ᠳᠤ ᠡᠢᠮᠤ ᠤᠯᠠᠨ ᠪᠠᠢᠴᠠᠭᠠᠨ ᠰᠤᠳᠤᠯᠤᠯᠳᠠ ᠱᠢᠨᠵᠢᠯᠡᠨ ᠪᠠᠢᠴᠠᠭᠠᠯᠳᠠ ᠬᠢᠵᠦ᠍ ᠪᠠᠢᠬᠤ ᠪᠤᠢ?

ᠪᠠᠶᠠᠨᠨᠠᠭᠤᠷ ᠬᠤᠳᠠ᠎ᠳᠤ᠂ ᠱ᠌ᠢ᠎ᠲᠠᠢ ᠹᠧᠩ ᠱᠦᠵᠢ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠦᠬᠡᠷ ᠬᠤᠷᠠᠯ᠎ᠤᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶ᠎ᠠ᠎ᠶ᠋ᠢᠨ ᠵᠤᠷᠢᠬ ᠰᠠᠨᠠᠭ᠎ᠠ᠎ᠶ᠋ᠢ ᠬᠦᠨᠵᠡᠬᠡᠢ ᠰᠤᠷᠤᠯᠴᠠᠨ ᠲᠤᠭᠤᠱᠢᠯᠠᠭᠤᠯᠵᠦ᠍᠂ ᠨᠠᠮ᠎ᠤᠨ ᠲᠦᠪ ᠬᠤᠷᠢᠶᠠᠨ᠎ᠤ ᠪᠠᠢᠷᠢᠯᠠᠭᠤᠯᠤᠯᠳᠠ᠎ᠶ᠋ᠢᠨ ᠱᠠᠭᠠᠷᠳᠠᠯᠭ᠎ᠠ ᠪᠠ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠠᠵᠢᠯ᠎ᠤᠨ ᠲᠤᠬᠢᠷᠠᠭᠤᠯᠤᠯᠳᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠦ᠍᠂ ᠴᠠᠬ ᠲᠤᠬᠢᠶᠠᠯ᠎ᠢ ᠠᠯᠳᠠᠯ ᠦᠬᠡᠢ᠎ᠪᠠᠷ ᠲᠠᠷᠢᠶᠠᠯᠠᠩ᠎ᠤᠨ ᠦᠢᠯᠡᠳᠪᠦᠷᠢᠯᠡᠯ᠎ᠢ ᠰᠠᠢᠳᠤᠷ ᠠᠳᠭᠤᠵᠦ᠍᠂ ᠬᠦᠳᠡᠭᠡ ᠲᠤᠰᠭᠤᠨ᠎ᠢ ᠬᠦᠭ᠌ᠵᠢᠬᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠬᠦᠨᠵᠡᠬᠡᠢ ᠬᠡᠷᠡᠭ᠌ᠵᠢᠬᠦᠯᠦᠨ᠂ ᠬᠠᠳᠤᠨ ᠭᠤᠤᠯ᠎ᠤᠨ ᠭᠤᠯᠳᠤᠷᠢᠯ᠎ᠢ ᠲᠤᠷ᠎ᠠ᠎ᠪᠠᠷ ᠡᠵᠡᠯᠡᠵᠦ᠍ ᠪᠦᠲᠦᠬᠡᠨ ᠪᠠᠢᠭᠤᠯᠤᠬ᠍ᠰᠠᠨ ᠠᠰᠠᠭᠤᠳᠠᠯ᠎ᠢ ᠴᠡᠭ᠌ᠴᠡᠯᠡᠨ ᠵᠠᠰᠠᠬᠤ ᠠᠵᠢᠯ᠎ᠢ ᠯᠠᠪᠳᠠᠭᠤᠨ ᠪᠠᠳᠤᠳᠠᠢ ᠰᠠᠢᠳᠤᠷ ᠬᠢᠵᠦ᠍᠂ ᠠᠭᠤᠯᠠ ᠤᠰᠤ ᠤᠢ ᠮᠤᠳᠤ ᠲᠠᠷᠢᠶ᠎ᠠ ᠨᠠᠭᠤᠷ ᠪᠦᠷᠢᠳᠤ ᠨᠤᠳᠤᠭ ᠪᠡᠯᠴᠢᠬᠡᠷ ᠡᠯᠡᠰᠤ᠎ᠶ᠋ᠢ ᠶᠡᠷᠦᠩᠬᠡᠢᠯᠡᠨ ᠵᠠᠰᠠᠬᠤ ᠠᠵᠢᠯ᠎ᠢ ᠨᠢᠬᠡᠳᠦᠯᠳᠡᠢ ᠲᠦᠯᠦᠪᠵᠢᠬᠦᠯᠦᠨ ᠠᠬᠢᠭᠤᠯᠵᠦ᠍᠂ ᠪᠤᠷᠤᠳᠤᠬᠤᠢ᠎ᠶ᠋ᠢᠨ ᠭᠠᠵᠠᠷ ᠤᠷᠤᠨ᠎ᠤ ᠴᠢᠨᠠᠷ ᠰᠠᠢᠳᠠᠢ ᠬᠦᠭ᠌ᠵᠢᠯᠳᠡ᠎ᠶ᠋ᠢ ᠠᠬᠢᠭᠤᠯᠬᠤ ᠬᠡᠷᠡᠭ᠌ᠳᠡᠢ ᠬᠡᠵᠦ᠍ ᠴᠢᠬᠤᠯᠠᠴᠢᠯᠠᠪᠠ᠃

《ᠬᠦᠬᠡᠬᠤᠳᠠ ᠪᠤᠭᠤᠳᠤ ᠤᠷᠳᠤᠰ》 ᠎ᠲᠤ᠌᠂ ᠲᠡᠷᠡ᠂ ᠶᠡᠭᠡ ᠬᠦᠴᠤ᠌ ᠤᠷᠤᠭᠤᠯᠤᠨ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠱᠢᠯᠢᠳᠡᠭ᠌ᠵᠢᠬᠦᠯᠦᠨ᠂ ᠲᠦᠷᠦᠯ ᠵᠦᠢᠯ᠎ᠤᠨ ᠪᠦᠲᠦᠬᠡᠨ ᠪᠠᠢᠭᠤᠯᠤᠯᠳᠠ᠎ᠶ᠋ᠢ ᠬᠦᠴᠦᠯᠡᠨ ᠰᠠᠢᠳᠤᠷ ᠠᠳᠭᠤᠵᠦ᠍᠂ ᠠᠵᠦ᠍ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠱᠢᠬᠦᠯᠬᠦ᠌ ᠪᠠ ᠴᠢᠨᠠᠷ ᠰᠠᠢᠳᠠᠢ ᠬᠦᠭ᠌ᠵᠢᠯᠳᠡ᠎ᠶ᠋ᠢ ᠲᠦᠷᠬᠡᠳᠭᠡᠨ ᠠᠬᠢᠭᠤᠯᠬᠤ ᠬᠡᠷᠡᠭ᠌ᠳᠡᠢ ᠬᠡᠵᠦ᠍ ᠴᠢᠬᠤᠯᠠᠴᠢᠯᠠᠵᠠᠢ᠃

ᠨᠠᠷᠢᠪᠴᠢᠯᠠᠪᠡᠯ᠂ ᠡᠳᠡᠬᠡᠷ ᠪᠠᠢᠴᠠᠭᠠᠨ ᠰᠤᠳᠤᠯᠤᠯᠳᠠ ᠱᠢᠨᠵᠢᠯᠡᠨ ᠪᠠᠢᠴᠠᠭᠠᠯᠳᠠ᠎ᠳᠤ ᠬᠦᠨᠵᠡᠬᠡᠢ ᠤᠳᠭ᠎ᠠ ᠠᠭᠤᠯᠤᠬ᠍ᠳᠠᠵᠦ᠍ ᠪᠠᠢᠭ᠎ᠠ᠎ᠶ᠋ᠢ ᠤᠯᠵᠦ᠍ ᠬᠠᠷᠠᠨ᠎ᠠ᠄

ᠦᠵᠡᠯ ᠰᠠᠨᠠᠭ᠎ᠠ ᠪᠠ ᠠᠵᠢᠯᠯᠠᠭᠠᠨ᠎ᠢᠶᠠᠨ ᠪᠦᠬᠦ᠌ ᠤᠯᠤᠰ᠎ᠤᠨ ᠬᠤᠶᠠᠷ ᠬᠤᠷᠠᠯ᠎ᠤᠨ ᠵᠤᠷᠢᠬ ᠰᠠᠨᠠᠭ᠎ᠠ ᠲᠡᠬᠡᠷ᠎ᠠ ᠦᠨᠡᠨ ᠬᠦ᠌ ᠨᠢᠬᠡᠳᠭᠡᠨ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《ᠱᠢᠨ᠎ᠠ ᠬᠦᠭ᠌ᠵᠢᠯᠳᠡ᠎ᠶ᠋ᠢᠨ ᠤᠢ᠍ᠢᠯᠠᠭᠠᠬ᠍ᠳᠠᠬᠤᠨ ᠪᠤᠯ ᠨᠢᠬᠡᠨ ᠪᠦᠬᠦᠯᠢ ᠴᠤᠬ᠍ᠴᠠ ᠮᠦᠨ᠂ ᠡᠷᠬᠡᠪᠰᠢ ᠪᠦᠷᠢᠨ ᠪᠦᠲᠦᠨ᠂ ᠵᠦᠪ ᠤᠨᠤᠪᠴᠢᠳᠠᠢ᠂ ᠪᠦᠬᠦ᠌ ᠲᠠᠯ᠎ᠠ᠎ᠪᠠᠷ ᠤᠢ᠍ᠢᠯᠠᠭᠠᠨ ᠲᠤᠭᠤᠱᠢᠯᠠᠭᠤᠯᠵᠦ᠍᠂ ᠱᠢᠨ᠎ᠠ ᠬᠦᠭ᠌ᠵᠢᠯᠳᠡ᠎ᠶ᠋ᠢᠨ ᠪᠠᠢᠷᠢᠱᠢᠯ᠎ᠳᠤ ᠦᠢᠯᠡᠴᠢᠯᠡᠬᠦ᠌ ᠪᠠ ᠠᠭᠤᠰᠤᠯᠴᠠᠬᠤ᠎ᠪᠠᠷ ᠬᠦᠴᠦᠯᠡᠬᠦ᠌ ᠬᠡᠷᠡᠭ᠌ᠳᠡᠢ》 ᠬᠡᠰᠡᠨ ᠴᠢᠬᠤᠯᠠ ᠱᠠᠭᠠᠷᠳᠠᠯᠭ᠎ᠠ᠎ᠶ᠋ᠢ ᠬᠦᠨᠵᠡᠬᠡᠢ ᠤᠢ᠍ᠢᠯᠠᠭᠠᠨ᠂ ᠪᠦᠲᠦᠴᠡ᠎ᠶ᠋ᠢ ᠲᠤᠬᠢᠷᠠᠭᠤᠯᠬᠤ᠂ ᠴᠢᠳᠠᠮᠵᠢ᠎ᠶ᠋ᠢ ᠬᠤᠪᠢᠷᠠᠭᠤᠯᠬᠤ᠂ ᠴᠢᠨᠠᠷ᠎ᠢ ᠲᠡᠭᠡᠭ᠌ᠰᠢᠯᠡᠬᠦᠯᠬᠦ᠌ ᠬᠠᠷᠠᠯᠳᠠ᠎ᠶ᠋ᠢ ᠤᠨᠢᠯᠠᠵᠦ᠍᠂ ᠲᠠᠪᠠᠭᠤᠯᠢᠬ᠎ᠢᠶᠠᠨ ᠪᠠᠳᠠᠷᠠᠭᠤᠯᠤᠨ ᠲᠤᠳᠠᠭᠤᠳᠠᠯ᠎ᠢᠶᠠᠨ ᠲᠡᠪᠴᠢᠬᠦ᠌ ᠪᠠ ᠱᠢᠯᠢᠳᠡᠭ᠎ᠢ ᠪᠤᠢᠵᠢᠭᠤᠯᠤᠨ ᠦᠷ᠎ᠠ ᠠᠱᠢᠬ᠎ᠢ ᠨᠡᠮᠡᠭ᠌ᠳᠡᠬᠦᠯᠬᠦ᠌᠎ᠶ᠋ᠢ ᠠᠩᠬᠠᠷᠴᠤ᠌᠂ ᠴᠢᠨᠠᠷ ᠰᠠᠢᠳᠠᠢ ᠬᠦᠭ᠌ᠵᠢᠯᠳᠡ᠎ᠶ᠋ᠢ ᠯᠠᠪᠳᠠᠭᠤᠨ ᠪᠠᠳᠤᠳᠠᠢ ᠠᠬᠢᠭᠤᠯᠤᠨ᠎ᠠ᠃

ᠤᠬᠤᠷᠬᠠᠨ ᠬᠤᠭᠤᠴᠠᠭᠠᠨ᠎ᠳᠤ᠂ ᠮᠠᠨ᠎ᠤ ᠤᠷᠤᠨ᠎ᠤ ᠡᠯ᠎ᠠ ᠠᠢᠮᠠᠬ ᠬᠤᠳᠠ ᠦᠳᠳᠡᠷ ᠬᠦᠳᠡᠯᠦᠯᠴᠡᠪᠡ᠄

— 3 ᠰᠠᠷ᠎ᠠ᠎ᠶ᠋ᠢᠨ 20 ᠎ᠤ ᠡᠳᠦᠷ᠂ ᠪᠤᠭᠤᠳᠤ ᠬᠤᠳᠠ ᠬᠠᠳᠤᠨ ᠭᠤᠤᠯ ᠲᠠᠭᠠᠤ ᠤᠷᠤᠨ ᠪᠦᠰᠡ᠎ᠶ᠋ᠢᠨ ᠬᠤᠳᠠ᠎ᠶ᠋ᠢᠨ ᠲᠦᠯᠦᠪᠵᠢᠬᠦᠯᠬᠡ ᠪᠦᠲᠦᠬᠡᠨ ᠪᠠᠢᠭᠤᠯᠤᠯᠳᠠ᠎ᠶ᠋ᠢᠨ ᠠᠵᠢᠯ ᠎ᠤᠨ ᠲᠤᠬᠠᠢ ᠪᠠᠢᠴᠠᠭᠠᠨ ᠰᠤᠳᠤᠯᠬᠤ ᠠᠵᠢᠯᠯᠠᠭ᠎ᠠ ᠦᠷᠨᠢᠬᠦᠯᠪᠠ᠃

— 3 ᠰᠠᠷ᠎ᠠ᠎ᠶ᠋ᠢᠨ 22 ᠎ᠤᠨ ᠡᠳᠦᠷ᠂ ᠤᠯᠠᠭᠠᠨᠬᠠᠳᠠ ᠬᠤᠳᠠ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠱᠢᠯᠢᠳᠡᠭ᠌ᠵᠢᠬᠦᠯᠬᠦ᠂ ᠠᠷᠠᠯᠵᠢᠶᠠᠴᠢᠨ ᠤᠷᠢᠵᠦ᠍ ᠪᠡᠯᠡ ᠮᠦᠩᠬᠦ᠌ ᠤᠷᠤᠭᠤᠯᠤᠨ ᠠᠪᠴᠢᠷᠠᠬᠤ᠎ᠳᠤ ᠲᠤᠰᠠᠯᠠᠬᠤ᠂ ᠴᠢᠨᠠᠷ ᠰᠠᠢᠳᠠᠢ ᠬᠦᠭ᠌ᠵᠢᠯᠳᠡ᠎ᠶ᠋ᠢ ᠠᠬᠢᠭᠤᠯᠬᠤ᠂ ᠮᠦᠩᠬᠦᠨ ᠬᠦᠢᠯᠬᠡᠬᠡᠨ᠎ᠤ ᠱᠢᠰᠲ᠋ᠧᠮ᠎ᠤᠨ ᠠᠵᠢᠯᠯᠠᠭᠠᠨ ᠵᠢᠴᠢ ᠵᠠᠰᠠᠬ᠎ᠤᠨ ᠤᠷᠳᠤᠨ ᠮᠦᠩᠬᠦᠨ ᠬᠦᠢᠯᠬᠡᠬᠡᠨ᠎ᠤ ᠪᠠᠢᠭᠤᠯᠤᠮᠵᠢ ᠠᠵᠦ᠍ ᠠᠬᠤᠢ᠍ᠢᠯᠠᠯ᠎ᠢ ᠵᠤᠯᠭᠠᠯᠴᠠᠭᠤᠯᠬᠤ ᠬᠤᠷᠠᠯ᠎ᠢ ᠬᠤᠷᠠᠯᠳᠤᠭᠤᠯᠪᠠ᠃

— ᠪᠠᠶᠠᠨᠨᠠᠭᠤᠷ ᠬᠤᠳᠠ ᠤᠳᠤ ᠦᠶ᠎ᠠ᠎ᠶ᠋ᠢᠨ ᠮᠠᠯ ᠠᠵᠦ᠍ ᠠᠬᠤᠢ ᠲᠠᠷᠢᠶᠠᠯᠠᠩ ᠵᠡᠷᠬᠡ ᠬᠦᠷᠢᠶ᠎ᠠ ᠴᠠᠷᠠᠭ᠎ᠠ᠎ᠶ᠋ᠢᠨ ᠲᠤᠭᠤᠷᠢᠨ᠎ᠳᠤ ᠨᠢᠬᠡ ᠪᠦᠯᠦᠭ ᠴᠢᠬᠤᠯᠠ ᠶᠡᠭᠡ ᠲᠦᠷᠦᠯ ᠵᠦᠢᠯ᠎ᠤᠨ ᠪᠦᠲᠦᠬᠡᠨ ᠪᠠᠢᠭᠤᠯᠤᠯᠳᠠ᠎ᠶ᠋ᠢ ᠲᠦᠯᠦᠪᠵᠢᠬᠦᠯᠦᠨ ᠡᠬᠢᠯᠡᠬᠦᠯᠪᠡ᠃

ᠦᠵᠡᠭ᠌ᠳᠡᠯ 1 — ᠦᠬᠠᠢ ᠬᠤᠳᠠ 20 ᠭᠤᠤᠯᠳᠠᠯᠭ᠎ᠠ᠎ᠲᠠᠢ ᠲᠦᠷᠦᠯ ᠵᠦᠢᠯ᠎ᠤᠨ ᠪᠠᠷᠢᠯᠭ᠎ᠠ᠎ᠶ᠋ᠢᠨ ᠠᠵᠢᠯ᠎ᠢ ᠲᠦᠪᠯᠡᠷᠡᠬᠦᠯᠵᠦ᠍ ᠡᠬᠢᠯᠡᠬᠦᠯᠦᠨ ᠰᠡᠷᠬᠦᠬᠡᠪᠡ

3 ᠰᠠᠷ᠎ᠠ᠎ᠶ᠋ᠢᠨ 16 ᠎ᠤ ᠡᠳᠦᠷ᠂ ᠦᠬᠠᠢ ᠬᠤᠳᠠ᠎ᠶ᠋ᠢᠨ ᠬᠠᠪᠤᠷ᠎ᠤᠨ ᠤᠯᠠᠷᠢᠯ᠎ᠤᠨ ᠭᠤᠤᠯᠳᠠᠯᠭ᠎ᠠ᠎ᠲᠠᠢ ᠲᠦᠷᠦᠯ ᠵᠦᠢᠯ᠎ᠤᠨ ᠪᠠᠷᠢᠯᠭ᠎ᠠ᠎ᠶ᠋ᠢᠨ ᠠᠵᠢᠯ᠎ᠢ ᠲᠦᠪᠯᠡᠷᠡᠬᠦᠯᠵᠦ᠍ ᠡᠬᠢᠯᠡᠬᠦᠯᠦᠨ ᠰᠡᠷᠬᠦᠬᠡᠬᠦ᠌ ᠶᠤᠰᠤᠯᠠᠯ ᠠᠵᠦ᠍ ᠠᠬᠤᠢ᠎ᠶ᠋ᠢᠨ ᠨᠡᠬᠡᠬᠡᠯᠳᠡ᠎ᠶ᠋ᠢᠨ ᠲᠤᠭᠤᠷᠢᠬ᠎ᠤᠨ ᠪᠠᠭ᠎ᠠ ᠨᠡᠬᠦᠷᠡᠰᠦᠳᠦ᠋ᠷᠦᠭ᠌ᠴᠢᠳᠤ ᠠᠵᠦ᠍ ᠦᠢᠯᠡᠰ᠎ᠤᠨ ᠬᠦᠷᠢᠶᠡᠯᠡᠩ᠎ᠳᠤ ᠶᠠᠪᠤᠬ᠍ᠳᠠᠵᠦ᠍᠂ 186 ᠳ᠋ᠦᠩᠱᠢᠭᠤᠷ ᠲᠦᠬᠦᠷᠢᠭ᠎ᠤᠨ ᠶᠡᠷᠦᠩᠬᠡᠢ ᠪᠡᠯᠡ ᠤᠷᠤᠭᠤᠯᠤᠯᠳᠠ᠎ᠲᠠᠢ 20 ᠭᠤᠤᠯᠳᠠᠯᠭ᠎ᠠ᠎ᠲᠠᠢ ᠲᠦᠷᠦᠯ ᠵᠦᠢᠯ᠎ᠤᠨ ᠪᠠᠷᠢᠯᠭ᠎ᠠ᠎ᠶ᠋ᠢᠨ ᠠᠵᠢᠯ᠎ᠢ ᠲᠦᠪᠯᠡᠷᠡᠬᠦᠯᠵᠦ᠍ ᠡᠬᠢᠯᠡᠬᠦᠯᠦᠨ ᠰᠡᠷᠬᠦᠭᠡᠵᠡᠢ᠃

《ᠭᠤᠤᠯᠳᠠᠯᠭ᠎ᠠ᠎ᠲᠠᠢ ᠲᠦᠷᠦᠯ ᠵᠦᠢᠯ᠎ᠤᠨ ᠪᠠᠷᠢᠯᠭ᠎ᠠ᠎ᠶ᠋ᠢᠨ ᠠᠵᠢᠯ᠎ᠢ ᠲᠦᠪᠯᠡᠷᠡᠬᠦᠯᠵᠦ᠍ ᠡᠬᠢᠯᠡᠬᠦᠯᠦᠨ ᠰᠡᠷᠬᠦᠭᠡᠭ᠌ᠰᠡᠨ᠎ᠨᠢ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠂ ᠵᠠᠰᠠᠬ᠎ᠤᠨ ᠤᠷᠳᠤᠨ᠎ᠤ ᠠᠵᠢᠯ᠎ᠤᠨ ᠪᠠᠢᠷᠢᠯᠠᠭᠤᠯᠤᠯᠳᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠬᠤ ᠨᠢᠬᠡ ᠤᠳᠠᠭ᠎ᠠ᠎ᠶ᠋ᠢᠨ ᠲᠠᠢᠴᠢᠯᠠᠯᠳᠠ᠎ᠶ᠋ᠢᠨ ᠬᠤᠷᠠᠯ ᠪᠤᠯᠬᠤ ᠮᠦᠷᠳᠡᠭᠡᠨ ᠪᠠᠰᠠ ᠴᠤ᠌ ᠦᠬᠠᠢ ᠬᠤᠳᠠ᠎ᠶ᠋ᠢᠨ 〈ᠠᠷᠪᠠᠨ ᠲᠦᠷᠪᠡᠳᠦᠬᠡᠷ ᠲᠠᠪᠤᠨ ᠵᠢᠯ〉 ᠎ᠢ ᠰᠠᠢᠳᠤᠷ ᠡᠬᠢᠯᠡᠬᠦᠯᠬᠦ᠌᠎ᠶ᠋ᠢ ᠪᠠᠳᠤᠯᠠᠬᠤ ᠨᠢᠬᠡ ᠤᠳᠠᠭ᠎ᠠ᠎ᠶ᠋ᠢᠨ ᠲᠠᠩᠭᠠᠷᠢᠬ᠍ᠯᠠᠯᠳᠠ᠎ᠶ᠋ᠢᠨ ᠬᠤᠷᠠᠯ ᠪᠤᠯᠤᠨ᠎ᠠ᠃ ᠡᠯ᠎ᠠ ᠲᠤᠭᠤᠷᠢᠬ᠂ ᠡᠯ᠎ᠠ ᠰᠠᠯᠠᠭ᠎ᠠ ᠮᠦᠴᠢᠷ᠎ᠤᠨ᠎ᠬᠢᠨ ᠡᠬᠦᠨ᠎ᠢᠶᠠᠷ ᠠᠵᠠ ᠲᠤᠬᠢᠶᠠᠯ ᠪᠤᠯᠭᠠᠨ᠂ ᠲᠦᠷᠦᠬᠦᠦ ᠠᠯᠬᠤᠮ᠎ᠢᠶᠠᠨ ᠰᠠᠢᠳᠤᠷ ᠠᠯᠬᠤᠵᠦ᠍᠂ ᠱᠢᠨ᠎ᠠ ᠪᠠᠢᠳᠠᠯ᠎ᠢ ᠪᠤᠢ ᠪᠤᠯᠭᠠᠨ᠂ ᠡᠷᠴᠢ ᠵᠤᠷᠢᠬ᠎ᠢᠶᠠᠨ ᠬᠦᠪᠴᠢᠯᠡᠵᠦ᠍᠂ ᠬᠦᠴᠢᠷ ᠪᠡᠷᠬᠡ᠎ᠶ᠋ᠢ ᠲᠤᠭᠤᠯᠤᠨ ᠲᠠᠪᠠᠵᠦ᠍᠂ ᠲᠦᠷᠦᠬᠦᠦ ᠤᠯᠠᠷᠢᠯ᠎ᠳᠤ ᠰᠠᠢᠨ ᠡᠬᠢᠯᠡᠯᠳᠡ᠎ᠲᠠᠢ ᠪᠤᠯᠭᠠᠬᠤ᠎ᠪᠠᠷ ᠴᠢᠷᠮᠠᠢᠬᠤ ᠬᠡᠷᠡᠭ᠌ᠳᠡᠢ》 ᠬᠡᠵᠦ᠍ ᠦᠬᠠᠢ ᠬᠤᠳᠠ᠎ᠶ᠋ᠢᠨ ᠨᠠᠮ᠎ᠤᠨ ᠬᠤᠷᠢᠶᠠᠨ᠎ᠤ ᠲᠡᠳ᠋ ᠱᠦᠵᠢ᠂ ᠬᠤᠳᠠ᠎ᠶ᠋ᠢᠨ ᠲᠠᠷᠤᠭ᠎ᠠ ᠲᠠᠩ ᠢ ᠪᠠᠷᠢᠯᠭ᠎ᠠ᠎ᠶ᠋ᠢᠨ ᠠᠵᠢᠯ᠎ᠢ ᠡᠬᠢᠯᠡᠬᠦᠯᠦᠨ ᠰᠡᠷᠬᠦᠬᠡᠬᠦ᠌ ᠶᠤᠰᠤᠯᠠᠯ ᠲᠡᠬᠡᠷ᠎ᠠ ᠬᠡᠯᠡᠪᠡ᠃

ᠡᠨᠡ ᠤᠳᠠᠭ᠎ᠠ ᠪᠠᠷᠢᠯᠭ᠎ᠠ᠎ᠶ᠋ᠢᠨ ᠠᠵᠢᠯ᠎ᠢ ᠲᠦᠪᠯᠡᠷᠡᠬᠦᠯᠵᠦ᠍ ᠡᠬᠢᠯᠡᠬᠦᠯᠦᠨ ᠰᠡᠷᠬᠦᠭᠡᠭ᠌ᠰᠡᠨ 20 ᠭᠤᠤᠯᠳᠠᠯᠭ᠎ᠠ᠎ᠲᠠᠢ ᠲᠦᠷᠦᠯ ᠵᠦᠢᠯ᠎ᠨᠢ ᠠᠵᠦ᠍ ᠦᠢᠯᠡᠰ᠎ᠢ ᠲᠡᠰ ᠲᠡᠪᠱᠢᠬᠦᠯᠬᠦ᠂ ᠠᠮᠢ ᠠᠬᠤᠢ᠎ᠶ᠋ᠢᠨ ᠵᠠᠰᠠᠯᠳᠠ᠂ ᠰᠠᠭᠤᠷᠢ ᠲᠦᠬᠦᠬᠡᠷᠦᠮᠵᠢ᠂ ᠨᠡᠢᠬᠡᠮ ᠠᠷᠠᠳ᠎ᠤᠨ ᠠᠮᠢᠳᠤᠷᠠᠯ ᠵᠡᠷᠬᠡ ᠤᠯᠠᠨ ᠬᠦᠷᠢᠶ᠎ᠠ ᠴᠠᠷᠠᠭ᠎ᠠ᠎ᠶ᠋ᠢ ᠬᠠᠮᠤᠷᠴᠤ᠌᠂ ᠱᠢᠨ᠎ᠠ ᠡᠨᠧᠷᠬᠢ᠂ ᠱᠢᠨ᠎ᠠ ᠮᠠᠲ᠋ᠧᠷᠢᠶᠠᠯ ᠵᠡᠷᠬᠡ ᠱᠢᠨ᠎ᠠ᠎ᠪᠠᠷ ᠮᠠᠨᠳᠤᠬ᠍ᠰᠠᠨ ᠠᠵᠦ᠍ ᠦᠢᠯᠡᠰ᠎ᠤᠨ ᠬᠦᠷᠢᠶ᠎ᠠ ᠴᠠᠷᠠᠭ᠎ᠠ᠎ᠶ᠋ᠢ ᠭᠤᠤᠯᠳᠠᠯᠭ᠎ᠠ᠎ᠲᠠᠢ ᠲᠤᠪᠤᠢᠯᠭᠠᠵᠠᠢ᠃ ᠡᠬᠦᠨ᠎ᠳᠤ᠂ ᠶᠡᠷᠦᠩᠬᠡᠢ ᠪᠡᠯᠡ ᠤᠷᠤᠭᠤᠯᠤᠯᠳᠠ᠎ᠨᠢ 15 ᠳ᠋ᠦᠩᠱᠢᠭᠤᠷ ᠲᠦᠬᠦᠷᠢᠭ᠎ᠲᠤ ᠬᠦᠷᠬᠦ᠌ ᠦᠪᠦᠷ ᠮᠤᠩᠭᠤᠯ᠎ᠤᠨ ᠬᠤᠧᠠ ᠴᠧᠩ ᠪᠤᠳᠠᠳᠤ ᠦᠢᠯᠡᠰ᠎ᠤᠨ ᠬᠢᠵᠠᠭᠠᠷᠳᠤ ᠺᠤᠮᠫᠠᠨᠢ᠎ᠶ᠋ᠢᠨ ᠨᠠᠷᠢᠯᠢᠭ ᠬᠢᠮᠢ᠎ᠶ᠋ᠢᠨ ᠠᠵᠦ᠍ ᠦᠢᠯᠡᠳᠪᠦᠷᠢ᠎ᠶ᠋ᠢᠨ ᠲᠦᠷᠦᠯ ᠵᠦᠢᠯ ᠵᠡᠷᠬᠡ ᠲᠦᠷᠦᠯ ᠵᠦᠢᠯ ᠪᠤᠢ᠃

ᠦᠵᠡᠭ᠌ᠳᠡᠯ 2 — ᠤᠯᠤᠰ ᠎ᠤᠨ ᠭᠤᠤᠯ ᠱᠤᠭᠤᠮ ᠲᠤᠤᠷ ᠎ᠲᠤ ᠠᠭᠤᠰᠤᠯᠴᠠᠵᠦ᠍᠂ 6 ᠵᠤᠷᠪᠤᠰ ᠲᠡᠬᠡᠳᠤ ᠲᠡᠰ᠎ᠤᠨ ᠵᠠᠰᠠᠮᠠᠯ ᠵᠠᠮ᠎ᠤᠨ ᠪᠠᠷᠢᠯᠭ᠎ᠠ᠎ᠶ᠋ᠢᠨ ᠠᠵᠢᠯ᠎ᠢ ᠵᠡᠷᠬᠡ᠎ᠪᠠᠷ ᠡᠬᠢᠯᠡᠬᠦᠯᠪᠡ

3 ᠰᠠᠷ᠎ᠠ᠎ᠶ᠋ᠢᠨ 25 ᠎ᠤ ᠡᠳᠦᠷ᠂ 《ᠮᠤᠵᠢ ᠠᠯᠤᠰᠯᠠᠬ᠍ᠰᠠᠨ ᠵᠠᠰᠠᠮᠠᠯ ᠵᠠᠮ》 ᠎ᠤᠨ ᠤᠯᠠᠭᠠᠨᠴᠠᠪ ᠬᠤᠳᠠ᠎ᠶ᠋ᠢᠨ ᠱᠠᠩᠳᠤ᠎ᠶ᠋ᠢᠨ ᠬᠡᠰᠡᠭ᠎ᠲᠠᠬᠢ ᠪᠠᠷᠢᠯᠭ᠎ᠠ᠎ᠶ᠋ᠢᠨ ᠠᠬᠤᠢ ᠲᠠᠯᠠᠪᠠᠢ᠎ᠳᠤ᠂ ᠮᠠᠱᠢᠨ ᠬᠦᠰᠭᠡ ᠨᠠᠭᠠᠰᠢ ᠴᠠᠭᠠᠰᠢ ᠵᠦᠷᠢᠯᠳᠦᠨ᠂ ᠠᠵᠢᠯᠴᠢᠳ ᠶᠠᠭᠠᠷᠠᠯᠳᠠᠢ ᠠᠵᠢᠯᠯᠠᠵᠠᠭᠠᠨ᠎ᠠ᠃ 《ᠨᠢᠬᠡᠳᠦᠬᠡᠷ ᠲᠡᠰ᠎ᠤᠨ ᠵᠠᠰᠠᠮᠠᠯ ᠵᠠᠮ᠎ᠢ ᠲᠦᠷᠬᠡᠨ᠎ᠤ ᠵᠠᠰᠠᠮᠠᠯ ᠵᠠᠮ ᠪᠤᠯᠭᠠᠵᠦ᠍ ᠲᠡᠰ ᠲᠡᠪᠱᠢᠬᠦᠯᠬᠦ᠌᠎ᠳᠡᠭᠡᠨ ᠪᠠᠰᠠ ᠬᠠᠵᠠᠭᠤ᠎ᠶ᠋ᠢᠨ ᠵᠠᠮ ᠲᠡᠪᠢᠰᠴᠤ᠌ ᠦᠭ᠌ᠭᠦᠭ᠌ᠰᠡᠨ᠎ᠨᠢ ᠮᠠᠨ᠎ᠤ ᠲᠤᠰᠭᠤᠨ᠎ᠳᠤ ᠲᠤᠩ ᠰᠠᠢᠨ ᠪᠤᠯᠵᠠᠢ! ᠲᠠᠷᠢᠶᠠᠯᠠᠩ᠎ᠤᠨ ᠮᠠᠱᠢᠨ ᠲᠡᠷᠬᠡ ᠵᠠᠮ᠎ᠳᠤ ᠭᠠᠷᠴᠤ᠌ ᠪᠠᠭᠤᠬᠤ᠎ᠳᠤ ᠲᠦᠬᠦᠮ ᠲᠦᠳᠡ ᠮᠦᠷᠳᠡᠭᠡᠨ ᠠᠮᠤᠷ ᠲᠦᠪᠱᠢᠨ ᠪᠤᠯᠵᠦ᠍᠂ ᠲᠠᠷᠢᠶᠠᠯᠠᠩ᠎ᠤᠨ ᠪᠦᠲᠦᠭᠡᠭ᠌ᠳᠡᠬᠦᠨ᠎ᠢ ᠲᠡᠬᠡᠬᠡᠪᠦᠷᠢᠯᠡᠬᠦ᠌᠎ᠳᠤ ᠵᠤᠪᠠᠭ᠍ᠤ᠎ᠪᠠᠨ ᠪᠤᠯᠢᠬ᠍ᠰᠠᠨ》 ᠬᠡᠵᠦ᠍ ᠤᠢ᠍ᠢᠷᠠᠯᠴᠠᠭᠠᠬᠢ ᠲᠤᠰᠭᠤᠨ᠎ᠤ ᠠᠷᠠᠳ ᠸᠠᠩ ᠾᠦᠸᠧ ᠯᠦᠩ ᠪᠠᠶᠠᠷᠯᠠᠨ ᠬᠡᠯᠡᠪᠡ᠃

2021 ᠤᠨ᠎ᠳᠤ᠂ ᠦᠪᠦᠷ ᠮᠤᠩᠭᠤᠯ᠎ᠤᠨ ᠵᠠᠰᠠᠮᠠᠯ ᠵᠠᠮ᠎ᠤᠨ ᠵᠠᠮ ᠬᠠᠷᠢᠯᠴᠠᠭᠠᠨ᠎ᠤ ᠪᠡᠯᠡ ᠤᠷᠤᠭᠤᠯᠤᠯᠳᠠ ᠬᠦᠭ᠌ᠵᠢᠬᠦᠯᠦᠯᠳᠡ᠎ᠶ᠋ᠢᠨ ᠬᠢᠵᠠᠭᠠᠷᠳᠤ ᠺᠤᠮᠫᠠᠨᠢ G5511 ᠎ᠶ᠋ᠢᠨ ᠪᠠᠶᠠᠨᠴᠠᠭᠠᠨ — ᠠᠨ ᠶᠧ ᠬᠦᠷᠬᠦ᠌ ᠵᠡᠷᠬᠡ 6 ᠵᠤᠷᠪᠤᠰ ᠲᠦᠷᠬᠡᠨ᠎ᠤ ᠵᠠᠰᠠᠮᠠᠯ ᠵᠠᠮ᠎ᠤᠨ ᠲᠦᠷᠦᠯ ᠵᠦᠢᠯ᠎ᠤᠨ ᠪᠦᠲᠦᠬᠡᠨ ᠪᠠᠢᠭᠤᠯᠤᠯᠳᠠ᠎ᠶ᠋ᠢ ᠠᠬᠢᠭᠤᠯᠤᠨ᠂ ᠮᠤᠵᠢ ᠠᠯᠤᠰᠯᠠᠬ᠍ᠰᠠᠨ ᠵᠠᠰᠠᠮᠠᠯ ᠵᠠᠮ᠎ᠢ ᠲᠦᠷᠬᠡᠨ᠎ᠤ ᠵᠠᠰᠠᠮᠠᠯ ᠵᠠᠮ ᠪᠤᠯᠭᠠᠨ ᠦᠬᠡᠷᠡᠴᠢᠯᠡᠬᠦ᠌ ᠪᠠᠷᠢᠯᠭ᠎ᠠ᠎ᠶ᠋ᠢᠨ ᠪᠦᠲᠦᠬᠡᠨ ᠪᠠᠢᠭᠤᠯᠤᠯᠳᠠ᠎ᠶ᠋ᠢ ᠲᠠᠭᠤᠰᠭᠠᠵᠦ᠍᠂ ᠨᠠᠷᠠᠰᠤ — ᠯᠦᠩᠺᠧᠤ ᠬᠦᠷᠬᠦ᠂ ᠴᠠᠩ ᠲᠠᠨ — ᠯᠢᠦ ᠴᠢᠩ ᠯᠢᠶᠠᠩ ᠬᠦᠷᠬᠦ᠌ ᠵᠠᠰᠠᠮᠠᠯ ᠵᠠᠮ᠎ᠤᠨ ᠪᠦᠲᠦᠬᠡᠨ ᠪᠠᠢᠭᠤᠯᠤᠯᠳᠠ᠎ᠶ᠋ᠢ ᠲᠦᠷᠬᠡᠳᠭᠡᠨ ᠠᠬᠢᠭᠤᠯᠵᠦ᠍᠂ G1013 ᠎ᠶ᠋ᠢᠨ ᠠᠮᠤᠭᠤᠯᠠᠩ — ᠷᠠᠱᠢᠶᠠᠨ ᠬᠦᠷᠬᠦ᠂ ᠬᠠᠢᠯᠠᠷ — ᠠᠮᠤᠭᠤᠯᠠᠩ ᠬᠦᠷᠬᠦ᠌ ᠵᠡᠷᠬᠡ ᠵᠢᠭᠤᠯᠴᠢᠯᠠᠯ᠎ᠤᠨ ᠭᠤᠤᠯ ᠱᠤᠭᠤᠮ᠎ᠤᠨ ᠵᠠᠰᠠᠮᠠᠯ ᠵᠠᠮ᠎ᠤᠨ ᠡᠮᠦᠨᠡᠬᠢ ᠬᠤᠭᠤᠴᠠᠭᠠᠨ᠎ᠤ ᠰᠤᠳᠤᠯᠭᠠᠨ᠎ᠢ ᠠᠬᠢᠭᠤᠯᠤᠨ᠂ G013 ᠎ᠶ᠋ᠢᠨ ᠱᠢᠯᠢᠩᠬᠤᠳᠠ — ᠪᠠᠶᠠᠨᠬᠤᠧᠠ ᠬᠦᠷᠬᠦ᠂ S37 ᠎ᠶ᠋ᠢᠨ ᠦᠬᠠᠢ — ᠱᠠᠩᠬᠤ᠎ᠶ᠋ᠢᠨ ᠰᠦᠮ᠎ᠠ ᠬᠦᠷᠬᠦ᠌ ᠵᠡᠷᠬᠡ ᠡᠬᠢ ᠪᠠᠶᠠᠯᠢᠬ᠎ᠤᠨ ᠵᠠᠮ ᠱᠤᠭᠤᠮ᠎ᠤᠨ ᠲᠦᠷᠦᠯ ᠵᠦᠢᠯ᠎ᠤᠨ ᠡᠮᠦᠨᠡᠬᠢ ᠬᠤᠭᠤᠴᠠᠭᠠᠨ᠎ᠤ ᠰᠤᠳᠤᠯᠭᠠᠨ᠎ᠢ ᠠᠬᠢᠭᠤᠯᠬᠤ ᠪᠤᠯᠤᠨ᠎ᠠ᠃

ᠦᠵᠡᠭ᠌ᠳᠡᠯ 3 — 《ᠬᠦᠢᠳᠡᠨ》 ᠡᠬᠢ ᠪᠠᠶᠠᠯᠢᠬ ᠬᠦᠷᠢᠶᠡᠯᠡᠯ ᠰᠠᠢᠳᠠᠢ ᠪᠤᠯᠵᠦ᠍᠂ ᠬᠦᠯᠦᠨ ᠪᠤᠢᠷ 《ᠬᠠᠯᠠᠮᠱᠢᠯ》 ᠭᠠᠵᠠᠷ᠎ᠢ ᠴᠤᠬ᠍ᠴᠠᠯᠠᠨ᠎ᠠ

ᠱᠢᠨ᠎ᠠ ᠵᠢᠯ ᠡᠬᠢᠯᠡᠮᠡᠭ᠌ᠴᠡ ᠤᠯᠤᠰ᠎ᠤᠨ ᠲᠤᠳᠤᠭᠠᠳᠤ᠎ᠶ᠋ᠢᠨ ᠡᠯ᠎ᠠ ᠲᠤᠮᠤ ᠵᠠᠭᠤᠴᠢᠯᠠᠭᠤᠷ᠎ᠤᠳ 《20 ᠡᠳᠦᠷ᠎ᠤᠨ ᠬᠡᠮᠵᠢᠨ ᠲᠤᠷᠱᠢᠬᠤ᠎ᠪᠠᠷ ᠲᠠᠮᠵᠢᠵᠦ᠍᠂ ᠤᠯᠤᠰ᠎ᠠᠴᠠ ᠦᠢᠯᠡᠳᠪᠦᠷᠢᠯᠡᠭ᠌ᠰᠡᠨ C919 ᠲᠤᠮᠤ ᠬᠡᠯᠪᠡᠷᠢ᠎ᠶ᠋ᠢᠨ ᠠᠶᠠᠨᠴᠢᠨ᠎ᠤ ᠨᠢᠰᠭᠡᠯ᠎ᠤᠨ ᠬᠦᠢᠳᠡᠨ᠎ᠤ ᠲᠠᠰᠪᠦᠷᠢ᠎ᠶ᠋ᠢᠨ ᠲᠤᠷᠱᠢᠨ ᠨᠢᠰᠤᠯᠳᠠ ᠬᠦᠯᠤᠨ ᠪᠤᠢᠷ ᠬᠤᠳᠠ᠎ᠶ᠋ᠢᠨ ᠬᠠᠢᠯᠠᠷ᠎ᠤᠨ ᠳ᠋ᠦᠩᠱᠠᠨ ᠨᠢᠰᠭᠡᠯ᠎ᠤᠨ ᠪᠠᠭᠤᠳᠠᠯ᠎ᠳᠤ ᠠᠮᠵᠢᠯᠳᠠ᠎ᠲᠠᠢ ᠶᠠᠪᠤᠬ᠍ᠳᠠᠪᠠ》 ᠬᠡᠬᠦ᠌ ᠮᠡᠳᠡᠭᠡ᠎ᠶ᠋ᠢ ᠵᠡᠷᠬᠡ᠎ᠪᠠᠷ ᠨᠡᠢᠳᠡᠯᠡᠵᠡᠢ᠃

ᠤᠢ᠍ᠢᠯᠠᠭᠠᠬ᠍ᠰᠠᠨ᠎ᠢᠶᠠᠷ᠂ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ᠂ ᠬᠦᠯᠦᠨ ᠪᠤᠢᠷ ᠬᠤᠳᠠ ᠲᠤᠮᠳᠠᠳᠤ ᠤᠯᠤᠰ᠎ᠤᠨ ᠬᠤᠳᠠᠯᠳᠤᠭ᠎ᠠ᠎ᠳᠤ ᠬᠡᠷᠡᠭ᠌ᠯᠡᠬᠦ᠌ ᠨᠢᠰᠭᠡᠯ᠎ᠤᠨ ᠬᠢᠵᠠᠭᠠᠷᠳᠤ ᠺᠤᠮᠫᠠᠨᠢ᠎ᠲᠠᠢ ᠬᠦᠨᠵᠡᠬᠡᠢ ᠬᠠᠮᠳᠤᠷᠠᠯᠴᠠᠵᠦ᠍᠂ ᠨᠢᠰᠭᠡᠯ᠎ᠤᠨ ᠬᠦᠢᠳᠡᠨ᠎ᠤ ᠲᠡᠰᠪᠦᠷᠢ᠎ᠶ᠋ᠢ ᠬᠡᠮᠵᠢᠨ ᠲᠤᠷᠱᠢᠬᠤ ᠰᠠᠭᠤᠷᠢᠨ᠎ᠢ ᠴᠤᠬ᠍ᠴᠠᠯᠠᠵᠠᠢ᠃ ᠬᠠᠮᠳᠤ᠎ᠳᠤᠨᠢ᠂ ᠠᠷᠠᠳ᠎ᠤᠨ ᠠᠭᠠᠷ᠎ᠤᠨ ᠠᠶᠠᠯᠠᠯ᠎ᠤᠨ ᠰᠠᠭᠤᠷᠢ ᠲᠦᠬᠦᠬᠡᠷᠦᠮᠵᠢ᠎ᠶ᠋ᠢᠨ ᠪᠦᠲᠦᠬᠡᠨ ᠪᠠᠢᠭᠤᠯᠤᠯᠳᠠ᠎ᠶ᠋ᠢ ᠦᠷᠬᠦᠯᠵᠢᠯᠡᠨ ᠴᠢᠩᠭᠠᠳᠭᠠᠵᠦ᠍᠂ ᠨᠡᠢᠳᠡᠮ᠎ᠤᠨ ᠬᠡᠷᠡᠭ᠌ᠯᠡᠬᠡᠨ᠎ᠤ ᠠᠭᠠᠷ᠎ᠤᠨ ᠠᠶᠠᠯᠠᠯ᠎ᠤᠨ ᠠᠵᠦ᠍ ᠦᠢᠯᠡᠰ᠎ᠤᠨ ᠰᠠᠭᠤᠷᠢᠨ᠎ᠢ ᠴᠤᠬ᠍ᠴᠠᠯᠠᠵᠦ᠍᠂ 《ᠬᠦᠢᠳᠡᠨ》 ᠡᠬᠢ ᠪᠠᠶᠠᠯᠢᠬ᠎ᠤᠨ 《ᠬᠠᠯᠠᠮᠱᠢᠯ》 ᠨᠦᠯᠦᠬᠡᠯᠡᠯ᠎ᠢ ᠪᠠᠳᠠᠷᠠᠭᠠᠬ᠍ᠰᠠᠨ ᠠᠵᠢ᠃

3 ᠰᠠᠷ᠎ᠠ᠎ᠶ᠋ᠢᠨ 25 ᠎ᠤ ᠡᠳᠦᠷ᠂ 2021 ᠤᠨ᠎ᠤ ᠪᠦᠬᠦ᠌ ᠤᠷᠤᠨ᠎ᠤ ᠭᠤᠤᠯᠳᠠᠯᠭ᠎ᠠ᠎ᠲᠠᠢ ᠠᠵᠦ᠍ ᠠᠬᠤᠢ᠎ᠶ᠋ᠢᠨ ᠬᠠᠮᠳᠤᠷᠠᠯᠴᠠᠭᠠᠨ᠎ᠤ ᠲᠦᠷᠦᠯ ᠵᠦᠢᠯ᠎ᠢ 387 ᠨᠡᠢᠳᠡᠯᠡᠵᠦ᠍᠂ ᠶᠡᠷᠦᠩᠬᠡᠢ ᠪᠡᠯᠡ ᠤᠷᠤᠭᠤᠯᠤᠯᠳᠠ ᠎ᠨᠢ 4928 ᠳ᠋ᠦᠩᠱᠢᠭᠤᠷ ᠲᠦᠬᠦᠷᠢᠭ ᠎ᠲᠤ ᠬᠦᠷᠴᠤ᠌᠂ ᠡᠨᠧᠷᠬᠢ ᠵᠡᠷᠬᠡ 13 ᠬᠦᠷᠢᠶ᠎ᠠ ᠴᠠᠷᠠᠭ᠎ᠠ᠎ᠳᠤ ᠬᠤᠯᠪᠤᠬ᠍ᠳᠠᠵᠠᠢ᠃

ᠱᠢᠨ᠎ᠠ ᠭᠠᠷᠤᠭ᠎ᠠ᠎ᠳᠤ ᠵᠤᠬ᠍ᠰᠤᠬ᠍ᠰᠠᠨ ᠦᠪᠦᠷ ᠮᠤᠩᠭᠤᠯ᠂ ᠱᠢᠨ᠎ᠠ ᠬᠦᠭ᠌ᠵᠢᠯᠳᠡ᠎ᠶ᠋ᠢᠨ ᠤᠢ᠍ᠢᠯᠠᠭᠠᠬ᠍ᠳᠠᠬᠤᠨ᠎ᠢ ᠡᠵᠡᠮᠳᠡᠨ᠂ ᠱᠢᠨ᠎ᠠ ᠬᠦᠭ᠌ᠵᠢᠯᠳᠡ᠎ᠶ᠋ᠢᠨ ᠤᠢ᠍ᠢᠯᠠᠭᠠᠬ᠍ᠳᠠᠬᠤᠨ᠎ᠢ ᠲᠤᠭᠤᠱᠢᠯᠠᠭᠤᠯᠵᠦ᠍᠂ ᠱᠢᠨ᠎ᠠ ᠬᠦᠭ᠌ᠵᠢᠯᠳᠡ᠎ᠶ᠋ᠢᠨ ᠪᠠᠢᠷᠢᠱᠢᠯ᠎ᠳᠤ ᠠᠭᠤᠰᠤᠯᠴᠠᠵᠦ᠍᠂ ᠴᠢᠨᠠᠷ ᠰᠠᠢᠳᠠᠢ ᠬᠦᠭ᠌ᠵᠢᠭ᠌ᠰᠡᠨ ᠨᠢᠬᠡᠨ ᠬᠠᠭᠤᠳᠠᠰᠤ ᠴᠣ ᠱᠢᠨ᠎ᠠ ᠵᠢᠷᠤᠬ ᠤᠮᠠᠷᠠᠳᠤ᠎ᠶ᠋ᠢᠨ ᠡᠬᠡ ᠭᠠᠵᠠᠷ᠎ᠲᠤ ᠶᠠᠬ ᠰᠠᠢᠬᠠᠨ ᠲᠡᠯᠭᠡᠭ᠌ᠳᠡᠵᠦ᠍ ᠪᠠᠢᠨᠠᠮ᠃


ᠳᠤᠰᠭᠠᠢ ᠮᠡᠷᠬᠡᠵᠢᠯᠳᠡᠨ᠎ᠤ ᠦᠨᠡᠯᠡᠯᠳᠡ

ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠥᠬᠦ᠌ ᠲᠠᠯ᠎ᠠ᠎ᠪᠠᠷ ᠭᠦᠨᠵᠡᠭᠡᠶ ᠲᠤᠭᠤᠱᠢᠯᠠᠭᠤᠯᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠤᠢ᠍ᠢᠯᠡᠴᠢᠯᠡᠬᠦ᠌ ᠪᠠ ᠠᠭᠤᠰᠤᠯᠴᠠᠬᠤ᠎ᠪᠠᠷ ᠬᠦᠴᠦᠯᠡᠬᠦ᠌ ᠬᠡᠷᠡᠭ᠌ᠳᠡᠢ

● ᠪᠤᠤ ᠰᠡᠴᠡᠨ

ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠪᠣᠯ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠴᠢᠬᠤᠯᠠ ᠪᠦᠷᠢᠯᠳᠦᠬᠦᠨ ᠬᠡᠰᠡᠭ ᠮᠥᠨ᠂ ᠱᠢᠨ᠎ᠡ ᠴᠠᠭ ᠦᠶ᠎ᠡ᠎ᠶ᠋ᠢᠨ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠦᠨᠳᠦᠰᠦᠨ ᠵᠦᠢᠯ᠎ᠢ ᠬᠠᠮᠢᠶᠠᠷᠬᠤ᠂ ᠪᠦᠬᠦ᠌ ᠲᠠᠯ᠎ᠠ᠎ᠶ᠋ᠢ ᠬᠠᠮᠢᠶᠠᠷᠬᠤ᠂ ᠠᠯᠤᠰ ᠬᠡᠳᠦ᠎ᠶ᠋ᠢ ᠬᠠᠮᠢᠶᠠᠷᠬᠤ ᠵᠢᠯᠣᠭᠤᠳᠭᠤ ᠤᠨᠤᠯ ᠪᠠ ᠦᠢᠯᠡᠳᠦᠯᠭᠡ᠎ᠶ᠋ᠢᠨ ᠵᠦᠭ᠌ᠯᠡᠭᠦᠷ ᠮᠥᠨ᠃ ᠶᠡᠷᠦᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ᠂ 《ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠪᠣᠯ ᠨᠢᠭᠡᠨ ᠪᠦᠬᠦᠯᠢ ᠴᠣᠭ᠍ᠴᠠ ᠮᠥᠨ᠂ ᠡᠷᠬᠡᠪᠰᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ᠌ ᠲᠠᠯ᠎ᠠ᠎ᠪᠠᠷ ᠤᠢ᠍ᠢᠯᠠᠭᠠᠨ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠤᠢ᠍ᠢᠯᠡᠴᠢᠯᠡᠬᠦ᠌ ᠪᠠ ᠠᠭᠤᠰᠤᠯᠴᠠᠬᠤ᠎ᠪᠠᠷ ᠬᠦᠴᠦᠯᠡᠬᠦ᠌ ᠬᠡᠷᠡᠭ᠌ᠲᠡᠢ》 ᠬᠡᠵᠤ ᠲᠠᠬᠢᠨᠳᠡ ᠴᠢᠬᠤᠯᠠᠴᠢᠯᠠᠪᠠ᠃ ᠥᠪᠥᠷ ᠮᠣᠩᠭᠤᠯ ᠪᠥᠬᠦ᠌ ᠤᠯᠤᠰ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠴᠤᠭ᠍ᠴᠠᠯᠠᠬᠤ ᠳᠤᠮᠳᠠᠬᠢ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠪᠠᠨ ᠣᠨᠣᠪᠴᠢᠲᠠᠶ ᠣᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠨᠠᠩ ᠤᠨᠤᠪᠴᠢᠳᠡᠢ ᠲᠤᠭᠤᠱᠢᠯᠠᠭᠤᠯᠤᠨ᠂ ᠨᠠᠩ ᠤᠨᠤᠪᠴᠢᠳᠡᠢ ᠪᠣᠳᠠᠲᠠᠶ᠎ᠶ᠋ᠢ ᠡᠷᠬᠢᠮᠯᠡᠬᠦ᠌ ᠠᠷᠭ᠎ᠠ ᠬᠡᠮᠵᠢᠶ᠎ᠡ᠎ᠪᠠᠷ ᠤᠯᠤᠰ᠎ᠤᠨ ᠳᠣᠲᠣᠭᠠᠳᠤ᠎ᠶ᠋ᠢᠨ ᠶᠡᠭᠡ ᠣᠷᠴᠢᠯ᠎ᠢᠶᠠᠷ ᠭᠤᠤᠯ ᠴᠣᠭ᠍ᠴᠠ ᠪᠣᠯᠭᠠᠭ᠍ᠰᠠᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠢ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠢᠯᠡᠴᠢᠯᠡᠬᠦ᠌ ᠪᠠ ᠠᠭᠤᠰᠤᠯᠴᠠᠬᠤ ᠬᠡᠷᠡᠭ᠌ᠲᠡᠶ᠃ ᠱᠢᠨ᠎ᠡ᠎ᠶ᠋ᠢ ᠡᠭᠦᠳᠬᠦ᠌᠎ᠶ᠋ᠢ ᠡᠷᠬᠢᠮᠯᠡᠬᠦ᠂ ᠵᠤᠬᠢᠴᠠᠭᠤᠯᠬᠤ᠎ᠶ᠋ᠢ ᠴᠢᠬᠤᠯᠠᠴᠢᠯᠠᠬᠤ᠂ ᠪᠣᠬᠢᠷᠲᠤᠯ ᠥᠬᠡᠶ ᠪᠠᠢᠬᠤ᠎ᠶ᠋ᠢ ᠰᠠᠨᠠᠭᠠᠴᠢᠯᠠᠬᠤ᠂ ᠨᠡᠭᠡᠭᠡᠯᠲᠡ ᠬᠢᠬᠦ᠌᠎ᠶ᠋ᠢ ᠭᠦᠨᠵᠡᠭᠡᠢᠷᠡᠭᠦᠯᠬᠦ᠂ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠬᠤ᠎ᠶ᠋ᠢ ᠦᠨᠡᠨ ᠬᠦ᠌ ᠪᠡᠶᠡᠯᠡᠭᠦᠯᠵᠦ᠍᠂ ᠥᠪᠥᠷ ᠮᠣᠩᠭᠤᠯ᠎ᠤᠨ ᠠᠮᠢ ᠠᠬᠤᠶ᠎ᠶ᠋ᠢ ᠤᠷᠢᠳ᠎ᠢᠶᠠᠷ ᠪᠤᠳᠤᠯᠬᠢᠯᠠᠭ᠍ᠰᠠᠨ ᠪᠣᠬᠢᠷᠲᠤᠯ ᠥᠬᠡᠶ ᠬᠥᠭ᠌ᠵᠢᠯᠲᠡ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠬᠤ᠎ᠶ᠋ᠢ ᠦᠨᠡᠨ ᠬᠦ᠌ ᠠᠬᠢᠭᠤᠯᠬᠤ ᠬᠡᠷᠡᠭ᠌ᠳᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号