ᠭᠦᠸᠧ ᠶᠠᠨ ᠯᠢᠩ ᠲᠦᠯᠦᠭᠡᠯᠡᠭ᠌ᠴᠢ᠄ ᠮᠠᠯᠴᠢᠨ ᠲᠠᠷᠢᠶᠠᠴᠢᠨ᠎ᠢ ᠠᠩᠬᠠᠷᠤᠨ ᠬᠠᠯᠠᠮᠵᠢᠯᠠᠵᠦ᠍ ᠴᠠᠬ ᠮᠦᠴᠠ᠎ᠲᠠᠢ ᠤᠷᠤᠯᠳᠤᠨ ᠠᠵᠢᠯ᠎ᠢᠶᠠᠨ ᠬᠢᠨ᠎ᠠ
2021-03-04 11:50:27
ᠵᠣᠬᠢᠶᠠᠭ᠍ᠴᠢ᠄
ᠶᠤᠸᠠᠢ ᠶᠢᠩ
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 24 ᠎ᠤ ᠰᠦᠨᠢ᠂ ᠮᠠᠨ᠎ᠤ ᠤᠷᠤᠨ᠎ᠳᠤ ᠰᠠᠭᠤᠭ᠎ᠠ ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢ ᠭᠦᠸᠧ ᠶᠠᠨ ᠯᠢᠩ ᠮᠦᠨ ᠬᠦ᠌ ᠰᠦᠨᠢ ᠳᠦᠯᠢ ᠪᠤᠯᠳᠠᠯ᠎ᠠ ᠶᠠᠭᠠᠷᠠᠵᠦ᠍᠂ ᠦᠡᠭ᠌ᠭᠡᠷᠡᠭ᠌ᠰᠡᠨ ᠨᠢᠭᠡ ᠵᠢᠯ᠎ᠳᠤ ᠴᠤᠬ᠍ᠯᠠᠭᠤᠯᠤᠬ᠍ᠰᠨᠨ ᠶᠡᠭᠡ ᠬᠡᠮᠵᠢᠶᠠᠨ᠎ᠤ ᠲᠤᠭ᠎ᠠ ᠪᠠᠷᠢᠮᠳᠠ᠎ᠪᠠᠨ ᠡᠮᠬᠢᠯᠡᠵᠤ᠂ ᠪᠦᠭᠦ᠌ ᠤᠯᠤᠰ᠎ᠤᠨ ᠬᠤᠶᠠᠷ ᠬᠤᠷᠠᠯ᠎ᠳᠤ ᠳᠡᠪᠱᠢᠭᠦᠯᠬᠦ᠌᠎ᠪᠠᠷ ᠪᠠᠢᠭ᠎ᠠ ᠰᠠᠨᠠᠭᠤᠯᠭ᠎ᠠ᠎ᠪᠠᠨ ᠲᠡᠭᠦᠯᠳᠡᠷᠵᠢᠭᠦᠯᠪᠠ᠃

《ᠴᠠᠬ ᠲᠠᠩᠳᠠ ᠭᠦᠢᠴᠡᠬᠦ᠌ ᠦᠭᠡᠢ ᠰᠠᠨᠠᠭ᠍ᠳᠠᠭᠤᠯᠬᠤ ᠶᠤᠮ》 ᠭᠡᠵᠦ᠍ ᠭᠦᠸᠧ ᠶᠠᠨ ᠯᠢᠩ ᠬᠡᠯᠡᠨ᠎ᠠ᠃ 2020 ᠤᠨ᠎ᠤ ᠪᠦᠭᠦ᠌ ᠤᠯᠤᠰ᠎ᠤᠨ ᠬᠤᠶᠠᠷ ᠬᠤᠷᠠᠯ ᠲᠡᠭᠦᠰᠦᠭ᠌ᠰᠡᠨ᠎ᠤ ᠳᠠᠷᠠᠭ᠎ᠠ ᠦᠪᠤᠷ ᠮᠤᠩᠭᠤᠯ᠎ᠳᠠᠭᠠᠨ ᠪᠤᠴᠠᠨ ᠢᠷᠡᠮᠡᠭ᠌ᠴᠡ᠂ ᠭᠦᠸᠧ ᠶᠠᠨ ᠯᠢᠩ ᠲᠠᠷᠠᠭ᠎ᠠ ᠡᠳᠦᠷ᠎ᠠᠴᠠ᠎ᠨᠢ ᠦᠪᠡᠷ᠎ᠤᠨ ᠠᠵᠢᠯᠯᠠᠵᠦ᠍ ᠪᠠᠢᠭ᠎ᠠ ᠤᠯᠠᠭᠠᠨᠴᠠᠪ ᠬᠤᠳᠠ᠎ᠶ᠋ᠢᠨ ᠤᠢ ᠱᠢᠭᠤᠢ ᠨᠤᠳᠤᠭ ᠪᠡᠯᠴᠢᠭᠡᠷ᠎ᠤᠨ ᠱᠢᠰᠲᠧᠮ᠎ᠤᠨ 300 ᠭᠠᠷᠤᠢ ᠺᠠᠳ᠋ᠷ ᠠᠵᠢᠯᠳᠠᠨ᠎ᠳᠠᠭᠠᠨ ᠶᠡᠷᠦᠩᠭᠡᠢ ᠱᠦᠵᠢ ᠰᠢ᠎ᠶ᠋ᠢᠨ ᠫᠢᠡᠭ᠎ᠤᠨ ᠦᠪᠤᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠭᠦᠮ᠎ᠤᠨ ᠬᠢᠨᠠᠨ ᠵᠦᠪᠯᠡᠭᠦ᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶ᠎ᠠ ᠪᠠ ᠪᠦᠭᠦ᠌ ᠤᠯᠤᠰ᠎ᠤᠨ ᠬᠤᠶᠠᠷ ᠬᠤᠷᠠᠯ᠎ᠤᠨ ᠵᠤᠷᠢᠭ ᠰᠠᠨᠠᠭ᠎ᠠ᠎ᠶ᠋ᠢ ᠤᠯᠠᠮᠵᠢᠯᠠᠪᠠ᠃

ᠲᠡᠷᠡ ᠤᠳᠠᠭ᠎ᠠ ᠭᠦᠸᠧ ᠶᠠᠨ ᠯᠢᠩ ᠬᠠᠭᠠᠰ ᠰᠠᠷ᠎ᠠ ᠱᠢᠬᠠᠮ ᠤᠬᠠᠭᠤᠯᠤᠨ ᠲᠠᠢᠯᠪᠤᠷᠢᠯᠠᠪᠠ᠃ 《ᠤᠯᠠᠨ᠎ᠢᠶᠠᠷ᠎ᠢᠶᠠᠨ ᠮᠢᠨᠦ᠍ ᠤᠬᠠᠭᠤᠯᠭ᠎ᠠ ᠲᠠᠢᠯᠤᠮᠵᠢ᠎ᠠᠴᠠ ᠶᠡᠷᠦᠩᠭᠡᠢ ᠱᠦᠵᠢ᠎ᠶ᠋ᠢᠨ ᠠᠩᠬᠠᠷᠤᠯ ᠬᠠᠯᠠᠮᠵᠢᠯᠠᠯ ᠪᠠ ᠪᠦᠭᠦ᠌ ᠤᠯᠤᠰ᠎ᠤᠨ ᠬᠤᠶᠠᠷ ᠬᠤᠷᠠᠯ᠎ᠤᠨ ᠵᠤᠷᠢᠭ ᠰᠠᠨᠠᠭ᠎ᠠ᠎ᠶ᠋ᠢ ᠤᠢ᠍ᠢᠯᠠᠭᠠᠬᠤ᠎ᠶ᠋ᠢ ᠤᠨᠴᠠᠭᠠᠢᠯᠠᠨ ᠬᠦᠰᠡᠵᠤ ᠪᠠᠢᠭ᠍ᠰᠠᠨ》 ᠭᠡᠵᠦ᠍ ᠭᠦᠸᠧ ᠶᠠᠨ ᠯᠢᠩ ᠬᠡᠯᠡᠵᠦ᠍ ᠪᠠᠢᠯ᠎ᠠ᠃ ᠲᠡᠷᠡ ᠬᠡᠰᠡᠭ ᠬᠤᠭᠤᠴᠠᠭᠠᠨ᠎ᠳᠤ᠂ ᠲᠡᠷᠡ ᠡᠳᠦᠷ ᠪᠤᠯᠭᠠᠨ ᠤᠬᠠᠭᠤᠯᠭ᠎ᠠ ᠲᠠᠢᠯᠤᠮᠵᠢ ᠬᠢᠵᠦ᠍᠂ ᠤᠷᠤᠢ᠎ᠳᠠᠭᠠᠨ ᠠᠵᠢᠯᠯᠠᠵᠦ᠍᠂ 3 ᠬᠤᠱᠢᠭᠤ ᠱᠢᠶᠠᠨ᠎ᠢᠶᠠᠷ ᠬᠦᠨᠵᠡᠭᠡᠢᠷᠡᠨ ᠠᠷᠪᠠᠨ ᠬᠡᠳᠤᠨ ᠲᠠᠯᠠᠪᠠᠢ ᠤᠬᠠᠭᠤᠯᠭ᠎ᠠ ᠲᠠᠢᠯᠤᠮᠵᠢ ᠬᠢᠪᠠ᠃ ᠤᠬᠠᠭᠤᠯᠭ᠎ᠠ ᠲᠠᠢᠯᠤᠮᠵᠢ᠎ᠶ᠋ᠢ ᠬᠡᠰᠡᠭ ᠬᠤᠭᠤᠴᠠᠭ᠎ᠠ ᠲᠦᠪᠯᠡᠷᠡᠭᠦᠯᠦᠨ ᠭᠢᠭ᠌ᠰᠡᠨ᠎ᠤ ᠲᠠᠷᠠᠭ᠎ᠠ᠂ ᠭᠦᠸᠧ ᠶᠠᠨ ᠯᠢᠩ ᠪᠠᠴᠢᠮ ᠶᠠᠭᠠᠷᠠᠯᠳᠠᠢ ᠠᠵᠢᠯ᠎ᠤᠨ ᠪᠠᠢᠳᠠᠯ᠎ᠢᠶᠠᠨ ᠲᠠᠷᠤᠢ ᠲᠦᠷᠭᠡᠨ ᠰᠡᠷᠭᠦᠭᠡᠪᠡ᠃

ᠲᠠᠷᠢᠶᠠᠯᠠᠩ᠎ᠤᠨ ᠮᠡᠷᠭᠡᠵᠢᠯ᠎ᠢ ᠲᠡᠯᠭᠡᠷᠡᠭᠦᠯᠭᠦ᠌ ᠰᠤᠳᠤᠯᠤᠭᠠᠴᠢ ᠪᠤᠯᠤᠬ᠍ᠰᠠᠨ᠎ᠤ ᠬᠤᠪᠢ᠎ᠳᠤ᠂ ᠲᠡᠷᠡ ᠠᠵᠢᠯ᠎ᠤᠨ ᠶᠡᠭᠡᠨᠭ᠌ᠭᠢ ᠴᠠᠬ᠎ᠢᠶᠠᠨ ᠴᠦᠮ ᠲᠠᠷᠢᠶᠠᠨ ᠱᠠᠩ᠎ᠤᠨ ᠲᠡᠷᠭᠡᠳᠡ ᠦᠩᠭᠡᠷᠡᠭᠦᠯᠵᠦ᠍᠂ ᠵᠠᠪᠱᠢᠶᠠᠨ᠎ᠲᠠᠢ ᠪᠤᠯᠪᠠᠯ ᠨᠢᠭᠡ ᠲᠠᠯ᠎ᠠ᠎ᠪᠠᠷ ᠮᠠᠯᠴᠢᠨ ᠲᠠᠷᠢᠶᠠᠴᠢᠨ᠎ᠳᠤ ᠤᠬᠠᠭᠤᠯᠭ᠎ᠠ ᠲᠠᠢᠯᠤᠮᠵᠢ ᠬᠢᠵᠦ᠍᠂ ᠨᠦᠭᠦᠭᠡ ᠲᠠᠯ᠎ᠠ᠎ᠪᠠᠷ ᠲᠡᠳᠡᠨ᠎ᠤ ᠰᠡᠳᠭᠢᠯ᠎ᠤᠨ ᠲᠠᠭᠤᠨ᠎ᠢ ᠰᠤᠨᠤᠰᠪᠠ᠃ 《ᠲᠡᠳᠡᠨ᠎ᠤ ᠦᠭᠡ ᠪᠤᠯ ᠬᠠᠮᠤᠭ᠎ᠤᠨ ᠱᠢᠭᠤᠳ ᠱᠢᠯᠤᠭᠤᠨ ᠠᠷᠠᠳ᠎ᠤᠨ ᠰᠠᠨᠠᠭ᠎ᠠ ᠪᠣᠯᠣᠨ᠎ᠠ》 ᠭᠡᠵᠦ᠍ ᠭᠦᠸᠧ ᠶᠠᠨ ᠯᠢᠩ ᠬᠡᠯᠡᠪᠠ᠃ ᠮᠠᠯᠴᠢᠨ ᠲᠠᠷᠢᠶᠠᠴᠢᠨ᠎ᠤ ᠦᠭᠡ ᠶᠠᠷᠢᠶ᠎ᠠ᠎ᠠᠴᠠ ᠲᠡᠷᠡ ᠤᠯᠠᠨ ᠲᠦᠮᠡᠨ ᠨᠠᠮ᠎ᠤᠨ ᠲᠦᠷᠦ᠎ᠶ᠋ᠢᠨ ᠪᠤᠳᠤᠯᠭ᠎ᠠ᠎ᠶ᠋ᠢ ᠮᠠᠰᠢ ᠬᠦᠷᠢᠶᠠᠯᠠᠵᠦ᠍ ᠪᠠᠢᠬᠤ᠎ᠶ᠋ᠢ ᠮᠡᠳᠡᠵᠦ᠍᠂ ᠠᠷᠠᠳ᠎ᠤᠨ ᠲᠦᠯᠦᠭᠡ ᠲᠤᠱᠢᠶᠠᠯ᠎ᠢᠶᠠᠨ ᠭᠦᠢᠴᠡᠳᠭᠡᠭᠦ᠌ ᠢᠳᠡᠭᠡᠯ ᠵᠤᠷᠢᠭ᠎ᠨᠢ ᠨᠡᠩ ᠡᠷᠴᠢᠯᠡᠭ᠌ᠳᠡᠪᠡ᠃

ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢ᠎ᠪᠠᠷ ᠰᠤᠩᠭᠤᠬ᠍ᠳᠠᠬ᠍ᠰᠠᠨ᠎ᠠᠴᠠ ᠨᠠᠭᠠᠰᠢ᠂ ᠭᠦᠸᠧ ᠶᠠᠨ ᠯᠢᠩ ᠲᠠᠩᠳᠠ ᠦᠪᠤᠷ ᠮᠤᠩᠭᠤᠯ᠎ᠤᠨ ᠮᠠᠯᠵᠢᠬᠤ ᠲᠠᠷᠢᠶᠠᠯᠠᠬᠤ ᠰᠤᠯᠪᠢᠴᠠᠭ᠍ᠰᠠᠨ ᠣᠷᠣᠨ᠎ᠢ ᠠᠩᠬᠠᠷᠤᠨ ᠬᠠᠯᠠᠮᠵᠢᠯᠠᠬ᠍ᠰᠠᠭᠠᠷ ᠢᠷᠡᠪᠡ᠃ 《ᠮᠠᠯᠵᠢᠬᠤ ᠲᠠᠷᠢᠶᠠᠯᠠᠬᠤ ᠰᠤᠯᠢᠪᠴᠠᠭ᠍ᠰᠠᠨ ᠣᠷᠣᠨ᠎ᠤ ᠪᠠᠢᠭᠠᠯᠢ ᠭᠠᠵᠠᠷ ᠵᠦᠢ᠎ᠶ᠋ᠢᠨ ᠪᠠᠢᠳᠠᠯ᠎ᠨᠢ ᠤᠨᠴᠠᠭᠠᠢ᠎ᠠᠴᠠ ᠪᠤᠯᠵᠦ᠍᠂ ᠭᠠᠵᠠᠷ ᠱᠢᠷᠤᠢ᠎ᠶ᠋ᠢ ᠠᠱᠢᠬ᠍ᠯᠠᠨ ᠬᠡᠷᠡᠭ᠌ᠯᠡᠭᠦ᠌ ᠪᠠᠢᠳᠠᠯ ᠠᠨᠠᠢ᠂ ᠶᠠᠳᠠᠭᠤᠷᠠᠯ ᠡᠭᠦᠰᠭᠦ᠌ ᠨᠤᠷᠮ᠎ᠠ ᠴᠦ᠍ ᠪᠤᠰᠤᠳ ᠭᠠᠵᠠᠷ᠎ᠠᠴᠠ ᠦᠨᠳᠤᠷ》 ᠭᠡᠵᠦ᠍ ᠭᠦᠸᠧ ᠶᠠᠨ ᠯᠢᠩ ᠬᠡᠯᠡᠨ᠎ᠠ᠃ ᠦᠨᠳᠦᠰᠦᠨ ᠱᠠᠳᠤᠨ᠎ᠤ ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢ ᠪᠤᠯᠤᠬ᠍ᠰᠠᠨ᠎ᠤ ᠬᠤᠪᠢ᠎ᠳᠤ᠂ ᠮᠠᠯᠵᠢᠬᠤ ᠲᠠᠷᠢᠶᠠᠯᠠᠬᠤ ᠰᠤᠯᠪᠢᠴᠠᠭ᠍ᠰᠠᠨ ᠣᠷᠣᠨ᠎ᠤ ᠮᠠᠯᠴᠢᠨ ᠲᠠᠷᠢᠶᠠᠴᠢᠨ᠎ᠤ ᠦᠢᠯᠡᠳᠪᠤᠷᠢᠯᠡᠯ ᠠᠮᠢᠳᠤᠷᠠᠯ᠎ᠤᠨ ᠪᠠᠢᠳᠠᠯ᠎ᠢ ᠲᠡᠷᠡ ᠢᠮᠠᠬ᠍ᠳᠠ ᠬᠠᠯᠠᠮᠵᠢᠯᠠᠨ᠎ᠠ᠃

ᠡᠨᠡ ᠬᠦ᠌ ᠠᠰᠠᠭᠤᠳᠠᠯ᠎ᠳᠤ ᠴᠢᠭ᠌ᠯᠡᠭᠦᠯᠵᠦ᠍᠂ ᠭᠦᠸᠧ ᠶᠠᠨ ᠯᠢᠩ ᠤᠢ᠍ᠢᠷ᠎ᠠ᠎ᠶ᠋ᠢᠨ ᠬᠤᠶᠠᠷ ᠵᠢᠯ᠎ᠳᠤ ᠤᠯᠠᠭᠠᠨᠬᠠᠳᠠ ᠬᠤᠳᠠ᠂ ᠱᠢᠯᠢ᠎ᠶ᠋ᠢᠨ ᠭᠤᠤᠯ ᠠᠢᠮᠠᠬ᠂ ᠤᠯᠠᠭᠠᠨᠴᠠᠪ ᠬᠤᠳᠠ᠎ᠶ᠋ᠢᠨ 8 ᠬᠤᠱᠢᠭᠤ ᠱᠢᠶᠠᠨ᠎ᠢᠶᠠᠷ ᠬᠦᠨᠵᠡᠭᠡᠢᠷᠡᠵᠦ᠍᠂ ᠠᠢᠯ ᠡᠷᠦᠭᠡ᠎ᠪᠠᠷ ᠤᠷᠤᠵᠦ᠍᠂ ᠠᠰᠠᠭᠤᠯᠳᠠ᠎ᠶ᠋ᠢᠨ ᠬᠠᠭᠤᠳᠠᠰᠦ ᠲᠠᠷᠬᠠᠭᠠᠵᠦ᠍᠂ ᠮᠠᠯᠴᠢᠨ ᠲᠠᠷᠢᠶᠠᠴᠢᠨ᠎ᠲᠠᠢ ᠶᠠᠷᠢᠯᠴᠠᠵᠦ᠍᠂ ᠶᠡᠭᠡ ᠬᠡᠮᠵᠢᠶᠠᠨ᠎ᠤ ᠪᠤᠷᠤ ᠮᠠᠲ᠋ᠧᠷᠢᠶᠠᠯ ᠡᠵᠡᠮᠱᠢᠪᠠ᠃ ᠡᠨᠡ ᠵᠢᠯ᠂ ᠲᠡᠷᠡ ᠪᠠᠢᠴᠠᠭᠠᠨ ᠰᠤᠳᠤᠯᠤᠭ᠍ᠰᠠᠨ ᠪᠠᠢᠳᠠᠯ᠎ᠢᠶᠠᠨ ᠡᠮᠬᠢᠯᠡᠵᠦ᠍ ᠨᠢᠭᠡ ᠬᠤᠪᠢ ᠰᠠᠨᠠᠭᠤᠯᠭ᠎ᠠ ᠪᠤᠯᠭᠠᠪᠠ᠃ ᠡᠨᠡ ᠬᠦ᠌ ᠰᠠᠨᠠᠭᠤᠯᠭ᠎ᠠ᠎ᠶ᠋ᠢᠨ ᠭᠢᠨᠢ ᠭᠤᠤᠯ ᠰᠡᠳᠦᠪ᠎ᠨᠢ ᠲᠠᠷᠤᠢ ᠦᠪᠤᠷ ᠮᠤᠩᠭᠤᠯ᠎ᠤᠨ ᠮᠠᠯᠵᠢᠬᠤ ᠲᠠᠷᠢᠶᠠᠯᠠᠬᠤ ᠰᠤᠯᠪᠢᠴᠠᠭ᠍ᠰᠠᠨ ᠣᠷᠣᠨ᠎ᠤ ᠮᠠᠯ ᠠᠵᠦ᠍ ᠠᠬᠤᠢ ᠲᠠᠷᠢᠶᠠᠯᠠᠩ᠎ᠤᠨ ᠦᠢᠯᠡᠳᠪᠤᠷᠢᠯᠡᠯ᠎ᠤᠨ ᠤᠳᠤᠭᠢ ᠪᠠᠢᠳᠠᠯ ᠪᠠ ᠮᠠᠯᠴᠢᠨ ᠲᠠᠷᠢᠶᠠᠴᠢᠨ᠎ᠤ ᠠᠮᠢᠳᠤᠷᠠᠯ᠎ᠤᠨ ᠤᠳᠤᠭᠢ ᠪᠠᠢᠳᠠᠯ᠎ᠳᠤ ᠤᠷᠤᠱᠢᠵᠦ᠍ ᠪᠠᠢᠬᠤ ᠠᠰᠠᠭᠤᠳᠠᠯ ᠵᠢᠴᠢ ᠠᠷᠭᠠᠴᠠᠭᠠᠬᠤ ᠠᠷᠭ᠎ᠠ ᠪᠤᠳᠤᠯᠭ᠎ᠠ᠎ᠶ᠋ᠢᠨ ᠳᠣᠬᠠᠢ ᠰᠠᠨᠠᠭᠤᠯᠭ᠎ᠠ ᠪᠤᠯᠤᠨ᠎ᠠ᠃

ᠭᠦᠸᠧ ᠶᠠᠨ ᠯᠢᠩ᠎ᠤᠨ ᠡᠨᠡ ᠵᠢᠯ᠎ᠤᠨ ᠪᠦᠭᠦ᠌ ᠤᠯᠤᠰ᠎ᠤᠨ ᠬᠤᠶᠠᠷ ᠬᠤᠷᠠᠯ ᠲᠡᠭᠡᠷ᠎ᠠ ᠲᠡᠪᠱᠢᠭᠦᠯᠭᠦ᠌ ᠨᠦᠭᠦᠭᠡ ᠨᠢᠭᠡ ᠰᠠᠨᠠᠭᠤᠯᠭ᠎ᠠ᠎ᠨᠢ ᠬᠡᠭᠡᠷ᠎ᠡ᠎ᠶ᠋ᠢᠨ ᠪᠡᠯᠴᠢᠭᠡᠷ ᠡᠪᠡᠰᠦ᠎ᠲᠠᠢ ᠬᠤᠯᠪᠤᠭ᠎ᠠ᠎ᠲᠠᠢ᠃ ᠲᠡᠷᠡ ᠬᠡᠭᠡᠷ᠎ᠡ᠎ᠶ᠋ᠢᠨ ᠪᠡᠯᠴᠢᠭᠡᠷ ᠡᠪᠡᠰᠦ᠎ᠶ᠋ᠢᠨ ᠡᠭᠢ ᠪᠠᠶᠠᠯᠢᠭ᠎ᠤᠨ ᠬᠠᠮᠠᠭᠠᠯᠠᠯᠳᠠ᠎ᠶ᠋ᠢ ᠴᠢᠩᠭᠠᠳᠭᠠᠵᠦ᠍᠂ ᠬᠡᠭᠡᠷ᠎ᠡ᠎ᠶ᠋ᠢᠨ ᠪᠡᠯᠴᠢᠭᠡᠷ ᠡᠪᠡᠰᠦᠨ᠎ᠤ ᠭᠧᠨ᠎ᠤ ᠬᠦᠮᠦᠷᠭᠡ ᠪᠠᠢᠭᠤᠯᠬᠤ ᠲᠤᠬᠠᠢ ᠰᠠᠨᠠᠭᠤᠯᠭ᠎ᠠ ᠭᠠᠷᠭᠠᠬᠤ᠎ᠪᠠᠷ ᠲᠦᠯᠦᠪᠯᠡᠵᠦ᠍ ᠪᠠᠢᠭ᠎ᠠ ᠠᠵᠢ᠃ 《ᠡᠨᠡ᠎ᠨᠢ ᠲᠡᠵᠢᠭᠡᠯ ᠡᠪᠡᠰᠦ᠎ᠶ᠋ᠢᠨ ᠱᠢᠯᠢᠳᠡᠭ ᠲᠦᠷᠦᠯ᠎ᠢ ᠰᠤᠳᠤᠯᠤᠨ ᠨᠡᠭᠡᠭᠡᠭᠦ᠌ ᠪᠠ ᠪᠡᠯᠴᠢᠭᠡᠷ ᠡᠪᠡᠰᠦ᠎ᠶ᠋ᠢᠨ ᠲᠦᠷᠦᠯ ᠵᠦᠢᠯ᠎ᠢ ᠰᠠᠢᠵᠢᠷᠠᠭᠤᠯᠬᠤ᠎ᠳᠤ ᠮᠠᠰᠢ ᠴᠢᠬᠤᠯᠠ ᠠᠴᠢ ᠬᠤᠯᠪᠤᠬ᠍ᠳᠠᠯ᠎ᠲᠠᠢ》 ᠭᠡᠵᠦ᠍ ᠭᠦᠸᠧ ᠶᠠᠨ ᠯᠢᠩ ᠬᠡᠯᠡᠨ᠎ᠠ᠃

ᠦᠡᠭ᠌ᠭᠡᠷᠡᠭ᠌ᠰᠡᠨ ᠨᠢᠭᠡ ᠵᠢᠯ᠎ᠳᠤ᠂ ᠭᠦᠸᠧ ᠶᠠᠨ ᠯᠢᠩ ᠪᠠᠰᠠ ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢ᠎ᠶ᠋ᠢᠨ ᠪᠠᠢᠴᠠᠭᠠᠨ ᠰᠤᠳᠤᠯᠬᠤ ᠠᠵᠢᠯᠯᠠᠭ᠎ᠠ᠎ᠳᠤ ᠤᠯᠠᠨᠳᠠ ᠤᠷᠤᠯᠴᠠᠵᠦ᠍᠂ ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶ᠎ᠠ᠎ᠶ᠋ᠢᠨ ᠵᠤᠬᠢᠶᠠᠨ ᠪᠠᠢᠭᠤᠯᠤᠬ᠍ᠰᠠᠨ ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢ᠎ᠶ᠋ᠢᠨ ᠪᠤᠯᠪᠠᠰᠤᠷᠠᠯ᠎ᠤᠨ ᠠᠩᠭᠢ᠎ᠳᠤ ᠤᠷᠤᠯᠴᠠᠵᠦ᠍᠂ ᠲᠤᠱᠢᠶᠠᠯ᠎ᠢᠶᠠᠨ ᠭᠦᠢᠴᠡᠳᠭᠡᠭᠦ᠌ ᠴᠢᠳᠠᠪᠤᠷᠢ᠎ᠪᠠᠨ ᠲᠡᠭᠡᠭ᠌ᠰᠢᠯᠡᠭᠦᠯᠪᠠ᠃

《ᠨᠠᠮ᠎ᠤᠨ ᠲᠦᠷᠦ᠎ᠶ᠋ᠢᠨ ᠪᠤᠳᠤᠯᠭ᠎ᠠ ᠰᠠᠢᠨ ᠪᠤᠯᠬᠤᠷ᠂ ᠮᠠᠯᠴᠢᠨ ᠲᠠᠷᠢᠶᠠᠴᠢᠨ ᠤᠯᠠᠨ ᠲᠦᠮᠡᠨ᠎ᠤ ᠴᠢᠷᠮᠠᠢᠨ ᠲᠡᠮᠡᠴᠡᠭᠦ᠌ ᠡᠷᠴᠢ ᠵᠤᠷᠢᠭ ᠴᠤ᠌ ᠭᠦᠢᠴᠡᠳ᠃ ᠪᠢ ᠨᠢᠭᠡᠨ ᠱᠢᠨᠵᠢᠯᠡᠬᠦ᠌ ᠣᠬᠠᠭᠠᠨ᠎ᠤ ᠰᠤᠳᠤᠯᠭᠠᠨ᠎ᠤ ᠠᠵᠢᠯᠳᠠᠨ ᠪᠠ ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢ ᠪᠤᠯᠤᠬ᠍ᠰᠠᠨ᠎ᠤ ᠬᠤᠪᠢ᠎ᠳᠤ᠂ ᠬᠢᠬᠦ᠌ ᠴᠢᠬᠤᠯᠠᠳᠠᠢ ᠵᠦᠢᠯ ᠤᠯᠠᠨ ᠪᠠᠢᠨ᠎ᠠ ᠭᠡᠵᠦ᠍ ᠪᠤᠳᠤᠳᠠᠬ》 ᠭᠡᠵᠦ᠍ ᠭᠦᠸᠧ ᠶᠠᠨ ᠯᠢᠩ ᠬᠡᠯᠡᠨ᠎ᠠ᠃ ᠲᠡᠷᠡ ᠴᠠᠭ ᠮᠦᠴᠡ᠎ᠶ᠋ᠢ ᠠᠯᠳᠠᠯ ᠦᠭᠡᠢ ᠴᠢᠷᠮᠠᠢᠵᠦ᠍᠂ ᠮᠠᠯᠴᠢᠨ ᠲᠠᠷᠢᠶᠠᠴᠢᠨ᠎ᠳᠤ ᠪᠣᠳᠠᠳᠣ ᠶᠠᠪᠣᠳᠠᠯ ᠪᠦᠲᠦᠭᠡᠵᠦ᠍ ᠦᠭ᠌ᠭᠦ᠎ᠪᠠᠷ ᠴᠦᠬᠦᠷᠡᠯ ᠦᠭᠡᠢ ᠴᠢᠷᠮᠠᠢᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号