ᠠᠨ ᠷᠦᠨ ᠱᠧᠩ ᠬᠡᠱᠢᠬᠦᠨ᠄ ᠪᠠᠢᠴᠠᠭᠠᠨ ᠰᠤᠳᠤᠯᠬᠤ ᠦᠨᠡᠨ ᠡᠷᠳᠡᠮ᠎ᠳᠡᠭᠡᠨ ᠲᠦᠱᠢᠭ᠌ᠯᠡᠨ ᠬᠦᠭ᠌ᠵᠢᠯᠲᠡ᠎ᠳᠤ ᠠᠷᠭ᠎ᠠ ᠳᠡᠪᠱᠢᠭᠦᠯᠦᠨ᠎ᠡ
2021-03-04 11:50:21
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠬᠡᠳᠦᠨ ᠡᠳᠦᠷ᠂ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠬᠡᠨ᠎ᠤ ᠬᠡᠱᠢᠬᠦᠨ᠂ ᠦᠪᠡᠷᠲᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠬᠡᠨ᠎ᠤ ᠪᠠᠢᠩᠭᠤ᠎ᠶ᠋ᠢᠨ ᠬᠡᠱᠢᠬᠦᠨ᠂ ᠦᠪᠡᠷᠲᠡᠭᠡᠨ ᠵᠠᠰᠠᠬᠤ ᠤᠷᠤᠨ᠎ᠤ ᠦᠢᠯᠡᠳᠪᠦᠷᠢ ᠬᠤᠳᠠᠯᠳᠤᠭᠠᠨ᠎ᠤ ᠬᠤᠯᠪᠤᠭ᠎ᠠ᠎ᠶ᠋ᠢᠨ ᠲᠡᠷᠢᠬᠦᠯᠡᠭ᠌ᠴᠢ ᠠᠨ ᠷᠦᠨ ᠱᠧᠩ ᠤᠨᠴᠠᠭᠠᠢ ᠶᠠᠭᠠᠷᠠᠣ᠃ ᠲᠡᠷᠡ ᠡᠳᠦᠷ᠎ᠨᠢ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠤᠨ ᠳᠣᠬᠠᠢ ᠬᠦᠨᠵᠡᠬᠡᠢ ᠪᠠᠢᠴᠠᠭᠠᠨ ᠰᠤᠳᠤᠯᠵᠦ᠍᠂ ᠤᠷᠤᠢ᠎ᠨᠢ ᠪᠠᠢᠴᠠᠭᠠᠨ ᠰᠤᠳᠤᠯᠤᠯᠲᠠ᠎ᠶ᠋ᠢᠨ ᠮᠡᠳᠡᠬᠦᠯᠦᠯᠲᠡ᠎ᠪᠠᠨ ᠡᠮᠬᠢᠯᠡᠨ ᠲᠤᠭᠤᠷᠪᠢᠨ᠎ᠠ᠃ ᠦᠢᠯᠡᠳᠪᠦᠷᠢ ᠬᠤᠳᠠᠯᠳᠤᠭᠠᠨ᠎ᠤ ᠬᠤᠯᠪᠤᠭ᠎ᠠ᠎ᠶ᠋ᠢᠨ ᠡᠲᠡᠭᠡᠳ᠎ᠤᠨ ᠤᠯᠤᠰ ᠲᠦᠷᠦ᠎ᠶ᠋ᠢᠨ ᠵᠦᠪᠯᠡᠯᠬᠡᠨ᠎ᠤ ᠬᠡᠱᠢᠬᠦᠨ ᠪᠤᠯᠤᠬ᠍ᠰᠠᠨ᠎ᠤ ᠬᠤᠪᠢ᠎ᠳᠤ᠂ ᠤᠢ᠍ᠢᠷ᠎ᠠ᠎ᠶ᠋ᠢᠨ ᠵᠢᠯ᠎ᠳᠤ᠂ ᠲᠡᠷᠡ ᠨᠡᠢᠲᠡ᠎ᠶ᠋ᠢᠨ ᠦᠮᠴᠢᠯᠡᠯ᠎ᠤᠨ ᠪᠤᠰᠤ ᠠᠵᠦ᠍ ᠠᠬᠤᠢ᠎ᠶ᠋ᠢᠨ ᠬᠦᠭ᠌ᠵᠢᠯᠲᠡ᠎ᠳᠤ ᠬᠦᠴᠦᠨ ᠨᠡᠮᠡᠷᠢᠯᠡᠵᠦ᠍᠂ ᠠᠷᠠᠳ᠎ᠠᠴᠠ ᠡᠵᠡᠩᠨᠡᠭ᠌ᠰᠡᠨ ᠠᠵᠦ᠍ ᠠᠬᠤᠢ᠍ᠢᠯᠠᠯ᠎ᠤᠨ 《ᠳᠠᠭᠤᠨ ᠳᠠᠮᠵᠢᠭᠤᠯᠤᠬ᠍ᠴᠢ》 ᠪᠤᠯᠬᠤ᠎ᠪᠠᠷ ᠬᠦᠴᠦᠯᠡᠨ ᠴᠢᠷᠮᠠᠢᠭ᠍ᠰᠠᠭᠠᠷ ᠢᠷᠡᠵᠡᠢ᠃

ᠠᠨ ᠷᠦᠨ ᠱᠧᠩ᠎ᠤᠨ ᠦᠵᠡᠬᠦ᠌᠎ᠪᠠᠷ᠂ ᠵᠦᠪᠭᠡᠨ ᠦᠷᠬᠦᠯᠵᠢᠯᠡᠨ ᠰᠤᠷᠤᠯᠴᠠᠵᠦ᠍ ᠮᠡᠳᠡᠯᠭᠡ ᠮᠡᠳᠡᠴᠡ᠎ᠪᠠᠨ ᠳᠡᠭᠡᠭ᠌ᠰᠢᠯᠡᠬᠦᠯᠪᠡᠯ ᠰᠠᠢ ᠲᠤᠱᠢᠶᠠᠯ ᠬᠠᠷᠢᠭᠤᠴᠠᠯᠭ᠎ᠠ᠎ᠪᠠᠨ ᠨᠡᠩ ᠰᠠᠢᠨ ᠬᠦᠢᠴᠡᠳᠭᠡᠵᠦ᠍ ᠴᠢᠳᠠᠨ᠎ᠠ᠃ ᠦᠩᠭᠡᠷᠡᠭ᠌ᠰᠡᠨ ᠨᠢᠭᠡ ᠵᠢᠯ᠎ᠳᠤ᠂ ᠲᠡᠷᠡ ᠰᠢ᠎ᠶ᠋ᠢᠨ ᠫᠢᠩ᠎ᠤᠨ ᠱᠢᠨ᠎ᠡ ᠴᠠᠬ ᠦᠶ᠎ᠡ᠎ᠶ᠋ᠢᠨ ᠳᠤᠮᠳᠠᠳᠦ ᠤᠯᠤᠰ᠎ᠤᠨ ᠤᠨᠴᠠᠯᠢᠭ᠎ᠲᠠᠢ ᠨᠡᠢᠬᠡᠮ ᠵᠢᠷᠦᠮ᠎ᠤᠨ ᠦᠵᠡᠯ ᠰᠠᠨᠠᠭ᠎ᠠ᠎ᠶ᠋ᠢ ᠬᠦᠨᠵᠡᠬᠡᠢ ᠰᠤᠷᠤᠯᠴᠠᠨ ᠲᠤᠭᠤᠱᠢᠯᠠᠭᠤᠯᠵᠦ᠍᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠲᠠᠪᠤᠳᠤᠭᠠᠷ ᠪᠦᠬᠦᠳᠡ ᠬᠤᠷᠠᠯ᠎ᠤᠨ ᠵᠤᠷᠢᠭ ᠰᠠᠨᠠᠭ᠎ᠠ᠎ᠶ᠋ᠢ ᠰᠤᠷᠤᠯᠴᠠᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ᠎ᠤᠨ ᠦᠪᠦᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢᠨ ᠵᠣᠷᠢᠭ ᠰᠠᠨᠠᠭ᠎ᠠ᠂ ᠠᠵᠦ᠍ ᠠᠬᠤᠢ᠍ᠢᠯᠠᠯᠲᠠᠨ᠎ᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠵᠡᠷᠭᠡ᠎ᠶ᠋ᠢ ᠰᠤᠷᠤᠯᠴᠠᠵᠦ᠍᠂ ᠤᠯᠤᠰ ᠲᠦᠷᠦ᠎ᠶ᠋ᠢᠨ ᠬᠡᠪ ᠪᠤᠯᠪᠠᠰᠤᠷᠠᠯ ᠪᠤᠯᠤᠨ ᠲᠤᠱᠢᠶᠠᠯ ᠬᠠᠷᠢᠭᠤᠴᠠᠯᠭ᠎ᠠ᠎ᠪᠠᠨ ᠬᠦᠢᠴᠡᠳᠭᠡᠬᠦ᠌ ᠲᠦᠪᠱᠢᠨ᠎ᠢᠶᠠᠨ ᠳᠡᠭᠡᠭ᠌ᠰᠢᠯᠡᠬᠦᠯᠵᠡᠢ᠃ ᠲᠡᠷᠡ ᠨᠡᠢᠲᠡ᠎ᠶ᠋ᠢᠨ ᠦᠮᠴᠢᠯᠡᠯ᠎ᠤᠨ ᠪᠤᠰᠤ ᠠᠵᠦ᠍ ᠠᠬᠤᠢ᠍ᠢᠯᠠᠯᠲᠠᠨ᠎ᠢ ᠤᠯᠠᠨᠲᠠ ᠵᠤᠬᠢᠶᠠᠨ ᠪᠠᠢᠭᠤᠯᠤᠨ ᠶᠠᠷᠢᠯᠴᠠᠬᠤ ᠬᠤᠷᠠᠯ ᠬᠢᠵᠦ᠍ ᠦᠵᠡᠯ ᠪᠤᠲᠤᠯ᠎ᠢᠶᠠᠨ ᠰᠤᠯᠢᠯᠴᠠᠵᠦ᠍᠂ ᠨᠡᠢᠲᠡ᠎ᠶ᠋ᠢᠨ ᠦᠮᠴᠢᠯᠡᠯ᠎ᠤᠨ ᠪᠤᠰᠤ ᠠᠵᠦ᠍ ᠠᠬᠤᠢ᠍ᠢᠯᠠᠯᠲᠠᠳ᠎ᠤᠨ ᠨᠠᠮ᠎ᠤᠨ ᠦᠬᠡ᠎ᠶ᠋ᠢ ᠰᠤᠨᠤᠰᠭᠤ᠂ ᠨᠠᠮ᠎ᠢᠶᠠᠨ ᠳᠠᠭᠠᠬᠤ᠎ᠶ᠋ᠢ ᠬᠦᠲᠦᠯᠦᠨ ᠵᠢᠯᠤᠭᠤᠳᠴᠦ᠍᠂ ᠠᠷᠠᠳ᠎ᠤᠨ ᠡᠵᠡᠩᠨᠡᠯᠲᠡ᠎ᠶ᠋ᠢᠨ ᠠᠵᠦ᠍ ᠠᠬᠤᠢ᠎ᠶ᠋ᠢᠨ ᠴᠢᠨᠠᠷ ᠰᠠᠢᠲᠠᠢ ᠬᠦᠭ᠌ᠵᠢᠯᠲᠡ᠎ᠶ᠋ᠢ ᠠᠬᠢᠭᠤᠯᠪᠠ᠃ ᠲᠡᠷᠡ ᠠᠷᠠᠳ᠎ᠤᠨ ᠡᠵᠡᠩᠨᠡᠯᠲᠡ᠎ᠶ᠋ᠢᠨ ᠠᠵᠦ᠍ ᠠᠬᠤᠢ᠍ᠢᠯᠠᠯ᠎ᠤᠨ 《ᠲᠦᠮᠡᠨ ᠠᠵᠦ᠍ ᠠᠬᠤᠢ᠍ᠢᠯᠠᠯ ᠲᠦᠮᠡᠨ ᠲᠤᠰᠭᠤᠨ᠎ᠢ ᠬᠠᠪᠰᠤᠷᠬᠤ》 ᠣᠨᠣᠴᠠᠳᠠᠢ᠎ᠪᠠᠷ ᠶᠠᠳᠠᠭᠤ᠎ᠶ᠋ᠢ ᠲᠡᠳᠬᠦᠬᠦ᠌ ᠠᠵᠢᠯᠯᠠᠭ᠎ᠠ᠎ᠳᠤ ᠤᠷᠤᠯᠴᠠᠬᠤ᠎ᠶ᠋ᠢ ᠢᠳᠡᠪᠬᠢᠲᠡᠢ ᠬᠦᠲᠦᠯᠦᠨ ᠵᠢᠯᠤᠭᠤᠳᠴᠦ᠍᠂ ᠶᠠᠳᠠᠭᠤ ᠬᠦᠴᠢᠷᠳᠡᠯᠲᠡᠢ ᠤᠯᠠᠨ ᠲᠦᠮᠡᠨ᠎ᠢ ᠬᠠᠪᠰᠤᠷᠤᠨ ᠠᠮᠢᠳᠤᠷᠠᠯ᠎ᠤᠨ ᠲᠦᠪᠱᠢᠨ᠎ᠢ᠎ᠨᠢ ᠳᠡᠭᠡᠭ᠌ᠰᠢᠯᠡᠬᠦᠯᠵᠡᠢ᠃

ᠬᠦᠨᠵᠡᠬᠡᠢ ᠪᠠᠢᠴᠠᠭᠠᠨ ᠰᠤᠳᠤᠯᠵᠦ᠍᠂ ᠦᠨᠡᠨ ᠦᠬᠡ ᠬᠡᠯᠡᠵᠦ᠍᠂ ᠮᠡᠷᠭᠡᠨ ᠪᠤᠳᠤᠯᠭ᠎ᠠ ᠳᠡᠪᠱᠢᠬᠦᠯᠬᠦ᠌᠎ᠨᠢ ᠠᠨ ᠷᠦᠨ ᠱᠧᠩ᠎ᠤᠨ ᠢᠮᠠᠬ᠍ᠲᠠ ᠪᠡᠶ᠎ᠡ᠎ᠳᠡᠭᠡᠨ ᠲᠠᠯᠪᠢᠬ᠍ᠰᠠᠨ ᠱᠠᠭᠠᠷᠳᠠᠯᠭ᠎ᠠ ᠪᠤᠯᠤᠨ᠎ᠠ᠃ ᠦᠩᠭᠡᠷᠡᠭ᠌ᠰᠡᠨ ᠨᠢᠭᠡ ᠵᠢᠯ᠎ᠳᠤ᠂ ᠲᠡᠷᠡ ᠦᠪᠡᠷᠲᠡᠭᠡᠨ ᠵᠠᠰᠠᠬᠤ ᠤᠷᠤᠨ᠎ᠤ ᠦᠢᠯᠡᠳᠪᠦᠷᠢ ᠬᠤᠳᠠᠯᠳᠤᠭᠠᠨ᠎ᠤ ᠬᠤᠯᠪᠣᠭ᠎ᠠ᠎ᠶ᠋ᠢᠨ ᠺᠠᠳ᠋ᠷᠴᠤᠳ᠎ᠢ ᠵᠤᠬᠢᠶᠠᠨ ᠪᠠᠢᠭᠤᠯᠵᠦ᠍ ᠠᠷᠠᠳ᠎ᠤᠨ ᠡᠵᠡᠩᠨᠡᠯᠲᠡ᠎ᠶ᠋ᠢᠨ ᠠᠵᠦ᠍ ᠠᠬᠤᠢ᠍ᠢᠯᠠᠯ᠎ᠢᠶᠠᠷ ᠬᠦᠷᠴᠦ᠍ ᠰᠤᠷᠪᠤᠯᠵᠢᠯᠠᠨ᠂ 《ᠦᠪᠦᠷ ᠮᠤᠩᠭᠤᠯ᠎ᠤᠨ ᠲᠤᠭᠠᠴᠢᠯᠠᠬ᠍ᠰᠠᠨ ᠠᠵᠦ᠍ ᠠᠬᠤᠢ᠎ᠶ᠋ᠢᠨ ᠱᠢᠨ᠎ᠡ ᠡᠵᠡᠩᠨᠡᠯᠲᠡ᠎ᠶ᠋ᠢᠨ ᠪᠠᠢᠳᠠᠯ ᠱᠢᠨ᠎ᠡ ᠵᠠᠬ᠍ᠪᠤᠷ᠎ᠤᠨ ᠪᠠᠢᠴᠠᠭᠠᠨ ᠰᠤᠳᠤᠯᠤᠯᠲᠠ᠎ᠶ᠋ᠢᠨ ᠮᠡᠳᠡᠬᠦᠯᠦᠯᠲᠡ》 ᠭᠡᠬᠦ᠌ ᠭᠤᠤᠯᠳᠠᠯᠭ᠎ᠠ᠎ᠲᠠᠢ ᠰᠣᠳᠣᠯᠭᠠᠨ᠎ᠤ ᠰᠡᠳᠦᠪ᠎ᠢ ᠪᠡᠶᠡᠯᠡᠬᠦᠯᠪᠠ᠃ ᠲᠡᠷᠡ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠱᠢᠯᠢᠳᠡᠭ᠌ᠵᠢᠬᠦᠯᠬᠦ᠌᠎ᠳᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠲᠤᠰᠭᠠᠢ ᠰᠡᠳᠦᠪ᠎ᠢᠶᠠᠷ ᠵᠦᠪᠯᠡᠬᠦ᠌ ᠠᠵᠢᠯᠯᠠᠭ᠎ᠠ᠎ᠳᠤ ᠤᠷᠤᠯᠴᠠᠵᠦ᠍᠂ ᠠᠯᠠᠱᠠ ᠠᠢᠮᠠᠭ᠂ ᠬᠦᠬᠡᠬᠤᠲᠠ᠎ᠳᠤ ᠬᠦᠨᠵᠡᠬᠡᠢᠷᠡᠨ ᠪᠠᠢᠴᠠᠭᠠᠨ ᠰᠤᠳᠤᠯᠵᠦ᠍᠂ 《ᠮᠠᠨ᠎ᠤ ᠤᠷᠤᠨ᠎ᠤ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠴᠢᠨᠠᠬ᠍ᠰᠢᠲᠠ ᠱᠢᠯᠢᠳᠡᠭ᠌ᠵᠢᠬᠦᠯᠬᠦ᠌ ᠲᠤᠬᠠᠢ ᠰᠠᠨᠠᠭᠤᠯᠭ᠎ᠠ》 ᠲᠤᠱᠢᠶᠠᠵᠠᠢ᠃ ᠬᠡᠨᠡᠳᠲᠡ ᠡᠬᠦᠰᠦᠭ᠌ᠰᠡᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠤᠨ ᠡᠮᠦᠨ᠎ᠡ ᠲᠡᠷᠡ ᠦᠢᠯᠡᠳᠪᠦᠷᠢ ᠬᠤᠳᠠᠯᠳᠤᠭᠠᠨ᠎ᠤ ᠬᠤᠯᠪᠤᠭ᠎ᠠ᠎ᠶ᠋ᠢᠨ ᠺᠠᠳ᠋ᠷᠴᠤᠳ᠎ᠢᠶᠠᠨ ᠵᠤᠬᠢᠶᠠᠨ ᠪᠠᠢᠭᠤᠯᠵᠦ᠍ ᠦᠷᠭᠡᠨ᠎ᠢᠶᠠᠷ ᠪᠠᠢᠴᠠᠭᠠᠨ ᠰᠤᠳᠤᠯᠵᠣ᠂ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠳᠤ 《100 ᠬᠦᠴᠦᠷᠭᠡᠭ ᠠᠷᠠᠳ᠎ᠤᠨ ᠡᠵᠡᠩᠨᠡᠯᠲᠡ᠎ᠶ᠋ᠢᠨ ᠠᠵᠦ᠍ ᠠᠬᠤᠢ᠍ᠢᠯᠠᠯ᠎ᠤᠨ ᠠᠵᠢᠯ᠎ᠢᠶᠠᠨ ᠰᠡᠷᠬᠦᠭᠡᠵᠦ᠍ ᠦᠢᠯᠡᠳᠪᠦᠷᠢᠯᠡᠯ᠎ᠢᠶᠠᠨ ᠰᠡᠷᠬᠦᠭᠡᠭ᠌ᠰᠡᠨ ᠪᠠᠢᠳᠠᠯ᠎ᠤᠨ ᠲᠤᠬᠠᠢ ᠪᠠᠢᠴᠠᠭᠠᠨ ᠰᠤᠳᠤᠯᠤᠯᠲᠠ᠎ᠶ᠋ᠢᠨ ᠮᠡᠳᠡᠬᠦᠯᠦᠯᠲᠡ》 ᠮᠡᠳᠡᠬᠦᠯᠦᠨ ᠬᠦᠷᠭᠡᠵᠦ᠍᠂ ᠦᠪᠡᠷᠲᠡᠭᠡᠨ ᠵᠠᠰᠠᠬᠤ ᠤᠷᠤᠨ᠎ᠤ ᠤᠳᠤᠷᠢᠳᠤᠯᠭ᠎ᠠ᠎ᠶ᠋ᠢᠨ ᠵᠦᠪᠱᠢᠶᠡᠷᠡᠯ᠎ᠢ ᠤᠯᠵᠦ᠍᠂ ᠵᠠᠭᠤᠨ ᠠᠵᠦ᠍ ᠠᠬᠤᠢ᠍ᠢᠯᠠᠯ᠎ᠤᠨ ᠠᠵᠢᠯ᠎ᠢᠶᠠᠨ ᠰᠡᠷᠬᠦᠭᠡᠵᠦ᠍ ᠦᠢᠯᠡᠳᠪᠦᠷᠢᠯᠡᠯ᠎ᠢᠶᠠᠨ ᠰᠡᠷᠬᠦᠭᠡᠬᠦ᠌᠎ᠶ᠋ᠢ ᠠᠬᠢᠭᠤᠯᠵᠠᠢ᠃ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠬᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠶ᠋ᠢᠨ ᠭᠤᠷᠪᠠᠳᠤᠭᠠᠷ ᠬᠤᠷᠠᠯ ᠳᠡᠭᠡᠷ᠎ᠡ᠂ ᠲᠡᠬᠦᠨ᠎ᠤ ᠲᠤᠱᠢᠶᠠᠬ᠍ᠰᠠᠨ ᠦᠪᠦᠷ ᠮᠤᠩᠭᠤᠯ᠎ᠤᠨ ᠬᠤᠨᠢᠨ ᠨᠤᠤᠰᠤᠨ᠎ᠤ ᠠᠵᠦ᠍ ᠦᠢᠯᠡᠰ᠎ᠢ ᠳᠡᠮᠵᠢᠨ ᠬᠦᠴᠢᠷ ᠪᠤᠭᠤᠮᠲᠠ᠎ᠶ᠋ᠢ ᠳᠣᠭᠤᠯᠬᠤ ᠵᠡᠷᠭᠡ 4 ᠬᠤᠪᠢ ᠰᠠᠨᠠᠯ ᠳᠤᠷᠠᠳᠤᠯᠭ᠎ᠠ᠎ᠨᠢ ᠪᠦᠷ ᠰᠠᠨᠠᠯ ᠳᠤᠷᠠᠳᠤᠯᠭ᠎ᠠ᠎ᠪᠠᠷ ᠳᠠᠩᠰᠠᠯᠠᠬ᠍ᠳᠠᠵᠦ᠍᠂ ᠬᠠᠮᠢᠶ᠎ᠠ ᠪᠦᠬᠦᠢ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠵᠠᠢ᠃

《ᠲᠤᠯᠠᠭᠠᠯᠠᠮᠵᠢ᠎ᠶ᠋ᠢᠨ ᠬᠠᠶᠠᠬ᠍ᠳᠠᠮᠠᠯ ᠬᠡᠢ᠎ᠶ᠋ᠢ ᠭᠠᠳᠠᠬ᠍ᠰᠢᠯᠠᠭᠤᠯᠬᠤ᠎ᠨᠢ ᠮᠠᠨ᠎ᠤ ᠤᠯᠤᠰ᠎ᠤᠨ ᠡᠪᠤᠯ᠎ᠤᠨ ᠤᠯᠠᠷᠢᠯ᠎ᠤᠨ ᠠᠭᠠᠷ ᠮᠠᠨᠳᠠᠯ᠎ᠤᠨ ᠪᠤᠬᠢᠷᠳᠤᠯ᠎ᠤᠨ ᠭᠤᠤᠯ ᠢᠷᠡᠯᠲᠡ᠎ᠶ᠋ᠢᠨ ᠨᠢᠭᠡ ᠪᠣᠯᠵᠣ᠂ ᠤᠮᠠᠷᠠᠳᠦ ᠤᠷᠤᠨ᠎ᠤ ᠠᠷᠢᠭᠤᠨ ᠴᠡᠪᠡᠷ ᠲᠤᠯᠠᠭᠠᠯᠠᠮᠵᠢ᠎ᠶ᠋ᠢ ᠠᠬᠢᠭᠤᠯᠬᠤ᠎ᠨᠢ ᠤᠯᠠᠨ ᠲᠦᠮᠡᠨ᠎ᠤ ᠠᠮᠢᠳᠤᠷᠠᠯ᠎ᠢ ᠪᠠᠲᠤᠯᠠᠬᠤ᠂ ᠨᠡᠭᠦᠷᠡᠰᠦᠳᠦ᠋ᠷᠦᠭ᠌ᠴᠢ ᠭᠠᠳᠠᠬ᠍ᠰᠢᠯᠠᠭᠤᠯᠬᠤ ᠬᠡᠮᠵᠢᠶ᠎ᠡ᠎ᠶ᠋ᠢ ᠪᠠᠷᠢᠮᠵᠢᠶ᠎ᠡ᠎ᠳᠤ ᠬᠦᠷᠭᠡᠬᠦ᠂ ᠠᠮᠢ ᠠᠬᠤᠢ ᠤᠷᠴᠢᠨ ᠲᠤᠭᠤᠷᠢᠨ᠎ᠢ ᠰᠠᠢᠵᠢᠷᠠᠭᠤᠯᠬᠤ᠎ᠳᠤ ᠴᠢᠬᠤᠯᠠ ᠠᠴᠢ ᠬᠤᠯᠪᠤᠬ᠍ᠳᠠᠯ᠎ᠲᠠᠢ》 ᠭᠡᠵᠦ᠍ ᠠᠨ ᠷᠦᠨ ᠱᠧᠩ ᠬᠡᠯᠡᠨ᠎ᠡ᠃ ᠲᠡᠷᠡ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠬᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶᠠᠨ᠎ᠤ ᠲᠦᠷᠪᠡᠳᠦᠭᠡᠷ ᠬᠤᠷᠠᠯ᠎ᠳᠤ 《ᠠᠷᠢᠭᠤᠨ ᠴᠡᠪᠡᠷ ᠲᠤᠯᠠᠭᠠᠯᠠᠮᠵᠢ᠎ᠶ᠋ᠢ ᠲᠦᠷᠭᠡᠳᠭᠡᠨ ᠠᠬᠢᠭᠤᠯᠬᠤ》 ᠎ᠶ᠋ᠢᠨ ᠲᠤᠭᠤᠷᠢᠨ᠎ᠳᠤ ᠰᠠᠨᠠᠯ ᠳᠤᠷᠠᠳᠤᠯᠭ᠎ᠠ ᠲᠡᠪᠱᠢᠬᠦᠯᠬᠦ᠌᠎ᠪᠠᠷ ᠪᠡᠯᠡᠳᠭᠡᠵᠦ᠍᠂  ᠪᠦᠬᠦ᠌ ᠤᠯᠤᠰ᠎ᠢᠶᠠᠷ᠎ᠢᠶᠠᠨ ᠨᠢᠭᠡ ᠬᠦᠯᠭᠡ ᠱᠢᠲᠠᠷ᠎ᠠ ᠮᠡᠳᠦ ᠪᠠᠢᠵᠦ᠍᠂ ᠤᠮᠠᠷᠠᠲᠦ ᠤᠷᠤᠨ᠎ᠤ ᠠᠷᠢᠭᠤᠨ ᠴᠡᠪᠡᠷ ᠲᠤᠯᠠᠭᠠᠯᠠᠮᠵᠢ᠎ᠶ᠋ᠢᠨ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠢᠭᠡᠲᠦᠯᠲᠡᠢ ᠲᠦᠯᠦᠪᠵᠢᠬᠦᠯᠵᠦ᠍᠂ ᠲᠤᠬᠠᠢ᠎ᠶ᠋ᠢᠨ ᠭᠠᠵᠠᠷ᠎ᠲᠤᠨᠢ ᠲᠤᠬᠢᠷᠠᠭᠤᠯᠤᠨ ᠡᠯ᠎ᠡ ᠲᠦᠷᠦᠯ᠎ᠤᠨ ᠳᠠᠬᠢᠨ ᠡᠬᠦᠰᠭᠦ ᠡᠨᠧᠷᠬᠢ᠎ᠶ᠋ᠢᠨ ᠲᠤᠯᠠᠭᠠᠯᠠᠮᠵᠢ᠎ᠶ᠋ᠢᠨ ᠮᠡᠷᠭᠡᠵᠢᠯ᠎ᠢ ᠦᠷᠭᠡᠨ᠎ᠢᠶᠠᠷ ᠲᠦᠬᠡᠮᠡᠯᠵᠢᠬᠦᠯᠬᠦ᠌ ᠲᠤᠬᠠᠢ ᠰᠠᠨᠠᠭᠤᠯᠭ᠎ᠠ ᠳᠤᠷᠠᠳᠭᠤ᠎ᠪᠠᠷ ᠪᠣᠢ᠃ ᠡᠬᠦᠨ᠎ᠠᠴᠠ ᠭᠠᠳᠠᠨ᠎ᠠ᠂ ᠲᠡᠷᠡ ᠪᠠᠰᠠ 《ᠲᠤᠭᠠᠴᠢᠯᠠᠬ᠍ᠰᠠᠨ ᠠᠵᠦ᠍ ᠠᠬᠤᠢ ᠪᠠ ᠪᠤᠲᠠᠳᠦ ᠴᠤᠬ᠍ᠴᠠ᠎ᠶ᠋ᠢᠨ ᠠᠵᠦ᠍ ᠠᠬᠤᠢ᠎ᠶ᠋ᠢ ᠬᠦᠨᠵᠡᠬᠡᠢ ᠠᠭᠤᠰᠤᠯᠴᠠᠭᠤᠯᠤᠨ ᠬᠦᠭ᠌ᠵᠢᠬᠦᠯᠬᠦ᠌᠎ᠶ᠋ᠢ ᠠᠬᠢᠭᠤᠯᠬᠤ》᠂ 《ᠮᠠᠨ᠎ᠤ ᠤᠷᠤᠨ᠎ᠳᠤ ᠬᠠᠲᠤᠨ ᠭᠤᠤᠯ ᠤᠷᠲᠦ ᠴᠠᠭᠠᠨ ᠬᠡᠷᠡᠮ᠎ᠤᠨ ᠤᠯᠤᠰ᠎ᠤᠨ ᠰᠤᠶᠤᠯ᠎ᠤᠨ ᠴᠡᠴᠡᠷᠯᠢᠭ ᠪᠠᠢᠭᠤᠯᠬᠤ》 ᠎ᠶ᠋ᠢᠨ ᠲᠤᠭᠤᠷᠢᠨ᠎ᠳᠤ ᠰᠠᠨᠠᠯ ᠳᠤᠷᠠᠳᠤᠯᠭ᠎ᠠ ᠪᠡᠯᠡᠳᠭᠡᠵᠦ᠍ ᠪᠣᠢ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号