ᠦᠭ᠌ᠬᠢᠶᠡᠮᠦᠷ ᠬᠤᠷ᠎ᠠ᠎ᠶ᠋ᠢᠨ ᠱᠠᠬᠢᠶᠠᠨ ᠡᠯᠪᠡᠭ ᠬᠤᠷᠢᠶᠠᠯᠳᠠ᠎ᠶ᠋ᠢ ᠵᠦᠡᠭ᠌ᠨᠡᠨ᠎ᠠ
2021-03-04 11:50:35
ᠵᠣᠬᠢᠶᠠᠭ᠍ᠴᠢ᠄
ᠭᠤᠤ ᠱᠢᠤᠧᠠᠢ ᠴᠢᠨ ᠬᠠᠨ ᠱᠢᠤᠧᠠᠢ ᠷᠦ᠋
ᠣᠩᠱᠢᠭ᠍ᠰᠠᠨ ᠣᠳᠠᠭ᠎ᠠ᠄
★★★☆☆

— ᠦᠪᠤᠷ ᠮᠤᠩᠭᠤᠯ ᠤᠯᠤᠰ᠎ᠤᠨ ᠮᠠᠯ᠎ᠤᠨ ᠠᠱᠢᠭ ᠱᠢᠮ᠎ᠠ ᠲᠠᠷᠢᠶᠠᠯᠠᠩ᠎ᠤᠨ ᠪᠦᠳᠦᠬᠡᠭ᠌ᠳᠡᠬᠦᠨ᠎ᠤ ᠦᠢᠯᠡᠤᠨᠪᠤᠷᠢᠯᠡᠯ᠎ᠤᠨ ᠴᠢᠬᠤᠯᠠ ᠰᠠᠭᠤᠷᠢᠨ᠎ᠢ ᠪᠦᠳᠦᠬᠡᠨ ᠪᠠᠢᠭᠤᠯᠤᠭ᠍ᠰᠠᠨ ᠪᠤᠳᠠᠳᠤ ᠲᠡᠮᠳᠡᠭ᠌ᠯᠡᠯ


2020 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭᠠᠨ᠎ᠤ ᠤᠨᠠᠯᠲᠠ 732.8 ᠳ᠋ᠦᠩᠱᠢᠭᠤᠷ ᠵᠢᠩ᠎ᠳᠤ ᠬᠦᠷᠴᠦ᠍᠂ 《ᠠᠷᠪᠠᠨ ᠳᠣᠯᠣᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ》 ᠤᠯᠪᠡ; ᠮᠢᠬᠠᠨ᠎ᠤ ᠲᠥᠷᠥᠯ᠎ᠤᠨ ᠭᠠᠷᠤᠯᠲᠠ 260.7 ᠲᠦᠮᠡᠨ ᠲᠣᠨ᠎ᠳᠤ ᠬᠦᠷᠴᠦ᠍᠂ 《ᠠᠷᠪᠠᠨ ᠵᠢᠷᠭᠤᠭᠠᠨ ᠵᠢᠯ ᠳᠠᠷᠠᠭᠠᠯᠠᠨ ᠲᠣᠭ᠍ᠲᠠᠭᠤᠨ ᠪᠠᠢᠬᠤ》 ᠎ᠶ᠋ᠢ ᠪᠡᠶᠡᠯᠡᠭᠦᠯᠪᠡ᠃ ᠲᠠᠯ᠎ᠠ ᠨᠤᠲᠤᠭ᠎ᠤᠨ ᠮᠢᠬᠠᠨ᠎ᠤ ᠬᠤᠨᠢ ᠪᠣᠯᠤᠨ ᠨᠡᠷᠡᠨ ᠬᠤᠸᠠᠷ ᠵᠡᠷᠭᠡ ᠤᠯᠤᠰ᠎ᠤᠨ ᠳᠡᠰ᠎ᠤᠨ ᠬᠤᠶᠠᠷ ᠳᠠᠪᠠᠭᠤᠯᠢᠭ ᠤᠨᠴᠠᠯᠢᠬ᠍ᠳᠤ ᠠᠵᠤ ᠦᠢᠯᠡᠰ᠎ᠤᠨ ᠰᠦᠷᠦᠭ᠌ᠵᠢᠯ᠎ᠢ ᠱᠢᠨ᠎ᠡ᠎ᠪᠠᠷ ᠡᠭᠦᠳᠦᠨ ᠪᠠᠢᠭᠤᠯᠪᠠ ᠁

《ᠠᠮᠤ ᠪᠤᠳᠠᠭᠠᠨ᠎ᠤ ᠬᠥᠮᠥᠷᠭᠡ》 ᠎ᠳᠤ ᠠᠮᠤ ᠪᠤᠳᠠᠭ᠎ᠠ ᠳᠦᠭᠦᠷᠤᠨ᠂ 《ᠮᠢᠬᠠᠨ᠎ᠤ ᠬᠥᠮᠥᠷᠭᠡ》 ᠎ᠳᠤ ᠮᠢᠬ᠎ᠠ ᠡᠯᠪᠡᠭ ᠪᠠᠢᠯ᠎ᠠ᠃ ᠶᠡᠷᠦ᠍ ᠪᠤᠰᠤ᠎ᠶ᠋ᠢᠨ ᠣᠨ ᠵᠢᠯ᠎ᠳᠤ ᠶᠡᠷᠦ᠍ ᠪᠤᠰᠤ᠎ᠶ᠋ᠢᠨ ᠬᠢᠷᠢ ᠪᠦᠲᠦᠮᠵᠢ᠎ᠶ᠋ᠢᠨ ᠬᠠᠭᠤᠳᠠᠰᠤ᠎ᠶ᠋ᠢ ᠳᠤᠱᠢᠶᠠᠪᠡ᠃

ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠳᠠᠬᠢ ᠴᠢᠬᠤᠯᠠ ᠶᠠᠷᠢ᠊ ᠡᠶ᠎ᠡ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠣᠷᠣᠨ ᠳᠠᠶᠠᠭᠠᠷ᠎ᠢᠶᠠᠨ ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠵᠤ᠂ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠨᠡᠢᠴᠡᠭ᠌ᠰᠡᠨ᠂ ᠥᠪᠥᠷ ᠮᠣᠩᠭᠤᠯ᠎ᠤᠨ ᠣᠨᠴᠠᠯᠢᠭ᠎ᠢ ᠢᠯᠡᠷᠡᠭᠦᠯᠦᠭ᠌ᠰᠡᠨ᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠵᠤ᠂ ᠪᠣᠬᠢᠷᠲᠤᠯ ᠦᠭᠡᠢ ᠬᠥᠭ᠌ᠵᠢᠯᠲᠡ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠵᠤ ᠪᠢᠯᠡ᠃ ᠤᠯᠤᠰ᠎ᠤᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠴᠢᠬᠤᠯᠠ ᠰᠠᠭᠤᠷᠢᠨ᠎ᠢ ᠪᠥᠲᠥᠭᠡᠨ ᠪᠠᠢᠭᠤᠯᠵᠤ᠂ ᠲᠦᠷᠭᠡᠨ ᠪᠥᠭᠡᠳ ᠳᠤᠭ᠍ᠳᠠᠭᠤᠨ᠎ᠢᠶᠠᠷ ᠠᠬᠢᠭᠤᠯᠵᠤ ᠪᠤᠢ᠃

ᠦᠭ᠌ᠬᠢᠶᠡᠮᠦᠷ ᠬᠤᠷ᠎ᠠ ᠱᠠᠬᠢᠵᠦ᠍ ᠡᠯᠪᠡᠭ ᠬᠤᠷᠢᠶᠠᠯᠳᠠ᠎ᠶ᠋ᠢ ᠵᠦᠩᠨᠡᠯ᠎ᠠ᠃ ᠬᠦᠰᠡᠯᠡᠩᠳᠦ ᠬᠥᠳᠡᠭᠡ ᠬᠦᠭ᠌ᠵᠢᠶᠡᠨᠳᠦ ᠨᠤᠳᠤᠭ ᠮᠠᠨᠢ ᠬᠠᠪᠤᠷ᠎ᠤᠨ ᠤᠷᠢᠨ᠎ᠳᠤ ᠦᠩᠬᠡᠵᠢᠵᠦ᠍᠂ ᠦᠪᠦᠷ ᠮᠤᠩᠭᠤᠯ ᠤᠷᠤᠨ᠎ᠳᠤ ᠵᠦᠢᠯ᠎ᠤᠨ ᠴᠡᠴᠡᠭ ᠮᠢᠷᠠᠯᠵᠠᠨ᠎ᠡ᠃

ᠶᠡᠭᠡ ᠬᠥᠱᠢᠭᠡ ᠢᠷᠠᠬ᠍ᠳᠠᠯ᠎ᠠ — ᠨᠢᠭᠡᠨ ᠰᠥᠨᠢ᠎ᠶ᠋ᠢᠨ ᠤᠷᠢᠬᠠᠨ ᠰᠠᠯᠬᠢᠨ᠎ᠳᠤ ᠲᠦᠮᠡᠨ ᠴᠡᠴᠡᠭ ᠠᠮᠢᠯᠠᠮᠤᠢ᠃ ᠶᠡᠭᠡ ᠲᠠᠯ᠎ᠠ ᠶᠡᠭᠡ ᠬᠠᠨᠳᠤᠰᠢ᠎ᠶ᠋ᠢ ᠪᠣᠳᠣᠯᠬᠢᠯᠠᠨ᠂ ᠪᠥᠬᠦ᠌ ᠲᠠᠯ᠎ᠠ᠎ᠪᠠᠷ ᠪᠠᠷᠢᠮᠵᠢᠶ᠎ᠠ᠎ᠯᠤᠭ᠎ᠠ ᠬᠠᠷᠭᠤᠭᠤᠯᠵᠤ᠂ ᠠᠷᠭ᠎ᠠ ᠪᠣᠳᠣᠯᠭ᠎ᠠ᠎ᠶ᠋ᠢ ᠲᠣᠭ᠍ᠲᠠᠭᠠᠨ ᠬᠡᠷᠡᠭ᠌ᠵᠢᠭᠦᠯᠵᠤ ᠵᠠᠩᠬᠢᠯᠠᠭ᠎ᠠ᠎ᠶ᠋ᠢ ᠤᠨᠢᠨ᠂ ᠬᠦᠴᠢᠷ᠎ᠢ ᠱᠢᠢᠳᠪᠦᠷᠢᠯᠡᠨ ᠪᠠᠭ᠎ᠠ᠎ᠪᠠᠷ ᠶᠡᠭᠡ᠎ᠶ᠋ᠢ ᠢᠯᠡᠨ᠎ᠠ

ᠬᠥᠮᠦᠨ ᠳᠤᠮᠳᠠᠴᠢ᠎ᠶ᠋ᠢᠨ ᠭᠠᠵᠠᠷ ᠱᠢᠷᠣᠶ᠎ᠶ᠋ᠢᠨ ᠲᠠᠯᠠᠪᠠᠶ᠎ᠨᠢ ᠪᠥᠬᠦ᠌ ᠤᠯᠤᠰ᠎ᠤᠨ᠎ᠬᠢ᠎ᠠᠴᠠ 6.47 ᠳᠠᠬᠢᠨ ᠪᠠᠢᠵᠤ᠂ ᠬᠥᠮᠦᠨ ᠳᠤᠮᠳᠠᠴᠢ᠎ᠶ᠋ᠢᠨ ᠲᠠᠷᠢᠶᠠᠨ ᠭᠠᠵᠠᠷ᠎ᠤᠨ ᠲᠠᠯᠠᠪᠠᠶ᠎ᠨᠢ ᠪᠥᠬᠦ᠌ ᠤᠯᠤᠰ᠎ᠤᠨ᠎ᠬᠢ᠎ᠠᠴᠠ 4.75 ᠳᠠᠬᠢᠨ ᠪᠠᠢᠳᠠᠭ᠃ ᠨᠡᠷᠡᠨ᠎ᠤ ᠲᠤᠰᠤᠯᠲᠠ ᠭᠦᠢᠴᠡᠳ᠂ ᠪᠣᠷᠣᠭᠠᠨ ᠬᠢᠬᠡᠳ ᠬᠠᠯᠠᠭᠤᠨ ᠳᠠᠪᠬᠤᠴᠠᠭ᠍ᠰᠠᠨ ᠤᠯᠠᠷᠢᠯ᠎ᠲᠠᠢ᠂ 《ᠰᠦ᠎ᠶ᠋ᠢᠨ ᠱᠢᠵᠢᠷ ᠠᠯᠳᠠᠨ ᠪᠦᠰᠡ》 《ᠦᠵᠦᠮ᠎ᠤᠨ ᠠᠷᠢᠬᠢᠨ᠎ᠤ ᠱᠢᠵᠢᠷ ᠠᠯᠳᠠᠨ ᠪᠦᠰᠡ》 《ᠲᠥᠮᠥᠰᠥ᠍ ᠳᠠᠷᠢᠬᠤ ᠱᠢᠵᠢᠷ ᠠᠯᠳᠠᠨ ᠪᠦᠰᠡ》 《ᠮᠢᠬᠠᠨ᠎ᠤ ᠬᠤᠨᠢᠨ᠎ᠤ ᠠᠵᠤ ᠦᠢᠯᠡᠰ᠎ᠤᠨ ᠪᠦᠰᠡ》 《ᠡᠷᠳᠡᠨᠢ ᠱᠢᠰᠢ᠎ᠶ᠋ᠢᠨ ᠱᠢᠵᠢᠷ ᠠᠯᠳᠠᠨ ᠪᠦᠰᠡ》 ᠪᠠᠷᠠᠭᠤᠨ᠎ᠠᠴᠠ ᠵᠡᠭᠦᠨᠰᠢ ᠵᠠᠯᠭᠠᠯᠳᠤᠨ᠎ᠠ ᠁ ᠡᠨᠡ ᠪᠦᠬᠦᠨ᠎ᠨᠢ ᠮᠠᠨ᠎ᠤ ᠤᠷᠤᠨ᠎ᠤ ᠤᠳᠤ ᠦᠶ᠎ᠡ᠎ᠶ᠋ᠢᠨ ᠮᠠᠯ ᠠᠵᠤ ᠠᠬᠤᠢ ᠲᠠᠷᠢᠶᠠᠯᠠᠩ᠎ᠢ ᠬᠥᠭ᠌ᠵᠢᠭᠦᠯᠬᠦ᠌ ᠥᠪᠡᠷᠮᠢᠴᠡ ᠳᠠᠪᠠᠭᠤᠯᠢᠭ ᠲᠠᠯ᠎ᠠ ᠪᠢᠯᠡ᠃

《ᠥᠪᠥᠷ ᠮᠣᠩᠭᠤᠯ ᠮᠠᠯ ᠠᠵᠤ ᠠᠬᠤᠶ ᠲᠠᠷᠢᠶᠠᠯᠠᠩ᠎ᠢ ᠰᠠᠢᠲᠤᠷ ᠬᠥᠭ᠌ᠵᠢᠭᠦᠯᠵᠦ᠍᠂ ᠮᠠᠯ ᠠᠵᠤ ᠠᠬᠤᠶ ᠲᠠᠷᠢᠶᠠᠯᠠᠩ᠎ᠤᠨ ᠣᠳᠣᠬᠢᠴᠢᠯᠠᠯᠲᠠ᠎ᠶ᠋ᠢ ᠲᠦᠷᠭᠡᠳᠭᠡᠨ ᠠᠬᠢᠭᠤᠯᠵᠤ᠂ ᠮᠠᠯᠵᠢᠬᠤ ᠣᠷᠣᠨ᠎ᠤ ᠰᠠᠢᠨ ᠪᠥᠭᠡᠳ ᠲᠦᠷᠭᠡᠨ ᠬᠥᠭ᠌ᠵᠢᠯᠲᠡ᠎ᠶ᠋ᠢ ᠠᠬᠢᠭᠤᠯᠪᠡ》᠃

《ᠤᠯᠠᠮᠵᠢᠯᠠᠯᠲᠤ ᠮᠠᠯ ᠠᠵᠤ ᠠᠬᠤᠢ᠎ᠶ᠋ᠢ ᠤᠳᠤ ᠦ᠊ ᠡᠶ᠎ᠡ᠎ᠶ᠋ᠢᠨ ᠮᠠᠯ ᠠᠵᠤ ᠠᠬᠤᠢ ᠲᠡᠢᠰᠢ ᠬᠤᠪᠢᠷᠠᠭᠤᠯᠬᠤ ᠠᠯᠬᠤᠴᠠ᠎ᠶ᠋ᠢ ᠲᠦᠷᠭᠡᠳᠭᠡᠵᠦ᠍᠂ ᠰᠠᠢᠨ ᠠᠷᠭ᠎ᠠ᠎ᠶ᠋ᠢ ᠰᠦᠪᠡᠭ᠌ᠴᠢᠯᠡᠵᠦ᠍᠂ ᠮᠠᠯᠴᠢᠨ ᠲᠠᠷᠢᠶᠠᠴᠢᠳ᠎ᠢ ᠬᠠᠪᠰᠤᠷᠤᠨ ᠠᠵᠤ ᠦᠢᠯᠡᠰ᠎ᠤᠨ ᠦᠷ᠎ᠡ ᠠᠱᠢᠭ᠎ᠢ ᠨᠡᠩ ᠤᠯᠠᠨ ᠡᠳ᠋ᠯᠡᠭᠦᠯᠵᠦ᠍᠂ ᠳᠠᠭᠠᠭᠤᠯᠤᠭ᠍ᠴᠢ ᠠᠵᠤ ᠠᠬᠤᠢ᠍ᠢᠯᠠᠯ ᠵᠡᠷᠭᠡ ᠡᠵᠡᠩᠨᠡᠯᠲᠡ᠎ᠶ᠋ᠢᠨ ᠭᠤᠣᠯ ᠴᠣᠭ᠍ᠴᠠ᠎ᠲᠠᠢ ᠦᠨᠡᠨ ᠬᠦ᠌ ᠠᠱᠢᠭ ᠲᠤᠰᠠ᠎ᠶ᠋ᠢᠨ ᠨᠢᠭ᠍ᠳᠠ ᠬᠠᠷᠢᠴᠠᠭ᠎ᠠ ᠪᠦᠬᠦᠢ ᠬᠠᠮᠲᠤ ᠴᠣᠭ᠍ᠴᠠ᠎ᠶ᠋ᠢ ᠪᠦᠷᠢᠯᠳᠦᠭᠦᠯᠪᠡ》᠃

《ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠎ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌᠎ᠯᠦᠭᠡ ᠣᠷᠭᠠᠨᠢᠭ᠎ᠢᠶᠠᠷ ᠤᠶᠠᠯᠳᠤᠭᠤᠯᠵᠤ᠂ ᠬᠥᠳᠡᠭᠡ ᠲᠣᠰᠭᠤᠨ ᠮᠠᠯᠵᠢᠬᠤ ᠣᠷᠣᠨ᠎ᠤ ᠠᠵᠤ ᠦᠢᠯᠡᠰ᠎ᠤᠨ ᠬᠥᠭ᠌ᠵᠢᠯ ᠪᠠᠳᠠᠷᠠᠯ᠂ ᠠᠮᠢ ᠠᠬᠤᠢ᠎ᠶ᠋ᠢᠨ ᠣᠷᠣᠱᠢᠨ ᠰᠠᠭᠤᠷᠢᠱᠢᠬᠤ᠎ᠳᠤ ᠲᠣᠬᠢᠷᠠᠮᠵᠢᠲᠠᠢ᠂ ᠬᠥᠳᠡᠭᠡ ᠲᠣᠰᠭᠤᠨ᠎ᠤ ᠵᠠᠩ ᠵᠠᠩᠱᠢᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ ᠪᠠᠢᠬᠤ᠎ᠶ᠋ᠢ ᠠᠬᠢᠭᠤᠯᠵᠤ᠂ ᠥᠷᠭᠡᠨ ᠤᠯᠠᠨ ᠮᠠᠯᠴᠢᠨ ᠲᠠᠷᠢᠶᠠᠴᠢᠨ᠎ᠤ ᠭᠡᠷ ᠣᠷᠣᠨ᠎ᠢ ᠪᠦᠬᠦ᠌ ᠲᠠᠯ᠎ᠠ᠎ᠪᠠᠷ ᠰᠠᠢᠲᠤᠷ ᠪᠦᠳᠦᠭᠡᠨ ᠪᠠᠢᠭᠤᠯᠵᠤ ᠪᠤᠢ》᠃

2014 ᠣᠨ᠎ᠠᠴᠠ 2020 ᠣᠨ ᠪᠣᠯᠲᠠᠯ᠎ᠠ᠂ ᠶᠡᠷᠦᠩᠬᠡᠢ ᠱᠦᠵᠢ ᠰᠢ᠎ᠶ᠋ᠢᠨ ᠫᠢᠩ ᠥᠪᠥᠷ ᠮᠣᠩᠭᠤᠯ᠎ᠳᠤ ᠤᠷᠢᠳ ᠬᠤᠵᠢᠳ ᠬᠤᠶᠠᠷ ᠤᠳᠠᠭ᠎ᠠ ᠱᠢᠨᠵᠢᠯᠡᠨ ᠪᠠᠢᠴᠠᠭᠠᠵᠤ᠂ ᠭᠤᠷᠪᠠᠨ ᠵᠢᠯ ᠳᠠᠷᠠᠭᠠᠯᠠᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠵᠤ᠂ ᠮᠠᠯ ᠠᠵᠤ ᠠᠬᠤᠢ ᠲᠠᠷᠢᠶᠠᠯᠠᠩ ᠬᠦᠳᠡᠭᠡ ᠳᠤᠰᠭᠤᠨ ᠮᠠᠯᠵᠢᠬᠤ ᠣᠷᠣᠨ᠎ᠤ ᠬᠥᠭ᠌ᠵᠢᠯᠲᠡ᠎ᠶ᠋ᠢ ᠤᠳᠠᠭ᠎ᠠ ᠪᠤᠯᠭᠠᠨ ᠳᠤᠷᠠᠳᠤᠨ᠂ ᠬᠠᠯᠠᠭᠤᠨ ᠬᠦᠢᠳᠡᠨ᠎ᠢ ᠪᠤᠯᠭᠤᠭᠠᠨ᠂ ᠵᠣᠪᠠᠭᠤᠷᠢ ᠵᠦᠳᠡᠭᠦᠷᠢ᠎ᠳᠤ ᠰᠠᠨᠠᠭ᠎ᠠ ᠪᠤᠯᠵᠦ᠍᠂ ᠬᠦᠰᠡᠯ ᠨᠠᠢᠳᠠᠯᠭ᠎ᠠ᠎ᠪᠠᠨ ᠳᠠᠬᠢᠨ ᠳᠠᠬᠢᠨ ᠶᠠᠷᠢᠵᠦ᠍ ᠪᠢᠯᠡ᠃

ᠡᠷᠡᠯᠬᠡᠭ ᠪᠦᠷᠭᠦᠳ ᠰᠠᠯᠬᠢᠨ᠎ᠤ ᠡᠷᠴᠢ᠎ᠪᠠᠷ ᠬᠦᠬᠡ ᠣᠭ᠍ᠲᠠᠷᠭᠤᠶ᠎ᠳᠤ ᠳᠡᠬᠦᠯᠢᠨᠡᠮ; ᠬᠦᠯᠭᠡ ᠣᠩᠭᠤᠴᠠ ᠬᠡᠷᠡᠯᠳᠦ ᠴᠠᠮᠬᠠᠭ᠎ᠢ ᠵᠦᠭ᠌ᠯᠡᠨ ᠠᠨᠠᠪᠠᠳ ᠳᠠᠯᠠᠢ᠎ᠪᠠᠷ ᠠᠶᠠᠯᠠᠨᠠᠮ᠃

《ᠤᠯᠤᠰ᠎ᠤᠨ ᠴᠢᠬᠤᠯᠠ ᠡᠨᠧᠷᠭᠢ᠎ᠶ᠋ᠢᠨ ᠰᠤᠷᠪᠤᠯᠵᠢ ᠪᠣᠯᠤᠨ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ᠎ᠢ ᠪᠦᠲᠦᠭᠡᠨ ᠪᠠᠢᠭᠤᠯᠬᠤ ᠠᠵᠢᠯ᠎ᠢ ᠴᠢᠩᠭ᠎ᠠ ᠠᠳᠭᠤᠵᠤ᠂ ᠠᠵᠤ ᠦᠢᠯᠡᠰ᠎ᠤᠨ ᠪᠦᠲᠦᠴᠡ᠎ᠶ᠋ᠢᠨ ᠲᠣᠬᠢᠷᠠᠭᠤᠯᠤᠯᠲᠠ᠎ᠶ᠋ᠢᠨ ᠠᠯᠬᠤᠴᠠ᠎ᠶ᠋ᠢ ᠲᠦᠷᠭᠡᠳᠭᠡᠨ᠂ ᠠᠵᠤ ᠦᠢᠯᠡᠰ᠎ᠤᠨ ᠬᠡᠯᠬᠢᠶ᠎ᠡ᠎ᠶ᠋ᠢᠨ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠱᠢᠯᠢᠳᠡᠭ᠌ᠵᠢᠭᠦᠯᠦᠨ ᠳᠡᠰ ᠳᠡᠪᠱᠢᠭᠦᠯᠬᠦ᠌᠎ᠶ᠋ᠢ ᠶᠡᠭᠡ᠎ᠪᠠᠷ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠬᠥᠳᠡᠯᠭᠡᠬᠦ᠌ ᠬᠦᠴᠦᠨ᠎ᠤ ᠬᠥᠳᠡᠯᠭᠡᠭᠦᠷ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠵᠤ ᠦᠢᠯᠡᠰ᠎ᠤᠨ ᠪᠠᠢᠷᠢᠱᠢᠯ ᠪᠣᠯᠤᠨ ᠣᠷᠣᠨ ᠵᠠᠶ᠎ᠶ᠋ᠢᠨ ᠪᠠᠢᠷᠢᠱᠢᠯ᠎ᠢ ᠨᠢᠭᠡᠳᠦᠯᠲᠡᠶ ᠲᠥᠯᠥᠪᠵᠢᠭᠦᠯᠵᠤ᠂ ᠣᠳᠣ ᠦᠶ᠎ᠡ᠎ᠶ᠋ᠢᠨ ᠠᠵᠤ ᠦᠢᠯᠡᠰ᠎ᠤᠨ ᠱᠢᠨ᠎ᠡ ᠱᠢᠰᠲ᠋ᠧᠮ᠎ᠢ ᠬᠦᠴᠦᠯᠡᠨ ᠪᠦᠷᠢᠯᠳᠦᠭᠦᠯᠦᠨ᠎ᠡ》 ᠭᠡᠵᠦ᠍ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢᠨ ᠡᠷᠬᠢᠯᠡᠭ᠌ᠴᠢ ᠱ᠌ᠢ᠎ᠲᠠᠢ ᠹᠧᠩ ᠴᠢᠩᠭ᠎ᠠ ᠢᠳᠡᠯᠢᠭ ᠶᠠᠷᠢᠬ᠍ᠰᠠᠨ ᠪᠠᠢᠯ᠎ᠠ᠃

《ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠪᠠᠢᠷᠢᠱᠢᠭᠤᠯᠵᠤ᠂ ᠣᠳᠣ᠎ᠶ᠋ᠢᠨ ᠪᠠᠢᠭ᠎ᠠ ᠤᠰᠤᠯᠠᠯᠲᠠ᠎ᠶ᠋ᠢᠨ ᠭᠠᠵᠠᠷ᠎ᠲᠤ ᠤᠰᠤ ᠪᠣᠷᠳᠣᠭᠤᠷ᠎ᠢ ᠨᠢᠭᠡ ᠴᠤᠭ᠍ᠴᠠᠵᠢᠭᠤᠯᠤᠨ ᠥᠭᠡᠷᠡᠴᠢᠯᠡᠬᠦ᠌ ᠠᠵᠢᠯ᠎ᠢ ᠭᠤᠣᠯᠳᠠᠯᠭ᠎ᠠ᠎ᠲᠠᠢ᠎ᠪᠠᠷ ᠬᠢᠵᠦ᠍᠂ ᠮᠠᠱᠢᠨ ᠴᠠᠬᠢᠯᠭᠠᠨ᠎ᠤ ᠬᠤᠳᠳᠤᠭ᠎ᠢ ᠱᠢᠨ᠎ᠡ᠎ᠪᠠᠷ ᠮᠠᠯᠲᠠᠵᠤ ᠪᠣᠯᠬᠤ ᠦᠭᠡᠶ᠂ ᠤᠰᠤᠯᠠᠯᠲᠠ᠎ᠶ᠋ᠢᠨ ᠲᠠᠯᠠᠪᠠᠶ᠎ᠶ᠋ᠢ ᠱᠢᠨ᠎ᠡ᠎ᠪᠠᠷ ᠨᠡᠮᠡᠭ᠌ᠳᠡᠭᠦᠯᠬᠦ᠌ ᠦᠭᠡᠶ᠃ ᠬᠤᠵᠢᠷᠯᠢᠬ ᠭᠠᠵᠠᠷ᠎ᠢ ᠰᠠᠢᠵᠢᠷᠠᠭᠤᠯᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢᠨ ᠠᠵᠢᠯ᠎ᠢ ᠨᠢᠭᠡ ᠴᠤᠭ᠍ᠴᠠᠵᠢᠭᠤᠯᠤᠨ ᠲᠥᠯᠥᠪᠵᠢᠭᠦᠯᠵᠦ᠍᠂ ᠨᠢᠭᠡ ᠴᠤᠭ᠍ᠴᠠᠵᠢᠭᠤᠯᠤᠨ ᠠᠬᠢᠭᠤᠯᠬᠤ ᠬᠡᠷᠡᠭ᠌ᠲᠡᠶ》 ᠭᠡᠵᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭ᠌ᠴᠢ ᠪᠦ᠋ ᠱᠢᠶᠤᠤ ᠯᠢᠨ ᠳᠠᠬᠢᠨ ᠳᠠᠪᠲᠠᠨ ᠴᠢᠬᠤᠯᠠᠴᠢᠯᠠᠵᠤ ᠪᠠᠢᠭ᠍ᠰᠠᠨ ᠶᠤᠮ᠃

ᠶᠡᠭᠡ ᠲᠠᠯ᠎ᠠ ᠶᠡᠭᠡ ᠬᠠᠨᠳᠤᠰᠢ᠎ᠶ᠋ᠢ ᠪᠣᠳᠣᠯᠬᠢᠯᠠᠨ᠂ ᠪᠦᠬᠦ᠌ ᠲᠠᠯ᠎ᠠ᠎ᠪᠠᠷ ᠪᠠᠷᠢᠮᠵᠢ᠊ ᠡᠶ᠎ᠡ ᠪᠤᠯᠤᠨ ᠬᠦᠰᠦᠨᠦᠭ᠌ᠲᠦ᠎ᠯᠦᠭᠡ ᠬᠠᠷᠭᠤᠭᠤᠯᠵᠤ᠂ ᠥᠨᠳᠥᠷ᠎ᠲᠤ ᠵᠣᠭ᠍ᠰᠣᠨ ᠣᠷᠣᠨ ᠪᠠᠢᠷᠢ᠎ᠪᠠᠨ ᠲᠣᠭ᠍ᠲᠠᠭᠠᠵᠤ᠂ ᠨᠢᠭᠡᠳᠦᠯᠲᠡᠢ ᠲᠥᠯᠥᠪᠵᠢᠭᠦᠯᠦᠨ ᠪᠠᠢᠷᠢᠯᠠᠭᠤᠯᠵᠤ᠂ ᠠᠷᠭ᠎ᠠ ᠪᠤᠳᠤᠯᠭ᠎ᠠ ᠲᠣᠭ᠍ᠲᠠᠭᠠᠨ ᠠᠷᠭ᠎ᠠ ᠪᠤᠳᠤᠯᠭ᠎ᠠ ᠬᠡᠷᠡᠭ᠌ᠵᠢᠭᠦᠯᠬᠦ᠌᠎ᠶ᠋ᠢ ᠣᠨᠣᠴᠠᠲᠠᠢ ᠣᠨᠣᠭᠠᠵᠤ᠂ ᠬᠦᠴᠢᠷ᠎ᠢ ᠱᠢᠢᠳᠪᠦᠷᠢᠯᠡᠨ ᠪᠠᠭ᠎ᠠ᠎ᠪᠠᠷ ᠶᠡᠭᠡ᠎ᠶ᠋ᠢ ᠢᠯᠡᠪᠠ᠃

ᠠᠮᠤ ᠪᠤᠳᠠᠭ᠎ᠠ ᠠᠮᠤᠷ ᠲᠦᠪᠱᠢᠨ ᠡᠰᠡᠭᠦ᠌? ᠪᠤᠳᠠᠭᠠᠨ ᠠᠶᠠᠭ᠎ᠠ ᠪᠠᠬᠢ ᠡᠰᠡᠭᠦ᠌? ᠲᠠᠷᠢᠶᠠᠨ ᠭᠠᠵᠠᠷ ᠬᠢᠭᠡᠳ ᠳᠠᠷᠢᠶᠠᠨ ᠦᠷ᠎ᠡ ᠪᠤᠯ ᠲᠡᠷᠭᠡᠨ᠎ᠤ ᠬᠤᠶᠠᠷ ᠬᠦᠷᠳᠦ᠂ ᠱᠢᠪᠠᠭᠤᠨ᠎ᠤ ᠬᠤᠶᠠᠷ ᠳᠠᠯᠠᠪᠴᠢ ᠮᠡᠳᠤ᠂ ᠵᠠᠩᠭᠢᠯᠠᠭ᠎ᠠ ᠮᠦᠷᠳᠡᠭᠡᠨ ᠠᠮᠢᠨ ᠭᠠᠵᠠᠷ ᠪᠤᠯᠤᠨ᠎ᠠ᠃

ᠲᠠᠷᠢᠶᠠᠨ ᠭᠠᠵᠠᠷ᠎ᠤᠨ ᠲᠤᠭ᠎ᠠ ᠬᠡᠮᠵᠢᠶ᠎ᠡ᠎ᠶ᠋ᠢ ᠦᠨᠡᠨ ᠬᠦ᠌ ᠪᠠᠲᠤᠯᠠᠵᠤ᠂ 《ᠲᠠᠷᠢᠶᠠᠯᠠᠩ᠎ᠤᠨ ᠪᠤᠰᠤ ᠪᠣᠯᠭᠠᠬᠤ》 ᠎ᠶ᠋ᠢ ᠴᠠᠭᠠᠵᠠᠯᠠᠵᠤ᠂ 《ᠠᠮᠤ ᠪᠤᠳᠠᠭᠠᠨ᠎ᠤ ᠪᠤᠰᠤ ᠪᠣᠯᠭᠠᠬᠤ》 ᠎ᠶ᠋ᠢ ᠰᠡᠷᠭᠡᠢᠯᠡᠬᠦ᠌ ᠬᠡᠷᠡᠭ᠌ᠲᠡᠶ; ᠲᠠᠷᠢᠶᠠᠨ ᠭᠠᠵᠠᠷ᠎ᠤᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠱᠢᠨ᠎ᠡ᠎ᠪᠠᠷ ᠪᠠᠢᠭᠤᠯᠵᠤ᠂ ᠬᠤᠵᠢᠷᠱᠢᠭ᠍ᠰᠠᠨ ᠲᠠᠷᠢᠶᠠᠨ ᠭᠠᠵᠠᠷ᠎ᠢ ᠰᠠᠢᠵᠢᠷᠠᠭᠤᠯᠬᠤ ᠪᠠ ᠬᠠᠷ᠎ᠠ ᠬᠥᠷᠥᠰᠥ᠎ᠶ᠋ᠢ ᠬᠠᠮᠠᠭᠠᠯᠠᠬᠤ ᠴᠢᠨᠠᠷᠲᠠᠶ ᠲᠠᠷᠢᠶᠠᠯᠠᠬᠤ᠎ᠶ᠋ᠢ ᠠᠬᠢᠭᠤᠯᠤᠨ᠎ᠠ᠃ ᠠᠮᠤ ᠪᠤᠳᠠᠭ᠎ᠠ᠎ᠶ᠋ᠢ ᠳᠠᠷᠢᠶᠠᠨ ᠭᠠᠵᠠᠷ᠎ᠲᠤ ᠬᠠᠳᠠᠭᠠᠯᠠᠨ᠂ ᠠᠮᠤ ᠪᠤᠳᠠᠭ᠎ᠠ᠎ᠶ᠋ᠢ ᠲᠧᠭ᠌ᠨᠢᠭ ᠮᠡᠷᠭᠡᠵᠢᠯ᠎ᠢᠶᠠᠷ ᠬᠠᠳᠠᠭᠠᠯᠠᠵᠤ᠂ ᠠᠮᠤ ᠪᠤᠳᠠᠭᠠᠨ᠎ᠤ ᠦᠢᠯᠡᠳᠪᠦᠷᠢᠯᠡᠯ᠎ᠤᠨ 《ᠠᠮᠢᠨ ᠰᠤᠳᠠᠰᠤ》 ᠎ᠶ᠋ᠢ ᠪᠠᠲᠤᠳᠭᠠᠨ᠎ᠠ᠃ 《13 · 5》 ᠎ᠶ᠋ᠢᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ 4125 ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠳᠦᠭᠡᠨ ᠪᠠᠢᠭᠤᠯᠵᠤ᠂ 157.2 ᠲᠦᠮᠡᠨ ᠮᠥ᠍ ᠬᠤᠵᠢᠷᠱᠢᠭ᠍ᠰᠠᠨ ᠲᠠᠷᠢᠶᠠᠨ ᠭᠠᠵᠠᠷ᠎ᠢ ᠰᠠᠢᠵᠢᠷᠠᠭᠤᠯᠪᠡ᠃

ᠦᠷ᠎ᠡ᠎ᠶ᠋ᠢᠨ ᠦᠢᠯᠡᠰ᠎ᠤᠨ ᠬᠥᠭ᠌ᠵᠢᠯᠲᠡ᠎ᠶ᠋ᠢᠨ ᠠᠵᠢᠯᠯᠠᠭ᠎ᠠ ᠪᠠ ᠤᠳᠤ ᠦᠶ᠎ᠡ᠎ᠶ᠋ᠢᠨ ᠦᠷ᠎ᠡ᠎ᠶ᠋ᠢᠨ ᠦᠢᠯᠡᠰ᠎ᠢ ᠳᠡᠰ ᠳᠡᠪᠱᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠦᠷ᠎ᠡ᠎ᠶ᠋ᠢᠨ ᠡᠬᠢ ᠪᠠᠶᠠᠯᠢᠭ᠎ᠢ ᠬᠠᠮᠠᠭᠠᠯᠠᠨ ᠠᠱᠢᠬ᠍ᠯᠠᠬᠤ᠎ᠶ᠋ᠢ ᠴᠢᠩᠭᠠᠳᠭᠠᠵᠤ᠂ ᠲᠠᠷᠢᠮᠠᠯ᠂ ᠤᠢ ᠮᠤᠳᠤ ᠡᠪᠡᠰᠦ ᠪᠠ ᠮᠠᠯ ᠵᠢᠭᠦᠷᠲᠡᠨ᠎ᠤ ᠦᠷ᠎ᠡ᠎ᠶ᠋ᠢᠨ ᠡᠬᠢ ᠪᠠᠶᠠᠯᠢᠭ᠎ᠤᠨ ᠬᠥᠮᠥᠷᠭᠡ᠎ᠶ᠋ᠢ ᠪᠠᠢᠭᠤᠯᠵᠤ᠂ ᠡᠭᠦᠯᠳᠡᠷ ᠪᠤᠢᠵᠢᠭᠤᠯᠤᠯᠳᠠ᠎ᠶ᠋ᠢᠨ ᠱᠢᠨ᠎ᠡ᠎ᠶ᠋ᠢ ᠡᠭᠦᠳᠬᠦ᠂ ᠰᠠᠢᠨ ᠡᠭᠦᠯᠳᠡᠷ᠎ᠢ ᠦᠷᠡᠵᠢᠭᠦᠯᠦᠨ ᠪᠤᠢᠵᠢᠭᠤᠯᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠪᠤᠢᠵᠢᠭᠤᠯᠤᠨ ᠦᠷᠡᠵᠢᠭᠦᠯᠵᠦ᠍ ᠳᠡᠯᠭᠡᠷᠡᠭᠦᠯᠬᠦ᠌᠎ᠶ᠋ᠢ ᠨᠢᠭᠡ ᠴᠤᠭ᠍ᠴᠠᠵᠢᠭᠤᠯᠤᠨ ᠠᠬᠢᠭᠤᠯᠤᠭ᠍ᠰᠠᠨ ᠪᠠᠢᠨ᠎ᠠ᠃

ᠦᠷ᠎ᠡ ᠪᠣᠯ ᠮᠠᠯ ᠠᠵᠤ ᠠᠬᠤᠶ ᠲᠠᠷᠢᠶᠠᠯᠠᠩ᠎ᠤᠨ 《ᠴᠠᠬᠢᠮ ᠢᠯᠳᠠᠰᠤ》 ᠪᠣᠯᠬᠤᠷ ᠰᠠᠢᠳᠤᠷ ᠴᠢᠩᠭ᠎ᠠ ᠠᠳᠭᠤᠬᠤ ᠬᠡᠷᠡᠭ᠌ᠲᠡᠶ᠃ ᠥᠪᠥᠷ ᠮᠣᠩᠭᠤᠯ᠎ᠤᠨ ᠶᠡᠭᠡ ᠰᠤᠷᠭᠠᠭᠤᠯᠢ᠎ᠶ᠋ᠢᠨ ᠲᠠᠯ᠎ᠠ ᠨᠤᠲᠤᠭ᠎ᠤᠨ ᠬᠡᠷ᠎ᠤᠨ ᠲᠡᠵᠢᠭᠡᠪᠦᠷᠢ᠎ᠶ᠋ᠢᠨ ᠡᠭᠦᠯᠳᠡᠷ᠎ᠤᠨ ᠱᠢᠨ᠎ᠡ᠎ᠶ᠋ᠢ ᠡᠭᠦᠳᠴᠦ᠍ ᠦᠷᠡᠵᠢᠭᠦᠯᠦᠨ ᠪᠤᠢᠵᠢᠭᠤᠯᠬᠤ ᠰᠠᠭᠤᠷᠢᠨ ᠪᠠ ᠤᠯᠤᠰ᠎ᠤᠨ ᠲᠠᠰ᠎ᠤᠨ ᠲᠥᠮᠥᠰᠥᠨ᠎ᠤ ᠰᠠᠢᠨ ᠡᠭᠦᠯᠳᠡᠷ᠎ᠢ ᠦᠷᠡᠵᠢᠭᠦᠯᠦᠨ ᠪᠤᠢᠵᠢᠭᠤᠯᠬᠤ 3 ᠰᠠᠭᠤᠷᠢᠨ᠎ᠢ ᠪᠥᠲᠥᠭᠡᠨ ᠪᠠᠢᠭᠤᠯᠵᠤ᠂ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ᠎ᠶ᠋ᠢᠨ ᠲᠣᠭᠤᠷᠢᠨ᠎ᠳᠤ ᠲᠥᠪᠯᠡᠷᠡᠭᠦᠯᠦᠨ ᠪᠣᠭᠤᠮᠲᠠ ᠱᠢᠪᠲᠤᠯᠤᠨ᠂ ᠪᠠᠢᠨ ᠳᠠᠬᠢᠨ ᠪᠠᠢᠷᠢᠯᠠᠭᠤᠯᠵᠤ᠂ ᠵᠠᠯᠭᠠᠭ᠎ᠠ᠎ᠪᠠᠷ ᠨᠠᠢᠳᠠᠪᠤᠷᠢᠵᠢᠭᠤᠯᠤᠨ᠂ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠂ ᠪᠠᠯᠠ ᠮᠥᠩᠭᠦ᠎ᠶ᠋ᠢᠨ ᠪᠠᠲᠤᠯᠠᠭ᠎ᠠ ᠤᠷᠢᠳ ᠡᠮᠦᠨ᠎ᠡ ᠪᠠᠢᠭ᠎ᠠ ᠥᠬᠡᠶ ᠶᠤᠮ᠃

ᠰᠦ ᠰᠠᠭᠠᠯᠢ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠭᠤᠷᠪᠠᠨ ᠵᠢᠯ᠎ᠤᠨ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠬᠠᠲᠤᠨ ᠭᠤᠤᠯ᠎ᠤᠨ ᠰᠠᠪᠠ ᠭᠠᠵᠠᠷ᠂ ᠨᠤᠨ ᠮᠥᠷᠡᠨ᠎ᠤ ᠰᠠᠪᠠ ᠭᠠᠵᠠᠷ᠂ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ ᠪᠣᠯᠤᠨ ᠬᠥᠯᠥᠨ ᠪᠤᠢᠷ᠂ ᠱᠢᠯᠢ᠎ᠶ᠋ᠢᠨ ᠭᠤᠤᠯ᠎ᠤᠨ ᠲᠠᠯ᠎ᠠ ᠨᠤᠲᠤᠭ᠎ᠤᠨ ᠲᠠᠪᠤᠨ ᠶᠡᠭᠡ ᠰᠦ ᠰᠠᠭᠠᠯᠢ᠎ᠶ᠋ᠢᠨ ᠢᠷᠡᠯᠲᠡ᠎ᠶ᠋ᠢᠨ ᠰᠠᠭᠤᠷᠢᠨ ᠭᠠᠵᠠᠷ᠎ᠢ ᠲᠥᠯᠥᠪᠵᠢᠭᠦᠯᠦᠨ ᠪᠥᠲᠥᠭᠡᠨ ᠪᠠᠢᠭᠤᠯᠤᠨ᠂ ᠳᠠᠷᠢᠵᠤ ᠲᠡᠵᠢᠭᠡᠬᠦ᠌ ᠡᠳ᠋ᠱᠢᠭᠦᠯᠬᠦ᠌᠎ᠶ᠋ᠢ ᠨᠢᠭᠡ ᠴᠣᠭ᠍ᠴᠠᠵᠢᠭᠤᠯᠬᠤ᠎ᠪᠠᠷ ᠪᠤᠢ᠃ ᠤᠯᠠᠮᠵᠢᠯᠠᠯᠲᠤ ᠴᠠᠭᠠᠨ ᠢᠳᠡᠭᠡᠨ᠎ᠤ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠲᠣᠭ᠍ᠲᠠᠭᠠᠵᠤ᠂ ᠤᠯᠠᠮᠵᠢᠯᠠᠯᠲᠤ ᠴᠠᠭᠠᠨ ᠢᠳᠡᠭᠡᠨ᠎ᠨᠢ ᠪᠥᠬᠦ᠌ ᠣᠷᠣᠨ᠎ᠤ ᠴᠠᠭᠠᠨ ᠢᠳᠡᠭᠡᠨ᠎ᠤ ᠭᠠᠷᠤᠯᠲᠠ᠎ᠶ᠋ᠢᠨ 10 % ᠱᠢᠬᠠᠮ᠎ᠢ ᠡᠵᠡᠯᠡᠪᠡ᠃

ᠬᠤᠪᠢᠷᠠᠯᠲᠠ᠎ᠶ᠋ᠢ ᠠᠷᠭᠠᠴᠠᠭᠠᠨ᠂ ᠱᠢᠨ᠎ᠡ ᠪᠠᠢᠳᠠᠯ᠎ᠢ ᠨᠡᠭᠡᠭᠡᠵᠦ᠍᠂ 《ᠦᠨᠳᠦᠰᠦᠨ ᠪᠠᠢᠳᠠᠯ》 ᠎ᠢ ᠲᠣᠭ᠍ᠲᠠᠪᠤᠷᠢᠵᠢᠭᠤᠯᠤᠨ᠂ 《ᠣᠩᠭᠤᠴᠠ ᠳᠠᠷᠤᠬᠤ ᠴᠢᠯᠠᠭᠤ》 ᠎ᠶ᠋ᠢ ᠰᠠᠢᠲᠤᠷ ᠰᠠᠬᠢᠬᠤ ᠬᠡᠷᠡᠭ᠌ᠲᠡᠢ᠃ ᠬᠠᠮᠤᠭ᠎ᠤᠨ ᠪᠣᠳᠠᠲᠠᠶ ᠠᠷᠭ᠎ᠠ ᠬᠡᠮᠵᠢᠶ᠎ᠡ᠎ᠶ᠋ᠢ ᠠᠪᠴᠤ᠌᠂ ᠲᠠᠷᠢᠶᠠᠨ ᠭᠠᠵᠠᠷ ᠪᠣᠯᠤᠨ ᠨᠤᠲᠤᠭ ᠪᠡᠯᠴᠢᠭᠡᠷ᠎ᠤᠨ ᠬᠠᠮᠠᠭᠠᠯᠠᠯᠲᠠ᠎ᠶ᠋ᠢᠨ ᠬᠠᠮᠤᠭ᠎ᠤᠨ ᠴᠢᠩᠭ᠎ᠠ ᠳᠦᠷᠢᠮ᠎ᠢ ᠨᠠᠢᠳᠠᠪᠤᠷᠢᠵᠢᠭᠤᠯᠬᠤ ᠬᠡᠷᠡᠭ᠌ᠲᠡᠶ᠃ ᠵᠠᠮ ᠲᠣᠪ ᠲᠣᠳᠣᠷᠬᠠᠶ᠂ ᠠᠵᠢᠯᠯᠠᠭ᠎ᠠ ᠡᠷᠡᠰ ᠪᠠᠲᠤ ᠬᠦᠴᠦᠨ ᠲᠡᠭᠦᠯᠳᠡᠷ ᠪᠠᠢᠬᠤ ᠬᠡᠷᠡᠭ᠌ᠳᠡᠢ᠃

《ᠲᠦᠮᠡᠨ ᠬᠡᠷᠡᠭ ᠳᠦᠷᠭᠡᠨ ᠦᠩᠬᠡᠷᠡᠯ᠎ᠠ; ᠲᠩᠷᠢ ᠭᠠᠵᠠᠷ ᠤᠷᠴᠢᠵᠤ᠂ ᠴᠠᠭ ᠮᠥᠴᠡ ᠤᠷᠤᠰᠤᠨ ᠤᠳᠤᠯ᠎ᠠ᠃ ᠲᠦᠮᠡᠨ ᠵᠢᠯ ᠬᠡᠳᠦᠷᠬᠡᠢ ᠤᠳᠠᠭᠠᠨ᠂ ᠵᠦᠪᠬᠡᠨ ᠥᠷᠯᠥᠭᠡ ᠦᠳᠡᠰᠢ᠎ᠶ᠋ᠢ ᠯᠠ ᠲᠡᠮᠡᠴᠡᠰᠦᠬᠡᠢ》 ᠥᠷᠭᠡᠨ ᠤᠯᠠᠨ ᠺᠠᠳ᠋ᠷ ᠤᠯᠠᠨ ᠲᠦᠮᠡᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠲᠠᠢ ᠨᠢᠭᠡᠳᠭᠡᠵᠦ᠍᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠪᠦᠯᠬᠦᠮᠳᠡᠨ ᠲᠡᠮᠡᠴᠡᠵᠦ᠍᠂ ᠬᠥᠭ᠌ᠵᠢᠯᠲᠡ᠎ᠶ᠋ᠢᠨ ᠬᠠᠮᠤᠭ᠎ᠤᠨ ᠶᠡᠭᠡ ᠶᠡᠷᠦᠩᠬᠡᠢ ᠬᠤᠷᠢᠶᠠᠭ᠍ᠴᠢ ᠲᠤᠭ᠎ᠠ᠎ᠶ᠋ᠢ ᠨᠢᠭ᠍ᠲᠠᠷᠠᠭᠤᠯᠬᠤ ᠬᠡᠷᠡᠭ᠌ᠳᠡᠢ᠃

ᠡᠶᠡᠪᠡᠷᠭᠦᠦ ᠰᠠᠯᠬᠢ ᠰᠦᠨᠢᠵᠢᠨ ᠦᠯᠢᠶᠡᠵᠦ᠍᠂ ᠮᠢᠩᠭ᠎ᠠ ᠲᠦᠮᠡᠨ ᠱᠢᠨ᠎ᠡ ᠴᠡᠴᠡᠭᠡᠰ ᠦᠷᠢᠰᠦᠯᠳᠦᠨ ᠲᠡᠯᠭᠡᠷᠡᠨ᠎ᠡ᠃ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ᠎ᠢ ᠪᠥᠲᠥᠭᠡᠨ ᠪᠠᠢᠭᠤᠯᠵᠤ᠂ ᠶᠡᠭᠡ ᠬᠥᠱᠢᠭᠡ ᠠᠯᠭᠤᠷ᠎ᠢᠶᠠᠷ ᠨᠡᠭᠡᠭᠡᠭ᠌ᠳᠡᠪᠡ᠃

ᠭᠤᠢᠳᠠ ᠦᠵᠡᠭ᠌ᠳᠡᠯ ᠢᠯᠡᠷᠡᠯ᠎ᠡ — ᠳᠣᠷᠣᠨ᠎ᠠ᠎ᠶ᠋ᠢᠨ ᠰᠠᠯᠬᠢ ᠤᠷᠢᠬᠠᠨ ᠬᠠᠪᠤᠷ᠎ᠲᠤ ᠬᠤᠷ᠎ᠠ ᠨᠡᠮᠡᠷᠢᠯᠡᠵᠦ᠍᠂ ᠬᠥᠯᠥᠰᠥᠨ ᠳᠤᠰᠤᠯ᠎ᠲᠠᠢ ᠳᠠᠷᠢᠶᠠᠨ ᠳᠠᠯᠠᠩ᠎ᠠᠴᠠ ᠠᠯᠳᠠ ᠤᠷᠭᠤᠮᠤᠢ᠃ 《ᠶᠡᠬᠡᠰᠭᠡᠬᠦ᠌》 ᠪᠠ 《ᠪᠢᠯᠬᠠᠬᠤ》 ᠎ᠶ᠋ᠢᠨ ᠦᠷ᠎ᠠ ᠳ᠋ᠥᠩ ᠢᠯᠡᠷᠡᠬᠦᠶ᠎ᠠ᠂ ᠥᠪᠥᠷ ᠮᠣᠩᠭᠤᠯ᠎ᠢᠶᠠᠨ ᠬᠠᠢᠷᠠᠯᠠᠬᠤ ᠦᠬᠡᠢ ᠪᠠᠢᠬᠤ᠎ᠶ᠋ᠢᠨ ᠠᠷᠭ᠎ᠠ ᠦᠬᠡᠢ

ᠤᠯᠠᠭᠠᠨ ᠠᠷᠢᠬᠢ ᠪᠢᠱᠢᠯᠠᠭ᠎ᠲᠠᠢ ᠲᠤᠬᠢᠷᠠᠨ᠎ᠠ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭ᠌ᠴᠢ ᠪᠦ᠋ ᠱᠢᠶᠤᠤ ᠯᠢᠨ ᠪᠡᠭᠡᠵᠢᠩ᠎ᠳᠤ ᠶᠠᠪᠤᠭ᠍ᠳᠠᠭ᠍ᠰᠠᠨ ᠰᠦ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ ᠦᠪᠡᠷ᠎ᠤᠨ ᠪᠡᠶ᠎ᠡ᠎ᠪᠠᠷ᠎ᠢᠶᠠᠨ ᠱᠢᠨ᠎ᠡ ᠰᠡᠪᠡᠭᠦᠨ ᠢᠳᠡᠬᠦ᠌ ᠠᠷᠭ᠎ᠠ᠎ᠶ᠋ᠢ ᠲᠠᠨᠢᠯᠴᠠᠭᠤᠯᠪᠠ᠃ ᠠᠭ᠍ᠱᠠᠨ ᠵᠠᠭᠤᠷ᠎ᠠ᠂ ᠥᠪᠥᠷ ᠮᠣᠩᠭᠤᠯ᠎ᠤᠨ ᠤᠯᠠᠮᠵᠢᠯᠠᠯᠲᠤ ᠴᠠᠭᠠᠨ ᠢᠳᠡᠭᠡᠨ ᠬᠠᠯᠠᠮᠱᠢᠯ ᠬᠠᠢᠯᠲᠠ᠎ᠳᠤ ᠣᠷᠣᠪᠠ᠃

ᠨᠢᠳᠤᠨᠤᠨ᠂ ᠮᠠᠨ᠎ᠤ ᠣᠷᠣᠨ᠎ᠤ ᠰᠠᠭᠠᠯᠢ᠎ᠶ᠋ᠢᠨ ᠦᠨᠢᠶ᠎ᠡ 129 . 3 ᠲᠦᠮᠡᠨ ᠲᠣᠯᠣᠭᠠᠶ᠂ ᠦᠨᠢᠶᠡᠨ ᠰᠦ᠎ᠶ᠋ᠢᠨ ᠭᠠᠷᠤᠯᠲᠠ 611 . 5 ᠲᠦᠮᠡᠨ ᠲᠣᠨ᠎ᠳᠤ ᠬᠦᠷᠴᠦ᠍᠂ ᠲᠣᠰ ᠲᠣᠰ 5 . 6 % ᠪᠠ 5 . 9 % ᠎ᠪᠠᠷ ᠨᠡᠮᠡᠭ᠌ᠳᠡᠨ᠂ ᠦᠨᠢᠶᠡᠨ ᠰᠦ᠎ᠶ᠋ᠢ ᠡᠳ᠋ᠱᠢᠭᠦᠯᠦᠨ ᠬᠤᠪᠢᠷᠠᠭᠤᠯᠬᠤ ᠴᠢᠳᠠᠪᠤᠷᠢ 700 ᠲᠦᠮᠡᠨ ᠲᠣᠨ᠎ᠠᠴᠠ ᠳᠡᠭᠡᠭ᠌ᠰᠢ ᠪᠣᠯᠵᠣ᠂ ᠦᠨᠢᠶᠡᠨ ᠰᠦ᠎ᠶ᠋ᠢᠨ ᠭᠠᠷᠤᠯᠲᠠ᠂ ᠡᠳ᠋ᠱᠢᠭᠦᠯᠬᠦ᠌ ᠴᠢᠳᠠᠪᠤᠷᠢ ᠵᠢᠴᠢ ᠴᠠᠭᠠᠨ ᠢᠳᠡᠭᠡᠨ᠎ᠤ ᠵᠠᠬ᠎ᠠ ᠳᠡᠯᠭᠡᠭᠦᠷ᠎ᠤᠨ ᠡᠵᠡᠯᠡᠬᠦ᠌ ᠨᠣᠷᠮ᠎ᠠ ᠴᠥᠮ ᠪᠥᠬᠦ᠌ ᠤᠯᠤᠰ᠎ᠤᠨ ᠲᠡᠷᠢᠭᠦᠨ᠎ᠳᠤ ᠣᠷᠣᠪᠠ᠃

ᠢᠯᠢ᠂ ᠮᠧᠩ ᠨᠢᠤ ᠵᠡᠷᠭᠡ ᠨᠢᠭᠡ ᠪᠦᠯᠦᠭ ᠳᠡᠯᠡᠬᠡᠢ᠎ᠶ᠋ᠢᠨ ᠨᠡᠷᠡᠳᠤ ᠰᠦ᠎ᠶ᠋ᠢᠨ ᠠᠵᠤ ᠠᠬᠤᠢ᠍ᠢᠯᠠᠯ ᠦᠳᠲᠡᠷ ᠲᠦᠷᠭᠡᠨ ᠬᠥᠭ᠌ᠵᠢᠨ ᠮᠠᠨᠳᠤᠵᠤ᠂ ᠳᠤᠮᠳᠠ ᠪᠠᠭ᠎ᠠ ᠬᠡᠪᠴᠢᠶᠡᠨ᠎ᠤ ᠤᠨᠴᠠᠯᠢᠬ᠍ᠳᠤ ᠡᠳ᠋ᠱᠢᠭᠦᠯᠦᠯᠲᠡ ᠪᠠ ᠦᠨᠳᠦᠰᠦᠲᠡᠨ᠎ᠤ ᠴᠠᠭᠠᠨ ᠢᠳᠡᠭᠡᠨ ᠡᠳ᠋ᠱᠢᠭᠦᠯᠬᠦ᠌ ᠠᠵᠤ ᠦᠢᠯᠡᠰ ᠦᠷᠭᠦᠯᠵᠢᠯᠡᠨ ᠪᠤᠵᠠᠭᠠᠢᠷᠠᠵᠤ᠂ ᠰᠦ᠎ᠶ᠋ᠢᠨ ᠦᠢᠯᠡᠰ ᠭᠡᠬᠦ᠌ ᠡᠨᠡ ᠬᠦ᠌ ᠨᠡᠷ᠎ᠡ᠎ᠶ᠋ᠢᠨ ᠬᠠᠭᠤᠳᠠᠰᠤ ᠡᠢᠮᠦ᠍ ᠯᠡ ᠭᠤᠸ᠎ᠠ ᠦᠵᠡᠰᠭᠦᠯᠡᠩ ᠪᠠᠢᠵᠤ᠂ ᠬᠠᠷᠢᠭᠤᠯᠲᠠ᠎ᠨᠢ ᠵᠥᠪᠬᠡᠨ ᠠᠮᠳᠠᠯᠠᠬᠤ᠎ᠶ᠋ᠢᠨ ᠲᠡᠳᠦᠢ᠎ᠳᠤ ᠪᠢᠰᠢ ᠶᠤᠮ᠃

ᠠᠮᠳᠠᠯᠠᠮᠠᠬ᠍ᠴᠠ ᠳᠤᠭᠤᠴᠢᠬᠠᠯ᠎ᠠ᠂ ᠢᠩᠬᠢᠬᠡᠳ ᠪᠡᠭᠡᠵᠢᠩ᠎ᠤᠨ ᠠᠵᠤ ᠠᠬᠤᠢ᠍ᠢᠯᠠᠯᠳᠠᠨ ᠰᠠᠩ ᠶᠤᠸᠠᠢ ᠵᠢᠶᠦ᠋ᠨ ᠪᠣᠷᠣᠲᠣᠬᠤᠢ᠎ᠶ᠋ᠢᠨ ᠭᠤᠯᠢᠷ᠎ᠲᠠᠢ ᠬᠤᠪᠢ ᠪᠠᠷᠢᠯᠳᠤᠯᠭ᠎ᠠ᠎ᠲᠠᠢ ᠪᠤᠯᠪᠠ᠃ ᠲᠡᠷᠡ ᠵᠤᠤ ᠹᠧᠩ ᠪᠣᠷᠣᠲᠣᠬᠤᠢ᠎ᠶ᠋ᠢᠨ ᠭᠤᠯᠢᠷ᠎ᠤᠨ ᠦᠢᠯᠡᠰ᠎ᠤᠨ ᠬᠢᠵᠠᠭᠠᠷᠳᠤ ᠺᠤᠮᠫᠠᠨᠢ᠎ᠶ᠋ᠢᠨ ᠪᠡᠭᠡᠵᠢᠩ ᠲᠢᠶᠠᠨᠵᠢᠨ ᠾᠧᠪᠸᠢ ᠣᠷᠣᠨ᠎ᠳᠠᠬᠢ ᠨᠢᠭᠡᠳᠦᠭᠡᠷ ᠳᠡᠰ᠎ᠤᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠪᠣᠯᠵᠤ᠂ ᠵᠢᠯ ᠪᠦᠷᠢ᠎ᠶ᠋ᠢᠨ ᠪᠣᠷᠣᠯᠠᠭᠤᠯᠤᠯᠲᠠ᠎ᠶ᠋ᠢᠨ ᠬᠡᠮᠵᠢᠶ᠎ᠡ᠎ᠨᠢ 2000 ᠭᠠᠷᠤᠶ ᠲᠦᠮᠡᠨ ᠲᠥᠭᠦᠷᠢᠭ᠎ᠲᠤ ᠬᠦᠷᠪᠡ᠃

《ᠮᠥᠰᠥᠨ》 ᠳᠡᠭᠡᠷ᠎ᠡ ᠲᠠᠷᠢᠵᠤ᠂ 《ᠭᠠᠯ》 ᠎ᠳᠤ ᠬᠤᠷᠢᠶᠠᠨ᠎ᠠ᠃ ᠡᠩ᠎ᠤᠨ ᠡᠷᠯᠢᠰᠡᠵᠢᠭᠦᠯᠦᠨ ᠡᠭᠦᠯᠳᠡᠷ ᠪᠤᠢᠵᠢᠭᠤᠯᠬᠤ ᠬᠢᠭᠡᠳ ᠮᠣᠯᠧᠺᠦ᠋ᠯ᠎ᠤᠨ ᠠᠮᠢᠳᠤ ᠪᠣᠳᠠᠰ᠎ᠤᠨ ᠮᠡᠷᠭᠡᠵᠢᠯ᠎ᠢ ᠤᠶᠠᠯᠳᠤᠭᠤᠯᠤᠨ᠂ ᠵᠣᠣ ᠹᠧᠩ 5 ᠨᠣᠮᠧᠷᠲᠤ᠌᠂ ᠪᠠ ᠮᠠᠶ 13 ᠨᠣᠮᠧᠷᠲᠤ ᠵᠡᠷᠭᠡ ᠴᠢᠨᠠᠷ ᠰᠠᠢᠲᠠᠶ ᠲᠤᠰᠭᠠᠶ ᠬᠡᠷᠡᠭ᠌ᠯᠡᠭᠡᠨ᠎ᠤ ᠪᠣᠭᠤᠳᠠᠶ᠎ᠶ᠋ᠢᠨ ᠡᠭᠦᠯᠳᠡᠷ᠎ᠢ ᠰᠣᠩᠭᠤᠨ ᠪᠤᠢᠵᠢᠭᠤᠯᠪᠠ; 《ᠣᠲᠣ ᠦ᠊ ᠡᠶ᠎ᠡ᠎ᠶ᠋ᠢᠨ ᠴᠢᠯᠠᠭᠤᠨ ᠳᠡᠬᠡᠷᠮ᠎ᠠ᠎ᠪᠠᠷ ᠡᠳ᠋ᠱᠢᠬᠦᠯᠦᠭ᠌ᠰᠡᠨ ᠬᠦᠢᠳᠡᠨ ᠨᠤᠨᠲᠠᠭ》 ᠎ᠤᠨ ᠲᠤᠰᠭᠠᠶ ᠠᠱᠢᠭ᠎ᠤᠨ ᠦᠢᠯᠡᠳᠪᠦᠷᠢᠯᠡᠯ᠎ᠤᠨ ᠱᠤᠭᠤᠮ᠎ᠢ ᠪᠡᠶ᠎ᠡ᠎ᠪᠠᠨ ᠳᠠᠭᠠᠭᠠᠨ ᠰᠤᠳᠤᠯᠤᠨ ᠨᠡᠭᠡᠭᠡᠵᠦ᠍᠂ ᠴᠢᠯᠠᠭᠤᠨ ᠲᠡᠭᠡᠷᠮ᠎ᠡ᠎ᠪᠠᠷ ᠡᠳ᠋ᠱᠢᠬᠦᠯᠦᠭ᠌ᠰᠡᠨ ᠪᠦᠳᠦᠬᠡᠭ᠌ᠳᠡᠬᠦᠨ᠎ᠤ ᠬᠠᠢᠷ᠎ᠤᠨ ᠠᠭᠤᠯᠤᠭ᠍ᠳᠠᠴᠠ᠎ᠨᠢ ᠪᠠᠷᠢᠮᠵᠢᠶ᠎ᠠ᠎ᠠᠴᠠ ᠬᠡᠲᠦᠷᠡᠭ᠌ᠰᠡᠨ ᠵᠡᠷᠭᠡ ᠠᠰᠠᠭᠤᠳᠠᠯ᠎ᠢ ᠨᠢᠭᠡ ᠯᠡ ᠳᠡᠭᠡᠷ᠎ᠡ ᠱᠢᠢᠳᠪᠦᠷᠢᠯᠡᠪᠡ᠃

ᠪᠣᠷᠣᠲᠣᠬᠤᠶ᠎ᠶ᠋ᠢᠨ ᠭᠤᠯᠢᠷ᠎ᠤᠨ ᠲᠥᠷᠥᠯ ᠵᠦᠢᠯ ᠣᠯᠠᠨ᠎ᠠᠴᠠ ᠣᠷᠦ᠋ᠢᠯᠠᠵᠤ᠂ ᠱᠢᠤᠢ ᠢ ᠦᠬᠡᠷ᠎ᠤᠨ ᠮᠢᠬ᠎ᠠ ᠤᠮᠠᠷᠠᠲᠤ ᠲᠠᠩᠭᠢᠰ᠎ᠤᠨ ᠬᠥᠯᠭᠡ ᠣᠩᠭᠤᠴᠠᠲᠤ ᠠᠩᠭᠢ᠎ᠳᠤ ᠬᠦᠷᠴᠦ᠍᠂ ᠪᠣᠷᠣᠲᠣᠬᠤᠶ᠎ᠶ᠋ᠢᠨ ᠬᠠᠷ᠎ᠠ ᠠᠷᠢᠬᠢ ᠤᠯᠤᠰ᠎ᠤᠨ ᠡᠭᠦᠳᠡ᠎ᠠᠴᠠ ᠭᠠᠷᠴᠤ᠌᠂ ᠰᠠᠨ ᠫᠠᠩ ᠳ᠋ᠠᠨ᠎ᠤ ᠤᠭ ᠠᠮᠲᠠᠳᠦ ᠭᠤᠸᠠ᠎ᠶ᠋ᠢᠨ ᠦᠷ᠎ᠡ ᠰᠦᠯᠵᠢᠶᠡᠨ᠎ᠪᠠᠷ ᠲᠠᠷᠬᠠᠪᠠ ᠁ 2020 ᠣᠨ᠎ᠳᠤ᠂ 《ᠲᠩᠷᠢ᠎ᠶ᠋ᠢᠨ ᠬᠡᠱᠢᠭ᠌ᠲᠦ ᠪᠣᠷᠣᠲᠣᠬᠤᠶ》 ᠳᠤᠮᠳᠠᠳᠤ ᠤᠯᠤᠰ᠎ᠤᠨ ᠣᠷᠣᠨ ᠪᠦᠰᠡ᠎ᠶ᠋ᠢᠨ ᠲᠠᠷᠢᠶᠠᠯᠠᠩ᠎ᠤᠨ ᠳᠦᠷᠢ ᠲᠥᠷᠬᠦ᠌᠎ᠶ᠋ᠢᠨ ᠨᠠᠷᠠᠲᠤ ᠲᠡᠮᠳᠡᠭ᠎ᠤᠨ ᠲᠡᠷᠢᠭᠦᠨ᠎ᠳᠤ ᠣᠷᠣᠪᠠ᠃

ᠬᠠᠭᠤᠯᠪᠤᠷᠢᠯᠠᠵᠤ ᠪᠣᠯᠤᠰᠢ ᠥᠬᠡᠶ ᠶᠠᠰᠤ ᠴᠢᠨᠠᠷ᠎ᠤᠨ ᠭᠧᠨ᠎ᠢ ᠬᠠᠳᠠᠭᠠᠯᠠᠨ᠂ ᠱᠢᠨ᠎ᠡ᠎ᠶ᠋ᠢ ᠡᠭᠦᠳᠬᠦ᠌᠎ᠶ᠋ᠢ ᠱᠢᠨᠳᠠᠷᠠᠰᠢ ᠦᠭᠡᠢ ᠪᠠᠷᠢᠮᠳᠠᠯᠠᠯ᠎ᠢᠶᠠᠷ ᠲᠤᠯᠤᠭᠠᠢᠯᠠᠭ᠍ᠴᠢ ᠠᠵᠤ ᠠᠬᠤᠢ᠍ᠢᠯᠠᠯ᠎ᠢ ᠬᠦᠴᠦᠷᠬᠡᠭ᠌ᠵᠢᠭᠦᠯᠦᠨ᠂ ᠠᠵᠤ ᠦᠢᠯᠡᠰ᠎ᠤᠨ ᠬᠦᠷᠢᠶᠡᠯᠡᠩ ᠲᠣᠭᠤᠷᠢᠭ᠎ᠢ ᠪᠤᠵᠠᠭᠠᠢᠷᠠᠭᠤᠯᠵᠤ᠂ 《ᠥᠪᠥᠷ ᠮᠣᠩᠭᠤᠯ ᠲᠡᠮᠳᠡᠭ᠌ᠳᠦ》 ᠎ᠤᠨ ᠨᠡᠷᠡᠲᠦ ᠲᠥᠷᠥᠯ ᠲᠡᠮᠳᠡᠭ᠌ᠲᠦ᠎ᠶ᠋ᠢ ᠱᠢᠯᠢᠳᠡᠭ᠌ᠵᠢᠭᠦᠯᠦᠨ᠂ ᠪᠥᠬᠦ᠌ ᠣᠷᠣᠨ᠎ᠤ ᠭᠠᠵᠠᠷ ᠵᠦᠢ᠎ᠶ᠋ᠢᠨ ᠲᠡᠮᠳᠡᠭ ᠪᠦ᠍ᠬᠦᠢ ᠲᠠᠸᠠᠷ᠎ᠤᠨ ᠲᠡᠮᠳᠡᠭ 125 ᠪᠤᠯᠪᠠ᠃ 《ᠥᠪᠥᠷ ᠮᠣᠩᠭᠤᠯ᠎ᠤᠨ ᠦᠨᠦᠷ ᠠᠮᠲᠠ》 ᠲᠦᠮᠡᠨ ᠭᠠᠵᠠᠷ ᠬᠠᠩᠬᠤᠯᠵᠤ᠂ ᠲᠩᠷᠢ᠎ᠶ᠋ᠢᠨ ᠬᠡᠱᠢᠭ᠌ᠲᠦ ᠪᠣᠷᠣᠲᠣᠬᠤᠶ᠂ ᠬᠢᠩᠭᠠᠨ ᠠᠢᠮᠠᠭ᠎ᠤᠨ ᠲᠤᠲᠤᠷᠭ᠎ᠠ᠂ ᠱᠢᠯᠢ᠎ᠶ᠋ᠢᠨ ᠭᠤᠤᠯ᠎ᠤᠨ ᠬᠤᠨᠢᠨ ᠮᠢᠬ᠎ᠠ ᠵᠡᠷᠭᠡ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠨᠠᠷᠠᠲᠤ ᠲᠡᠮᠳᠡᠭ᠌ᠲᠦ ᠶᠠᠪᠤᠬᠤ ᠲᠤᠳᠤᠮ ᠬᠢᠯᠠᠯᠵᠠᠵᠤ᠂ ᠲᠦᠩᠯᠢᠶᠣᠤ᠎ᠶ᠋ᠢᠨ ᠱᠢᠷ᠎ᠠ ᠡᠷᠳᠡᠨᠢ ᠱᠢᠰᠢ᠂ ᠬᠤᠷᠴᠢᠨ ᠦᠬᠡᠷ᠂ ᠤᠯᠠᠭᠠᠨᠴᠠᠪ᠎ᠤᠨ ᠲᠥᠮᠥᠰᠥ᠍ ᠵᠡᠷᠭᠡ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠨᠠᠷᠠᠲᠤ ᠲᠡᠮᠳᠡᠭ᠌ᠲᠦ᠎ᠶ᠋ᠢᠨ ᠥᠷᠲᠡᠭ ᠵᠠᠭᠤᠨ ᠳ᠋ᠦᠩᠱᠢᠭᠤᠷ ᠲᠥᠭᠦᠷᠢᠭ᠎ᠢ ᠳᠠᠪᠠᠪᠠ ᠁

2020 ᠣᠨ᠎ᠳᠤ᠂ ᠪᠥᠬᠦ᠌ ᠣᠷᠣᠨ᠎ᠤ ᠪᠣᠷᠣᠯᠠᠭᠤᠯᠤᠯᠲᠠ᠎ᠶ᠋ᠢᠨ ᠣᠷᠣᠯᠭ᠎ᠠ᠎ᠨᠢ 500 ᠲᠦᠮᠡᠨ ᠲᠥᠭᠦᠷᠢᠭ᠎ᠠᠴᠠ ᠳᠡᠭᠡᠭ᠌ᠰᠢᠬᠢ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠤᠨ ᠪᠤᠯᠪᠠᠰᠤᠷᠠᠭᠤᠯᠬᠤ ᠠᠵᠤ ᠠᠬᠤᠢ᠍ᠢᠯᠠᠯ᠎ᠤᠨ ᠪᠣᠷᠣᠯᠠᠭᠤᠯᠤᠯᠲᠠ᠎ᠶ᠋ᠢᠨ ᠣᠷᠣᠯᠭ᠎ᠠ 3725 ᠳ᠋ᠦᠩᠱᠢᠭᠤᠷ ᠲᠥᠭᠦᠷᠢᠭ᠎ᠢ ᠪᠡᠶᠡᠯᠡᠭᠦᠯᠵᠦ᠍᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠵᠦ᠍ ᠤᠯᠠᠷᠢᠭᠤᠯᠬᠤ ᠨᠣᠷᠮ᠎ᠠ᠎ᠨᠢ 65% ᠎ᠳᠤ ᠬᠦᠷᠴᠦ᠍᠂ ᠰᠦ᠎ᠶ᠋ᠢᠨ ᠦᠢᠯᠡᠰ᠂ ᠡᠷᠳᠡᠨᠢ ᠱᠢᠰᠢ ᠵᠡᠷᠬᠡ ᠮᠢᠩᠭᠠᠨ ᠳ᠋ᠦᠩᠱᠢᠭᠤᠷ᠎ᠤᠨ ᠲᠠᠰ᠎ᠤᠨ 2 ᠠᠵᠤ ᠦᠢᠯᠡᠰ᠂ ᠮᠢᠬᠠᠨ᠎ᠤ ᠦᠬᠡᠷ᠂ ᠮᠢᠬᠠᠨ᠎ᠤ ᠬᠤᠨᠢ᠂ ᠲᠥᠮᠥᠰᠥ᠍᠂ ᠡᠯᠳᠡᠪ ᠠᠮᠤ᠂ ᠪᠣᠭᠤᠳᠠᠶ᠂ ᠨᠡᠷᠡᠨ ᠬᠤᠸᠠᠷ᠂ ᠢᠮᠠᠭᠠᠨ ᠨᠤᠤᠯᠤᠭᠤᠷ᠂ ᠢᠳᠡᠱᠢᠨ ᠨᠣᠭᠤᠭ᠎ᠠ ᠪᠠ ᠡᠪᠡᠰᠦᠨ᠎ᠤ ᠦᠢᠯᠡᠰ ᠵᠡᠷᠬᠡ ᠵᠠᠭᠤᠨ ᠳ᠋ᠦᠩᠱᠢᠭᠤᠷ᠎ᠤᠨ ᠲᠠᠰ᠎ᠤᠨ 9 ᠠᠵᠤ ᠦᠢᠯᠡᠰ᠎ᠢ ᠪᠤᠢᠵᠢᠭᠤᠯᠤᠨ ᠪᠦᠷᠢᠯᠳᠦᠭᠦᠯᠪᠠ᠃

ᠡᠢᠮᠦ᠍ ᠪᠤᠯᠬᠤᠷ ᠥᠪᠥᠷ ᠮᠣᠩᠭᠤᠯ᠎ᠢᠶᠠᠨ ᠬᠠᠢᠷᠠᠯᠠᠬᠤ ᠦᠬᠡᠢ ᠪᠠᠢᠬᠤ᠎ᠶ᠋ᠢᠨ ᠠᠷᠭ᠎ᠠ ᠦᠬᠡᠢ᠃

ᠲᠦᠴᠢᠦᠸᠠᠨ ᠱᠢᠶᠠᠨ᠎ᠤ ᠱᠦᠢ ᠴᠢᠤᠸᠠᠨ ᠪᠠᠯᠭᠠᠰᠤᠨ᠎ᠤ ᠾᠧ ᠹᠠ ᠲᠣᠰᠭᠤᠨ᠎ᠤ ᠠᠭᠤᠳᠠᠮ ᠲᠠᠯᠠᠪᠠᠢ᠎ᠳᠤ᠂ ᠰᠠᠶᠢᠬᠠᠨ ᠠᠵᠢᠯᠯᠠᠵᠤ ᠪᠠᠷᠠᠭ᠍ᠰᠠᠨ ᠴᠠᠬᠢᠯᠭᠠᠨ ᠬᠥᠳᠡᠯᠭᠡᠭᠦᠷᠲᠦ ᠪᠤᠴᠠᠭᠠᠨ ᠬᠤᠷᠢᠶᠠᠬᠤ ᠲᠡᠷᠭᠡ᠂ ᠲᠦᠷᠦᠯ ᠬᠤᠪᠢᠶᠠᠨ ᠱᠢᠯᠵᠢᠭᠦᠯᠦᠨ ᠵᠥᠭᠡᠭᠡᠪᠦᠷᠢᠯᠡᠬᠦ᠌ ᠲᠡᠷᠭᠡ᠂ ᠤᠳᠭᠤᠭᠤᠷ ᠲᠡᠷᠭᠡ᠂ ᠱᠦᠭᠦᠷᠳᠡᠬᠦ᠌ ᠲᠡᠷᠭᠡ᠎ᠶ᠋ᠢ ᠲᠡᠷᠢ ᠲᠡᠭ᠌ᠰᠢ ᠵᠢᠭ᠍ᠰᠠᠭᠠᠵᠤ ᠪᠠᠢᠯ᠎ᠠ᠃ ᠱᠢᠶᠠᠨ᠎ᠠᠴᠠ ᠲᠡᠷᠭᠡ ᠪᠠ ᠬᠤᠭ ᠨᠣᠪᠰᠢ᠎ᠶ᠋ᠢ ᠲᠥᠷᠥᠯ ᠬᠤᠪᠢᠶᠠᠬᠤ ᠲᠥᠬᠦᠭᠡᠷᠦᠮᠵᠢ᠎ᠶ᠋ᠢ ᠲᠣᠬᠢᠷᠠᠭᠤᠯᠵᠤ᠂ ᠲᠣᠭ᠍ᠲᠠᠭ᠍ᠰᠠᠨ ᠴᠠᠭ᠎ᠲᠤ ᠬᠤᠭ ᠨᠣᠪᠰᠢ᠎ᠶ᠋ᠢ ᠴᠡᠪᠡᠷᠯᠡᠨ ᠲᠡᠭᠡᠭᠡᠪᠦᠷᠢᠯᠡᠨ᠎ᠡ᠃

ᠱᠢᠶᠠᠨ᠎ᠤ ᠨᠠᠮ᠎ᠤᠨ ᠬᠤᠷᠢᠶ᠎ᠠ ᠵᠠᠰᠠᠭ᠎ᠤᠨ ᠤᠷᠳᠤᠨ ᠡᠨᠡ ᠬᠦ᠌ ᠴᠢᠬᠤᠯᠠ ᠠᠵᠢᠯ᠎ᠳᠤ ᠢᠩᠬᠢᠵᠦ᠍ ᠬᠠᠨᠳᠤᠬ᠍ᠰᠠᠨ᠎ᠨᠢ ᠤᠴᠢᠷᠳᠠᠢ᠃ ᠬᠥᠳᠡᠭᠡ ᠲᠣᠰᠭᠤᠨ᠎ᠤ ᠣᠷᠣᠱᠢᠨ ᠰᠠᠭᠤᠷᠢᠱᠢᠬᠤ ᠣᠷᠴᠢᠨ ᠲᠣᠭᠤᠷᠢᠨ᠎ᠢ ᠴᠡᠭ᠌ᠴᠡᠯᠡᠨ ᠵᠠᠰᠠᠬᠤ᠎ᠨᠢ ᠪᠣᠳᠠᠲᠤ ᠬᠡᠷᠡᠭ᠌ᠴᠡᠭᠡ ᠪᠣᠯᠬᠤ᠎ᠪᠠᠷ ᠪᠠᠷᠠᠬᠤ ᠦᠬᠡᠢ᠂ ᠪᠠᠰᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌ ᠠᠯᠤᠰ ᠬᠡᠳᠤ᠎ᠶ᠋ᠢᠨ ᠬᠦᠴᠦᠯᠡᠬᠦ᠌ ᠴᠡᠭ ᠪᠤᠯᠬᠤ ᠶᠤᠮ᠂ ᠡᠨᠡ᠎ᠨᠢ ᠲᠣᠰᠭᠤᠨ᠎ᠤ ᠳᠦᠷᠰᠦ ᠪᠠᠢᠳᠠᠯ᠎ᠢ ᠬᠤᠪᠢᠷᠠᠭᠤᠯᠬᠤ᠎ᠪᠠᠷ ᠪᠠᠷᠠᠬᠤ ᠦᠬᠡᠢ᠂ ᠨᠡᠩ ᠴᠤ᠌ ᠬᠥᠳᠡᠭᠡ ᠲᠣᠰᠭᠤᠨ᠎ᠤ ᠰᠠᠭᠤᠭᠠᠯᠢ ᠠᠷᠠᠳ᠎ᠤᠨ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠬᠤᠪᠢᠷᠠᠭᠤᠯᠬᠤ ᠪᠣᠯᠤᠨ᠎ᠠ᠃ ᠨᠢᠳᠤᠨᠤᠨ᠎ᠤ 8 ᠰᠠᠷ᠎ᠠ᠎ᠳᠤ᠂ ᠲᠦᠴᠢᠦᠸᠠᠨ ᠱᠢᠶᠠᠨ ᠪᠥᠬᠦ᠌ ᠤᠯᠤᠰ᠎ᠤᠨ ᠬᠥᠳᠡᠭᠡ ᠲᠣᠰᠭᠤᠨ᠎ᠤ ᠠᠮᠢᠳᠤᠷᠠᠯ᠎ᠤᠨ ᠬᠤᠭ ᠨᠣᠪᠰᠢ᠎ᠶ᠋ᠢ ᠲᠥᠷᠥᠯ ᠬᠤᠪᠢᠶᠠᠬᠤ ᠪᠠ ᠡᠬᠢ ᠪᠠᠶᠠᠯᠢᠭ᠍ᠵᠢᠭᠤᠯᠤᠨ ᠠᠱᠢᠬ᠍ᠯᠠᠬᠤ ᠵᠢᠱ᠌ᠢᠶ᠎ᠡ ᠦᠵᠡᠭᠦᠯᠬᠦ᠌ ᠱᠢᠶᠠᠨ᠎ᠢᠶᠠᠷ ᠦᠨᠡᠯᠡᠭ᠌ᠳᠡᠪᠡ᠃

2020 ᠣᠨ᠎ᠳᠤ᠂ ᠥᠪᠡᠷᠲᠡᠭᠡᠨ ᠵᠠᠰᠠᠬᠤ ᠣᠷᠣᠨ ᠮᠠᠯᠵᠢᠬᠤ ᠲᠠᠷᠢᠶᠠᠯᠠᠬᠤ ᠣᠷᠣᠨ᠎ᠤ ᠣᠷᠣᠱᠢᠨ ᠰᠠᠭᠤᠷᠢᠱᠢᠬᠤ ᠣᠷᠴᠢᠨ ᠲᠣᠭᠤᠷᠢᠨ᠎ᠢ ᠴᠡᠭ᠌ᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭᠠᠨ᠎ᠤ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠵᠦ᠍᠂ ᠠᠷᠢᠭᠤᠨ ᠴᠡᠪᠡᠷ ᠵᠣᠷᠯᠣᠩ᠎ᠤᠨ ᠲᠦᠭᠡᠮᠡᠯᠵᠢᠭ᠌ᠰᠡᠨ ᠨᠣᠷᠮ᠎ᠠ 35% ᠎ᠳᠤ ᠬᠦᠷᠴᠦ᠍᠂ ᠬᠠᠷᠠᠯᠲᠠ᠎ᠪᠠᠨ ᠵᠠᠭᠤᠨ᠎ᠤ ᠬᠠᠷᠢᠴᠠᠯ᠎ᠢᠶᠠᠷ 3 ᠬᠤᠪᠢ ᠲᠠᠪᠠᠭᠤᠯᠵᠤ᠂ 97 .7% ᠎ᠶ᠋ᠢᠨ ᠵᠠᠰᠠᠭ ᠵᠠᠬᠢᠷᠭᠠᠨ᠎ᠤ ᠭᠠᠴᠠᠭ᠎ᠠ ᠲᠣᠰᠭᠤᠨ᠎ᠳᠤ ᠠᠮᠢᠳᠤᠷᠠᠯ᠎ᠤᠨ ᠬᠤᠭ ᠨᠣᠪᠰᠢ᠎ᠶ᠋ᠢ ᠬᠤᠷᠢᠶᠠᠨ ᠲᠡᠭᠡᠭᠡᠪᠦᠷᠢᠯᠡᠬᠦ᠌ ᠱᠢᠰᠲ᠋ᠧᠮ᠎ᠢ ᠪᠠᠢᠭᠤᠯᠵᠤ᠂ 30 ᠲᠦᠮᠡᠨ ᠮᠠᠯᠴᠢᠨ ᠲᠠᠷᠢᠶᠠᠴᠢᠨ᠎ᠤ ᠤᠤᠭᠤᠬᠤ ᠤᠰᠤ ᠹᠯᠣᠷ ᠠᠷᠰᠧᠨ ᠢᠣᠳ᠋ ᠪᠠᠷᠢᠮᠵᠢᠶ᠎ᠠ᠎ᠠᠴᠠ ᠬᠡᠲᠦᠷᠡᠭ᠌ᠰᠡᠨ ᠪᠠ ᠭᠠᠱᠢᠭᠤᠨ ᠱᠣᠷᠪᠣᠭ ᠤᠰᠤᠨ᠎ᠤ ᠠᠰᠠᠭᠤᠳᠠᠯ᠎ᠢ ᠱᠢᠢᠳᠪᠦᠷᠢᠯᠡᠪᠡ᠃ ᠬᠦᠳᠡᠭᠡ ᠲᠤᠰᠭᠤᠨ ᠮᠠᠯᠵᠢᠬᠤ ᠣᠷᠣᠨ᠎ᠤ ᠵᠠᠰᠠᠮᠠᠯ ᠵᠠᠮ᠎ᠢ 8071 ᠺᠢᠯᠣᠮᠧᠲᠷ ᠱᠢᠨ᠎ᠡ᠎ᠪᠠᠷ ᠳᠡᠪᠢᠰᠪᠠ᠃

ᠬᠠᠪᠤᠷ᠎ᠤᠨ ᠡᠬᠢᠨ᠎ᠢᠶᠠᠷ ᠠᠪᠠᠭ᠎ᠠ ᠬᠤᠱᠢᠭᠤᠨ᠎ᠤ ᠴᠠᠭᠠᠨᠨᠠᠭᠤᠷ ᠪᠠᠯᠭᠠᠰᠤᠨ᠎ᠤ ᠥᠷᠭᠡᠨ ᠤᠨᠳᠤᠷᠤᠯ ᠭᠠᠴᠠᠭᠠᠨ᠎ᠤ ᠮᠠᠯᠴᠢᠨ ᠸᠠᠩ ᠽᠧ ᠮᠢᠨ ᠦᠷᠯᠦᠭᠡ ᠡᠷᠳᠡᠯᠡᠨ ᠠᠵᠢᠯᠯᠠᠨ᠎ᠠ᠃ ᠲᠡᠷᠡ᠄ 《ᠥᠩᠭᠡᠷᠡᠭ᠌ᠰᠡᠨ᠎ᠳᠤ ᠮᠠᠯ᠎ᠢᠶᠠᠨ ᠪᠡᠯᠴᠢᠭᠡᠷᠯᠡᠭᠦᠯᠦᠨ ᠮᠠᠯᠵᠢᠵᠤ ᠪᠠᠢᠵᠠᠶ᠂ ᠦᠬᠡᠷ ᠬᠡᠳᠦᠢ ᠢᠳᠡᠵᠦ᠍ ᠳᠡᠢᠯᠪᠡᠯ ᠲᠡᠳᠦᠢ᠃ ᠣᠳᠣ ᠬᠠᠱᠢᠶᠠᠯᠠᠨ ᠲᠡᠵᠢᠭᠡᠵᠦ᠍ ᠪᠣᠷᠳᠣᠨ ᠲᠠᠷᠭᠤᠯᠠᠭᠤᠯᠬᠤ ᠪᠤᠯᠵᠦ᠍᠂ 7 ᠬᠠᠱᠢᠶᠠᠨ᠎ᠳᠤ ᠬᠤᠪᠢᠶᠠᠨ ᠤᠷᠤᠭᠤᠯᠵᠦ᠍᠂ ᠲᠤᠭᠤᠯᠯᠠᠬᠤ᠎ᠳᠤ ᠲᠤᠰᠭᠠᠶ ᠥᠷᠥᠭᠡ ᠭᠠᠷᠭᠠᠵᠦ᠍ ᠦᠭ᠌ᠴᠡᠢ᠂ ᠮᠡᠷᠭᠡᠵᠢᠯᠲᠡᠨ ᠬᠡᠷ᠎ᠲᠤ ᠢᠷᠡᠵᠦ᠍ ᠦᠢᠯᠡᠴᠢᠯᠡᠳᠡᠭ ᠪᠤᠯᠤᠯ᠎ᠠ》 ᠭᠡᠵᠦ᠍ ᠪᠠᠶᠠᠷᠳᠠᠢᠬᠠᠨ ᠲᠠᠨᠢᠯᠴᠠᠭᠤᠯᠪᠠ᠃

ᠥᠩᠭᠡᠷᠡᠭ᠌ᠰᠡᠨ᠎ᠳᠤ ᠳᠤᠮᠳᠠᠴᠢ᠎ᠪᠠᠷ 150 ᠮᠦ᠍ ᠪᠡᠯᠴᠢᠭᠡᠷ᠎ᠲᠤ ᠨᠢᠭᠡ ᠦᠬᠡᠷ ᠲᠡᠵᠢᠭᠡᠵᠦ᠍ ᠪᠠᠢᠵᠠᠶ᠂ ᠣᠳᠣ 200 ᠭᠠᠷᠤᠶ ᠮᠦ᠍ ᠭᠠᠵᠠᠷ᠎ᠲᠤ 300 ᠭᠠᠷᠤᠶ ᠦᠬᠡᠷ ᠲᠡᠵᠢᠭᠡᠵᠦ᠍᠂ ᠪᠡᠯᠴᠢᠭᠡᠷ᠎ᠤᠨ ᠳᠠᠷᠤᠭᠠᠰᠦ ᠬᠦᠩᠬᠡᠷᠡᠵᠦ᠍᠂ ᠮᠠᠯᠴᠢᠳ᠎ᠤᠨ ᠣᠷᠣᠯᠭ᠎ᠠ ᠨᠡᠮᠡᠭ᠌ᠳᠡᠯ᠎ᠠ᠃ ᠨᠣᠭᠤᠭᠠᠨ ᠥᠩᠭᠡ᠎ᠶ᠋ᠢ ᠨᠡᠮᠡᠭ᠌ᠳᠡᠭᠦᠯᠵᠦ᠍᠂ ᠦᠷ᠎ᠡ ᠠᠱᠢᠭ᠎ᠢ ᠳᠡᠭᠡᠭ᠌ᠰᠢᠯᠡᠭᠦᠯᠦᠨ᠎ᠠ᠂ ᠥᠪᠡᠷᠲᠡᠭᠡᠨ ᠵᠠᠰᠠᠬᠤ ᠣᠷᠣᠨ᠎ᠤ ᠲᠤᠷᠱᠢᠯᠲᠠ᠎ᠶ᠋ᠢᠨ ᠬᠤᠱᠢᠭᠤ ᠪᠣᠯᠤᠭ᠍ᠰᠠᠨ᠎ᠤ ᠬᠤᠪᠢ᠎ᠳᠤ᠂ ᠠᠪᠠᠭ᠎ᠠ ᠬᠤᠱᠢᠭᠤᠨ᠎ᠤ ᠮᠠᠯᠵᠢᠬᠤ ᠣᠷᠣᠨ᠎ᠤ ᠣᠳᠣᠬᠢᠴᠢᠯᠠᠯᠲᠠ᠎ᠶ᠋ᠢᠨ ᠵᠠᠮ᠎ᠢ ᠬᠠᠢᠨ ᠰᠦᠪᠡᠭ᠌ᠴᠢᠯᠡᠬᠦ᠌᠎ᠳᠤ ᠡᠨᠡ ᠬᠦ᠌ ᠦᠨᠳᠦᠰᠦᠨ ᠵᠦᠢᠯ᠎ᠢ ᠪᠠᠷᠢᠮᠲᠠᠯᠠᠭ᠍ᠰᠠᠭᠠᠷ ᠢᠷᠡᠵᠡᠶ᠃

ᠮᠠᠯ ᠠᠵᠤ ᠠᠬᠤᠢ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠠᠴᠠ ᠮᠠᠯᠵᠢᠬᠤ ᠣᠷᠣᠨ᠎ᠤ ᠣᠳᠣᠬᠢᠴᠢᠯᠠᠭ᠍ᠰᠠᠨ ᠬᠠᠮᠢᠶᠠᠷᠤᠯᠲᠠ ᠬᠦᠷᠲᠡᠯ᠎ᠡ᠂ ᠭᠡᠷ ᠪᠦᠯᠢ᠎ᠶ᠋ᠢᠨ ᠣᠶᠤᠨᠴᠢ ᠮᠠᠯᠵᠢᠯ᠎ᠤᠨ ᠲᠠᠯᠠᠪᠠᠢ᠎ᠶ᠋ᠢ ᠳᠡᠯᠭᠡᠷᠡᠭᠦᠯᠬᠦ᠌᠎ᠠᠴᠠ ᠱᠢᠨ᠎ᠡ ᠬᠡᠯᠪᠡᠷᠢ᠎ᠶ᠋ᠢᠨ ᠮᠠᠯ ᠠᠵᠤ ᠠᠬᠤᠢ᠎ᠶ᠋ᠢᠨ ᠡᠵᠡᠩᠨᠡᠯᠲᠡ᠎ᠶ᠋ᠢᠨ ᠭᠤᠣᠯ ᠴᠣᠭ᠍ᠴᠠ᠎ᠶ᠋ᠢ ᠪᠤᠢᠵᠢᠭᠤᠯᠬᠤ ᠬᠦᠷᠲᠡᠯ᠎ᠡ᠂ ᠬᠡᠪᠴᠢᠶᠡᠵᠢᠭ᠌ᠰᠡᠨ ᠡᠵᠡᠩᠨᠡᠯᠲᠡ᠎ᠶ᠋ᠢᠨ ᠲᠣᠭ᠍ᠲᠠᠴᠠ᠎ᠶ᠋ᠢ ᠰᠦᠪᠡᠭ᠌ᠴᠢᠯᠡᠬᠦ᠌᠎ᠠᠴᠠ ᠮᠠᠯᠵᠢᠬᠤ ᠣᠷᠣᠨ᠎ᠤ ᠨᠡᠢᠭᠡᠮᠴᠢᠯᠡᠭ᠌ᠰᠡᠨ ᠦᠢᠯᠡᠴᠢᠯᠡᠭᠡ᠎ᠶ᠋ᠢ ᠥᠷᠭᠡᠳᠭᠡᠬᠦ᠌ ᠬᠦᠷᠲᠡᠯ᠎ᠡ ᠤᠳᠠᠭᠠᠨ ᠳᠠᠭᠠᠭᠠᠮᠠᠭᠠᠢ ᠵᠢᠳᠬᠦᠨ ᠴᠢᠷᠮᠠᠢᠵᠤ᠂ ᠮᠠᠯᠵᠢᠬᠤ ᠣᠷᠣᠨ᠎ᠤ ᠦᠢᠯᠡᠳᠪᠦᠷᠢᠯᠡᠯ ᠬᠥᠭ᠌ᠵᠢᠨ᠂ ᠮᠠᠯᠴᠢᠳ᠎ᠤᠨ ᠠᠮᠢᠳᠤᠷᠠᠯ ᠴᠢᠨᠡᠭᠡᠯᠢᠭ᠌ᠵᠢᠵᠦ᠍᠂ ᠲᠠᠯ᠎ᠠ ᠨᠤᠲᠤᠭ᠎ᠤᠨ ᠠᠮᠢ ᠠᠬᠤᠢ ᠰᠠᠢᠵᠢᠷᠠᠬ᠍ᠰᠠᠨ ᠪᠠᠢᠳᠠᠯ ᠬᠠᠷᠢᠯᠴᠠᠨ ᠨᠢᠭᠡᠳᠬᠦ᠌᠎ᠶ᠋ᠢ ᠪᠦᠬᠦ᠌ ᠬᠦᠴᠦᠨ᠎ᠢᠶᠠᠷ ᠠᠬᠢᠭᠤᠯᠪᠠ᠃

2020 ᠣᠨ᠎ᠳᠤ᠂ ᠮᠠᠨ᠎ᠤ ᠣᠷᠣᠨ᠎ᠤ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢᠨ ᠨᠡᠮᠡᠭ᠌ᠳᠡᠯ᠎ᠤᠨ ᠬᠤᠷᠳᠤᠴᠠ ᠪᠥᠬᠦ᠌ ᠤᠯᠤᠰ᠎ᠤᠨ ᠳᠤᠮᠳᠠᠴᠢ ᠬᠢᠷᠢ ᠲᠦᠪᠱᠢᠨ᠎ᠠᠴᠠ ᠵᠠᠭᠤᠨ᠎ᠤ ᠬᠠᠷᠢᠴᠠᠯ᠎ᠢᠶᠠᠷ 1. 5 ᠬᠤᠪᠢ ᠥᠨᠳᠥᠷ ᠪᠠᠢᠵᠤ᠂ ᠰᠠᠭᠤᠭᠠᠯᠢ ᠠᠷᠠᠳ᠎ᠤᠨ ᠬᠡᠷᠡᠭ᠌ᠯᠡᠭᠡᠨ᠎ᠤ ᠦᠨ᠎ᠡ ᠬᠠᠩᠰᠢ᠎ᠶ᠋ᠢᠨ ᠥᠰᠥᠯᠲᠡ᠎ᠶ᠋ᠢᠨ ᠬᠡᠮᠵᠢᠶ᠎ᠡ ᠬᠢᠵᠠᠭᠠᠷᠯᠠᠬᠤ ᠬᠠᠷᠠᠯᠲᠠ᠎ᠠᠴᠠ ᠳᠣᠤᠷ᠎ᠠ ᠪᠣᠯᠪᠠ᠃ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠮᠠᠯᠴᠢᠨ ᠲᠠᠷᠢᠶᠠᠴᠢᠨ᠎ᠤ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 10766 ᠲᠥᠭᠦᠷᠢᠭ ᠪᠠᠢᠭ᠍ᠰᠠᠨ᠎ᠠᠴᠠ᠎ᠪᠠᠨ 15283 ᠲᠥᠭᠦᠷᠢᠭ ᠪᠣᠯᠵᠣ ᠨᠡᠮᠡᠭ᠌ᠳᠡᠨ᠂ 2015 ᠣᠨ᠎ᠤ᠎ᠬᠢ᠎ᠠᠴᠠ 4517 ᠲᠥᠭᠦᠷᠢᠭ ᠨᠡᠮᠡᠭ᠌ᠳᠡᠵᠦ᠍᠂ 41.9% ᠎ᠪᠠᠷ ᠨᠡᠮᠡᠭ᠌ᠳᠡᠪᠡ; 80.2 ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ᠎ᠶ᠋ᠢ ᠶᠠᠳᠠᠭᠤ᠎ᠠᠴᠠ ᠠᠩᠭᠢᠵᠢᠷᠠᠭᠤᠯᠵᠤ᠂ 57 ᠶᠠᠳᠠᠭᠤ ᠬᠦᠴᠢᠷᠳᠡᠯᠲᠡᠢ ᠬᠤᠱᠢᠭᠤ ᠱᠢᠶᠠᠨ᠂ 3681 ᠶᠠᠳᠠᠭᠤ ᠬᠦᠴᠢᠷᠳᠡᠯᠲᠡᠢ ᠭᠠᠴᠠᠭ᠎ᠠ ᠲᠣᠰᠭᠤᠨ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠪᠠ᠃

ᠬᠦᠳᠡᠯᠮᠦᠷᠢ ᠵᠢᠳᠭᠦᠯ᠎ᠤᠨ ᠬᠠᠷᠢᠭᠤ᠎ᠳᠤ ᠦᠷ᠎ᠠ ᠵᠢᠮᠢᠰ ᠡᠯᠪᠡᠭ᠃ ᠤᠯᠤᠰ᠎ᠤᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠴᠢᠬᠤᠯᠠ ᠰᠠᠭᠤᠷᠢᠨ᠎ᠢ ᠪᠦᠲᠦᠭᠡᠨ ᠪᠠᠢᠭᠤᠯᠵᠤ᠂ ᠬᠢᠯᠠᠰ ᠴᠡᠭ ᠣᠯᠠᠨ ᠢᠯᠡᠷᠡᠡ 《ᠶᠡᠬᠡᠰᠭᠡᠬᠦ᠌》 ᠪᠠ 《ᠪᠢᠯᠬᠠᠬᠤ》 ᠎ᠶ᠋ᠢᠨ ᠦᠷ᠎ᠠ ᠳ᠋ᠦᠩ ᠶᠠᠭ ᠢᠯᠡᠬᠡᠨ ᠪᠤᠯᠵᠦ᠍ ᠪᠠᠢᠨ᠎ᠠ᠃

ᠨᠤᠭᠤᠭᠠᠨ ᠦᠩᠭᠡ᠎ᠪᠠᠷ ᠳᠡᠪᠢᠰᠭᠡᠷᠯᠡᠯ᠎ᠡ — ᠳᠦᠮᠡᠨ ᠪᠤᠳᠠᠰ ᠬᠠᠪᠤᠷ ᠤᠷᠭᠤᠵᠦ᠍ ᠨᠠᠮᠤᠷ ᠦᠷᠡᠯᠡᠨᠡᠮ᠃ ᠨᠠᠩ ᠰᠦᠷᠯᠢᠭ ᠰᠠᠢᠬᠠᠨ ᠠᠶᠠᠨ ᠨᠢᠭᠡᠨᠲᠡ ᠡᠬᠢᠯᠡᠵᠦ᠍᠂ ᠨᠠᠩ ᠴᠢᠩᠭ᠎ᠠ ᠬᠦᠴᠦᠲᠡᠶ ᠠᠢᠵᠠᠮ ᠳᠠᠷᠠᠭ᠎ᠠ᠎ᠪᠠᠷ ᠡᠬᠡᠱᠢᠭ᠌ᠯᠡᠭ᠌ᠳᠡᠬᠦ᠌ ᠪᠤᠯᠤᠨ᠎ᠠ

ᠤᠤᠯ ᠥᠩᠭᠡ᠂ ᠳᠡᠪᠢᠰᠭᠡᠷ ᠥᠩᠭᠡ᠂ ᠭᠦᠨ ᠥᠩᠭᠡ᠃ ᠥᠪᠥᠷ ᠮᠣᠩᠭᠤᠯ᠎ᠳᠤ᠂ ᠨᠤᠭᠤᠭᠠᠨ ᠦᠩᠭᠡ᠎ᠨᠢ ᠤᠯᠠᠨ ᠤᠳᠭ᠎ᠠ᠎ᠲᠠᠢ᠃

ᠨᠣᠭᠤᠭᠠᠨ᠎ᠠᠴᠠ ᠪᠣᠯᠵᠤ ᠬᠦᠭ᠌ᠵᠢᠨ᠎ᠠ᠂ ᠨᠣᠭᠤᠭᠠᠨ᠎ᠠᠴᠠ ᠪᠣᠯᠵᠤ ᠰᠤᠯᠤᠩᠭᠠᠷᠠᠨ᠎ᠠ᠃ 《ᠬᠤᠶᠠᠷ ᠤᠭᠤᠲᠠ ᠠᠮᠤ》᠂ 《ᠬᠤᠶᠠᠷ ᠦᠬᠡᠷ》᠂ 《ᠬᠦᠭ᠌ᠵᠢᠶᠡᠨᠳᠦ ᠵᠢᠭᠤᠯᠴᠢᠯᠠᠯ》᠂ ᠨᠣᠭᠤᠭᠠᠨ ᠥᠩᠭᠡ᠎ᠪᠠᠷ ᠠᠢᠮᠠᠭ᠎ᠢᠶᠠᠨ ᠪᠠᠢᠭᠤᠯᠬᠤ᠎ᠶ᠋ᠢᠨ ᠦᠨᠳᠦᠰᠦ ᠪᠤᠯᠭᠠᠵᠤ᠂ ᠬᠥᠭ᠌ᠵᠢᠯᠲᠡ᠎ᠶ᠋ᠢᠨ ᠰᠠᠭᠤᠷᠢ ᠪᠣᠯᠭᠠᠭ᠍ᠰᠠᠨ ᠬᠢᠩᠭᠠᠨ ᠠᠢᠮᠠᠭ᠂ ᠨᠣᠭᠤᠭᠠᠨ ᠥᠩᠭᠡ᠎ᠠᠴᠠ ᠤᠯᠠᠷᠢᠨ ᠡᠭᠦᠰᠦᠭ᠌ᠰᠡᠨ 《ᠠᠷᠠᠯᠵᠢᠶ᠎ᠠ》 ᠎ᠶ᠋ᠢ ᠬᠥᠷ ᠬᠥᠭ᠌ᠵᠢᠶᠡᠨ᠎ᠲᠠᠢ ᠬᠢᠵᠦ᠍᠂ ᠠᠵᠤ ᠠᠬᠤᠶ ᠨᠡᠢᠭᠡᠮ᠎ᠤᠨ ᠬᠥᠭ᠌ᠵᠢᠯᠲᠡ ᠪᠥᠬᠦ᠌ ᠲᠠᠯ᠎ᠠ᠎ᠪᠠᠷ ᠪᠣᠬᠢᠷᠲᠤᠯ ᠥᠬᠡᠶ᠎ᠪᠠᠷ ᠬᠡᠯᠪᠡᠷᠢ᠎ᠪᠠᠨ ᠬᠤᠪᠢᠷᠠᠭᠤᠯᠵᠤ᠂ ᠣᠳᠣᠬᠢ ᠪᠠᠢᠳᠠᠯ᠎ᠳᠤ ᠢᠯᠠᠯᠲᠠ ᠣᠯᠵᠤ᠂ ᠢᠷᠡᠭᠡᠳᠦᠢ᠎ᠳᠤ ᠨᠠᠩ ᠢᠯᠡᠭᠦᠤ ᠢᠯᠠᠯᠲᠠ᠎ᠶ᠋ᠢ ᠤᠯᠬᠤ ᠪᠤᠯᠤᠨ᠎ᠠ᠃

ᠨᠢᠭᠡ ᠡᠷᠳᠡᠨᠢ ᠱᠢᠰᠢ᠂ ᠲᠦᠩᠯᠢᠶᠣᠤ ᠬᠤᠲᠠ᠎ᠶ᠋ᠢᠨ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠲᠣᠳᠣᠷᠬᠠᠶ ᠬᠠᠷᠠᠭᠤᠯᠤᠨ᠎ᠠ; ᠦᠬᠡᠷ ᠬᠦᠷᠢᠶᠡᠨ᠎ᠠᠴᠠ ᠭᠠᠷᠴᠤ᠌᠂ ᠮᠣᠳᠣ᠎ᠶ᠋ᠢ ᠬᠦᠷᠢᠶᠡᠨ᠎ᠳᠤ ᠣᠷᠣᠭᠤᠯᠵᠤ᠂ ᠠᠢᠯ ᠪᠣᠯᠭᠠᠨ ᠦᠬᠡᠷ ᠲᠡᠵᠢᠭᠡᠭ᠌ᠰᠡᠨ ᠴᠦ᠍ ᠦᠭᠡᠷ ᠬᠠᠷᠠᠭ᠍ᠳᠠᠬᠤ ᠦᠭᠡᠢ᠂ ᠵᠤᠭᠤᠰ᠎ᠤᠨ ᠬᠠᠪᠳᠠᠭ᠎ᠠ ᠲᠦᠨᠳᠦ᠋ᠢᠵᠦ᠍᠂ ᠣᠷᠴᠢᠨ ᠲᠣᠭᠤᠷᠢᠨ ᠭᠤᠶᠤ ᠪᠣᠯᠵᠠᠢ᠂ 《ᠤᠯᠠᠭᠠᠨ ᠦᠬᠡᠷ᠎ᠤᠨ ᠨᠤᠲᠤᠭ》 ᠴᠢᠨᠠᠷ ᠰᠠᠢᠲᠠᠢ ᠬᠥᠭ᠌ᠵᠢᠯᠲᠡ᠎ᠶ᠋ᠢᠨ ᠬᠤᠷᠳᠤᠴᠠ᠎ᠪᠠᠨ ᠲᠦᠷᠭᠡᠳᠭᠡᠪᠡ᠃

ᠬᠡᠯᠪᠡᠷᠢ᠎ᠪᠠᠨ ᠬᠤᠪᠢᠷᠠᠭᠤᠯᠬᠤ ᠪᠣᠯ ᠤᠯᠠᠮᠵᠢᠯᠠᠯᠲᠤ ᠮᠠᠯ ᠠᠵᠤ ᠠᠬᠤᠢ᠎ᠠᠴᠠ ᠤᠳᠤ ᠦ᠊ ᠡᠶ᠎ᠡ᠎ᠶ᠋ᠢᠨ ᠮᠠᠯ ᠠᠵᠤ ᠠᠬᠤᠢ ᠲᠡᠢᠰᠢ ᠤᠷᠤᠭ᠍ᠰᠢᠯᠠᠬᠤ᠎ᠳᠤ ᠵᠠᠪᠠᠯ ᠬᠠᠷᠢᠭᠤᠯᠬᠤ ᠰᠡᠳᠦᠪ ᠪᠣᠯᠤᠨ᠎ᠠ᠃ ᠲᠠᠯ᠎ᠠ ᠨᠤᠲᠤᠭ᠎ᠲᠤ ᠠᠭᠤᠷᠬᠠᠶ᠎ᠶ᠋ᠢᠨ ᠨᠡᠭᠡᠭᠡᠨ ᠬᠥᠭ᠌ᠵᠢᠭᠦᠯᠦᠯᠲᠡ᠎ᠶ᠋ᠢᠨ ᠲᠥᠷᠥᠯ ᠵᠦᠢᠯ᠎ᠢ ᠱᠢᠨ᠎ᠡ᠎ᠪᠠᠷ ᠭᠠᠷᠭᠠᠬᠤ ᠥᠬᠡᠶ᠂ ᠬᠤᠨᠢ ᠢᠮᠠᠭ᠎ᠠ᠂ ᠦᠬᠡᠷ᠎ᠢ ᠬᠦᠭ᠌ᠵᠢᠭᠦᠯᠬᠦ᠌᠎ᠶ᠋ᠢ ᠴᠢᠬᠤᠯᠠᠴᠢᠯᠠᠨ᠂ ᠱᠢᠯᠢ᠎ᠶ᠋ᠢᠨ ᠭᠤᠤᠯ ᠠᠢᠮᠠᠭ ᠬᠥᠮᠦᠨ ᠮᠠᠯ ᠡᠶ᠎ᠡ ᠵᠣᠬᠢᠴᠠᠩᠭᠤᠶ ᠬᠠᠮᠲᠤ ᠣᠷᠣᠱᠢᠬᠤ ᠬᠡᠪ ᠵᠠᠭ᠍ᠪᠤᠷ᠎ᠢ ᠬᠠᠩᠭᠠᠪᠠ᠃

ᠲᠦᠷᠦᠯ ᠲᠡᠮᠳᠡᠭ᠎ᠢᠶᠠᠷ ᠳᠠᠭᠠᠭᠤᠯᠤᠨ᠂ ᠬᠡᠯᠬᠢᠶᠡᠵᠢᠯ᠎ᠢ ᠤᠷᠳᠤᠳᠭᠠᠨ᠂ ᠭᠤᠷᠪᠠᠨ ᠠᠵᠤ ᠦᠢᠯᠡᠰ᠎ᠢ ᠭᠦᠨᠵᠡᠬᠡᠢ ᠠᠭᠤᠰᠤᠯᠴᠠᠭᠤᠯᠵᠦ᠍᠂ ᠬᠦᠳᠡᠭᠡ ᠲᠤᠰᠭᠤᠨ᠎ᠤ ᠬᠦᠭ᠌ᠵᠢᠬᠦᠯᠦᠨ ᠮᠠᠨᠳᠤᠭᠤᠯᠬᠤ᠎ᠶ᠋ᠢ ᠡᠨᠧᠷᠬᠢ᠎ᠶ᠋ᠢ ᠬᠦᠳᠡᠯᠭᠡᠭ᠌ᠴᠢ ᠡᠨᠧᠷᠬᠢ᠎ᠶ᠋ᠢ ᠬᠦᠭ᠌ᠵᠢᠭᠡᠨ᠂ ᠦᠷᠭᠡᠨ ᠬᠠᠷᠠᠭᠠᠰᠤ᠎ᠠᠴᠠ ᠤᠳᠤ ᠦᠶ᠎ᠡ᠎ᠶ᠋ᠢᠨ ᠬᠦᠳᠡᠭᠡ ᠠᠵᠤ ᠠᠬᠤᠢ᠎ᠶ᠋ᠢ ᠴᠤᠭ᠍ᠴᠠᠯᠠᠵᠦ᠍᠂ ᠬᠦᠨᠴᠡ ᠰᠡᠳᠭᠢᠬᠦᠢ᠎ᠪᠠᠷ ᠪᠤᠬᠢᠷᠳᠤᠯ ᠦᠬᠡᠢ ᠬᠠᠭᠤᠳᠠᠰᠤ᠎ᠶ᠋ᠢ ᠪᠢᠴᠢᠭ᠌ᠯᠡᠨ᠂ 《ᠪᠤᠭᠤᠮᠲᠠ᠎ᠶ᠋ᠢᠨ ᠭᠠᠳᠠᠨᠠᠬᠢ ᠠᠮᠤ ᠪᠤᠳᠠᠭᠠᠨ᠎ᠤ ᠬᠦᠮᠦᠷᠬᠡ》 ᠪᠠᠶᠠᠨᠨᠠᠭᠤᠷ᠎ᠨᠢ ᠪᠤᠬᠢᠷᠳᠤᠯ ᠦᠬᠡᠢ ᠵᠦᠢᠯ᠎ᠢ ᠠᠯᠳᠠ ᠪᠤᠯᠭᠠᠬᠤ ᠲᠦᠯᠬᠢᠬᠦᠷ᠎ᠢ ᠡᠷᠢᠵᠦ᠍ ᠤᠯᠪᠠ᠃

ᠵᠤᠯ ᠵᠢᠷᠭᠠᠯ ᠡᠬᠦᠳᠡᠨ᠎ᠳᠤ ᠢᠷᠡᠯ᠎ᠡ᠃ 《ᠡᠨᠡ ᠪᠤᠯ ᠦᠨᠦᠳᠤᠷ᠎ᠤᠨ ᠬᠠᠳᠤᠬ᠍ᠰᠠᠨ ᠪᠢᠴᠢᠬᠠᠨ ᠴᠠᠭᠠᠨ ᠨᠤᠭᠤᠭ᠎ᠠ᠂ ᠨᠡᠢᠳᠡ 300 ᠵᠢᠩ᠂ ᠯᠦᠩ ᠹᠧᠩ ᠢᠳᠡᠱᠢᠨ ᠨᠤᠭᠤᠭ᠎ᠠ ᠪᠦᠭᠡᠮ᠎ᠢᠶᠠᠷ ᠬᠤᠳᠠᠯᠳᠤᠬᠤ ᠵᠠᠬ᠎ᠠ᠎ᠳᠤ ᠬᠦᠷᠭᠡᠬᠦ᠌᠎ᠪᠠᠷ ᠪᠡᠯᠡᠳᠭᠡᠵᠦ᠍ ᠪᠠᠢᠨ᠎ᠠ᠃ ᠮᠠᠨᠠᠢᠬᠢᠨ ᠨᠡᠢᠳᠡ 8 ᠲᠤᠯᠠᠭᠠᠨ ᠬᠦᠯᠡᠮᠵᠢ᠎ᠲᠠᠢ᠂ ᠨᠢᠳᠤᠨᠤᠨ᠎ᠤ ᠤᠷᠤᠯᠭ᠎ᠠ ᠰᠠᠢᠨ᠃ ᠡᠪᠦᠯ᠎ᠤᠨ ᠲᠠᠷᠢᠬ᠍ᠰᠠᠨ ᠬᠦᠯᠡᠮᠵᠢ᠎ᠶ᠋ᠢᠨ ᠢᠳᠡᠱᠢᠨ ᠨᠤᠭᠤᠭ᠎ᠠ ᠵᠢᠮᠢᠰ᠎ᠶ᠋ᠢᠨ ᠵᠠᠬ᠎ᠠ᠎ᠳᠤ ᠭᠠᠷᠬᠤ ᠬᠦᠭ᠌ᠵᠢᠶᠡᠨᠳᠡᠢ ᠴᠠᠬ ᠪᠤᠯᠤᠯ᠎ᠠ᠂ ᠤᠷᠭᠤᠴᠡ᠎ᠶ᠋ᠢᠨ ᠪᠠᠢᠳᠡᠯ᠎ᠠᠴᠠ ᠦᠵᠡᠬᠦ᠌᠎ᠳᠤ ᠡᠨᠡ ᠵᠢᠯ᠎ᠤᠨ ᠤᠷᠤᠯᠭ᠎ᠠ ᠴᠦ᠍ ᠨᠡᠯᠢᠶᠡᠳ ᠰᠠᠢᠨ ᠪᠤᠯᠤᠨ᠎ᠠ!》 ᠭᠡᠵᠦ᠍ ᠠᠯᠠᠱᠠ ᠵᠡᠬᠦᠨ ᠬᠤᠱᠢᠭᠤᠨ᠎ᠤ ᠪᠡᠶᠡᠨᠨᠠᠭᠤᠷ ᠪᠠᠯᠭᠠᠰᠤᠨ᠎ᠤ ᠬᠦᠳᠡᠭᠡ ᠭᠠᠴᠠᠭᠠᠨ᠎ᠤ ᠬᠦᠯᠡᠮᠵᠢ᠎ᠶ᠋ᠢᠨ ᠲᠠᠷᠢᠮᠠᠯ᠎ᠤᠨ ᠤᠷᠤᠨ᠎ᠤ ᠲᠡᠷᠢᠵᠦ᠍ ᠤᠷᠭᠤᠭᠤᠯᠬᠤ ᠡᠷᠦᠬᠡ᠎ᠶ᠋ᠢᠨ ᠵᠠᠩ ᠯᠢ ᠶᠡᠷᠢᠪᠡ᠃

《ᠮᠠᠨ᠎ᠤ ᠠᠳᠡᠬᠢ ᠤᠯᠠᠭᠠᠨ ᠬᠠᠯᠢᠰᠤᠲᠤ ᠲᠦᠮᠦᠰᠦ᠎ᠶ᠋ᠢᠨ ᠶᠠᠰᠦ ᠴᠢᠨᠠᠷ ᠰᠠᠢᠨ᠂ ᠨᠢᠳᠤᠨᠤᠨ᠎ᠤ ᠨᠢᠭᠡᠨ ᠤᠳᠠᠭᠠᠨ᠎ᠤ ᠲᠠᠷᠢᠶᠠᠯᠠᠩ᠎ᠢ ᠲᠤᠰᠠᠯᠠᠬᠤ ᠬᠦᠳᠡᠯᠭᠡᠭᠡᠨ᠎ᠢ ᠵᠦᠪᠬᠡᠨ 3 ᠡᠳᠦᠷ᠎ᠲᠤ ᠰᠦᠯᠵᠢᠶᠡᠨ ᠳᠡᠭᠡᠷ᠎ᠠ ᠬᠡᠳᠦᠨ ᠲᠦᠮᠡᠨ ᠵᠠᠬᠢᠶᠠᠯᠠᠭ᠎ᠠ᠎ᠶ᠋ᠢ ᠲᠤᠰᠴᠦ᠍ ᠬᠤᠳᠠᠯᠳᠤᠬ᠍ᠰᠠᠨ ᠪᠠᠢᠨ᠎ᠠ᠃ ᠤᠳᠤ ᠡᠯᠧᠺᠳ᠋ᠷᠦᠨ ᠬᠤᠳᠠᠯᠳᠤᠭ᠎ᠠ᠎ᠲᠠᠢ ᠪᠤᠯᠵᠦ᠍᠂ ᠬᠡᠷ᠎ᠠᠴᠠ᠎ᠪᠠᠨ ᠭᠠᠷᠬᠤ ᠦᠬᠡᠢ᠎ᠪᠠᠷ ᠲᠡᠷᠢᠶᠠᠯᠠᠩ᠎ᠤᠨ ᠪᠦᠳᠦᠭᠡᠭ᠌ᠳᠡᠬᠦᠨ᠎ᠢᠶᠠᠨ ᠭᠠᠵᠠᠷ ᠪᠤᠯᠭᠠᠨ᠎ᠳᠤ ᠬᠤᠳᠠᠯᠳᠤᠬᠤ ᠪᠤᠯᠵᠠᠢ》 ᠭᠡᠵᠦ᠍ ᠱᠠᠩᠲᠤ ᠱᠢᠶᠠᠨ᠎ᠤ ᠯᠢᠦᠢ ᠸᠠ ᠲᠠᠷᠢᠶᠠᠯᠠᠩ᠎ᠤᠨ ᠱᠢᠨᠵᠢᠯᠡᠭᠡ ᠮᠡᠷᠬᠡᠵᠢᠯ᠎ᠤᠨ ᠬᠢᠵᠠᠭᠠᠷᠳᠤ ᠬᠠᠷᠢᠭᠤᠴᠠᠯᠭᠠᠲᠤ ᠺᠤᠮᠫᠠᠨᠢ᠎ᠶ᠋ᠢᠨ ᠬᠠᠷᠢᠭᠤᠴᠠᠯᠭᠠᠳᠠᠨ ᠡᠦ ᠵᠠᠨ ᠵᠢᠶᠠᠩ ᠬᠡᠯᠡᠪᠡ᠃ ᠺᠤᠮᠫᠠᠨᠢ᠎ᠨᠢ 2016 ᠤᠨ᠎ᠤ 5 ᠰᠠᠷ᠎ᠠ᠎ᠳᠤ ᠳ᠋ᠦᠩ ᠵᠢᠩ᠂ ᠲᠢᠶᠠᠨ ᠮᠤᠤ ᠵᠡᠷᠭᠡ ᠲᠠᠪᠴᠡᠩ᠎ᠳᠤ 《ᠦᠪᠦᠷ ᠮᠤᠩᠭᠤᠯ ᠳᠡᠮᠳᠡᠭ᠌ᠲᠤ ᠯᠢᠦᠢ ᠸᠠ》 ᠨᠡᠷᠡᠮᠵᠢᠲᠤ ᠳᠡᠯᠭᠡᠭᠦᠷ ᠨᠡᠭᠡᠭᠡᠭ᠌ᠰᠡᠨ᠎ᠤ ᠳᠠᠷᠠᠭ᠎ᠠ᠂ ᠰᠦᠯᠵᠢᠶᠠᠨ᠎ᠤ ᠪᠤᠷᠤᠯᠠᠭᠤᠯᠭ᠎ᠠ᠎ᠨᠢ ᠶᠡᠷᠦᠩᠬᠡᠢ ᠪᠤᠷᠤᠯᠠᠭᠤᠯᠭ᠎ᠠ᠎ᠶ᠋ᠢᠨ᠎ᠢᠶᠠᠨ ᠭᠤᠷᠪᠡᠨ᠎ᠤ ᠨᠢᠬᠡ᠎ᠶ᠋ᠢ ᠡᠵᠡᠯᠡᠵᠡᠢ᠃

《ᠪᠤᠳᠤᠯᠭ᠎ᠠ᠎ᠶ᠋ᠢᠨ ᠤᠬᠠᠭᠠᠨ》 ᠎ᠢ ᠬᠡᠷᠡᠭ᠌ᠯᠡᠭ᠌ᠰᠡᠨ ᠮᠠᠯᠵᠢᠯ᠎ᠤᠨ ᠲᠠᠯᠠᠪᠡᠢ᠎ᠨᠢ ᠶᠠᠮᠠᠷᠬᠠᠨ ᠦᠯᠢᠭᠡᠷ ᠤᠴᠠᠷᠠᠯ᠎ᠲᠠᠢ ᠪᠤᠯᠤᠬ᠍ᠰᠠᠨ ᠪᠤᠢ? ᠤᠳᠤᠬ ᠬᠤᠱᠢᠭᠤᠨ᠎ᠤ ᠤᠯᠠᠭᠠᠨ ᠪᠠᠯᠭᠠᠰᠤᠨ᠎ᠤ ᠰᠠᠢᠬᠠᠨᠲᠠᠯ᠎ᠠ ᠭᠠᠴᠠᠭᠠᠨ᠎ᠤ ᠮᠠᠯᠴᠢᠨ ᠬᠠᠨ · ᠳᠡᠯᠭᠡᠷ ᠬᠤᠨᠢᠨ᠎ᠤ ᠬᠠᠱᠢᠶᠠᠨ᠎ᠳᠤ᠎ᠪᠠᠨ 《ᠬᠤᠨᠢ ᠲᠤᠭᠠᠯᠠᠬᠤ》 ᠮᠠᠱᠢᠨ ᠤᠬ᠍ᠰᠠᠷᠠᠵᠦ᠍᠂ ᠬᠤᠨᠢ ᠪᠤᠯᠭᠠᠨ᠎ᠳᠤ 《ᠪᠡᠶ᠎ᠠ᠎ᠶ᠋ᠢᠨ ᠦᠨᠡᠮᠯᠡᠯ》 ᠵᠡᠬᠦᠯᠭᠡᠵᠦ᠍᠂ ᠲᠤᠭ᠍ᠲᠠᠬ᠍ᠰᠠᠨ ᠭᠠᠵᠠᠷ᠎ᠢᠶᠠᠷ ᠦᠩᠬᠡᠷᠡᠬᠦᠯᠬᠦ᠌᠎ᠳᠤ 《ᠴᠡᠭᠢᠯᠭᠠᠨ ᠨᠢᠳᠤᠨ》 ᠎ᠳᠤ ᠦᠵᠡᠭ᠌ᠳᠡᠨ᠂ ᠬᠤᠨᠢᠨ᠎ᠤ ᠲᠤᠭ᠎ᠠ᠂ ᠡᠷᠡᠬᠦᠯ ᠮᠡᠨᠳᠤ ᠵᠡᠷᠭᠡ ᠲᠤᠭ᠎ᠠ ᠪᠠᠷᠢᠮᠲᠠ᠎ᠨᠢ ᠴᠠᠭ ᠲᠤᠬᠠᠢ᠎ᠳᠤᠨᠢ 《ᠮᠦ᠍ ᠵᠠᠩ ᠭᠦᠢ》 APP ᠎ᠳᠤ ᠳᠠᠮᠵᠢᠭᠤᠯᠤᠬ᠍ᠳᠠᠨ᠎ᠠ᠃ 《ᠡᠬᠦᠨ᠎ᠢ ᠤᠶᠤᠨᠴᠢ ᠮᠠᠯᠵᠢᠯ᠎ᠤᠨ ᠦᠢᠯᠡᠰ ᠬᠡᠨ᠎ᠠ》 ᠬᠡᠵᠦ᠍ ᠲᠠᠷᠡ ᠬᠡᠯᠡᠪᠡ᠃

ᠤᠷᠤᠬ᠍ᠰᠢᠯᠲᠡ᠎ᠶ᠋ᠢᠨ ᠠᠯᠬᠤᠭ᠎ᠠ ᠡᠢᠮᠦ᠍ ᠯᠡ ᠡᠷᠴᠢ ᠬᠦᠴᠦᠳᠡᠢ; ᠰᠠᠢᠨ ᠰᠠᠢᠬᠠᠨ ᠲᠦᠷᠬᠦ᠌ ᠡᠢᠮᠦ᠍ ᠯᠡ ᠲᠤᠪ ᠳᠤᠳᠤᠬᠠᠨ; ᠨᠤᠮᠢᠨ ᠨᠤᠭᠤᠭᠠᠨ ᠠᠭᠤᠯᠠ ᠤᠰᠤ᠂ ᠦᠵᠡᠮᠵᠢ᠎ᠨᠢ ᠭᠤᠢᠳᠡ ᠬᠦᠮᠦᠨ ᠠᠷᠠᠳ᠎ᠨᠢ ᠳᠤᠲᠤᠨᠤ᠂ ᠱᠢᠯᠦᠭ᠌ᠯᠢᠭ ᠰᠠᠢᠬᠠᠨ ᠰᠠᠭᠤᠷᠢᠱᠢᠯ᠂ ᠱᠢᠯᠦᠭ᠌ᠴᠢ᠎ᠶ᠋ᠢᠨ ᠪᠢᠷ᠎ᠤᠨ ᠦᠵᠦᠬᠦᠷ᠎ᠲᠠᠬᠢ ᠷᠤᠮᠠᠨᠲ᠋ᠢᠭ ᠬᠡᠢᠰᠪᠦᠷᠢ ᠮᠦᠷᠦᠭᠡᠳᠦᠯ ᠪᠢᠰᠢ᠂ ᠬᠠᠷᠢᠨ ᠲᠤᠭᠠᠨ᠎ᠠᠴᠠ ᠴᠢᠨᠡᠷ᠂ ᠶᠡᠭᠡ᠎ᠠᠴᠠ ᠬᠦᠴᠦᠷᠭᠡᠭ ᠪᠤᠯᠤᠭ᠎ᠠ ᠨᠢᠳᠦ ᠬᠢᠯᠡᠰᠦᠮ᠎ᠠ ᠪᠤᠳᠠᠳᠤ ᠤᠷᠤᠱᠢᠬᠤᠢ ᠮᠦᠨ᠃

ᠦᠢᠯᠡᠳᠪᠦᠷᠢᠯᠡᠯ᠎ᠤᠨ ᠭᠠᠵᠷ᠎ᠢ ᠴᠡᠪᠡᠷᠱᠢᠬᠦᠯᠪᠡ᠃ ᠬᠢᠮᠢ᠎ᠶ᠋ᠢᠨ ᠪᠤᠷᠳᠤᠭᠤᠷ᠂ ᠲᠠᠷᠢᠶᠠᠯᠠᠩ᠎ᠤᠨ ᠡᠮ᠎ᠢ ᠬᠡᠷᠡᠭ᠌ᠯᠡᠬᠦ᠌ ᠬᠡᠮᠵᠢᠶ᠎ᠠ 3 ᠵᠢᠯ ᠲᠠᠷᠠᠭᠠᠯᠠᠨ ᠰᠦᠷᠬᠡᠬᠦ᠌ ᠨᠡᠮᠡᠭ᠌ᠳᠡᠯ᠎ᠲᠠᠢ ᠪᠤᠯᠵᠦ᠍᠂ ᠦᠨᠳᠦᠷ ᠦᠷ᠎ᠠ ᠠᠱᠢᠬ᠍ᠲᠤ ᠤᠰᠤ ᠠᠷᠪᠢᠯᠠᠬᠤ ᠲᠠᠯᠠᠪᠡᠢ᠎ᠨᠢ 2811 ᠲᠦᠮᠡᠨ ᠮᠦ᠍᠎ᠳᠤ ᠬᠦᠷᠴᠦ᠍᠂ ᠡᠰᠢ ᠰᠦᠷᠡᠯ᠎ᠢ ᠶᠡᠷᠦᠩᠬᠡᠢᠯᠡᠨ ᠠᠱᠢᠬ᠍ᠯᠠᠬᠤ ᠨᠤᠷᠮ᠎ᠠ᠎ᠨᠢ 85% ᠎ᠢ ᠳᠠᠪᠠᠵᠦ᠍᠂ ᠰᠦᠯᠢᠶᠤᠤ ᠪᠦᠷᠬᠦᠪᠴᠢ᠎ᠢ ᠬᠤᠷᠢᠶᠠᠨ ᠠᠪᠤᠬ᠍ᠰᠠᠨ ᠨᠤᠷᠮ᠎ᠠ᠎ᠨᠢ 80% ᠎ᠳᠤ ᠬᠦᠷᠴᠦ᠍᠂ ᠭᠡᠷ᠎ᠤᠨ ᠲᠡᠵᠢᠭᠡᠪᠦᠷᠢ᠎ᠶ᠋ᠢᠨ ᠢᠯᠭᠠᠭᠠᠳᠠᠰᠦ᠎ᠶ᠋ᠢ ᠶᠡᠷᠦᠩᠬᠡᠢᠯᠡᠨ ᠠᠱᠢᠬ᠍ᠯᠠᠬᠤ ᠨᠤᠷᠮ᠎ᠠ᠎ᠨᠢ 86.58% ᠎ᠳᠤ ᠬᠦᠷᠴᠡᠢ᠃

ᠨᠡᠮᠡᠵᠦ᠍ ᠬᠠᠰᠤᠬᠤ᠎ᠶ᠋ᠢ ᠬᠤᠪᠢᠰᠭᠠᠪᠠ᠃ 2020 ᠤᠨ᠎ᠳᠤ ᠪᠤᠬᠢᠷᠳᠤᠯ ᠦᠬᠡᠢ᠂ ᠤᠷᠭᠠᠨᠢᠭ ᠪᠤᠯᠤᠨ ᠭᠠᠵᠠᠷ ᠵᠦᠢ᠎ᠶ᠋ᠢᠨ ᠢᠯᠡᠷᠬᠡᠢᠯᠡᠯᠳᠦ ᠲᠠᠷᠢᠶᠠᠯᠠᠩ᠎ᠤᠨ ᠪᠦᠲᠦᠭᠡᠭ᠌ᠳᠡᠬᠦᠨ᠎ᠤ ᠪᠠᠢᠭᠤᠯᠤᠯᠭ᠎ᠠ 1005 ᠪᠤᠯᠵᠦ᠍᠂ ᠪᠦᠲᠦᠭᠡᠭ᠌ᠳᠡᠬᠦᠨ᠎ᠤ ᠶᠡᠷᠦᠩᠬᠡᠢ ᠲᠤᠭ᠎ᠠ 2136 ᠎ᠳᠤ ᠬᠦᠷᠴᠦ᠍᠂ ᠶᠡᠷᠦᠩᠬᠡᠢ ᠬᠡᠮᠵᠢᠶ᠎ᠠ᠎ᠨᠢ 913.21 ᠲᠦᠮᠡᠨ ᠲᠤᠨ᠎ᠳᠤ ᠬᠦᠷᠪᠡ᠃ ᠤᠷᠭᠠᠨᠢᠭ ᠪᠤᠲᠦᠭᠡᠭ᠌ᠳᠡᠬᠦᠨ᠎ᠤ ᠭᠠᠷᠤᠯᠲᠠ ᠪᠦᠬᠦ᠌ ᠤᠯᠤᠰ᠎ᠤᠨ ᠲᠡᠷᠢᠬᠦᠨ᠎ᠳᠤ ᠤᠷᠤᠵᠦ᠍᠂ ᠦᠨᠢᠶᠡᠨ ᠰᠦ᠂ ᠬᠤᠨᠢᠨ ᠮᠢᠬ᠎ᠠ᠂ ᠢᠮᠠᠭᠠᠨ ᠨᠤᠤᠰᠤ᠂ ᠡᠪᠡᠰᠦᠨ᠎ᠤ ᠦᠢᠯᠡᠰ᠎ᠤᠨ ᠭᠠᠷᠤᠯᠲᠠ ᠪᠦᠷ ᠪᠦᠬᠦ᠌ ᠤᠯᠤᠰ᠎ᠤᠨ ᠲᠡᠷᠢᠬᠦᠨ᠎ᠳᠤ ᠤᠷᠤᠵᠦ᠍᠂ ᠪᠦᠬᠦ᠌ ᠤᠯᠤᠰ᠎ᠤᠨ ᠬᠡᠷᠡᠭ᠌ᠯᠡᠭᠡᠨ᠎ᠤ ᠵᠠᠬ᠎ᠠ ᠳᠡᠯᠭᠡᠬᠦᠷ᠎ᠤᠨ ᠲᠦᠷᠪᠡᠨ᠎ᠤ ᠨᠢᠭᠡ ᠤᠷᠴᠢᠮ᠎ᠤᠨ ᠬᠤᠨᠢᠨ ᠮᠢᠬ᠎ᠠ᠂ ᠲᠠᠪᠤᠨ᠎ᠤ ᠨᠢᠭᠡ ᠤᠷᠴᠢᠮ᠎ᠤᠨ ᠦᠨᠢᠶᠡᠨ ᠰᠦ᠎ᠶ᠋ᠢ ᠦᠪᠦᠷ ᠮᠤᠩᠭᠤᠯ ᠬᠠᠩᠭᠠᠳᠠᠭ᠃

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠬᠦᠭ᠌ᠵᠢᠬᠦᠯᠪᠡ᠃ ᠲᠠᠷᠢᠶᠠᠯᠠᠩ᠎ᠤᠨ ᠱᠢᠨᠵᠢᠯᠡᠭᠡ ᠮᠡᠷᠭᠡᠵᠢᠯ᠎ᠤᠨ ᠲᠠᠪᠱᠢᠯᠲᠠ᠎ᠶ᠋ᠢᠨ ᠨᠤᠷᠮ᠎ᠠ 57% ᠎ᠳᠤ ᠬᠦᠷᠪᠡ; ᠲᠠᠷᠢᠮᠠᠯ᠎ᠤᠨ ᠵᠦᠢᠯᠡᠰ᠎ᠤᠨ ᠲᠠᠷᠢᠵᠦ᠍ ᠬᠤᠷᠢᠶᠠᠬᠤ ᠠᠵᠢᠯ᠎ᠤᠨ ᠶᠡᠷᠦᠩᠬᠡᠢ ᠮᠧᠬᠠᠨᠢᠬ᠍ᠵᠢᠯᠲᠠ᠎ᠶ᠋ᠢᠨ ᠬᠡᠮᠵᠢᠶ᠎ᠠ᠎ᠨᠢ 86% ᠪᠠᠢᠬ᠍ᠰᠠᠨ᠎ᠠᠴᠠ᠎ᠪᠠᠨ ᠪᠦᠬᠦ᠌ ᠤᠯᠤᠰ᠎ᠤᠨ ᠳᠤᠮᠳᠠᠴᠢ ᠲᠦᠪᠱᠢᠨ᠎ᠠᠴᠠ 15 ᠵᠠᠭᠤᠨ᠎ᠤ ᠬᠤᠪᠢ ᠲᠠᠪᠠᠵᠡᠢ; ᠪᠤᠭᠤᠳᠠᠢ᠂ ᠡᠷᠳᠡᠨᠢ ᠱᠢᠰᠢ᠂ ᠲᠦᠮᠦᠰᠦ ᠭᠡᠬᠦ᠌ ᠭᠤᠷᠪᠠᠨ ᠶᠡᠭᠡ ᠲᠠᠷᠢᠮᠠᠯ᠎ᠤᠨ ᠲᠠᠷᠢᠵᠦ᠍ ᠬᠤᠷᠢᠶᠠᠬᠤ ᠶᠡᠷᠦᠩᠬᠡᠢᠯᠡᠭ᠌ᠰᠡᠨ ᠮᠧᠬᠠᠨᠢᠬ᠍ᠵᠢᠯᠲᠠ᠎ᠶ᠋ᠢᠨ ᠨᠤᠷᠮ᠎ᠠ᠎ᠨᠢ ᠲᠤᠰ ᠲᠤᠰ 99%᠂ 90% ᠪᠤᠯᠤᠨ 82% ᠎ᠲᠤ ᠬᠦᠷᠴᠡᠢ᠃

《ᠠᠷᠪᠡᠨ ᠲᠦᠷᠪᠡᠳᠦᠭᠡᠷ ᠲᠠᠪᠤᠨ ᠵᠢᠯ》 ᠎ᠤᠨ ᠡᠬᠢᠯᠡᠯᠲᠡ᠎ᠶ᠋ᠢᠨ ᠬᠤᠭᠤᠴᠠᠭᠠᠨ᠎ᠳᠤ᠂ ᠱᠢᠨ᠎ᠡ ᠬᠦᠭ᠌ᠵᠢᠯᠳᠡ᠎ᠶ᠋ᠢᠨ ᠱᠠᠳᠤ ᠦᠶ᠎ᠡ᠎ᠶ᠋ᠢ ᠤᠨᠤᠪᠴᠢᠲᠠᠢ ᠡᠵᠡᠮᠱᠢᠵᠦ᠍᠂ ᠱᠢᠨ᠎ᠠ ᠬᠦᠭ᠌ᠵᠢᠯᠳᠡ᠎ᠶ᠋ᠢᠨ ᠤᠢ᠍ᠢᠯᠠᠭᠠᠬ᠍ᠳᠠᠬᠤᠨ᠎ᠢ ᠬᠦᠨᠵᠡᠭᠡᠢ ᠲᠤᠭᠤᠱᠢᠯᠠᠭᠤᠯᠤᠨ᠂ ᠱᠢᠨ᠎ᠠ ᠬᠦᠭ᠌ᠵᠢᠯᠳᠡ᠎ᠶ᠋ᠢᠨ ᠪᠠᠢᠳᠠᠯ᠎ᠳᠤ ᠲᠦᠷᠭᠡᠨ ᠠᠭᠤᠰᠤᠯᠴᠠᠵᠦ᠍᠂ ᠤᠯᠤᠰ᠎ᠤᠨ ᠴᠢᠬᠤᠯᠠ ᠮᠠᠯ᠎ᠤᠨ ᠠᠱᠢᠬ ᠱᠢᠮ᠎ᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠠᠢᠭᠤᠯᠬᠤ᠎ᠳᠤ᠂ ᠶᠠᠭᠤ ᠬᠢᠬᠦ᠌ ᠪᠤᠢ? ᠬᠡᠷᠬᠢᠨ ᠬᠢᠬᠦ᠌ ᠪᠤᠢ? ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠠᠰᠠᠭ᠎ᠤᠨ ᠤᠷᠳᠤᠨ ᠬᠦᠭ ᠠᠢᠵᠠᠮ᠎ᠢ ᠳᠤᠬ᠍ᠳᠠᠭᠠᠵᠦ᠍ ᠪᠠᠢᠨ᠎ᠠ᠃

《ᠨᠤᠭᠤᠭᠠᠨ ᠦᠩᠭᠡ ᠪᠤᠯ ᠮᠠᠨ᠎ᠤ ᠬᠠᠮᠤᠭ᠎ᠤᠨ ᠶᠡᠭᠡ ᠡᠳ᠋ ᠪᠠᠶᠠᠯᠢᠭ ᠮᠦᠨ᠂ ᠰᠠᠢᠨ ᠰᠠᠢᠬᠠᠨ ᠠᠮᠢ ᠠᠬᠤᠢ᠎ᠶ᠋ᠢᠨ ᠤᠷᠴᠢᠨ ᠲᠤᠭᠤᠷᠢᠨ ᠪᠤᠯ ᠬᠠᠮᠤᠭ᠎ᠠᠴᠠ ᠠᠱᠢᠬ ᠬᠦᠷᠳᠡᠭᠡᠬᠦ᠌ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ ᠮᠦᠨ᠂ ᠪᠢᠳᠡ ᠡᠷᠬᠡᠪᠰᠢ ᠲᠠᠯ᠎ᠠ ᠨᠤᠲᠤᠭ᠂ ᠤᠢ ᠱᠢᠭᠤᠢ᠂ ᠭᠤᠤᠯ ᠮᠦᠷᠡᠨ᠂ ᠨᠠᠭᠤᠷ ᠪᠦᠷᠢᠲᠦ᠎ᠪᠠᠨ ᠰᠠᠢᠳᠤᠷ ᠬᠠᠮᠠᠭᠠᠯᠠᠨ᠂ ᠦᠪᠦᠷ ᠮᠤᠩᠭᠤᠯ᠎ᠤᠨ ᠡᠨᠡᠬᠦ᠌ ᠨᠤᠮᠢᠨ ᠨᠤᠭᠤᠭᠠᠨ᠂ ᠬᠦᠬᠡᠮᠳᠦᠭ᠂ ᠠᠷᠢᠭᠤᠨ ᠲᠠᠭ᠍ᠱᠢᠨ ᠠᠭᠤᠯᠠ ᠤᠰᠤ᠎ᠪᠠᠨ ᠬᠠᠮᠠᠭᠠᠯᠠᠨ᠂ ᠬᠦᠮᠦᠨ ᠪᠠᠢᠭᠠᠯᠢ ᠡᠶ᠎ᠡ ᠵᠤᠬᠢᠴᠠᠩᠭᠤᠢ ᠬᠠᠮᠳᠤᠪᠡᠷ ᠤᠷᠤᠱᠢᠬᠤ ᠦᠵᠡᠰᠭᠦᠯᠡᠩᠲᠤ ᠰᠠᠢᠬᠠᠨ ᠭᠡᠷ ᠤᠷᠤᠨ᠎ᠢᠶᠠᠨ ᠴᠢᠷᠮᠠᠢᠨ ᠪᠦᠲᠦᠭᠡᠨ ᠪᠠᠢᠭᠤᠯᠬᠤ ᠬᠡᠷᠡᠭ᠌ᠳᠡᠢ᠃》

《ᠪᠤᠬᠢᠷᠳᠤᠯ ᠦᠬᠡᠢ ᠤᠨᠴᠠᠯᠢᠬ᠍ᠲᠤ ᠦᠪᠡᠷᠮᠢᠴᠡ ᠲᠠᠪᠠᠭᠤᠯᠢᠬ ᠤᠳᠤᠬᠢᠴᠢᠯᠠᠬ᠍ᠰᠠᠨ ᠠᠵᠦ᠍ ᠦᠢᠯᠡᠰ᠎ᠤᠨ ᠱᠢᠰᠲ᠋ᠧᠮ᠎ᠢ ᠪᠠᠢᠭᠤᠯᠵᠦ᠍᠂ 〈ᠬᠤᠶᠠᠷ ᠰᠠᠭᠤᠷᠢᠨ〉 ᠎ᠤ ᠪᠤᠬᠢᠷᠳᠤᠯ ᠦᠬᠡᠢ ᠬᠦᠭ᠌ᠵᠢᠯᠲᠠ᠎ᠶ᠋ᠢᠨ ᠴᠢᠨᠠᠷ ᠰᠠᠢᠲᠠᠢ ᠬᠦᠭ᠌ᠵᠢᠯᠳᠡ᠎ᠶ᠋ᠢ ᠠᠬᠢᠭᠤᠯᠬᠤ ᠬᠡᠷᠡᠭ᠌ᠳᠡᠢ᠃ ᠠᠮᠢ ᠠᠬᠤᠢ᠎ᠶ᠋ᠢ ᠲᠡᠷᠢᠬᠦᠨ᠎ᠳᠤ ᠲᠠᠯᠪᠢᠬᠤ᠂ ᠪᠤᠬᠢᠷᠳᠤᠯ ᠦᠬᠡᠢ ᠬᠦᠭ᠌ᠵᠢᠯᠳᠡ᠎ᠪᠠᠷ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠲᠡᠪᠱᠢᠬᠦ᠌᠎ᠶ᠋ᠢ ᠤᠳᠤᠷᠢᠳᠤᠨ ᠠᠬᠢᠭᠤᠯᠬᠤ᠎ᠶ᠋ᠢ ᠪᠠᠷᠢᠮᠲᠠᠯᠠᠵᠤ᠂ ᠡᠨᠧᠷᠬᠢ ᠪᠤᠯᠤᠨ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠢ ᠱᠢᠯᠢᠭ᠌ᠳᠡᠵᠢᠬᠦᠯᠤᠨ ᠲᠠᠰ ᠲᠠᠪᠱᠢᠬᠦ᠌᠎ᠶ᠋ᠢ ᠠᠭᠢᠭᠤᠯᠵᠦ᠍᠂ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠬ ᠱᠢᠮ᠎ᠠ᠎ᠶ᠋ᠢᠨ ᠰᠠᠭᠤᠷᠢᠨ ᠭᠠᠵᠠᠷ᠎ᠤᠨ ᠴᠢᠨᠠᠷ ᠰᠠᠢᠳᠠᠢ ᠦᠨᠳᠦᠷ ᠦᠷ᠎ᠠ ᠠᠱᠢᠬ᠍ᠲᠤ ᠬᠡᠯᠪᠡᠷᠢ᠎ᠶ᠋ᠢᠨ ᠬᠤᠪᠢᠷᠠᠭᠤᠯᠤᠯᠲᠠ᠎ᠶ᠋ᠢ ᠠᠬᠢᠭᠤᠯᠵᠦ᠍᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠠ᠎ᠪᠠᠷ ᠮᠠᠨᠳᠤᠬ᠍ᠰᠠᠨ ᠠᠵᠤ ᠦᠢᠯᠡᠰ ᠪᠤᠯᠤᠨ ᠲᠡᠷᠢᠬᠦᠨ᠎ᠤ ᠦᠢᠯᠡᠳᠬᠦ᠌ ᠦᠢᠯᠡᠰ᠎ᠤᠨ ᠠᠵᠦ᠍ ᠦᠢᠯᠡᠰ᠎ᠤᠨ ᠬᠦᠭ᠌ᠵᠢᠯᠳᠡ᠎ᠶ᠋ᠢ ᠠᠬᠢᠭᠤᠯᠤᠨ᠂ ᠤᠳᠤ ᠦᠶ᠎ᠡ᠎ᠶ᠋ᠢᠨ ᠦᠢᠯᠡᠴᠢᠯᠡᠭᠡᠨ᠎ᠤ ᠦᠢᠯᠡᠰ᠎ᠢ ᠬᠦᠭ᠌ᠵᠢᠬᠦᠯᠵᠦ᠍᠂ ᠲᠤᠭᠠᠴᠢᠯᠠᠬ᠍ᠰᠠᠨ ᠬᠦᠭ᠌ᠵᠢᠯᠳᠡ᠎ᠶ᠋ᠢ ᠠᠬᠢᠭᠤᠯᠵᠤ᠂ ᠰᠠᠭᠤᠷᠢ ᠲᠦᠬᠦᠭᠡᠷᠦᠮᠵᠢ᠎ᠶ᠋ᠢᠨ ᠪᠠᠢᠭᠤᠯᠤᠯᠲᠠ᠎ᠶ᠋ᠢ ᠨᠢᠬᠡᠳᠦᠯᠳᠡᠢ ᠲᠦᠯᠦᠪᠵᠢᠬᠦᠯᠦᠨ ᠠᠬᠢᠭᠤᠯᠵᠦ᠍᠂ ᠤᠯᠠᠨ ᠡᠱᠢᠳᠤ ᠬᠦᠭ᠌ᠵᠢᠯᠳᠡ᠂ ᠤᠯᠠᠨ ᠲᠦᠢᠯᠱᠢᠷᠠᠯ᠎ᠢᠶᠠᠷ ᠲᠤᠯᠭᠠᠭᠤᠷᠢᠯᠠᠯ ᠪᠤᠯᠭᠠᠬ᠍ᠰᠠᠨ ᠤᠳᠤ ᠦᠶ᠎ᠡ᠎ᠶ᠋ᠢᠨ ᠠᠵᠦ᠍ ᠦᠢᠯᠡᠰ᠎ᠤᠨ ᠱᠢᠨ᠎ᠠ ᠱᠢᠰᠲ᠋ᠧᠮ᠎ᠢ ᠪᠦᠷᠢᠯᠳᠦᠬᠦᠯᠵᠦ᠍᠂ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ ᠪᠤᠯᠤᠨ ᠡᠨᠧᠷᠬᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠤᠨ ᠠᠮᠤᠷ ᠲᠦᠪᠱᠢᠨ᠎ᠢ ᠨᠡᠩ ᠰᠠᠢᠨ ᠪᠠᠳᠤᠯᠠᠬᠤ ᠬᠡᠷᠡᠭ᠌ᠳᠡᠢ》᠃

ᠲᠦᠮᠡᠨ ᠪᠤᠳᠠᠰ ᠬᠠᠪᠤᠷ ᠠᠮᠢᠯᠠᠨ ᠨᠠᠮᠤᠷ ᠦᠷᠡᠯᠡᠨ᠎ᠠ᠃ ᠤᠯᠤᠰ᠎ᠤᠨ ᠴᠢᠬᠤᠯᠠ ᠮᠠᠯ᠎ᠤᠨ ᠠᠱᠢᠬ ᠱᠢᠮ᠎ᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠰᠠᠭᠤᠷᠢᠨ᠎ᠢ ᠪᠠᠢᠭᠤᠯᠬᠤ ᠨᠡᠩ ᠤᠷᠳᠤ ᠵᠠᠮᠨᠠᠯ ᠨᠢᠭᠡᠨᠳᠡ ᠡᠬᠢᠯᠡᠪᠡ᠂ ᠨᠡᠩ ᠬᠦᠴᠦᠳᠡᠢ ᠠᠢᠵᠠᠮ ᠴᠤᠬᠢᠯᠭ᠎ᠠ ᠠᠷᠤ᠎ᠳᠤ ᠪᠤᠢ᠃

ᠭᠤᠢᠳᠠ ᠦᠵᠡᠭ᠌ᠳᠡᠯ ᠢᠯᠡᠷᠡᠯ᠎ᠡ — ᠲᠤᠷᠤᠨ᠎ᠠ᠎ᠶ᠋ᠢᠨ ᠤᠷᠢᠬᠠᠨ ᠰᠠᠯᠬᠢᠨ᠎ᠳᠤ ᠬᠠᠪᠤᠷ᠎ᠤᠨ ᠬᠤᠷ᠎ᠠ ᠪᠠᠭᠤᠵᠤ᠂ ᠬᠥᠯᠥᠰᠥᠨ ᠳᠤᠰᠤᠯ᠎ᠲᠠᠢ ᠳᠠᠷᠢᠶᠠᠨ ᠳᠠᠯᠠᠩ᠎ᠠᠴᠠ ᠠᠯᠳᠠ ᠤᠷᠭᠤᠨ᠎ᠠ᠃ 《ᠶᠡᠬᠡᠰᠭᠡᠬᠦ᠌》 ᠪᠠ 《ᠪᠢᠯᠬᠠᠬᠤ》 ᠎ᠶ᠋ᠢᠨ ᠨᠦᠯᠦᠭᠡᠯᠡᠯ ᠢᠯᠡᠳᠳᠡ ᠢᠯᠡᠷᠡᠵᠤ᠂ ᠥᠪᠥᠷ ᠮᠣᠩᠭᠤᠯ᠎ᠢᠶᠠᠨ ᠬᠠᠢᠷᠠᠯᠠᠬᠤ ᠬᠦᠢᠴᠡᠳ ᠳᠠᠨᠢᠯᠳᠠ᠎ᠲᠠᠢ ᠪᠤᠯᠤᠯ᠎ᠠ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号