ᠵᠠᠬ᠎ᠠ ᠳᠡᠯᠭᠡᠭᠦᠷᠵᠢᠭ᠌ᠰᠡᠨ ᠬᠠᠤᠯᠢᠵᠢᠭ᠍ᠰᠠᠨ ᠳᠡᠯᠡᠬᠡᠢᠵᠢᠭ᠌ᠰᠡᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠲᠦᠷᠭᠡᠨ ᠪᠤᠢ ᠪᠤᠯᠭᠠᠶ᠎ᠠ
2021-04-14 08:58:37
ᠵᠣᠬᠢᠶᠠᠭ᠍ᠴᠢ᠄
ᠪᠦᠦ ᠰᠡᠴᠡᠨ
ᠣᠩᠱᠢᠭ᠍ᠰᠠᠨ ᠣᠳᠠᠭ᠎ᠠ᠄
★★★☆☆

ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌᠎ᠪᠠᠷ ᠰᠠᠭᠤᠷᠢ ᠪᠣᠯᠭᠠᠨ ᠥᠭᠡᠷᠡᠴᠢᠯᠡᠯᠲᠡ ᠨᠡᠬᠡᠬᠡᠯᠳᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠪᠣᠯ ᠮᠠᠨ᠎ᠤ ᠣᠷᠣᠨ᠎ᠤ ᠦᠢᠯᠡᠴᠢᠯᠡᠭᠡᠨ᠎ᠤ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠠᠭᠤᠰᠤᠯᠴᠠᠬᠤ᠂ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢᠨ ᠴᠢᠬᠤᠯᠠ ᠤᠷᠢᠲᠠᠯ ᠮᠥᠨ᠃ ᠶᠡᠷᠦᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ᠂ ᠥᠪᠥᠷ ᠮᠣᠩᠭᠤᠯ ᠥᠭᠡᠷᠡᠴᠢᠯᠡᠯᠲᠡ ᠨᠡᠭᠡᠭᠡᠯᠳᠠ᠎ᠪᠠᠨ ᠭᠦᠨᠵᠡᠭᠡᠢᠷᠡᠭᠦᠯᠵᠦ᠍᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠵᠦ᠍᠂ ᠥᠨᠳᠥᠷ ᠲᠦᠪᠱᠢᠨ ᠪᠦᠬᠦᠢ ᠨᠡᠭᠡᠭᠡᠯᠳᠠ᠎ᠪᠠᠷ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠪᠢᠳᠡ ᠡᠷᠬᠡᠪᠰᠢ ᠶᠡᠷᠦᠩᠬᠡᠶ ᠱᠦᠵᠢ᠎ᠶ᠋ᠢᠨ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠵᠢᠷᠤᠮᠯᠠᠨ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠤᠨ ᠲᠣᠪᠤᠢᠮ᠎ᠠ ᠪᠣᠭᠤᠮᠢ ᠬᠢᠵᠠᠭᠠᠷᠯᠠᠯ᠎ᠢ ᠡᠷᠡᠰ ᠠᠷᠢᠯᠭᠠᠪᠠᠯ ᠵᠤᠬᠢᠨ᠎ᠠ᠃ ᠪᠠᠢᠭᠤᠯᠤᠮᠵᠢ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠎ᠠᠴᠠ ᠭᠠᠷᠳᠠᠵᠤ᠂ ᠪᠦᠲᠦᠮᠵᠢᠲᠡᠢ ᠵᠠᠬ᠎ᠠ ᠳᠡᠯᠭᠡᠭᠦᠷ ᠪᠣᠯᠤᠨ ᠪᠦᠲᠦᠮᠵᠢᠲᠡᠢ ᠵᠠᠰᠠᠭ᠎ᠤᠨ ᠣᠷᠳᠣᠨ᠎ᠤ ᠨᠡᠩ ᠰᠠᠢᠨ ᠤᠶᠠᠯᠳᠤᠯ᠎ᠢ ᠠᠬᠢᠭᠤᠯᠬᠤ ᠬᠡᠷᠡᠭ᠌ᠲᠡᠢ᠃ ᠵᠠᠬ᠎ᠠ ᠳᠡᠯᠭᠡᠭᠦᠷ᠎ᠲᠤ ᠣᠷᠣᠬᠤ᠎ᠶ᠋ᠢ ᠵᠥᠪᠱᠢᠶᠡᠷᠡᠬᠦ᠌ ᠨᠠᠵᠠᠭᠠᠶ ᠲᠠᠯ᠎ᠠ᠎ᠶ᠋ᠢᠨ ᠨᠠᠷᠢᠨ ᠲᠠᠩᠰᠠ᠎ᠶ᠋ᠢᠨ ᠲᠦᠷᠢᠮ᠎ᠢ ᠪᠥᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠲᠥᠪ ᠭᠤᠣᠯᠴᠢ ᠢᠯᠡ ᠲᠣᠳᠣ ᠵᠠᠬ᠎ᠠ ᠳᠡᠯᠭᠡᠭᠦᠷ᠎ᠤᠨ ᠣᠷᠴᠢᠨ ᠨᠥᠬᠦᠴᠡᠯ᠎ᠢ ᠪᠤᠢ ᠪᠣᠯᠭᠠᠵᠤ᠂ ᠵᠠᠬ᠎ᠠ ᠳᠡᠯᠭᠡᠭᠦᠷ᠎ᠢᠶᠠᠷ ᠤᠳᠤᠷᠢᠳᠤᠮᠵᠢ ᠪᠣᠯᠭᠠᠭ᠍ᠰᠠᠨ ᠪᠡᠯᠡ ᠣᠷᠣᠭᠤᠯᠤᠯᠲᠠ᠎ᠶ᠋ᠢᠨ ᠳᠣᠲᠣᠭᠠᠳᠤ ᠨᠡᠮᠡᠭ᠌ᠳᠡᠯ᠎ᠤᠨ ᠲᠣᠭ᠍ᠲᠠᠴᠠ᠎ᠶ᠋ᠢ ᠪᠤᠢ ᠪᠣᠯᠭᠠᠬᠤ᠎ᠶ᠋ᠢ ᠠᠬᠢᠭᠤᠯᠤᠨ᠎ᠠ᠃ ᠵᠠᠰᠠᠭ᠎ᠤᠨ ᠣᠷᠳᠣᠨ᠎ᠤ ᠡᠭᠦᠷᠭᠡ ᠴᠢᠳᠠᠮᠵᠢ᠎ᠶ᠋ᠢ ᠲᠦᠷᠭᠡᠳᠭᠡᠨ ᠬᠤᠪᠢᠷᠠᠭᠤᠯᠵᠤ᠂ 《ᠲᠠᠯᠪᠢᠬᠤ ᠬᠠᠮᠢᠶᠠᠷᠬᠤ ᠦᠢᠯᠡᠴᠢᠯᠡᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠵᠠᠰᠠᠭ ᠵᠠᠬᠢᠷᠭᠠᠨ᠎ᠤ ᠵᠥᠪᠱᠢᠶᠡᠷᠡᠯ᠎ᠤᠨ ᠵᠦᠢᠯᠡᠰ᠎ᠢ ᠪᠦᠬᠦᠨ᠎ᠢ ᠨᠠᠷᠢᠨ ᠲᠠᠩᠰᠠ᠎ᠶ᠋ᠢᠨ ᠬᠠᠮᠢᠶᠠᠷᠤᠯᠲᠠ᠎ᠳᠤ ᠣᠷᠣᠭᠤᠯᠤᠨ᠂ ᠠᠵᠤ ᠠᠬᠤᠢᠯᠠᠯ᠎ᠳᠤ ᠬᠤᠯᠪᠣᠭ᠍ᠳᠠᠭ᠍ᠰᠠᠨ ᠬᠢᠨᠠᠨ ᠵᠥᠪᠱᠢᠶᠡᠷᠡᠬᠦ᠌ ᠭᠤᠭ᠍ᠴᠤᠭ᠎ᠠ᠎ᠶ᠋ᠢ ᠲᠦᠭᠦᠮᠴᠢᠯᠡᠬᠦ᠂ ᠮᠠᠲ᠋ᠧᠷᠢᠶᠠᠯ᠎ᠢ ᠴᠦᠭᠡᠳᠭᠡᠬᠦ᠂ ᠴᠠᠭ᠎ᠤᠨ ᠬᠢᠵᠠᠭᠠᠷ᠎ᠢ ᠪᠤᠭᠤᠨᠢᠰᠭᠠᠬᠤ᠂ ᠵᠠᠷᠤᠳᠠᠯ᠎ᠢ ᠪᠠᠭᠠᠰᠭᠠᠬᠤ᠎ᠶ᠋ᠢ ᠪᠣᠳᠠᠲᠠᠶ᠎ᠶ᠋ᠢ ᠡᠷᠬᠢᠮᠯᠡᠨ ᠠᠬᠢᠭᠤᠯᠤᠨ᠎ᠠ᠃ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶ᠋ᠢ ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠦᠮ ᠲᠦᠳᠡ ᠪᠤᠯᠭᠠᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ 《ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ》 ᠎ᠶ᠋ᠢᠨ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠲᠠᠪᠴᠠᠩ᠎ᠢ ᠲᠦᠷᠭᠡᠳᠭᠡᠨ ᠪᠠᠢᠭᠤᠯᠤᠨ᠎ᠠ᠃ ᠥᠮᠴᠢᠯᠡᠯ᠎ᠤᠨ ᠡᠷᠬᠡ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠥᠮᠴᠢᠯᠡᠯ᠎ᠤᠨ ᠡᠷᠬᠡ᠎ᠶ᠋ᠢᠨ ᠬᠠᠤᠯᠢ ᠬᠡᠷᠡᠭ᠌ᠵᠢᠭᠦᠯᠬᠦ᠌ ᠬᠠᠤᠯᠢ ᠪᠠᠷᠢᠬᠤ ᠬᠠᠮᠠᠭᠠᠯᠠᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠦᠨ᠎ᠡ᠃ ᠨᠡᠢᠭᠡᠮ᠎ᠤᠨ ᠢᠲᠡᠭᠡᠮᠵᠢ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢᠨ ᠬᠠᠤᠯᠢ᠎ᠪᠠᠷ ᠵᠠᠰᠠᠬᠤ ᠵᠢᠷᠤᠮᠵᠢᠭᠤᠯᠤᠯᠲᠠ᠎ᠶ᠋ᠢᠨ ᠬᠢᠷᠢ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠵᠦ᠍᠂ 《ᠢᠨᠲ᠋ᠧᠷ  ᠰᠦᠯᠵᠢᠶ᠎ᠡ + ᠬᠢᠨᠠᠯᠲᠠ ᠬᠠᠮᠢᠶᠠᠷᠤᠯᠲᠠ》 ᠎ᠶ᠋ᠢ ᠶᠡᠭᠡ᠎ᠪᠠᠷ ᠬᠡᠷᠡᠭ᠌ᠵᠢᠭᠦᠯᠵᠦ᠍᠂ ᠢᠲᠡᠭᠡᠮᠵᠢ ᠠᠯᠳᠠᠭ᠍ᠰᠠᠨ ᠠᠵᠢᠯᠯᠠᠭ᠎ᠠ᠎ᠶ᠋ᠢ ᠵᠠᠯᠬᠠᠭᠠᠨ ᠱᠢᠢᠳᠭᠡᠬᠦ᠌ ᠡᠷᠴᠢᠮ᠎ᠢᠶᠠᠨ ᠴᠢᠩᠭᠠᠷᠠᠭᠤᠯᠤᠨ᠎ᠠ᠃ ᠳᠤᠷ᠎ᠠ᠎ᠪᠠᠷ᠎ᠢᠶᠠᠨ ᠰᠦᠢᠳᠭᠡᠯ ᠬᠤᠷᠢᠶᠠᠬᠤ᠂ ᠳᠤᠷ᠎ᠠ᠎ᠪᠠᠷ᠎ᠢᠶᠠᠨ ᠵᠣᠭᠤᠰ᠎ᠢᠶᠠᠷ ᠲᠣᠷᠭᠠᠬᠤ᠂ ᠳᠤᠷ᠎ᠠ᠎ᠪᠠᠷ᠎ᠢᠶᠠᠨ ᠲᠡᠰᠭᠡᠬᠦ᠌᠎ᠶ᠋ᠢ ᠴᠢᠩᠭ᠎ᠠ ᠴᠡᠭ᠌ᠴᠡᠯᠡᠨ ᠵᠠᠰᠠᠵᠤ᠂ ᠵᠠᠬ᠎ᠠ ᠳᠡᠯᠭᠡᠭᠦᠷ᠎ᠤᠨ ᠭᠤᠣᠯ ᠴᠣᠭ᠍ᠴᠠ᠎ᠶ᠋ᠢ ᠰᠠᠨᠠᠭ᠎ᠠ ᠠᠮᠤᠷ ᠡᠵᠡᠩᠨᠡᠵᠦ᠍᠂ ᠢᠯᠭᠤᠮ ᠱᠢᠯᠤᠭᠤᠨ᠎ᠢᠶᠠᠷ ᠤᠷᠤᠭ᠍ᠰᠢᠯᠠᠭᠤᠯᠪᠠᠯ ᠵᠤᠬᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号