ᠴᠠᠭ᠎ᠤᠨ ᠰᠠᠢᠬᠠᠨ ᠬᠠᠪᠤᠷ᠎ᠲᠠᠭᠠᠨ ᠪᠠᠢᠵᠤ᠂ ᠬᠠᠪᠤᠷ᠎ᠤᠨ ᠤᠯᠠᠷᠢᠯ ᠪᠤᠯ ᠮᠤᠳᠤ ᠲᠠᠷᠢᠬᠤ ᠬᠠᠮᠤᠭ᠎ᠤᠨ ᠰᠠᠢᠨ ᠤᠯᠠᠷᠢᠯ ᠪᠤᠯᠤᠨ᠎ᠠ᠃ 4 ᠰᠠᠷ᠎ᠠ᠎ᠶ᠋ᠢᠨ 12 ᠤᠨ ᠡᠳᠦᠷ᠂ ᠪᠠᠶᠠᠨᠨᠠᠭᠤᠷ ᠬᠤᠲᠠ᠂ ᠯᠢᠨ ᠾᠧ ᠲᠣᠭᠤᠷᠢᠭ ᠬᠤᠶᠠᠷ ᠱᠠᠲᠤᠨ᠎ᠤ ᠥᠷᠭᠡᠨ ᠣᠯᠠᠨ ᠺᠠᠳ᠋ᠷ ᠠᠵᠢᠯᠲᠠᠨ᠂ ᠬᠤᠲᠠ᠎ᠳᠤ ᠰᠠᠭᠤᠭ᠎ᠠ ᠴᠡᠷᠢᠭ ᠠᠩᠭᠢ᠎ᠶ᠋ᠢᠨ ᠳᠠᠷᠤᠭ᠎ᠠ ᠪᠠᠢᠯᠳᠤᠭ᠍ᠴᠢᠳ ᠬᠠᠮᠲᠤ᠎ᠪᠠᠷ ᠱᠤᠸᠠᠩ ᠾᠧ ᠪᠠᠯᠭᠠᠰᠤᠨ᠎ᠤ ᠬᠠᠲᠤᠨ ᠭᠤᠤᠯ ᠲᠣᠰᠭᠤᠨ᠎ᠤ ᠳᠥᠷᠪᠡᠳᠦᠭᠡᠷ ᠳᠤᠭᠤᠢᠯᠠᠩ᠎ᠤᠨ ᠮᠣᠳᠣ ᠳᠠᠷᠢᠬᠤ ᠴᠡᠭ᠎ᠲᠤ ᠬᠦᠷᠴᠦ᠍᠂ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ ᠥᠷᠨᠢᠭᠦᠯᠵᠦ᠍᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠳᠤ ᠨᠣᠭᠤᠭᠠᠨ ᠥᠩᠭᠡ ᠨᠡᠮᠡᠷᠢᠯᠡᠪᠡ᠃
ᠤᠷᠢᠬᠠᠨ ᠰᠠᠯᠬᠢ ᠬᠠᠴᠠᠷ ᠢᠯᠪᠢᠵᠦ᠍᠂ ᠮᠣᠳᠣ ᠲᠠᠷᠢᠬᠤ ᠲᠤᠬᠠᠢ᠎ᠶ᠋ᠢᠨ ᠲᠠᠯᠠᠪᠠᠢ᠎ᠳᠤ ᠤᠯᠠᠨ ᠬᠦᠮᠦᠨ ᠶᠠᠭᠠᠷᠠᠯᠲᠠᠢ ᠠᠵᠢᠯᠯᠠᠨ᠎ᠠ᠃ ᠤᠯᠠᠨ᠎ᠢᠶᠠᠷ᠎ᠢᠶᠠᠨ ᠠᠵᠢᠯ ᠬᠤᠪᠢᠶᠠᠨ ᠬᠠᠮᠵᠢᠯᠴᠠᠵᠤ᠂ ᠵᠠᠷᠢᠮ᠎ᠨᠢ ᠬᠦᠷᠵᠡ ᠡᠷᠭᠢᠭᠦᠯᠦᠨ ᠱᠢᠷᠣᠢ ᠮᠠᠯᠲᠠᠵᠤ᠂ ᠵᠠᠷᠢᠮ᠎ᠨᠢ ᠨᠢᠯᠬ᠎ᠠ ᠮᠤᠳᠤᠨ᠎ᠤ ᠴᠢᠬᠢ ᠡᠷᠭᠦᠨ ᠱᠢᠷᠣᠢ ᠨᠡᠮᠡᠵᠦ᠍᠂ ᠵᠠᠷᠢᠮ᠎ᠨᠢ ᠰᠠᠭᠤᠯᠠᠭ᠎ᠠ ᠳᠡᠭᠦᠵᠢᠯᠡᠨ ᠮᠤᠳᠤ ᠤᠰᠤᠯᠠᠵᠤ᠂ ᠠᠵᠢᠯ᠎ᠢᠶᠠᠨ ᠬᠢᠨᠠᠮᠠᠭᠠᠢ ᠪᠡᠶᠡᠯᠡᠭᠦᠯᠵᠦ᠍᠂ ᠦᠳᠡ᠎ᠶ᠋ᠢᠨ ᠡᠮᠦᠨᠡᠬᠢ ᠬᠠᠭᠠᠰ ᠡᠳᠦᠷ᠎ᠲᠤ ᠲᠦᠮᠡ ᠭᠠᠷᠤᠢ ᠰᠠᠭᠤᠷᠢ ᠠᠯᠢᠮ᠎ᠠ᠎ᠶ᠋ᠢᠨ ᠮᠤᠳᠤ᠂ ᠬᠦᠢᠯᠡᠰᠦᠨ ᠮᠣᠳᠣ᠂ ᠠᠯᠮᠤᠷᠠᠳ᠂ ᠠᠯᠢᠮ᠎ᠠ ᠵᠡᠷᠭᠡ ᠴᠢᠬᠢ ᠮᠣᠳᠣ ᠲᠠᠷᠢᠵᠠᠢ᠃

ᠣᠢᠷ᠎ᠠ᠎ᠶ᠋ᠢᠨ ᠡᠳᠦᠷ᠎ᠤᠳ᠎ᠲᠤ᠌᠂ ᠪᠠᠶᠠᠨᠨᠠᠭᠤᠷ ᠬᠤᠲᠠ᠎ᠶ᠋ᠢᠨ ᠡᠯ᠎ᠡ ᠬᠤᠱᠢᠭᠤ ᠱᠢᠶᠠᠨ ᠲᠣᠭᠤᠷᠢᠭ ᠬᠠᠪᠤᠷ᠎ᠤᠨ ᠤᠯᠠᠷᠢᠯ᠎ᠤᠨ ᠮᠣᠳᠣ ᠳᠠᠷᠢᠵᠤ ᠣᠢᠵᠢᠭᠤᠯᠬᠤ ᠴᠠᠭ᠎ᠢ ᠠᠮᠵᠢᠵᠤ᠂ ᠪᠥᠬᠦ᠌ ᠨᠡᠢᠭᠡᠮ᠎ᠤᠨ ᠬᠦᠴᠦᠨ᠎ᠢ ᠵᠣᠬᠢᠶᠠᠨ ᠪᠠᠢᠭᠤᠯᠤᠨ ᠳᠠᠢᠴᠢᠯᠠᠵᠤ᠂ ᠤᠯᠤᠰ᠎ᠤᠨ ᠬᠠᠮᠢᠶᠠᠷᠤᠯᠲᠠ᠎ᠶ᠋ᠢᠨ ᠭᠤᠤ ᠰᠤᠪᠠᠭ᠂ ᠠᠢᠯ ᠲᠣᠰᠭᠤᠨ᠎ᠤ ᠳᠥᠷᠪᠡᠨ ᠲᠠᠯ᠎ᠠ᠂ ᠲᠠᠷᠢᠶᠠᠨ ᠭᠠᠵᠠᠷ᠎ᠤᠨ ᠣᠶ᠎ᠶ᠋ᠢᠨ ᠲᠤᠤᠷ᠂ ᠵᠠᠮ᠎ᠤᠨ ᠬᠤᠶᠠᠷ ᠲᠠᠯ᠎ᠠ᠂ ᠬᠦᠷᠢᠶ᠎ᠡ ᠬᠠᠱᠢᠶ᠎ᠠ᠎ᠶ᠋ᠢᠨ ᠣᠶ ᠵᠢᠮᠢᠰ ᠪᠣᠯᠤᠨ ᠠᠢᠯ ᠲᠣᠰᠭᠤᠨ᠎ᠤ ᠨᠣᠭᠤᠭᠠᠷᠠᠭᠤᠯᠤᠯᠲᠠ᠎ᠶ᠋ᠢ ᠲᠦᠷᠭᠡᠤᠡᠬᠡᠨ ᠥᠷᠨᠢᠭᠦᠯᠵᠦ᠍᠂ ᠬᠤᠲᠠ ᠬᠥᠳᠡᠭᠡ᠎ᠶ᠋ᠢᠨ ᠠᠮᠢ ᠠᠬᠤᠶ᠎ᠶ᠋ᠢᠨ ᠣᠷᠴᠢᠨ ᠲᠣᠭᠤᠷᠢᠨ᠎ᠢ ᠪᠥᠬᠦ᠌ ᠲᠠᠯ᠎ᠠ᠎ᠪᠠᠷ ᠰᠠᠢᠵᠢᠷᠠᠭᠤᠯᠪᠠ᠃
4 ᠰᠠᠷ᠎ᠠ᠎ᠶ᠋ᠢᠨ 7 ᠤ ᠡᠳᠦᠷ᠂ ᠳ᠋ᠧᠩᠺᠸᠤ ᠱᠢᠶᠠᠨ ᠪᠦᠬᠦ᠌ ᠱᠢᠶᠠᠨ᠎ᠤ ᠺᠠᠳ᠋ᠷ ᠠᠵᠢᠯᠳᠠᠨ᠎ᠢᠶᠠᠨ ᠵᠣᠬᠢᠶᠠᠨ ᠪᠠᠢᠭᠤᠯᠵᠤ᠂ 15 ᠡᠳᠦᠷ᠎ᠤᠨ ᠬᠤᠭᠤᠴᠠᠭ᠎ᠠ᠎ᠲᠠᠢ ᠪᠦᠬᠦ᠌ ᠠᠷᠠᠳ᠎ᠤᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ ᠥᠷᠨᠢᠭᠦᠯᠵᠡᠢ᠃ ᠪᠦᠬᠦ᠌ ᠱᠢᠶᠠᠨ᠎ᠤ ᠡᠯ᠎ᠡ ᠵᠠᠰᠠᠭ ᠵᠠᠬᠢᠷᠭ᠎ᠠ ᠠᠵᠤ ᠠᠬᠤᠢᠯᠠᠯ ᠠᠵᠢᠯ ᠦᠢᠯᠡᠰ᠎ᠤᠨ ᠨᠢᠭᠡᠴᠢ ᠢᠳᠡᠪᠬᠢᠲᠡᠢ ᠬᠥᠳᠡᠯᠦᠯᠴᠡᠵᠦ᠍᠂ ᠡᠯ᠎ᠡ ᠠᠯᠪᠠᠨ ᠵᠢᠷᠤᠮ᠎ᠤᠨ ᠮᠣᠳᠣ ᠲᠠᠷᠢᠬᠤ ᠴᠡᠭ᠎ᠲᠤ ᠬᠦᠷᠴᠦ᠍᠂ ᠮᠤᠳᠤ ᠲᠠᠷᠢᠵᠤ ᠡᠬᠡ ᠪᠠᠢᠭᠠᠯᠢ᠎ᠶ᠋ᠢ ᠨᠤᠭᠤᠭᠠᠷᠠᠭᠤᠯᠪᠠ᠃ ᠲᠣᠰ ᠱᠢᠶᠠᠨ ᠡᠨᠡ ᠬᠠᠪᠤᠷ 19.58 ᠲᠦᠮᠡᠨ ᠮᠥ᠍ ᠡᠪᠡᠰᠦ ᠮᠣᠳᠣ ᠳᠠᠷᠢᠵᠤ᠂ ᠺᠠᠳ᠋ᠷ ᠠᠵᠢᠯᠲᠠᠨ᠎ᠢ ᠳᠠᠢᠴᠢᠯᠠᠨ᠂ ᠠᠯᠪᠠᠨ ᠵᠢᠷᠤᠮ᠎ᠤᠨ ᠮᠣᠳᠣ ᠳᠠᠷᠢᠬᠤ ᠲᠠᠯᠠᠪᠠᠶ᠎ᠶ᠋ᠢ 2.78 ᠲᠦᠮᠡᠨ ᠮᠥ᠍ ᠪᠡᠶᠡᠯᠡᠭᠦᠯᠵᠦ᠍᠂ ᠡᠯ᠎ᠡ ᠲᠥᠷᠥᠯ᠎ᠤᠨ ᠴᠢᠬᠢ ᠮᠣᠳᠣ᠎ᠶ᠋ᠢ 251 ᠲᠦᠮᠡᠨ ᠰᠠᠭᠤᠷᠢ ᠵᠠᠢᠯᠠᠬᠤ᠎ᠪᠠᠷ ᠲᠥᠯᠥᠪᠯᠡᠵᠦ᠍ ᠪᠣᠶ᠃
ᠤᠯᠠᠭᠠᠨᠪᠤᠬ᠎ᠠ ᠡᠯᠡᠰᠦᠨ ᠴᠦᠯ᠎ᠳᠤ ᠪᠠᠢᠷᠢᠯᠠᠭ᠎ᠠ ᠱᠠᠵᠢᠨᠲᠣᠬᠤᠢ ᠰᠤᠮᠤ᠂ ᠪᠠᠶᠠᠨᠲᠣᠬᠤᠢ ᠲᠠᠷᠢᠶᠠᠯᠠᠩ᠎ᠤᠨ ᠲᠠᠯᠠᠪᠠᠢ ᠵᠡᠷᠭᠡ ᠭᠠᠵᠠᠷ 3 ᠰᠠᠷ᠎ᠠ᠎ᠶ᠋ᠢᠨ ᠡᠬᠢᠨ᠎ᠠᠴᠠ ᠡᠬᠢᠯᠡᠨ ᠣᠢᠵᠢᠭᠤᠯᠬᠤ ᠠᠵᠢᠯ ᠦᠷᠨᠢᠭᠦᠯᠵᠦ᠍᠂ ᠪᠦᠬᠦ᠌ ᠬᠤᠳᠠ᠎ᠶ᠋ᠢᠨ ᠬᠠᠪᠤᠷ᠎ᠤᠨ ᠤᠯᠠᠷᠢᠯ᠎ᠤᠨ ᠣᠢᠵᠢᠭᠤᠯᠤᠯᠲᠠ᠎ᠶ᠋ᠢᠨ ᠬᠥᠱᠢᠭᠡ᠎ᠶ᠋ᠢ ᠰᠡᠬᠦᠪᠡ᠃
4 ᠰᠠᠷ᠎ᠠ᠎ᠶ᠋ᠢᠨ 12 ᠤᠨ ᠡᠳᠦᠷ᠂ ᠬᠠᠩᠭᠢᠨ ᠬᠤᠢᠲᠤ ᠬᠤᠱᠢᠭᠤᠨ᠎ᠤ ᠡᠪᠯᠡᠯ᠎ᠤᠨ ᠬᠤᠷᠢᠶ᠎ᠠ ᠠᠯᠪᠠᠨ ᠪᠠᠢᠭᠤᠯᠭ᠎ᠠ ᠠᠵᠤ ᠠᠬᠤᠢᠯᠠᠯ ᠠᠵᠢᠯ ᠦᠶᠯᠡᠰ᠎ᠤᠨ ᠨᠢᠭᠡᠴᠢ᠎ᠶ᠋ᠢᠨ 200 ᠭᠠᠷᠤᠶ ᠵᠠᠯᠠᠭᠤ ᠰᠠᠢᠨ ᠳᠤᠷᠠᠴᠤᠳ᠎ᠢ ᠵᠣᠬᠢᠶᠠᠨ ᠪᠠᠢᠭᠤᠯᠵᠤ᠂ G7 ᠲᠦᠷᠭᠡᠨ᠎ᠤ ᠵᠠᠰᠠᠮᠠᠯ ᠵᠠᠮ ᠳᠠᠭᠠᠤ ᠤᠯᠠᠭᠠᠨᠪᠤᠬ᠎ᠠ ᠡᠯᠡᠰᠦᠨ ᠴᠥᠯ᠎ᠢ ᠵᠠᠰᠠᠬᠤ ᠣᠷᠣᠨ᠎ᠳᠤ ᠬᠦᠷᠴᠦ᠍᠂ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ ᠥᠷᠨᠢᠭᠦᠯᠪᠡ᠃ ᠰᠠᠢᠨ ᠲᠤᠷᠠᠴᠤᠳ ᠨᠢᠭᠡ ᠦᠳᠡ᠎ᠶ᠋ᠢᠨ ᠡᠮᠦᠨ᠎ᠡ ᠬᠥᠳᠡᠯᠮᠦᠷᠢᠯᠡᠵᠦ᠍᠂ ᠨᠡᠢᠳᠡ 4000 ᠭᠠᠷᠤᠢ ᠰᠠᠭᠤᠷᠢ ᠤᠯᠠᠭᠠᠨ ᠤᠳᠠ ᠪᠠ ᠴᠢᠪᠠᠭ᠎ᠠ᠎ᠶ᠋ᠢᠨ ᠴᠢᠬᠢ ᠲᠠᠷᠢᠪᠠ᠃ ᠵᠠᠯᠠᠭᠤ ᠰᠠᠢᠨ ᠲᠤᠷᠠᠴᠢᠨ ᠸᠠᠩ ᠱᠢᠤᠸᠠᠢ ᠵᠢᠶᠠᠨ᠄ 《ᠪᠢ ᠡᠨᠡ ᠬᠦ᠌ ᠤᠳᠭ᠎ᠠ ᠠᠭᠤᠯᠭ᠎ᠠ᠎ᠲᠠᠢ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠭ᠍ᠰᠠᠨ᠎ᠳᠠᠭᠠᠨ ᠮᠠᠰᠢ ᠪᠠᠶᠠᠷᠯᠠᠵᠤ ᠪᠠᠢᠨ᠎ᠠ᠂ ᠬᠤᠢᠱᠢᠳᠠ ᠨᠡᠩ ᠤᠯᠠᠨ ᠬᠥᠮᠦᠨ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠵᠤ᠂ ᠨᠤᠲᠤᠭ᠎ᠤᠨ᠎ᠢᠶᠠᠨ ᠠᠮᠢ ᠠᠬᠤᠢ᠎ᠶ᠋ᠢᠨ ᠪᠦᠳᠦᠭᠡᠨ ᠪᠠᠢᠭᠤᠯᠤᠯᠲᠠ᠎ᠳᠤ ᠬᠤᠪᠢ ᠨᠡᠮᠡᠷᠢ᠎ᠪᠠᠨ ᠦᠵᠡᠭᠦᠯᠬᠦ᠌᠎ᠶ᠋ᠢ ᠬᠦᠰᠡᠵᠦ᠍ ᠪᠠᠢᠨ᠎ᠠ》 ᠬᠡᠵᠦ᠍ ᠲᠤᠭ᠍ᠳᠤᠯᠤᠨ ᠶᠠᠷᠢᠵᠤ ᠪᠠᠢᠯ᠎ᠠ᠃
ᠣᠢᠷ᠎ᠠ᠎ᠶ᠋ᠢᠨ ᠵᠢᠯ᠎ᠠᠴᠠ ᠨᠠᠭᠠᠰᠢ᠂ ᠪᠠᠶᠠᠨᠨᠠᠭᠤᠷ ᠬᠤᠲᠠ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ ᠭᠡᠬᠦ᠌ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠢᠳᠡᠪᠬᠢᠲᠡᠶ ᠦᠶᠯᠡᠳᠦᠯᠭᠡᠵᠢᠭᠦᠯᠵᠦ᠍᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠶᠡᠷᠦᠩᠬᠡᠢᠯᠡᠨ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠥᠬᠦ᠌ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠪᠥᠬᠦ᠌ ᠨᠡᠢᠭᠡᠮ᠎ᠤᠨ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ᠎ᠢ ᠤᠯᠠᠮ ᠨᠢᠭᠡ ᠠᠯᠬᠤᠮ ᠬᠥᠭ᠌ᠵᠢᠭᠡᠪᠡ᠃
《ᠠᠷᠪᠠᠨ ᠭᠤᠷᠪᠠᠳᠤᠭᠠᠷ ᠲᠠᠪᠤᠨ ᠵᠢᠯ》 ᠤᠨ ᠬᠤᠭᠤᠴᠠᠭᠠᠨ᠎ᠳᠤ᠂ ᠪᠠᠶᠠᠨᠨᠠᠭᠤᠷ ᠬᠤᠲᠠ 397.03 ᠲᠦᠮᠡᠨ ᠮᠥ᠎ᠶ᠋ᠢᠨ ᠤᠢᠵᠢᠭᠤᠯᠬᠤ ᠡᠭᠦᠷᠭᠡ᠎ᠶ᠋ᠢ ᠪᠡᠶᠡᠯᠡᠭᠦᠯᠵᠦ᠍᠂ ᠡᠭᠦᠷᠭᠡ᠎ᠪᠠᠨ 101.8% ᠪᠠᠷ ᠳᠠᠪᠠᠭᠤᠯᠤᠨ ᠪᠠᠶᠡᠯᠡᠭᠦᠯᠵᠦ᠍᠂ 54.1 ᠲᠦᠮᠡᠨ ᠮᠥ᠎ᠶ᠋ᠢᠨ ᠭᠤᠤᠯᠳᠠᠯᠭ᠎ᠠ᠎ᠲᠠᠢ ᠣᠷᠣᠨ ᠪᠦᠰᠡ᠎ᠶ᠋ᠢᠨ ᠨᠣᠭᠤᠭᠠᠷᠠᠭᠤᠯᠤᠯᠲᠠ᠎ᠶ᠋ᠢ ᠪᠡᠶᠡᠯᠡᠭᠦᠯᠵᠦ᠍᠂ ᠪᠥᠬᠦ᠌ ᠬᠤᠲᠠ᠎ᠶ᠋ᠢᠨ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ 8.5% ᠳᠤ ᠬᠦᠷᠴᠦ᠍᠂ ᠪᠥᠬᠦ᠌ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ᠎ᠶ᠋ᠢ 1734 ᠲᠦᠮᠡᠨ ᠰᠠᠭᠤᠷᠢ ᠪᠡᠶᠡᠯᠡᠭᠦᠯᠵᠦ᠍᠂ ᠡᠭᠦᠷᠭᠡ᠎ᠪᠠᠨ 109% ᠪᠠᠷ ᠪᠡᠶᠡᠯᠡᠭᠦᠯᠵᠡᠢ᠃ ᠨᠡᠢᠲᠡ 433.49 ᠲᠦᠮᠡᠨ ᠬᠥᠮᠦᠨ (ᠤᠳᠠᠭ᠎ᠠ) ᠣᠷᠣᠯᠴᠠᠵᠤ᠂ ᠬᠠᠷᠢᠭᠤᠴᠠᠯᠭ᠎ᠠ᠎ᠪᠠᠨ ᠭᠦᠶᠴᠡᠤᠡᠬᠡᠭ᠌ᠰᠡᠨ ᠨᠣᠷᠮ᠎ᠠ 94% ᠳᠤ ᠬᠦᠷᠴᠡᠶ᠃ ᠡᠨᠡ ᠵᠢᠯ᠂ ᠪᠠᠶᠠᠨᠨᠠᠭᠤᠷ ᠬᠤᠲᠠ 61.9 ᠲᠦᠮᠡᠨ ᠮᠥ᠍ ᠣᠢᠵᠢᠭᠤᠯᠬᠤ ᠦᠶᠯᠡᠤᠡᠪᠦᠷᠢᠯᠡᠯᠤᠨ ᠶᠡᠷᠦᠩᠬᠡᠶ ᠡᠭᠦᠷᠭᠡ᠎ᠶ᠋ᠢ ᠪᠡᠶᠡᠯᠡᠭᠦᠯᠬᠦ᠌᠎ᠪᠠᠷ ᠲᠦᠯᠦᠪᠯᠡᠵᠦ᠍᠂ ᠬᠥᠮᠦᠨ᠎ᠤ ᠬᠦᠴᠦ᠎ᠪᠠᠷ ᠡᠪᠡᠰᠦ ᠳᠠᠷᠢᠬᠤ ᠡᠭᠦᠷᠭᠡ᠎ᠶ᠋ᠢ 130 ᠲᠦᠮᠡᠨ ᠮᠥ᠍ ᠪᠡᠶᠡᠯᠡᠭᠦᠯᠬᠦ᠌᠎ᠪᠠᠷ ᠲᠥᠯᠥᠪᠯᠡᠵᠦ᠍᠂ 106 ᠬᠥᠳᠡᠭᠡ ᠲᠣᠰᠭᠤᠨ᠎ᠢ ᠨᠣᠭᠤᠭᠠᠷᠠᠭᠤᠯᠵᠤ ᠭᠤᠶᠤᠵᠢᠭᠤᠯᠬᠤ᠎ᠶ᠋ᠢ ᠲᠥᠯᠥᠪᠵᠢᠭᠦᠯᠦᠨ ᠲᠣᠬᠢᠷᠠᠭᠤᠯᠵᠤ᠂ ᠪᠥᠬᠦ᠌ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ᠎ᠶ᠋ᠢ 270 ᠲᠦᠮᠡᠨ ᠰᠠᠭᠤᠷᠢ ᠲᠣᠬᠢᠷᠠᠭᠤᠯᠵᠤ᠂ ᠬᠠᠷᠢᠭᠤᠴᠠᠯᠭ᠎ᠠ᠎ᠪᠠᠨ ᠭᠦᠶᠴᠡᠳᠭᠡᠬᠦ᠌ ᠨᠣᠷᠮ᠎ᠠ᠎ᠶ᠋ᠢ 95% ᠳᠤ ᠬᠦᠷᠭᠡᠨ᠎ᠡ᠃