ᠦᠬᠡ᠎ᠶ᠋ᠢᠨ ᠲᠡᠬᠦᠪᠤᠷᠢ ( ᠭᠤᠷᠪᠠ )
2021-04-16 09:19:57
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠥᠷ ᠮᠣᠩᠭᠤᠯ᠎ᠳᠤ ᠣᠶ ᠱᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠭᠤᠤᠯ ᠮᠥᠷᠡᠨ᠂ ᠨᠠᠭᠤᠷ ᠪᠦᠷᠢᠳᠤ᠂ ᠡᠯᠡᠰᠦ ᠮᠠᠩᠬ᠎ᠠ ᠵᠡᠷᠭᠡ ᠣᠯᠠᠨ ᠵᠦᠢᠯ᠎ᠤᠨ ᠪᠠᠢᠭᠠᠯᠢ᠎ᠶ᠋ᠢᠨ ᠬᠡᠯᠪᠡᠷᠢ ᠪᠠᠢᠳᠠᠯ᠎ᠲᠠᠢ᠂ ᠣᠷᠳᠣ ᠬᠤᠭᠤᠴᠠᠭᠠᠨ᠎ᠤ ᠲᠤᠷᠰᠢ ᠪᠦᠷᠢᠯᠳᠦᠭ᠌ᠰᠡᠨ ᠶᠡᠷᠦᠩᠬᠡᠢᠯᠡᠭ᠌ᠰᠡᠨ ᠴᠢᠨᠠᠷᠲᠠᠶ ᠠᠮᠢ ᠠᠬᠤᠶ᠎ᠶ᠋ᠢᠨ ᠱᠢᠰᠲ᠋ᠧᠮ ᠪᠤᠯᠤᠨ᠎ᠠ᠂ ᠠᠮᠢ ᠠᠬᠤᠶ᠎ᠶ᠋ᠢ ᠬᠠᠮᠠᠭᠠᠯᠠᠵᠤ ᠰᠡᠷᠭᠦᠭᠡᠬᠦ᠌᠎ᠳᠤ ᠡᠷᠬᠡᠪᠰᠢ ᠶᠡᠷᠦᠩᠬᠡᠢᠯᠡᠭ᠌ᠰᠡᠨ ᠵᠠᠰᠠᠯᠳᠠ ᠬᠢᠬᠦ᠌ ᠬᠡᠷᠡᠭ᠌ᠲᠡᠶ᠃ ᠨᠤᠲᠤᠭ ᠪᠡᠯᠴᠢᠭᠡᠷ᠂ ᠣᠶ ᠱᠢᠭᠤᠶ᠎ᠶ᠋ᠢ ᠬᠠᠮᠠᠭᠠᠯᠠᠬᠤ ᠪᠣᠯ ᠥᠪᠥᠷ ᠮᠣᠩᠭᠤᠯ᠎ᠤᠨ ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠬᠤ᠎ᠶ᠋ᠢᠨ ᠲᠡᠷᠢᠭᠦᠨ ᠴᠢᠬᠤᠯᠠ ᠡᠭᠦᠷᠭᠡ ᠪᠣᠯᠤᠨ᠎ᠠ᠃ ᠡᠷᠬᠡᠪᠰᠢ ᠠᠮᠢ ᠠᠬᠤᠢ᠎ᠶ᠋ᠢᠨ ᠱᠢᠰᠲ᠋ᠧᠮ᠎ᠤᠨ ᠳᠣᠲᠣᠭᠠᠳᠤ ᠵᠢᠮ᠎ᠡ ᠬᠠᠤᠯᠢ ᠪᠠ ᠵᠢᠮ᠎ᠡ ᠶᠣᠰᠣ᠎ᠶ᠋ᠢ ᠵᠢᠷᠤᠮᠯᠠᠵᠤ᠂ ᠠᠶᠠᠨᠳᠠᠭᠠᠨ᠎ᠤ ᠰᠡᠷᠭᠦᠬᠡᠯᠳᠡ᠎ᠪᠠᠷ ᠭᠤᠣᠯ ᠪᠣᠯᠭᠠᠬᠤ ᠴᠢᠭ᠌ᠯᠡᠯᠲᠡ᠎ᠶ᠋ᠢ ᠪᠠᠷᠢᠮᠲᠠᠯᠠᠨ᠂ ᠣᠷᠣᠨ ᠨᠤᠳᠤᠭ᠎ᠤᠨ ᠪᠠᠢᠳᠠᠯ᠎ᠳᠤᠨᠢ ᠲᠤᠬᠢᠷᠠᠭᠤᠯᠤᠨ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭ᠌ᠵᠢᠭᠦᠯᠵᠦ᠍᠂ ᠴᠢᠭ᠌ᠯᠡᠬᠦᠯᠦᠯᠳᠤ ᠴᠢᠨᠠᠷ᠂ ᠱᠢᠰᠲ᠋ᠧᠮᠲᠦ ᠴᠢᠨᠠᠷ᠂ ᠤᠷᠳᠤ ᠬᠤᠭᠤᠴᠠᠭᠠᠨ᠎ᠤ ᠪᠦᠳᠦᠮᠵᠢᠳᠤ ᠴᠢᠨᠠᠷ᠎ᠢ ᠴᠢᠩᠭᠠᠳᠭᠠᠬᠤ ᠬᠡᠷᠡᠭ᠌ᠲᠡᠢ᠃

— 2019 ᠣᠨ᠎ᠤ 3 ᠰᠠᠷ᠎ᠠ᠎ᠶ᠋ᠢᠨ 5 ᠎ᠤ ᠡᠳᠦᠷ ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠠᠴᠠ ᠬᠡᠰᠡᠭ᠌ᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号