ᠲᠦᠮᠡᠨ ᠪᠣᠳᠠᠰ ᠲᠥᠯᠵᠢᠨ ᠠᠮᠢᠯᠠᠵᠤ᠂ ᠮᠣᠳᠣ ᠳᠠᠷᠢᠬᠤ ᠤᠯᠠᠷᠢᠯ ᠬᠦᠷᠴᠦ᠍ ᠢᠷᠡᠯ᠎ᠡ᠃ ᠡᠨᠡ ᠵᠢᠯ ᠪᠣᠯ ᠪᠦᠬᠦ᠌ ᠤᠯᠤᠰ᠎ᠤᠨ ᠪᠦᠬᠦ᠌ ᠠᠷᠠᠳ᠎ᠢᠶᠠᠷ᠎ᠢᠶᠠᠨ ᠠᠯᠪᠠᠨ ᠵᠢᠷᠤᠮ᠎ᠤᠨ ᠤᠢ᠍ᠢᠵᠢᠭᠤᠯᠤᠯᠲᠠ ᠬᠢᠬᠦ᠌ 40 ᠵᠢᠯ᠎ᠤᠨ ᠤᠢ ᠪᠣᠯᠤᠨ᠎ᠠ᠃ 4 ᠰᠠᠷ᠎ᠠ᠎ᠶ᠋ᠢᠨ 15 ᠤ ᠡᠳᠦᠷ᠂ ᠤᠯᠠᠭᠠᠨᠬᠠᠳᠠ ᠬᠤᠳᠠ᠎ᠶ᠋ᠢᠨ ᠨᠠᠮ ᠵᠠᠰᠠᠭ᠎ᠤᠨ ᠤᠳᠤᠷᠢᠳᠤᠯᠭ᠎ᠠ ᠬᠤᠩᠱᠠᠨ ᠲᠣᠭᠤᠷᠢᠭ᠎ᠤᠨ ᠸᠧᠨ ᠵᠦᠩ ᠪᠠᠯᠭᠠᠰᠤᠨ᠎ᠤ ᠰᠠᠨ ᠳ᠋ᠤᠤ ᠵᠢᠩ ᠽᠢ ᠲᠣᠰᠭᠤᠨ᠎ᠤ ᠳ᠋ᠦᠩ ᠯᠢᠶᠠᠩ᠎ᠳᠠᠬᠢ ᠠᠯᠪᠠᠨ ᠵᠢᠷᠤᠮ᠎ᠤᠨ ᠤᠢ᠍ᠢᠵᠢᠭᠤᠯᠤᠯᠲᠠ᠎ᠶ᠋ᠢᠨ ᠰᠠᠭᠤᠷᠢᠨ᠎ᠳᠤ ᠬᠦᠷᠴᠦ᠍᠂ ᠬᠤᠳᠠ ᠲᠣᠭᠤᠷᠢᠭ ᠬᠤᠶᠠᠷ ᠱᠠᠲᠤᠨ᠎ᠤ ᠪᠠᠢᠭᠤᠯᠭ᠎ᠠ᠎ᠶ᠋ᠢᠨ 200 ᠭᠠᠷᠤᠢ ᠺᠠᠳ᠋ᠷ ᠠᠵᠢᠯᠳᠠᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠵᠠᠢ᠃

2021 ᠤᠨ᠎ᠳᠤ᠂ ᠤᠯᠠᠭᠠᠨᠬᠠᠳᠠ ᠬᠤᠲᠠ 60 ᠲᠦᠮᠡᠨ ᠮᠥ᠍ ᠣᠢᠵᠢᠭᠤᠯᠬᠤ ᠡᠭᠦᠷᠭᠡ᠎ᠶ᠋ᠢ ᠪᠡᠶᠡᠯᠡᠭᠦᠯᠬᠦ᠌᠎ᠪᠠᠷ ᠲᠥᠯᠥᠪᠯᠡᠵᠦ᠍᠂ ᠪᠡᠭᠡᠵᠢᠩ ᠲᠢᠶᠠᠨᠵᠢᠨ᠎ᠤ ᠡᠷᠬᠢᠨ ᠳᠤᠭᠤᠷᠢᠨ᠎ᠤ ᠰᠠᠯᠬᠢ ᠡᠯᠡᠰᠦᠨ᠎ᠤ ᠡᠬᠢ᠎ᠶ᠋ᠢ ᠵᠠᠰᠠᠬᠤ᠂ ᠲᠠᠷᠢᠶᠠᠯᠠᠬᠤ᠎ᠪᠠᠨ ᠵᠣᠭ᠍ᠰᠣᠵᠤ ᠮᠣᠳᠣ ᠳᠠᠷᠢᠬᠤ᠂ ᠲᠠᠴᠢᠷᠳᠠᠭ᠍ᠰᠠᠨ ᠣᠶ᠎ᠶ᠋ᠢ ᠵᠠᠰᠠᠨ ᠰᠡᠷᠭᠦᠭᠡᠬᠦ᠂ ᠬᠥᠳᠡᠭᠡ ᠲᠣᠰᠭᠤᠨ᠎ᠢ ᠨᠣᠭᠤᠭᠠᠷᠠᠭᠤᠯᠤᠨ ᠭᠤᠶᠣᠵᠢᠭᠤᠯᠬᠤ᠂ ᠪᠥᠬᠦ᠌ ᠠᠷᠠᠳ᠎ᠤᠨ ᠠᠯᠪᠠᠨ ᠵᠢᠷᠤᠮ᠎ᠤᠨ ᠤᠢ᠍ᠢᠵᠢᠭᠤᠯᠤᠯᠲᠠ ᠵᠡᠷᠭᠡ ᠭᠤᠤᠯᠳᠠᠯᠭ᠎ᠠ᠎ᠲᠠᠢ ᠠᠵᠢᠯ᠎ᠢ ᠠᠬᠢᠭᠤᠯᠤᠨ᠎ᠠ᠃ ᠣᠳᠣᠬᠠᠨ ᠪᠣᠯᠲᠠᠯ᠎ᠠ᠂ ᠪᠥᠬᠦ᠌ ᠬᠤᠲᠠ᠎ᠪᠠᠷ᠎ᠢᠶᠠᠨ ᠬᠠᠪᠤᠷ᠎ᠤᠨ ᠣᠢᠵᠢᠭᠤᠯᠤᠯᠲᠠ᠎ᠶ᠋ᠢ ᠨᠢᠭᠡᠨᠲᠡ 5.46 ᠲᠦᠮᠡᠨ ᠮᠥ᠍ ᠪᠡᠶᠡᠯᠡᠭᠦᠯᠵᠤ᠂ ᠡᠭᠦᠨ᠎ᠳᠤ 2 ᠲᠦᠮᠡᠨ ᠮᠥ᠍ ᠱᠢᠨ᠎ᠡ᠎ᠪᠠᠷ ᠣᠢᠵᠢᠭᠤᠯᠵᠤ᠂ 3.46 ᠲᠦᠮᠡᠨ ᠮᠥ᠍ ᠮᠠᠭᠤᠲᠠᠭ᠍ᠰᠠᠨ ᠣᠶ᠎ᠶ᠋ᠢ ᠰᠡᠷᠭᠦᠭᠡᠪᠡ᠃
ᠣᠢᠷ᠎ᠠ᠎ᠶ᠋ᠢᠨ ᠵᠢᠯ᠎ᠠᠴᠠ ᠨᠠᠭᠠᠰᠢ᠂ ᠤᠯᠠᠭᠠᠨᠬᠠᠳᠠ ᠬᠤᠲᠠ ᠮᠣᠳᠣ ᠳᠠᠷᠢᠵᠤ ᠣᠢᠵᠢᠭᠤᠯᠬᠤ᠎ᠪᠠᠷ 《ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ》 ᠭᠡᠬᠦ᠌ ᠣᠢᠯᠠᠭᠠᠭ᠍ᠳᠠᠬᠤᠨ᠎ᠢ ᠦᠢᠯᠡᠳᠦᠯᠭᠡᠵᠢᠭᠦᠯᠬᠦ᠌ ᠴᠢᠬᠤᠯᠠ ᠭᠠᠷᠳᠠᠴᠠ ᠪᠣᠯᠭᠠᠵᠤ᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠡᠨᠧᠷᠭᠢ᠎ᠶ᠋ᠢᠨ ᠬᠤᠷᠣᠭ᠍ᠳᠠᠯ᠎ᠤᠨ ᠨᠡᠮᠡᠭ᠌ᠳᠡᠯ ᠪᠠ ᠡᠷᠴᠢᠮ᠎ᠢ ᠡᠵᠡᠮᠳᠡᠬᠦ᠌ ᠵᠡᠷᠭᠡ ᠭᠤᠤᠯᠳᠠᠯᠭ᠎ᠠ᠎ᠲᠠᠢ ᠠᠵᠢᠯ᠎ᠲᠠᠢ ᠨᠢᠭ᠍ᠲᠠ ᠤᠶᠠᠯᠳᠤᠭᠤᠯᠤᠨ᠂ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢ ᠬᠥᠲᠥᠯᠥᠨ ᠵᠢᠯᠣᠭᠤᠳᠤᠨ ᠵᠣᠷᠢᠭ᠍ᠵᠢᠭᠤᠯᠵᠤ᠂ ᠪᠣᠬᠢᠷᠲᠤᠯ ᠥᠬᠡᠶ ᠬᠥᠭ᠌ᠵᠢᠯᠲᠡ᠎ᠶ᠋ᠢ ᠠᠬᠢᠭᠤᠯᠵᠤ᠂ ᠳᠤᠤᠷ᠎ᠠ ᠨᠡᠭᠦᠷᠡᠰᠦᠲᠥ᠋ᠷᠥᠭ᠌ᠴᠢᠲᠦ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠰᠠᠨᠠᠭᠠᠴᠢᠯᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠭ᠍ᠰᠠᠨ ᠪᠣᠬᠢᠷᠲᠤᠯ ᠥᠬᠡᠶ ᠬᠥᠭ᠌ᠵᠢᠬᠦᠯᠬᠦ᠌ ᠣᠢᠯᠠᠭᠠᠭ᠍ᠳᠠᠬᠤᠨ᠎ᠢ ᠦᠨᠡᠨ ᠬᠦ᠌ ᠪᠥᠬᠦ᠌ ᠬᠤᠲᠠ᠎ᠶ᠋ᠢᠨ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠤᠬᠠᠮᠰᠠᠷᠲᠤ ᠠᠵᠢᠯᠯᠠᠭ᠎ᠠ ᠪᠣᠯᠭᠠᠵᠤ᠂ ᠰᠡᠳᠭᠢᠯ ᠵᠢᠷᠦᠬᠡᠨ᠎ᠳᠡᠭᠡᠨ ᠬᠠᠳᠠᠩᠱᠢᠭᠤᠯᠤᠨ ᠦᠢᠯᠡᠳᠦᠯᠭᠡᠵᠢᠭᠦᠯᠵᠦ᠍ ᠪᠤᠢ᠃