ᠡᠬᠢᠯᠡᠯᠳᠡ᠎ᠶ᠋ᠢᠨ ᠵᠢᠯ᠎ᠤᠨ ᠡᠷᠴᠢᠳᠤ 《ᠲᠠᠢᠯᠠᠯᠳᠤᠭᠠᠨ》
2021-04-19 11:24:18
ᠵᠣᠬᠢᠶᠠᠭ᠍ᠴᠢ᠄
ᠬᠠᠢ ᠴᠢᠤᠧᠠᠨ
ᠣᠩᠱᠢᠭ᠍ᠰᠠᠨ ᠣᠳᠠᠭ᠎ᠠ᠄
★★★☆☆

— ᠮᠠᠨ᠎ᠤ ᠤᠷᠤᠨ᠎ᠤ ᠴᠢᠬᠤᠯᠠ ᠶᠡᠭᠡ ᠲᠦᠷᠦᠯ ᠵᠦᠢᠯ᠎ᠤᠨ ᠪᠦᠲᠦᠬᠡᠨ ᠪᠠᠢᠭᠤᠯᠤᠯᠳᠠ᠎ᠶ᠋ᠢ ᠲᠦᠷᠬᠡᠳᠭᠡᠨ ᠠᠬᠢᠭᠤᠯᠵᠦ᠍ ᠪᠠᠢᠭ᠎ᠠ ᠲᠤᠬᠠᠢ ᠱᠢᠷᠪᠢᠯᠳᠡ

ᠬᠠᠭ᠍ᠳᠠ ᠨᠤᠭᠤᠭᠠᠷᠠᠨ ᠬᠠᠮᠤᠬ ᠪᠤᠳᠠᠰ ᠲᠦᠯᠵᠢᠵᠦ᠍᠂ ᠡᠬᠡ ᠭᠠᠵᠠᠷ᠎ᠲᠤ ᠡᠰᠡᠨᠢᠯ᠎ᠤᠨ ᠬᠠᠪᠤᠷ ᠰᠠᠭᠠᠳᠠᠬᠤ᠎ᠪᠠᠷ᠂ ᠦᠷᠬᠡᠨ ᠠᠭᠤᠳᠠᠮ ᠦᠪᠦᠷ ᠮᠤᠩᠭᠤᠯ᠎ᠤᠨ ᠲᠠᠯ᠎ᠠ ᠨᠤᠳᠤᠬ᠎ᠲᠤ ᠲᠦᠷᠦᠯ ᠵᠦᠢᠯ᠎ᠤᠨ ᠪᠦᠲᠦᠬᠡᠨ ᠪᠠᠢᠭᠤᠯᠤᠯᠳᠠ᠎ᠶ᠋ᠢᠨ 《ᠲᠠᠢᠯᠠᠯᠳᠤᠭᠠᠨ》 ᠡᠷᠴᠢ ᠰᠠᠢᠳᠠᠢ ᠶᠠᠪᠤᠬ᠍ᠳᠠᠨ᠎ᠠ᠃

ᠲᠦᠷᠦᠯ ᠵᠦᠢᠯ᠎ᠤᠨ ᠪᠦᠲᠦᠬᠡᠨ ᠪᠠᠢᠭᠤᠯᠤᠯᠳᠠ ᠪᠤᠯ ᠬᠦᠭ᠌ᠵᠢᠯᠳᠡ᠎ᠶ᠋ᠢᠨ ᠴᠢᠬᠤᠯᠠ ᠲᠤᠯᠭᠠᠭᠤᠷᠢᠯᠠᠯ ᠪᠢᠯᠡ᠃ 《ᠠᠷᠪᠠᠨ ᠲᠦᠷᠪᠡᠳᠦᠬᠡᠷ ᠲᠠᠪᠤᠨ ᠵᠢᠯ》 ᠎ᠤᠨ ᠡᠬᠢᠯᠡᠯᠳᠡ᠎ᠶ᠋ᠢᠨ ᠵᠢᠯ᠎ᠳᠠᠬᠢ ᠮᠠᠨ᠎ᠤ ᠤᠷᠤᠨ᠎ᠤ ᠠᠵᠦ᠍ ᠠᠬᠤᠢ᠎ᠶ᠋ᠢᠨ ᠴᠢᠨᠠᠷ ᠰᠠᠢᠳᠠᠢ ᠬᠦᠭ᠌ᠵᠢᠯᠳᠡ᠎ᠳᠤ ᠴᠢᠩᠭ᠎ᠠ ᠶᠡᠭᠡ ᠬᠦᠳᠡᠯᠬᠡᠬᠦ᠌ ᠬᠦᠴᠤᠨ ᠨᠡᠮᠡᠷᠢᠯᠡᠬᠦ᠌᠎ᠪᠠᠷ᠂ ᠤᠳᠤᠬᠠᠨ᠎ᠳᠤ ᠤᠷᠤᠨ ᠲᠠᠶᠠᠭᠠᠷ ᠲᠦᠷᠦᠯ ᠵᠦᠢᠯ᠎ᠤᠨ ᠪᠠᠷᠢᠯᠭ᠎ᠠ᠎ᠶ᠋ᠢᠨ ᠠᠵᠢᠯ᠎ᠤᠨ 《ᠱᠢᠵᠢᠷ ᠠᠯᠳᠠᠨ ᠬᠤᠭᠤᠴᠠᠭ᠎ᠠ》 ᠎ᠶ᠋ᠢ ᠠᠮᠵᠢᠨ᠂ ᠦᠳᠳᠡᠷ ᠲᠦᠷᠬᠡᠨ ᠬᠦᠳᠡᠯᠦᠯᠴᠡᠵᠦ᠍᠂ ᠴᠢᠬᠤᠯᠠ ᠶᠡᠭᠡ ᠲᠦᠷᠦᠯ ᠵᠦᠢᠯ᠎ᠢ ᠪᠦᠲᠦᠬᠡᠨ ᠪᠠᠢᠭᠤᠯᠬᠤ᠎ᠪᠠᠷ ᠬᠠᠨᠴᠤᠢ ᠱᠢᠮᠠᠯᠠᠨ ᠴᠢᠷᠮᠠᠢᠵᠠᠭᠠᠨ᠎ᠠ᠃

4 ᠰᠠᠷ᠎ᠠ᠎ᠶ᠋ᠢᠨ ᠡᠬᠢ᠎ᠪᠠᠷ᠂ ᠬᠦᠬᠡᠬᠤᠳᠠ ᠴᠢᠬᠤᠯᠠ ᠶᠡᠭᠡ ᠲᠦᠷᠦᠯ ᠵᠦᠢᠯ᠎ᠤᠨ ᠪᠠᠷᠢᠯᠭ᠎ᠠ᠎ᠶ᠋ᠢᠨ ᠠᠵᠢᠯ᠎ᠢ ᠲᠦᠪᠯᠡᠷᠡᠬᠦᠯᠤᠨ ᠡᠬᠢᠯᠡᠬᠦᠯᠬᠦ᠌ ᠲᠠᠢᠴᠢᠯᠠᠯᠳᠠ᠎ᠶ᠋ᠢᠨ ᠶᠡᠭᠡ ᠬᠤᠷᠠᠯ ᠬᠤᠷᠠᠯᠳᠤᠭᠤᠯᠵᠦ᠍᠂ ᠡᠮᠴᠢᠯᠡᠭᠡ ᠡᠷᠡᠬᠦᠯ ᠬᠠᠮᠠᠭᠠᠯᠠᠯ᠂ ᠪᠠᠷᠠᠭᠠᠨ᠎ᠤ ᠬᠦᠢᠯᠬᠡᠬᠡ᠎ᠶ᠋ᠢᠨ ᠠᠵᠦ᠍ ᠦᠢᠯᠡᠰ ᠪᠠ ᠢᠳᠡᠭᠡᠨ ᠡᠳ᠋ᠱᠢᠬᠦᠯᠦᠨ ᠪᠤᠯᠪᠠᠰᠤᠷᠠᠭᠤᠯᠬᠤ ᠵᠡᠷᠬᠡ ᠤᠯᠠᠨ ᠬᠦᠷᠢᠶ᠎ᠠ ᠴᠠᠷᠠᠭ᠎ᠠ᠎ᠶ᠋ᠢ ᠪᠠᠭ᠍ᠳᠠᠭᠠᠬ᠍ᠰᠠᠨ 26 ᠴᠢᠬᠤᠯᠠ ᠶᠡᠭᠡ ᠲᠦᠷᠦᠯ ᠵᠦᠢᠯ᠎ᠤᠨ ᠪᠠᠷᠢᠯᠭ᠎ᠠ᠎ᠶ᠋ᠢᠨ ᠠᠵᠢᠯ᠎ᠢ ᠴᠤᠭ᠎ᠢᠶᠠᠷ ᠡᠬᠢᠯᠡᠬᠦᠯᠵᠡᠢ᠃ ᠡᠨᠡ ᠵᠢᠯ᠂ ᠬᠦᠬᠡᠬᠤᠳᠠ 336 ᠴᠢᠬᠤᠯᠠ ᠶᠡᠭᠡ ᠲᠦᠷᠦᠯ ᠵᠦᠢᠯ᠎ᠢ ᠬᠡᠷᠡᠭ᠌ᠵᠢᠬᠦᠯᠬᠦ᠌᠎ᠪᠠᠷ ᠲᠦᠯᠦᠪᠯᠡᠵᠦ᠍᠂ ᠶᠡᠷᠦᠩᠬᠡᠢ ᠪᠡᠯᠡ ᠤᠷᠤᠭᠤᠯᠤᠯᠳᠠ᠎ᠶ᠋ᠢ 3593 ᠳ᠋ᠦᠩᠱᠢᠭᠤᠷ ᠲᠦᠬᠦᠷᠢᠭ᠎ᠲᠤ ᠬᠦᠷᠬᠡᠨ᠂ ᠡᠨᠡ ᠵᠢᠯ᠎ᠳᠡᠭᠡᠨ 583.1 ᠳ᠋ᠦᠩᠱᠢᠭᠤᠷ ᠲᠦᠬᠦᠷᠢᠭ᠎ᠤᠨ ᠪᠡᠯᠡ ᠤᠷᠤᠭᠤᠯᠬᠤ᠎ᠪᠠᠷ ᠲᠦᠯᠦᠪᠯᠡᠵᠦ᠍᠂ ᠤᠳᠤᠬᠠᠨ ᠪᠤᠯᠳᠠᠯ᠎ᠠ 163 ᠴᠢᠬᠤᠯᠠ ᠶᠡᠭᠡ ᠲᠦᠷᠦᠯ ᠵᠦᠢᠯ ᠨᠢᠬᠡᠨᠳᠡ ᠠᠵᠢᠯ ᠦᠢᠯᠡᠳᠪᠦᠷᠢᠯᠡᠯ᠎ᠢᠶᠠᠨ ᠰᠡᠷᠬᠦᠭᠡᠵᠦ᠍᠂ ᠠᠵᠢᠯ ᠦᠢᠯᠡᠳᠪᠤᠷᠢᠯᠡᠯ᠎ᠢᠶᠠᠨ ᠰᠡᠷᠬᠦᠭᠡᠭ᠌ᠰᠡᠨ ᠨᠤᠷᠮ᠎ᠠ 48.5% ᠎ᠳᠤ ᠬᠦᠷᠴᠤ᠌᠂ ᠨᠢᠬᠡᠨᠳᠡ 35.6 ᠳ᠋ᠦᠩᠱᠢᠭᠤᠷ ᠲᠦᠬᠦᠷᠢᠭ᠎ᠤᠨ ᠪᠡᠯᠡ ᠤᠷᠤᠭᠤᠯᠤᠯᠳᠠ᠎ᠶ᠋ᠢ ᠪᠡᠶᠡᠯᠡᠬᠦᠯᠵᠠᠢ᠃

ᠲᠦᠷᠦᠬᠦᠬᠡᠨ ᠪᠠᠶᠠᠨᠨᠠᠭᠤᠷ ᠬᠤᠳᠠ ᠤᠳᠤ ᠦᠶ᠎ᠠ᠎ᠶ᠋ᠢᠨ ᠮᠠᠯ ᠠᠵᠦ᠍ ᠠᠬᠤᠢ ᠲᠠᠷᠢᠶᠠᠯᠠᠩ᠂ ᠤᠯᠠᠮᠵᠢᠯᠠᠯᠳᠤ ᠠᠵᠦ᠍ ᠦᠢᠯᠡᠰ᠎ᠢ ᠲᠡᠭᠡᠭ᠌ᠰᠢᠯᠡᠬᠦᠯᠵᠦ᠍ ᠦᠬᠡᠷᠡᠴᠢᠯᠡᠨ ᠪᠠᠢᠭᠤᠯᠬᠤ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠳᠠᠢ ᠱᠢᠨ᠎ᠠ᠎ᠪᠠᠷ ᠮᠠᠨᠳᠤᠬ᠍ᠰᠠᠨ ᠠᠵᠦ᠍ ᠦᠢᠯᠡᠰ᠂ ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠳᠠ᠂ ᠬᠢᠯᠢ᠎ᠶ᠋ᠢᠨ ᠪᠤᠭᠤᠮᠳᠠ᠎ᠶ᠋ᠢᠨ ᠠᠵᠦ᠍ ᠠᠬᠤᠢ᠂ ᠤᠳᠤ ᠦᠶ᠎ᠠ᠎ᠶ᠋ᠢᠨ ᠦᠢᠯᠡᠴᠢᠯᠡᠬᠡᠨ᠎ᠤ ᠦᠢᠯᠡᠰ ᠵᠡᠷᠬᠡ ᠬᠦᠷᠢᠶ᠎ᠠ ᠴᠠᠷᠠᠭ᠎ᠠ᠎ᠶ᠋ᠢᠨ ᠲᠤᠭᠤᠷᠢᠨ᠎ᠳᠤ ᠨᠢᠬᠡ ᠪᠦᠯᠦᠭ ᠴᠢᠬᠤᠯᠠ ᠶᠡᠭᠡ ᠲᠦᠷᠦᠯ ᠵᠦᠢᠯ᠎ᠤᠨ ᠪᠦᠲᠦᠬᠡᠨ ᠪᠠᠢᠭᠤᠯᠤᠯᠳᠠ᠎ᠶ᠋ᠢ ᠲᠦᠯᠦᠪᠵᠢᠬᠦᠯᠦᠨ ᠡᠬᠢᠯᠡᠬᠦᠯᠵᠤ᠂ ᠴᠢᠨᠠᠷ ᠰᠠᠢᠳᠠᠢ ᠬᠦᠭ᠌ᠵᠢᠯᠳᠡ᠎ᠳᠡᠭᠡᠨ ᠴᠢᠩᠭ᠎ᠠ ᠶᠡᠭᠡ ᠬᠦᠳᠡᠯᠬᠡᠬᠦ᠌ ᠬᠦᠴᠤᠨ᠎ᠢ ᠨᠦᠬᠡᠴᠡᠯᠡᠨ ᠬᠤᠷᠠᠮᠳᠤᠭᠤᠯᠵᠠᠢ᠃ ᠡᠨᠡ ᠵᠢᠯ ᠪᠠᠶᠠᠨᠨᠠᠭᠤᠷ ᠬᠤᠳᠠ 5000 ᠲᠦᠮᠡᠨ ᠲᠦᠬᠦᠷᠢᠭ᠎ᠠᠴᠠ ᠲᠡᠭᠡᠭ᠌ᠰᠢᠬᠢ ᠵᠠᠰᠠᠬ᠎ᠤᠨ ᠤᠷᠳᠤᠨ᠎ᠠᠴᠠ ᠪᠡᠯᠡ ᠤᠷᠤᠭᠤᠯᠬᠤ ᠪᠠ ᠳ᠋ᠦᠩᠱᠢᠭᠤᠷ ᠲᠦᠬᠦᠷᠢᠭ᠎ᠠᠴᠠ ᠲᠡᠭᠡᠭ᠌ᠰᠢᠬᠢ ᠠᠵᠦ᠍ ᠠᠬᠤᠢ᠍ᠢᠯᠠᠯ᠎ᠠᠴᠠ ᠪᠡᠯᠡ ᠤᠷᠤᠭᠤᠯᠬᠤ 199 ᠴᠢᠬᠤᠯᠠ ᠶᠡᠭᠡ ᠲᠦᠷᠦᠯ ᠵᠦᠢᠯ᠎ᠢ ᠬᠡᠷᠡᠭ᠌ᠵᠢᠬᠦᠯᠬᠦ᠌᠎ᠪᠠᠷ ᠲᠦᠯᠦᠪᠯᠡᠵᠦ᠍᠂ ᠶᠡᠷᠦᠩᠬᠡᠢ ᠪᠡᠯᠡ ᠤᠷᠤᠭᠤᠯᠤᠯᠳᠠ᠎ᠶ᠋ᠢ 2045 ᠳ᠋ᠦᠩᠱᠢᠭᠤᠷ ᠲᠦᠬᠦᠷᠢᠭ᠎ᠲᠤ ᠬᠦᠷᠬᠡᠨ᠂ ᠡᠨᠡ ᠵᠢᠯ᠎ᠳᠡᠭᠡᠨ 295 ᠳ᠋ᠦᠩᠱᠢᠭᠤᠷ ᠲᠦᠬᠦᠷᠢᠭ᠎ᠲᠤ ᠬᠦᠷᠬᠡᠬᠦ᠌᠎ᠪᠠᠷ ᠪᠠᠢᠨ᠎ᠠ᠃

3 ᠰᠠᠷ᠎ᠠ᠎ᠶ᠋ᠢᠨ ᠲᠤᠮᠳᠠᠴᠢ᠎ᠪᠠᠷ᠂ ᠦᠬᠠᠢ ᠬᠤᠳᠠ ᠬᠠᠪᠤᠷ᠎ᠤᠨ ᠤᠯᠠᠷᠢᠯ᠎ᠤᠨ ᠭᠤᠤᠯᠳᠠᠯᠭ᠎ᠠ᠎ᠲᠠᠢ ᠲᠦᠷᠦᠯ ᠵᠦᠢᠯ᠎ᠤᠨ ᠪᠠᠷᠢᠯᠭ᠎ᠠ᠎ᠶ᠋ᠢᠨ ᠠᠵᠢᠯ᠎ᠢ ᠲᠦᠪᠯᠡᠷᠡᠬᠦᠯᠵᠦ᠍ ᠡᠬᠢᠯᠡᠬᠦᠯᠦᠨ ᠰᠡᠷᠬᠦᠬᠡᠬᠦ᠌ ᠶᠤᠰᠤᠯᠠᠯ ᠶᠠᠪᠤᠭ᠍ᠳᠠᠭᠤᠯᠵᠦ᠍᠂ 186 ᠳ᠋ᠦᠩᠱᠢᠭᠤᠷ ᠲᠦᠬᠦᠷᠢᠭ᠎ᠤᠨ ᠶᠡᠷᠦᠩᠬᠡᠢ ᠪᠡᠯᠡ ᠤᠷᠤᠭᠤᠯᠤᠯᠳᠠ ᠪᠦᠬᠦᠢ 20 ᠭᠤᠤᠯᠳᠠᠯᠭ᠎ᠠ᠎ᠲᠠᠢ ᠲᠦᠷᠦᠯ ᠵᠦᠢᠯ᠎ᠤᠨ ᠪᠠᠷᠢᠯᠭ᠎ᠠ᠎ᠶ᠋ᠢᠨ ᠠᠵᠢᠯ᠎ᠢ ᠲᠦᠪᠯᠡᠷᠡᠬᠦᠯᠵᠦ᠍ ᠡᠬᠢᠯᠡᠬᠦᠯᠦᠨ ᠰᠡᠷᠬᠦᠭᠡᠵᠡᠢ᠃ ᠡᠨᠡ ᠤᠳᠠᠭ᠎ᠠ ᠪᠠᠷᠢᠯᠭ᠎ᠠ᠎ᠶ᠋ᠢᠨ ᠠᠵᠢᠯ᠎ᠢ ᠲᠦᠪᠯᠡᠷᠡᠬᠦᠯᠵᠦ᠍ ᠡᠬᠢᠯᠡᠬᠦᠯᠦᠨ ᠰᠡᠷᠬᠦᠭᠡᠭ᠌ᠰᠡᠨ 20 ᠭᠤᠤᠯᠳᠠᠯᠭ᠎ᠠ᠎ᠲᠠᠢ ᠲᠦᠷᠦᠯ ᠵᠦᠢᠯ᠎ᠨᠢ ᠠᠵᠦ᠍ ᠦᠢᠯᠡᠰ᠎ᠢ ᠲᠡᠰ ᠲᠡᠪᠱᠢᠬᠦᠯᠬᠦ᠂ ᠠᠮᠢ ᠠᠬᠤᠢ᠎ᠶ᠋ᠢᠨ ᠵᠠᠰᠠᠯᠳᠠ᠂ ᠰᠠᠭᠤᠷᠢ ᠲᠦᠬᠦᠬᠡᠷᠦᠮᠵᠢ᠂ ᠨᠡᠢᠬᠡᠮ ᠠᠷᠠᠳ᠎ᠤᠨ ᠠᠮᠢᠳᠤᠷᠠᠯ ᠵᠡᠷᠬᠡ ᠤᠯᠠᠨ ᠬᠦᠷᠢᠶ᠎ᠠ ᠴᠠᠷᠠᠭ᠎ᠠ᠎ᠶ᠋ᠢ ᠬᠠᠮᠤᠷᠴᠤ᠌᠂ ᠱᠢᠨ᠎ᠠ ᠡᠨᠧᠷᠬᠢ᠂ ᠱᠢᠨ᠎ᠠ ᠮᠠᠲ᠋ᠧᠷᠢᠶᠠᠯ ᠵᠡᠷᠬᠡ ᠱᠢᠨ᠎ᠠ᠎ᠪᠠᠷ ᠮᠠᠨᠳᠤᠬ᠍ᠰᠠᠨ ᠠᠵᠦ᠍ ᠦᠢᠯᠡᠰ᠎ᠤᠨ ᠬᠦᠷᠢᠶ᠎ᠠ ᠴᠠᠷᠠᠭ᠎ᠠ᠎ᠶ᠋ᠢ ᠭᠤᠤᠯᠳᠠᠯᠭ᠎ᠠ᠎ᠲᠠᠢ ᠲᠤᠪᠤᠢᠯᠭᠠᠵᠠᠢ᠃ ᠡᠬᠦᠨ᠎ᠳᠤ᠂ ᠶᠡᠷᠦᠩᠬᠡᠢ ᠪᠡᠯᠡ ᠤᠷᠤᠭᠤᠯᠤᠯᠳᠠ᠎ᠨᠢ 15 ᠳ᠋ᠦᠩᠱᠢᠭᠤᠷ ᠲᠦᠬᠦᠷᠢᠭ᠎ᠲᠤ ᠬᠦᠷᠬᠦ᠌ ᠦᠪᠦᠷ ᠮᠤᠩᠭᠤᠯ᠎ᠤᠨ ᠬᠤᠧᠠ ᠴᠧᠩ ᠪᠤᠳᠠᠳᠤ ᠦᠢᠯᠡᠰ᠎ᠤᠨ ᠬᠢᠵᠠᠭᠠᠷᠳᠤ ᠺᠤᠮᠫᠠᠨᠢ᠎ᠶ᠋ᠢᠨ ᠨᠠᠷᠢᠯᠢᠭ ᠬᠢᠮᠢ᠎ᠶ᠋ᠢᠨ ᠠᠵᠦ᠍ ᠦᠢᠯᠡᠳᠪᠦᠷᠢ᠎ᠶ᠋ᠢᠨ ᠲᠦᠷᠦᠯ ᠵᠦᠢᠯ ᠵᠡᠷᠬᠡ ᠭᠤᠤᠯᠳᠠᠯᠭ᠎ᠠ᠎ᠲᠠᠢ ᠲᠦᠷᠦᠯ ᠵᠦᠢᠯ ᠪᠠᠭ᠍ᠳᠠᠵᠦ᠍᠂ ᠡᠳᠡᠬᠡᠷ ᠲᠦᠷᠦᠯ ᠵᠦᠢᠯ᠎ᠨᠢ ᠦᠬᠠᠢ ᠬᠤᠳᠠ᠎ᠶ᠋ᠢᠨ ᠠᠵᠦ᠍ ᠦᠢᠯᠡᠰ ᠪᠠ ᠬᠤᠳᠠ᠎ᠶ᠋ᠢᠨ ᠬᠡᠯᠪᠡᠷᠢ᠎ᠶ᠋ᠢᠨ ᠬᠤᠪᠢᠷᠠᠭᠤᠯᠤᠯᠳᠠ᠎ᠶ᠋ᠢ ᠲᠦᠷᠬᠡᠳᠭᠡᠨ ᠠᠬᠢᠭᠤᠯᠬᠤ᠎ᠳᠤ ᠴᠢᠬᠤᠯᠠ ᠦᠢᠯᠡᠳᠦᠯ᠎ᠢᠶᠠᠨ ᠪᠠᠳᠠᠷᠠᠭᠤᠯᠬᠤ ᠪᠤᠯᠤᠨ᠎ᠠ᠃

ᠡᠨᠡ ᠵᠢᠯ᠂ ᠦᠪᠦᠷ ᠮᠤᠩᠭᠤᠯ᠎ᠤᠨ ᠵᠠᠰᠠᠮᠠᠯ ᠵᠠᠮ᠎ᠤᠨ ᠵᠠᠮ ᠬᠠᠷᠢᠯᠴᠠᠭᠠᠨ᠎ᠤ ᠪᠡᠯᠡ ᠤᠷᠤᠭᠤᠯᠤᠯᠳᠠ ᠬᠦᠭ᠌ᠵᠢᠬᠦᠯᠦᠯᠳᠡ᠎ᠶ᠋ᠢᠨ ᠬᠢᠵᠠᠭᠠᠷᠳᠤ ᠺᠤᠮᠫᠠᠨᠢ G5511 ᠎ᠶ᠋ᠢᠨ ᠪᠠᠶᠠᠨᠴᠠᠭᠠᠨ — ᠠᠨ ᠶᠧ ᠬᠦᠷᠬᠦ᠌ ᠵᠡᠷᠬᠡ 6 ᠵᠤᠷᠪᠤᠰ ᠲᠦᠷᠬᠡᠨ᠎ᠤ ᠵᠠᠰᠠᠮᠠᠯ ᠵᠠᠮ᠎ᠤᠨ ᠲᠦᠷᠦᠯ ᠵᠦᠢᠯ᠎ᠤᠨ ᠪᠦᠲᠦᠬᠡᠨ ᠪᠠᠢᠭᠤᠯᠤᠯᠳᠠ᠎ᠶ᠋ᠢ ᠠᠬᠢᠭᠤᠯᠤᠨ᠂ ᠮᠤᠵᠢ ᠠᠯᠤᠰᠯᠠᠬ᠍ᠰᠠᠨ ᠵᠠᠰᠠᠮᠠᠯ ᠵᠠᠮ᠎ᠢ ᠲᠦᠷᠬᠡᠨ᠎ᠤ ᠵᠠᠰᠠᠮᠠᠯ ᠵᠠᠮ ᠪᠤᠯᠭᠠᠨ ᠦᠬᠡᠷᠡᠴᠢᠯᠡᠬᠦ᠌ ᠪᠠᠷᠢᠯᠭ᠎ᠠ᠎ᠶ᠋ᠢᠨ ᠪᠦᠲᠦᠬᠡᠨ ᠪᠠᠢᠭᠤᠯᠤᠯᠳᠠ᠎ᠶ᠋ᠢ ᠲᠠᠭᠤᠰᠭᠠᠵᠦ᠍᠂ ᠦᠪᠦᠷ ᠮᠤᠩᠭᠤᠯ᠎ᠤᠨ ᠵᠡᠬᠦᠨ ᠪᠠᠷᠠᠭᠤᠨ ᠪᠡᠶ᠎ᠠ᠎ᠶ᠋ᠢᠨ ᠲᠦᠷᠬᠡᠨ᠎ᠤ ᠵᠠᠰᠠᠮᠠᠯ ᠵᠠᠮ᠎ᠢ ᠨᠡᠪᠲᠡᠷᠡᠬᠦᠯᠬᠦ᠌ ᠪᠠ ᠨᠠᠷᠠᠰᠤ — ᠯᠦᠩᠺᠧᠤ ᠬᠦᠷᠬᠦ᠂ ᠴᠠᠩ ᠲᠠᠨ — ᠯᠢᠦ ᠴᠢᠩ ᠯᠢᠶᠠᠩ ᠬᠦᠷᠬᠦ᠌ ᠵᠠᠰᠠᠮᠠᠯ ᠵᠠᠮ᠎ᠤᠨ ᠪᠦᠲᠦᠬᠡᠨ ᠪᠠᠢᠭᠤᠯᠤᠯᠳᠠ᠎ᠶ᠋ᠢ ᠲᠦᠷᠬᠡᠳᠭᠡᠨ ᠠᠬᠢᠭᠤᠯᠵᠦ᠍᠂ ᠤᠳᠤ ᠡᠯ᠎ᠠ ᠪᠠᠷᠢᠯᠭ᠎ᠠ᠎ᠶ᠋ᠢᠨ ᠠᠵᠢᠯ᠎ᠤᠳ᠎ᠨᠢ ᠶᠠᠬ ᠰᠠᠢᠬᠠᠨ ᠤᠷᠤᠬ᠍ᠰᠢᠳᠠᠢ ᠡᠷᠴᠢᠮᠳᠡᠢ ᠶᠠᠪᠤᠬ᠍ᠳᠠᠵᠦ᠍ ᠪᠠᠢᠨ᠎ᠠ᠃

3 ᠰᠠᠷ᠎ᠠ᠎ᠶ᠋ᠢᠨ ᠰᠡᠬᠦᠯᠴᠢ᠎ᠪᠠᠷ᠂ ᠪᠦᠬᠦ᠌ ᠤᠷᠤᠨ᠎ᠤ ᠬᠦᠭ᠌ᠵᠢᠬᠦᠯᠦᠯᠳᠡ ᠪᠡ ᠦᠬᠡᠷᠡᠴᠢᠯᠡᠯᠳᠡ᠎ᠶ᠋ᠢᠨ ᠱᠢᠰᠲ᠋ᠧᠮ ᠭᠤᠤᠯᠳᠠᠯᠭ᠎ᠠ᠎ᠲᠠᠢ ᠠᠵᠢᠯ᠎ᠢ ᠠᠬᠢᠭᠤᠯᠬᠤ ᠲᠧᠯᠧᠢᠰ ᠤᠳᠠᠰᠤ ᠬᠤᠷᠠᠯ ᠬᠤᠷᠠᠯᠳᠤᠭᠤᠯᠵᠦ᠍᠂ 《ᠠᠷᠪᠠᠨ ᠲᠦᠷᠪᠡᠳᠦᠬᠡᠷ ᠲᠠᠪᠤᠨ ᠵᠢᠯ》 ᠎ᠤᠨ ᠲᠦᠯᠦᠪᠵᠢᠬᠦᠯᠬᠡ᠎ᠶ᠋ᠢᠨ ᠬᠦᠲᠦᠯᠪᠦᠷᠢ᠎ᠳᠤ ᠲᠤᠬ᠍ᠳᠠᠭᠠᠬ᠍ᠰᠠᠨ ᠴᠢᠬᠤᠯᠠ ᠶᠡᠭᠡ ᠲᠦᠷᠦᠯ ᠵᠦᠢᠯ᠎ᠤᠳ᠎ᠢ ᠤᠨᠢᠯᠠᠵᠦ᠍᠂ ᠨᠡᠩ ᠤᠯᠠᠨ ᠴᠢᠬᠤᠯᠠ ᠶᠡᠭᠡ ᠲᠦᠷᠦᠯ ᠵᠦᠢᠯ᠎ᠤᠨ ᠪᠠᠷᠢᠯᠭ᠎ᠠ᠎ᠶ᠋ᠢᠨ ᠠᠵᠢᠯ᠎ᠢ ᠡᠨᠡ ᠵᠢᠯ᠎ᠤᠨ 4 ᠰᠠᠷ᠎ᠠ᠎ᠳᠤ ᠡᠬᠢᠯᠡᠬᠦᠯᠬᠦ᠌᠎ᠶ᠋ᠢ ᠱᠠᠭᠠᠷᠳᠠᠵᠠᠢ᠃ ᠦᠪᠡᠷᠳᠡᠭᠡᠨ ᠵᠠᠰᠠᠬᠤ ᠤᠷᠤᠨ᠎ᠤ ᠬᠦᠭ᠌ᠵᠢᠬᠦᠯᠦᠯᠳᠡ ᠪᠡ ᠦᠬᠡᠷᠡᠴᠢᠯᠡᠯᠳᠡ᠎ᠶ᠋ᠢᠨ ᠵᠦᠪᠯᠡᠯ᠎ᠠᠴᠠ ᠪᠠᠰᠠ ᠵᠡᠷᠦᠩᠬᠡᠢ ᠪᠡᠯᠡ ᠤᠷᠤᠭᠤᠯᠤᠯᠳᠠ᠎ᠨᠢ 4928 ᠳ᠋ᠦᠩᠱᠢᠭᠤᠷ ᠲᠦᠬᠦᠷᠢᠭ᠎ᠲᠤ ᠬᠦᠷᠬᠦ᠂ ᠡᠨᠧᠷᠬᠢ᠂ ᠪᠤᠬᠢᠷᠳᠤᠯ ᠦᠬᠡᠢ ᠮᠠᠯ᠎ᠤᠨ ᠠᠱᠢᠬ ᠱᠢᠮ᠎ᠠ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠬᠦᠯᠦᠨ ᠪᠤᠯᠪᠠᠰᠤᠷᠠᠭᠤᠯᠬᠤ ᠵᠡᠷᠬᠡ 13 ᠬᠦᠷᠢᠶ᠎ᠠ ᠴᠠᠷᠠᠭ᠎ᠠ᠎ᠳᠤ ᠬᠤᠯᠪᠤᠬ᠍ᠳᠠᠬ᠍ᠰᠠᠨ 2021 ᠤᠨ᠎ᠤ ᠪᠦᠬᠦ᠌ ᠤᠷᠤᠨ᠎ᠤ ᠭᠤᠤᠯᠳᠠᠯᠭ᠎ᠠ᠎ᠲᠠᠢ ᠠᠵᠦ᠍ ᠠᠬᠤᠢ᠎ᠶ᠋ᠢᠨ ᠬᠠᠮᠳᠤᠷᠠᠯᠴᠠᠭᠠᠨ᠎ᠤ 387 ᠲᠦᠷᠦᠯ ᠵᠦᠢᠯ᠎ᠤᠨ ᠨᠡᠷᠡᠰ᠎ᠢ ᠨᠡᠢᠳᠡᠯᠡᠵᠡᠢ᠃

ᠡᠨᠡ ᠵᠢᠯ᠎ᠠᠴᠠ ᠨᠠᠭᠠᠰᠢ ᠮᠨᠨ᠎ᠤ ᠤᠷᠤᠨ᠎ᠤ ᠬᠡᠪᠴᠢᠶᠡᠵᠢᠯ᠎ᠠᠴᠠ ᠲᠡᠭᠡᠭ᠌ᠰᠢᠬᠢ ᠠᠵᠦ᠍ ᠦᠢᠯᠡᠳᠪᠦᠷᠢ᠎ᠶ᠋ᠢᠨ ᠨᠡᠮᠡᠭ᠌ᠳᠡᠯ ᠦᠷᠳᠡᠭ᠂ ᠲᠤᠬ᠍ᠳᠠᠮᠠᠯ ᠬᠦᠷᠦᠩᠬᠡ᠎ᠶ᠋ᠢᠨ ᠪᠡᠯᠡ ᠤᠷᠤᠭᠤᠯᠤᠯᠳᠠ ᠵᠡᠷᠬᠡ ᠴᠢᠬᠤᠯᠠ ᠬᠦᠢᠴᠡᠳᠭᠡᠬᠦ᠌ ᠲᠤᠭ᠎ᠠ ᠢᠯᠡᠷᠬᠡᠢ ᠨᠡᠮᠡᠭ᠌ᠳᠡᠵᠦ᠍᠂ ᠲᠦᠷᠦᠬᠦᠦ 2 ᠰᠠᠷ᠎ᠠ᠎ᠳᠤ᠂ ᠪᠦᠬᠦ᠌ ᠤᠷᠤᠨ᠎ᠤ ᠬᠡᠪᠴᠢᠶᠡᠵᠢᠯ᠎ᠠᠴᠠ ᠲᠡᠭᠡᠭ᠌ᠰᠢᠬᠢ ᠠᠵᠦ᠍ ᠦᠢᠯᠡᠳᠪᠦᠷᠢ᠎ᠶ᠋ᠢᠨ ᠨᠡᠮᠡᠭ᠌ᠳᠡᠯ ᠦᠷᠳᠡᠭ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 23.8% ᠎ᠪᠠᠷ ᠨᠡᠮᠡᠭ᠌ᠳᠡᠵᠦ᠍᠂ 2019 ᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 18% ᠎ᠪᠠᠷ ᠨᠡᠮᠡᠭ᠌ᠳᠡᠵᠦ᠍᠂ ᠬᠤᠶᠠᠷ ᠵᠢᠯ᠎ᠳᠤ ᠲᠤᠮᠳᠠᠴᠢ᠎ᠪᠠᠷ 8.6% ᠎ᠪᠠᠷ ᠨᠡᠮᠡᠭ᠌ᠳᠡᠵᠦ᠍᠂ ᠮᠠᠨ᠎ᠤ ᠤᠷᠤᠨ᠎ᠤ ᠠᠵᠦ᠍ ᠦᠢᠯᠡᠳᠪᠦᠷᠢ᠎ᠶ᠋ᠢᠨ ᠦᠢᠯᠡᠳᠪᠦᠷᠢᠯᠡᠯ ᠪᠠ ᠠᠵᠦ᠍ ᠠᠬᠤᠢ᠍ᠢᠯᠠᠯ᠎ᠤᠨ ᠠᠱᠢᠬ ᠤᠯᠵᠠᠪᠤᠷᠢ ᠪᠦᠷ ᠢᠯᠡᠷᠬᠡᠢ ᠨᠡᠮᠡᠭ᠌ᠳᠡᠵᠦ᠍ ᠡᠬᠢᠯᠡᠭ᠌ᠰᠡᠨ ᠪᠠᠢᠨ᠎ᠠ᠃

《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ᠂ ᠮᠠᠨ᠎ᠤ ᠤᠷᠤᠨ ᠴᠢᠬᠤᠯᠠ ᠶᠡᠭᠡ ᠲᠦᠷᠦᠯ ᠵᠦᠢᠯ᠎ᠤᠨ ᠪᠦᠲᠦᠬᠡᠨ ᠪᠠᠢᠭᠤᠯᠤᠯᠳᠠ᠎ᠶ᠋ᠢ ᠬᠦᠴᠦᠯᠡᠨ ᠠᠬᠢᠭᠤᠯᠵᠦ᠍᠂ ᠤᠷᠢᠳ ᠬᠤᠵᠢᠳ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠵᠦ᠍ ᠠᠬᠤᠢ᠍ᠢᠯᠠᠯ᠎ᠤᠨ ᠪᠡᠯᠡ ᠤᠷᠤᠭᠤᠯᠤᠯᠳᠠ᠎ᠶ᠋ᠢᠨ ᠲᠦᠷᠦᠯ ᠵᠦᠢᠯ᠎ᠢ ᠬᠠᠷᠭᠤᠭᠤᠯᠤᠨ ᠵᠦᠪᠱᠢᠶᠡᠷᠡᠬᠦ᠌ ᠪᠠ ᠲᠠᠩᠰᠠᠯᠠᠬᠤ ᠬᠠᠮᠢᠶᠠᠷᠤᠯᠳᠠ᠎ᠶ᠋ᠢᠨ ᠠᠷᠭ᠎ᠠ》᠂ 《ᠠᠵᠦ᠍ ᠠᠬᠤᠢ᠍ᠢᠯᠠᠯ᠎ᠤᠨ ᠪᠡᠯᠡ ᠤᠷᠤᠭᠤᠯᠤᠯᠳᠠ᠎ᠶ᠋ᠢᠨ ᠲᠦᠷᠦᠯ ᠵᠦᠢᠯ᠎ᠤᠨ ᠠᠮᠠᠯᠳᠠᠯᠭ᠎ᠠ᠎ᠶ᠋ᠢᠨ ᠲᠦᠷᠢᠮ᠎ᠤᠨ ᠦᠬᠡᠷᠡᠴᠢᠯᠡᠯᠳᠡ᠎ᠶ᠋ᠢᠨ ᠲᠤᠷᠱᠢᠯᠳᠠ᠎ᠶ᠋ᠢᠨ ᠴᠡᠭ᠎ᠤᠨ ᠲᠦᠰᠦᠯ》 ᠵᠡᠷᠬᠡ ᠴᠢᠬᠤᠯᠠ ᠪᠢᠴᠢᠭ ᠮᠠᠲ᠋ᠧᠷᠢᠶᠠᠯ᠎ᠤᠳ᠎ᠢ ᠲᠤᠭ᠍ᠳᠠᠭᠠᠵᠦ᠍᠂ 《ᠴᠢᠬᠤᠯᠠ ᠶᠡᠭᠡ ᠲᠦᠷᠦᠯ ᠵᠦᠢᠯ᠎ᠤᠨ 3 ᠵᠢᠯ᠎ᠤᠨ ᠬᠦᠳᠡᠯᠦᠩᠬᠦᠢ ᠲᠦᠯᠦᠪᠯᠡᠭᠡ》 ᠎ᠶ᠋ᠢ ᠲᠠᠷᠤᠮᠠᠯᠯᠠᠨ ᠲᠠᠷᠬᠠᠭᠠᠵᠦ᠍᠂ ᠦᠪᠡᠷᠳᠡᠭᠡᠨ ᠵᠠᠰᠠᠬᠤ ᠤᠷᠤᠨ᠎ᠤ ᠬᠦᠭ᠌ᠵᠢᠬᠦᠯᠦᠯᠳᠡ ᠪᠡ ᠦᠬᠡᠷᠡᠴᠢᠯᠡᠯᠳᠡ᠎ᠶ᠋ᠢᠨ ᠵᠦᠪᠯᠡᠯ᠎ᠠᠴᠠ ᠲᠤᠬ᠍ᠳᠠᠮᠠᠯ ᠬᠤᠭᠤᠴᠠᠭ᠎ᠠ᠎ᠲᠠᠢ᠎ᠪᠠᠷ ᠴᠢᠬᠤᠯᠠ ᠲᠦᠷᠦᠯ ᠵᠦᠢᠯ᠎ᠢ ᠲᠤᠬᠢᠷᠠᠭᠤᠯᠬᠤ ᠠᠵᠢᠯ᠎ᠢ ᠦᠷᠨᠢᠬᠦᠯᠵᠠᠢ᠃

ᠴᠢᠬᠤᠯᠠ ᠶᠡᠭᠡ ᠲᠦᠷᠦᠯ ᠵᠦᠢᠯ᠎ᠤᠨ ᠪᠦᠳᠦᠬᠡᠨ ᠪᠠᠢᠭᠤᠯᠤᠯᠳᠠ᠎ᠶ᠋ᠢ ᠳᠠᠭᠠᠯᠳᠤᠨ᠂ ᠮᠠᠨ᠎ᠤ ᠤᠷᠤᠨ᠎ᠤ ᠰᠠᠭᠤᠷᠢ ᠲᠦᠬᠦᠬᠡᠷᠦᠮᠵᠢ᠎ᠶ᠋ᠢᠨ ᠲᠤᠯᠭᠠᠭᠤᠷᠢᠯᠠᠨ ᠪᠠᠳᠤᠯᠠᠬᠤ ᠴᠢᠳᠠᠪᠤᠷᠢ ᠪᠦᠬᠦ᠌ ᠲᠠᠯ᠎ᠠ᠎ᠪᠠᠷ ᠲᠡᠭᠡᠭ᠌ᠰᠢᠯᠡᠵᠦ᠍᠂ ᠲᠦᠷᠬᠡᠨ᠎ᠤ ᠲᠡᠮᠦᠷ ᠵᠠᠮ᠎ᠢ 400 ᠭᠠᠷᠤᠢ ᠺᠢᠯᠤᠮᠧᠲᠷ᠂ ᠲᠡᠬᠡᠳᠤ ᠲᠡᠰ᠎ᠤᠨ ᠵᠠᠰᠠᠮᠠᠯ ᠵᠠᠮ᠎ᠢ 4744 ᠺᠢᠯᠤᠮᠧᠲᠷ ᠱᠢᠨ᠎ᠠ᠎ᠪᠠᠷ ᠪᠦᠲᠦᠬᠡᠨ ᠪᠠᠢᠭᠤᠯᠵᠦ᠍᠂ ᠲᠦᠷᠬᠡᠨ᠎ᠤ ᠲᠡᠮᠦᠷ ᠵᠠᠮ ᠨᠡᠪᠲᠡᠷᠡᠬᠡᠳᠦᠢ ᠪᠠᠢᠬ᠍ᠰᠠᠨ ᠲᠡᠤᠬᠡ᠎ᠶ᠋ᠢ ᠡᠴᠦᠰᠯᠡᠬᠦᠯᠵᠦ᠍᠂ ᠬᠤᠱᠢᠭᠤ ᠱᠢᠶᠠᠨ ᠲᠤᠭᠤᠷᠢᠬ ᠪᠦᠬᠦᠨ᠎ᠳᠤ ᠨᠢᠬᠡᠳᠦᠬᠡᠷ ᠲᠡᠰ᠎ᠤᠨ ᠵᠠᠰᠠᠮᠠᠯ ᠵᠠᠮ ᠨᠡᠪᠲᠡᠷᠡᠵᠦ᠍᠂ ᠪᠦᠬᠦ᠌ ᠤᠷᠤᠨ᠎ᠤ ᠠᠷᠠᠳ᠎ᠤᠨ ᠬᠡᠷᠡᠭ᠌ᠯᠡᠬᠡᠨ᠎ᠤ ᠨᠢᠰᠭᠡᠯ᠎ᠤᠨ ᠪᠠᠭᠤᠳᠠᠯ 40 ᠪᠤᠯᠵᠦ᠍᠂ ᠪᠦᠬᠦ᠌ ᠤᠯᠤᠰ᠎ᠲᠤ ᠲᠡᠳ᠋ᠯᠡᠵᠡᠢ᠃ ᠢᠯᠠᠩᠭᠤᠶ᠎ᠠ᠂ ᠨᠢᠬᠡ ᠪᠦᠯᠦᠭ ᠠᠵᠦ᠍ ᠦᠢᠯᠡᠳᠪᠦᠷᠢ᠎ᠶ᠋ᠢᠨ ᠴᠢᠬᠤᠯᠠ ᠶᠡᠭᠡ ᠲᠦᠷᠦᠯ ᠵᠦᠢᠯ᠎ᠤᠳ᠎ᠢ ᠬᠡᠷᠡᠭ᠌ᠵᠢᠬᠦᠯᠬᠦ᠌᠎ᠶ᠋ᠢ ᠲᠠᠭᠠᠯᠳᠤᠵᠦ᠍᠂ ᠮᠠᠨ᠎ᠤ ᠤᠷᠤᠨ᠎ᠤ ᠠᠵᠦ᠍ ᠦᠢᠯᠡᠰ᠎ᠤᠨ ᠬᠡᠯᠪᠡᠷᠢ᠎ᠶ᠋ᠢ ᠬᠤᠪᠢᠷᠠᠭᠤᠯᠤᠨ ᠲᠡᠰ ᠲᠡᠪᠱᠢᠬᠦᠯᠬᠦ᠌ ᠠᠯᠬᠤᠴᠠ ᠢᠯᠡᠷᠬᠡᠢ ᠲᠦᠷᠬᠡᠳᠴᠤ᠌᠂ ᠮᠠᠨ᠎ᠤ ᠤᠷᠤᠨ᠎ᠤ ᠬᠤᠪᠤᠷ ᠱᠢᠷᠤᠢ᠎ᠶ᠋ᠢᠨ ᠲᠦᠬᠦᠬᠡᠢ ᠮᠠᠲ᠋ᠧᠷᠢᠶᠠᠯ᠎ᠢ ᠤᠨᠳᠤᠤᠱᠢᠭᠤᠯᠬᠤ ᠨᠤᠷᠮ᠎ᠠ 75% ᠎ᠳᠤ ᠬᠦᠷᠴᠤ᠌᠂ ᠮᠠᠱᠢᠨ ᠲᠤᠨᠤᠬ᠍ᠯᠠᠯ ᠦᠢᠯᠡᠳᠬᠦ᠌ ᠦᠢᠯᠡᠰ᠎ᠤᠨ ᠨᠡᠮᠡᠭ᠌ᠳᠡᠯ ᠦᠷᠳᠡᠭ 2017 ᠤᠨ᠎ᠠᠴᠠ ᠨᠠᠭᠠᠰᠢ ᠵᠢᠯ ᠲᠤᠮᠳᠠᠴᠢ᠎ᠪᠠᠷ 18.6% ᠎ᠪᠠᠷ ᠨᠡᠮᠡᠭ᠌ᠳᠡᠵᠦ᠍᠂ ᠨᠡᠬᠦᠷᠡᠰᠤᠨ᠎ᠤ ᠪᠤᠰᠤ ᠠᠵᠦ᠍ ᠦᠢᠯᠡᠰ᠂ ᠲᠡᠭᠡᠳᠤ ᠱᠢᠨ᠎ᠠ ᠮᠡᠷᠬᠡᠵᠢᠯ᠎ᠤᠨ ᠠᠵᠦ᠍ ᠦᠢᠯᠡᠰ ᠲᠦᠷᠬᠡᠨ᠎ᠢᠶᠠᠷ ᠬᠦᠭ᠌ᠵᠢᠭ᠌ᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号