ᠠᠮᠢ ᠠᠬᠤᠢ᠎ᠶ᠋ᠢᠨ ᠱᠢᠰᠲ᠋ᠧᠮᠳᠤ ᠵᠠᠰᠠᠯᠳᠠ᠎ᠶ᠋ᠢ ᠨᠢᠭᠡᠳᠦᠯᠲᠡᠢ ᠲᠥᠯᠥᠪᠵᠢᠭᠦᠯᠵᠦ᠍ ᠠᠵᠤ ᠠᠬᠤᠢ ᠨᠡᠢᠭᠡᠮ᠎ᠤᠨ ᠪᠣᠬᠢᠷᠲᠤᠯ ᠦᠭᠡᠢ ᠬᠥᠭ᠌ᠵᠢᠯᠲᠡ᠎ᠶ᠋ᠢ ᠲᠦᠷᠭᠡᠳᠭᠡᠨ ᠪᠡᠶᠡᠯᠡᠭᠦᠯᠬᠦ᠌ ᠬᠡᠷᠡᠭ᠌ᠳᠡᠢ
2021-04-21 09:29:03
ᠵᠣᠬᠢᠶᠠᠭ᠍ᠴᠢ᠄
ᠪᠦᠦ ᠰᠡᠴᠡᠨ
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠠᠢ ᠵᠠᠰᠠᠬᠤ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠠᠮᠢ ᠠᠬᠤᠢ᠎ᠶ᠋ᠢᠨ ᠱᠢᠰᠲ᠋ᠧᠮ᠎ᠤᠨ ᠲᠣᠭ᠍ᠲᠠᠪᠤᠷᠢᠲᠤ ᠴᠢᠨᠠᠷ ᠪᠣᠯᠤᠨ ᠲᠠᠭᠠᠭᠠᠮᠠᠭᠠᠢ ᠴᠢᠨᠠᠷ᠎ᠢ ᠳᠡᠭᠡᠭ᠌ᠰᠢᠯᠡᠭᠦᠯᠵᠦ᠍᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠢ ᠦᠷᠭᠦᠯᠵᠢᠯᠡᠨ ᠰᠠᠢᠲᠤᠷ ᠬᠢᠵᠦ᠍᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠲᠦᠷᠭᠡᠳᠭᠡᠨ ᠪᠡᠶᠡᠯᠡᠭᠦᠯᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃ ᠪᠢᠳᠡ ᠰᠢ᠎ᠶ᠋ᠢᠨ ᠫᠢᠩ᠎ᠤᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠶ ᠦᠶᠯᠡᠳᠦᠯᠭᠡᠵᠢᠭᠦᠯᠵᠦ᠍᠂ ᠪᠥᠬᠦ᠌ ᠣᠷᠣᠨ ᠪᠦᠰᠡ᠂ ᠪᠥᠬᠦ᠌ ᠶᠠᠪᠤᠴᠠ᠎ᠳᠤ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠵᠤ᠂ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠪᠣᠬᠢᠷᠲᠤᠯ ᠥᠬᠡᠶ ᠬᠡᠯᠪᠡᠷᠢ᠎ᠪᠠᠨ ᠬᠤᠪᠢᠷᠠᠭᠤᠯᠬᠤ᠎ᠶ᠋ᠢ ᠪᠥᠬᠦ᠌ ᠲᠠᠯ᠎ᠠ᠎ᠪᠠᠷ ᠠᠬᠢᠭᠤᠯᠬᠤ ᠬᠡᠷᠡᠭ᠌ᠲᠡᠶ᠃ ᠨᠤᠲᠤᠭ ᠪᠡᠯᠴᠢᠭᠡᠷ᠂ ᠣᠶ ᠱᠢᠭᠤᠶ᠎ᠶ᠋ᠢ ᠬᠠᠮᠠᠭᠠᠯᠠᠬᠤ᠎ᠶ᠋ᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠭᠤᠤᠯᠳᠠᠯᠭ᠎ᠠ᠎ᠲᠠᠢ ᠠᠮᠢ ᠠᠬᠤᠶ᠎ᠶ᠋ᠢᠨ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠬᠦ᠌᠎ᠪᠠᠷ ᠭᠤᠤᠯ ᠪᠣᠯᠭᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠠᠢ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠤᠲᠤᠭ ᠪᠡᠯᠴᠢᠭᠡᠷ᠂ ᠣᠶ ᠱᠢᠭᠤᠶ᠂ ᠭᠤᠤᠯ ᠮᠥᠷᠡᠨ᠂ ᠨᠠᠭᠤᠷ ᠪᠦᠷᠢᠳᠤ᠂ ᠨᠤᠭᠤ ᠭᠠᠵᠠᠷ᠂ ᠡᠯᠡᠰᠦ ᠮᠠᠩᠬ᠎ᠠ᠂ ᠡᠯᠡᠰᠦᠷᠬᠡᠭ ᠭᠠᠵᠠᠷ᠎ᠢ ᠲᠦᠪᠯᠡᠷᠡᠬᠦᠯᠦᠨ ᠨᠢᠭᠡ ᠴᠣᠭ᠍ᠴᠠᠵᠢᠭᠤᠯᠤᠭ᠍ᠰᠠᠨ ᠪᠥᠬᠦ᠌ ᠣᠷᠣᠨ ᠪᠦᠰᠡ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠤ ᠪᠠᠢᠷᠢᠱᠢᠯ᠎ᠢ ᠪᠠᠢᠭᠤᠯᠬᠤ ᠬᠡᠷᠡᠭ᠌ᠳᠡᠢ᠃ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠢ ᠴᠥᠬᠦᠷᠡᠰᠢ ᠥᠬᠡᠶ ᠰᠠᠢᠲᠤᠷ ᠬᠢᠵᠦ᠍᠂ ᠡᠨᠧᠷᠭᠢ᠎ᠶ᠋ᠢᠨ ᠬᠡᠷᠡᠭ᠌ᠯᠡᠭᠡᠨ᠎ᠤ ᠶᠡᠷᠦᠩᠬᠡᠶ ᠬᠡᠮᠵᠢᠶ᠎ᠡ ᠪᠠ ᠡᠷᠴᠢᠮ᠎ᠤᠨ 《ᠬᠤᠶᠠᠷ᠎ᠢ ᠡᠵᠡᠮᠳᠡᠬᠦ᠌》 ᠠᠵᠢᠯᠯᠠᠭ᠎ᠠ᠎ᠶ᠋ᠢ ᠥᠷᠨᠢᠭᠦᠯᠵᠦ᠍᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠂ ᠣᠷᠴᠢᠨ ᠲᠣᠭᠤᠷᠢᠨ᠎ᠤ ᠶᠠᠰᠤ ᠴᠢᠨᠠᠷ᠎ᠤᠨ ᠬᠤᠷᠢᠭ᠎ᠠ ᠱᠤᠭᠤᠮ᠂ ᠡᠬᠢ ᠪᠠᠶᠠᠯᠢᠭ᠎ᠤᠨ ᠠᠱᠢᠬ᠍ᠯᠠᠯᠲᠠ᠎ᠶ᠋ᠢᠨ ᠦᠨᠳᠦᠷ ᠨᠤᠷᠮ᠎ᠠ ᠪᠠ ᠠᠮᠢ ᠠᠬᠤᠶ ᠣᠷᠴᠢᠨ ᠲᠣᠭᠤᠷᠢᠨ᠎ᠤ ᠤᠷᠤᠬᠤ᠎ᠶ᠋ᠢ ᠵᠥᠪᠱᠢᠶᠡᠷᠡᠬᠦ᠌ ᠨᠠᠷᠢᠨ ᠲᠠᠩᠰᠠ᠎ᠶ᠋ᠢ ᠨᠠᠢᠳᠠᠪᠤᠷᠢᠵᠢᠭᠤᠯᠬᠤ ᠬᠡᠷᠡᠭ᠌ᠳᠡᠢ᠃ ᠠᠮᠢ ᠠᠬᠤᠶ᠎ᠶ᠋ᠢᠨ ᠪᠣᠯᠪᠠᠰᠤᠨ᠎ᠤ ᠳᠦᠷᠢᠮ᠎ᠢ ᠲᠠᠰᠤᠷᠠᠯᠲᠠ ᠤᠢ᠍ᠭᠡᠢ ᠲᠡᠭᠦᠯᠳᠡᠷᠵᠢᠭᠦᠯᠦᠨ᠂ ᠠᠮᠢ ᠠᠬᠤᠶ ᠣᠷᠴᠢᠨ ᠲᠣᠭᠤᠷᠢᠨ᠎ᠢ ᠬᠠᠮᠠᠭᠠᠯᠠᠬᠤ ᠬᠠᠮᠤᠭ᠎ᠤᠨ ᠴᠢᠩᠭ᠎ᠠ ᠳᠦᠷᠢᠮ᠎ᠢ ᠬᠡᠷᠡᠭ᠌ᠵᠢᠭᠦᠯᠵᠦ᠍᠂ ᠠᠮᠢ ᠠᠬᠤᠶ᠎ᠶ᠋ᠢᠨ ᠨᠥᠬᠦᠪᠥᠷᠢᠯᠡᠬᠦ᠌ ᠲᠣᠭ᠍ᠲᠠᠴᠠ᠎ᠶ᠋ᠢ ᠰᠦᠪᠡᠭ᠌ᠴᠢᠯᠡᠨ ᠪᠠᠢᠭᠤᠯᠬᠤ ᠬᠡᠷᠡᠭ᠌ᠳᠡᠢ᠃ ᠪᠣᠬᠢᠷᠲᠤᠯ ᠥᠬᠡᠶ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠵᠤ᠂ ᠳᠤᠤᠷ᠎ᠠ ᠨᠡᠭᠦᠷᠡᠰᠦᠲᠥ᠋ᠷᠥᠭ᠌ᠴᠢᠲᠦ ᠡᠷᠬᠢᠯᠳᠡᠳᠦ ᠬᠥᠭ᠌ᠵᠢᠯᠲᠡ᠎ᠶ᠋ᠢᠨ ᠪᠣᠬᠢᠷᠲᠤᠯ ᠥᠬᠡᠶ ᠠᠵᠤ ᠠᠬᠤᠶ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠪᠣᠬᠢᠷᠲᠤᠯ ᠦᠭᠡᠢ ᠪᠠᠷᠢᠯᠭ᠎ᠠ᠎ᠶ᠋ᠢ ᠶᠡᠭᠡ᠎ᠪᠠᠷ ᠬᠥᠭ᠌ᠵᠢᠭᠦᠯᠵᠦ᠍᠂ ᠪᠣᠬᠢᠷᠲᠤᠯ ᠦᠭᠡᠢ ᠠᠮᠢᠳᠤᠷᠠᠯ᠎ᠢ ᠡᠬᠦᠳᠦᠨ ᠴᠤᠬ᠍ᠴᠠᠯᠠᠬᠤ ᠠᠵᠢᠯᠯᠠᠭ᠎ᠠ᠎ᠶ᠋ᠢ ᠢᠳᠡᠪᠬᠢᠲᠡᠢ ᠥᠷᠨᠢᠭᠦᠯᠬᠦ᠌ ᠬᠡᠷᠡᠭ᠌ᠳᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号