ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠬᠥᠮᠦᠨ ᠪᠠ ᠪᠠᠢᠭᠠᠯᠢ ᠡᠶ᠎ᠡ ᠵᠤᠬᠢᠴᠠᠩᠭᠤᠢ ᠬᠠᠮᠲᠤ ᠣᠷᠣᠱᠢᠬᠤ ᠣᠳᠣᠬᠢᠴᠢᠯᠠᠯᠲᠠ᠎ᠶ᠋ᠢ ᠪᠡᠶᠡᠯᠡᠭᠦᠯᠬᠦ᠌ ᠪᠣᠯ ᠠᠷᠠᠳ᠎ᠤᠨ ᠠᠮᠢᠳᠤᠷᠠᠯ᠎ᠳᠤ ᠬᠦᠷᠳᠡᠬᠡᠬᠦ᠌ ᠬᠠᠮᠤᠭ᠎ᠤᠨ ᠲᠦᠭᠡᠮᠡᠯ ᠪᠤᠶᠠᠨ ᠬᠡᠱᠢᠭ ᠪᠣᠯᠬᠤ ᠮᠥᠷᠲᠡᠭᠡᠨ ᠪᠠᠰᠠ ᠦᠷ᠎ᠡ ᠬᠤᠢᠴᠢᠰ᠎ᠲᠠᠭᠠᠨ ᠲᠩᠷᠢ᠎ᠨᠢ ᠨᠡᠩ ᠴᠡᠯᠮᠡᠭ᠂ ᠠᠭᠤᠯᠠ᠎ᠨᠢ ᠨᠡᠩ ᠨᠣᠭᠤᠭᠠᠨ᠂ ᠤᠰᠤ᠎ᠨᠢ ᠨᠡᠩ ᠲᠤᠩᠭᠠᠯᠠᠭ ᠭᠤᠢᠳᠠ ᠰᠠᠢᠬᠠᠨ ᠣᠷᠴᠢᠨ ᠨᠥᠬᠦᠴᠡᠯ᠎ᠢ ᠦᠯᠡᠳᠡᠭᠡᠨ ᠥᠭ᠌ᠴᠦ᠂ ᠳᠤᠮᠳᠠᠳᠤ᠎ᠶ᠋ᠢᠨ ᠦᠨᠳᠦᠰᠦᠲᠡᠨ᠎ᠤ ᠥᠨᠢᠳᠡ᠎ᠶ᠋ᠢᠨ ᠦᠷᠭᠦᠯᠵᠢᠯᠡᠬᠦ᠌ ᠬᠥᠭ᠌ᠵᠢᠯᠲᠡ᠎ᠳᠤ ᠦᠨᠳᠦᠰᠦ ᠰᠠᠭᠤᠷᠢ᠎ᠶ᠋ᠢ ᠪᠠᠬᠢᠵᠢᠭᠦᠯᠦᠨ ᠥᠭ᠌ᠴᠦ ᠴᠢᠳᠠᠬᠤ ᠶᠤᠮ᠃
ᠮᠤᠤᠠᠤᠰᠤ᠎ᠶ᠋ᠢᠨ ᠡᠯᠡᠰᠦ ᠬᠦᠬᠡᠷᠡᠨ ᠨᠣᠭᠤᠭᠠᠷᠠᠵᠤ᠂ ᠨᠢᠭᠡᠨ ᠦᠶ᠎ᠡ ᠬᠠᠳᠠᠵᠤ ᠱᠢᠷᠭᠢᠭ᠌ᠰᠡᠨ ᠰᠤᠪᠨᠠᠭᠤᠷ ᠨᠣᠮᠢᠨ ᠳᠣᠯᠭᠢᠶᠠᠨ ᠬᠠᠶᠠᠯᠠᠵᠤ᠂ ᠪᠠᠳᠠᠢ᠎ᠶ᠋ᠢᠨ ᠵᠢᠷᠠᠨ᠎ᠤ ᠡᠯᠡᠰᠦᠨ ᠬᠦᠨ᠎ᠳᠠᠬᠢ ᠨᠠᠭᠤᠷ ᠪᠦᠷᠢᠳᠦ ᠨᠡᠮᠡᠭ᠌ᠳᠡᠭᠡᠳ ᠵᠠᠭᠤ ᠭᠠᠷᠤᠢ ᠪᠤᠯᠵᠠᠢ ᠁ ᠥᠪᠥᠷ ᠮᠣᠩᠭᠤᠯ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠩ ᠰᠡᠳᠭᠢᠯ᠎ᠤᠨ ᠬᠦᠰᠡᠯ ᠨᠠᠢᠳᠠᠯᠭ᠎ᠠ᠎ᠶ᠋ᠢ ᠴᠠᠭ ᠢᠮᠠᠭ᠍ᠲᠠ ᠪᠠᠲᠤ ᠴᠡᠭᠡᠵᠢᠯᠡᠵᠦ᠍᠂ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠮᠢ ᠠᠬᠤᠢ᠎ᠶ᠋ᠢᠨ ᠵᠠᠰᠠᠯᠲᠠ᠂ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠲᠠᠯ᠎ᠠ᠎ᠪᠠᠷ ᠱᠢᠰᠲᠧᠮ᠎ᠳᠤ ᠰᠡᠳᠭᠢᠬᠦᠢ᠎ᠪᠠᠨ ᠴᠢᠩᠭᠠᠳᠭᠠᠵᠤ᠂ ᠤᠨᠢᠨ ᠳᠡᠭᠡᠷ᠎ᠡ᠎ᠨᠢ ᠠᠷᠭ᠎ᠠ ᠪᠤᠳᠤᠯᠭ᠎ᠠ ᠬᠡᠷᠡᠭ᠌ᠵᠢᠭᠦᠯᠵᠦ᠍᠂ ᠪᠦᠬᠦᠯᠢ ᠴᠣᠭ᠍ᠴᠠ᠎ᠪᠠᠷ᠎ᠨᠢ ᠠᠬᠢᠭᠤᠯᠵᠤ᠂ ᠢᠯᠡᠳᠲᠡ ᠦᠷ᠎ᠡ ᠪᠦᠲᠦᠮᠵᠢ ᠤᠯᠵᠠᠢ᠃ ᠬᠦᠭ᠌ᠵᠢᠯᠳᠠ᠎ᠶ᠋ᠢᠨ ᠱᠢᠨ᠎ᠠ ᠱᠠᠳᠤ ᠦᠶ᠎ᠠ᠎ᠳᠤ᠂ ᠥᠪᠥᠷ ᠮᠣᠩᠭᠤᠯ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠴᠢᠬᠤᠯᠠ ᠶᠡᠭᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠨᠠᠩ ᠡᠷᠡᠰ ᠡᠭᠦᠷᠭᠡᠯᠡᠵᠦ᠍᠂ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠨᠡᠢᠴᠡᠭ᠌ᠰᠡᠨ᠂ ᠥᠪᠥᠷ ᠮᠣᠩᠭᠤᠯ᠎ᠤᠨ ᠣᠨᠴᠠᠯᠢᠭ᠎ᠢ ᠢᠯᠡᠷᠡᠭᠦᠯᠦᠭ᠌ᠰᠡᠨ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢ ᠰᠦᠪᠡᠭ᠌ᠴᠢᠯᠡᠵᠤ᠂ ᠠᠮᠢ ᠠᠬᠤᠢ᠎ᠶ᠋ᠢᠨ ᠱᠢᠰᠲ᠋ᠧᠮ᠎ᠢ ᠬᠠᠮᠠᠭᠠᠯᠠᠬᠤ ᠡᠷᠴᠢᠮ᠎ᠢᠶᠠᠨ ᠴᠢᠩᠭᠠᠷᠠᠭᠤᠯᠬᠤ᠎ᠳᠤ᠂ ᠡᠷᠬᠡᠪᠰᠢ ᠠᠮᠢ ᠠᠬᠤᠢ᠎ᠶ᠋ᠢᠨ ᠱᠢᠰᠲ᠋ᠧᠮ᠎ᠤᠨ ᠳᠣᠲᠣᠭᠠᠳᠤ ᠵᠢᠮ᠎ᠡ ᠬᠠᠤᠯᠢ ᠪᠣᠯᠤᠨ ᠵᠢᠮ᠎ᠡ ᠶᠣᠰᠣ᠎ᠶ᠋ᠢ ᠵᠢᠷᠤᠮᠯᠠᠵᠤ᠂ ᠠᠶᠠᠨ᠎ᠳᠠᠭᠠᠨ ᠰᠡᠷᠭᠦᠬᠦ᠌᠎ᠪᠠᠷ ᠭᠤᠣᠯ ᠪᠣᠯᠭᠠᠬᠤ ᠴᠢᠭ᠌ᠯᠡᠯᠲᠡ᠎ᠶ᠋ᠢ ᠪᠠᠷᠢᠮᠲᠠᠯᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠠᠢ ᠵᠠᠰᠠᠬᠤ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭ᠌ᠲᠡᠢ᠃
ᠡᠬᠡ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢᠨ ᠪᠠᠢᠷᠢ ᠲᠣᠭ᠍ᠲᠠᠭᠠᠯᠲᠠ᠎ᠨᠢ ᠪᠢᠳᠡᠨ᠎ᠢ ᠡᠷᠬᠡᠪᠰᠢ ᠠᠮᠢ ᠠᠬᠤᠶ ᠪᠠ ᠪᠤᠬᠢᠷᠳᠤᠯ ᠦᠬᠡᠢ᠎ᠶ᠋ᠢ ᠭᠤᠢᠪᠢᠰᠢ ᠥᠬᠡᠶ᠎ᠪᠠᠷ ᠲᠡᠷᠢᠭᠦᠨ᠎ᠳᠤ ᠲᠠᠯᠪᠢᠬᠤ᠎ᠶ᠋ᠢ ᠱᠠᠭᠠᠷᠳᠠᠵᠤ ᠪᠠᠢᠨ᠎ᠠ; ᠤᠯᠤᠰ᠎ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠵᠢᠴᠢ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ᠎ᠤ ᠪᠠᠢᠷᠢ ᠲᠣᠭ᠍ᠲᠠᠭᠠᠯᠲᠠ᠎ᠨᠢ ᠪᠢᠳᠡᠨ᠎ᠢ ᠡᠷᠬᠡᠪᠰᠢ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠴᠢᠨᠠᠷ ᠰᠠᠢᠲᠠᠢ ᠬᠥᠭ᠌ᠵᠢᠬᠦᠯᠬᠦ᠌᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠬᠤ᠎ᠪᠠᠷ ᠬᠠᠷᠠᠯᠲᠠ ᠬᠥᠭᠡᠭᠡᠴᠡᠯᠳᠦᠯ᠎ᠢᠶᠠᠨ ᠪᠣᠯᠭᠠᠬᠤ᠎ᠶ᠋ᠢ ᠱᠠᠭᠠᠷᠳᠠᠵᠤ ᠪᠠᠢᠨ᠎ᠠ᠃ ᠪᠢᠳᠡ ᠦᠵᠡᠯ ᠰᠠᠨᠠᠭ᠎ᠠ᠎ᠪᠠᠨ ᠨᠢᠭᠡᠳᠭᠡᠵᠦ᠍᠂ ᠵᠥᠪ ᠲᠠᠨᠢᠯᠲᠠ᠂ ᠱᠢᠰᠲ᠋ᠧᠮ᠎ᠳᠤ ᠰᠡᠳᠭᠢᠬᠦᠶ᠂ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠬᠦ᠌᠎ᠶ᠋ᠢ ᠪᠠᠷᠢᠮᠳᠠᠯᠠᠵᠤ᠂ ᠪᠥᠬᠦ᠌ ᠣᠷᠣᠨ ᠪᠦᠰᠡ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠤ ᠪᠠᠢᠷᠢᠱᠢᠯ᠎ᠢ ᠢᠳᠡᠪᠬᠢᠲᠡᠶ ᠪᠠᠢᠭᠤᠯᠵᠤ᠂ ᠪᠣᠬᠢᠷᠲᠤᠯ ᠥᠬᠡᠶ ᠴᠢᠨᠠᠷ ᠰᠠᠢᠲᠠᠶ ᠬᠥᠭ᠌ᠵᠢᠯᠲᠡ᠎ᠶ᠋ᠢᠨ ᠳᠤᠮᠳᠠ ᠨᠡᠩ ᠦᠵᠡᠰᠭᠦᠯᠡᠩᠲᠦ ᠰᠠᠢᠬᠠᠨ ᠬᠡᠷ ᠣᠷᠣᠨ᠎ᠢ ᠪᠥᠲᠥᠭᠡᠨ ᠪᠠᠢᠭᠤᠯᠬᠤ ᠬᠡᠷᠡᠭ᠌ᠲᠡᠶ᠃