ᠱᠢᠨ᠎ᠠ ᠠᠵᠤ ᠤᠢ᠍ᠢᠯᠡᠰ᠂ ᠱᠢᠨ᠎ᠠ ᠬᠦᠳᠡᠯᠬᠡᠬᠦ᠌ ᠡᠨᠧᠷᠬᠢ᠂ ᠱᠢᠨ᠎ᠠ ᠨᠡᠮᠡᠭ᠌ᠳᠡᠯ᠎ᠤᠨ ᠲᠦᠢᠯ᠎ᠢ ᠶᠡᠬᠡᠪᠡᠷ ᠪᠤᠢᠵᠢᠭᠤᠯᠤᠨ᠂ ᠤᠳᠤ ᠦᠶ᠎ᠠ᠎ᠶ᠋ᠢᠨ ᠲᠤᠨᠤᠭ᠍ᠯᠠᠯ ᠤᠢ᠍ᠢᠯᠡᠳᠬᠦ᠌ ᠤᠢ᠍ᠢᠯᠡᠰ᠎ᠢ ᠬᠦᠭ᠌ᠵᠢᠬᠦᠯᠵᠤ᠂ ᠱᠢᠨ᠎ᠠ ᠮᠠᠲ᠋ᠧᠷᠢᠶᠠᠯ᠂ ᠠᠮᠢᠳᠤ ᠪᠤᠳᠠᠰ ᠡᠮ ᠡᠮᠨᠡᠯᠭᠡ᠂ ᠡᠯᠧᠺᠲᠷᠤᠨ ᠮᠡᠳᠡᠭᠡ ᠵᠠᠩᠬᠢ᠂ ᠡᠨᠧᠷᠬᠢ ᠠᠷᠪᠢᠯᠠᠵᠤ ᠤᠷᠴᠢᠨ ᠲᠤᠭᠤᠷᠢᠨ᠎ᠢ ᠬᠠᠮᠠᠭᠠᠯᠠᠬᠤ ᠵᠡᠷᠭᠡ ᠱᠢᠨ᠎ᠠ᠎ᠪᠠᠷ ᠮᠠᠨᠳᠤᠭ᠍ᠰᠠᠨ ᠠᠵᠤ ᠤᠢ᠍ᠢᠯᠡᠰ᠎ᠢ ᠬᠦᠭ᠌ᠵᠢᠬᠦᠯᠵᠤ᠂ ᠤᠳᠤ ᠦᠶ᠎ᠠ᠎ᠶ᠋ᠢᠨ ᠤᠢ᠍ᠢᠯᠡᠴᠢᠯᠡᠭᠡᠨ᠎ᠤ ᠤᠢ᠍ᠢᠯᠡᠰ᠎ᠢ ᠬᠦᠭ᠌ᠵᠢᠬᠦᠯᠦᠨ᠂ ᠴᠡᠷᠢᠭ ᠠᠷᠠᠳ᠎ᠤᠨ ᠬᠡᠷᠡᠭ᠌ᠯᠡᠭᠡ᠎ᠶ᠋ᠢ ᠠᠭᠤᠰᠤᠯᠴᠠᠭᠤᠯᠬᠤ ᠠᠵᠤ ᠤᠢ᠍ᠢᠯᠡᠰ᠎ᠢ ᠬᠦᠭ᠌ᠵᠢᠬᠦᠯᠵᠤ᠂ ᠰᠠᠭᠤᠷᠢ ᠲᠦᠬᠦᠭᠡᠷᠤᠮᠵᠢ᠎ᠶ᠋ᠢᠨ ᠲᠤᠳᠠᠭᠤᠳᠠᠯ᠎ᠢ ᠨᠦᠬᠦᠪᠤᠷᠢᠯᠡᠨ᠂ ᠤᠯᠤᠰ᠎ᠤᠨ ᠤᠮᠠᠷᠠᠰᠢ ᠨᠡᠭᠡᠭᠡᠯᠳᠡ ᠬᠢᠬᠦ᠌ ᠴᠢᠬᠤᠯᠠ ᠪᠠᠬᠢᠯᠡᠯᠳᠡ᠎ᠶ᠋ᠢᠨ ᠤᠢ᠍ᠢᠯᠡᠳᠤᠯᠢ ᠪᠠᠳᠠᠷᠠᠭᠤᠯᠵᠤ᠂ ᠡᠬᠢ ᠪᠠᠶᠠᠯᠢᠭ᠎ᠤᠨ ᠴᠢᠬᠤᠯᠠ ᠡᠯᠧᠮᠧᠨ᠋ᠲ ᠢ ᠲᠤᠬᠢᠷᠠᠭᠤᠯᠬᠤ ᠪᠠ ᠤᠢ᠍ᠢᠯᠡᠳᠪᠤᠷᠢᠯᠡᠯᠤᠨ ᠬᠦᠴᠦᠨ᠎ᠤ ᠤᠷᠤᠨ ᠵᠠᠢ᠎ᠶ᠋ᠢᠨ ᠪᠠᠢᠷᠢᠱᠢᠭᠤᠯᠤᠯᠳᠡᠶ᠋ᠢ ᠱᠢᠯᠢᠳᠡᠭ᠌ᠵᠢᠬᠦᠯᠦᠨ᠂ ᠲᠦᠪᠯᠡᠷᠡᠭ᠌ᠰᠡᠨ ᠡᠷᠴᠢᠮᠵᠢᠭ᠌ᠰᠡᠨ ᠬᠦᠭ᠌ᠵᠢᠯᠳᠡ᠎ᠶ᠋ᠢᠨ ᠵᠠᠮ᠎ᠢᠶᠠᠷ ᠵᠠᠮᠨᠠᠵᠤ᠂ ᠦᠷᠢᠰᠦᠯᠳᠦᠬᠦ᠌ ᠬᠦᠴᠦᠨ᠎ᠢᠶᠠᠷ ᠴᠢᠩᠭ᠎ᠠ ᠨᠡᠮᠡᠭ᠌ᠳᠡᠯ᠎ᠤᠨ ᠲᠦᠢᠯ᠎ᠢ ᠪᠦᠷᠢᠯᠳᠦᠬᠦᠯᠬᠦ᠌ ᠬᠡᠷᠡᠭ᠌ᠳᠡᠢ᠃
— 2018 ᠤᠨ᠎ᠤ 3 ᠰᠠᠷ᠎ᠠ᠎ᠶ᠋ᠢᠨ 15 ᠤ ᠡᠳᠤᠷ ᠶᠡᠷᠤᠩᠬᠡᠢ ᠱᠦᠵᠢ ᠰᠢ᠎ᠶ᠋ᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠩᠬᠠᠳᠤᠭᠠᠷ ᠬᠤᠷᠠᠯ᠎ᠤᠨ ᠦᠪᠤᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶ᠎ᠠ᠎ᠠᠴᠠ ᠬᠡᠰᠡᠭ᠌ᠯᠡᠪᠡ
ᠥᠪᠦᠷ ᠮᠤᠩᠭᠤᠯ᠎ᠤᠨ ᠨᠦᠬᠦᠳ ᠲᠤᠭ᠍ᠳᠠᠭᠤᠨ᠎ᠤ ᠳᠤᠮᠳᠠ ᠤᠷᠤᠬ᠍ᠰᠢᠯᠠᠨ ᠲᠠᠪᠱᠢᠬᠤ ᠠᠵᠢᠯ᠎ᠤᠨ ᠶᠡᠷᠦᠩᠭᠡᠢ ᠬᠦᠭ ᠠᠶᠠᠰ᠎ᠢ ᠪᠠᠷᠢᠮᠳᠠᠯᠠᠨ᠂ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭ᠌ᠵᠢᠯᠳᠠ᠎ᠶ᠋ᠢᠨ ᠦᠵᠡᠯ ᠰᠠᠨᠠᠭ᠎ᠠ᠎ᠶ᠋ᠢ ᠪᠠᠷᠢᠮᠳᠠᠯᠠᠵᠦ᠍᠂ ᠬᠦᠭ᠌ᠵᠢᠯᠳᠠ ᠪᠠ ᠠᠮᠤᠷ ᠲᠦᠪᠱᠢᠨ᠎ᠢ ᠨᠢᠭᠡᠳᠦᠯᠳᠠᠢ ᠲᠦᠯᠦᠪᠵᠢᠬᠦᠯᠬᠦ᠌᠎ᠶ᠋ᠢ ᠪᠠᠷᠢᠮᠳᠠᠯᠠᠨ᠂ ᠱᠢᠨ᠎ᠠ ᠬᠦᠭ᠌ᠵᠢᠯᠳᠠ᠎ᠶ᠋ᠢᠨ ᠱᠠᠳᠤᠨ᠎ᠳᠤ ᠰᠠᠭᠤᠷᠢᠯᠡᠨ᠂ ᠱᠢᠨ᠎ᠠ ᠬᠦᠭ᠌ᠵᠢᠯᠳᠠ᠎ᠶ᠋ᠢᠨ ᠤᠢ᠍ᠢᠯᠠᠭᠠᠭ᠍ᠳᠠᠬᠤᠨ᠎ᠢ ᠲᠤᠭᠤᠱᠢᠯᠠᠭᠤᠯᠵᠦ᠍᠂ ᠱᠢᠨ᠎ᠠ ᠬᠦᠭ᠌ᠵᠢᠯᠳᠠ᠎ᠶ᠋ᠢᠨ ᠪᠠᠢᠷᠢᠱᠢᠯ᠎ᠢ ᠴᠤᠭ᠍ᠴᠠᠯᠠᠵᠤ᠂ ᠥᠪᠦᠷ ᠮᠤᠩᠭᠤᠯ᠎ᠢᠶᠠᠨ ᠮᠠᠨ᠎ᠤ ᠤᠯᠤᠰ᠎ᠤᠨ ᠤᠮᠠᠷᠠᠳᠦ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠂ ᠡᠭᠡ ᠤᠯᠤᠰ᠎ᠤᠨ ᠤᠮᠠᠷᠠᠳᠦ ᠬᠢᠯᠢ᠎ᠶ᠋ᠢᠨ ᠠᠮᠤᠷ ᠲᠦᠪᠱᠢᠨ ᠲᠤᠭ᠍ᠳᠠᠭᠤᠨ᠎ᠤ ᠬᠠᠯᠬᠠᠪᠴᠢ ᠪᠤᠯᠭᠠᠨ ᠪᠦᠳᠦᠭᠡᠨ ᠪᠠᠢᠭᠤᠯᠬᠤ᠂ ᠤᠯᠤᠰ᠎ᠤᠨ ᠴᠢᠬᠤᠯᠠ ᠡᠨᠧᠷᠬᠢ ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠂ ᠮᠠᠯ᠎ᠤᠨ ᠠᠱᠢᠬ ᠱᠢᠮ᠎ᠠ ᠲᠠᠷᠢᠶᠠᠯᠠᠩ᠎ᠤᠨ ᠪᠦᠳᠦᠭᠡᠭ᠌ᠳᠡᠬᠦᠨ᠎ᠤ ᠦᠢᠯᠡᠳᠪᠤᠷᠢᠯᠡᠯ᠎ᠤᠨ ᠰᠠᠭᠤᠷᠢᠨ᠎ᠢ ᠪᠦᠳᠦᠭᠡᠨ ᠪᠠᠢᠭᠤᠯᠬᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠳᠠ ᠬᠢᠬᠦ᠌ ᠴᠢᠬᠤᠯᠠ ᠪᠠᠬᠢᠯᠡᠯᠳᠠ᠎ᠶ᠋ᠢ ᠴᠤᠬ᠍ᠴᠠᠯᠠᠬᠤ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠤᠭ᠍ᠳᠠᠭᠠᠯᠳᠠ ᠶᠤᠰᠤᠭᠠᠷ᠂ ᠭᠠᠳᠠᠨ᠎ᠠ᠎ᠠᠴᠠ ᠬᠠᠯᠳᠠᠪᠤᠷᠢᠯᠠᠨ ᠤᠷᠤᠵᠦ᠍ ᠢᠷᠡᠬᠦ᠌᠎ᠶ᠋ᠢ ᠰᠡᠷᠭᠡᠢᠯᠡᠵᠤ ᠳᠤᠳᠤᠭᠠᠳᠦ᠎ᠳᠠᠭᠠᠨ ᠲᠠᠬᠢᠨ ᠳᠡᠯᠭᠡᠷᠡᠬᠦ᠌᠎ᠶ᠋ᠢ ᠰᠡᠷᠭᠡᠢᠯᠡᠬᠦ᠌ ᠠᠵᠢᠯ᠎ᠢ ᠦᠴᠦᠬᠡᠨ ᠴᠤ᠌ ᠰᠤᠯᠠᠷᠠᠭᠤᠯᠤᠯ ᠦᠭᠡᠢ ᠰᠠᠢᠳᠤᠷ ᠬᠢᠵᠦ᠍᠂ ᠨᠡᠢᠭᠡᠮ ᠵᠢᠷᠤᠮᠳᠦ ᠤᠳᠤᠬᠢᠴᠢᠯᠠᠬ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠠ ᠠᠶᠠᠨ᠎ᠳᠤ ᠥᠪᠦᠷ ᠮᠤᠩᠭᠤᠯ᠎ᠤᠨ ᠬᠦᠭ᠌ᠵᠢᠯᠳᠠ᠎ᠶ᠋ᠢᠨ ᠱᠢᠨ᠎ᠠ ᠬᠠᠭᠤᠳᠠᠰᠤ᠎ᠶ᠋ᠢ ᠪᠢᠴᠢᠭ᠌ᠯᠡᠵᠤ᠂ ᠱᠢᠯᠢᠳᠡᠭ ᠠᠮᠵᠢᠯᠳᠠ᠎ᠪᠠᠷ᠎ᠢᠶᠠᠨ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠤᠢ᠎ᠶ᠋ᠢ ᠪᠡᠯᠭᠡᠯᠡᠬᠦ᠌᠎ᠶ᠋ᠢ ᠬᠦᠰᠡᠶ᠎ᠠ᠃
— 2021 ᠤᠨ᠎ᠤ 3 ᠰᠠᠷ᠎ᠠ᠎ᠶ᠋ᠢᠨ 5 ᠤ ᠡᠳᠤᠷ ᠶᠡᠷᠤᠩᠬᠡᠢ ᠱᠦᠵᠢ ᠰᠢ᠎ᠶ᠋ᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠷᠪᠡᠳᠤᠬᠡᠷ ᠬᠤᠷᠠᠯ᠎ᠤᠨ ᠦᠪᠤᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠠ᠎ᠶ᠋ᠢᠨ ᠴᠢᠬᠤᠯᠠ ᠶᠠᠷᠢᠶ᠎ᠠ᠎ᠠᠴᠠ ᠬᠡᠰᠡᠭ᠌ᠯᠡᠪᠡ
ᠦᠪᠦᠷ ᠮᠤᠩᠭᠤᠯ ᠡᠬᠡ ᠤᠯᠤᠰ᠎ᠤᠨ ᠠᠰ ᠬᠤᠢᠳᠤ ᠲᠠᠯ᠎ᠠ᠎ᠳᠤ ᠪᠠᠢᠷᠢᠯᠠᠵᠦ᠍᠂ ᠲᠤᠳᠤᠭᠠᠳᠤ᠎ᠳᠤ ᠨᠠᠢ᠍ᠮᠠᠨ ᠮᠤᠵᠢ᠎ᠲᠠᠢ ᠬᠤᠯᠪᠤᠯᠳᠤᠵᠦ᠍᠂ ᠭᠠᠳᠠᠭᠠᠳᠤ᠎ᠳᠤ ᠤᠷᠤᠰ ᠮᠤᠩᠭᠤᠯ ᠤᠯᠤᠰ᠎ᠲᠠᠢ ᠵᠠᠯᠭᠠᠯᠳᠤᠵᠦ᠍᠂ ᠪᠠᠢᠯᠳᠤᠬᠤ ᠪᠤᠳᠤᠯᠭ᠎ᠠ᠎ᠶ᠋ᠢᠨ ᠪᠠᠢᠷᠢ ᠰᠠᠭᠤᠷᠢ ᠮᠠᠰᠢ ᠴᠢᠬᠤᠯᠠ ᠪᠠᠢᠳᠠᠬ᠃ 《ᠠᠷᠪᠠᠨ ᠲᠦᠷᠪᠡᠳᠦᠬᠡᠷ ᠲᠠᠪᠤᠨ ᠵᠢᠯ》 ᠤᠨ ᠬᠤᠭᠤᠴᠠᠭᠠᠨ᠎ᠳᠤ᠂ ᠦᠪᠦᠷ ᠮᠤᠩᠭᠤᠯ ᠨᠡᠩ ᠨᠡᠬᠡᠬᠡᠯᠳᠡᠳᠤ ᠲᠦᠷᠢ ᠪᠠᠢᠳᠠᠯ᠎ᠢᠶᠠᠷ ᠤᠨᠴᠠᠭᠠᠢ ᠤᠷᠤᠨ ᠪᠠᠢᠷᠢ᠎ᠶ᠋ᠢᠨ ᠲᠠᠪᠠᠭᠤᠯᠢᠬ᠎ᠢᠶᠠᠨ ᠪᠠᠳᠠᠷᠠᠭᠤᠯᠵᠦ᠍᠂ ᠲᠤᠳᠤᠭᠠᠳᠤ ᠬᠡᠷᠡᠭ᠌ᠴᠡᠭᠡ᠎ᠶ᠋ᠢ ᠦᠷᠬᠡᠳᠭᠡᠬᠦ᠌ ᠡᠨᠡ ᠬᠦ᠌ ᠪᠠᠢᠯᠳᠤᠬᠤ ᠪᠤᠳᠤᠯᠭ᠎ᠠ᠎ᠶ᠋ᠢᠨ ᠰᠠᠭᠤᠷᠢ ᠴᠡᠭ᠎ᠢ ᠪᠠᠷᠢᠮᠳᠠᠯᠠᠵᠦ᠍᠂ ᠪᠡᠯᠡ ᠤᠷᠤᠭᠤᠯᠤᠯᠳᠠ ᠪᠠ ᠬᠡᠷᠡᠭ᠌ᠯᠡᠭᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠦᠭ᠌ᠵᠢᠬᠡᠨ ᠪᠠᠳᠠᠷᠠᠭᠠᠵᠦ᠍᠂ ᠡᠬᠢ ᠪᠠᠶᠠᠯᠢᠬ᠎ᠢ ᠲᠦᠪᠯᠡᠷᠡᠬᠦᠯᠦᠨ ᠲᠠᠷᠬᠠᠭᠠᠬᠤ᠂ ᠡᠯᠧᠮᠧᠨ᠋ᠲ᠎ᠢ ᠨᠡᠢᠯᠡᠬᠦᠯᠦᠨ ᠨᠡᠪᠲᠡᠷᠡᠬᠦᠯᠦᠭ᠌ᠰᠡᠨ ᠪᠦᠬᠦ᠌ ᠤᠷᠤᠨ ᠪᠦᠰᠡ᠎ᠶ᠋ᠢᠨ ᠨᠡᠬᠡᠬᠡᠯᠳᠡᠳᠤ ᠲᠠᠪᠴᠠᠩ᠎ᠢ ᠴᠤᠬ᠍ᠴᠠᠯᠠᠵᠦ᠍᠂ ᠤᠯᠤᠰ᠎ᠤᠨ ᠲᠤᠳᠤᠭᠠᠳᠤ ᠤᠯᠠᠨ ᠤᠯᠤᠰ᠎ᠤᠨ ᠵᠠᠬ᠎ᠠ ᠲᠡᠯᠬᠡᠬᠦᠷ᠎ᠲᠤ ᠪᠦᠬᠦ᠌ ᠲᠠᠯ᠎ᠠ᠎ᠪᠠᠷ ᠠᠭᠤᠰᠤᠯᠴᠠᠬᠤ ᠲᠤᠮᠳᠠ ᠬᠦᠭ᠌ᠵᠢᠯᠳᠡ᠎ᠶ᠋ᠢᠨ ᠱᠢᠨ᠎ᠠ ᠲᠠᠪᠠᠭᠤᠯᠢᠬ᠎ᠢ ᠡᠬᠦᠳᠦᠨ ᠴᠢᠩᠭᠠᠷᠠᠭᠤᠯᠬᠤ ᠪᠤᠯᠤᠨ᠎ᠠ᠃
ᠪᠠᠷᠠᠭᠠᠨ᠎ᠤ ᠬᠦᠢᠯᠬᠡᠬᠡ᠎ᠶ᠋ᠢᠨ ᠲᠦᠪ — ᠤᠯᠠᠭᠠᠨᠴᠠᠪ
ᠬᠤᠪᠤᠷ ᠱᠢᠷᠤᠢ᠎ᠶ᠋ᠢᠨ ᠬᠤᠳᠠ — ᠪᠤᠭᠤᠳᠤ
ᠲᠤᠮᠳᠠᠳᠤ ᠤᠯᠤᠰ᠎ᠤᠨ ᠰᠦ᠎ᠶ᠋ᠢᠨ ᠬᠤᠳᠠ — ᠬᠦᠬᠡᠬᠤᠳᠠ
᠁
ᠡᠳᠡᠬᠡᠷ ᠬᠤᠳᠠ᠎ᠶ᠋ᠢᠨ ᠨᠡᠷ᠎ᠠ᠎ᠶ᠋ᠢᠨ ᠬᠠᠭᠤᠳᠠᠰᠤᠨᠤᠭᠤᠳ ᠪᠤᠯ ᠦᠪᠦᠷ ᠮᠤᠩᠭᠤᠯ᠎ᠤᠨ ᠤᠷᠤᠨ ᠪᠠᠢᠷᠢ᠂ ᠠᠵᠦ᠍ ᠦᠢᠯᠡᠰ᠂ ᠰᠤᠶᠤᠯ ᠢᠷᠬᠡᠨᠱᠢᠯ ᠵᠡᠷᠬᠡ ᠤᠨᠴᠠᠯᠢᠬ᠎ᠤᠨ ᠬᠤᠷᠢᠶᠠᠩᠭᠤᠢ ᠵᠢᠷᠤᠬ᠍ᠯᠠᠯ ᠪᠤᠯᠤᠨ᠎ᠠ᠂ ᠪᠠᠰᠠ ᠴᠤ᠌ ᠦᠪᠦᠷ ᠮᠤᠩᠭᠤᠯ᠎ᠤᠨ ᠤᠯᠤᠰ᠎ᠤᠨ ᠲᠤᠳᠤᠭᠠᠳᠤ᠎ᠶ᠋ᠢᠨ ᠶᠡᠭᠡ ᠤᠷᠴᠢᠯ᠎ᠳᠤ ᠠᠭᠤᠰᠤᠯᠴᠠᠨ᠂ ᠤᠯᠤᠰ᠎ᠤᠨ ᠲᠤᠳᠤᠭᠠᠳᠤ ᠤᠯᠠᠨ ᠤᠯᠤᠰ᠎ᠤᠨ ᠬᠤᠤᠰ ᠤᠷᠴᠢᠯ᠎ᠢ ᠱᠢᠯᠤᠭᠤᠳᠭᠠᠵᠦ᠍᠂ ᠮᠠᠨ᠎ᠤ ᠤᠯᠤᠰ᠎ᠤᠨ ᠤᠮᠠᠷᠠᠰᠢ ᠨᠡᠬᠡᠬᠡᠯᠳᠡ ᠬᠢᠬᠦ᠌ ᠴᠢᠬᠤᠯᠠ ᠪᠠᠬᠢᠯᠡᠯᠳᠡ᠎ᠶ᠋ᠢ ᠪᠦᠲᠦᠬᠡᠨ ᠪᠠᠢᠭᠤᠯᠬᠤ ᠤᠨᠴᠠᠭᠠᠢ ᠲᠠᠪᠠᠭᠤᠯᠢᠬ ᠪᠤᠯᠤᠨ᠎ᠠ᠃
ᠡᠷᠬᠢᠮ ᠨᠠᠨᠳᠢᠨ ᠬᠦᠰᠡᠯ ᠨᠠᠢᠳᠠᠯᠭ᠎ᠠ᠎ᠶ᠋ᠢ ᠪᠠᠳᠤ ᠴᠡᠬᠡᠵᠢᠯᠡᠵᠤ᠂ ᠡᠬᠦᠷᠬᠡ ᠬᠠᠷᠢᠭᠤᠴᠠᠯᠭ᠎ᠠ᠎ᠶ᠋ᠢ ᠮᠦᠷᠦᠨ᠎ᠳᠡᠭᠡᠨ ᠡᠬᠦᠷᠭᠡᠯᠡᠵᠦ᠍ ᠪᠠᠢᠭ᠎ᠠ ᠦᠪᠦᠷ ᠮᠤᠩᠭᠤᠯ ᠦᠷᠯᠦᠬᠡ ᠦᠳᠡᠰᠢ᠎ᠶ᠋ᠢ ᠲᠡᠮᠡᠴᠡᠨ ᠴᠢᠷᠮᠠᠢᠨ᠎ᠠ᠃
3 ᠰᠠᠷ᠎ᠠ᠎ᠶ᠋ᠢᠨ 18 ᠤ ᠡᠳᠦᠷ᠂ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠯᠤᠰ ᠠᠷᠠᠳ᠎ᠤᠨ ᠠᠵᠦ᠍ ᠠᠬᠤᠢ ᠪᠤᠯᠤᠨ ᠨᠡᠢᠬᠡᠮ᠎ᠤᠨ ᠬᠦᠭ᠌ᠵᠢᠯᠳᠡ᠎ᠶ᠋ᠢᠨ ᠠᠷᠪᠠᠨ ᠲᠦᠷᠪᠡᠳᠦᠬᠡᠷ ᠲᠠᠪᠤᠨ ᠵᠢᠯ᠎ᠤᠨ ᠲᠦᠯᠦᠪᠵᠢᠬᠦᠯᠬᠡ ᠪᠠ 2035 ᠤᠨ᠎ᠤ ᠠᠯᠤᠰ᠎ᠤᠨ ᠬᠠᠷᠠᠯᠳᠠ᠎ᠶ᠋ᠢᠨ ᠬᠦᠲᠦᠯᠪᠦᠷᠢ》 ᠶ᠋ᠢ ᠨᠡᠢᠳᠡᠯᠡᠵᠦ᠍᠂ ᠤᠯᠤᠰ᠎ᠤᠨ ᠲᠤᠳᠤᠭᠠᠳᠤ᠎ᠶ᠋ᠢᠨ ᠶᠡᠭᠡ ᠤᠷᠴᠢᠯ᠎ᠳᠤ ᠠᠭᠤᠰᠤᠯᠴᠠᠨ᠂ ᠤᠯᠤᠰ᠎ᠤᠨ ᠲᠤᠳᠤᠭᠠᠳᠤ ᠤᠯᠠᠨ ᠤᠯᠤᠰ᠎ᠤᠨ ᠬᠤᠤᠰ ᠤᠷᠴᠢᠯ᠎ᠢ ᠱᠢᠯᠤᠭᠤᠳᠭᠠᠵᠦ᠍᠂ ᠮᠠᠨ᠎ᠤ ᠤᠯᠤᠰ᠎ᠤᠨ ᠤᠮᠠᠷᠠᠰᠢ ᠨᠡᠬᠡᠬᠡᠯᠳᠡ ᠬᠢᠬᠦ᠌ ᠴᠢᠬᠤᠯᠠ ᠪᠠᠬᠢᠯᠡᠯᠳᠡ᠎ᠶ᠋ᠢ ᠪᠦᠲᠦᠬᠡᠨ ᠪᠠᠢᠭᠤᠯᠬᠤ᠎ᠶ᠋ᠢ 《ᠠᠷᠪᠠᠨ ᠲᠦᠷᠪᠡᠳᠦᠬᠡᠷ ᠲᠠᠪᠤᠨ ᠵᠢᠯ》 ᠤᠨ ᠠᠷᠪᠠᠨ ᠲᠠᠪᠤᠨ ᠴᠢᠬᠤᠯᠠ ᠶᠡᠭᠡ ᠡᠬᠦᠷᠬᠡ᠎ᠶ᠋ᠢᠨ ᠨᠢᠬᠡ ᠪᠤᠯᠭᠠᠵᠦ᠍ ᠲᠤᠭ᠍ᠳᠠᠭᠠᠪᠠ᠃
3 ᠰᠠᠷ᠎ᠠ᠎ᠶ᠋ᠢᠨ 25 ᠤ ᠡᠳᠦᠷ᠂ ᠤᠯᠠᠭᠠᠨᠴᠠᠪ ᠬᠤᠳᠠ ᠤᠳᠤ ᠦᠶ᠎ᠠ᠎ᠶ᠋ᠢᠨ ᠪᠠᠷᠠᠭᠠᠨ᠎ᠤ ᠬᠦᠢᠯᠬᠡᠬᠡ᠎ᠶ᠋ᠢᠨ ᠠᠵᠦ᠍ ᠦᠢᠯᠡᠰ᠎ᠤᠨ ᠬᠦᠭ᠌ᠵᠢᠯᠳᠡ᠎ᠶ᠋ᠢᠨ ᠪᠠᠢᠳᠠᠯ᠎ᠤᠨ ᠲᠤᠬᠠᠢ ᠲᠤᠰᠭᠠᠢ ᠪᠠᠢᠴᠠᠭᠠᠨ ᠰᠤᠳᠤᠯᠵᠦ᠍᠂ ᠤᠷᠤᠨ ᠪᠠᠢᠷᠢ ᠵᠠᠮ ᠬᠠᠷᠢᠯᠴᠠᠭᠠᠨ᠎ᠤ ᠲᠠᠪᠠᠭᠤᠯᠢᠬ᠎ᠢᠶᠠᠨ ᠬᠦᠢᠴᠡᠳ ᠪᠠᠳᠠᠷᠠᠭᠤᠯᠤᠨ᠂ ᠠᠷᠠᠯᠵᠢᠶᠠᠴᠢᠨ ᠤᠷᠢᠵᠦ᠍ ᠪᠡᠯᠡ ᠮᠦᠩᠬᠦ᠌ ᠤᠷᠤᠭᠤᠯᠤᠨ ᠠᠪᠴᠢᠷᠠᠬᠤ ᠬᠦᠴᠦᠯᠡᠴᠡ᠎ᠪᠠᠨ ᠨᠡᠮᠡᠭ᠌ᠳᠡᠬᠦᠯᠵᠦ᠍᠂ ᠤᠮᠠᠷᠠᠰᠢ ᠨᠡᠬᠡᠬᠡᠯᠳᠡ ᠬᠢᠬᠦ᠌ ᠪᠠᠬᠢᠯᠡᠯᠳᠡ᠎ᠶ᠋ᠢ ᠪᠦᠬᠦ᠌ ᠬᠦᠴᠤ᠎ᠪᠠᠷ᠎ᠢᠶᠠᠨ ᠴᠤᠬ᠍ᠴᠠᠯᠠᠵᠦ᠍ ᠪᠠᠢᠨ᠎ᠠ᠃
3 ᠰᠠᠷ᠎ᠠ᠎ᠶ᠋ᠢᠨ 26 ᠤ ᠡᠳᠦᠷ᠂ ᠬᠢᠩᠭᠠᠨ ᠠᠢᠮᠠᠬ 2021 ᠤᠨ᠎ᠤ ᠬᠤᠳᠠᠯᠳᠤᠭᠠᠨ᠎ᠤ ᠶᠠᠪᠤᠳᠠᠯ ᠬᠢᠯᠢ᠎ᠶ᠋ᠢᠨ ᠪᠤᠭᠤᠮᠳᠠ᠎ᠶ᠋ᠢᠨ ᠠᠵᠢᠯ᠎ᠤᠨ ᠬᠤᠷᠠᠯ ᠬᠤᠷᠠᠯᠳᠤᠭᠤᠯᠵᠦ᠍᠂ ᠬᠤᠳᠠᠯᠳᠤᠭ᠎ᠠ ᠠᠷᠠᠯᠵᠢᠶᠠᠨ᠎ᠤ ᠬᠦᠢᠯᠬᠡᠬᠡ᠎ᠶ᠋ᠢᠨ ᠤᠳᠤᠬᠢᠴᠢᠯᠠᠯᠳᠠ᠎ᠶ᠋ᠢᠨ ᠬᠦᠭ᠌ᠵᠢᠯᠳᠡ᠎ᠶ᠋ᠢ ᠠᠬᠢᠭᠤᠯᠤᠨ᠂ ᠤᠯᠠᠮᠵᠢᠯᠠᠯᠳᠤ ᠬᠤᠳᠠᠯᠳᠤᠭᠠᠨ᠎ᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠲᠡᠪᠱᠢᠬᠦᠯᠬᠦ᠌᠎ᠶ᠋ᠢ ᠰᠠᠢᠳᠤᠷ ᠠᠳᠭᠤᠵᠦ᠍᠂ ᠱᠢᠨ᠎ᠠ ᠬᠡᠯᠪᠡᠷᠢ᠎ᠶ᠋ᠢᠨ ᠬᠡᠷᠡᠭ᠌ᠯᠡᠭᠡ᠎ᠶ᠋ᠢ ᠲᠦᠷᠬᠡᠳᠭᠡᠨ ᠪᠤᠢᠵᠢᠭᠤᠯᠵᠦ᠍᠂ ᠬᠤᠳᠠ ᠬᠦᠳᠡᠭᠡ᠎ᠶ᠋ᠢᠨ ᠬᠡᠷᠡᠭ᠌ᠯᠡᠭᠡ᠎ᠶ᠋ᠢᠨ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠲᠡᠭᠡᠭ᠌ᠰᠢᠯᠡᠬᠦᠯᠬᠦ᠌᠎ᠪᠠᠷ ᠴᠢᠷᠮᠠᠢᠵᠦ᠍ ᠪᠠᠢᠨ᠎ᠠ᠃
《ᠠᠷᠪᠠᠨ ᠭᠤᠷᠪᠠᠳᠤᠭᠠᠷ ᠲᠠᠪᠤᠨ ᠵᠢᠯ》 ᠢ ᠡᠷᠬᠢᠴᠡᠬᠦᠯᠬᠦ᠌ᠳᠤ᠂ ᠦᠪᠦᠷ ᠮᠤᠩᠭᠤᠯ 《ᠨᠢᠬᠡ ᠪᠦᠰᠡ ᠨᠢᠬᠡ ᠵᠠᠮ》 ᠳᠤ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠵᠦ᠍᠂ ᠲᠤᠮᠳᠠᠳᠤ ᠮᠤᠩᠭᠤᠯ ᠤᠷᠤᠰ᠎ᠤᠨ ᠠᠵᠦ᠍ ᠠᠬᠤᠢ᠎ᠶ᠋ᠢᠨ ᠬᠤᠩᠬᠢᠯ᠎ᠢ ᠲᠦᠷᠬᠡᠳᠭᠡᠵᠦ᠍ ᠪᠦᠲᠦᠬᠡᠨ ᠪᠠᠢᠭᠤᠯᠵᠦ᠍᠂ ᠠᠯᠬᠤᠴᠠ ᠯᠠᠪᠳᠠᠭᠤᠨ᠂ ᠪᠦᠲᠦᠮᠵᠢ ᠢᠯᠡᠷᠬᠡᠢ᠃ ᠲᠠᠪᠤᠨ ᠵᠢᠯ᠎ᠤᠨ ᠲᠤᠷᠰᠢ᠂ ᠪᠦᠬᠦ᠌ ᠤᠷᠤᠨ᠎ᠤ ᠭᠠᠳᠠᠭᠠᠳᠤ᠎ᠠᠴᠠ ᠤᠷᠤᠭᠤᠯᠵᠦ᠍ ᠭᠠᠳᠠᠭᠠᠳᠤ᠎ᠳᠤ ᠭᠠᠷᠭᠠᠬ᠍ᠰᠠᠨ ᠪᠠᠷᠠᠭᠠᠨ᠎ᠤ ᠵᠤᠭᠤᠰ᠎ᠤᠨ ᠶᠡᠷᠦᠩᠬᠡᠢ ᠲᠤᠭ᠎ᠠ ᠵᠢᠯ ᠲᠤᠮᠳᠠᠴᠢ 8.5% ᠪᠠᠷ ᠨᠡᠮᠡᠭ᠌ᠳᠡᠵᠦ᠍᠂ ᠦᠢᠯᠡᠴᠢᠯᠡᠭ᠌ᠰᠡᠨ ᠬᠢᠯᠢ᠎ᠪᠠᠷ ᠦᠩᠬᠡᠷᠡᠭ᠌ᠰᠡᠨ ᠲᠤᠮᠳᠠᠳᠤ ᠡᠧᠦ᠋ᠷᠤᠫᠠ᠎ᠶ᠋ᠢᠨ ᠵᠢᠱᠢᠶᠠᠨ᠎ᠤ ᠭᠠᠯᠳᠤ ᠲᠡᠷᠬᠡ᠎ᠶ᠋ᠢᠨ ᠡᠬᠡᠯᠵᠢ᠎ᠶ᠋ᠢᠨ ᠲᠤᠭ᠎ᠠ ᠪᠦᠬᠦ᠌ ᠤᠯᠤᠰ᠎ᠤᠨ 50% ᠤᠷᠴᠢᠮ᠎ᠢ ᠡᠵᠡᠯᠡᠵᠦ᠍᠂ ᠮᠠᠨᠵᠤᠤᠷ ᠪᠠ ᠡᠷᠢᠶᠡᠨ ᠬᠤᠳᠠ᠎ᠶ᠋ᠢᠨ ᠤᠯᠤᠰ᠎ᠤᠨ ᠭᠤᠤᠯᠳᠠᠯᠭ᠎ᠠ᠎ᠲᠠᠢ ᠨᠡᠬᠡᠬᠡᠨ ᠬᠦᠭ᠌ᠵᠢᠬᠦᠯᠵᠦ᠍ ᠨᠡᠬᠡᠬᠡᠯᠳᠡ ᠬᠢᠬᠦ᠌ ᠲᠤᠷᠱᠢᠯᠳᠠ᠎ᠶ᠋ᠢᠨ ᠤᠷᠤᠨ ᠵᠡᠷᠬᠡ ᠲᠠᠪᠴᠠᠩ᠎ᠤᠨ ᠪᠦᠲᠦᠬᠡᠨ ᠪᠠᠢᠭᠤᠯᠤᠯᠳᠠ ᠤᠷᠤᠬ᠍ᠰᠢᠳᠠᠢ ᠠᠬᠢᠵᠦ᠍᠂ ᠤᠮᠠᠷᠠᠰᠢ ᠨᠡᠬᠡᠬᠡᠯᠳᠡ ᠬᠢᠬᠦ᠌ ᠴᠢᠬᠤᠯᠠ ᠪᠠᠬᠢᠯᠡᠯᠳᠡ᠎ᠶ᠋ᠢᠨ ᠦᠢᠯᠡᠳᠦᠯ ᠴᠢᠨᠠᠬ᠍ᠰᠢᠳᠠ ᠢᠯᠡᠷᠬᠡᠢᠱᠢᠪᠡ᠃
《ᠠᠷᠪᠠᠨ ᠲᠦᠷᠪᠡᠳᠦᠬᠡᠷ ᠲᠠᠪᠤᠨ ᠵᠢᠯ》 ᠳᠤ᠂ ᠦᠪᠦᠷ ᠮᠤᠩᠭᠤᠯ ᠲᠤᠳᠤᠭᠠᠳᠤ ᠬᠡᠷᠡᠭ᠌ᠴᠡᠭᠡ᠎ᠶ᠋ᠢ ᠦᠷᠬᠡᠳᠭᠡᠬᠦ᠌ ᠡᠨᠡ ᠬᠦ᠌ ᠪᠠᠢᠯᠳᠤᠬᠤ ᠪᠤᠳᠤᠯᠭ᠎ᠠ᠎ᠶ᠋ᠢᠨ ᠰᠠᠭᠤᠷᠢ ᠴᠡᠭ᠎ᠢ ᠪᠠᠷᠢᠮᠳᠠᠯᠠᠨ᠂ ᠪᠡᠯᠡ ᠤᠷᠤᠭᠤᠯᠤᠯᠳᠠ ᠪᠠ ᠬᠡᠷᠡᠭ᠌ᠯᠡᠭᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠦᠭ᠌ᠵᠢᠬᠡᠨ ᠪᠠᠳᠠᠷᠠᠭᠠᠵᠦ᠍᠂ ᠡᠬᠢ ᠪᠠᠶᠠᠯᠢᠬ᠎ᠢ ᠲᠦᠪᠯᠡᠷᠡᠬᠦᠯᠦᠨ ᠲᠠᠷᠬᠠᠭᠠᠬᠤ᠂ ᠡᠯᠧᠮᠧᠨ᠋ᠲ᠎ᠢ ᠨᠡᠢᠯᠡᠬᠦᠯᠦᠨ ᠨᠡᠪᠲᠡᠷᠡᠬᠦᠯᠦᠭ᠌ᠰᠡᠨ ᠪᠦᠬᠦ᠌ ᠤᠷᠤᠨ ᠪᠦᠰᠡ᠎ᠶ᠋ᠢᠨ ᠨᠡᠬᠡᠬᠡᠯᠳᠡᠳᠤ ᠲᠠᠪᠴᠠᠩ᠎ᠢ ᠴᠤᠬ᠍ᠴᠠᠯᠠᠵᠦ᠍᠂ ᠤᠯᠤᠰ᠎ᠤᠨ ᠲᠤᠳᠤᠭᠠᠳᠤ ᠤᠯᠠᠨ ᠤᠯᠤᠰ᠎ᠤᠨ ᠵᠠᠬ᠎ᠠ ᠲᠡᠯᠬᠡᠬᠦᠷ᠎ᠲᠤ ᠪᠦᠬᠦ᠌ ᠲᠠᠯ᠎ᠠ᠎ᠪᠠᠷ ᠠᠭᠤᠰᠤᠯᠴᠠᠬᠤ ᠲᠤᠮᠳᠠ ᠬᠦᠭ᠌ᠵᠢᠯᠳᠡ᠎ᠶ᠋ᠢᠨ ᠱᠢᠨ᠎ᠠ ᠲᠠᠪᠠᠭᠤᠯᠢᠬ᠎ᠢ ᠡᠬᠦᠳᠦᠨ ᠴᠢᠩᠭᠠᠷᠠᠭᠤᠯᠬᠤ ᠪᠤᠯᠤᠨ᠎ᠠ᠃
— ᠪᠡᠯᠡ ᠤᠷᠤᠭᠤᠯᠤᠯᠳᠠ ᠪᠠ ᠬᠡᠷᠡᠭ᠌ᠯᠡᠭᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠦᠭ᠌ᠵᠢᠬᠡᠨ ᠪᠠᠳᠠᠷᠠᠭᠠᠨ᠎ᠠ᠃ ᠪᠡᠯᠡ ᠤᠷᠤᠭᠤᠯᠵᠦ᠍ ᠪᠡᠯᠡ ᠬᠤᠷᠠᠮᠳᠤᠭᠤᠯᠬᠤ ᠪᠠᠢᠭᠤᠯᠤᠮᠵᠢ᠎ᠶ᠋ᠢᠨ ᠦᠬᠡᠷᠡᠴᠢᠯᠡᠯᠳᠡ᠎ᠶ᠋ᠢ ᠬᠦᠨᠵᠡᠬᠡᠢᠷᠡᠬᠦᠯᠦᠨ᠂ ᠪᠦᠲᠦᠮᠵᠢᠳᠡᠢ ᠪᠡᠯᠡ ᠤᠷᠤᠭᠤᠯᠤᠯᠳᠠ᠎ᠶ᠋ᠢᠨ ᠲᠦᠷᠬᠡᠨ ᠨᠡᠮᠡᠭ᠌ᠳᠡᠯ᠎ᠢ ᠠᠬᠢᠭᠤᠯᠵᠦ᠍᠂ ᠬᠡᠷᠡᠭ᠌ᠯᠡᠭᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠴᠢᠷᠮᠠᠢᠨ ᠦᠷᠬᠡᠳᠭᠡᠵᠦ᠍᠂ ᠴᠢᠨᠠᠷ ᠰᠠᠢᠳᠠᠢ ᠦᠢᠯᠡᠳᠬᠦᠨ ᠪᠠ ᠦᠢᠯᠡᠴᠢᠯᠡᠬᠡᠨ᠎ᠤ ᠬᠠᠩᠭᠠᠯᠭ᠎ᠠ᠎ᠶ᠋ᠢ ᠨᠡᠮᠡᠭ᠌ᠳᠡᠬᠦᠯᠦᠨ᠎ᠠ᠃
— ᠨᠡᠩ ᠲᠡᠬᠡᠳᠤ ᠲᠦᠪᠱᠢᠨ ᠪᠦᠬᠦᠢ ᠭᠠᠳᠠᠭᠠᠳᠤ ᠨᠡᠬᠡᠬᠡᠯᠳᠡ᠎ᠶ᠋ᠢ ᠠᠬᠢᠭᠤᠯᠤᠨ᠎ᠠ᠃ 《ᠨᠢᠬᠡ ᠪᠦᠰᠡ ᠨᠢᠬᠡ ᠵᠠᠮ》 ᠢ ᠬᠠᠮᠳᠤ᠎ᠪᠠᠷ ᠪᠦᠲᠦᠬᠡᠨ ᠪᠠᠢᠭᠤᠯᠬᠤ᠎ᠳᠤ ᠬᠦᠨᠵᠡᠬᠡᠢ ᠠᠭᠤᠰᠤᠯᠴᠠᠨ᠂ ᠲᠤᠮᠳᠠᠳᠤ ᠮᠤᠩᠭᠤᠯ ᠤᠷᠤᠰ᠎ᠤᠨ ᠠᠵᠦ᠍ ᠠᠬᠤᠢ᠎ᠶ᠋ᠢᠨ ᠬᠤᠩᠬᠢᠯ᠎ᠤᠨ ᠪᠦᠲᠦᠬᠡᠨ ᠪᠠᠢᠭᠤᠯᠤᠯᠳᠠ᠎ᠳᠤ ᠪᠦᠬᠦ᠌ ᠲᠠᠯ᠎ᠠ᠎ᠪᠠᠷ ᠤᠷᠤᠯᠴᠠᠵᠦ᠍᠂ ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠳᠠ ᠵᠡᠷᠬᠡ ᠬᠦᠷᠢᠶ᠎ᠠ ᠴᠠᠷᠠᠭ᠎ᠠ᠎ᠳᠠᠬᠢ ᠪᠤᠳᠠᠳᠤ ᠬᠠᠮᠳᠤᠷᠠᠯᠴᠠᠭ᠎ᠠ᠎ᠪᠠᠨ ᠬᠦᠨᠵᠡᠬᠡᠢᠷᠡᠬᠦᠯᠦᠨᠠ᠃
— ᠶᠡᠭᠡ ᠬᠢᠯᠢ᠎ᠶ᠋ᠢᠨ ᠪᠤᠭᠤᠮᠳᠠ᠎ᠶ᠋ᠢᠨ ᠠᠵᠦ᠍ ᠠᠬᠤᠢ᠎ᠶ᠋ᠢᠨ ᠬᠦᠭ᠌ᠵᠢᠯᠳᠡ᠎ᠶ᠋ᠢ ᠲᠦᠷᠬᠡᠳᠭᠡᠨᠠ᠃ ᠬᠢᠯᠢ᠎ᠶ᠋ᠢᠨ ᠪᠤᠭᠤᠮᠳᠠ᠂ ᠵᠠᠮ ᠱᠤᠭᠤᠮ ᠪᠠ ᠡᠯ᠎ᠠ ᠲᠦᠷᠦᠯ᠎ᠤᠨ ᠨᠡᠬᠡᠬᠡᠯᠳᠡ ᠬᠢᠬᠦ᠌ ᠠᠴᠢᠶᠠᠯᠠᠬ᠍ᠴᠢᠶ᠋ᠢ ᠨᠢᠬᠡᠳᠦᠯᠳᠡᠢ ᠲᠦᠯᠦᠪᠵᠢᠬᠦᠯᠦᠨ᠂ ᠬᠠᠭᠤᠷᠠᠢ ᠲᠠᠯᠠᠢ ᠠᠭᠠᠷ᠎ᠤᠨ ᠲᠡᠬᠡᠬᠡᠪᠦᠷᠢ᠎ᠶ᠋ᠢᠨ ᠭᠤᠤᠯ ᠵᠠᠮ ᠱᠤᠭᠤᠮ᠎ᠢ ᠬᠦᠴᠦᠯᠡᠨ ᠨᠡᠪᠲᠡᠷᠡᠬᠦᠯᠵᠦ᠍᠂ ᠭᠤᠤᠯᠳᠠᠯᠭ᠎ᠠ᠎ᠲᠠᠢ ᠬᠦᠢᠰᠤ ᠭᠤᠭ᠍ᠴᠤᠭ᠎ᠠ᠎ᠶ᠋ᠢᠨ ᠬᠤᠳᠠ᠂ ᠪᠠᠷᠠᠭ᠎ᠠ᠎ᠶ᠋ᠢ ᠲᠦᠪᠯᠡᠷᠡᠬᠦᠯᠦᠨ ᠲᠠᠷᠬᠠᠭᠠᠬᠤ ᠲᠦᠪ ᠪᠠ ᠡᠬᠢ ᠪᠠᠶᠠᠯᠢᠬ᠎ᠢ ᠤᠨᠳᠤᠤᠱᠢᠭᠤᠯᠬᠤ ᠬᠦᠷᠢᠶᠡᠯᠡᠩ ᠲᠤᠭᠤᠷᠢᠬ᠎ᠤᠨ ᠪᠦᠲᠦᠬᠡᠨ ᠪᠠᠢᠭᠤᠯᠤᠯᠳᠠ᠎ᠶ᠋ᠢ ᠠᠬᠢᠭᠤᠯᠤᠨ᠎ᠠ᠃
— ᠤᠯᠤᠰ᠎ᠤᠨ ᠲᠤᠳᠤᠭᠠᠳᠤ᠎ᠶ᠋ᠢᠨ ᠶᠡᠭᠡ ᠤᠷᠴᠢᠯ᠎ᠳᠤ ᠦᠢᠯᠡᠴᠢᠯᠡᠨ ᠠᠭᠤᠰᠤᠯᠴᠠᠨ᠎ᠠ᠃ ᠤᠯᠤᠰ᠎ᠤᠨ ᠤᠷᠤᠨ ᠪᠦᠰᠡ᠎ᠶ᠋ᠢᠨ ᠴᠢᠬᠤᠯᠠ ᠶᠡᠭᠡ ᠪᠠᠢᠯᠳᠤᠬᠤ ᠪᠤᠳᠤᠯᠭ᠎ᠠ ᠪᠠ ᠤᠷᠤᠨ ᠪᠦᠰᠡ᠎ᠶ᠋ᠢᠨ ᠵᠤᠬᠢᠴᠠᠩᠭᠤᠢ ᠬᠦᠭ᠌ᠵᠢᠯᠳᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠨᠠᠢᠳᠠᠪᠤᠷᠢᠵᠢᠭᠤᠯᠤᠨ᠂ ᠤᠷᠤᠨ ᠪᠦᠰᠡ᠎ᠶ᠋ᠢᠨ ᠬᠠᠮᠳᠤᠷᠠᠯᠴᠠᠭ᠎ᠠ ᠬᠠᠮᠵᠢᠯᠴᠠᠭ᠎ᠠ ᠠᠵᠢᠯᠯᠠᠭᠠᠨ᠎ᠤ ᠲᠤᠬ᠍ᠳᠠᠴᠠ᠎ᠶ᠋ᠢ ᠪᠦᠷᠢᠨᠱᠢᠬᠦᠯᠦᠨ᠂ ᠤᠯᠤᠰ᠎ᠤᠨ ᠲᠤᠳᠤᠭᠠᠳᠤ᠎ᠶ᠋ᠢᠨ ᠲᠡᠷᠢᠬᠦᠨ᠎ᠤ ᠠᠵᠦ᠍ ᠦᠢᠯᠡᠰ᠎ᠤᠨ ᠱᠢᠯᠵᠢᠯᠳᠡᠶ᠋ᠢ ᠡᠮᠬᠢ ᠵᠢᠷᠤᠮ᠎ᠲᠠᠢ ᠲᠤᠰᠴᠤ᠌ ᠵᠤᠯᠭᠠᠯᠴᠠᠵᠦ᠍᠂ ᠤᠯᠤᠰ᠎ᠤᠨ ᠲᠤᠳᠤᠭᠠᠳᠤ᠎ᠶ᠋ᠢᠨ ᠵᠠᠬ᠎ᠠ ᠲᠡᠯᠬᠡᠬᠦᠷ᠎ᠲᠤ ᠪᠦᠬᠦ᠌ ᠲᠠᠯ᠎ᠠ᠎ᠪᠠᠷ ᠠᠭᠤᠰᠤᠯᠴᠠᠬᠤ ᠲᠤᠮᠳᠠ ᠬᠦᠭ᠌ᠵᠢᠯᠳᠡ᠎ᠶ᠋ᠢᠨ ᠱᠢᠨ᠎ᠠ ᠲᠠᠪᠠᠭᠤᠯᠢᠬ᠎ᠢ ᠡᠬᠦᠳᠦᠨ ᠴᠢᠩᠭᠠᠷᠠᠭᠤᠯᠤᠨ᠎ᠠ᠃
ᠮᠠᠨ᠎ᠤ ᠤᠷᠤᠨ᠎ᠤ 4200 ᠺᠢᠯᠤᠮᠧᠲᠷ ᠤᠷᠳᠤ ᠰᠤᠨᠤᠯᠵᠠᠬ᠍ᠰᠠᠨ ᠬᠢᠯᠢ᠎ᠶ᠋ᠢᠨ ᠱᠤᠭᠤᠮ ᠲᠡᠬᠡᠷ᠎ᠠ᠂ 19 ᠬᠢᠯᠢ᠎ᠶ᠋ᠢᠨ ᠪᠤᠭᠤᠮᠳᠠ ᠲᠠᠨ᠎ᠠ ᠰᠤᠪᠤᠳ ᠱᠢᠬ ᠲᠠᠷᠬᠠᠨ ᠪᠠᠢᠷᠢᠱᠢᠵᠦ᠍ ᠪᠠᠢᠳᠠᠬ᠃ ᠡᠬᠦᠨ᠎ᠳᠤ᠂ ᠡᠷᠢᠶᠡᠨ ᠬᠤᠳᠠ᠂ ᠮᠠᠨᠵᠤᠤᠷ ᠬᠢᠯᠢ᠎ᠶ᠋ᠢᠨ ᠪᠤᠭᠤᠮᠳᠠ ᠪᠤᠯ ᠮᠠᠨ᠎ᠤ ᠤᠯᠤᠰ᠎ᠤᠨ ᠮᠤᠩᠭᠤᠯ ᠤᠯᠤᠰ᠂ ᠤᠷᠤᠰ᠎ᠲᠠᠢ ᠵᠠᠯᠭᠠᠯᠳᠤᠵᠦ᠍ ᠪᠠᠢᠭ᠎ᠠ ᠬᠠᠮᠤᠬ᠎ᠤᠨ ᠶᠡᠭᠡ ᠬᠠᠭᠤᠷᠠᠢ ᠵᠠᠮ᠎ᠤᠨ ᠬᠢᠯᠢ᠎ᠶ᠋ᠢᠨ ᠪᠤᠭᠤᠮᠳᠠ ᠪᠠᠢᠵᠦ᠍᠂ ᠤᠯᠤᠰ᠎ᠤᠨ ᠭᠠᠳᠠᠭᠠᠳᠤ ᠨᠡᠬᠡᠬᠡᠯᠳᠡ ᠬᠢᠬᠦ᠌ ᠶᠡᠭᠡ ᠪᠠᠢᠷᠢᠱᠢᠯ ᠲᠤᠮᠳᠠ ᠴᠢᠬᠤᠯᠠ ᠪᠠᠢᠯᠳᠤᠬᠤ ᠪᠤᠳᠤᠯᠭ᠎ᠠ᠎ᠶ᠋ᠢᠨ ᠪᠠᠢᠷᠢ ᠰᠠᠭᠤᠷᠢ᠎ᠲᠠᠢ ᠪᠠᠢᠳᠠᠬ᠃
ᠦᠵᠡᠭ᠌ᠳᠡᠯ 1 —
ᠡᠷᠢᠶᠡᠨ ᠬᠤᠳᠠ ᠶᠡᠭᠡ ᠭᠤᠪᠢ᠎ᠶ᠋ᠢᠨ ᠤᠯᠠᠭ᠎ᠠ ᠦᠷᠳᠡᠭᠡ᠎ᠠᠴᠠ ᠤᠯᠠᠨ ᠤᠯᠤᠰ᠎ᠤᠨ ᠬᠦᠢᠰᠤ ᠵᠠᠮ ᠪᠤᠯᠵᠦ᠍ ᠬᠤᠪᠢᠷᠠᠪᠠ
3 ᠰᠠᠷ᠎ᠠ᠎ᠶ᠋ᠢᠨ 19 ᠤ ᠡᠳᠦᠷ᠂ ᠲᠦᠬᠦᠷᠳᠡᠯ᠎ᠠ ᠪᠠᠷᠠᠭ᠎ᠠ ᠠᠴᠢᠬ᠍ᠰᠠᠨ ᠨᠢᠬᠡ ᠡᠬᠡᠯᠵᠢ ᠲᠤᠮᠳᠠᠳᠤ ᠧᠦ᠋ᠷᠤᠫᠠ᠎ᠶ᠋ᠢᠨ ᠵᠢᠱᠢᠶᠠᠨ᠎ᠤ ᠭᠠᠯᠳᠤ ᠲᠡᠷᠬᠡ ᠡᠷᠢᠶᠡᠨ ᠬᠤᠳᠠ ᠬᠢᠯᠢ᠎ᠶ᠋ᠢᠨ ᠪᠤᠭᠤᠮᠳᠠ᠎ᠳᠤ ᠬᠦᠷᠴᠤ᠌ ᠢᠷᠡᠪᠡ᠃ ᠡᠨᠡ᠎ᠨᠢ ᠡᠷᠢᠶᠡᠨ ᠬᠤᠳᠠ ᠬᠢᠯᠢ᠎ᠶ᠋ᠢᠨ ᠪᠤᠭᠤᠮᠳᠠ᠎ᠪᠠᠷ ᠦᠩᠬᠡᠷᠡᠭ᠌ᠰᠡᠨ ᠨᠢᠭᠡ ᠵᠢᠯ᠎ᠤᠨ ᠲᠤᠮᠳᠠᠳᠤ ᠧᠦ᠋ᠷᠤᠫᠠ᠎ᠶ᠋ᠢᠨ ᠵᠢᠱᠢᠶᠠᠨ᠎ᠤ ᠭᠠᠯᠳᠤ ᠲᠡᠷᠬᠡ᠎ᠶ᠋ᠢᠨ ᠡᠬᠡᠯᠵᠢ᠎ᠶ᠋ᠢᠨ ᠲᠤᠭ᠎ᠠ 500 ᠶ᠋ᠢ ᠲᠠᠪᠠᠵᠦ᠍᠂ 2020 ᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 32 ᠡᠳᠦᠷ ᠤᠷᠢᠳᠴᠢᠯᠡᠬ᠍ᠰᠠᠨᠢ ᠬᠠᠷᠠᠭᠤᠯᠵᠠᠢ᠃
ᠲᠤᠮᠳᠠᠳᠤ ᠧᠦ᠋ᠷᠤᠫᠠ᠎ᠶ᠋ᠢᠨ ᠵᠢᠱᠢᠶᠠᠨ᠎ᠤ ᠭᠠᠯᠳᠤ ᠲᠡᠷᠬᠡ᠎ᠶ᠋ᠢ ᠨᠡᠪᠲᠡᠷᠡᠬᠦᠯᠦᠭ᠌ᠰᠡᠨᠠᠴᠠ ᠨᠠᠭᠠᠰᠢ᠂ ᠤᠳᠤ ᠨᠢᠬᠡᠨᠳᠡ 45 ᠵᠤᠷᠪᠤᠰ ᠵᠠᠮ ᠱᠤᠭᠤᠮ᠎ᠲᠠᠢ ᠪᠤᠯᠵᠦ᠍ ᠨᠡᠮᠡᠭ᠌ᠳᠡᠵᠦ᠍᠂ ᠤᠯᠤᠰ᠎ᠤᠨ ᠲᠤᠳᠤᠭᠠᠳᠤ᠎ᠶ᠋ᠢᠨ 40 ᠭᠠᠷᠤᠢ ᠬᠤᠳᠠ ᠪᠠ ᠬᠢᠯᠢ᠎ᠶ᠋ᠢᠨ ᠭᠠᠳᠠᠨᠠᠬᠢ 10 ᠤᠯᠤᠰ᠎ᠤᠨ 60 ᠭᠠᠵᠠᠷ ᠤᠷᠤᠨ᠎ᠳᠤ ᠲᠦᠭᠡᠵᠠᠢ᠃ ᠲᠤᠮᠳᠠᠳᠤ ᠮᠤᠩᠭᠤᠯ ᠤᠷᠤᠰ᠎ᠤᠨ ᠠᠵᠦ᠍ ᠠᠬᠤᠢ᠎ᠶ᠋ᠢᠨ ᠬᠤᠩᠬᠢᠯ ᠲᠤᠮᠳᠠ᠂ 《ᠨᠢᠬᠡ ᠪᠦᠰᠡ ᠨᠢᠬᠡ ᠵᠠᠮ》 ᠬᠢᠬᠡᠳ ᠲᠠᠯ᠎ᠠ ᠨᠤᠳᠤᠬ᠎ᠤᠨ ᠵᠠᠮ᠎ᠨᠢ ᠡᠷᠢᠶᠡᠨ ᠬᠤᠳᠠ ᠬᠢᠯᠢ᠎ᠶ᠋ᠢᠨ ᠪᠤᠭᠤᠮᠳᠠ᠎ᠳᠤ ᠵᠤᠯᠭᠠᠯᠴᠠᠵᠤ᠂ ᠤᠮᠠᠷᠠᠳᠤ ᠬᠢᠯᠢ᠎ᠳᠤ ᠪᠠᠢᠷᠢᠯᠠᠬ᠍ᠰᠠᠨ ᠡᠨᠡ ᠬᠦ᠌ ᠬᠡᠷᠡᠯᠳᠤ ᠰᠤᠪᠤᠳ ᠬᠦᠭ᠌ᠵᠢᠯᠳᠡ ᠴᠡᠴᠡᠭ᠌ᠯᠡᠯᠳᠡ᠎ᠶ᠋ᠢᠨ ᠱᠢᠨ᠎ᠠ ᠬᠠᠭᠤᠳᠠᠰᠤ᠎ᠶ᠋ᠢ ᠪᠢᠴᠢᠭ᠌ᠯᠡᠵᠦ᠍ ᠪᠠᠢᠨ᠎ᠠ᠃
ᠤᠯᠤᠰ᠎ᠤᠨ ᠦᠷᠬᠦᠯᠵᠢᠯᠡᠨ ᠤᠮᠠᠷᠠᠰᠢ ᠨᠡᠬᠡᠬᠡᠯᠳᠡ ᠬᠢᠬᠦ᠌ ᠶᠡᠭᠡ ᠰᠠᠢᠨ ᠠᠵᠠ ᠲᠤᠬᠢᠶᠠᠯ᠎ᠢ ᠠᠱᠢᠬ᠍ᠯᠠᠵᠦ᠍᠂ ᠲᠦᠷᠦ᠎ᠶ᠋ᠢᠨ ᠪᠤᠳᠤᠯᠭᠠᠨᠤᠭᠤᠳ ᠪᠤᠳᠠᠳᠠᠢ᠎ᠳᠤ ᠨᠠᠢᠳᠠᠪᠤᠷᠢᠵᠢᠵᠦ᠍᠂ ᠲᠦᠷᠦᠯ ᠵᠦᠢᠯ᠎ᠤᠳ ᠪᠠᠷᠢᠯᠭ᠎ᠠ᠎ᠶ᠋ᠢᠨ ᠠᠵᠢᠯ᠎ᠢᠶᠠᠨ ᠡᠬᠢᠯᠡᠬᠦᠯᠵᠦ᠍᠂ ᠡᠷᠢᠶᠠᠨ ᠬᠤᠳᠠ ᠠᠯᠬᠤᠮ ᠠᠯᠬᠤᠮ᠎ᠢᠶᠠᠷ ᠪᠦᠬᠦ᠌ ᠲᠠᠯ᠎ᠠ᠎ᠪᠠᠷ ᠭᠠᠳᠠᠭᠠᠳᠤ ᠨᠡᠬᠡᠬᠡᠯᠳᠡ ᠬᠢᠬᠦ᠌ ᠪᠠᠢᠷᠢᠱᠢᠯ᠎ᠢ ᠪᠦᠷᠢᠯᠳᠦᠬᠦᠯᠵᠦ᠍᠂ ᠲᠤᠮᠳᠠᠳᠤ ᠮᠤᠩᠭᠤᠯ᠎ᠤᠨ ᠰᠤᠶᠤᠯ ᠢᠷᠬᠡᠨᠱᠢᠯᠤᠨ ᠶᠠᠪᠤᠯᠴᠠᠭ᠎ᠠ ᠬᠠᠮᠳᠤᠷᠠᠯᠴᠠᠭ᠎ᠠ᠎ᠶ᠋ᠢᠨ ᠬᠦᠷᠢᠶ᠎ᠠ ᠴᠠᠷᠠᠭ᠎ᠠ ᠲᠠᠰᠤᠷᠠᠯᠳᠠ ᠦᠬᠡᠢ ᠦᠷᠬᠡᠵᠢᠭ᠌ᠰᠡᠭᠡᠷ ᠪᠠᠢᠨ᠎ᠠ᠃
ᠦᠵᠡᠭ᠌ᠳᠡᠯ 2 —
ᠮᠠᠨᠵᠤᠤᠷ 《ᠬᠤᠤᠰ ᠤᠷᠴᠢᠯ》 ᠤᠨ ᠱᠢᠨ᠎ᠠ ᠬᠦᠭ᠌ᠵᠢᠯᠳᠡ᠎ᠶ᠋ᠢᠨ ᠪᠠᠢᠷᠢᠱᠢᠯ᠎ᠢ ᠴᠤᠬ᠍ᠴᠠᠯᠠᠨ᠎ᠠ
4 ᠰᠠᠷ᠎ᠠ᠎ᠶ᠋ᠢᠨ 2 ᠤ ᠡᠳᠦᠷ᠂ ᠡᠯᠧᠺᠲᠷᠤᠨ ᠦᠢᠯᠡᠳᠬᠦᠨ ᠵᠡᠷᠬᠡ ᠪᠠᠷᠠᠭ᠎ᠠ᠎ᠶ᠋ᠢ ᠲᠦᠬᠦᠷᠳᠡᠯ᠎ᠠ ᠠᠴᠢᠬ᠍ᠰᠠᠨ ᠪᠠᠰᠠ ᠨᠢᠬᠡ ᠡᠬᠡᠯᠵᠢ ᠲᠤᠮᠳᠠᠳᠤ ᠧᠦ᠋ᠷᠤᠫᠠ᠎ᠶ᠋ᠢᠨ ᠵᠢᠱᠢᠶᠠᠨ᠎ᠤ ᠭᠠᠯᠳᠤ ᠲᠡᠷᠬᠡ ᠮᠠᠨᠵᠤᠤᠷ᠎ᠠᠴᠠ ᠮᠤᠷᠳᠠᠵᠦ᠍ ᠧᠦ᠋ᠷᠤᠫᠠ ᠲᠢᠪ᠎ᠤᠨ ᠶᠡᠭᠡ ᠬᠠᠭᠤᠷᠠᠢ᠎ᠶ᠋ᠢ ᠴᠢᠭ᠌ᠯᠡᠪᠡ᠃ ᠮᠠᠨᠵᠤᠤᠷ ᠬᠢᠯᠢ᠎ᠶ᠋ᠢᠨ ᠪᠤᠭᠤᠮᠳᠠ᠎ᠶ᠋ᠢᠨ ᠪᠦᠷᠢᠳᠭᠡᠯ᠎ᠢᠶᠠᠷ᠂ ᠡᠨᠡ ᠵᠢᠯ᠎ᠤᠨ ᠲᠦᠷᠦᠬᠦᠦ 2 ᠰᠠᠷ᠎ᠠ᠎ᠳᠤ᠂ ᠮᠠᠨᠵᠤᠤᠷ ᠬᠢᠯᠢ᠎ᠶ᠋ᠢᠨ ᠪᠤᠭᠤᠮᠳᠠ᠎ᠪᠠᠷ ᠦᠩᠬᠡᠷᠡᠭ᠌ᠰᠡᠨ ᠲᠤᠮᠳᠠᠳᠤ ᠧᠦ᠋ᠷᠤᠫᠠ᠎ᠶ᠋ᠢᠨ ᠵᠢᠱᠢᠶᠠᠨ᠎ᠤ ᠭᠠᠯᠳᠤ ᠲᠡᠷᠬᠡ 497 ᠡᠬᠡᠯᠵᠢᠳᠤ ᠬᠦᠷᠴᠤ᠌᠂ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 75.62% ᠢᠶᠠᠷ ᠨᠡᠮᠡᠭ᠌ᠳᠡᠵᠡᠢ᠃
ᠮᠠᠨᠵᠤᠤᠷ ᠬᠢᠯᠢ᠎ᠶ᠋ᠢᠨ ᠪᠤᠭᠤᠮᠳᠠ ᠨᠡᠬᠡᠬᠡᠯᠳᠡᠳᠤ ᠲᠠᠪᠴᠠᠩ᠎ᠤᠨ ᠶᠠᠰᠤ ᠴᠢᠨᠠᠷ᠎ᠢᠶᠠᠨ ᠲᠡᠭᠡᠭ᠌ᠰᠢᠯᠡᠬᠦᠯᠦᠨ ᠦᠷ᠎ᠠ ᠪᠦᠲᠦᠮᠵᠢ᠎ᠶ᠋ᠢ ᠲᠡᠭᠡᠭ᠌ᠰᠢᠯᠡᠬᠦᠯᠬᠦ᠌᠎ᠶ᠋ᠢ ᠠᠬᠢᠭᠤᠯᠵᠦ᠍᠂ ᠲᠤᠮᠳᠠᠳᠤ ᠤᠷᠤᠰ᠎ᠤᠨ ᠬᠠᠷᠢᠯᠴᠠᠨ ᠴᠢᠯᠦᠬᠡᠳᠡᠢ ᠪᠠᠢᠯᠭᠠᠬᠤ ᠵᠠᠬ᠎ᠠ ᠲᠡᠯᠬᠡᠬᠦᠷ᠎ᠤᠨ ᠠᠷᠠᠯᠵᠢᠶᠠᠨ᠎ᠤ ᠤᠷᠤᠨ᠎ᠢ ᠬᠦᠨᠵᠡᠬᠡᠢ ᠨᠡᠬᠡᠬᠡᠯᠳᠡ ᠬᠢᠵᠦ᠍᠂ ᠠᠷᠪᠠᠨ ᠲᠠᠪᠤᠨ ᠤᠯᠤᠰ᠎ᠤᠨ ᠲᠠᠸᠠᠷ᠎ᠤᠨ ᠭᠠᠢᠯᠢ᠎ᠶ᠋ᠢ ᠬᠡᠯᠳᠦᠷᠢᠬᠦᠯᠬᠦ᠌ ᠤᠷᠤᠨ ᠵᠡᠷᠬᠡ ᠨᠢᠬᠡ ᠪᠦᠯᠦᠭ ᠲᠦᠷᠦᠯ ᠵᠦᠢᠯ᠎ᠢ ᠲᠦᠷᠬᠡᠳᠭᠡᠵᠦ᠍ ᠪᠦᠲᠦᠬᠡᠨ ᠪᠠᠢᠭᠤᠯᠵᠦ᠍ ᠪᠠᠢᠨ᠎ᠠ᠃
ᠬᠠᠷᠠᠯᠳᠠ ᠲᠤᠳᠤ᠂ ᠵᠤᠷᠢᠬ ᠲᠡᠬᠦᠯᠳᠡᠷ᠃ ᠦᠪᠦᠷ ᠮᠤᠩᠭᠤᠯ ᠨᠡᠩ ᠨᠡᠬᠡᠬᠡᠯᠳᠡᠳᠤ ᠲᠦᠷᠢ ᠪᠠᠢᠳᠠᠯ᠎ᠢᠶᠠᠷ ᠤᠨᠴᠠᠭᠠᠢ ᠤᠷᠤᠨ ᠪᠠᠢᠷᠢ᠎ᠶ᠋ᠢᠨ ᠲᠠᠪᠠᠭᠤᠯᠢᠬ᠎ᠢᠶᠠᠨ ᠪᠠᠳᠠᠷᠠᠭᠤᠯᠵᠦ᠍᠂ ᠱᠢᠨ᠎ᠠ ᠬᠦᠭ᠌ᠵᠢᠯᠳᠡ᠎ᠶ᠋ᠢᠨ ᠪᠠᠢᠷᠢᠱᠢᠯ᠎ᠳᠤ ᠦᠢᠯᠡᠴᠢᠯᠡᠨ ᠠᠭᠤᠰᠤᠯᠴᠠᠬᠤ ᠲᠤᠮᠳᠠ ᠨᠡᠩ ᠶᠡᠭᠡ ᠱᠢᠨ᠎ᠠ ᠬᠦᠭ᠌ᠵᠢᠯᠳᠡ᠎ᠶ᠋ᠢ ᠪᠡᠶᠡᠯᠡᠬᠦᠯᠬᠦ᠌᠎ᠪᠠᠷ ᠴᠢᠷᠮᠠᠢᠵᠦ᠍ ᠪᠠᠢᠨ᠎ᠠ᠃