ᠶᠡᠷᠦᠩᠬᠡᠢ ᠱᠦᠵᠢ ᠰᠢ᠎ᠶ᠋ᠢᠨ ᠫᠢᠩ ᠥᠪᠥᠷ ᠮᠣᠩᠭᠤᠯ᠎ᠳᠤ ᠬᠤᠶᠠᠷ ᠤᠳᠠᠭ᠎ᠠ ᠱᠢᠨᠵᠢᠯᠡᠨ ᠪᠠᠢᠴᠠᠭᠠᠬᠤ᠎ᠳᠠᠭᠠᠨ ᠪᠠ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠪᠤᠯᠭᠠᠨ ᠴᠦᠮ ᠦᠨᠳᠦᠰᠦᠲᠡᠨ᠎ᠤ ᠠᠵᠢᠯ᠎ᠤᠨ ᠲᠤᠬᠠᠢ ᠴᠢᠬᠤᠯᠠ ᠵᠢᠭᠠᠪᠤᠷᠢ ᠱᠠᠭᠠᠷᠳᠠᠯᠭ᠎ᠠ ᠳᠤᠷᠠᠳᠴᠣ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ᠄ 《ᠦᠪᠤᠷ ᠮᠤᠩᠭᠤᠯ ᠮᠠᠨ᠎ᠤ ᠤᠯᠤᠰ᠎ᠤᠨ ᠬᠠᠮᠤᠭ᠎ᠤᠨ ᠡᠷᠳᠡ ᠪᠠᠢᠭᠤᠯᠤᠬ᠍ᠳᠠᠬ᠍ᠰᠡᠨ ᠦᠨᠳᠤᠰᠤᠳᠡᠨ᠎ᠤ ᠦᠪᠡᠷᠳᠡᠭᠡᠨ ᠵᠠᠰᠠᠬᠤ ᠤᠷᠤᠨ ᠪᠤᠯᠤᠬ᠍ᠰᠡᠨ᠎ᠤ ᠬᠤᠪᠢ᠎ᠳᠤ᠂ ᠦᠨᠳᠤᠰᠤᠳᠡᠨ᠎ᠤ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠲᠠᠯ᠎ᠠ᠎ᠪᠠᠷ ᠢᠷᠠᠭᠤ ᠠᠯᠳᠠᠷᠳᠦ ᠤᠯᠠᠮᠵᠢᠯᠠᠯ᠎ᠲᠠᠢ ᠶᠤᠮ᠂ ᠤᠷᠳᠤ ᠬᠤᠭᠤᠴᠠᠭᠠᠨ᠎ᠤ ᠲᠤᠷᠰᠢ 〈ᠵᠢᠱ᠌ᠢᠶᠠᠴᠢ ᠦᠪᠡᠷᠳᠡᠭᠡᠨ ᠵᠠᠰᠠᠬᠤ ᠤᠷᠤᠨ〉 ᠤ ᠡᠷᠬᠢᠮ ᠲᠡᠭᠡᠳᠤ ᠢᠷᠠᠭᠤ ᠠᠯᠳᠠᠷ᠎ᠢᠶᠠᠨ ᠪᠠᠳᠤᠯᠠᠭ᠍ᠰᠠᠭᠠᠷ ᠢᠷᠡᠵᠠᠢ᠂ ᠡᠬᠦᠨ᠎ᠢᠶᠠᠨ ᠬᠤᠪᠢ ᠲᠠᠬᠢᠨ ᠨᠠᠨᠳᠢᠩᠨᠡᠵᠤ ᠦᠷᠬᠦᠯᠵᠢᠯᠡᠨ ᠪᠠᠳᠤᠯᠠᠬᠤ ᠭᠡᠷᠡᠭ᠌ᠳᠠᠢ》 ᠭᠡᠵᠦ᠍ ᠴᠢᠬᠤᠯᠠᠴᠢᠯᠠᠨ ᠵᠢᠭᠠᠵᠣ ᠭᠠᠷᠭᠠᠵᠠᠢ᠃ ᠪᠢᠳᠡ ᠶᠡᠷᠦᠩᠬᠡᠶ ᠱᠦᠵᠢ᠎ᠶ᠋ᠢᠨ ᠴᠢᠩ ᠰᠡᠳᠭᠢᠯ᠎ᠤᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠨ᠂ ᠠᠴᠢ ᠡᠨᠡᠷᠢᠯ᠎ᠳᠤᠨᠢ ᠲᠠᠯᠠᠷᠬᠠᠵᠤ ᠡᠷᠡᠮᠡᠬᠡᠢᠯᠡᠨ ᠤᠷᠤᠭ᠍ᠰᠢᠯᠠᠵᠤ᠂ ᠦᠨᠳᠦᠰᠦᠲᠡᠨ᠎ᠤ ᠪᠦᠯᠬᠦᠮᠳᠡᠯ᠎ᠤᠨ ᠴᠡᠴᠡᠭᠡᠰ᠎ᠢ ᠦᠨᠢᠳᠡ ᠳᠡᠯᠭᠡᠷᠡᠭᠦᠯᠦᠨ᠂ ᠬᠢᠯᠢ ᠬᠢᠵᠠᠭᠠᠷ᠎ᠤᠨ ᠲᠣᠭ᠍ᠲᠠᠭᠤᠨ᠎ᠢ ᠦᠨᠢᠳᠡ ᠪᠠᠬᠢᠵᠢᠭᠦᠯᠬᠦ᠌᠎ᠪᠠᠷ ᠴᠢᠷᠮᠠᠢᠬᠤ ᠬᠡᠷᠡᠭ᠌ᠲᠡᠶ᠃
ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠤᠯ ᠡᠷᠬᠡᠪᠰᠢ ᠤᠯᠤᠰ᠎ᠤᠨ ᠨᠢᠭᠡᠳᠦᠯ᠎ᠢ ᠬᠠᠮᠠᠭᠠᠯᠠᠬᠤ᠂ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠨᠡᠩ ᠶᠡᠭᠡ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠨᠡᠩ ᠶᠡᠭᠡ ᠬᠤᠪᠢ ᠨᠡᠮᠡᠷᠢ ᠦᠵᠡᠭᠦᠯᠵᠦ᠍᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ 《ᠬᠤᠶᠠᠷ᠎ᠢ ᠤᠶᠠᠯᠳᠤᠭᠤᠯᠬᠤ》 ᠲᠠᠯ᠎ᠠ᠎ᠪᠠᠷ ᠰᠠᠢᠨ ᠵᠢᠱ᠌ᠢ᠊ ᠡᠶ᠎ᠡ ᠦᠵᠡᠭᠦᠯᠬᠦ᠌ ᠬᠡᠷᠡᠭ᠌ᠲᠡᠢ᠃ ᠣᠷᠣᠨ ᠳᠠᠶᠠᠭᠠᠷ᠎ᠢᠶᠠᠨ ᠶᠡᠷᠦᠩᠬᠡᠶ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠶ ᠴᠢᠬᠤᠯᠠ ᠥᠭᠦᠯᠡᠯᠲᠡ ᠪᠣᠯᠤᠨ ᠨᠠᠮ᠎ᠤᠨ ᠲᠥᠪ ᠬᠤᠷᠢᠶᠠᠨ᠎ᠤ ᠱᠢᠶᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠦᠵᠡᠯᠲᠡ᠎ᠶ᠋ᠢ ᠪᠠᠲᠤ ᠪᠠᠬᠢ ᠪᠣᠶ ᠪᠣᠯᠭᠠᠵᠤ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠤᠨ ᠵᠥᠪ ᠴᠢᠭ᠌ᠯᠡᠯ᠎ᠢ ᠢᠮᠠᠭ᠍ᠲᠠ ᠪᠠᠷᠢᠮᠲᠠᠯᠠᠵᠤ᠂ ᠬᠠᠤᠯᠢ ᠴᠠᠭᠠᠵᠠ᠎ᠶ᠋ᠢᠨ ᠡᠮᠦᠨ᠎ᠡ ᠦᠨᠳᠦᠰᠦᠲᠡᠨ᠎ᠨᠦᠭᠦᠳ ᠴᠥᠮ ᠡᠷᠬᠡ ᠲᠡᠭ᠌ᠰᠢ ᠪᠠᠢᠬᠤ᠎ᠶ᠋ᠢ ᠪᠠᠷᠢᠮᠲᠠᠯᠠᠬᠤ ᠬᠡᠷᠡᠭ᠌ᠲᠡᠶ᠃ ᠦᠨᠳᠦᠰᠦᠲᠡᠨ᠎ᠤ ᠠᠵᠢᠯ᠎ᠳᠠᠬᠢ ᠨᠠᠮ᠎ᠤᠨ ᠤᠳᠤᠷᠢᠳᠤᠯᠭ᠎ᠠ᠎ᠶ᠋ᠢ ᠡᠷᠡᠰ ᠭᠤᠢᠪᠢᠰᠢ ᠥᠬᠡᠶ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠲᠠᠰᠤᠷᠠᠯᠲᠠ ᠥᠬᠡᠶ ᠪᠠᠲᠤ ᠴᠣᠭ᠍ᠴᠠᠯᠠᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶ᠋ᠢ ᠴᠢᠩᠭᠠᠳᠭᠠᠵᠤ᠂ ᠦᠨᠳᠦᠰᠦᠲᠡᠨ᠎ᠨᠦᠭᠦᠳ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌᠎ᠶ᠋ᠢ ᠠᠬᠢᠭᠤᠯᠵᠤ᠂ 《ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠥᠲᠥᠭᠡᠨ ᠪᠠᠢᠭᠤᠯᠵᠤ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠬᠦ᠌》 ᠠᠤᠭ᠎ᠠ ᠬᠠᠷᠠᠯᠲᠠ᠎ᠶ᠋ᠢ ᠡᠷᠲᠡᠬᠡᠨ ᠪᠡᠶᠡᠯᠡᠭᠦᠯᠭᠦ᠌ ᠬᠡᠷᠡᠭ᠌ᠳᠡᠢ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号