ᠰᠣᠶᠣᠯ᠎ᠤᠨ ᠬᠠᠮᠲᠤ᠎ᠶ᠋ᠢᠨ ᠲᠠᠨᠢᠯᠲᠠ᠎ᠪᠠᠨ ᠬᠥᠨᠵᠡᠭᠡᠢᠷᠡᠬᠦᠯᠥᠨ ᠡᠶ᠎ᠡ ᠨᠠᠢᠷᠳᠠᠢ ᠬᠠᠮᠲᠤ᠎ᠪᠠᠷ ᠤᠷᠤᠱᠢᠨ ᠠᠮᠢᠳᠤᠷᠠᠨ᠎ᠠ
2021-04-25 15:24:10
ᠵᠣᠬᠢᠶᠠᠭ᠍ᠴᠢ᠄
ᠯᠢ ᠴᠢᠶᠠᠨ ᠯᠢ ᠢᠦᠶ ᠵᠦᠸᠧ ᠭᠦᠸᠧ ᠬᠤᠩ ᠱᠧᠨ ᠸᠠᠩ ᠢᠦᠶ ᠵᠦᠸᠧ ᠯᠢ ᠷᠦᠢ
ᠣᠩᠱᠢᠭ᠍ᠰᠠᠨ ᠣᠳᠠᠭ᠎ᠠ᠄
★★★☆☆

ᠦᠬᠡ᠎ᠶ᠋ᠢᠨ ᠲᠡᠬᠦᠪᠤᠷᠢ

ᠰᠣᠶᠣᠯ᠎ᠤᠨ ᠬᠠᠮᠲᠤ᠎ᠶ᠋ᠢᠨ ᠲᠠᠨᠢᠯᠲᠠ ᠪᠣᠯ ᠬᠠᠮᠤᠭ᠎ᠤᠨ ᠭᠦᠨ ᠳᠠᠪᠬᠤᠷᠭ᠎ᠠ᠎ᠶ᠋ᠢᠨ ᠬᠠᠮᠲᠤ᠎ᠶ᠋ᠢᠨ ᠲᠠᠨᠢᠯᠲᠠ ᠮᠥᠨ᠂ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ᠂ ᠦᠨᠳᠦᠰᠦᠲᠡᠨ᠎ᠤ ᠡᠶ᠎ᠡ ᠵᠤᠬᠢᠴᠠᠩᠭᠤᠢ᠎ᠶ᠋ᠢᠨ ᠰᠦᠭ ᠰᠦᠨᠡᠰᠦ ᠮᠥᠨ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠢ ᠨᠠᠷᠢᠨ ᠬᠢᠨᠠᠮᠠᠭᠠᠢ ᠰᠠᠢᠲᠤᠷ ᠬᠢᠵᠦ᠍᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠬᠦ᠌ ᠬᠡᠷᠡᠭ᠌ᠲᠡᠢ᠃

ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠳᠤᠮᠳᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠢᠯᠠᠩᠭᠤᠶ᠎ᠠ ᠵᠠᠯᠠᠭᠤᠴᠤᠳ ᠪᠠᠭᠠᠴᠤᠳ᠎ᠤᠨ ᠬᠥᠮᠦᠵᠢᠯ᠎ᠠᠴᠠ ᠡᠬᠢᠯᠡᠨ ᠠᠳᠭᠤᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠢ ᠬᠦᠳᠦᠯᠦᠨ ᠵᠢᠯᠣᠭᠤᠳᠴᠤ᠌ ᠪᠠᠢᠭᠠᠳ ᠨᠠᠮ᠎ᠤᠨ ᠦᠨᠳᠦᠰᠦᠲᠡᠨ᠎ᠤ ᠲᠦᠷᠦ᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠤᠢ᠍ᠢᠯᠠᠭᠠᠭᠤᠯᠵᠤ᠂ ᠵᠥᠪ ᠣᠨᠣᠪᠴᠢᠲᠠᠢ ᠤᠯᠤᠰ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶ᠋ᠢ ᠪᠤᠢ ᠪᠣᠯᠭᠠᠵᠤ᠂ ᠲᠤᠭ ᠳᠡᠮᠳᠡᠭ ᠲᠣᠳᠣᠷᠬᠠᠢ᠎ᠪᠠᠷ ᠡᠯ᠎ᠡ ᠵᠦᠢᠯ᠎ᠤᠨ ᠪᠤᠷᠤᠭᠤ ᠦᠵᠡᠯ ᠰᠠᠨᠠᠭ᠎ᠠ ᠦᠵᠡᠯᠲᠡ᠎ᠶ᠋ᠢ ᠡᠰᠡᠷᠭᠦᠴᠡᠵᠦ᠍᠂ 《ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠦᠳᠦᠭᠡᠨ ᠪᠠᠢᠭᠤᠯᠵᠤ᠂ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠬᠦ᠌》 ᠬᠠᠮᠲᠤᠷᠠᠯ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃

— 2021 ᠣᠨ᠎ᠤ 3 ᠰᠠᠷ᠎ᠠ᠎ᠶ᠋ᠢᠨ 5 ᠎ᠤ ᠡᠳᠦᠷ ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ ᠎ᠤ ᠪᠦᠬᠦ᠌ ᠤᠯᠤᠰ ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠠᠴᠠ ᠬᠡᠰᠡᠭ᠌ᠯᠡᠪᠡ᠃


ᠥᠪᠥᠷ ᠮᠣᠩᠭᠤᠯ᠎ᠤᠨ ᠦᠷᠬᠡᠨ ᠠᠭᠤᠳᠠᠮ ᠨᠤᠲᠤᠭ ᠳᠡᠪᠢᠰᠭᠡᠷ ᠪᠣᠯ ᠡᠷᠲᠡᠨ᠎ᠠᠴᠠ ᠠᠪᠤᠭᠠᠳ ᠣᠯᠠᠨ ᠦᠨᠳᠦᠰᠦᠲᠡᠨ᠎ᠤ ᠠᠭᠤᠰᠤᠯᠴᠠᠨ ᠶᠠᠪᠤᠯᠴᠠᠬ᠍ᠰᠠᠨ ᠲᠠᠪᠴᠠᠩ᠂ ᠨᠢᠭᠡᠳᠦᠭ᠌ᠰᠡᠨ ᠣᠯᠠᠨ ᠦᠨᠳᠦᠰᠦᠲᠡᠨ᠎ᠲᠠᠢ ᠲᠤᠮᠤ ᠭᠡᠷ ᠪᠦᠯᠢ᠎ᠶ᠋ᠢᠨ ᠬᠤᠷᠢᠶᠠᠩᠭᠤᠶ ᠳᠦᠷᠰᠦ ᠮᠥᠨ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠡ ᠎ᠶ᠋ᠢᠨ ᠴᠢᠬᠤᠯᠠ ᠶᠠᠷᠢᠶ᠎ᠠ᠎ᠨᠢ ᠮᠠᠨ᠎ᠤ ᠣᠷᠣᠨ᠎ᠤ ᠳᠤᠮᠳᠠᠳᠤ ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ ᠎ᠶ᠋ᠢᠨ  ᠤᠬᠠᠮᠰᠠᠷ ᠎ᠤᠨ ᠬᠥᠮᠦᠵᠢᠯ᠎ᠢ ᠭᠦᠨᠵᠡᠭᠡᠢ ᠥᠷᠨᠢᠭᠦᠯᠬᠦ᠌ ᠎ᠳᠤ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠃   ᠤᠷᠤᠬ᠍ᠰᠢᠯᠠᠬᠤ  ᠲᠥᠰᠦᠪ ᠎ᠢ  ᠨᠢᠭᠡᠨᠲᠡ ᠵᠢᠷᠤᠭ᠍ᠯᠠᠵᠤ᠂  ᠪᠦᠯᠬᠦᠮᠳᠡᠨ  ᠲᠠᠪᠱᠢᠬ᠍ᠰᠠᠨ   ᠥᠪᠥᠷ  ᠮᠣᠩᠭᠤᠯ 《ᠨᠡᠢᠭᠡᠮ ᠵᠢᠷᠤᠮ᠎ᠤᠨ ᠭᠤᠣᠯᠯᠠᠭ᠍ᠴᠢ ᠦᠷᠳᠡᠭ᠎ᠤᠨ ᠦᠵᠡᠯᠲᠡ᠎ᠶ᠋ᠢ ᠬᠥᠮᠦᠰ᠎ᠤᠨ ᠰᠡᠳᠭᠢᠯ᠎ᠳᠤ ᠬᠠᠳᠠᠩᠱᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠭᠦᠨ ᠦᠨᠳᠦᠰᠦᠯᠡᠭᠦᠯᠬᠦ᠌》 ᠬᠠᠷᠠᠯᠲᠠ ᠲᠡᠢᠰᠢ ᠲᠤᠮᠤ ᠠᠯᠬᠤᠮ᠎ᠢᠶᠠᠷ ᠤᠷᠤᠭ᠍ᠰᠢᠯᠠᠨ᠎ᠠ!


2014 ᠣᠨ᠎ᠠᠴᠠ ᠨᠠᠭᠠᠰᠢ᠂ 《ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ》᠂ 《ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ》 ᠲᠠᠰᠤᠷᠠᠯᠲᠠ ᠦᠭᠡᠢ ᠳᠤᠷᠠᠳᠤᠭ᠍ᠳᠠᠪᠠ᠃

ᠳᠤᠮᠳᠠᠳᠤ᠎ᠶ᠋ᠢᠨ ᠰᠣᠶᠣᠯ᠎ᠤᠨ ᠲᠤᠬᠠᠢ ᠬᠠᠮᠲᠤ᠎ᠶ᠋ᠢᠨ ᠲᠠᠨᠢᠯᠲᠠ᠎ᠪᠠᠨ ᠴᠢᠩᠭᠠᠳᠭᠠᠬᠤ ᠪᠣᠯ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠵᠠᠩᠭᠢᠯᠠᠭ᠎ᠠ ᠮᠥᠨ᠃

3 ᠰᠠᠷ᠎ᠠ᠎ᠶ᠋ᠢᠨ 5 ᠎ᠤ ᠡᠳᠦᠷ᠂ ᠶᠡᠷᠦᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ  ᠬᠤᠭᠤᠴᠠᠭᠠᠨ ᠎ᠤ  ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ ᠎ᠤᠨ  ᠶᠡᠭᠡ ᠬᠤᠷᠠᠯ᠎ᠤᠨ ᠳᠥᠷᠪᠡᠳᠦᠭᠡᠷ ᠬᠤᠷᠠᠯ ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ ᠎ᠤᠨ ᠪᠦᠯᠬᠦᠮ ᠎ᠤᠨ ᠬᠢᠨᠠᠨ ᠵᠥᠪᠯᠡᠬᠦ᠌ ᠎ᠳᠤ ᠣᠷᠣᠯᠴᠠᠬᠤ ᠎ᠳᠠᠭᠠᠨ   ᠂     《ᠰᠣᠶᠣᠯ  ᠎ᠤᠨ  ᠬᠠᠮᠲᠤ ᠎ᠶ᠋ᠢᠨ ᠲᠠᠨᠢᠯᠲᠠ ᠪᠣᠯ  ᠬᠠᠮᠤᠭ ᠎ᠤᠨ  ᠭᠦᠨ  ᠳᠠᠪᠬᠤᠷᠭ᠎ᠠ  ᠎ᠶ᠋ᠢᠨ  ᠬᠠᠮᠲᠤ᠎ᠶ᠋ᠢᠨ    ᠲᠠᠨᠢᠯᠲᠠ     ᠮᠥᠨ᠂      ᠦᠨᠳᠦᠰᠦᠲᠡᠨ  ᠎ᠤ  ᠪᠦᠯᠬᠦᠮᠳᠡᠯ ᠎ᠤᠨ ᠦᠨᠳᠦᠰᠦ᠂  ᠦᠨᠳᠦᠰᠦᠲᠡᠨ ᠎ᠤ  ᠡᠶ᠎ᠡ ᠵᠣᠬᠢᠴᠠᠩᠭᠤᠢ ᠎ᠶ᠋ᠢᠨ ᠰᠦᠭ ᠰᠦᠨᠡᠰᠦ ᠮᠥᠨ》᠂ 《ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠳᠤᠮᠳᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠢ ᠭᠦᠨᠵᠡᠭᠡᠢ ᠥᠷᠨᠢᠭᠦᠯᠬᠦ᠌ ᠬᠡᠷᠡᠭ᠌ᠲᠡᠢ》 ᠬᠡᠵᠥ᠍ ᠴᠢᠬᠤᠯᠠᠴᠢᠯᠠᠪᠠ᠃

ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠬᠡᠷᠬᠢᠨ ᠪᠣᠳᠠᠲᠠᠢ᠎ᠳᠤ ᠨᠠᠢᠳᠠᠪᠤᠷᠢᠵᠢᠭᠤᠯᠬᠤ ᠪᠤᠢ? ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠢ ᠬᠡᠷᠬᠢᠨ ᠥᠷᠨᠢᠭᠦᠯᠬᠦ᠌ ᠪᠤᠢ? ᠥᠪᠥᠷ ᠮᠣᠩᠭᠤᠯ ᠬᠠᠢᠨ ᠰᠦᠪᠡᠭ᠌ᠴᠢᠯᠡᠬᠦ᠌ ᠠᠯᠬᠤᠴᠠ᠎ᠪᠠᠨ ᠶᠡᠷᠦ᠎ᠠᠴᠠ ᠵᠣᠭ᠍ᠰᠣᠭ᠍ᠰᠠᠨ ᠥᠬᠡᠶ᠃

ᠣᠷᠴᠢᠮ᠎ᠤᠨ ᠵᠢᠯ᠎ᠠᠴᠠ ᠨᠠᠭᠠᠰᠢ᠂ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠶᠡᠷᠦᠩᠬᠡᠶ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠤᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠥ᠍᠂ 《ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢ ᠪᠦᠬᠦ᠌ ᠲᠠᠯ᠎ᠠ᠎ᠪᠠᠷ ᠬᠦᠨ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠍ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠬᠠᠢ ᠬᠡᠷᠡᠭ᠌ᠵᠢᠭᠦᠯᠬᠦ᠌ ᠰᠠᠨᠠᠯ》 ᠎ᠢ ᠲᠣᠭ᠍ᠲᠠᠭᠠᠨ ᠨᠡᠢᠲᠡᠯᠡᠵᠥ᠍᠂ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠵᠥ᠍᠂ ᠢᠯᠠᠩᠭᠤᠶ᠎ᠠ ᠦᠨᠳᠦᠰᠦᠲᠡᠨ᠎ᠨᠦᠭᠦᠳ᠎ᠤᠨ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠢ ᠪᠦᠲᠦᠭᠡᠨ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠦᠵᠡᠯ ᠰᠠᠨᠠᠭ᠎ᠠ᠎ᠶ᠋ᠢ ᠤᠯᠠᠮ ᠨᠢᠭᠡ ᠠᠯᠬᠤᠮ ᠪᠠᠲᠤᠳᠭᠠᠬ᠍ᠰᠠᠨ ᠰᠠᠭᠤᠷᠢᠨ ᠳᠡᠭᠡᠷ᠎ᠡ ᠲᠠᠰᠤᠷᠠᠯᠲᠠ ᠦᠭᠡᠢ ᠬᠦᠴᠦᠨ ᠨᠡᠮᠡᠷᠢᠯᠡᠭ᠌ᠰᠡᠨ ᠶᠤᠮ᠃

— ᠨᠡᠢᠭᠡᠮ ᠵᠢᠷᠤᠮ᠎ᠤᠨ ᠭᠤᠣᠯᠯᠠᠬ᠍ᠴᠢ ᠥᠷᠲᠡᠭ᠎ᠤᠨ ᠦᠵᠡᠯᠲᠡ᠎ᠶ᠋ᠢ ᠪᠤᠢᠵᠢᠭᠤᠯᠤᠨ ᠦᠢᠯᠡᠳᠦᠯᠭᠡᠵᠢᠭᠦᠯᠬᠦ᠌᠎ᠶ᠋ᠢ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠯᠦᠭᠡ ᠣᠷᠭᠠᠨᠢᠭ᠎ᠢᠶᠠᠷ ᠤᠶᠠᠯᠳᠤᠭᠤᠯᠬᠤ᠎ᠶ᠋ᠢ ᠪᠠᠷᠢᠮᠲᠠᠯᠠᠵᠤ᠂ ᠬᠢᠴᠢᠶᠡᠯ᠎ᠤᠨ ᠲᠠᠩᠬᠢᠮ᠂ ᠨᠡᠢᠭᠡᠮ᠎ᠤᠨ ᠦᠢᠯᠡᠳᠦᠯᠭᠡ᠂ ᠭᠤᠣᠯ ᠰᠡᠳᠦᠪᠲᠦ ᠬᠥᠮᠦᠵᠢᠯ᠎ᠤᠨ ᠣᠯᠠᠨ ᠲᠠᠯ᠎ᠠ᠎ᠶ᠋ᠢ ᠨᠢᠭᠡ ᠴᠣᠭ᠍ᠴᠠᠵᠢᠭᠤᠯᠤᠭ᠍ᠰᠠᠨ ᠰᠤᠷᠭᠠᠨ ᠬᠥᠮᠦᠵᠢᠯ᠎ᠤᠨ ᠲᠠᠪᠴᠠᠩ᠎ᠢ ᠪᠠᠢᠭᠤᠯᠤᠨ᠎ᠠ᠃

— ᠤᠯᠤᠰ᠎ᠢᠶᠠᠨ ᠬᠠᠢᠷᠠᠯᠠᠬᠤ ᠦᠵᠡᠯ᠎ᠤᠨ ᠵᠣᠷᠢᠭ ᠰᠠᠨᠠᠭ᠎ᠠ᠎ᠶ᠋ᠢ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭᠠᠭᠤᠯᠢ᠎ᠶ᠋ᠢᠨ ᠰᠤᠷᠭᠠᠨ ᠬᠥᠮᠦᠵᠢᠯ᠎ᠤᠨ ᠪᠦᠬᠦ᠌ ᠶᠠᠪᠤᠴᠠ᠎ᠳᠤ ᠲᠤᠭᠤᠱᠢᠯᠠᠭᠤᠯᠤᠨ᠎ᠠ᠃

— ᠭᠠᠵᠠᠷ ᠣᠷᠣᠨ᠎ᠤ ᠰᠣᠶᠣᠯ᠎ᠤᠨ ᠪᠠᠢᠭᠤᠯᠤᠯᠲᠠ᠎ᠶ᠋ᠢᠨ ᠪᠣᠳᠠᠲᠤ ᠪᠠᠢᠳᠠᠯ᠎ᠳᠤ ᠰᠠᠭᠤᠷᠢᠯᠠᠨ᠂ ᠦᠨᠳᠦᠰᠦᠲᠡᠨ᠎ᠨᠦᠭᠦᠳ᠎ᠤᠨ ᠰᠣᠶᠣᠯ᠎ᠢ ᠤᠯᠠᠮᠵᠢᠯᠠᠨ ᠬᠠᠮᠠᠭᠠᠯᠠᠬᠤ ᠪᠠ ᠱᠢᠨ᠎ᠡ᠎ᠶ᠋ᠢ ᠡᠭᠦᠳᠦᠨ ᠠᠭᠤᠰᠤᠯᠴᠠᠬᠤ᠎ᠶ᠋ᠢ ᠲᠦᠯᠬᠢᠨ ᠠᠬᠢᠭᠤᠯᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠬᠦ᠌ ᠳᠤᠮᠳᠠᠳᠤ᠎ᠶ᠋ᠢᠨ ᠰᠣᠶᠣᠯ᠎ᠤᠨ ᠲᠡᠮᠳᠡᠭ ᠪᠠ ᠳᠤᠮᠳᠠᠳᠤ᠎ᠶ᠋ᠢᠨ ᠦᠨᠳᠦᠰᠦᠲᠡᠨ᠎ᠤ ᠲᠦᠷᠢ ᠲᠥᠷᠬᠦ᠌᠎ᠶ᠋ᠢ ᠪᠤᠢ ᠪᠣᠯᠭᠠᠨ ᠲᠤᠪᠤᠢᠯᠭᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠳᠤᠮᠳᠠᠳᠤ᠎ᠶ᠋ᠢᠨ ᠰᠣᠶᠣᠯ᠎ᠤᠨ ᠲᠤᠬᠠᠢ ᠲᠠᠨᠢᠯᠳᠠ ᠮᠡᠳᠡᠷᠡᠮᠵᠢ᠎ᠶ᠋ᠢ ᠨᠡᠮᠡᠭ᠌ᠳᠡᠭᠦᠯᠦᠨ᠎ᠡ᠃

— ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬ᠍ᠴᠠᠯᠠᠵᠤ᠂ ᠢᠯᠠᠩᠭᠤᠶ᠎ᠠ ᠰᠣᠶᠣᠯ᠎ᠤᠨ ᠮᠡᠳᠡᠷᠡᠮᠵᠢ᠎ᠪᠠᠨ ᠨᠡᠮᠡᠭ᠌ᠳᠡᠭᠦᠯᠵᠦ᠍᠂ ᠴᠢᠨᠠᠷ ᠰᠠᠢᠲᠠᠢ ᠰᠣᠶᠣᠯ᠎ᠤᠨ ᠪᠦᠲᠦᠭᠡᠭ᠌ᠳᠡᠬᠦᠨ᠎ᠢ ᠢᠳᠡᠪᠬᠢᠲᠡᠢ ᠬᠠᠩᠭᠠᠵᠤ᠂ ᠦᠨᠳᠦᠰᠦᠲᠡᠨ᠎ᠤ ᠪᠦᠯᠬᠦᠮᠳᠡᠯ᠎ᠢ ᠬᠠᠮᠠᠭᠠᠯᠠᠬᠤ ᠰᠠᠢᠨ ᠰᠠᠢᠬᠠᠨ ᠰᠣᠶᠣᠯ᠎ᠤᠨ ᠣᠷᠴᠢᠨ ᠨᠥᠬᠦᠴᠡᠯ᠎ᠢ ᠪᠤᠢ ᠪᠣᠯᠭᠠᠨ᠎ᠠ᠃

3 ᠰᠠᠷ᠎ᠠ᠎ᠶ᠋ᠢᠨ 12 ᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠦᠬᠦ᠌ ᠤᠯᠤᠰ᠎ᠤᠨ ᠬᠤᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠬᠤ ᠺᠠᠳ᠋ᠷ᠎ᠤᠨ ᠶᠡᠭᠡ ᠬᠤᠷᠠᠯ ᠬᠤᠷᠠᠯᠳᠤᠭᠤᠯᠵᠤ᠂ ᠱ᠌ᠢ᠎ᠲᠠᠢ ᠹᠧᠩ ᠱᠦᠵᠢ᠎ᠶ᠋ᠢᠨ ᠶᠠᠷᠢᠶ᠎ᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ  ᠤᠬᠠᠮᠰᠠᠷ ᠎ᠢ ᠪᠠᠲᠤ ᠴᠣᠭ᠍ᠴᠠᠯᠠᠬᠤ ᠠᠵᠢᠯ᠎ᠤᠨ  ᠪᠦᠷᠢᠶ᠎ᠡ ᠎ᠶ᠋ᠢ ᠳᠠᠬᠢᠨᠲᠠ ᠬᠠᠩᠭᠢᠨᠠᠭᠤᠯᠪᠠ᠄

《ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠳᠡᠭᠡᠷ᠎ᠡ ᠬᠦᠴᠦ᠍ ᠲᠠᠯᠪᠢᠵᠤ᠂  ᠦᠨᠳᠦᠰᠦᠲᠡᠨ ᠎ᠤ  ᠪᠦᠯᠬᠦᠮᠳᠡᠯ ᠎ᠤᠨ ᠶᠡᠭᠡ ᠲᠠᠯ᠎ᠠ᠎ᠶ᠋ᠢ ᠲᠠᠰᠤᠷᠠᠯᠲᠠ ᠥᠬᠡᠶ  ᠪᠠᠬᠢᠵᠢᠭᠦᠯᠦᠨ ᠬᠥᠭ᠌ᠵᠢᠭᠦᠯᠵᠦ᠍᠂ ᠬᠤᠪᠢ    ᠳᠠᠬᠢᠨ   ᠨᠠᠨᠳᠢᠩᠨᠠᠵᠤ᠂ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠎ᠤ ᠡᠷᠬᠢᠮ ᠳᠡᠭᠡᠳᠦ ᠢᠷᠠᠭᠤ ᠠᠯᠳᠠᠷ᠎ᠢ ᠦᠷᠭᠦᠯᠵᠢᠯᠡᠨ ᠪᠠᠲᠤᠯᠠᠬᠤ ᠬᠡᠷᠡᠭ᠌ᠲᠡᠶ》᠃

ᠣᠬᠤᠷᠬᠠᠨ ᠬᠤᠭᠤᠴᠠᠭᠠᠨ᠎ᠳᠤ᠂ ᠮᠠᠨ᠎ᠤ ᠣᠷᠣᠨ ᠦᠳᠲᠡᠷ ᠲᠦᠷᠭᠡᠨ ᠬᠥᠳᠡᠯᠦᠯᠴᠡᠪᠡ᠄

3 ᠰᠠᠷ᠎ᠠ᠎ᠶ᠋ᠢᠨ 17 ᠎ᠤ ᠡᠳᠦᠷ᠂ ᠪᠥᠬᠦ᠌ ᠣᠷᠣᠨ᠎ᠤ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠍ ᠣᠨᠣᠯ᠎ᠤᠨ ᠬᠢᠴᠢᠶᠡᠯ᠎ᠤᠨ ᠵᠢᠭᠠᠨ ᠰᠤᠷᠭᠠᠯᠲᠠ᠎ᠶ᠋ᠢᠨ ᠵᠢᠯᠣᠭᠤᠳᠭᠤ ᠵᠥᠪᠯᠡᠯ ᠪᠣᠯᠤᠨ ᠶᠡᠭᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠢ ᠨᠢᠭᠡ ᠴᠣᠭ᠍ᠴᠠᠵᠢᠭᠤᠯᠬᠤ ᠪᠠᠢᠭᠤᠯᠤᠯᠲᠠ᠎ᠶ᠋ᠢᠨ ᠵᠢᠯᠣᠭᠤᠳᠭᠤ ᠵᠥᠪᠯᠡᠯ ᠵᠢᠩᠬᠢᠨᠢ᠎ᠪᠠᠷ ᠪᠠᠢᠭᠤᠯᠤᠭ᠍ᠳᠠᠪᠠ᠃

3 ᠰᠠᠷ᠎ᠠ᠎ᠶ᠋ᠢᠨ 20 ᠎ᠤ ᠡᠳᠦᠷ᠂ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ᠌ ᠵᠥᠪᠯᠡᠯ᠎ᠠᠴᠠ ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠰᠤᠳᠤᠯᠭᠠᠨ᠎ᠤ ᠰᠠᠭᠤᠷᠢᠨ᠎ᠢᠶᠠᠷ ᠲᠣᠭ᠍ᠲᠠᠭᠠᠵᠤ᠂ ᠪᠦᠬᠦ᠌ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ᠌ ᠵᠥᠪᠯᠡᠯ᠎ᠤᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ 31 ᠰᠤᠳᠤᠯᠭᠠᠨ᠎ᠤ ᠰᠠᠭᠤᠷᠢᠨ᠎ᠤ ᠨᠢᠭᠡ ᠪᠣᠯᠭᠠᠵᠠᠢ᠃

3 ᠰᠠᠷ᠎ᠠ᠎ᠶ᠋ᠢᠨ 21 ᠎ᠤ ᠡᠳᠦᠷ ᠪᠣᠯᠲᠠᠯ᠎ᠠ᠂ ᠮᠠᠨ᠎ᠤ ᠣᠷᠣᠨ᠎ᠤ ᠱᠢᠨ᠎ᠡ᠎ᠪᠠᠷ ᠡᠯᠰᠡᠭ᠌ᠰᠡᠨ ᠦᠨᠳᠦᠰᠦᠲᠡᠨ᠎ᠤ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠭᠤᠷᠪᠠᠨ ᠬᠢᠴᠢᠶᠠᠯ ᠲᠥᠷᠥᠯ᠎ᠤᠨ ᠣᠨᠴᠠᠭᠠᠶ ᠠᠵᠢᠯ᠎ᠤᠨ ᠪᠠᠢᠷᠢ᠎ᠶ᠋ᠢᠨ 298 ᠪᠠᠭ᠍ᠰᠢ ᠪᠦᠬᠦᠨ᠎ᠢᠶᠠᠷ᠎ᠢᠶᠠᠨ ᠵᠢᠭᠠᠨ ᠰᠤᠷᠭᠠᠯᠲᠠ᠎ᠶ᠋ᠢᠨ ᠠᠵᠢᠯ᠎ᠤᠨ ᠪᠠᠢᠷᠢᠨ᠎ᠳᠤ ᠭᠠᠷᠴᠤ᠌ ᠰᠤᠳᠤᠯᠤᠨ ᠰᠤᠷᠤᠯᠴᠠᠵᠤ ᠡᠬᠢᠯᠡᠪᠡ᠃

3 ᠰᠠᠷ᠎ᠠ᠎ᠶ᠋ᠢᠨ ᠰᠡᠭᠦᠯᠴᠢ ᠪᠣᠯᠲᠠᠯ᠎ᠠ᠂ 3 ᠰᠠᠷ᠎ᠠ᠎ᠶ᠋ᠢᠨ ᠬᠤᠭᠤᠴᠠᠭ᠎ᠠ᠎ᠲᠠᠢ ᠶᠠᠪᠤᠭ᠍ᠳᠠᠭ᠍ᠰᠠᠨ ᠪᠥᠬᠦ᠌ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ᠌ ᠵᠥᠪᠯᠡᠯ᠎ᠤᠨ ᠱᠢᠰᠲ᠋ᠧᠮ᠎ᠤᠨ ᠳᠤᠮᠳᠠᠳᠤ᠎ᠶ᠋ᠢᠨ ᠦᠨᠳᠦᠰᠦᠲᠡᠨ ᠎ᠤ  ᠬᠠᠮᠲᠤ ᠴᠣᠭ᠍ᠴᠠ᠎ᠶ᠋ᠢᠨ ᠤᠬᠠᠮᠰᠠᠷ ᠎ᠢ  ᠪᠠᠲᠤ   ᠴᠣᠭ᠍ᠴᠠᠯᠠᠬᠤ  ᠭᠤᠤᠯ ᠰᠡᠳᠦᠪᠲᠦ ᠬᠥᠮᠦᠵᠢᠯ ᠎ᠢ  ᠡᠯ᠎ᠡ ᠭᠠᠵᠠᠷ ᠎ᠲᠤ ᠯᠠᠪᠳᠠᠭᠤᠨ ᠪᠠᠲᠤᠲᠠᠶ ᠪᠦᠲᠦᠮᠵᠢᠲᠡᠶ ᠥᠷᠨᠢᠭᠦᠯᠦᠭ᠌ᠰᠡᠨ ᠪᠥᠭᠡᠳ ᠢᠳᠡᠪᠬᠢᠲᠡᠶ ᠦᠷ᠎ᠡ ᠪᠦᠲᠦᠮᠵᠢ   ᠤᠯᠤᠬ᠍ᠰᠠᠨ   ᠪᠠᠢᠨ᠎ᠠ᠃

ᠦᠵᠡᠭ᠌ᠳᠡᠯ 1᠄ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠨ᠎ᠡ

ᠬᠥᠯᠥᠨ ᠪᠤᠢᠷ ᠬᠤᠳᠠ᠎ᠶ᠋ᠢᠨ ᠬᠠᠢᠯᠠᠷ ᠲᠣᠭᠤᠷᠢᠭ᠎ᠤᠨ ᠮᠣᠩᠭᠤᠯ ᠦᠨᠳᠦᠰᠦᠲᠡᠨ᠎ᠤ ᠳᠤᠮᠳᠠᠳᠤ ᠰᠤᠷᠭᠠᠭᠤᠯᠢ᠎ᠶ᠋ᠢᠨ ᠬᠦᠷᠢᠶᠡᠨ᠎ᠳᠤ ᠣᠷᠣᠪᠠᠯ᠂ ᠡᠪᠡᠰᠤ ᠮᠤᠳᠤᠳ ᠰᠤᠶᠤᠭᠠᠯᠠᠨ ᠨᠠᠬᠢᠶᠠᠯᠠᠵᠥ᠍ ᠬᠠᠪᠤᠷ᠎ᠤᠨ ᠠᠭᠤᠷ ᠠᠮᠢᠰᠭᠤᠯ᠎ᠢᠶᠠᠷ ᠪᠢᠯᠬᠠᠨ᠎ᠠ; ᠬᠢᠴᠢᠶᠠᠯ᠎ᠤᠨ ᠭᠡᠷ᠎ᠲᠤ᠌᠂ ᠪᠠᠭ᠍ᠰᠢ ᠨᠠᠷ ᠬᠦᠯᠢᠴᠡᠩᠭᠦᠶ᠎ᠪᠠᠷ ᠰᠤᠷᠤᠭ᠍ᠴᠢᠳ᠎ᠤᠨ ᠮᠠᠲᠠᠭ᠎ᠲᠠᠢ ᠠᠰᠠᠭᠤᠳᠠᠯ᠎ᠳᠤ ᠲᠠᠢᠯᠪᠤᠷᠢᠯᠠᠯᠳᠠ ᠬᠢᠨ᠎ᠠ; ᠠᠰᠠᠷ᠎ᠤᠨ ᠬᠤᠩᠭᠢᠯ᠎ᠳᠤ᠂ ᠰᠤᠷᠤᠭ᠍ᠴᠢᠳ᠎ᠤᠨ ᠢᠷᠠᠭᠤ ᠰᠠᠢᠬᠠᠨ ᠨᠣᠮ ᠤᠩᠱᠢᠬᠤ ᠳᠠᠭᠤᠨ ᠰᠣᠨᠣᠰᠳᠠᠨ᠎ᠠ᠃ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌ ᠲᠤᠬᠠᠢ ᠠᠳᠡᠬᠢ ᠬᠡᠦᠬᠡᠳ᠎ᠤᠳ ᠥᠪᠡᠷ᠎ᠤᠨ ᠣᠢᠯᠠᠭᠠᠯᠲᠠ ᠪᠠ ᠲᠦᠷᠦᠭ᠌ᠳᠡᠯ᠎ᠲᠠᠢ ᠪᠠᠢᠳᠠᠭ᠃  《ᠣᠲᠣ᠎ᠶ᠋ᠢᠨ ᠬᠡᠯᠡ ᠪᠢᠴᠢᠭ᠎ᠤᠨ ᠬᠢᠴᠢᠶᠡᠯ ᠎ᠨᠢ ᠬᠢᠲᠠᠳ ᠬᠡᠯᠡᠨ᠎ᠤ ᠬᠢᠷᠢ ᠲᠦᠪᠱᠢᠨ᠎ᠢ ᠳᠡᠭᠡᠭ᠌ᠰᠢᠯᠡᠭᠦᠯᠵᠦ᠍᠂ ᠬᠤᠵᠢᠮ᠎ᠤᠨ ᠠᠮᠢᠳᠤᠷᠠᠯ ᠪᠠ ᠠᠵᠢᠯ᠎ᠤᠨ ᠳᠤᠮᠳᠠ ᠬᠢᠲᠠᠳ ᠬᠡᠯᠡ᠎ᠪᠠᠷ  ᠨᠡᠪᠲᠡᠷᠡᠯᠴᠡᠨ ᠰᠣᠯᠢᠯᠴᠠᠬᠤ ᠴᠢᠳᠠᠪᠤᠷᠢ ᠎ᠶ᠋ᠢ  ᠨᠠᠩ  ᠴᠢᠩᠭᠠᠳᠭᠠᠬᠤ  ᠪᠣᠯᠤᠨ᠎ᠠ᠃  ᠮᠣᠩᠭᠤᠯ ᠬᠡᠯᠡ ᠮᠡᠳᠡᠬᠦ᠌   ᠮᠥᠷᠲᠡᠭᠡᠨ  ᠬᠢᠲᠠᠳ  ᠬᠡᠯᠡ  ᠮᠡᠳᠡᠨ᠎ᠡ᠂ ᠪᠢᠳᠡᠨ᠎ᠤ ᠦᠰᠦᠨ  ᠪᠤᠢᠵᠢᠬᠤ  ᠣᠷᠣᠨ ᠵᠠᠶ ᠨᠠᠩ ᠥᠷᠭᠡᠨ ᠠᠭᠤᠳᠠᠮ ᠪᠣᠯᠵᠠᠶ》  ᠭᠡᠵᠦ᠍  ᠠᠩᠬ᠎ᠠ  ᠳᠤᠮᠳᠠᠳᠤ ᠎ᠶ᠋ᠢᠨ ᠨᠢᠭᠡᠳᠦᠭᠡᠷ  ᠣᠨ ᠎ᠤ  ᠰᠤᠷᠤᠭ᠍ᠴᠢ  ᠪᠦᠦ  ᠢᠦᠢ  ᠬᠡᠯᠡᠨ᠎ᠠ᠃

ᠬᠥᠯᠥᠨ ᠪᠤᠢᠷ ᠪᠣᠯ ᠨᠡᠢᠲᠡᠯᠢᠭ ᠦᠨᠳᠦᠰᠦᠲᠡᠨ᠎ᠤ ᠶᠡᠭᠡ ᠬᠤᠳᠠ ᠪᠣᠯᠤᠨ᠎ᠠ᠃ 42 ᠦᠨᠳᠦᠰᠦᠲᠡᠨ ᠡᠨᠡᠬᠦ᠌ ᠥᠷᠭᠡᠨ ᠠᠭᠤᠳᠠᠮ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠬᠠᠮᠲᠤ᠎ᠪᠠᠷ ᠰᠠᠭᠤᠷᠢᠱᠢᠨ ᠠᠮᠢᠳᠤᠷᠠᠵᠤ ᠪᠠᠢᠨ᠎ᠠ᠃

2020 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭ᠎ᠠ᠎ᠠᠴᠠ ᠡᠬᠢᠯᠡᠨ᠂ ᠬᠥᠯᠥᠨ ᠪᠤᠢᠷ ᠬᠤᠲᠠ ᠲᠤᠭ ᠲᠡᠮᠳᠡᠭ ᠲᠣᠳᠣᠷᠬᠠᠶ᠂ ᠡᠷᠡᠰ ᠱᠢᠭᠤᠷᠬᠠᠢ ᠤᠪᠤᠷ᠎ᠢᠶᠠᠷ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶ᠋ᠢᠨ ᠦᠨᠳᠦᠰᠦᠲᠡᠨ᠎ᠤ ᠬᠡᠯᠡ᠎ᠪᠠᠷ ᠬᠢᠴᠢᠶᠡᠯᠯᠡᠬᠦ᠌ ᠰᠤᠷᠭᠠᠭᠤᠯᠢ᠎ᠳᠤ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠵᠢᠭᠦᠯᠬᠦ᠌ ᠲᠤᠬᠠᠶ ᠴᠢᠬᠤᠯᠠ ᠶᠡᠭᠡ  ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠠᠰᠠᠭ᠎ᠤᠨ ᠣᠷᠳᠣᠨ᠎ᠤ ᠬᠤᠯᠪᠣᠭ᠍ᠳᠠᠯ ᠪᠥᠬᠦᠶ ᠠᠵᠢᠯ᠎ᠤᠨ ᠲᠣᠬᠢᠷᠠᠭᠤᠯᠤᠯᠲᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌ ᠠᠵᠢᠯ᠎ᠢ ᠯᠠᠪᠳᠠᠭᠤᠨ ᠪᠠᠳᠤᠳᠠᠢ ᠠᠬᠢᠭᠤᠯᠵᠥ᠍ ᠪᠤᠢ᠃

ᠦᠵᠡᠭ᠌ᠳᠡᠯ 2᠄ ᠤᠯᠤᠰ᠎ᠤᠨ ᠶᠡᠭᠡ ᠬᠢᠴᠢᠶᠡᠯ᠎ᠢ ᠶᠠᠷᠢᠵᠤ ᠡᠬᠢᠯᠡᠨ᠎ᠠ

《ᠳᠤᠮᠳᠠᠳᠤ᠎ᠶ᠋ᠢᠨ ᠦᠨᠳᠦᠰᠦᠲᠡᠨ ᠪᠣᠯ ᠣᠯᠠᠨ ᠡᠱᠢᠲᠦ ᠨᠢᠭᠡ ᠴᠣᠭ᠍ᠴᠠᠵᠢᠭ᠍ᠰᠠᠨ ᠲᠣᠮᠣ ᠬᠡᠷ ᠪᠦᠯᠢ ᠮᠥᠨ᠂ ᠦᠨᠳᠦᠰᠦᠲᠡᠨ᠎ᠨᠦᠭᠦᠳ ᠬᠡᠨ ᠠᠯᠢᠨ᠎ᠠᠴᠠ᠎ᠪᠠᠨ ᠰᠠᠯᠵᠤ ᠴᠢᠳᠠᠬᠤ ᠥᠬᠡᠶ᠃ ᠡᠷᠬᠡᠪᠰᠢ ᠬᠠᠷᠢᠯᠴᠠᠨ ᠬᠠᠪᠰᠤᠷᠤᠯᠴᠠᠵᠤ ᠬᠠᠷᠢᠯᠴᠠᠨ ᠰᠤᠷᠤᠯᠴᠠᠬᠤ᠂ ᠬᠠᠮᠲᠤ᠎ᠪᠠᠷ ᠳᠠᠪᠱᠢᠬᠤ᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌  ᠪᠤᠤᠭᠢᠶ᠎ᠠ᠎ᠶ᠋ᠢ ᠰᠠᠢᠲᠤᠷ ᠵᠠᠯᠭᠠᠮᠵᠢᠯᠠᠵᠤ᠂ ᠡᠬᠡ ᠤᠯᠤᠰ᠎ᠤᠨ ᠤᠮᠠᠷᠠᠲᠤ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠢ ᠰᠠᠢᠲᠤᠷ ᠴᠣᠭ᠍ᠴᠠᠯᠠᠬᠤ ᠬᠡᠷᠡᠭ᠌ᠲᠡᠶ ᠭᠡᠳᠡᠭ᠎ᠢ ᠲᠡᠦᠬᠡ ᠪᠢᠳᠡᠨ᠎ᠳᠤ ᠬᠡᠯᠡᠵᠦ᠍ ᠥᠭ᠌ᠪᠡ》 ᠬᠡᠵᠥ᠍ ᠥᠪᠥᠷ ᠮᠣᠩᠭᠤᠯ᠎ᠤᠨ ᠦᠨᠳᠦᠰᠦᠲᠡᠨ᠎ᠤ ᠶᠡᠭᠡ ᠰᠤᠷᠭᠠᠭᠤᠯᠢ᠎ᠶ᠋ᠢᠨ 2020 ᠣᠨ᠎ᠤ ᠡᠳ᠋᠎ᠤᠨ ᠶᠠᠪᠤᠳᠠᠯ᠎ᠤᠨ ᠬᠠᠮᠢᠶᠠᠷᠤᠯᠲᠠ᠎ᠶ᠋ᠢᠨ ᠲᠤᠰᠭᠠᠶ ᠮᠡᠷᠭᠡᠵᠢᠯ᠎ᠤᠨ ᠰᠣᠷᠣᠭ᠍ᠴᠢ ᠸᠠᠩ ᠬᠤᠩ ᠢᠦᠶ ᠵᠠᠪᠠᠯ ᠰᠤᠷᠬᠤ ᠣᠯᠠᠨ ᠨᠡᠢᠲᠡ᠎ᠶ᠋ᠢᠨ ᠰᠠᠭᠤᠷᠢ ᠬᠢᠴᠢᠶᠡᠯ 《ᠴᠠᠬ᠎ᠤᠨ ᠪᠠᠢᠳᠠᠯ ᠬᠢᠭᠡᠳ ᠲᠥᠷᠥ᠎ᠶ᠋ᠢᠨ ᠪᠣᠳᠣᠯᠭ᠎ᠠ》 ᠎ᠶ᠋ᠢ ᠰᠤᠷᠤᠯᠴᠠᠬ᠍ᠰᠠᠨ ᠤᠢ᠍ᠢᠯᠠᠭᠠᠯᠳᠠ᠎ᠪᠠᠨ ᠬᠡᠯᠡᠨ᠎ᠠ᠃

ᠬᠢᠴᠢᠶᠠᠯ ᠬᠥᠮᠥᠵᠢᠯ᠎ᠤᠨ ᠯᠦᠸᠧ ᠶᠠᠨ ᠯᠢ ᠪᠠᠭ᠍ᠰᠢ᠎ᠠᠴᠠ 《ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ᠎ᠳᠤ ᠢᠷᠡᠭ᠌ᠰᠡᠨ》᠂ ᠲᠦᠬᠦ᠋ᠢᠮ᠎ᠡ ᠡᠵᠢ 《ᠤᠯᠤᠰ᠎ᠤᠨ ᠬᠡᠦᠬᠡᠳ》 ᠎ᠢ ᠥᠰᠭᠡᠨ ᠬᠥᠮᠥᠵᠢᠬᠦᠯᠥᠭ᠌ᠰᠡᠨ ᠵᠡᠷᠭᠡ ᠦᠨᠳᠦᠰᠦᠲᠡᠨ᠎ᠤ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ᠎ᠤᠨ ᠲᠡᠦᠬᠡ᠎ᠶ᠋ᠢᠨ ᠰᠠᠢᠬᠠᠨ ᠳᠠᠭᠤᠷᠢᠰᠭᠠᠯ᠎ᠢ ᠬᠢᠴᠢᠶᠡᠯ᠎ᠳᠡᠭᠡᠨ ᠠᠭᠤᠰᠤᠯᠴᠠᠭᠤᠯᠵᠤ᠂ ᠥᠷᠭᠡᠨ ᠣᠯᠠᠨ ᠵᠠᠯᠠᠭᠤ ᠰᠤᠷᠤᠭ᠍ᠴᠢᠳ᠎ᠢ ᠬᠥᠮᠦᠵᠢᠭᠦᠯᠦᠨ ᠵᠢᠯᠣᠭᠤᠳᠴᠤ᠌ ᠪᠠᠢᠭᠠᠳ ᠵᠥᠪ ᠣᠨᠣᠪᠴᠢᠲᠠᠶ ᠤᠯᠤᠰ᠎ᠤᠨ ᠦᠵᠡᠯᠲᠡ᠂ ᠦᠨᠳᠦᠰᠦᠲᠡᠨ᠎ᠤ ᠦᠵᠡᠯᠲᠡ᠂ ᠲᠡᠦᠬᠡ᠎ᠶ᠋ᠢᠨ ᠦᠵᠡᠯᠲᠡ᠎ᠲᠠᠢ ᠪᠣᠯᠭᠠᠨ᠎ᠠ᠃

3 ᠰᠠᠷ᠎ᠠ᠎ᠶ᠋ᠢᠨ ᠡᠬᠢ᠎ᠪᠠᠷ᠂ ᠲᠦᠩᠯᠢᠶᠣᠤ ᠬᠤᠲᠠ᠎ᠶ᠋ᠢᠨ ᠡᠪᠯᠡᠯ᠎ᠤᠨ ᠬᠤᠷᠢᠶ᠎ᠠ 《ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬ᠍ᠴᠠᠯᠠᠬᠤ》 ᠯᠧᠺᠲ᠋ᠣᠷ᠎ᠤᠨ ᠪᠦᠯᠬᠦᠮ ᠪᠠᠢᠭᠤᠯᠵᠤ᠂ ᠬᠤᠱᠢᠭᠤ ᠱᠢᠶᠠᠨ ᠬᠤᠲᠠ ᠲᠣᠭᠤᠷᠢᠭ᠎ᠤᠨ ᠬᠡᠪᠴᠢᠶ᠎ᠡ᠎ᠪᠠᠷ ᠨᠡᠯᠢᠶᠡᠳ ᠶᠡᠭᠡ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠬᠦ᠌ ᠰᠤᠷᠭᠠᠭᠤᠯᠢ᠎ᠳᠤ ᠭᠦᠨᠵᠡᠭᠡᠢᠷᠡᠨ ᠲᠣᠭᠤᠷᠢᠨ ᠤᠬᠠᠭᠤᠯᠤᠨ ᠲᠠᠢᠯᠪᠤᠷᠢᠯᠠᠬᠤ ᠮᠠᠶᠢᠭ᠎ᠤᠨ ᠪᠣᠯᠪᠠᠰᠤᠷᠠᠯ ᠬᠢᠵᠦ᠍᠂ ᠠᠳᠠᠯᠢ ᠪᠤᠰᠤ ᠨᠠᠰᠤᠨ᠎ᠤ ᠪᠣᠯᠪᠠᠰᠤᠷᠠᠯ ᠭᠥᠷᠳᠡᠭ᠌ᠰᠡᠳ᠎ᠲᠤ ᠴᠢᠭ᠌ᠯᠡᠭᠦᠯᠦᠨ᠂ ᠪᠣᠯᠪᠠᠰᠤᠷᠠᠯ᠎ᠤᠨ ᠠᠭᠤᠯᠭ᠎ᠠ᠎ᠪᠠᠨ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠵᠤ᠂ 4 ᠰᠠᠷ᠎ᠠ᠎ᠶ᠋ᠢᠨ 7 ᠎ᠤ ᠡᠳᠦᠷ ᠪᠣᠯᠲᠠᠯ᠎ᠠ᠂ ᠨᠢᠭᠡᠨᠲᠡ 7 ᠬᠤᠱᠢᠭᠤ ᠱᠢᠶᠠᠨ᠎ᠤ 28 ᠰᠤᠷᠭᠠᠭᠤᠯᠢ᠎ᠳᠤ ᠭᠦᠨᠵᠡᠭᠡᠢᠷᠡᠨ᠂ 32 ᠲᠠᠯᠠᠪᠠᠶ ᠤᠳᠠᠭ᠎ᠠ ᠤᠬᠠᠭᠤᠯᠤᠨ ᠲᠠᠢᠯᠪᠤᠷᠢᠯᠠᠵᠤ᠂ 1.3 ᠲᠦᠮᠡᠨ ᠬᠥᠮᠦᠨ ᠤᠳᠠᠭ᠎ᠠ ᠣᠷᠣᠯᠴᠠᠭ᠍ᠰᠠᠨ ᠪᠠᠢᠨ᠎ᠠ᠃

ᠦᠵᠡᠭ᠌ᠳᠡᠯ 3᠄ ᠬᠠᠲᠤᠨ ᠭᠤᠤᠯ᠎ᠤᠨ ᠰᠣᠶᠣᠯ 《ᠥᠷᠨᠢᠩᠬᠦᠢ》 ᠬᠥᠭ᠌ᠵᠢᠨ᠎ᠠ

《ᠲᠤᠮᠤ ᠨᠢᠬᠡᠨ ᠤᠯᠤᠰ᠂ ᠰᠠᠢᠨ ᠰᠠᠢᠬᠠᠨ ᠨᠢᠬᠡᠨ ᠭᠡᠷ ᠪᠦᠯᠢ᠂ ᠠᠤᠭ᠎ᠠ ᠶᠡᠭᠡ ᠨᠢᠬᠡᠨ ᠲᠡᠦᠬᠡ᠂ ᠭᠡᠷᠡᠯ ᠰᠠᠴᠤᠷᠠᠩᠭᠤᠢ ᠳᠤᠮᠳᠠᠳᠤ ᠤᠯᠤᠰ!》᠃

ᠡᠨᠡ  ᠪᠣᠯ 《ᠬᠠᠳᠤᠨ  ᠭᠤᠤᠯ ᠎ᠤᠨ   ᠤᠰᠤᠨ  ᠲᠩᠷᠢ ᠬᠠᠶᠠᠭ᠎ᠠ ᠎ᠠᠴᠠ ᠪᠠᠭᠤᠨᠠᠮ —   ᠭᠦᠸᠧ  ᠪᠦᠦ  ᠳᠠᠭᠤᠤ ᠬᠥᠭ᠌ᠵᠢᠮ ᠎ᠤᠨ  ᠦᠳᠡᠱᠢᠯᠡᠭᠡ》 ᠎ᠶ᠋ᠢ  ᠰᠤᠨᠢᠷᠬᠠᠬ᠍ᠰᠠᠨ ᠨᠢᠭᠡ ᠰᠦᠯᠵᠢᠶᠡᠨ  ᠨᠠᠢᠵᠠ ᠎ᠶ᠋ᠢᠨ  ᠥᠯᠡᠳᠡᠭᠡᠭ᠌ᠰᠡᠨ  ᠦᠭᠡ᠃

《〈ᠬᠠᠳᠤᠨ  ᠭᠤᠤᠯ ᠎ᠤᠨ ᠤᠰᠤᠨ ᠲᠩᠷᠢ ᠬᠠᠶᠠᠭ᠎ᠠ᠎ᠠᠴᠠ ᠪᠠᠭᠤᠨᠠᠮ — ᠭᠦᠸᠧ ᠪᠦᠦ ᠳᠠᠭᠤᠤ ᠬᠥᠭ᠌ᠵᠢᠮ᠎ᠤᠨ ᠦᠳᠡᠱᠢᠯᠡᠭᠡ〉 ᠪᠣᠯᠤᠨ 〈ᠭᠠᠢᠬᠠᠮᠱᠢᠭ᠍ᠲᠤ ᠤᠷᠳᠤᠰ〉 ᠲᠤᠮᠤ ᠬᠡᠯᠪᠡᠷᠢ᠎ᠶ᠋ᠢᠨ ᠲᠠᠭᠤᠨ ᠳᠠᠪᠲᠠᠮᠵᠢ᠎ᠪᠠᠷ ᠶᠠᠷᠢᠬᠤ ᠫᠷᠤᠭ᠌ᠷᠠᠮ᠎ᠤᠨ ᠥᠪᠡᠷᠮᠢᠴᠡ ᠢᠯᠡᠷᠡᠯ᠎ᠨᠢ ᠬᠠᠳᠤᠨ ᠭᠤᠣᠯ᠎ᠤᠨ ᠠᠭᠤᠯᠤᠭ᠍ᠳᠠᠬᠤᠨ᠎ᠢ ᠦᠨᠡᠨ ᠬᠦ᠌ ᠢᠯᠡᠷᠡᠭᠦᠯᠵᠦ᠍᠂ ᠬᠠᠳᠤᠨ ᠭᠤᠣᠯ᠎ᠤᠨ ᠰᠣᠶᠣᠯ᠎ᠢ ᠲᠦᠭ ᠲᠦᠮᠡᠨ ᠠᠢᠯ ᠡᠷᠦᠬᠡ᠎ᠳᠤ ᠬᠦᠷᠭᠡᠵᠦ᠍᠂ ᠨᠡᠢᠭᠡᠮ ᠨᠡᠢᠲᠡ᠎ᠶ᠋ᠢᠨ ᠰᠡᠳᠭᠢᠯ᠎ᠳᠤ ᠬᠠᠳᠠᠩᠱᠢᠭᠤᠯᠵᠠᠢ》 ᠭᠡᠵᠦ᠍ ᠣᠷᠳᠣᠰ᠎ᠤᠨ ᠮᠦᠽᠧᠶ᠎ᠶ᠋ᠢᠨ ᠳᠠᠷᠤᠭ᠎ᠠ ᠯᠢ ᠷᠦᠢ ᠬᠡᠯᠡᠵᠤ ᠪᠢᠯᠠ᠃ ᠲᠡᠦᠬᠡ᠎ᠶ᠋ᠢᠨ ᠳᠤᠷᠠᠰᠭᠠᠯᠲᠤ ᠵᠦᠢᠯ ᠪᠣᠯ ᠲᠡᠦᠬᠡ᠎ᠶ᠋ᠢᠨ ᠠᠴᠢᠶᠠᠯᠠᠭ᠍ᠴᠢ᠃ ᠥᠪᠥᠷ ᠮᠣᠩᠭᠤᠯ᠎ᠤᠨ ᠬᠠᠳᠤᠨ ᠭᠤᠤᠯ᠎ᠤᠨ ᠰᠠᠪᠠ ᠭᠠᠵᠠᠷ᠎ᠤᠨ ᠥᠨᠢ ᠤᠳᠠᠭᠠᠨ᠂ ᠭᠦᠨ ᠵᠤᠵᠠᠭᠠᠨ ᠲᠡᠦᠬᠡ᠎ᠨᠢ ᠪᠢᠳᠡᠨ᠎ᠳᠤ ᠶᠡᠭᠡ ᠬᠡᠮᠵᠢᠶᠡᠨ᠎ᠤ  ᠰᠣᠶᠣᠯ ᠎ᠤᠨ ᠥᠪ ᠪᠣᠯᠤᠨ ᠲᠡᠦᠬᠡ᠎ᠶ᠋ᠢᠨ ᠳᠤᠷᠠᠰᠭᠠᠯᠲᠤ  ᠵᠦᠢᠯᠡᠰ ᠎ᠤᠨ ᠪᠣᠳᠠᠲᠤ ᠴᠣᠭ᠍ᠴᠠ᠎ᠶ᠋ᠢ ᠦᠯᠡᠳᠡᠭᠡᠵᠦ᠍ ᠥᠭ᠌ᠪᠡ᠃

ᠬᠠᠳᠤᠨ ᠭᠤᠤᠯ᠎ᠤᠨ ᠰᠣᠶᠣᠯ᠎ᠢ ᠠᠱᠢᠬ᠍ᠯᠠᠬᠤ ᠪᠠ ᠤᠯᠠᠮᠵᠢᠯᠠᠨ ᠵᠠᠯᠭᠠᠮᠵᠢᠯᠠᠬᠤ ᠲᠠᠯ᠎ᠠ᠎ᠪᠠᠷ ᠬᠠᠳᠤᠨ ᠭᠤᠤᠯ᠎ᠤᠨ ᠰᠣᠶᠣᠯ᠂ ᠬᠠᠳᠤᠨ ᠭᠤᠤᠯ᠎ᠤᠨ ᠬᠥᠮᠦᠰ᠂ ᠬᠠᠳᠤᠨ ᠭᠤᠤᠯ᠎ᠤᠨ ᠦᠯᠢᠭᠡᠷ᠂ ᠬᠠᠳᠤᠨ ᠭᠤᠤᠯ᠎ᠤᠨ ᠲᠡᠦᠬᠡ᠎ᠶ᠋ᠢᠨ ᠳᠤᠷᠠᠰᠭᠠᠯᠲᠤ  ᠵᠦᠢᠯᠡᠰ᠎ᠤᠨ ᠪᠦᠲᠦᠭᠡᠯᠴᠢ ᠪᠦᠲᠦᠭᠡᠭ᠌ᠳᠡᠬᠦᠨ ᠲᠠᠰᠤᠷᠠᠯᠲᠠ ᠦᠭᠡᠢ ᠭᠠᠷᠴᠤ᠌᠂ ᠬᠠᠳᠤᠨ ᠭᠤᠤᠯ᠎ᠤᠨ ᠰᠣᠶᠣᠯ᠎ᠤᠨ ᠠᠭᠤᠯᠤᠭ᠍ᠳᠠᠬᠤᠨ + ᠱᠢᠨ᠎ᠡ ᠴᠠᠭ ᠦᠶ᠎ᠡ᠎ᠶ᠋ᠢᠨ ᠠᠭᠤᠷ ᠠᠮᠢᠰᠭᠤᠯ᠎ᠠᠴᠠ ᠭᠠᠷᠤᠭ᠍ᠰᠠᠨ ᠠᠯᠢ ᠣᠯᠠᠨ ᠰᠣᠶᠣᠯ᠎ᠤᠨ ᠱᠢᠨ᠎ᠡ᠎ᠶ᠋ᠢ ᠡᠭᠦᠳᠬᠦ᠌ ᠣᠢᠯᠠᠭᠠᠭ᠍ᠳᠠᠬᠤᠨ᠎ᠨᠢ ᠥᠨᠢ ᠤᠳᠠᠭᠠᠨ ᠬᠠᠳᠤᠨ ᠭᠤᠤᠯ᠎ᠤᠨ ᠰᠣᠶᠣᠯ᠎ᠳᠤ ᠴᠠᠭ ᠦᠶ᠎ᠡ᠎ᠶ᠋ᠢᠨ ᠦᠨ᠎ᠡ ᠥᠷᠲᠡᠭ ᠣᠯᠭᠤᠵᠥ᠍ ᠪᠢᠯᠠ᠃


ᠳᠤᠰᠭᠠᠢ ᠮᠡᠷᠬᠡᠵᠢᠯᠳᠡᠨ᠎ᠤ ᠦᠨᠡᠯᠡᠯᠳᠡ

ᠦᠨᠳᠦᠰᠦ᠎ᠶ᠋ᠢ ᠪᠠᠬᠢᠯᠡᠵᠦ᠍ ᠰᠦᠭ ᠰᠦᠨᠡᠰᠦ᠎ᠶ᠋ᠢ ᠱᠤᠭᠤᠵᠤ ᠰᠡᠳᠭᠢᠯ ᠎ᠢᠶᠠᠨ ᠨᠢᠭᠡᠳᠭᠡᠨ ᠬᠦᠴᠦ᠍ ᠎ᠪᠠᠨ ᠬᠠᠮᠲᠤᠳᠭᠠᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠢ ᠪᠠᠢᠭᠤᠯᠤᠶ᠎ᠠ

● ᠪᠤᠤ ᠰᠠᠴᠡᠨ

ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠠᠭᠤᠤ ᠶᠡᠭᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠲᠤᠬᠠᠢ ᠬᠠᠮᠲᠤ᠎ᠶ᠋ᠢᠨ ᠲᠠᠨᠢᠯᠲᠠ᠎ᠶ᠋ᠢ ᠴᠢᠩᠭᠠᠷᠠᠭᠤᠯᠬᠤ ᠪᠣᠯ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠮᠥᠨ ᠴᠢᠨᠠᠷ᠎ᠤᠨ ᠱᠠᠭᠠᠷᠳᠠᠯᠭ᠎ᠠ ᠮᠥᠨ᠂ ᠡᠭᠦᠨ᠎ᠳᠤ ᠰᠣᠶᠣᠯ᠎ᠤᠨ ᠬᠠᠮᠲᠤ᠎ᠶ᠋ᠢᠨ ᠲᠠᠨᠢᠯᠲᠠ ᠪᠣᠯ ᠦᠨᠳᠦᠰᠦ ᠪᠣᠯᠤᠨ᠎ᠠ᠃ ᠶᠡᠷᠦᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ᠂ ᠰᠣᠶᠣᠯ᠎ᠤᠨ ᠬᠠᠮᠲᠤ᠎ᠶ᠋ᠢᠨ ᠲᠠᠨᠢᠯᠲᠠ ᠪᠣᠯ ᠬᠠᠮᠤᠭ᠎ᠤᠨ ᠭᠦᠨ ᠳᠠᠪᠬᠤᠷᠭ᠎ᠠ᠎ᠶ᠋ᠢᠨ ᠬᠠᠮᠲᠤ᠎ᠶ᠋ᠢᠨ ᠲᠠᠨᠢᠯᠲᠠ ᠮᠥᠨ᠂ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ᠂ ᠦᠨᠳᠦᠰᠦᠲᠡᠨ᠎ᠤ ᠡᠶ᠎ᠡ ᠵᠣᠬᠢᠴᠠᠩᠭᠤᠢ᠎ᠶ᠋ᠢᠨ ᠰᠦᠭ ᠰᠦᠨᠡᠰᠦ ᠮᠥᠨ ᠬᠡᠵᠡᠢ᠃ ᠪᠢᠳᠡ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭᠠᠨ᠎ᠤ ᠮᠥᠨ ᠴᠢᠨᠠᠷ᠎ᠢ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠢᠯᠠᠭᠠᠵᠤ ᠪᠣᠳᠠᠲᠠᠢ ᠬᠢᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠳᠤᠮᠳᠠᠳᠤ᠎ᠶ᠋ᠢᠨ ᠰᠣᠶᠣᠯ᠎ᠤᠨ ᠲᠤᠬᠠᠢ ᠬᠠᠮᠲᠤ᠎ᠶ᠋ᠢᠨ ᠲᠠᠨᠢᠯᠲᠠ᠎ᠶ᠋ᠢ ᠲᠠᠰᠤᠷᠠᠯᠳᠠ ᠦᠭᠡᠢ ᠴᠢᠩᠭᠠᠳᠭᠠᠵᠤ᠂ ᠦᠨᠳᠦᠰᠦᠲᠡᠨ᠎ᠨᠦᠭᠦᠳ᠎ᠤᠨ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠬᠤ ᠬᠡᠷᠡᠭ᠌ᠲᠡᠢ᠃ ᠪᠢᠳᠠ ᠲᠠᠪᠤᠨ ᠮᠢᠩᠭᠠᠨ ᠵᠢᠯ᠎ᠤᠨ ᠳᠤᠮᠳᠠᠳᠤ᠎ᠶ᠋ᠢᠨ ᠪᠣᠯᠪᠠᠰᠤᠨ᠎ᠤ ᠲᠡᠦᠬᠡ᠎ᠶ᠋ᠢ ᠦᠨᠳᠦᠰᠦᠲᠡᠨ᠎ᠨᠦᠭᠦᠳ ᠬᠠᠮᠲᠤ᠎ᠪᠠᠷ ᠪᠢᠴᠢᠭ᠌ᠯᠡᠭ᠌ᠰᠡᠨ᠂ ᠲᠠᠰᠤᠷᠠᠯᠳᠠ ᠦᠭᠡᠢ ᠦᠷᠭᠦᠯᠵᠢᠯᠡᠭ᠌ᠰᠡᠨ᠂ ᠶᠠᠪᠤᠬᠤ ᠲᠤᠳᠤᠮ ᠱᠢᠨᠡᠳᠦᠭ᠌ᠰᠡᠨ ᠳᠤᠮᠳᠠᠳᠤ᠎ᠶ᠋ᠢᠨ ᠰᠣᠶᠣᠯ᠎ᠢ ᠦᠨᠳᠦᠰᠦᠲᠡᠨ᠎ᠨᠦᠭᠦᠳ ᠬᠠᠮᠲᠤ᠎ᠪᠠᠷ ᠡᠭᠦᠳᠦᠭ᠌ᠰᠡᠨ᠂ ᠦᠨᠳᠦᠰᠦᠲᠡᠨ᠎ᠨᠦᠭᠦᠳ᠎ᠤᠨ ᠰᠣᠶᠣᠯ᠎ᠤᠨ ᠬᠤᠷᠠᠮᠳᠤᠯ ᠪᠣᠯᠬᠤ᠎ᠶ᠋ᠢ ᠭᠦᠨᠵᠡᠭᠡᠢ ᠲᠠᠨᠢᠬᠤ ᠬᠡᠷᠡᠭ᠌ᠲᠡᠢ᠃ ᠨᠡᠢᠭᠡᠮ ᠵᠢᠷᠤᠮ᠎ᠤᠨ ᠭᠤᠣᠯᠯᠠᠭ᠍ᠴᠢ ᠦᠷᠳᠡᠭ᠎ᠤᠨ ᠦᠵᠡᠯᠲᠡ᠎ᠶ᠋ᠢᠨ ᠬᠥᠮᠦᠵᠢᠯ᠎ᠢ ᠪᠦᠬᠦ᠌ ᠲᠠᠯ᠎ᠠ᠎ᠪᠠᠷ ᠴᠢᠩᠭᠠᠳᠭᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ᠎ᠢ ᠬᠦᠳᠤᠯᠤᠨ ᠵᠢᠯᠣᠭᠤᠳᠴᠤ᠌ ᠪᠠᠢᠭᠠᠳ ᠵᠥᠪ ᠣᠨᠣᠪᠴᠢᠲᠠᠢ ᠤᠯᠤᠰ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶ᠋ᠢ ᠪᠠᠲᠤ ᠪᠤᠢ ᠪᠣᠯᠭᠠᠵᠤ᠂ ᠳᠤᠮᠳᠠᠳᠤ ᠤᠯᠤᠰ᠎ᠢᠶᠠᠨ ᠬᠠᠢᠷᠠᠯᠠᠬᠤ ᠰᠡᠳᠭᠢᠯᠭᠡ᠎ᠶ᠋ᠢ ᠬᠡᠦᠬᠡᠳ ᠨᠢᠭᠡᠪᠦᠷᠢ᠎ᠶ᠋ᠢᠨ ᠰᠡᠳᠭᠢᠯ᠎ᠳᠤ ᠬᠠᠳᠠᠩᠱᠢᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠡᠳᠭᠢᠯ᠎ᠳᠤ ᠭᠦᠨ ᠦᠨᠳᠦᠰᠦᠯᠡᠭᠦᠯᠬᠦ᠌ ᠬᠡᠷᠡᠭ᠌ᠲᠡᠢ᠃ ᠦᠭᠡ ᠬᠡᠯᠡ ᠦᠰᠦᠭ ᠪᠢᠴᠢᠭ ᠪᠣᠯ ᠰᠣᠶᠣᠯ᠎ᠤᠨ ᠴᠢᠬᠤᠯᠠ ᠠᠴᠢᠶᠠᠯᠠᠪᠤᠷᠢ ᠮᠥᠨ᠃ ᠪᠦᠬᠦ᠌ ᠣᠷᠣᠨ᠎ᠤ ᠡᠯ᠎ᠡ ᠭᠠᠵᠠᠷ᠎ᠤᠨ᠎ᠬᠢᠨ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠬᠦ᠌ ᠬᠡᠷᠡᠭ᠌ᠲᠡᠢ᠃


ᠤᠬᠤᠷ ᠱᠢᠬᠦᠮᠵᠢ

ᠰᠣᠶᠣᠯ᠎ᠤᠨ ᠬᠠᠮᠳᠦ᠎ᠶ᠋ᠢᠨ ᠲᠠᠨᠢᠯᠳᠠ᠎ᠪᠠᠷ ᠡᠷᠡᠯᠬᠡᠭ᠌ᠯᠡᠨ ᠤᠷᠤᠭ᠍ᠰᠢᠯᠠᠬᠤ ᠬᠠᠮᠲᠤᠷᠠᠯ ᠬᠦᠴᠦᠨ᠎ᠢ ᠨᠢᠭ᠍ᠲᠠᠷᠠᠭᠤᠯᠤᠶ᠎ᠠ

● ᠪᠠᠶ ᠵᠢᠶᠠᠩ ᠬᠤᠩ

《ᠰᠣᠶᠣᠯ᠎ᠤᠨ ᠬᠠᠮᠲᠤ᠎ᠶ᠋ᠢᠨ ᠲᠠᠨᠢᠯᠲᠠ ᠪᠣᠯ ᠬᠠᠮᠤᠭ᠎ᠤᠨ ᠭᠦᠨ ᠳᠠᠪᠬᠤᠷᠭ᠎ᠠ᠎ᠶ᠋ᠢᠨ ᠬᠠᠮᠲᠤ᠎ᠶ᠋ᠢᠨ ᠲᠠᠨᠢᠯᠲᠠ ᠮᠥᠨ᠂ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ᠂ ᠦᠨᠳᠦᠰᠦᠲᠡᠨ᠎ᠤ ᠡᠶ᠎ᠡ ᠵᠤᠬᠢᠴᠠᠩᠭᠤᠢ᠎ᠶ᠋ᠢᠨ ᠰᠦᠭ ᠰᠦᠨᠡᠰᠦ ᠮᠥᠨ》᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠨᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠨᠢᠭᠡ ᠭᠡᠷ᠎ᠤᠨ ᠬᠥᠮᠦᠨ ᠮᠡᠲᠦ ᠳᠣᠲᠣᠨᠣ ᠰᠣᠶᠣᠯ᠎ᠤᠨ ᠰᠠᠭᠤᠷᠢ᠎ᠶ᠋ᠢ ᠢᠯᠡᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠤᠯᠠᠨ ᠡᠱᠢᠲᠦ ᠨᠢᠭᠡ ᠴᠣᠭ᠍ᠴᠠ᠎ᠶ᠋ᠢᠨ ᠤᠶᠤᠨ ᠰᠠᠨᠠᠭᠠᠨ᠎ᠤ ᠠᠮᠢᠨ ᠰᠤᠳᠠᠰᠤ᠎ᠶ᠋ᠢ ᠢᠯᠡᠷᠡᠭᠦᠯᠪᠡ᠃

ᠦᠨᠳᠦᠰᠦᠲᠡᠨ᠎ᠨᠦᠭᠦᠳ ᠭᠠᠭ᠍ᠴᠠ ᠬᠦ᠌ ᠰᠣᠶᠣᠯ᠎ᠤᠨ ᠲᠠᠯ᠎ᠠ᠎ᠪᠠᠷ ᠬᠠᠷᠢᠯᠴᠠᠨ ᠮᠡᠳᠡᠷᠡᠵᠦ᠍᠂ ᠬᠠᠮᠲᠤ᠎ᠪᠠᠷ ᠨᠢᠭᠡᠨ ᠰᠣᠶᠣᠯ᠎ᠤᠨ ᠬᠠᠮᠲᠤ ᠴᠣᠭ᠍ᠴᠠ᠎ᠳᠤ ᠠᠮᠢᠳᠤᠷᠠᠵᠤ᠂ ᠠᠳᠠᠯᠢᠬᠠᠨ ᠰᠣᠶᠣᠯ᠎ᠤᠨ ᠣᠢᠯᠠᠭᠠᠭ᠍ᠳᠠᠬᠤᠨ᠎ᠢ ᠪᠣᠢ ᠪᠣᠯᠭᠠᠵᠤ᠂ ᠬᠠᠮᠲᠤ᠎ᠶ᠋ᠢᠨ ᠠᠮᠢᠳᠤᠷᠠᠯ᠎ᠤᠨ ᠬᠦᠰᠡᠯᠡᠩ᠎ᠢ ᠪᠣᠢ ᠪᠣᠯᠭᠠᠪᠠᠯ ᠰᠠᠶᠢ ᠰᠡᠳᠭᠢᠴᠡ᠎ᠶ᠋ᠢᠨ ᠭᠠᠳᠠᠭᠤᠷᠴᠢᠯᠠᠯ᠂ ᠵᠠᠢ ᠵᠠᠪᠰᠠᠷᠳᠠᠯ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠠᠷᠢᠯᠭᠠᠵᠤ᠂ ᠡᠴᠦᠰ᠎ᠲᠡᠭᠡᠨ ᠬᠠᠮᠲᠤ᠎ᠶ᠋ᠢᠨ ᠦᠵᠡᠯ ᠰᠠᠨᠠᠭᠠᠨ᠎ᠤ ᠰᠠᠭᠤᠷᠢ᠂ ᠬᠠᠮᠲᠤ᠎ᠶ᠋ᠢᠨ ᠣᠶᠣᠨ ᠰᠠᠨᠠᠭᠠᠨ᠎ᠤ ᠭᠡᠷ ᠣᠷᠣᠨ᠎ᠢ ᠪᠣᠢ ᠪᠣᠯᠭᠠᠵᠤ᠂ ᠦᠨᠳᠦᠰᠦᠲᠡᠨ᠎ᠤ ᠰᠣᠶᠣᠯ᠎ᠤᠨ ᠬᠠᠮᠲᠤ ᠴᠣᠭ᠍ᠴᠠ᠎ᠶ᠋ᠢ ᠦᠷᠭᠦᠯᠵᠢᠯᠡᠭᠦᠯᠬᠦ᠌ ᠣᠶᠣᠨ ᠰᠠᠨᠠᠭᠠᠨ᠎ᠤ ᠬᠦᠴᠦᠨ᠎ᠢ ᠨᠢᠭ᠍ᠲᠠᠷᠠᠭᠤᠯᠵᠤ ᠴᠢᠳᠠᠨ᠎ᠠ᠃

ᠨᠢᠬᠡᠳᠦᠭ᠌ᠰᠡᠨ ᠤᠯᠠᠨ ᠦᠨᠳᠦᠰᠦᠲᠡᠨ᠎ᠲᠠᠢ ᠤᠯᠤᠰ ᠪᠣᠯ ᠮᠠᠨ᠎ᠤ ᠤᠯᠤᠰ᠎ᠤᠨ ᠦᠨᠳᠦᠰᠦᠨ ᠤᠯᠤᠰ᠎ᠤᠨ ᠪᠠᠢᠳᠠᠯ ᠮᠥᠨ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠬᠦ᠌ ᠪᠣᠯ ᠠᠵᠤ ᠠᠬᠤᠢ᠎ᠶ᠋ᠢᠨ ᠬᠥᠭ᠌ᠵᠢᠯᠲᠡ ᠪᠠ ᠨᠡᠢᠭᠡᠮ᠎ᠤᠨ ᠲᠠᠪᠱᠢᠯᠳᠠ᠎ᠶ᠋ᠢ ᠠᠬᠢᠭᠤᠯᠬᠤ ᠬᠡᠷᠡᠭ᠌ᠴᠡᠭᠡ ᠮᠥᠨ᠂ ᠡᠨᠡ᠎ᠨᠢ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠮᠲᠤ᠎ᠶ᠋ᠢᠨ ᠬᠦᠰᠡᠯ ᠵᠣᠷᠢᠭ᠎ᠢ ᠢᠯᠡᠷᠡᠭᠦᠯᠦᠭ᠌ᠰᠡᠨ ᠪᠦ᠍ᠬᠡᠳ ᠪᠠᠰᠠ ᠦᠨᠳᠦᠰᠦᠲᠡᠨ᠎ᠨᠦᠭᠦᠳ᠎ᠤᠨ ᠴᠡᠴᠡᠭ᠌ᠯᠡᠨ ᠬᠥᠭ᠌ᠵᠢᠬᠦ᠌᠎ᠶ᠋ᠢᠨ ᠠᠵᠠ ᠵᠢᠷᠭᠠᠯ᠎ᠤᠨ ᠪᠠᠲᠤᠯᠠᠭ᠎ᠠ ᠪᠣᠯᠵᠠᠢ᠃ ᠪᠢᠳᠡ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠢ ᠨᠠᠷᠢᠨ ᠬᠢᠨᠠᠮᠠᠭᠠᠢ ᠰᠠᠢᠲᠤᠷ ᠬᠢᠵᠦ᠍᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠵᠦ᠍᠂ ᠦᠨᠳᠦᠰᠦᠲᠡᠨ᠎ᠨᠦᠭᠦᠳ᠎ᠤᠨ ᠬᠤᠭᠤᠷᠣᠨᠳᠣᠬᠢ ᠶᠠᠪᠤᠯᠴᠠᠭ᠎ᠠ ᠰᠣᠯᠢᠯᠴᠠᠭ᠎ᠠ᠎ᠶ᠋ᠢ ᠨᠡᠩ ᠨᠢᠭ᠍ᠲᠠᠷᠠᠭᠤᠯᠵᠤ᠂ ᠠᠵᠤ ᠠᠬᠤᠢ ᠨᠡᠢᠭᠡᠮ᠎ᠤᠨ ᠬᠠᠷᠢᠯᠴᠠᠭ᠎ᠠ᠎ᠶ᠋ᠢ ᠨᠡᠩ ᠨᠢᠭ᠍ᠲᠠᠷᠠᠭᠤᠯᠵᠤ᠂ ᠤᠶᠤᠨ ᠰᠠᠨᠠᠭ᠎ᠠ ᠰᠣᠶᠣᠯ᠎ᠤᠨ ᠠᠮᠢᠳᠤᠷᠠᠯ᠎ᠤᠨ ᠠᠭᠤᠰᠤᠯᠴᠠᠯ᠎ᠢ ᠨᠡᠩ ᠭᠦᠨᠵᠡᠭᠡᠢᠷᠡᠭᠦᠯᠬᠦ᠌ ᠬᠡᠷᠡᠭ᠌ᠲᠡᠢ᠃

ᠰᠣᠶᠣᠯ᠎ᠤᠨ ᠬᠠᠮᠲᠤ᠎ᠶ᠋ᠢᠨ ᠲᠠᠨᠢᠯᠲᠠ ᠭᠡᠬᠦ᠌ ᠡᠨᠡ ᠬᠦ᠌ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ᠂ ᠦᠨᠳᠦᠰᠦᠲᠡᠨ᠎ᠤ ᠡᠶ᠎ᠡ ᠨᠠᠢᠷᠠᠮᠳᠠᠭᠤ᠎ᠶ᠋ᠢᠨ ᠰᠦᠭ ᠰᠦᠨᠡᠰᠦ᠎ᠶ᠋ᠢ ᠪᠠᠲᠤ ᠡᠵᠡᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠡᠳᠭᠢᠯ ᠨᠢᠭᠡᠳᠦᠨ᠂ ᠤᠶᠤᠨ ᠰᠠᠨᠠᠭ᠎ᠠ ᠬᠠᠷᠢᠯᠴᠠᠨ ᠲᠦᠱᠢᠭ᠌ᠯᠡᠯᠴᠡᠪᠠᠯ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌᠎ᠶ᠋ᠢ ᠠᠬᠢᠭᠤᠯᠵᠤ᠂ 《ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠦᠳᠦᠭᠡᠨ ᠪᠠᠢᠭᠤᠯᠵᠤ᠂ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠬᠦ᠌》 ᠬᠠᠮᠲᠤᠷᠠᠯ ᠬᠦᠴᠦᠨ᠎ᠢ ᠨᠢᠭ᠍ᠲᠠᠷᠠᠭᠤᠯᠵᠤ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号