ᠥᠪᠡᠷᠳᠡᠭᠡᠨ ᠵᠠᠰᠠᠬᠤ ᠤᠷᠤᠨ ᠤᠯᠠᠨ ᠠᠷᠭ᠎ᠠ ᠬᠡᠮᠵᠢᠶ᠎ᠡ ᠠᠪᠴᠤ᠌ ᠠᠵᠤ ᠠᠬᠤᠢᠯᠠᠯ ᠡᠷᠭᠢᠯᠡᠬᠦ᠌ ᠶᠠᠪᠤᠴᠠ᠎ᠶ᠋ᠢ ᠳᠦᠬᠦᠮᠴᠢᠯᠡᠵᠦ᠍ ᠪᠠᠢᠨ᠎ᠠ
2021-04-26 09:19:55
ᠵᠣᠬᠢᠶᠠᠭ᠍ᠴᠢ᠄
ᠬᠠᠢᠷ᠎ᠠ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠠᠵᠤ ᠠᠬᠤᠢᠯᠠᠯ᠎ᠤᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌᠎ᠳᠤ ᠰᠠᠭᠤᠷᠢᠯᠠᠨ᠂ 5 ᠵᠦᠶᠯ᠎ᠤᠨ ᠠᠷᠭ᠎ᠠ ᠬᠡᠮᠵᠢᠶ᠎ᠡ ᠠᠪᠴᠤ᠌᠂ ᠠᠵᠤ ᠠᠬᠤᠢᠯᠠᠯ ᠡᠷᠭᠢᠯᠡᠬᠦ᠌ ᠶᠠᠪᠤᠴᠠ᠎ᠶ᠋ᠢ ᠲᠦᠬᠦᠮ ᠲᠦᠳᠡ᠂ ᠥᠨᠳᠥᠷ ᠪᠦᠲᠦᠮᠵᠢᠲᠡᠶ ᠪᠤᠯᠭᠠᠵᠦ᠍ ᠪᠠᠢᠨ᠎ᠠ᠃

ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠂ ᠳᠣᠲᠣᠭᠠᠳᠤ᠎ᠶ᠋ᠢ ᠬᠠᠮᠠᠭᠠᠯᠠᠬᠤ᠂ ᠭᠠᠢᠯᠢ᠎ᠶ᠋ᠢᠨ ᠶᠠᠪᠤᠳᠠᠯ᠂ ᠪᠠᠩᠬᠢ ᠵᠡᠷᠭᠡ ᠰᠠᠯᠠᠭ᠎ᠠ ᠮᠥᠴᠢᠷ᠎ᠢ ᠵᠣᠬᠢᠶᠠᠨ ᠪᠠᠢᠭᠤᠯᠵᠤ᠂ ᠲᠡᠷᠢᠭᠦᠨ᠎ᠤ ᠮᠤᠵᠢ ᠬᠤᠲᠠ᠎ᠶ᠋ᠢᠨ ᠲᠤᠷᠱᠢᠯᠭ᠎ᠠ ᠪᠠ ᠠᠷᠭ᠎ᠠ ᠬᠢᠳᠡᠯ᠎ᠢ ᠰᠤᠷᠤᠯᠴᠠᠵᠤ᠂ ᠠᠵᠤ ᠠᠬᠤᠢ᠍ᠢᠯᠠᠯ ᠨᠡᠭᠡᠭᠡᠨ ᠡᠷᠭᠢᠯᠡᠬᠦ᠌ ᠡᠯ᠎ᠠ ᠶᠠᠪᠤᠴᠠ᠎ᠶ᠋ᠢ ᠳᠥᠭᠦᠮᠴᠢᠯᠡᠵᠦ᠍᠂ ᠥᠪᠡᠷ᠎ᠤᠨ ᠥᠷᠲᠡᠭ᠎ᠢ ᠪᠠᠭᠤᠷᠠᠭᠤᠯᠬᠤ᠂ ᠨᠢᠭᠡ ᠰᠦᠯᠵᠢᠶ᠎ᠡ᠎ᠪᠠᠷ ᠨᠡᠢᠳᠡᠮ ᠭᠦᠢᠴᠡᠳᠭᠡᠬᠦ᠌ ᠲᠠᠪᠴᠠᠩ᠎ᠢ ᠲᠡᠭᠦᠯᠳᠡᠷᠵᠢᠭᠦᠯᠦᠨ᠂ ᠦᠨᠳᠦᠰᠦᠨ ᠱᠠᠲᠤᠨ᠎ᠤ ᠠᠵᠤ ᠠᠬᠤᠢᠯᠠᠯ ᠨᠡᠭᠡᠭᠡᠨ ᠡᠷᠭᠢᠯᠡᠬᠦ᠌᠎ᠳᠤ ᠨᠠᠩ ᠥᠨᠳᠥᠷ ᠪᠦᠲᠦᠮᠵᠢᠲᠡᠶ ᠪᠦᠭᠡᠳ ᠳᠥᠭᠦᠮ ᠳᠥᠲᠡ ᠦᠢᠯᠡᠴᠢᠯᠡᠭᠡᠨ᠎ᠤ ᠨᠥᠬᠦᠴᠡᠯ ᠪᠦᠷᠢᠯᠳᠦᠭᠦᠯᠵᠦ᠍ ᠦᠭ᠌ᠪᠡ; ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠲᠠᠢ ᠬᠠᠮᠲᠤᠷᠠᠨ ᠭᠠᠳᠠᠭᠠᠳᠤ᠎ᠶ᠋ᠢᠨ ᠬᠤᠳᠠᠯᠳᠤᠭᠠᠴᠢᠨ᠎ᠤ ᠪᠠᠯᠠ ᠣᠷᠣᠭᠤᠯᠤᠭ᠍ᠰᠠᠨ ᠠᠵᠤ ᠠᠬᠤᠢᠯᠠᠯ᠎ᠤᠨ ᠮᠡᠳᠡᠭᠡ ᠵᠠᠩᠭᠢ ᠮᠡᠳᠡᠭᠦᠯᠬᠦ᠌ ᠱᠢᠰᠲ᠋ᠧᠮ᠎ᠢ ᠱᠢᠯᠢᠳᠡᠭ᠌ᠵᠢᠭᠦᠯᠬᠦ᠌ ᠲᠤᠬᠠᠶ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠠᠵᠤ ᠠᠬᠤᠢᠯᠠᠯ᠎ᠯᠤᠭ᠎ᠠ ᠱᠢᠰᠲ᠋ᠧᠮ᠎ᠤᠨ ᠬᠡᠷᠡᠭ᠌ᠯᠡᠯᠲᠡ᠎ᠳᠤ ᠣᠷᠣᠱᠢᠵᠤ ᠪᠠᠢᠭ᠎ᠠ ᠠᠰᠠᠭᠤᠳᠠᠯ᠎ᠢ ᠨᠢᠭᠤᠷᠳᠠᠨ ᠣᠢᠯᠠᠭᠠᠬᠤ᠎ᠪᠠᠷ ᠳᠠᠮᠵᠢᠭᠤᠯᠤᠨ᠂ ᠬᠤᠳᠠᠯᠳᠤᠭᠠᠨ᠎ᠤ ᠶᠠᠪᠤᠳᠠᠯ᠎ᠤᠨ ᠰᠠᠯᠠᠭ᠎ᠠ ᠮᠥᠴᠢᠷ ᠬᠢᠭᠡᠳ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠨ ᠬᠠᠷᠢᠭᠤᠴᠠᠯᠭ᠎ᠠ᠂ ᠠᠵᠢᠯ᠎ᠤᠨ ᠬᠤᠪᠢᠶᠠᠷᠢᠯᠠᠯ᠎ᠢ ᠴᠢᠨᠠᠭ᠍ᠰᠢᠳᠠ ᠢᠯᠭᠠᠷᠠᠭᠤᠯᠵᠤ᠂ ᠱᠢᠰᠲ᠋ᠧᠮ᠎ᠢ ᠱᠢᠯᠢᠳᠡᠭ᠌ᠵᠢᠭᠦᠯᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠲᠣᠳᠣᠷᠬᠠᠢᠯᠠᠪᠠ; 《ᠠᠵᠤ ᠠᠬᠤᠢᠯᠠᠯ᠎ᠤᠨ ᠳᠡᠩᠰᠡᠯᠡᠨ ᠲᠡᠮᠳᠡᠭ᠌ᠯᠡᠬᠦ᠌ ᠪᠠᠷᠢᠮᠵᠢᠶ᠎ᠠ᠎ᠶ᠋ᠢ ᠨᠢᠭᠡᠳᠭᠡᠵᠦ᠍ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌᠎ᠶ᠋ᠢ ᠴᠢᠨᠠᠭ᠍ᠰᠢᠳᠠ ᠠᠬᠢᠭᠤᠯᠬᠤ ᠲᠤᠬᠠᠶ ᠮᠡᠳᠡᠭ᠌ᠳᠡᠯ》 ᠎ᠢ ᠳᠠᠷᠤᠮᠠᠯᠯᠠᠨ ᠲᠠᠷᠬᠠᠭᠠᠵᠤ᠂ ᠠᠵᠤ ᠠᠬᠤᠢᠯᠠᠯ᠎ᠤᠨ ᠲᠥᠪᠯᠡᠷᠡᠭᠦᠯᠦᠨ ᠳᠠᠩᠰᠠᠯᠠᠨ ᠲᠡᠮᠳᠡᠭ᠌ᠯᠡᠬᠦ᠌ ᠨᠢᠭᠡᠴᠢ᠎ᠶ᠋ᠢᠨ 《ᠠᠵᠤ ᠠᠬᠤᠢᠯᠠᠯ᠎ᠤᠨ ᠳᠠᠩᠰᠠᠯᠠᠭᠤᠯᠬᠤ ᠭᠤᠶᠤᠴᠢᠯᠠᠯ᠎ᠤᠨ ᠪᠢᠴᠢᠭ᠎ᠤᠨ ᠵᠢᠷᠤᠮᠵᠢᠯ》᠂ 《ᠠᠵᠤ ᠠᠬᠤᠢᠯᠠᠯ᠎ᠤᠨ ᠳᠠᠩᠰᠠᠯᠠᠭᠤᠯᠬᠤ᠎ᠳᠤ ᠲᠤᠱᠢᠶᠠᠬᠤ ᠮᠠᠲ᠋ᠧᠷᠢᠶᠠᠯ᠎ᠤᠨ ᠵᠢᠷᠤᠮᠵᠢᠯ》 ᠎ᠢ ᠴᠢᠩᠭ᠎ᠠ ᠬᠡᠷᠡᠭ᠌ᠵᠢᠭᠦᠯᠦᠭ᠌ᠰᠡᠨ ᠰᠠᠭᠤᠷᠢᠨ ᠳᠡᠭᠡᠷ᠎ᠡ᠂ 《ᠲᠠᠪᠤ᠎ᠶ᠋ᠢ ᠨᠢᠭᠡᠳᠭᠡᠬᠦ᠌》 ᠎ᠶ᠋ᠢ ᠪᠡᠶᠡᠯᠡᠭᠦᠯᠵᠦ᠍᠂ 《ᠠᠵᠤ ᠠᠬᠤᠢᠯᠠᠯ᠎ᠤᠨ ᠨᠡᠷᠡᠢᠳᠦᠯ ᠳᠠᠩᠰᠠᠯᠠᠬᠤ ᠬᠠᠮᠢᠶᠠᠷᠤᠯᠲᠠ᠎ᠶ᠋ᠢᠨ ᠲᠣᠭ᠍ᠲᠠᠭᠠᠯ》 ᠎ᠶ᠋ᠢ ᠲᠦᠷᠭᠡᠨ ᠨᠠᠢᠳᠠᠪᠤᠷᠢᠵᠢᠭᠤᠯᠬᠤ᠎ᠶ᠋ᠢ ᠱᠠᠭᠠᠷᠳᠠᠵᠤ᠂ ᠠᠵᠤ ᠠᠬᠤᠢᠯᠠᠯ᠎ᠤᠨ ᠨᠡᠷᠡᠢᠳᠦᠯ᠎ᠢᠶᠠᠨ ᠥᠪᠡᠰᠦᠪᠡᠨ ᠭᠤᠶᠤᠴᠢᠯᠠᠨ ᠮᠡᠳᠡᠭᠦᠯᠬᠦ᠌ ᠱᠢᠰᠲ᠋ᠧᠮ᠎ᠳᠤ ᠪᠡᠶᠡᠴᠢᠯᠡᠨ ᠣᠢᠯᠠᠭᠠᠬᠤ ᠮᠠᠶᠢᠭ᠎ᠤᠨ ᠥᠪᠡᠰᠦᠪᠡᠨ ᠪᠠᠢᠴᠠᠭᠠᠯᠲᠠ ᠬᠢᠵᠤ᠂ ᠦᠨᠳᠦᠰᠦᠨ ᠱᠠᠲᠤ ᠪᠣᠯᠤᠨ ᠠᠵᠤ ᠠᠬᠤᠢᠯᠠᠯ᠎ᠠᠴᠠ ᠰᠠᠨᠠᠯ ᠰᠠᠨᠠᠭᠤᠯᠭ᠎ᠠ ᠬᠤᠷᠢᠶᠠᠬᠤ᠂ ᠠᠵᠢᠯᠯᠠᠬᠤ ᠵᠣᠯᠭᠠᠴᠠ᠎ᠶ᠋ᠢ ᠴᠠᠭ ᠲᠤᠬᠠᠶ᠎ᠳᠤᠨᠢ ᠱᠢᠯᠢᠳᠡᠭ᠌ᠵᠢᠭᠦᠯᠬᠦ᠂ ᠱᠢᠰᠲ᠋ᠧᠮ᠎ᠢ ᠳᠡᠰ ᠳᠡᠪᠱᠢᠭᠦᠯᠦᠨ ᠥᠭᠡᠷᠡᠴᠢᠯᠡᠬᠦ᠌᠎ᠶ᠋ᠢ ᠪᠡᠶᠡᠯᠡᠭᠦᠯᠵᠤ᠂ ᠠᠵᠤ ᠠᠬᠤᠢᠯᠠᠯ᠎ᠤᠨ ᠨᠡᠷᠡᠢᠳᠦᠯ᠎ᠢᠶᠠᠨ ᠪᠡᠶ᠎ᠡ᠎ᠪᠠᠨ ᠳᠠᠭᠠᠭᠠᠵᠤ ᠭᠤᠶᠤᠴᠢᠯᠠᠨ ᠮᠡᠳᠡᠭᠦᠯᠬᠦ᠌ ᠪᠠ ᠳᠠᠩᠰᠠᠯᠠᠨ ᠲᠡᠮᠳᠡᠭ᠌ᠯᠡᠬᠦ᠌ ᠪᠤᠰᠤᠳ ᠭᠤᠭ᠍ᠴᠤᠭ᠎ᠠ᠎ᠳᠤ 《ᠨᠢᠭᠡ ᠯᠡ ᠤᠳᠠᠭ᠎ᠠ᠎ᠳᠤ ᠲᠠᠭ᠍ᠯᠠᠨ ᠮᠡᠳᠡᠭᠦᠯᠬᠦ᠌》 ᠎ᠶ᠋ᠢ ᠪᠡᠶᠡᠯᠡᠭᠦᠯᠬᠦ᠌᠎ᠶ᠋ᠢ ᠠᠬᠢᠭᠤᠯᠪᠠ; ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠪᠠᠢᠭᠤᠯᠭ᠎ᠠ ᠵᠢᠴᠢ ᠳᠠᠩᠰᠠᠯᠠᠨ ᠲᠡᠮᠳᠡᠭ᠌ᠯᠡᠬᠦ᠌ ᠶᠡᠭᠡ ᠲᠢᠩᠬᠢᠮ᠎ᠤᠨ ᠵᠠᠰᠠᠭ ᠵᠠᠬᠢᠷᠭᠠᠨ᠎ᠤ ᠦᠢᠯᠡᠴᠢᠯᠡᠭᠡᠨ᠎ᠤ ᠠᠵᠢᠯ᠎ᠢ ᠵᠢᠯᠣᠭᠤᠳᠤᠨ ᠱᠢᠯᠢᠳᠡᠭ᠌ᠵᠢᠭᠦᠯᠵᠦ᠍᠂ ᠳᠠᠩᠰᠠᠯᠠᠨ ᠲᠡᠮᠳᠡᠭ᠌ᠯᠡᠬᠦ᠌᠎ᠶ᠋ᠢᠨ ᠪᠠᠷᠢᠮᠵᠢᠶᠠᠵᠢᠯᠳᠠ᠂ ᠤᠶᠤᠨᠴᠢᠯᠠᠯᠳᠠ᠂ ᠳᠥᠭᠦᠮᠴᠢᠯᠡᠯᠳᠡ᠎ᠶ᠋ᠢᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠂ ᠬᠠᠤᠯᠢ ᠶᠣᠰᠣᠭᠠᠷ ᠬᠢᠨᠠᠨ ᠵᠥᠪᠱᠢᠶᠡᠷᠡᠬᠦ᠌᠎ᠪᠠᠷ ᠵᠠᠬ᠎ᠠ ᠳᠡᠯᠭᠡᠭᠦᠷ᠎ᠤᠨ ᠭᠤᠣᠯ ᠴᠣᠭ᠍ᠴᠠ᠎ᠶ᠋ᠢᠨ ᠬᠦᠷᠲᠡᠮᠵᠢ᠎ᠶ᠋ᠢᠨ ᠲᠥᠷᠥᠭ᠌ᠳᠡᠯ᠎ᠢ ᠦᠨᠡᠨ ᠬᠦ᠌ ᠨᠡᠮᠡᠭ᠌ᠳᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号