ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠭᠤᠨ ᠮᠠᠯᠵᠢᠬᠤ ᠣᠷᠣᠨ᠎ᠤ ᠲᠢᠩᠬᠢᠮ᠎ᠠᠴᠠ ᠤᠢ᠍ᠢᠯᠠᠭᠠᠭ᠍ᠰᠠᠠᠢᠶᠠᠷ᠂ ᠮᠠᠨ᠎ᠤ ᠣᠷᠣᠨ᠎ᠤ ᠲᠦᠷᠦᠭᠦᠦ ᠤᠯᠠᠷᠢᠯ᠎ᠤᠨ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ᠎ᠤ ᠠᠵᠤ ᠠᠬᠤᠢ᠎ᠶ᠋ᠢᠨ ᠡᠷᠭᠢᠯᠲᠡ ᠶᠡᠷᠦᠩᠬᠡᠢ᠎ᠳᠡᠭᠡᠨ ᠲᠣᠭ᠍ᠲᠠᠭᠤᠨ ᠪᠠᠢᠵᠤ᠂ ᠪᠦᠬᠦ᠌ ᠵᠢᠯ᠎ᠤᠨ ᠮᠠᠯ ᠠᠵᠤ ᠠᠬᠤᠢ ᠲᠠᠷᠢᠶᠠᠯᠠᠩ᠎ᠤᠨ ᠦᠢᠯᠡᠳᠪᠦᠷᠢᠯᠡᠯ᠎ᠳᠤ ᠰᠠᠢᠨ ᠰᠠᠭᠤᠷᠢ᠎ᠶ᠋ᠢ ᠲᠠᠯᠪᠢᠵᠤ ᠥᠭ᠌ᠬᠦᠭ᠌ᠰᠡᠨ ᠪᠠᠢᠨ᠎ᠠ᠃
ᠡᠨᠡ ᠵᠢᠯ ᠪᠥᠬᠦ᠌ ᠣᠷᠣᠨ᠎ᠤ ᠲᠠᠷᠢᠮᠠᠯ᠎ᠤᠨ ᠶᠡᠷᠦᠩᠬᠡᠶ ᠲᠠᠯᠠᠪᠠᠶ ᠵᠢᠱ᠌ᠢᠯᠲᠡ᠎ᠪᠠᠷ 1.36 ᠳ᠋ᠦᠩᠱᠢᠭᠤᠷ ᠮᠥ᠎ᠳᠤ ᠬᠦᠷᠴᠦ᠍᠂ ᠨᠢᠳᠤᠨᠤᠨ᠎ᠤ᠎ᠬᠢ᠎ᠠᠴᠠ 90 ᠲᠦᠮᠡᠨ ᠮᠥ᠍ ᠨᠡᠮᠡᠭ᠌ᠳᠡᠨ᠎ᠠ᠃ ᠡᠬᠦᠨ᠎ᠳᠤ ᠠᠮᠤ ᠪᠤᠳᠠᠭᠠᠨ᠎ᠤ ᠲᠠᠷᠢᠮᠠᠯ᠎ᠤᠨ ᠲᠠᠯᠠᠪᠠᠶ 1.09 ᠳ᠋ᠦᠩᠱᠢᠭᠤᠷ ᠮᠥ᠎ᠳᠤ ᠬᠦᠷᠴᠦ᠍᠂ ᠨᠢᠳᠤᠨᠤᠨ᠎ᠤ᠎ᠬᠢ᠎ᠠᠴᠠ 123 ᠲᠦᠮᠡᠨ ᠮᠥ᠍ ᠨᠡᠮᠡᠭ᠌ᠳᠡᠬᠦ᠌ ᠪᠤᠯᠤᠨ᠎ᠠ᠃ ᠣᠳᠣᠬᠠᠨ ᠪᠣᠯᠲᠠᠯ᠎ᠠ᠂ ᠮᠠᠨ᠎ᠤ ᠣᠷᠣᠨ 476.6 ᠲᠦᠮᠡᠨ ᠮᠥ᠍ ᠠᠮᠤ ᠪᠤᠳᠠᠭᠠᠨ᠎ᠤ ᠲᠠᠷᠢᠮᠠᠯ ᠳᠠᠷᠢᠵᠤ᠂ ᠡᠭᠦᠨ᠎ᠳᠤ ᠪᠣᠭᠤᠳᠠᠶ 226.8 ᠲᠦᠮᠡᠨ ᠮᠥ᠍᠂ ᠡᠷᠳᠡᠨᠢ ᠱᠢᠰᠢ 452.5 ᠲᠦᠮᠡᠨ ᠮᠥ᠍᠂ ᠲᠥᠮᠥᠰᠥ᠍ 22.5 ᠲᠦᠮᠡᠨ ᠮᠥ᠍ ᠳᠠᠷᠢᠪᠠ᠃
ᠮᠠᠨ᠎ᠤ ᠣᠷᠣᠨ᠎ᠤ ᠲᠠᠷᠢᠶᠠᠯᠠᠩ᠎ᠤᠨ ᠮᠠᠲ᠋ᠧᠷᠢᠶᠠᠯ᠎ᠤᠨ ᠲᠡᠭᠡᠭᠡᠪᠦᠷᠢᠯᠡᠯᠳᠡ ᠪᠠ ᠨᠥᠭᠡᠴᠡᠯᠡᠯᠳᠡ ᠲᠣᠭ᠍ᠲᠠᠭᠤᠨ ᠪᠥᠭᠡᠳ ᠡᠮᠬᠢ ᠵᠢᠷᠤᠮ᠎ᠲᠠᠢ ᠪᠠᠢᠵᠤ᠂ ᠪᠥᠬᠦ᠌ ᠣᠷᠣᠨ᠎ᠤ ᠡᠯ᠎ᠡ ᠭᠠᠵᠠᠷ᠎ᠤᠨ ᠪᠠᠷᠠᠭᠠᠨ᠎ᠤ ᠢᠷᠡᠯᠲᠡ᠎ᠶ᠋ᠢᠨ ᠬᠠᠩᠭᠠᠯᠭ᠎ᠠ ᠭᠦᠢᠴᠡᠳ᠂ ᠲᠡᠭᠡᠭᠡᠪᠦᠷᠢ᠎ᠶ᠋ᠢᠨ ᠵᠠᠮ ᠰᠠᠭᠠᠳ ᠥᠬᠡᠶ ᠨᠡᠪᠲᠡᠷᠡᠵᠤ ᠪᠠᠢᠨ᠎ᠠ᠃ ᠡᠷᠳᠡᠨᠢ ᠱᠢᠰᠢ ᠵᠡᠷᠭᠡ ᠭᠤᠤᠯ ᠪᠣᠯᠬᠤ ᠠᠮᠤ ᠪᠤᠳᠠᠭᠠᠨ᠎ᠤ ᠲᠠᠷᠢᠮᠠᠯ᠎ᠤᠨ ᠦᠷ᠎ᠡ᠎ᠶ᠋ᠢᠨ ᠬᠠᠳᠠᠭᠠᠯᠠᠯᠲᠠ᠎ᠶ᠋ᠢᠨ ᠬᠡᠮᠵᠢᠶ᠎ᠡ ᠴᠥᠮ ᠬᠠᠪᠤᠷ᠎ᠤᠨ ᠲᠠᠷᠢᠶᠠᠯᠠᠭ᠎ᠠ᠎ᠶ᠋ᠢᠨ ᠬᠡᠷᠡᠭ᠌ᠴᠡᠭᠡᠨ᠎ᠤ 96.9% ᠳᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ ᠲᠠᠪᠠᠪᠠ᠃ ᠬᠢᠮᠢ᠎ᠶ᠋ᠢᠨ ᠪᠤᠷᠳᠤᠭᠤᠷ᠎ᠢ 106.4 ᠲᠦᠮᠡᠨ ᠲᠣᠨ᠂ ᠰᠦᠯᠢᠶᠣᠣ ᠪᠦᠷᠬᠦᠪᠴᠢ᠎ᠶ᠋ᠢ 4.9 ᠲᠦᠮᠡᠨ ᠲᠣᠨ᠂ ᠲᠠᠷᠢᠶᠠᠨ ᠡᠮ᠎ᠢ 2639 ᠲᠣᠨ ᠨᠦᠭᠡᠴᠡᠯᠡᠵᠦ᠍᠂ ᠴᠥᠮ ᠬᠠᠪᠤᠷ᠎ᠤᠨ ᠲᠠᠷᠢᠶᠠᠯᠠᠭ᠎ᠠ᠎ᠶ᠋ᠢᠨ ᠬᠡᠷᠡᠭ᠌ᠴᠡᠭᠡᠨ᠎ᠤ 60% ᠠᠴᠠ ᠳᠡᠭᠡᠭ᠌ᠰᠢᠬᠢ᠎ᠶ᠋ᠢ ᠡᠵᠡᠯᠡᠪᠡ᠃ ᠲᠠᠷᠢᠶᠠᠯᠠᠩ᠎ᠤᠨ ᠮᠠᠱᠢᠨ ᠪᠣᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠢᠯᠡᠴᠢᠯᠡᠭᠡᠨ᠎ᠤ ᠪᠡᠯᠡᠳᠭᠡᠯ ᠭᠦᠢᠴᠡᠳ ᠪᠠᠢᠵᠤ᠂ ᠪᠥᠬᠦ᠌ ᠣᠷᠣᠨ᠎ᠤ ᠬᠠᠪᠤᠷ᠎ᠤᠨ ᠲᠠᠷᠢᠶᠠᠯᠠᠭ᠎ᠠ᠎ᠶ᠋ᠢᠨ ᠦᠢᠯᠡᠳᠪᠦᠷᠢᠯᠡᠯ᠎ᠳᠤ ᠣᠷᠣᠭᠤᠯᠵᠤ ᠪᠣᠯᠬᠤ ᠲᠷᠠᠺᠲ᠋ᠣᠷ 102.2 ᠲᠦᠮᠡ᠂ ᠢᠵᠢ ᠪᠥᠷᠢᠳᠦᠭ᠌ᠰᠡᠨ ᠲᠠᠷᠢᠶᠠᠯᠠᠩ᠎ᠤᠨ ᠮᠠᠱᠢᠨ ᠪᠠᠭᠠᠵᠢ 150 ᠲᠦᠮᠡ᠎ᠶ᠋ᠢ ᠲᠠᠪᠠᠪᠠ᠃ 4.3 ᠲᠦᠮᠡᠡ ᠲᠠᠷᠢᠶᠠᠯᠠᠩ᠎ᠤᠨ ᠮᠠᠱᠢᠨᠴᠢᠨ᠂ ᠰᠡᠯᠪᠢᠨ ᠵᠠᠰᠠᠬᠤ ᠠᠵᠢᠯᠴᠢᠨ᠎ᠢ ᠪᠣᠯᠪᠠᠰᠤᠷᠠᠭᠤᠯᠵᠤ᠂ 146.9 ᠲᠦᠮᠡ ᠭᠠᠷᠤᠢ ᠲᠠᠷᠢᠶᠠᠯᠠᠩ᠎ᠤᠨ ᠮᠠᠱᠢᠨ ᠪᠠᠭᠠᠵᠢ᠎ᠶ᠋ᠢ ᠪᠠᠢᠴᠠᠭᠠᠨ ᠵᠠᠰᠠᠵᠤ᠂ ᠪᠠᠢᠴᠠᠭᠠᠨ ᠵᠠᠰᠠᠭ᠍ᠰᠠᠨ ᠨᠣᠷᠮ᠎ᠠ᠎ᠨᠢ 88.3% ᠳᠤ ᠬᠦᠷᠴᠦ᠍᠂ ᠬᠠᠪᠤᠷ᠎ᠤᠨ ᠲᠠᠷᠢᠶᠠᠯᠠᠭ᠎ᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠵᠤ ᠳᠡᠢᠯᠬᠦ᠌ ᠪᠣᠯᠵᠠᠢ᠃
ᠲᠥᠯ ᠲᠤᠰᠴᠤ᠌ ᠪᠤᠢᠵᠢᠭᠤᠯᠬᠤ ᠠᠵᠢᠯ ᠤᠷᠤᠭ᠍ᠰᠢᠲᠠᠢ ᠶᠠᠪᠤᠭ᠍ᠳᠠᠪᠠ᠃ ᠮᠠᠨ᠎ᠤ ᠣᠷᠣᠨ ᠪᠠᠷᠢᠮᠵᠢᠶᠠᠵᠢᠭ᠍ᠰᠠᠨ ᠦᠢᠯᠡᠳᠪᠦᠷᠢᠯᠡᠯ᠎ᠢ ᠢᠳᠡᠪᠬᠢᠲᠡᠶ ᠠᠬᠢᠭᠤᠯᠵᠤ᠂ ᠡᠬᠡ ᠮᠠᠯ ᠪᠠ ᠲᠥᠯ ᠮᠠᠯ᠎ᠢ ᠠᠷᠠᠴᠢᠯᠠᠵᠤ ᠬᠠᠮᠢᠶᠠᠷᠬᠤ᠎ᠪᠠᠨ ᠴᠢᠩᠭᠠᠳᠭᠠᠨ᠂ ᠮᠠᠯᠵᠢᠬᠤ ᠣᠷᠣᠨ᠎ᠳᠤ ᠦᠷᠡᠵᠢᠭᠦᠯᠦᠨ ᠪᠤᠢᠵᠢᠭᠤᠯᠵᠤ ᠲᠠᠷᠢᠶᠠᠯᠠᠬᠤ ᠣᠷᠣᠨ᠎ᠳᠤ ᠪᠣᠷᠳᠣᠨ ᠲᠠᠷᠭᠤᠯᠠᠭᠤᠯᠬᠤ ᠦᠢᠯᠡᠳᠪᠦᠷᠢᠯᠡᠯ᠎ᠤᠨ ᠵᠠᠭ᠍ᠪᠤᠷ᠎ᠢ ᠢᠳᠡᠪᠬᠢᠲᠡᠶ ᠶᠠᠪᠤᠭᠤᠯᠵᠤ᠂ ᠣᠷᠣᠨ ᠨᠤᠲᠤᠭ᠎ᠤᠨ ᠡᠭᠦᠯᠳᠡᠷ᠎ᠢ ᠰᠣᠩᠭᠤᠨ ᠪᠤᠢᠵᠢᠭᠤᠯᠵᠤ ᠳᠡᠭᠡᠭ᠌ᠰᠢᠯᠡᠭᠦᠯᠬᠦ᠌᠎ᠶ᠋ᠢ ᠴᠢᠩᠭᠠᠳᠭᠠᠨ᠂ ᠲᠠᠷᠢᠶᠠᠯᠠᠬᠤ ᠣᠷᠣᠨ᠎ᠳᠤ ᠬᠤᠶᠠᠷ ᠵᠢᠯ᠎ᠳᠤ ᠭᠤᠷᠪᠠᠨ ᠲᠥᠯ᠂ ᠨᠢᠭᠡ ᠤᠳᠠᠭ᠎ᠠ᠎ᠳᠤ ᠣᠯᠠᠨ ᠲᠥᠯ ᠪᠤᠢᠵᠢᠭᠤᠯᠬᠤ ᠮᠡᠷᠭᠡᠵᠢᠯ᠎ᠢ ᠳᠡᠯᠭᠡᠷᠡᠭᠦᠯᠪᠠ᠃ ᠠᠵᠢᠯ ᠲᠥᠷᠥᠯ᠎ᠤᠨ ᠲᠣᠬᠢᠷᠠᠭᠤᠯᠤᠯᠲᠠ᠎ᠠᠴᠠ ᠦᠵᠡᠪᠡᠯ᠂ ᠪᠥᠬᠦ᠌ ᠣᠷᠣᠨ᠎ᠤ ᠪᠣᠳᠠ ᠪᠣᠭ ᠮᠠᠯ᠎ᠤᠨ ᠲᠥᠯ 2802.3 ᠲᠦᠮᠡ ᠪᠤᠯᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 30.2 ᠲᠦᠮᠡ ᠨᠡᠮᠡᠭ᠌ᠳᠡᠪᠡ᠃ ᠡᠭᠦᠨ᠎ᠤ ᠬᠠᠮᠲᠤ᠌᠂ ᠲᠡᠵᠢᠭᠡᠨ ᠦᠷᠡᠵᠢᠭᠦᠯᠬᠦ᠌ ᠡᠷᠦᠬᠡ᠎ᠶ᠋ᠢ ᠵᠢᠯᠣᠭᠤᠳᠴᠤ᠌ ᠪᠠᠢᠭᠠᠳ ᠪᠣᠷᠣᠯᠠᠭᠤᠯᠭ᠎ᠠ᠎ᠶ᠋ᠢ ᠲᠦᠷᠭᠡᠳᠭᠡᠵᠦ᠍᠂ ᠭᠠᠭ᠍ᠠᠶ ᠦᠬᠡᠷ ᠬᠤᠨᠢ᠎ᠶ᠋ᠢ ᠨᠡᠢᠲᠡ 789.1 ᠲᠦᠮᠡ ᠪᠤᠷᠤᠯᠠᠭᠤᠯᠤᠨ᠂ ᠬᠡᠷ᠎ᠤᠨ ᠵᠢᠭᠦᠷᠲᠡᠨ᠎ᠢ 1219.8 ᠲᠦᠮᠡ ᠪᠣᠷᠣᠯᠠᠭᠤᠯᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ ᠲᠣᠰ ᠲᠣᠰ 33.3% ᠪᠠ 37.1% ᠨᠡᠮᠡᠭ᠌ᠳᠡᠵᠦ᠍᠂ ᠨᠡᠮᠡᠭ᠌ᠳᠡᠯ᠎ᠤᠨ ᠬᠠᠨᠳᠤᠰᠢ᠎ᠪᠠᠨ ᠦᠷᠭᠦᠯᠵᠢᠯᠡᠨ ᠪᠠᠲᠤᠯᠠᠪᠠ᠃ ᠠᠮᠢᠳᠤ ᠭᠠᠭ᠍ᠠᠶ᠎ᠶ᠋ᠢᠨ ᠭᠠᠷᠤᠯᠲᠠ᠎ᠶ᠋ᠢ ᠲᠣᠭ᠍ᠲᠠᠪᠤᠷᠢᠵᠢᠭᠤᠯᠤᠨ ᠬᠠᠩᠭᠠᠯᠭ᠎ᠠ᠎ᠶ᠋ᠢ ᠪᠠᠲᠤᠯᠠᠬᠤ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠨᠠᠢᠳᠠᠪᠤᠷᠢᠵᠢᠭᠤᠯᠵᠤ᠂ ᠡᠨᠡ ᠵᠢᠯ᠎ᠤᠨ ᠲᠦᠷᠦᠭᠦᠦ ᠤᠯᠠᠷᠢᠯ᠎ᠳᠤ᠂ ᠠᠮᠢᠳᠤ ᠭᠠᠭ᠍ᠠᠶ ᠪᠠ ᠮᠡᠭᠡᠵᠢ᠎ᠶ᠋ᠢᠨ ᠲᠤᠭ᠎ᠠ ᠲᠣᠰ ᠪᠥᠷᠢ 543.7 ᠲᠦᠮᠡ ᠪᠠ 67.6 ᠲᠦᠮᠡ ᠪᠣᠯᠵᠣ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ ᠲᠣᠰ ᠲᠣᠰ 22 .5% ᠪᠠ 23.9% ᠨᠡᠮᠡᠭ᠌ᠳᠡᠪᠡ᠃