《ᠣᠳᠣᠬᠠᠨ᠎ᠳᠤ ᠥᠪᠥᠷ ᠮᠣᠩᠭᠤᠯ᠎ᠤᠨ ᠬᠤᠳᠠᠯᠳᠤᠭ᠎ᠠ ᠡᠷᠭᠢᠯᠡᠬᠦ᠌ ᠣᠷᠴᠢᠨ ᠨᠥᠬᠦᠴᠡᠯ᠎ᠤᠨ ᠠᠰᠠᠭᠤᠳᠠᠯ᠎ᠨᠢ ᠨᠢᠭᠡᠨᠲᠡ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢᠨ ᠲᠤᠰᠭᠠᠯ ᠬᠠᠮᠤᠭ᠎ᠤᠨ ᠴᠢᠩᠭ᠎ᠠ᠂ ᠭᠠᠵᠠᠷ ᠣᠷᠣᠨ᠎ᠤ ᠳᠦᠷᠢ ᠲᠥᠷᠬᠦ᠌᠎ᠶ᠋ᠢ ᠨᠥᠯᠥᠭᠡᠯᠡᠬᠦ᠌ ᠬᠠᠮᠤᠭ᠎ᠤᠨ ᠲᠣᠪᠤᠢᠮ᠎ᠠ᠂ ᠴᠢᠨᠠᠷ ᠰᠠᠢᠲᠠᠶ ᠬᠥᠭ᠌ᠵᠢᠯᠲᠡ᠎ᠶ᠋ᠢ ᠬᠢᠵᠠᠭᠠᠷᠯᠠᠬᠤ ᠬᠠᠮᠤᠭ᠎ᠤᠨ ᠬᠦᠨᠳᠦ ᠨᠣᠴᠢᠲᠠᠶ ᠠᠰᠠᠭᠤᠳᠠᠯ ᠪᠣᠯᠵᠣ᠂ ᠨᠢᠭᠡᠨᠲᠡ ᠣᠳᠣᠬᠢᠴᠢᠯᠠᠯᠲᠠ᠎ᠶ᠋ᠢ ᠪᠥᠬᠦ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ᠎ᠢ ᠡᠬᠢᠯᠡᠭᠦᠯᠬᠦ᠂ ᠥᠭᠡᠷᠡᠴᠢᠯᠡᠯᠲᠡ ᠨᠡᠭᠡᠭᠡᠯᠲᠡ᠎ᠶ᠋ᠢ ᠭᠦᠨᠵᠡᠭᠡᠢᠷᠡᠭᠦᠯᠬᠦ᠂ ᠬᠠᠤᠯᠢ᠎ᠪᠠᠷ ᠵᠠᠰᠠᠬᠤ ᠪᠠᠢᠭᠤᠯᠤᠯᠲᠠ ᠪᠠ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ᠂ ᠤᠯᠤᠰ ᠲᠥᠷᠥ᠎ᠶ᠋ᠢᠨ ᠠᠮᠢ ᠠᠬᠤᠶ᠎ᠶ᠋ᠢ ᠴᠡᠪᠡᠷᠱᠢᠭᠦᠯᠦᠨ ᠰᠡᠷᠭᠦᠭᠡᠬᠦ᠌᠎ᠳᠤ ᠡᠷᠬᠡᠪᠰᠢ ᠱᠢᠢᠳᠪᠦᠷᠢᠯᠡᠬᠦ᠌ ᠬᠡᠷᠡᠭ᠌ᠲᠡᠶ ᠠᠰᠠᠭᠤᠳᠠᠯ ᠪᠣᠯᠵᠠᠶ》᠃
2 ᠰᠠᠷ᠎ᠠ᠎ᠶ᠋ᠢᠨ 18 ᠤ ᠡᠳᠦᠷ᠂ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠳᠠᠷᠠᠭᠠᠬᠢ ᠠᠩᠬᠠᠨ᠎ᠤ ᠠᠵᠢᠯᠯᠠᠬᠤ ᠡᠳᠦᠷ᠎ᠲᠤ᠌᠂ ᠮᠠᠨ᠎ᠤ ᠤᠷᠤᠨ᠎ᠤ ᠬᠤᠷᠠᠯᠳᠤᠭᠤᠯᠤᠬ᠍ᠰᠠᠨ ᠠᠩᠬᠠᠳᠠᠬ᠍ᠴᠢ ᠶᠡᠭᠡ ᠬᠤᠷᠠᠯ ᠪᠤᠯ ᠳᠠᠷᠤᠢ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠱᠢᠯᠢᠳᠡᠭ᠌ᠵᠢᠬᠦᠯᠬᠦ᠌ ᠶᠡᠭᠡ ᠬᠤᠷᠠᠯ ᠪᠤᠯᠤᠨ᠎ᠠ᠂ ᠡᠨᠡ᠎ᠨᠢ ᠨᠡᠢᠬᠡᠮ ᠨᠡᠢᠳᠠ᠎ᠳᠤ ᠨᠢᠬᠡᠨ ᠴᠢᠩᠭ᠎ᠠ ᠳᠤᠬᠢᠶ᠎ᠠ ᠳᠠᠮᠵᠢᠭᠤᠯᠤᠬ᠍ᠰᠠᠨᠨᠢ ᠳᠠᠮᠵᠢᠭ ᠦᠬᠡᠢ᠄ ᠦᠪᠦᠷ ᠮᠤᠩᠭᠤᠯ ᠨᠡᠩ ᠶᠡᠭᠡ ᠡᠷᠴᠢ ᠬᠦᠴᠦᠨ ᠪᠤᠯᠤᠨ ᠨᠡᠩ ᠬᠠᠳᠠᠭᠤ ᠠᠷᠭ᠎ᠠ ᠬᠡᠮᠵᠢᠶ᠎ᠡ᠎ᠪᠠᠷ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠤᠨ ᠰᠦᠷᠬᠡᠦ ᠠᠰᠠᠭᠤᠳᠠᠯ᠎ᠢ ᠱᠢᠢᠳᠪᠦᠷᠢᠯᠡᠵᠦ᠍᠂ ᠦᠵᠡᠯ ᠰᠠᠨᠠᠭ᠎ᠠ ᠦᠢᠯᠠᠭᠠᠬ᠍ᠳᠠᠬᠤᠨᠤ ᠬᠠᠷᠰᠢ ᠰᠠᠭᠠᠳ᠎ᠢ ᠢᠯᠠᠨ ᠳᠠᠪᠠᠵᠥ᠍᠂ ᠰᠤᠷᠳᠠᠯ᠎ᠤᠨ ᠠᠷᠬᠠᠭ ᠬᠡᠮ ᠪᠤᠯᠤᠨ ᠢᠯᠵᠡᠷᠡᠯ᠎ᠤᠨ ᠬᠦᠨᠳᠤ ᠡᠪᠡᠳᠴᠢᠨ᠎ᠢ ᠠᠷᠢᠯᠭᠠᠵᠥ᠍᠂ ᠪᠦᠬᠦ᠌ ᠬᠦᠴᠦᠨ᠎ᠢᠶᠠᠷ᠎ᠢᠶᠠᠨ ᠵᠠᠬ᠎ᠠ ᠳᠡᠯᠬᠡᠬᠦᠷᠴᠢᠯᠡᠭ᠌ᠰᠡᠨ᠂ ᠬᠠᠤᠯᠢᠵᠢᠬ᠍ᠰᠠᠨ᠂ ᠳᠡᠯᠡᠬᠡᠢᠴᠢᠯᠡᠭ᠌ᠰᠡᠨ ᠬᠤᠳᠠᠯᠳᠤᠭ᠎ᠠ ᠡᠷᠬᠢᠯᠡᠬᠦ᠌ ᠤᠷᠴᠢᠨ ᠨᠦᠭᠦᠴᠡᠯ᠎ᠢ ᠡᠬᠦᠳᠦᠨ ᠴᠤᠬ᠍ᠴᠠᠯᠠᠨ᠎ᠠ᠃
ᠬᠤᠳᠠᠯᠳᠤᠭ᠎ᠠ ᠡᠷᠬᠢᠯᠡᠭᠦ᠌ ᠤᠷᠴᠢᠨ ᠨᠦᠬᠦᠴᠡᠯ ᠪᠤᠯ ᠬᠦᠭ᠌ᠵᠢᠯᠳᠡ᠎ᠶ᠋ᠢᠨ ᠤᠷᠴᠢᠨ ᠨᠦᠬᠦᠴᠡᠯ᠎ᠤᠨ ᠴᠢᠬᠤᠯᠠ ᠠᠭᠤᠯᠭ᠎ᠠ ᠪᠤᠯᠤᠨ᠎ᠠ᠂ ᠨᠢᠬᠡ ᠭᠠᠵᠠᠷ ᠤᠷᠤᠨ᠎ᠤ ᠠᠵᠥ᠍ ᠠᠬᠤᠢ᠎ᠶ᠋ᠢᠨ ᠵᠦᠬᠡᠯᠡᠨ ᠪᠤᠳᠠᠳᠤ ᠬᠦᠴᠦᠨ ᠪᠤᠯᠬᠤ ᠶᠤᠮ᠃ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠪᠤᠯᠤᠨ ᠵᠠᠰᠠᠬ᠎ᠤᠨ ᠤᠷᠳᠤᠨ᠎ᠠᠴᠠ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠱᠢᠯᠢᠳᠡᠭ᠌ᠵᠢᠬᠦᠯᠬᠦ᠌᠎ᠶ᠋ᠢ ᠪᠦᠬᠦ᠌ ᠳᠠᠯ᠎ᠠ᠎ᠶ᠋ᠢᠨ ᠠᠵᠢᠯ᠎ᠤᠨ ᠳᠤᠪᠤᠢᠮ᠎ᠠ ᠪᠠᠢᠷᠢᠨ᠎ᠳᠤ ᠳᠠᠯᠪᠢᠨ 《ᠠᠷᠪᠠᠨ ᠳᠦᠷᠪᠡᠳᠦᠬᠡᠷ ᠳᠠᠪᠤᠨ ᠵᠢᠯ》 ᠤᠨ ᠡᠬᠢᠯᠡᠯᠳᠡ᠎ᠶ᠋ᠢᠨ ᠵᠢᠯ᠎ᠤᠨ ᠨᠢᠬᠡᠨ ᠶᠡᠭᠡ ᠶᠠᠪᠤᠳᠠᠯ ᠪᠤᠯᠭᠠᠨ ᠠᠳᠭᠤᠵᠥ᠍᠂ ᠬᠤᠳᠠᠯᠳᠤᠭ᠎ᠠ ᠡᠷᠬᠢᠯᠡᠭᠦ᠌ ᠤᠷᠴᠢᠨ ᠨᠦᠭᠦᠴᠡᠯ᠎ᠢ ᠱᠢᠯᠢᠳᠡᠭ᠌ᠵᠢᠭᠦᠯᠬᠦ᠌ ᠪᠣᠭᠤᠮᠲᠠ ᠱᠢᠪᠲᠤᠯᠬᠤ ᠳᠠᠢᠯᠠᠯᠳᠤᠭᠠᠨ᠎ᠢ ᠪᠦᠬᠦ᠌ ᠳᠠᠯ᠎ᠠ᠎ᠪᠠᠷ ᠡᠬᠢᠯᠡᠭᠦᠯᠵᠦ᠍᠂ ᠪᠦᠬᠦ᠌ ᠣᠷᠣᠨ᠎ᠢᠶᠠᠷ᠎ᠢᠶᠠᠨ ᠦᠳᠲᠡᠷ ᠲᠦᠷᠭᠡᠨ ᠬᠥᠳᠡᠯᠦᠯᠴᠡᠵᠤ ᠪᠤᠢ᠃
ᠬᠦᠬᠡᠬᠤᠳᠠ᠎ᠶ᠋ᠢᠨ᠎ᠬᠢᠨ ᠣᠨᠴᠠᠭᠠᠢᠯᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌ ᠭᠤᠷᠪᠠᠨ ᠵᠢᠯ᠎ᠤᠨ ᠠᠵᠢᠯᠯᠠᠭ᠎ᠠ᠎ᠶ᠋ᠢᠨ ᠲᠥᠯᠥᠪᠯᠡᠭᠡ᠎ᠶ᠋ᠢ ᠳᠤᠷᠠᠳᠤᠭ᠍ᠰᠠᠨ᠎ᠠᠴᠠ ᠨᠠᠭᠠᠰᠢ᠂ ᠲᠥᠪ ᠬᠤᠳᠠ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ ᠴᠢᠨᠠᠷ᠎ᠤᠨ ᠬᠤᠪᠢᠷᠠᠯᠳᠠ᠎ᠲᠠᠢ ᠪᠤᠯᠵᠠᠢ᠃ 2020 ᠣᠨ᠎ᠳᠤ᠂ ᠬᠥᠬᠡᠬᠤᠲᠠ ᠬᠤᠳᠠᠯᠳᠤᠭ᠎ᠠ ᠡᠷᠭᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠤᠨ᠂ ᠠᠷᠠᠳ᠎ᠲᠤ ᠳᠥᠭᠦᠮ ᠦᠵᠡᠭᠦᠯᠵᠦ᠍ ᠠᠵᠤ ᠠᠬᠤᠢ᠍ᠢᠯᠠᠯ᠎ᠳᠤ ᠠᠱᠢᠭ ᠬᠦᠷᠲᠡᠭᠡᠬᠦ᠌ 9 ᠵᠦᠢᠯ᠎ᠤᠨ ᠠᠷᠭ᠎ᠠ ᠬᠡᠮᠵᠢᠶ᠎ᠡ᠎ᠶ᠋ᠢ ᠲᠣᠭ᠍ᠲᠠᠭᠠᠨ ᠨᠡᠢᠲᠡᠯᠡᠵᠦ᠍᠂ ᠬᠤᠲᠠ᠎ᠶ᠋ᠢᠨ ᠲᠣᠰ ᠱᠠᠲᠤᠨ᠎ᠤ ᠵᠠᠰᠠᠭ ᠵᠠᠬᠢᠷᠭᠠᠨ᠎ᠤ ᠡᠷᠬᠡ᠎ᠶ᠋ᠢ 44% ᠪᠠᠷ ᠪᠠᠭᠠᠰᠭᠠᠵᠤ᠂ ᠠᠵᠤ ᠠᠬᠤᠢ᠍ᠢᠯᠠᠯ ᠡᠷᠭᠢᠯᠡᠬᠦ᠌ ᠭᠠᠷ ᠬᠦᠢᠴᠡᠳᠭᠡᠯ ᠬᠢᠭᠦ᠌ ᠴᠠᠭ᠎ᠢ 1 ᠠᠵᠢᠯᠯᠠᠬᠤ ᠡᠳᠦᠷ ᠪᠣᠯᠭᠠᠨ ᠪᠠᠭᠠᠰᠭᠠᠵᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ 202 ᠵᠦᠢᠯᠡᠰ᠎ᠲᠤ 《ᠬᠠᠮᠤᠭ᠎ᠤᠨ ᠣᠯᠠᠨ᠎ᠳᠠᠭᠠᠨ ᠨᠢᠭᠡ ᠯᠡ ᠤᠳᠠᠭ᠎ᠠ ᠭᠦᠶᠦᠯᠭᠡᠬᠦ᠌》 ᠶ᠋ᠢ ᠪᠡᠶᠡᠯᠡᠭᠦᠯᠤᠨ᠂ ᠪᠥᠬᠦ᠌ ᠣᠷᠣᠨ᠎ᠤ 《ᠵᠠᠰᠠᠭ᠎ᠢ ᠴᠤᠮᠬᠠᠳᠭᠠᠨ ᠡᠷᠭᠡ᠎ᠶ᠋ᠢ ᠲᠠᠯᠪᠢᠬᠤ᠂ ᠲᠠᠯᠪᠢᠬᠤ ᠬᠠᠮᠢᠶᠠᠷᠬᠤ᠎ᠶ᠋ᠢ ᠤᠶᠠᠯᠳᠤᠭᠤᠯᠬᠤ᠂ ᠦᠢᠯᠡᠴᠢᠯᠡᠭᠡ᠎ᠶ᠋ᠢ ᠱᠢᠯᠢᠲᠡᠭ᠌ᠵᠢᠬᠦᠯᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠪᠠ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠠᠵᠢᠯ᠎ᠤᠨ ᠠᠮᠵᠢᠯᠲᠠ ᠪᠦᠲᠦᠮᠵᠢ᠎ᠶ᠋ᠢ ᠱᠢᠯᠭᠠᠨ ᠬᠢᠨᠠᠬᠤ᠎ᠳᠤ ᠨᠢᠭᠡᠳᠦᠭᠡᠷ᠎ᠲᠤ ᠣᠷᠣᠵᠤ᠂ ᠪᠦᠬᠦ᠌ ᠣᠷᠣᠨ᠎ᠤ ᠬᠤᠳᠠᠯᠳᠤᠭ᠎ᠠ ᠡᠷᠭᠢᠯᠡᠬᠦ᠌ ᠣᠷᠴᠢᠨ ᠨᠥᠬᠦᠴᠡᠯ᠎ᠤᠨ ᠦᠨᠡᠯᠡᠯᠲᠡ᠎ᠳᠤ 2019 ᠣᠨ᠎ᠳᠤ ᠬᠠᠮᠤᠭ᠎ᠤᠨ ᠰᠡᠭᠦᠯ᠎ᠳᠤ ᠪᠠᠢᠷᠢᠯᠡᠵᠤ ᠪᠠᠢᠭ᠍ᠰᠠᠨ᠎ᠠᠴᠠ᠎ᠪᠠᠨ 2020 ᠣᠨ᠎ᠳᠤ ᠬᠤᠶᠠᠳᠤᠭᠠᠷ᠎ᠲᠤ ᠵᠢᠭ᠍ᠰᠠᠭᠠᠭ᠍ᠳᠠᠵᠠᠢ᠃
ᠬᠤᠲᠠᠯᠲᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠱᠢᠯᠢᠲᠡᠭ᠌ᠵᠢᠭᠦᠯᠬᠦ᠌ᠳᠤ ᠠᠮᠠᠯᠠᠯᠲᠠ ᠬᠢᠬᠦ᠌᠎ᠳᠤ ᠬᠢᠯᠪᠠᠷ᠂ ᠢᠲᠡᠭᠡᠯ᠎ᠢᠶᠠᠨ ᠰᠠᠬᠢᠬᠤ᠎ᠳᠤ ᠬᠦᠴᠢᠷ ᠪᠠᠢᠲᠠᠭ; ᠠᠷᠠᠯᠵᠢᠶᠠᠴᠢᠨ ᠤᠷᠢᠬᠤ᠎ᠳᠤ ᠬᠢᠯᠪᠠᠷ᠂ ᠦᠨᠡᠡ ᠪᠤᠲᠠᠲᠠᠢ ᠤᠴᠢᠷ ᠶᠠᠪᠤᠲᠠᠯ ᠬᠢᠬᠦ᠌᠎ᠳᠤ ᠬᠦᠴᠢᠷ ᠪᠠᠢᠲᠠᠭ᠃ 2021 ᠣᠨ᠎ᠳᠤ᠂ ᠬᠥᠬᠡᠬᠤᠲᠠ᠎ᠶ᠋ᠢᠨ᠎ᠬᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢᠶᠠᠨ ᠦᠷᠭᠦᠯᠵᠢᠯᠡᠨ ᠱᠢᠯᠢᠳᠡᠭ᠌ᠵᠢᠭᠦᠯᠤᠨ᠂ ᠠᠵᠤ ᠠᠬᠤᠢ᠍ᠢᠯᠠᠯ᠎ᠤᠨ ᠦᠢᠯᠡᠳᠪᠦᠷᠢᠯᠡᠯ ᠡᠵᠡᠩᠨᠡᠯᠲᠡ᠎ᠶ᠋ᠢᠨ ᠳᠤᠮᠳᠠ ᠣᠷᠣᠱᠢᠵᠤ ᠪᠠᠢᠭ᠎ᠠ ᠬᠦᠴᠢᠷᠳᠡᠯ ᠪᠣᠯᠤᠨ ᠠᠰᠠᠭᠤᠳᠠᠯ᠎ᠢ ᠬᠦᠴᠦᠯᠡᠨ ᠱᠢᠢᠳᠪᠦᠷᠢᠯᠡᠨ᠎ᠠ᠃ ᠤᠢ᠍ᠢᠷ᠎ᠠ᠎ᠳᠤ ᠬᠤᠷᠠᠯᠳᠤᠭᠤᠯᠤᠭ᠍ᠰᠠᠨ ᠠᠷᠠᠯᠵᠢᠶᠠᠴᠢᠨ ᠤᠷᠢᠵᠤ ᠪᠠᠯᠠ ᠮᠦᠩᠬᠦ᠌ ᠣᠷᠣᠭᠤᠯᠤᠠ ᠠᠪᠴᠢᠷᠠᠬᠤ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠪᠡᠶᠡᠯᠡᠭᠦᠯᠬᠦ᠌ ᠬᠤᠷᠠᠯ ᠪᠣᠯ ᠬᠥᠬᠡᠬᠤᠲᠠ᠎ᠶ᠋ᠢᠨ ᠬᠤᠳᠠᠯᠳᠤᠭ᠎ᠠ ᠡᠷᠭᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌᠎ᠪᠠᠷ ᠵᠣᠷᠢᠭ ᠱᠢᠭᠤᠳᠤᠭ᠍ᠰᠠᠨᠤ ᠨᠢᠭᠡᠨ ᠬᠤᠷᠢᠶᠠᠩᠭᠤᠶ ᠦᠵᠡᠭ᠌ᠳᠡᠯ ᠪᠤᠯᠬᠤ ᠶᠤᠮ; ᠡᠮᠦᠨᠡᠭᠡᠨ᠂ ᠬᠤᠷᠢᠨᠭᠡᠷ ᠱᠢᠨ᠎ᠡ ᠲᠣᠭᠤᠷᠢᠭ 11 ᠠᠵᠤ ᠠᠬᠤᠢ᠍ᠢᠯᠠᠯ᠎ᠳᠤ ᠠᠷᠠᠯᠵᠢᠶᠠᠴᠢᠨ ᠤᠷᠢᠵᠤ ᠪᠡᠯᠡ ᠮᠦᠩᠬᠦ᠌ ᠤᠷᠤᠭᠤᠯᠤᠠ ᠠᠪᠴᠢᠷᠠᠬᠤ ᠬᠠᠷᠠᠭᠠᠯᠵᠠᠯ᠎ᠤᠨ ᠲᠦᠷᠦ᠎ᠶ᠋ᠢᠨ ᠪᠤᠳᠤᠯᠭ᠎ᠠ᠎ᠶ᠋ᠢ ᠨᠠᠢᠳᠠᠪᠤᠷᠢᠵᠢᠭᠤᠯᠤᠨ 966.4 ᠲᠦᠮᠡᠨ ᠲᠥᠭᠦᠷᠢᠭ᠎ᠤᠨ ᠱᠠᠩᠨᠠᠯ ᠪᠠ ᠨᠥᠬᠦᠪᠥᠷᠢ ᠮᠥᠩᠭᠦ᠌ ᠤᠯᠭᠤᠪᠠ; 4 ᠰᠠᠷ᠎ᠠ᠎ᠶ᠋ᠢᠨ 9 ᠤ ᠡᠳᠦᠷ᠂ ᠰᠠᠢᠬᠠᠨ ᠲᠣᠭᠤᠷᠢᠭ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌ ᠵᠢᠴᠢ ᠠᠷᠠᠯᠵᠢᠶᠠᠴᠢᠨ ᠤᠷᠢᠵᠤ ᠪᠡᠯᠡ ᠮᠦᠩᠬᠦ᠌ ᠤᠷᠤᠭᠤᠯᠤᠠ ᠠᠪᠴᠢᠷᠠᠬᠤ ᠲᠦᠷᠦᠯ ᠵᠦᠢᠯ᠎ᠤᠨ ᠠᠮᠠᠯᠠᠯᠲᠠ᠎ᠪᠠᠨ ᠪᠡᠶᠡᠯᠡᠭᠦᠯᠬᠦ᠌ ᠬᠤᠷᠠᠯ ᠬᠤᠷᠠᠯᠳᠤᠭᠤᠯᠵᠤ᠂ ᠵᠢᠯ᠎ᠤᠨ ᠳᠣᠲᠣᠷ᠎ᠠ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠡᠮ ᠡᠮᠨᠡᠯᠭᠡ᠎ᠶ᠋ᠢᠨ ᠳᠠᠭᠠᠳᠭᠠᠯ᠎ᠢ ᠳᠠᠪᠬᠤᠷᠳᠠᠭᠤᠯᠤᠨ ᠲᠤᠱᠢᠶᠠᠬ᠍ᠰᠡᠨ ᠰᠦᠢᠳᠭᠡᠯ᠎ᠢ ᠪᠤᠴᠠᠭᠠᠬᠤ ᠵᠦᠢᠯᠡᠰ᠎ᠢ ᠭᠦᠢᠴᠡᠳᠭᠡᠬᠦ᠌᠎ᠳᠤ ᠤᠤᠯ᠎ᠤᠨ 30 ᠠᠵᠢᠯᠯᠠᠬᠤ ᠡᠳᠦᠷ᠎ᠠᠴᠠ 7 ᠠᠵᠢᠯᠯᠠᠬᠤ ᠡᠳᠦᠷ ᠪᠣᠯᠭᠠᠨ ᠪᠣᠭᠤᠨᠢᠰᠭᠠᠬᠤ᠎ᠶ᠋ᠢ ᠪᠡᠶᠡᠯᠡᠭᠦᠯᠬᠦ᠌ ᠵᠡᠷᠭᠡ 8 ᠵᠦᠢᠯ᠎ᠤᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠵᠦ᠍᠂ ᠠᠷᠠᠳ᠎ᠲᠤ ᠪᠣᠳᠠᠲᠤ ᠶᠠᠪᠤᠳᠠᠯ ᠬᠢᠵᠦ᠍ ᠥᠭ᠌ᠭᠦᠨ᠎ᠡ ᠭᠡᠵᠦ᠍ ᠠᠮᠠᠯᠳᠠᠪᠠ᠃
《ᠬᠤᠳᠠᠯᠳᠤᠭ᠎ᠠ ᠡᠷᠭᠢᠯᠡᠬᠦ᠌ ᠣᠷᠴᠢᠨ ᠨᠥᠬᠦᠴᠡᠯ᠎ᠤᠨ ᠲᠣᠪᠤᠢᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠷᠭ᠎ᠠ ᠬᠡᠮᠵᠢᠶ᠎ᠡ᠎ᠶ᠋ᠢ ᠪᠣᠳᠠᠲᠠᠶ ᠴᠢᠩᠭ᠎ᠠ ᠨᠠᠢᠳᠠᠪᠤᠷᠢᠵᠢᠭᠤᠯᠤᠭ᠍ᠰᠠᠨ᠎ᠨᠢ ᠮᠠᠨ᠎ᠤ ᠠᠵᠤ ᠠᠬᠤᠢ᠍ᠢᠯᠠᠯ᠎ᠤᠨ ᠬᠤᠢᠱᠢᠳᠠ᠎ᠶ᠋ᠢᠨ ᠰᠠᠨᠠᠭᠠᠱᠢᠷᠠᠯ᠎ᠢ ᠠᠷᠢᠯᠭᠠᠵᠤ᠂ ᠠᠵᠤ ᠠᠬᠤᠢ᠍ᠢᠯᠠᠯ᠎ᠤᠨ ᠬᠥᠭ᠌ᠵᠢᠯᠲᠡ᠎ᠶ᠋ᠢᠨ ᠢᠲᠡᠭᠡᠯ ᠵᠣᠷᠢᠭ᠎ᠢ ᠨᠡᠩ ᠲᠡᠭᠦᠯᠳᠡᠷ ᠪᠣᠯᠭᠠᠬ᠍ᠰᠠᠨ ᠪᠠᠢᠨ᠎ᠠ᠃ ᠪᠢᠳᠡ ᠬᠦᠴᠦ᠎ᠪᠠᠨ ᠲᠥᠪᠯᠡᠷᠡᠭᠦᠯᠦᠨ ᠠᠵᠤ ᠠᠬᠤᠢ᠍ᠢᠯᠠᠯ᠎ᠢᠶᠠᠨ ᠰᠠᠢᠳᠤᠷ ᠡᠵᠡᠩᠨᠡᠵᠦ᠍᠂ ᠠᠯᠠᠱᠠ᠎ᠶ᠋ᠢᠨ ᠠᠵᠤ ᠠᠬᠤᠢ ᠨᠡᠢᠭᠡᠮ᠎ᠤᠨ ᠴᠢᠨᠠᠷ ᠰᠠᠢᠲᠠᠢ ᠬᠥᠭ᠌ᠵᠢᠯᠲᠡ᠎ᠳᠤ ᠱᠢᠨ᠎ᠡ ᠬᠤᠪᠢ ᠨᠡᠮᠡᠷᠢ ᠦᠵᠡᠭᠦᠯᠦᠨ᠎ᠡ》 ᠭᠡᠵᠦ᠍ ᠥᠪᠥᠷ ᠮᠣᠩᠭᠤᠯ᠎ᠤᠨ ᠴᠢ ᠬᠤᠢ ᠡᠮ᠎ᠤᠨ ᠦᠢᠯᠡᠰ᠎ᠤᠨ ᠬᠢᠵᠠᠭᠠᠷᠲᠤ ᠺᠣᠮᠫᠠᠨᠢ᠎ᠶ᠋ᠢᠨ ᠬᠠᠷᠢᠭᠤᠴᠠᠯᠭᠠᠳᠠᠨ ᠱᠢᠶᠧ ᠱᠢᠶᠤᠤ ᠴᠢᠶᠠᠩ ᠢᠯᠡᠳᠭᠡᠪᠡ᠃ ᠤᠢ᠍ᠢᠷ᠎ᠠ᠎ᠳᠤ᠂ ᠠᠯᠠᠱᠠ ᠠᠢᠮᠠᠭ ᠲᠣᠪᠤᠢᠮ᠎ᠠ ᠠᠰᠠᠭᠤᠳᠠᠯ᠎ᠲᠠᠢ ᠨᠢᠭ᠍ᠲᠠ ᠤᠶᠠᠯᠳᠤᠭᠤᠯᠤᠨ 5 ᠲᠠᠯ᠎ᠠ᠎ᠶ᠋ᠢᠨ 32 ᠵᠦᠢᠯ᠎ᠤᠨ ᠠᠷᠭ᠎ᠠ ᠬᠡᠮᠵᠢᠶ᠎ᠡ᠎ᠶ᠋ᠢ ᠳᠤᠭ᠍ᠳᠠᠭᠠᠵᠤ᠂ ᠬᠤᠳᠠᠯᠳᠤᠭ᠎ᠠ ᠡᠷᠭᠢᠯᠡᠬᠦ᠌ ᠣᠷᠴᠢᠨ ᠨᠥᠬᠦᠴᠡᠯ᠎ᠢ ᠪᠥᠬᠦ᠌ ᠲᠠᠯ᠎ᠠ᠎ᠪᠠᠷ ᠱᠢᠯᠢᠳᠡᠭ᠌ᠵᠢᠭᠦᠯᠵᠤ ᠪᠤᠢ᠃
ᠪᠦᠬᠦ᠌ ᠤᠷᠤᠨ᠎ᠤ ᠡᠯ᠎ᠡ ᠱᠠᠳᠤᠨ᠎ᠤ ᠡᠯ᠎ᠠ ᠰᠠᠯᠠᠭ᠎ᠠ ᠮᠦᠴᠢᠷ᠎ᠤᠨ᠎ᠬᠢᠨ ᠬᠤᠳᠠᠯᠳᠤᠭ᠎ᠠ ᠡᠷᠭᠢᠯᠡᠬᠦ᠌ ᠣᠷᠴᠢᠨ ᠨᠥᠬᠦᠴᠡᠯ᠎ᠢ ᠪᠥᠬᠦ᠌ ᠲᠠᠯ᠎ᠠ᠎ᠪᠠᠷ ᠱᠢᠯᠢᠳᠡᠭ᠌ᠵᠢᠭᠦᠯᠬᠦ᠌᠎ᠶ᠋ᠢ ᠳᠡᠬᠡᠳᠤ ᠬᠡᠮᠵᠢᠶ᠎ᠡ᠎ᠪᠠᠷ ᠴᠢᠬᠤᠯᠠᠴᠢᠯᠠᠵᠥ᠍ ᠪᠤᠢ᠃ ᠡᠭᠦᠨ᠎ᠳᠤ᠂ ᠮᠠᠨ᠎ᠤ ᠤᠷᠤᠨ᠎ᠤ ᠭᠠᠢᠯᠢ᠎ᠶ᠋ᠢᠨ ᠶᠠᠪᠤᠳᠠᠯ᠎ᠤᠨ ᠱᠢᠰᠲ᠋ᠧᠮ᠎ᠤᠨ᠎ᠬᠢᠨ ᠭᠠᠢᠯᠢ ᠲᠤᠱᠢᠶᠠᠭ᠍ᠴᠢ ᠰᠦᠢᠳᠭᠡᠯ ᠲᠤᠱᠢᠶᠠᠭ᠍ᠴᠢ᠎ᠠᠴᠠ ᠡᠭᠦᠰᠤᠨ᠂ ᠦᠢᠯᠡᠴᠢᠯᠡᠭᠡ᠎ᠪᠠᠨ ᠲᠠᠰᠤᠷᠠᠯᠲᠠ ᠥᠬᠡᠶ ᠱᠢᠯᠢᠳᠡᠭ᠌ᠵᠢᠭᠦᠯᠵᠤ᠂ 8 ᠵᠢᠯ ᠳᠠᠷᠠᠭᠠᠯᠠᠨ 《ᠭᠠᠢᠯᠢ ᠳᠤᠱᠢᠶᠠᠬᠤ ᠠᠷᠠᠳ᠎ᠲᠤ ᠲᠥᠬᠦᠮ ᠦᠵᠡᠭᠦᠯᠬᠦ᠌ ᠤᠷᠢᠬᠠᠨ ᠰᠠᠯᠬᠢᠨ᠎ᠤ ᠠᠵᠢᠯᠯᠠᠭ᠎ᠠ》 ᠶ᠋ᠢ ᠥᠷᠨᠢᠭᠦᠯᠦᠭ᠌ᠰᠡᠨ ᠪᠠᠢᠨ᠎ᠠ᠃ ᠡᠨᠡ ᠵᠢᠯ᠎ᠳᠤ ᠥᠪᠡᠷᠲᠡᠭᠡᠨ ᠵᠠᠰᠠᠬᠤ ᠣᠷᠣᠨ᠎ᠤ ᠪᠠᠢᠳᠠᠯ᠂ ᠭᠠᠢᠯᠢ᠎ᠶ᠋ᠢᠨ ᠪᠠᠢᠳᠠᠯ᠎ᠲᠠᠢ ᠤᠶᠠᠯᠳᠤᠭᠤᠯᠤᠨ᠂ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠎ᠶ᠋ᠢᠨ ᠡᠭᠦᠷᠭᠡ ᠠᠷᠭ᠎ᠠ ᠬᠡᠮᠵᠢᠶ᠎ᠡ᠎ᠶ᠋ᠢᠨ ᠰᠠᠭᠤᠷᠢᠨ ᠳᠡᠭᠡᠷ᠎ᠡ 36 ᠵᠦᠢᠯ᠎ᠤᠨ ᠪᠣᠳᠠᠲᠠᠶ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠤᠨ ᠨᠠᠢᠳᠠᠪᠤᠷᠢᠵᠢᠭᠤᠯᠵᠤ᠂ ᠥᠪᠥᠷ ᠮᠣᠩᠭᠤᠯ᠎ᠳᠤ ᠣᠨᠴᠠ ᠪᠠᠢᠳᠠᠭ 1 ᠲᠥᠷᠥᠯ 5 ᠵᠦᠢᠯ 11 ᠵᠤᠷᠪᠤᠰ ᠪᠣᠳᠠᠲᠠᠶ ᠠᠷᠭ᠎ᠠ ᠬᠡᠮᠵᠢᠶ᠎ᠡ᠎ᠶ᠋ᠢ ᠱᠢᠨ᠎ᠡ᠎ᠪᠠᠷ ᠨᠡᠮᠡᠵᠦ᠍᠂ ᠨᠡᠢᠲᠡ 11 ᠶᠡᠭᠡ ᠲᠥᠷᠥᠯ 35 ᠵᠦᠢᠯ 105 ᠵᠤᠷᠪᠤᠰ ᠪᠣᠳᠠᠲᠠᠶ ᠠᠷᠭ᠎ᠠ ᠬᠡᠮᠵᠢᠶ᠎ᠡ᠎ᠶ᠋ᠢ ᠨᠡᠢᠲᠡᠯᠡᠨ ᠬᠡᠷᠡᠭ᠌ᠵᠢᠭᠦᠯᠵᠦ᠍᠂ 《ᠪᠢ ᠭᠠᠢᠯᠢ ᠲᠤᠱᠢᠶᠠᠭ᠍ᠴᠢ ᠰᠦᠢᠳᠭᠡᠯ ᠲᠤᠱᠢᠶᠠᠭ᠍ᠴᠢ᠎ᠳᠤ ᠪᠣᠳᠠᠲᠠᠶ ᠠᠵᠢᠯ ᠬᠢᠵᠦ᠍ ᠥᠭ᠌ᠬᠦ》 ᠠᠵᠢᠯᠯᠠᠭ᠎ᠠ᠎ᠶ᠋ᠢ ᠨᠠᠩ ᠡᠷᠴᠢᠮ᠎ᠲᠠᠢ᠂ ᠨᠠᠩ ᠲᠦᠷᠭᠡᠨ᠂ ᠨᠠᠩ ᠰᠠᠢᠨ ᠦᠷ᠎ᠡ ᠪᠦᠲᠦᠮᠵᠢᠲᠠᠢ᠎ᠪᠠᠷ ᠯᠠᠪᠳᠠᠭᠤᠨ ᠪᠠᠲᠤᠲᠠᠶ ᠠᠬᠢᠭᠤᠯᠵᠤ ᠪᠤᠢ᠃
ᠤᠲᠤ᠌᠂ ᠮᠠᠨ᠎ᠤ ᠤᠷᠤᠨ 《ᠬᠤᠷᠲᠤᠨ ᠮᠤᠷᠢᠨ᠎ᠳᠤ ᠲᠠᠱᠢᠭᠤᠷ ᠨᠡᠮᠡᠵᠤ》᠂ ᠬᠠᠮᠤᠭ᠎ᠤᠨ ᠥᠨᠳᠥᠷ ᠪᠠᠷᠢᠮᠵᠢᠶ᠎ᠠ᠎ᠪᠠᠷ ᠬᠠᠮᠤᠭ᠎ᠤᠨ ᠥᠨᠳᠥᠷ ᠲᠦᠪᠱᠢᠨ ᠳᠡᠢᠰᠢ ᠪᠠᠷᠠᠯᠠᠨ᠂ ᠨᠡᠩ ᠢᠳᠡᠪᠬᠢᠲᠡᠢ ᠪᠥᠭᠡᠳ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠌᠂ ᠪᠦᠬᠦ᠌ ᠲᠠᠯ᠎ᠠ᠎ᠶ᠋ᠢᠨ ᠭᠦᠨ ᠳᠠᠪᠬᠤᠷᠭ᠎ᠠ᠎ᠶ᠋ᠢᠨ ᠲᠡᠷᠢᠭᠦᠨ᠎ᠤ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠪᠦᠬᠦ᠌ ᠬᠦᠴᠦᠨ᠎ᠢᠶᠠᠷ᠎ᠢᠶᠠᠨ ᠴᠣᠭ᠍ᠴᠠᠯᠠᠵᠤ᠂ ᠬᠤᠳᠠᠯᠳᠤᠭ᠎ᠠ ᠡᠷᠭᠢᠯᠡᠬᠦ᠌ ᠱᠢᠯᠢᠳᠡᠭ ᠣᠷᠴᠢᠨ᠎ᠢᠶᠠᠷ ᠪᠦᠬᠦ᠌ ᠤᠷᠤᠨ᠎ᠤ ᠠᠵᠤ ᠠᠬᠤᠢ ᠨᠡᠢᠭᠡᠮ᠎ᠤᠨ ᠴᠢᠨᠠᠷ ᠰᠠᠢᠲᠠᠢ ᠬᠦᠭ᠌ᠵᠢᠯᠲᠠ᠎ᠳᠤ ᠬᠦᠴᠦᠷᠭᠡᠭ ᠶᠡᠭᠡ ᠬᠦᠲᠡᠯᠭᠡᠬᠦ᠌ ᠬᠦᠴᠤᠨ ᠨᠡᠮᠡᠷᠢᠯᠡᠵᠦ᠍ ᠪᠠᠢᠨ᠎ᠠ᠃