ᠵᠠᠭᠤᠨ ᠵᠢᠯ᠎ᠤᠨ ᠨᠠᠮ᠎ᠤᠨ ᠲᠡᠦᠬᠡ᠎ᠠᠴᠠ ᠪᠦᠯᠬᠦᠮᠳᠡᠨ ᠲᠡᠮᠡᠴᠡᠬᠦ᠌ ᠬᠦᠴᠦᠨ ᠴᠢᠳᠠᠯ ᠱᠢᠩᠭᠡᠭᠡᠨ ᠠᠪᠣᠶ᠎ᠠ
2021-05-02 11:20:54
ᠵᠣᠬᠢᠶᠠᠭ᠍ᠴᠢ᠄
ᠯᠢ ᠵᠧᠨ ᠨᠠᠨ
ᠣᠩᠱᠢᠭ᠍ᠰᠠᠨ ᠣᠳᠠᠭ᠎ᠠ᠄
★★★☆☆

ᠲᠡᠦᠬᠡ ᠪᠣᠯ ᠬᠠᠮᠤᠭ᠎ᠤᠨ ᠰᠠᠢᠨ ᠰᠤᠷᠬᠤ ᠪᠢᠴᠢᠭ ᠪᠣᠯᠣᠨ᠎ᠠ᠂ ᠲᠡᠦᠬᠡ᠎ᠶ᠋ᠢᠨ ᠳᠤᠷᠠᠰᠤᠮᠵᠢ ᠪᠣᠯ ᠥᠪᠡᠷ᠎ᠢ᠎ᠪᠠᠨ ᠣᠢᠯᠠᠭᠠᠬᠤ ᠪᠠ ᠥᠪᠡᠷ᠎ᠢ᠎ᠪᠠᠨ ᠲᠠᠨᠢᠬᠤ᠎ᠶ᠋ᠢᠨ ᠰᠠᠭᠤᠷᠢ ᠪᠣᠯᠣᠨ᠎ᠠ᠃ ᠨᠢᠭᠡ ᠤᠯᠤᠰ᠂ ᠨᠢᠭᠡ ᠦᠨᠳᠦᠰᠦᠲᠡᠨ᠂ ᠨᠢᠭᠡ ᠲᠦᠷᠦ᠎ᠶ᠋ᠢᠨ ᠨᠠᠮ ᠥᠪᠡᠷ᠎ᠤᠨ ᠲᠡᠦᠬᠡ᠎ᠪᠠᠨ ᠮᠠᠷᠲᠠᠪᠠᠯ ᠳᠠᠷᠤᠢ ᠥᠪᠡᠷ᠎ᠢ᠎ᠪᠠᠨ ᠣᠢᠯᠠᠭᠠᠬᠤ ᠪᠠ ᠥᠪᠡᠷ᠎ᠢ᠎ᠪᠠᠨ ᠮᠡᠳᠡᠷᠡᠬᠦ᠌ ᠰᠠᠭᠤᠷᠢ᠎ᠪᠠᠨ ᠠᠯᠳᠠᠵᠤ ᠥᠪᠡᠷ᠎ᠢ᠎ᠪᠠᠨ ᠬᠠᠮᠠᠭᠠᠯᠠᠬᠤ ᠬᠠᠮᠲᠤ ᠴᠣᠭ᠍ᠴᠠ᠎ᠶ᠋ᠢᠨ ᠬᠤᠯᠪᠣᠭᠠᠰᠤ᠎ᠪᠠᠨ ᠠᠯᠳᠠᠬᠤ ᠪᠣᠯᠤᠨ᠎ᠠ᠃ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢᠨ ᠡᠨᠡ ᠬᠦ᠌ ᠲᠡᠦᠬᠡ᠎ᠶ᠋ᠢᠨ ᠵᠠᠩᠭᠢᠯᠠᠭ᠎ᠠ᠎ᠶ᠋ᠢᠨ ᠴᠡᠭ᠎ᠲᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠨᠢ ᠵᠥᠪ ᠲᠡᠦᠬᠡ᠎ᠶ᠋ᠢᠨ ᠦᠵᠡᠯᠲᠡ᠎ᠶ᠋ᠢ ᠪᠤᠢ ᠪᠣᠯᠭᠠᠨ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠣᠨᠴᠠᠭᠠᠢ ᠴᠢᠬᠤᠯᠠ ᠠᠴᠢ ᠬᠤᠯᠪᠣᠭ᠍ᠳᠠᠯ᠎ᠲᠠᠢ᠃

ᠶᠡᠷᠦᠩᠬᠡᠢ ᠱᠦᠵᠢ ᠰᠢ᠎ᠶ᠋ᠢᠨ ᠫᠢᠩ᠄ 《ᠲᠡᠦᠬᠡ ᠪᠣᠯ ᠪᠣᠳᠠᠲᠤ ᠠᠬᠤᠢ᠎ᠶ᠋ᠢᠨ ᠦᠨᠳᠦᠰᠦ ᠰᠤᠷᠪᠤᠯᠵᠢ ᠪᠣᠯᠣᠨ᠎ᠠ᠂ ᠶᠠᠮᠠᠷᠪᠠ ᠨᠢᠭᠡᠨ ᠤᠯᠤᠰ᠎ᠤᠨ ᠥᠨᠥᠳᠦᠷ ᠴᠥᠮ ᠥᠴᠥᠭᠡᠳᠦᠷ᠎ᠠᠴᠠ ᠢᠷᠡᠭ᠌ᠰᠡᠨ ᠶᠤᠮ᠃ ᠭᠠᠭ᠍ᠴᠠ ᠬᠦ᠋ ᠨᠢᠭᠡ ᠤᠯᠤᠰ ᠬᠠᠮᠢᠭ᠎ᠠ᠎ᠠᠴᠠ ᠢᠷᠡᠭ᠌ᠰᠡᠨ᠎ᠢᠶᠠᠨ ᠣᠢᠯᠠᠭᠠᠪᠠᠯ ᠰᠠᠶᠢ ᠡᠨᠡ ᠤᠯᠤᠰ ᠥᠨᠥᠳᠦᠷ ᠶᠠᠭᠠᠬᠢᠭᠠᠳ ᠡᠢᠮᠦ᠍ ᠬᠠᠷᠢᠨ ᠲᠡᠢᠮᠦ᠍ ᠪᠢᠰᠢ ᠭᠡᠳᠡᠭ᠎ᠢ ᠣᠢᠯᠠᠭᠠᠵᠤ᠂ ᠰᠠᠶᠢ ᠡᠨᠡ ᠤᠯᠤᠰ ᠢᠷᠡᠭᠡᠳᠦᠢ᠎ᠳᠤ ᠬᠠᠮᠢᠭᠠᠰᠢ᠎ᠪᠠᠨ ᠶᠠᠪᠤᠬᠤ ᠪᠠ ᠬᠠᠮᠢᠭᠠᠰᠢ᠎ᠪᠠᠨ ᠶᠠᠪᠤᠬᠤ ᠦᠭᠡᠢ ᠭᠡᠳᠡᠭ᠎ᠢᠶᠠᠨ ᠲᠣᠳᠣᠷᠬᠠᠢ ᠣᠢᠯᠠᠭᠠᠵᠤ ᠴᠢᠳᠠᠨ᠎ᠠ》 ᠭᠡᠵᠤ ᠴᠢᠬᠤᠯᠠᠴᠢᠯᠠᠵᠠᠢ᠃ ᠲᠡᠦᠬᠡ᠎ᠶ᠋ᠢ ᠰᠤᠷᠤᠯᠴᠠᠬᠤ᠂ ᠢᠯᠠᠩᠭᠤᠶ᠎ᠠ ᠨᠠᠮ᠎ᠤᠨ ᠲᠡᠦᠬᠡ᠎ᠶ᠋ᠢ ᠰᠤᠷᠤᠯᠴᠠᠬᠤ᠎ᠶ᠋ᠢᠨ ᠠᠴᠢ ᠬᠤᠯᠪᠣᠭ᠍ᠳᠠᠯ᠎ᠨᠢ ᠪᠢᠳᠡᠨ᠎ᠳᠤ 《ᠪᠢ ᠬᠡᠨ ᠪᠤᠢ᠂ ᠪᠢ ᠬᠠᠮᠢᠭ᠎ᠠ᠎ᠠᠴᠠ ᠢᠷᠡᠭ᠌ᠰᠡᠨ ᠪᠤᠢ᠂ ᠪᠢ ᠬᠠᠮᠢᠭᠠᠰᠢ ᠶᠠᠪᠤᠬᠤ ᠪᠤᠢ》 ᠭᠡᠳᠡᠭ᠎ᠢ ᠨᠡᠩ ᠵᠥᠪ ᠤᠢ᠍ᠢᠯᠠᠭᠠᠭᠤᠯᠬᠤ᠎ᠳᠤ ᠣᠷᠣᠱᠢᠨ᠎ᠠ᠃ 《ᠪᠢ ᠬᠡᠨ ᠪᠤᠢ》 ᠭᠡᠳᠡᠭ᠎ᠢ ᠵᠥᠪ ᠣᠢᠯᠠᠭᠠᠪᠠᠯ ᠰᠠᠶᠢ ᠬᠠᠮᠲᠤ᠎ᠶ᠋ᠢᠨ ᠲᠡᠦᠬᠡ᠎ᠶ᠋ᠢᠨ ᠳᠤᠷᠠᠰᠤᠮᠵᠢ᠎ᠠᠴᠠ 《ᠬᠡᠨ᠎ᠨᠢ ᠴᠤ᠌ ᠬᠡᠨ᠎ᠠᠴᠠ᠎ᠪᠠᠨ ᠰᠠᠯᠵᠤ ᠴᠢᠳᠠᠬᠤ ᠦᠭᠡᠢ》 ᠭᠡᠬᠦ᠌ ᠬᠤᠪᠢᠰᠭᠠᠯ᠎ᠤᠨ ᠤᠬ ᠦᠨᠳᠦᠰᠦ᠎ᠶ᠋ᠢ ᠣᠯᠵᠤ ᠴᠢᠳᠠᠨ᠎ᠠ; ᠭᠠᠭ᠍ᠴᠠ ᠬᠦ᠌ 《ᠪᠢ ᠬᠠᠮᠢᠭ᠎ᠠ᠎ᠠᠴᠠ ᠢᠷᠡᠭ᠌ᠰᠡᠨ ᠪᠤᠢ》 ᠭᠡᠳᠡᠭ᠎ᠢ ᠵᠥᠪ ᠣᠢᠯᠠᠭᠠᠪᠠᠯ ᠰᠠᠶᠢ ᠲᠡᠦᠬᠡ᠎ᠶ᠋ᠢᠨ ᠵᠠᠢᠯᠠᠰᠢ ᠦᠭᠡᠢ ᠴᠢᠨᠠᠷ᠎ᠤᠨ ᠳᠤᠮᠳᠠ᠎ᠠᠴᠠ ᠨᠠᠮ᠎ᠢᠶᠠᠨ ᠬᠠᠢᠷᠠᠯᠠᠬᠤ᠂ ᠠᠭᠤᠤ ᠶᠡᠭᠡ ᠡᠬᠡ ᠤᠯᠤᠰ᠎ᠢᠶᠠᠨ ᠬᠠᠢᠷᠠᠯᠠᠬᠤ ᠰᠡᠳᠭᠢᠯᠭᠡ᠎ᠪᠠᠨ ᠴᠢᠨᠠᠬ᠍ᠰᠢᠲᠠ ᠴᠢᠩᠭᠠᠳᠭᠠᠵᠤ ᠴᠢᠳᠠᠨ᠎ᠠ; ᠭᠠᠭ᠍ᠴᠠ ᠬᠦ᠌ 《ᠪᠢ ᠬᠠᠮᠢᠭᠠᠰᠢ ᠶᠠᠪᠤᠬᠤ ᠪᠤᠢ》 ᠭᠡᠳᠡᠭ᠎ᠢ ᠵᠥᠪ ᠣᠢᠯᠠᠭᠠᠪᠠᠯ ᠰᠠᠶᠢ ᠴᠢᠭ᠌ᠯᠡᠯ᠎ᠢᠶᠠᠨ ᠲᠣᠳᠣᠷᠬᠠᠢᠯᠠᠵᠤ ᠲᠣᠭ᠍ᠲᠠᠯ ᠬᠦᠴᠦᠨ᠎ᠢᠶᠠᠨ ᠴᠢᠩᠭᠠᠷᠠᠭᠤᠯᠵᠤ᠂ ᠰᠡᠳᠭᠢᠯ᠎ᠢᠶᠠᠨ ᠨᠢᠭᠡᠳᠭᠡᠨ ᠬᠦᠴᠦ᠎ᠪᠠᠨ ᠬᠠᠮᠲᠤᠳᠭᠠᠵᠤ ᠡᠷᠡᠯᠬᠡᠭ᠌ᠯᠡᠨ ᠤᠷᠤᠭ᠍ᠰᠢᠯᠠᠵᠤ ᠴᠢᠳᠠᠨ᠎ᠠ᠃

ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ ᠪᠦ᠍ᠯᠢ ᠮᠡᠲᠦ ᠳᠣᠲᠣᠨᠣ ᠪᠠᠢᠵᠤ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠎ᠶ᠋ᠢ ᠬᠠᠮᠲᠤ᠎ᠪᠠᠷ ᠲᠡᠷᠭᠡᠯᠱᠢᠭᠦᠯᠦᠨ᠎ᠡ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠢ ᠥᠷᠨᠢᠭᠦᠯᠬᠦ᠌᠎ᠳᠤ᠂ ᠣᠳᠣᠬᠠᠨ᠎ᠳᠤ ᠶᠠᠭ ᠥᠷᠨᠢᠭᠦᠯᠵᠦ᠍ ᠪᠠᠢᠭ᠎ᠠ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠲᠠᠢ ᠨᠢᠭ᠍ᠲᠠ ᠤᠶᠠᠯᠳᠤᠭᠤᠯᠵᠤ᠂ 《ᠭᠤᠷᠪᠠᠨ ᠰᠠᠯᠵᠤ ᠴᠢᠳᠠᠬᠤ ᠦᠭᠡᠢ》᠂ 《ᠲᠠᠪᠤᠨ ᠬᠠᠮᠲᠤ᠎ᠶ᠋ᠢᠨ ᠲᠠᠨᠢᠯᠲᠠ》 ᠎ᠶ᠋ᠢᠨ ᠴᠢᠬᠤᠯᠠ ᠠᠬᠤᠢ᠍ᠢᠴᠢ ᠠᠴᠢ ᠬᠤᠯᠪᠣᠭ᠍ᠳᠠᠯ ᠪᠠ ᠠᠯᠤᠰ ᠬᠡᠳᠦ᠎ᠶ᠋ᠢᠨ ᠲᠡᠦᠬᠡᠲᠦ ᠠᠴᠢ ᠬᠤᠯᠪᠣᠭ᠍ᠳᠠᠯ᠎ᠢ ᠭᠦᠨᠵᠡᠭᠡᠢ ᠲᠠᠨᠢᠵᠤ᠂ ᠨᠠᠮ᠎ᠤᠨ ᠲᠡᠦᠬᠡ᠎ᠶ᠋ᠢ ᠰᠤᠷᠤᠯᠴᠠᠨ᠂ ᠨᠠᠮ᠎ᠤᠨ ᠠᠴᠢ᠎ᠶ᠋ᠢ ᠤᠢ᠍ᠢᠯᠠᠭᠠᠨ᠂ ᠨᠠᠮ᠎ᠢᠶᠠᠨ ᠳᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠰᠡᠳᠭᠢᠯ᠎ᠤᠨ ᠭᠦᠨ᠎ᠳᠡᠭᠡᠨ ᠦᠨᠳᠦᠰᠦᠯᠡᠭᠦᠯᠵᠦ᠍᠂ ᠦᠨᠳᠦᠰᠦᠲᠡᠨ᠎ᠤ ᠪᠦᠯᠬᠦᠮᠳᠡᠯ᠎ᠤᠨ ᠴᠡᠴᠡᠭ᠎ᠢ ᠡᠭᠦᠷᠢᠳᠡ ᠳᠡᠯᠭᠡᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠬᠦᠯᠬᠦ᠌᠎ᠶ᠋ᠢᠨ ᠲᠥᠯᠥᠭᠡ ᠭᠠᠷ ᠬᠤᠯᠪᠣᠨ ᠮᠥᠷᠥ᠍ ᠵᠡᠷᠭᠡᠴᠡᠨ ᠦᠷᠭᠦᠯᠵᠢᠯᠡᠨ ᠲᠡᠮᠡᠴᠡᠬᠦ᠌ ᠬᠡᠷᠡᠭ᠌ᠲᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号