ᠪᠣᠳᠠᠲᠤ ᠶᠠᠪᠤᠳᠠᠯ ᠬᠢᠵᠦ᠍ ᠠᠷᠠᠳ᠎ᠤᠨ ᠰᠡᠳᠭᠢᠯ᠎ᠢ ᠳᠤᠯᠠᠭᠠᠴᠠᠭᠤᠯᠤᠨ᠎ᠠ
2021-06-13 13:16:13
ᠵᠣᠬᠢᠶᠠᠭ᠍ᠴᠢ᠄
ᠠᠨ ᠶᠢᠨ ᠳ᠋ᠦᠩ ᠯᠠᠶ ᠴᠦᠨ ᠢᠦᠶ
ᠣᠩᠱᠢᠭ᠍ᠰᠠᠨ ᠣᠳᠠᠭ᠎ᠠ᠄
★★★☆☆

6 ᠰᠠᠷ᠎ᠠ᠎ᠶ᠋ᠢᠨ 10 ᠎ᠤ ᠡᠳᠦᠷ᠎ᠤᠨ ᠥᠷᠯᠥᠭᠡ᠂ ᠬᠥᠬᠡᠬᠤᠲᠠ᠎ᠶ᠋ᠢᠨ ᠱᠢᠨ᠎ᠡ ᠬᠤᠲᠠ ᠲᠣᠭᠤᠷᠢᠭ᠎ᠤᠨ ᠤᠷᠠᠯᠢᠭ᠎ᠤᠨ ᠲᠢᠩᠬᠢᠮ᠎ᠤᠨ ᠬᠤᠢᠳᠤ ᠵᠡᠭᠡᠯᠢ ᠨᠡᠢᠭᠡᠮ ᠲᠣᠭᠤᠷᠢᠭ᠎ᠤᠨ ᠸᠧᠨ ᠳ᠋ᠦ᠋ ᠰᠠᠭᠤᠭᠠᠯᠢ ᠠᠷᠠᠳ᠎ᠤᠨ ᠲᠣᠭᠤᠷᠢᠭ ᠬᠥᠷ ᠬᠥᠭ᠌ᠵᠢᠶᠡᠨ᠎ᠢᠶᠠᠷ ᠪᠢᠯᠬᠠᠨ᠎ᠠ᠃ ᠶᠡᠭᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠡᠷᠡᠮᠡᠯᠵᠡᠯ᠎ᠢ ᠬᠡᠷᠬᠢᠨ ᠲᠠᠭ᠍ᠯᠠᠬᠤ ᠲᠤᠬᠠᠢ ᠵᠥᠪᠯᠡᠯᠭᠡ ᠥᠭ᠌ᠬᠦ᠂ ᠠᠯᠪᠠᠨ ᠵᠢᠷᠤᠮ᠎ᠤᠨ ᠦᠰᠦ ᠵᠠᠰᠠᠬᠤ᠂ ᠠᠯᠪᠠᠨ ᠵᠢᠷᠤᠮ᠎ᠤᠨ ᠡᠮᠴᠢᠯᠡᠭᠡ ᠬᠢᠬᠦ᠂ ᠤᠶᠤᠨᠲᠤ ᠴᠠᠬᠢᠯᠭᠠᠨ ᠬᠦᠰᠦᠨᠦᠭ᠎ᠤᠨ ᠦᠵᠡᠭᠦᠯᠬᠡ ᠁ ᠡᠯ᠎ᠡ ᠵᠦᠢᠯ᠎ᠤᠨ 《ᠳᠠᠪᠴᠠᠩ》 ᠎ᠤᠨ ᠡᠮᠦᠨ᠎ᠡ ᠰᠠᠭᠤᠭᠠᠯᠢ ᠠᠷᠠᠳ ᠬᠦᠷᠢᠶᠡᠯᠡᠨ ᠵᠤᠭ᠍ᠰᠤᠵᠠᠭᠠᠨ᠎ᠠ᠃ 《ᠡᠵᠢ ᠡ᠂ ᠨᠠᠰᠤᠲᠠᠶ ᠬᠥᠮᠦᠨ ᠡᠮ ᠬᠡᠷᠡᠭ᠌ᠯᠡᠬᠦ᠌᠎ᠳᠡᠭᠡᠨ ᠡᠷᠬᠡᠪᠰᠢ ᠢᠯᠡᠭᠦᠬᠡᠨ ᠠᠩᠬᠠᠷᠴᠤ᠌᠂ ᠴᠢᠰᠤᠨ ᠳᠠᠷᠤᠯᠲᠠ ᠪᠠᠭᠤᠷᠠᠭᠤᠯᠬᠤ ᠡᠮ᠎ᠢ ᠥᠷᠯᠥᠭᠡ ᠤᠤᠭᠤᠪᠠᠯ ᠬᠠᠮᠤᠭ᠎ᠤᠨ ᠰᠠᠢᠨ ᠪᠠᠢᠳᠠᠭ ᠱᠢᠦ》᠃ ᠰᠠᠭᠤᠭᠠᠯᠢ ᠠᠷᠠᠳ᠎ᠤᠨ ᠲᠣᠭᠤᠷᠢᠭ᠎ᠤᠨ ᠰᠠᠭᠤᠭᠠᠯᠢ ᠠᠷᠠᠳ ᠭᠦᠸᠧ ᠹᠧᠩ ᠶᠢᠩ ᠡᠮ᠎ᠢ ᠠᠮᠤᠷ ᠲᠦᠪᠱᠢᠨ᠎ᠢᠶᠠᠷ ᠬᠡᠷᠡᠭ᠌ᠯᠡᠬᠦ᠌ ᠲᠤᠬᠠᠢ ᠭᠠᠷ ᠠᠪᠤᠯᠭ᠎ᠠ᠎ᠶ᠋ᠢᠨ ᠲᠠᠪᠳᠠᠷ᠎ᠢ ᠤᠷᠪᠠᠭᠤᠯᠵᠤ ᠦᠵᠡᠬᠦ᠌᠎ᠶ᠋ᠢᠨ ᠳᠠᠭᠠᠤ ᠰᠠᠢᠨ ᠳᠤᠷᠠᠴᠤᠳ᠎ᠤᠨ ᠶᠠᠷᠢᠵᠦ᠍ ᠲᠠᠢᠯᠪᠤᠷᠢᠯᠡᠬᠤ᠎ᠶ᠋ᠢ ᠬᠢᠨᠠᠮᠠᠭᠠᠢ ᠰᠤᠨᠤᠰᠤᠨ᠎ᠠ᠃

ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠪᠣᠳᠠᠲᠠᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠵᠤ᠂ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ᠍ ᠥᠭ᠌ᠭᠦ》 ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠯᠠᠪᠳᠠᠭᠤᠨ ᠪᠠᠲᠤᠲᠠᠢ ᠥᠷᠨᠢᠭᠦᠯᠬᠦ᠌᠎ᠶ᠋ᠢᠨ ᠲᠥᠯᠥᠭᠡ᠂ 6 ᠰᠠᠷ᠎ᠠ᠎ᠶ᠋ᠢᠨ 10 ᠎ᠤ ᠡᠳᠦᠷ᠂ ᠲᠠᠯ᠎ᠠ ᠨᠤᠲᠤᠭ᠎ᠤᠨ ᠡᠭᠦᠯᠡ 《ᠲᠠᠨ᠎ᠳᠤ ᠳᠤᠰᠠᠯᠠᠶ᠎ᠠ》 ᠤᠷᠠᠯᠢᠭ᠎ᠤᠨ ᠲᠢᠩᠬᠢᠮ᠎ᠤᠨ ᠬᠤᠢᠳᠤ ᠵᠡᠭᠡᠯᠢ ᠨᠡᠢᠭᠡᠮ ᠲᠣᠭᠤᠷᠢᠭ᠎ᠲᠤ ᠬᠦᠨᠵᠡᠬᠡᠢᠷᠡᠬᠦ᠌ — ᠥᠪᠥᠷ ᠮᠣᠩᠭᠤᠯ᠎ᠤᠨ ᠡᠳᠦᠷ᠎ᠤᠨ ᠰᠣᠨᠢᠨ᠎ᠤ  ᠬᠤᠷᠢᠶ᠎ᠠ᠎ᠶ᠋ᠢᠨ 《ᠪᠢ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠥ᠍ ᠦᠭ᠌ᠭᠦ》 ᠠᠵᠢᠯᠯᠠᠭ᠎ᠠ ᠸᠧᠨ ᠳ᠋ᠦ᠋ ᠰᠠᠭᠤᠭᠠᠯᠢ ᠠᠷᠠᠳ᠎ᠤᠨ ᠲᠣᠭᠤᠷᠢᠭ᠎ᠲᠤ ᠡᠬᠢᠯᠡᠪᠡ᠃ ᠠᠵᠢᠯᠯᠠᠭ᠎ᠠ᠎ᠨᠢ ᠲᠤᠬᠠᠶ᠎ᠶ᠋ᠢᠨ ᠲᠠᠯᠠᠪᠠᠢ᠎ᠳᠤ ᠠᠰᠠᠭᠤᠨ ᠯᠠᠪᠯᠠᠬᠤ ᠪᠠ ᠡᠷᠦᠬᠡ᠎ᠳᠤ ᠬᠦᠨᠵᠡᠬᠡᠢᠷᠡᠬᠦ᠌ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠰᠠᠭᠤᠭᠠᠯᠢ ᠠᠷᠠᠳ᠎ᠲᠤ ᠤᠷᠠᠨ ᠰᠠᠢᠬᠠᠨ᠎ᠤ ᠲᠣᠭ᠍ᠯᠠᠯᠲᠠ᠂ ᠠᠯᠪᠠᠨ ᠵᠢᠷᠤᠮ᠎ᠤᠨ ᠡᠮᠴᠢᠯᠡᠭᠡ᠂ ᠶᠡᠭᠡ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠡᠯᠰᠡᠬᠦ᠌ ᠤᠯᠤᠰ᠎ᠤᠨ ᠨᠢᠭᠡᠳᠦᠯᠲᠡᠶ ᠱᠢᠯᠭᠠᠯᠲᠠ᠎ᠶ᠋ᠢᠨ ᠡᠷᠡᠮᠡᠯᠵᠡᠯ᠎ᠢ ᠲᠠᠭ᠍ᠯᠠᠬᠤ ᠲᠤᠬᠠᠢ ᠵᠢᠯᠣᠭᠤᠳᠣᠯᠭ᠎ᠠ᠂ ᠱᠢᠲᠠᠮᠠᠬᠠᠶ ᠬᠡᠶ ᠪᠠ ᠴᠠᠬᠢᠯᠭᠠᠨ᠎ᠤ ᠤᠳᠠᠰᠤ᠎ᠶ᠋ᠢ ᠪᠠᠢᠴᠠᠭᠠᠨ ᠵᠠᠰᠠᠬᠤ᠂ ᠬᠡᠷ᠎ᠲᠤᠨᠢ ᠬᠦᠷᠴᠦ᠍ ᠦᠰᠦ ᠵᠠᠰᠠᠵᠤ ᠥᠭ᠌ᠬᠦ ᠵᠡᠷᠭᠡ ᠠᠷᠠᠳ᠎ᠲᠤ ᠲᠥᠬᠦᠮ ᠦᠵᠡᠭᠦᠯᠬᠦ᠌ ᠦᠢᠯᠡᠴᠢᠯᠡᠭᠡ ᠬᠠᠩᠭᠠᠪᠠ᠃

《ᠲᠠ ᠨᠠᠷ ᠤᠷᠢᠳ᠎ᠢᠶᠠᠷ ᠪᠤᠭᠤᠵᠤ ᠪᠠᠢ᠂ ᠪᠢ ᠮᠥᠳᠳᠥ ᠢᠷᠡᠵᠦ᠍ ᠬᠠᠪᠰᠤᠷᠤᠶ᠎ᠠ᠃ ᠰᠠᠢᠨ ᠳᠤᠷᠠᠴᠤᠳ ᠬᠡᠷ᠎ᠲᠤ ᠣᠷᠣᠭᠠᠳ ᠴᠠᠬᠢᠯᠭᠠᠨ᠎ᠤ ᠤᠳᠠᠰᠤ᠎ᠶ᠋ᠢ ᠵᠠᠰᠠᠵᠤ ᠦᠭ᠌ᠭᠦ ᠬᠡᠵᠥ᠍ ᠪᠠᠢᠨ᠎ᠠ᠂ ᠪᠢ ᠬᠠᠷᠢᠬᠤ ᠥᠬᠡᠶ ᠪᠣᠯᠬᠤ ᠥᠬᠡᠶ ᠪᠤᠯᠵᠠᠢ》 ᠬᠡᠵᠥ᠍ ᠬᠠᠭᠠᠰ ᠪᠣᠭᠤᠭ᠍ᠰᠠᠨ ᠽᠦᠩᠽᠢ᠎ᠪᠠᠨ ᠨᠢᠭᠡ ᠲᠠᠢᠰᠢ᠎ᠪᠠᠨ ᠲᠠᠯᠪᠢᠭᠠᠳ᠂ ᠭᠦᠸᠧ ᠹᠧᠩ ᠶᠢᠩ ᠰᠡᠩᠳᠡ ᠮᠡᠩᠳᠡ ᠭᠡᠷ᠎ᠲᠡᠭᠡᠨ ᠬᠠᠷᠢᠪᠠ᠃

ᠤᠷᠠᠯᠢᠭ᠎ᠤᠨ ᠲᠢᠩᠬᠢᠮ᠎ᠤᠨ ᠬᠤᠢᠲᠤ ᠵᠡᠭᠡᠯᠢ ᠨᠡᠢᠭᠡᠮ ᠲᠣᠭᠤᠷᠢᠭ᠎ᠤᠨ ᠣᠯᠠᠩᠬᠢ᠎ᠨᠢ ᠪᠦᠷ ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ ᠪᠠᠢᠵᠤ᠂ ᠬᠡᠷ᠎ᠲᠠᠬᠢ ᠱᠢᠲᠠᠮᠠᠬᠠᠶ ᠬᠡᠶ᠎ᠶ᠋ᠢᠨ ᠬᠤᠭᠤᠯᠠᠶ ᠲᠤᠤᠷ ᠪᠠ ᠴᠠᠬᠢᠯᠭᠠᠨ ᠤᠲᠠᠰᠤ᠎ᠨᠢ ᠬᠠᠭᠤᠴᠢᠷᠠᠵᠤ᠂ ᠮᠠᠰᠢ ᠶᠡᠭᠡ ᠠᠮᠤᠷ ᠲᠦᠪᠱᠢᠨ᠎ᠤ ᠳᠠᠯᠳᠠ ᠬᠡᠮ ᠣᠷᠣᠱᠢᠵᠤ ᠪᠠᠢᠨ᠎ᠠ᠃ ᠬᠥᠬᠡᠬᠤᠲᠠ᠎ᠶ᠋ᠢᠨ ᠵᠥᠩ ᠷᠠᠨ ᠬᠤᠲᠠ᠎ᠶ᠋ᠢᠨ ᠱᠢᠲᠠᠮᠠᠬᠠᠶ ᠬᠡᠶ᠎ᠶ᠋ᠢᠨ ᠬᠥᠭ᠌ᠵᠢᠭᠦᠯᠦᠯᠳᠡ᠎ᠶ᠋ᠢᠨ ᠬᠢᠵᠠᠭᠠᠷᠲᠤ ᠺᠣᠮᠫᠠᠨᠢ᠂ ᠬᠥᠬᠡᠬᠤᠲᠠ᠎ᠶ᠋ᠢᠨ ᠴᠠᠬᠢᠯᠭᠠᠨ ᠬᠠᠩᠭᠠᠬᠤ ᠲᠣᠪᠴᠢᠶ᠎ᠠ᠎ᠶ᠋ᠢᠨ ᠱᠢᠨ᠎ᠡ ᠬᠤᠲᠠ᠎ᠶ᠋ᠢᠨ ᠬᠤᠪᠢᠶᠠᠷᠢ ᠲᠣᠪᠴᠢᠶ᠎ᠠ᠎ᠶ᠋ᠢᠨ ᠬᠠᠮᠳᠤᠷᠠᠭ᠍ᠰᠠᠨ ᠵᠠᠰᠠᠨ ᠪᠠᠢᠴᠠᠭᠠᠬᠤ  ᠦᠢᠯᠡᠴᠢᠯᠡᠭᠡᠨ᠎ᠤ ᠰᠠᠯᠪᠤᠷᠢ ᠠᠩᠭᠢ ᠰᠠᠭᠤᠭᠠᠯᠢ ᠠᠷᠠᠳ᠎ᠤᠨ ᠬᠡᠷ᠎ᠲᠤ ᠤᠷᠤᠵᠤ᠂ ᠱᠢᠲᠠᠮᠠᠬᠠᠶ ᠬᠡᠶ ᠪᠠᠢᠴᠠᠭᠠᠬᠤ ᠪᠠ ᠴᠠᠬᠢᠯᠭᠠᠨ ᠤᠲᠠᠰᠤᠨ᠎ᠤ ᠪᠠᠢᠴᠠᠭᠠᠨ ᠵᠠᠰᠠᠬᠤ ᠦᠢᠯᠡᠴᠢᠯᠡᠭᠡ ᠬᠠᠩᠭᠠᠭ᠍ᠰᠠᠨ ᠪᠦᠭᠡᠳ ᠱᠢᠲᠠᠮᠠᠬᠠᠶ ᠬᠡᠶ᠎ᠶ᠋ᠢ ᠠᠮᠤᠷ ᠲᠦᠪᠱᠢᠨ᠎ᠢᠶᠠᠷ ᠬᠡᠷᠡᠭ᠌ᠯᠡᠬᠦ᠌ ᠵᠢᠴᠢ ᠴᠠᠬᠢᠯᠭᠠᠨ᠎ᠢ ᠠᠮᠤᠷ ᠲᠦᠪᠱᠢᠨ᠎ᠢᠶᠠᠷ ᠬᠡᠷᠡᠭ᠌ᠯᠡᠬᠦ᠌ ᠮᠡᠳᠡᠯᠭᠡ᠎ᠶ᠋ᠢ ᠤᠬᠠᠭᠤᠯᠤᠨ ᠲᠦᠭᠡᠮᠡᠯᠵᠢᠭᠦᠯᠵᠠᠢ᠃

ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠦᠷᠨᠢᠬᠦᠯᠥᠭ᠌ᠰᠡᠨ᠎ᠠᠴᠠ ᠨᠠᠭᠠᠰᠢ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ  ᠬᠤᠷᠢᠶ᠎ᠠ᠎ᠶ᠋ᠢᠨ ᠨᠠᠮ᠎ᠤᠨ  ᠬᠤᠷᠢᠶ᠎ᠠ ᠨᠠᠮ᠎ᠤᠨ ᠭᠡᠱᠢᠭᠦᠨ᠂ ᠬᠠᠢᠷ᠎ᠠ ᠬᠠᠯᠠᠮᠵᠢ᠎ᠶ᠋ᠢᠨ ᠠᠵᠤ ᠠᠬᠤᠢᠯᠠᠯ᠂ ᠰᠠᠢᠨ ᠲᠤᠷᠠᠴᠤᠳ ᠵᠡᠷᠭᠡ ᠬᠦᠴᠦᠨ᠎ᠢ ᠲᠥᠪᠯᠡᠷᠡᠭᠦᠯᠵᠦ᠍᠂ ᠬᠦᠴᠦᠷᠬᠡᠭ ᠶᠡᠭᠡ ᠬᠠᠮᠲᠤᠷᠠᠯ ᠬᠦᠴᠦᠨ᠎ᠢ ᠪᠦᠷᠢᠯᠳᠦᠭᠦᠯᠵᠦ᠍᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ᠎ᠶ᠋ᠢ 《ᠪᠢ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠬᠦ》 ᠦᠢᠯᠡᠳᠦᠯᠭᠡ᠎ᠶ᠋ᠢᠨ ᠠᠵᠢᠯᠯᠠᠭ᠎ᠠ᠎ᠲᠠᠢ ᠨᠢᠭ᠍ᠲᠠ ᠤᠶᠠᠯᠳᠤᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠠᠷᠠᠳ ᠲᠦᠮᠡᠨ᠎ᠳᠤ ᠦᠢᠯᠡᠴᠢᠯᠡᠬᠦ᠌ ᠪᠣᠳᠠᠲᠠᠢ ᠠᠵᠢᠯᠯᠠᠭ᠎ᠠ ᠪᠤᠯᠭᠠᠨ ᠬᠤᠪᠢᠷᠠᠭᠤᠯᠵᠤ᠂ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠦᠭ᠌ᠴᠤ᠂ ᠬᠦᠴᠢᠷ ᠠᠰᠠᠭᠤᠳᠠᠯ᠎ᠢ᠎ᠨᠢ ᠱᠢᠢᠳᠪᠦᠷᠢᠯᠡᠵᠤ᠂ ᠤᠯᠠᠨ ᠲᠦᠮᠡᠨ᠎ᠤ ᠵᠢᠷᠭᠠᠯᠲᠤ ᠲᠦᠷᠦᠭ᠌ᠳᠡᠯ᠂ ᠬᠠᠨᠤᠮᠵᠢ᠎ᠶ᠋ᠢᠨ ᠲᠦᠷᠦᠭ᠌ᠳᠡᠯ ᠪᠠ ᠠᠮᠤᠷ ᠲᠦᠪᠱᠢᠨ᠎ᠤ ᠲᠦᠷᠦᠭ᠌ᠳᠡᠯ᠎ᠢ ᠳᠡᠭᠡᠭ᠌ᠰᠢᠯᠡᠭᠦᠯᠵᠤ ᠪᠤᠢ᠃

 

ᠬᠠᠮᠲᠤᠷᠠᠨ ᠤᠷᠤᠯᠴᠠᠭ᠍ᠰᠠᠨ ᠪᠠᠢᠭᠤᠯᠤᠮᠵᠢ᠄

● ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ ᠡᠯ᠎ᠠ ᠨᠠᠮ᠎ᠤᠨ ᠡᠭᠦᠷ᠎ᠤᠨ  ᠦᠢᠯᠡᠴᠢᠯᠡᠭᠡᠨ᠎ᠤ ᠠᠩᠭᠢ᠎ᠶ᠋ᠢᠨ ᠬᠠᠮᠲᠤᠷᠠᠭ᠍ᠰᠠᠨ ᠳᠣᠯᠣᠳᠤᠭᠠᠷ ᠠᠩᠭᠢ (ᠨᠡᠢᠭᠡᠮ᠎ᠤᠨ ᠰᠣᠨᠢᠨ ᠮᠡᠳᠡᠭᠡᠨ᠎ᠤ ᠲᠥᠪ᠂ ᠣᠨᠣᠯ᠎ᠤᠨ ᠰᠣᠨᠢᠨ ᠮᠡᠳᠡᠭᠡᠨ᠎ᠤ ᠲᠥᠪ᠂ ᠬᠠᠮ ᠵᠠᠭᠤᠴᠢᠯᠠᠭᠤᠷ᠎ᠤᠨ ᠬᠠᠷᠠᠭᠠᠨ ᠰᠡᠷᠡᠯ᠎ᠤᠨ ᠲᠥᠪ) ᠤᠮᠠᠷᠠᠲᠤ᠎ᠶ᠋ᠢᠨ ᠱᠢᠨ᠎ᠡ ᠰᠣᠨᠢᠨ᠎ᠤ  ᠦᠢᠯᠡᠴᠢᠯᠡᠭᠡᠨ᠎ᠤ ᠠᠩᠭᠢ

● ᠬᠦᠬᠡᠬᠤᠲᠠ᠎ᠶ᠋ᠢᠨ ᠱᠢᠨ᠎ᠡ ᠬᠤᠳᠡ ᠲᠣᠭᠤᠷᠢᠭ᠎ᠤᠨ ᠪᠠᠷᠠᠭᠤᠨ ᠵᠡᠭᠡᠯᠢ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠤᠷᠠᠯᠢᠭ᠎ᠤᠨ ᠲᠢᠩᠬᠢᠮ᠎ᠤᠨ ᠬᠤᠢᠲᠤ ᠵᠡᠭᠡᠯᠢ᠎ᠶ᠋ᠢᠨ ᠨᠡᠢᠭᠡᠮ ᠲᠣᠭᠤᠷᠢᠭ

● ᠬᠥᠬᠡᠬᠤᠲᠠ᠎ᠶ᠋ᠢᠨ ᠵᠦᠩ ᠷᠠᠨ ᠬᠤᠳᠠ᠎ᠶ᠋ᠢᠨ ᠱᠢᠲᠠᠮᠠᠬᠠᠶ ᠬᠡᠶ᠎ᠶ᠋ᠢᠨ ᠬᠥᠭ᠌ᠵᠢᠭᠦᠯᠦᠯᠲᠡ᠎ᠶ᠋ᠢᠨ ᠬᠢᠵᠠᠭᠠᠷᠲᠤ ᠺᠣᠮᠫᠠᠨᠢ

● ᠬᠥᠬᠡᠬᠤᠲᠠ᠎ᠶ᠋ᠢᠨ ᠴᠠᠬᠢᠯᠭᠠᠨ ᠬᠠᠩᠭᠠᠬᠤ ᠲᠣᠪᠴᠢᠶᠠᠨ᠎ᠤ ᠱᠢᠨ᠎ᠡ ᠬᠤᠲᠠ᠎ᠶ᠋ᠢᠨ ᠬᠤᠪᠢᠶᠠᠷᠢ ᠲᠣᠪᠴᠢᠶ᠎ᠠ

● ᠬᠥᠬᠡᠬᠤᠲᠠ᠎ᠶ᠋ᠢᠨ ᠯᠢ ᠶᠠᠨ ᠵᠢᠰᠦ ᠭᠤᠶᠣᠯᠠᠵᠤ ᠦᠰᠦ ᠵᠠᠰᠠᠬᠤ ᠰᠤᠷᠭᠠᠭᠤᠯᠢ

● ᠎ᠶ᠋ᠢᠨ ᠴᠢᠶᠣᠤ᠎ᠶ᠋ᠢᠨ ᠺᠠᠶ ᠮᠧᠩ ᠬᠢᠲᠠᠳ ᠡᠮᠨᠡᠯᠭᠡ᠎ᠶ᠋ᠢᠨ ᠬᠤᠷᠢᠶ᠎ᠠ

● ᠥᠪᠥᠷ ᠮᠣᠩᠭᠤᠯ᠎ᠤᠨ ᠬᠤᠩ ᠳ᠋ᠧ ᠰᠤᠷᠭᠠᠨ ᠬᠥᠮᠦᠵᠢᠯ᠎ᠤᠨ ᠯᠠᠪᠯᠠᠭ᠎ᠠ᠎ᠶ᠋ᠢᠨ ᠬᠢᠵᠠᠭᠠᠷᠲᠤ ᠺᠣᠮᠫᠠᠨᠢ


4011068_lity_1623399424403_m.jpg


              ᠶᠠᠳᠠᠭᠤ ᠬᠦᠴᠢᠷᠳᠡᠯᠳᠡᠢ ᠤᠯᠠᠨ ᠲᠦᠮᠠᠨ᠎ᠢ ᠲᠤᠬᠤᠨᠢᠭᠤᠯᠤᠨ᠎ᠠ


4011060_lity_1623399370748_m.jpg


           ᠦᠨ᠎ᠠ ᠲᠦᠯᠦᠪᠤᠷᠢ ᠦᠭᠡᠢ ᠎ᠪᠠᠷ ᠦᠰᠦ ᠎ᠶ᠋ᠢ ᠎ᠨᠢ ᠵᠠᠰᠠᠵᠤ ᠥᠭ᠌ᠬᠦᠨ᠎ᠠ


4011055_lity_1623399343630_m.jpg


            《ᠨᠠᠮ ᠪᠠ ᠤᠯᠠᠨ ᠲᠦᠮᠠᠨ ᠰᠡᠳᠭᠢᠯ᠎ᠢᠶᠠᠷ᠎ᠢᠶᠠᠨ ᠬᠤᠯᠪᠤᠭᠠᠳᠠᠢ》 ᠰᠠᠨᠠᠯ ᠬᠤᠷᠢᠶᠠᠬᠤ ᠬᠠᠢᠷᠴᠠᠭ


4011070_lity_1623399436569_m.jpg


              ᠠᠵᠢᠯᠯᠠᠭᠠᠨ᠎ᠤ ᠡᠬᠢᠯᠡᠯᠳᠡ᠎ᠶ᠋ᠢᠨ ᠶᠤᠰᠤᠯᠠᠯ


4011046_lity_1623399286878_m.jpg


               ᠠᠯᠪᠠᠨ ᠵᠢᠷᠤᠮ᠎ᠤᠨ ᠡᠮᠴᠢᠯᠡᠭᠡ


4011062_lity_1623399383295_m.jpg


                 ᠽᠦᠡᠭ᠌ᠽᠢ ᠪᠤᠭᠤᠨ᠎ᠠ 


4011051_lity_1623399314748_m.jpg


            ᠡᠮ᠎ᠢ ᠠᠮᠤᠷ ᠲᠦᠪᠱᠢᠨ᠎ᠢᠶᠠᠷ ᠬᠡᠷᠡᠭ᠌ᠯᠡᠬᠦ᠌ ᠲᠤᠬᠠᠢ ᠮᠡᠳᠡᠯᠭᠡ ᠲᠦᠭᠡᠮᠡᠯᠵᠢᠬᠦᠯᠦᠨ᠎ᠠ


4011048_lity_1623399301830_m.jpg


                   ᠱᠢᠳᠠᠮᠠᠬᠠᠢ ᠬᠡᠢ᠎ᠶ᠋ᠢ ᠱᠢᠯᠭᠠᠨ ᠪᠠᠢᠴᠠᠭᠠᠨ᠎ᠠ


4011057_lity_1623399357440_m.jpg 


                    ᠠᠵᠢᠯᠯᠠᠭᠠᠨ᠎ᠤ ᠠᠬᠤᠢ ᠲᠠᠯᠠᠪᠠᠢ

 

ᠳᠤᠰ ᠰᠣᠨᠢᠨ᠎ᠤ ᠰᠤᠷᠪᠤᠯᠵᠢᠯᠠᠭ᠍ᠴᠢ ᠮᠠ ᠵᠢᠶᠠᠨ ᠴᠢᠤᠸᠠᠨ ᠰᠡᠭᠦᠳᠡᠷᠯᠡᠪᠡ

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号