ᠪᠦᠬᠦ᠌ ᠣᠷᠣᠨ᠎ᠤ ᠠᠵᠤ ᠠᠬᠤᠢᠯᠠᠯ᠎ᠤᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠬᠦᠯᠬᠦ᠌ ᠬᠤᠷᠠᠯ ᠪᠤᠭᠤᠲᠤ᠎ᠳᠤ ᠬᠤᠷᠠᠯᠳᠤᠵᠠᠢ
2021-06-22 09:22:19
ᠵᠣᠬᠢᠶᠠᠭ᠍ᠴᠢ᠄
ᠹᠧᠩ ᠱᠢᠤᠸᠠᠢ ᠢᠦᠢ ᠺᠠᠩ ᠯᠢ ᠨᠠ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠪᠦᠬᠦ᠌ ᠣᠷᠣᠨ᠎ᠤ ᠠᠵᠤ ᠠᠬᠤᠢᠯᠠᠯ᠎ᠤᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠬᠦᠯᠬᠦ᠌ ᠬᠤᠷᠠᠯ ᠪᠤᠭᠤᠲᠤ ᠬᠤᠳᠠ᠎ᠳᠤ ᠬᠤᠷᠠᠯᠳᠤᠪᠠ᠃ ᠬᠤᠷᠠᠯ᠎ᠠᠴᠠ᠂ ᠮᠠᠨ᠎ᠤ ᠣᠷᠣᠨ᠎ᠤ ᠠᠵᠤ ᠠᠬᠤᠢᠯᠠᠯ ᠡᠷᠬᠢᠯᠡᠬᠦ᠌ ᠲᠤᠬᠠᠢᠯᠠᠬ᠍ᠰᠠᠨ ᠠᠵᠢᠯ᠎ᠢ ᠬᠦᠢᠴᠡᠳᠭᠡᠬᠦ᠌ ᠦᠢᠯᠡᠴᠢᠯᠡᠭᠡ᠎ᠶ᠋ᠢ ᠱᠢᠯᠢᠳᠡᠭ᠌ᠵᠢᠬᠦᠯᠬᠦ᠌ ᠠᠵᠢᠯ᠎ᠤᠨ ᠪᠠᠢᠳᠠᠯ᠎ᠢ ᠮᠡᠳᠡᠭ᠌ᠳᠡᠬᠦ᠌᠎ᠶ᠋ᠢᠨ ᠬᠠᠮᠳᠤ ᠲᠠᠷᠠᠭᠠᠴᠢ᠎ᠶ᠋ᠢᠨ ᠠᠯᠬᠤᠮ᠎ᠳᠤ ᠠᠵᠤ ᠠᠬᠤᠢᠯᠠᠯ᠎ᠤᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌ ᠲᠤᠬᠠᠶ ᠲᠣᠬᠢᠷᠠᠭᠤᠯᠤᠨ ᠪᠠᠢᠷᠢᠯᠠᠭᠤᠯᠪᠠ᠃

ᠣᠢᠷ᠎ᠠ᠎ᠶ᠋ᠢᠨ ᠵᠢᠯ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠠᠰᠠᠭ᠎ᠤᠨ ᠣᠷᠳᠣᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠂ ᠠᠵᠤ ᠠᠬᠤᠢᠯᠠᠯ ᠡᠷᠬᠢᠯᠡᠬᠦ᠌ ᠲᠤᠬᠠᠢᠯᠠᠬ᠍ᠰᠠᠨ ᠠᠵᠢᠯ᠎ᠢ ᠬᠦᠢᠴᠡᠳᠭᠡᠬᠦ᠌ ᠴᠠᠭ᠎ᠢ ᠪᠣᠭᠤᠨᠢᠰᠭᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠵᠤ ᠠᠬᠤᠢᠯᠠᠯ ᠡᠷᠬᠢᠯᠡᠬᠦ᠌ ᠲᠤᠬᠠᠢᠯᠠᠬ᠍ᠰᠠᠨ ᠠᠵᠢᠯ᠎ᠢ ᠬᠦᠢᠴᠡᠳᠭᠡᠬᠦ᠌ ᠴᠠᠭ᠎ᠢ ᠪᠣᠭᠤᠨᠢᠰᠭᠠᠬᠤ ᠠᠵᠢᠯ᠎ᠢ ᠣᠯᠠᠨ ᠤᠳᠠᠭ᠎ᠠ ᠲᠣᠬᠢᠷᠠᠭᠤᠯᠵᠦ᠍ ᠪᠠᠢᠷᠢᠯᠠᠭᠤᠯᠤᠬ᠍ᠰᠡᠨ ᠪᠥᠭᠡᠳ ᠲᠣᠰ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠥᠭᠡᠷᠡᠴᠢᠯᠡᠯᠲᠡ᠎ᠶ᠋ᠢ ᠪᠥᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠭᠤᠤᠯᠳᠠᠯᠭ᠎ᠠ᠎ᠲᠠᠢ ᠡᠭᠦᠷᠭᠡ᠎ᠶ᠋ᠢᠨ ᠨᠠᠷᠢᠨ ᠲᠠᠩᠰᠠ ᠪᠣᠯᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠤᠨ ᠭᠤᠤᠯᠳᠠᠯᠭ᠎ᠠ᠎ᠲᠠᠢ ᠡᠭᠦᠷᠭᠡ᠎ᠳᠤ ᠣᠷᠣᠭᠤᠯᠵᠤ᠂ ᠡᠯ᠎ᠡ ᠰᠠᠯᠠᠭ᠎ᠠ ᠮᠥᠴᠢᠷ᠎ᠤᠨ᠎ᠬᠢᠨ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ᠎ᠢᠶᠠᠨ ᠨᠠᠢᠳᠠᠪᠤᠷᠢᠵᠢᠭᠤᠯᠵᠤ᠂ ᠢᠳᠡᠪᠬᠢᠲᠡᠶ ᠬᠠᠮᠵᠢᠯᠴᠠᠨ᠂ ᠠᠵᠤ ᠠᠬᠤᠢᠯᠠᠯ ᠡᠷᠬᠢᠯᠡᠬᠦ᠌ ᠲᠤᠬᠠᠢᠯᠠᠬ᠍ᠰᠠᠨ ᠠᠵᠢᠯ᠎ᠢ ᠬᠦᠢᠴᠡᠳᠭᠡᠬᠦ᠌ ᠴᠠᠭ᠎ᠢ ᠪᠣᠭᠤᠨᠢᠰᠭᠠᠬᠤ ᠠᠵᠢᠯ᠎ᠢ ᠦᠷᠭᠦᠯᠵᠢᠯᠡᠨ ᠠᠬᠢᠭᠤᠯᠬᠤ ᠬᠡᠷᠡᠭ᠌ᠲᠡᠶ ᠭᠡᠵᠦ᠍ ᠲᠣᠳᠣᠷᠬᠠᠶ ᠱᠠᠭᠠᠷᠳᠠᠪᠠ᠃ 2019 ᠣᠨ᠎ᠤ 11 ᠰᠠᠷ᠎ᠠ᠎ᠳᠤ᠂ ᠮᠠᠨ᠎ᠤ ᠣᠷᠣᠨ ᠠᠵᠤ ᠠᠬᠤᠢᠯᠠᠯ ᠡᠷᠭᠢᠯᠡᠬᠦ᠌᠎ᠳᠤ 《ᠨᠢᠭᠡ ᠰᠦᠯᠵᠢᠶ᠎ᠠ᠎ᠳᠤ ᠪᠦᠬᠦᠨ᠎ᠢ ᠬᠦᠢᠴᠡᠳᠭᠡᠬᠦ᠌》 ᠲᠠᠪᠴᠠᠩ᠎ᠢ ᠡᠬᠢᠯᠡᠬᠦᠯᠦᠨ ᠠᠵᠢᠯᠯᠠᠭᠤᠯᠵᠤ᠂ ᠠᠵᠤ ᠠᠬᠤᠢᠯᠠᠯ ᠪᠠᠢᠭᠤᠯᠬᠤ᠂ ᠲᠠᠮᠠᠭ᠎ᠠ ᠰᠡᠢᠯᠬᠦ᠂ ᠪᠠᠷᠢᠮᠲᠠ ᠭᠤᠶᠤᠴᠢᠯᠠᠨ ᠠᠪᠬᠤ᠂ ᠨᠡᠢᠭᠡᠮ᠎ᠤᠨ ᠳᠠᠭᠠᠳᠭᠠᠯ᠎ᠢ ᠳᠡᠩᠰᠡᠯᠡᠨ ᠲᠡᠮᠳᠡᠭ᠌ᠯᠡᠬᠦ᠌ ᠵᠡᠷᠭᠡ ᠠᠵᠤ ᠠᠬᠤᠢᠯᠠᠯ ᠡᠷᠭᠢᠯᠡᠬᠦ᠌ ᠦᠢᠯᠡᠴᠢᠯᠡᠭᠡᠨ᠎ᠤ ᠴᠢᠳᠠᠮᠵᠢ᠎ᠶ᠋ᠢ ᠡᠮᠬᠢᠯᠡᠨ ᠨᠡᠢᠯᠡᠭᠦᠯᠵᠦ᠍᠂ ᠠᠵᠤ ᠠᠬᠤᠢᠯᠠᠯ ᠡᠷᠭᠢᠯᠡᠬᠦ᠌ ᠲᠤᠬᠠᠢᠯᠠᠬ᠍ᠰᠠᠨ ᠠᠵᠢᠯ᠎ᠤᠨ ᠬᠠᠮᠢᠶ᠎ᠠ ᠪᠥᠬᠦᠶ ᠭᠤᠭ᠍ᠴᠤᠭ᠎ᠠ᠎ᠶ᠋ᠢ ᠰᠦᠯᠵᠢᠶᠡᠨ ᠳᠡᠭᠡᠷ᠎ᠡ 《ᠨᠢᠭᠡ ᠬᠦᠰᠦᠨᠦᠭ᠌ᠲᠦ᠎ᠳᠤ ᠲᠠᠭ᠍ᠯᠠᠨ ᠮᠡᠳᠡᠭᠦᠯᠬᠦ᠌》 《ᠨᠢᠭᠡ ᠰᠦᠯᠵᠢᠶ᠎ᠠ᠎ᠳᠤ ᠪᠦᠬᠦᠨ᠎ᠢ ᠬᠦᠢᠴᠡᠳᠭᠡᠬᠦ᠌》 ᠪᠤᠯᠪᠠ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ᠎ᠶ᠋ᠢ ᠬᠠᠮᠠᠭᠠᠯᠠᠬᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠂ ᠭᠠᠢᠯᠢ᠎ᠶ᠋ᠢᠨ ᠶᠠᠪᠤᠳᠠᠯ ᠵᠡᠷᠭᠡ ᠰᠠᠯᠠᠭ᠎ᠠ ᠮᠥᠴᠢᠷ᠎ᠤᠨ ᠬᠤᠭᠤᠷᠣᠨᠳᠣᠬᠢ ᠠᠵᠤ ᠠᠬᠤᠢᠯᠠᠯ ᠡᠷᠭᠢᠯᠡᠭ᠌ᠰᠡᠨ ᠲᠤᠭ᠎ᠠ ᠪᠠᠷᠢᠮᠲᠠ᠎ᠶ᠋ᠢ ᠴᠠᠭ ᠲᠤᠬᠠᠶ᠎ᠳᠤᠨᠢ ᠬᠠᠮᠲᠤ᠎ᠪᠠᠷ ᠡᠳ᠋ᠯᠠᠵᠤ ᠰᠤᠯᠢᠯᠴᠠᠭ᠍ᠰᠠᠨ ᠪᠦᠭᠡᠳ ᠲᠤᠭ᠎ᠠ ᠪᠠᠷᠢᠮᠲᠠ᠎ᠶ᠋ᠢᠨ ᠶᠠᠰᠤ ᠴᠢᠨᠠᠷ᠎ᠢ ᠲᠠᠮᠵᠢᠭᠤᠯᠬᠤ᠎ᠶ᠋ᠢ ᠪᠠᠢᠴᠠᠭᠠᠨ ᠱᠢᠯᠭᠠᠬᠤ ᠠᠵᠢᠯ᠎ᠢ ᠥᠷᠨᠢᠭᠦᠯᠵᠦ᠍᠂ ᠠᠵᠤ ᠠᠬᠤᠢᠯᠠᠯ ᠡᠷᠭᠢᠯᠡᠭᠦ᠌ ᠲᠤᠬᠠᠢᠯᠠᠬ᠍ᠰᠠᠨ ᠠᠵᠢᠯ᠎ᠢ ᠬᠦᠢᠴᠡᠳᠭᠡᠬᠦ᠌ ᠴᠠᠭ᠎ᠢ ᠪᠣᠭᠤᠨᠢᠰᠭᠠᠬᠤ ᠪᠠ ᠠᠵᠤ ᠠᠬᠤᠢᠯᠠᠯ ᠡᠷᠭᠢᠯᠡᠭᠦ᠌ ᠲᠤᠬᠠᠢᠯᠠᠬ᠍ᠰᠠᠨ ᠠᠵᠢᠯ᠎ᠢ ᠬᠦᠢᠴᠡᠳᠭᠡᠬᠦ᠌ ᠦᠢᠯᠡᠴᠢᠯᠡᠭᠡ᠎ᠶ᠋ᠢ ᠱᠢᠯᠢᠳᠡᠭ᠌ᠵᠢᠭᠦᠯᠬᠦ᠌᠎ᠳᠤ ᠴᠢᠬᠤᠯᠠ ᠲᠠᠪᠴᠠᠩ᠎ᠤᠨ ᠲᠤᠯᠭᠠᠭᠤᠷᠢᠯᠠᠯ ᠬᠠᠩᠭᠠᠪᠠ᠃ 2021 ᠣᠨ᠎ᠤ 5 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠥᠬᠦ᠌ ᠣᠷᠣᠨ 《ᠨᠢᠭᠡ ᠰᠦᠯᠵᠢᠶ᠎ᠠ᠎ᠳᠤ ᠪᠦᠬᠦᠨ᠎ᠢ ᠬᠦᠢᠴᠡᠳᠭᠡᠬᠦ᠌》 ᠲᠠᠪᠴᠠᠩ᠎ᠢᠶᠠᠷ ᠲᠠᠮᠵᠢᠨ᠂ 20.16 ᠲᠦᠮᠡᠨ ᠡᠷᠦᠬᠡ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢ ᠡᠷᠭᠢᠯᠡᠵᠦ᠍᠂ ᠬᠠᠮᠢᠶ᠎ᠠ ᠪᠥᠬᠦᠶ ᠲᠤᠬᠠᠢᠯᠠᠭ᠍ᠰᠠᠨ ᠠᠵᠢᠯ᠎ᠢ 8.23 ᠲᠦᠮᠡᠨ ᠬᠤᠪᠢ ᠬᠠᠮᠳᠤᠷᠠᠨ ᠬᠦᠢᠴᠡᠳᠭᠡᠭ᠌ᠰᠡᠨ ᠪᠠᠢᠨ᠎ᠠ᠃

ᠠᠵᠤ ᠠᠬᠤᠢᠯᠠᠯ ᠡᠷᠬᠢᠯᠡᠬᠦ᠌ ᠲᠤᠬᠠᠢᠯᠠᠬ᠍ᠰᠠᠨ ᠠᠵᠢᠯ᠎ᠢ ᠬᠦᠢᠴᠡᠳᠭᠡᠬᠦ᠌ ᠦᠢᠯᠡᠴᠢᠯᠡᠭᠡ᠎ᠶ᠋ᠢ ᠱᠢᠯᠢᠳᠡᠭ᠌ᠵᠢᠭᠦᠯᠬᠦ᠌ ᠲᠠᠯ᠎ᠠ᠎ᠪᠠᠷ᠂ ᠮᠠᠨ᠎ᠤ ᠣᠷᠣᠨ᠎ᠠᠴᠠ ᠡᠯ᠎ᠡ ᠱᠠᠲᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠶᠡᠭᠡ ᠲᠢᠩᠬᠢᠮ᠎ᠳᠤ ᠠᠵᠤ ᠠᠬᠤᠢᠯᠠᠯ ᠡᠷᠬᠢᠯᠡᠬᠦ᠌ ᠲᠤᠬᠠᠢᠯᠠᠬ᠍ᠰᠠᠨ ᠠᠵᠢᠯ᠎ᠢ ᠬᠦᠢᠴᠡᠳᠭᠡᠬᠦ᠌ ᠦᠢᠯᠡᠴᠢᠯᠡᠭᠡᠨ᠎ᠤ ᠲᠤᠰᠭᠠᠶ ᠲᠣᠭᠤᠷᠢᠭ᠂ ᠰᠦᠯᠵᠢᠶᠡᠨ ᠳᠡᠭᠡᠷ᠎ᠡ ᠭᠦᠢᠴᠡᠳᠭᠡᠬᠦ᠌ ᠲᠤᠬᠠᠢᠯᠠᠭ᠍ᠰᠠᠨ ᠠᠵᠢᠯ᠎ᠤᠨ ᠬᠥᠲᠥᠯᠦᠨ ᠵᠢᠯᠣᠭᠤᠳᠭᠤ ᠲᠣᠭᠤᠷᠢᠭ ᠲᠣᠬᠢᠷᠠᠭᠤᠯᠵᠤ᠂ ᠠᠵᠤ ᠠᠬᠤᠢᠯᠠᠯ ᠡᠷᠬᠢᠯᠡᠬᠦ᠌᠎ᠶ᠋ᠢ ᠲᠠᠩᠰᠠᠯᠠᠬᠤ᠂ ᠲᠠᠮᠠᠭ᠎ᠠ ᠰᠡᠢᠯᠬᠦ᠂ ᠪᠠᠷᠢᠮᠲᠠ ᠭᠤᠶᠤᠴᠢᠯᠠᠨ ᠠᠪᠬᠤ ᠵᠡᠷᠭᠡ ᠲᠤᠬᠠᠢᠯᠠᠭ᠍ᠰᠠᠨ ᠠᠵᠢᠯ᠎ᠢ ᠲᠤᠰᠭᠠᠶ ᠲᠣᠭᠤᠷᠢᠭ ᠪᠠ ᠬᠥᠲᠥᠯᠦᠨ ᠵᠢᠯᠣᠭᠤᠳᠭᠤ ᠲᠣᠭᠤᠷᠢᠭ᠎ᠲᠤ ᠣᠷᠣᠭᠤᠯᠵᠤ᠂ 《ᠨᠢᠭᠡ ᠴᠤᠩᠬᠤᠪᠴᠢ᠎ᠳᠤ ᠭᠥᠯᠢᠶᠡᠨ ᠠᠪᠴᠤ᠌ ᠵᠡᠷᠭᠡ᠎ᠪᠠᠷ ᠭᠦᠢᠴᠡᠳᠭᠡᠬᠦ᠌》 ᠎ᠶ᠋ᠢᠨ ᠬᠠᠮᠲᠤ᠌᠂ ᠠᠵᠤ ᠠᠬᠤᠢᠯᠠᠯ ᠡᠷᠬᠢᠯᠡᠬᠦ᠌ ᠲᠤᠬᠠᠢᠯᠠᠬ᠍ᠰᠠᠨ ᠠᠵᠢᠯ᠎ᠢ ᠬᠦᠢᠴᠡᠳᠭᠡᠬᠦ᠌ ᠲᠤᠰᠭᠠᠶ ᠲᠣᠭᠤᠷᠢᠭ᠎ᠲᠤ 《ᠨᠢᠭᠡ ᠴᠤᠩᠬᠤᠪᠴᠢ᠎ᠳᠤ ᠭᠥᠯᠢᠶᠡᠨ ᠠᠪᠬᠤ》 ᠠᠵᠤ ᠠᠬᠤᠢᠯᠠᠯ ᠡᠷᠬᠢᠯᠡᠬᠦ᠌ ᠲᠤᠬᠠᠢᠯᠠᠬ᠍ᠰᠠᠨ ᠠᠵᠢᠯ᠎ᠢ ᠬᠦᠢᠴᠡᠳᠭᠡᠬᠦ᠌ ᠪᠣᠳᠠᠲᠤ ᠪᠢᠴᠢᠭ ᠮᠠᠲ᠋ᠧᠷᠢᠶᠠᠯ᠎ᠢ ᠠᠪᠴᠤ᠌ ᠪᠣᠯᠬᠤ᠎ᠶ᠋ᠢ ᠱᠠᠭᠠᠷᠳᠠᠪᠠ᠃ ᠡᠭᠦᠨ᠎ᠤ ᠬᠠᠮᠳᠤ᠂ ᠦᠪᠡᠰᠤᠪᠠᠨ ᠡᠵᠡᠩᠨᠡᠯᠲᠡ᠎ᠶ᠋ᠢᠨ ᠦᠨᠡᠮᠯᠡᠯ ᠳᠠᠷᠤᠮᠠᠯᠯᠠᠬᠤ᠎ᠶ᠋ᠢ ᠬᠡᠷᠡᠭ᠌ᠵᠢᠭᠦᠯᠵᠦ᠍᠂ ᠪᠥᠬᠦ᠌ ᠣᠷᠣᠨ᠎ᠤ ᠵᠠᠰᠠᠭ᠎ᠤᠨ ᠶᠠᠪᠤᠳᠠᠯ᠎ᠤᠨ  ᠦᠢᠯᠡᠴᠢᠯᠡᠭᠡᠨ᠎ᠤ ᠶᠡᠭᠡ ᠲᠢᠩᠬᠢᠮ ᠪᠠ ᠪᠠᠩᠬᠢ᠎ᠶ᠋ᠢᠨ ᠰᠦᠯᠵᠢᠶᠡᠨ ᠴᠡᠭ᠎ᠲᠤ ᠦᠪᠡᠰᠦᠪᠡᠨ ᠰᠡᠭᠦᠳᠡᠷᠯᠡᠬᠦ᠌ 84 ᠮᠠᠱᠢᠨ ᠲᠣᠬᠢᠷᠠᠭᠤᠯᠪᠠ᠃ ᠣᠳᠣᠬᠠᠨ ᠪᠣᠯᠲᠠᠯ᠎ᠠ᠂ ᠡᠯ᠎ᠡ ᠠᠢᠮᠠᠭ ᠬᠤᠲᠠ᠎ᠶ᠋ᠢᠨ ᠵᠠᠰᠠᠭ᠎ᠤᠨ ᠶᠠᠪᠤᠳᠠᠯ᠎ᠤᠨ  ᠦᠢᠯᠡᠴᠢᠯᠡᠭᠡᠨ᠎ᠤ ᠲᠢᠩᠬᠢᠮ᠎ᠳᠤ ᠴᠥᠮ 《ᠠᠵᠤ ᠠᠬᠤᠢᠯᠠᠯ ᠡᠷᠭᠢᠯᠡᠬᠦ᠌ ᠲᠤᠬᠠᠢᠯᠠᠬ᠍ᠰᠠᠨ ᠠᠵᠢᠯ᠎ᠢ ᠬᠦᠢᠴᠡᠳᠭᠡᠬᠦ᠌ ᠨᠢᠭᠡ ᠥᠷᠲᠡᠭᠡ᠎ᠳᠤ ᠤᠢ᠍ᠢᠯᠡᠴᠢᠯᠡᠬᠦ᠌ ᠲᠤᠰᠭᠠᠶ ᠲᠣᠭᠤᠷᠢᠭ》 ᠎ᠢ ᠪᠠᠢᠭᠤᠯᠵᠤ᠂ ᠠᠵᠤ ᠠᠬᠤᠢᠯᠠᠯ᠎ᠳᠤ ᠬᠤᠯᠪᠣᠭ᠍ᠳᠠᠭ᠍ᠰᠠᠨ ᠠᠵᠦ᠍ ᠠᠬᠤᠢ᠍ᠢᠯᠠᠯ ᠡᠷᠬᠢᠯᠡᠬᠦ᠌ ᠲᠤᠬᠠᠢᠯᠠᠬ᠍ᠰᠠᠨ ᠠᠵᠢᠯ᠎ᠢ ᠬᠦᠢᠴᠡᠳᠭᠡᠬᠦ᠌ ᠵᠦᠢᠯᠡᠰ᠎ᠢ ᠪᠦᠬᠦᠨ᠎ᠢ 《ᠶᠡᠷᠦᠩᠬᠡᠢᠯᠡᠭ᠌ᠰᠡᠨ ᠴᠣᠩᠬᠤᠪᠴᠢ》 ᠎ᠳᠤ ᠣᠷᠣᠭᠤᠯᠵᠤ᠂ 《ᠶᠡᠷᠦᠩᠬᠡᠢᠯᠡᠭ᠌ᠰᠡᠨ ᠴᠤᠩᠬᠤᠪᠴᠢ᠎ᠳᠤ ᠭᠥᠯᠢᠶᠡᠨ ᠠᠪᠴᠤ᠌  ᠱᠢᠢᠳᠪᠦᠷᠢᠯᠡᠬᠦ᠂ ᠠᠷᠤ ᠲᠠᠯ᠎ᠠ᠎ᠶ᠋ᠢᠨ ᠡᠯ᠎ᠡ ᠰᠠᠯᠠᠭ᠎ᠠ ᠮᠥᠴᠢᠷ᠎ᠨᠢ ᠲᠥᠷᠥᠯ ᠬᠤᠪᠢᠶᠠᠨ ᠭᠦᠢᠴᠡᠳᠭᠡᠬᠦ᠂ ᠶᠡᠷᠦᠩᠬᠡᠢᠯᠡᠭ᠌ᠰᠡᠨ ᠴᠣᠩᠬᠤᠪᠴᠢ᠎ᠪᠠᠷ ᠨᠢᠭᠡᠳᠦᠯᠲᠡᠶ ᠪᠢᠴᠢᠭ ᠮᠠᠲ᠋ᠧᠷᠢᠶᠠᠯ ᠭᠠᠷᠭᠠᠬᠤ》 ᠎ᠪᠠᠷ ᠲᠡᠮᠵᠢᠨ᠂ ᠭᠤᠶᠤᠴᠢᠯᠠᠭ᠍ᠴᠢ᠎ᠳᠤ ᠪᠠᠷᠢᠮᠵᠢᠶ᠎ᠠ᠎ᠨᠢ ᠨᠢᠭᠡᠳᠦᠯᠲᠡᠶ᠂ ᠲᠡᠰ ᠲᠠᠷᠠᠭᠠᠯᠠᠯ᠎ᠨᠢ ᠵᠢᠷᠤᠮᠵᠢᠯ᠎ᠲᠠᠢ᠂ ᠬᠠᠮᠤᠭ ᠣᠯᠠᠨ᠎ᠳᠠᠭᠠᠨ ᠨᠢᠭᠡ ᠤᠳᠠᠭ᠎ᠠ 《ᠨᠢᠭᠡ ᠯᠡ ᠴᠤᠩᠬᠤᠪᠴᠢ᠎ᠳᠤ ᠭᠦᠢᠴᠡᠳᠭᠡᠬᠦ᠌》 ᠠᠵᠤ ᠠᠬᠤᠢᠯᠠᠯ ᠡᠷᠭᠢᠯᠡᠬᠦ᠌ ᠲᠤᠬᠠᠢᠯᠠᠬ᠍ᠰᠠᠨ ᠠᠵᠢᠯ ᠬᠦᠢᠴᠡᠳᠭᠡᠬᠦ᠌ ᠦᠢᠯᠡᠴᠢᠯᠡᠭᠡ ᠬᠠᠩᠭᠠᠵᠤ᠂ ᠨᠡᠢᠯᠡᠭᠦᠯᠵᠤ ᠬᠢᠨᠠᠨ ᠵᠥᠪᠱᠢᠶᠡᠷᠡᠭ᠌ᠰᠡᠨ ᠦᠷ᠎ᠡ ᠳ᠋ᠦᠩ᠎ᠢ ᠨᠢᠭᠡ ᠯᠡ ᠤᠳᠠᠭ᠎ᠠ᠎ᠳᠤ ᠭᠤᠶᠤᠴᠢᠯᠠᠭ᠍ᠴᠢ᠎ᠳᠤ ᠬᠦᠷᠭᠡᠬᠦ᠌ ᠪᠤᠯᠪᠠ᠃

ᠲᠠᠷᠠᠭᠠᠴᠢ᠎ᠪᠠᠷ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠂ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠂ ᠠᠷᠠᠳ᠎ᠤᠨ ᠪᠠᠩᠬᠢ᠎ᠶ᠋ᠢᠨ ᠬᠥᠬᠡᠬᠤᠲᠠ᠎ᠶ᠋ᠢᠨ ᠲᠥᠪ ᠰᠠᠯᠪᠤᠷᠢ ᠪᠠᠩᠬᠢ ᠵᠢᠴᠢ ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠎ᠶ᠋ᠢᠨ ᠥᠪᠥᠷ ᠮᠣᠩᠭᠤᠯ᠎ᠤᠨ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ ᠵᠡᠷᠭᠡ ᠵᠢᠷᠭᠤᠭᠠᠨ ᠰᠠᠯᠠᠭ᠎ᠠ ᠮᠥᠴᠢᠷ 《ᠤᠯᠤᠰ᠎ᠤᠨ ᠳᠣᠲᠣᠭᠠᠳᠤ᠎ᠶ᠋ᠢᠨ ᠲᠡᠷᠢᠭᠦᠨ᠎ᠤ᠎ᠬᠢ᠎ᠪᠠᠷ ᠪᠠᠷᠢᠮᠵᠢᠶᠠᠯᠠᠵᠤ᠂ ᠨᠢᠭᠡ ᠡᠳᠦᠷ᠎ᠲᠤ ᠭᠦᠢᠴᠡᠳᠭᠡᠵᠦ᠍ ᠳᠠᠭᠤᠰᠭᠠᠬᠤ》 ᠠᠵᠢᠯ᠎ᠤᠨ ᠶᠡᠷᠦᠩᠬᠡᠶ ᠬᠠᠷᠠᠯᠲᠠ ᠶᠣᠰᠣᠭᠠᠷ᠂ ᠭᠤᠭ᠍ᠴᠤᠭ᠎ᠠ᠎ᠶ᠋ᠢ ᠪᠠᠭᠠᠰᠭᠠᠬᠤ᠂ ᠲᠡᠰ ᠲᠠᠷᠠᠭᠠᠯᠠᠯ᠎ᠢ ᠱᠢᠯᠢᠳᠡᠭ᠌ᠵᠢᠭᠦᠯᠬᠦ᠂ ᠥᠪᠡᠷ᠎ᠤᠨ ᠥᠷᠲᠡᠭ᠎ᠢ ᠪᠠᠭᠤᠷᠠᠭᠤᠯᠬᠤ ᠵᠡᠷᠭᠡ ᠠᠯᠢ ᠣᠯᠠᠨ ᠪᠣᠳᠠᠲᠠᠶ ᠠᠷᠭ᠎ᠠ ᠬᠡᠮᠵᠢᠶ᠎ᠡ᠎ᠪᠠᠷ ᠳᠠᠮᠵᠢᠨ᠂ ᠠᠵᠤ ᠠᠬᠤᠢᠯᠠᠯ ᠡᠷᠭᠢᠯᠡᠬᠦ᠌ ᠲᠤᠬᠠᠢᠯᠠᠭ᠍ᠰᠠᠨ ᠠᠵᠢᠯ᠎ᠢ ᠬᠦᠢᠴᠡᠤᠨᠬᠡᠬᠦ᠌ ᠦᠢᠯᠡᠴᠢᠯᠡᠭᠡᠨ᠎ᠤ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠤᠨ᠂ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠴᠢᠨᠠᠬ᠍ᠰᠢᠳᠠ ᠬᠦᠭ᠌ᠵᠢᠭᠡᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠤ ᠦᠢᠯᠡᠴᠢᠯᠡᠬᠦ᠌ ᠪᠤᠯᠤᠨ᠎ᠡ᠃

ᠬᠤᠷᠠᠯ ᠳᠡᠭᠡᠷ᠎ᠡ᠂ ᠪᠤᠭᠤᠲᠤ ᠬᠤᠲᠠ᠎ᠶ᠋ᠢᠨ ᠵᠠᠰᠠᠭ᠎ᠤᠨ ᠣᠷᠳᠣᠨ᠂ ᠪᠥᠲᠥᠭᠡᠨ ᠪᠠᠢᠭᠤᠯᠤᠯᠲᠠ᠎ᠶ᠋ᠢᠨ ᠪᠠᠩᠬᠢ᠎ᠶ᠋ᠢᠨ ᠥᠪᠥᠷ ᠮᠣᠩᠭᠤᠯ᠎ᠤᠨ ᠬᠤᠪᠢᠶᠠᠷᠢ ᠪᠠᠩᠬᠢ᠂ ᠱᠢᠯᠢ᠎ᠶ᠋ᠢᠨ ᠭᠤᠤᠯ ᠠᠢᠮᠠᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠬᠠᠷᠢᠭᠤᠴᠠᠯᠭᠠᠲᠠᠳ ᠰᠠᠨᠠᠯ᠎ᠢᠶᠠᠨ ᠰᠤᠯᠢᠯᠴᠠᠪᠠ᠃ ᠬᠤᠷᠠᠯ᠎ᠳᠤ ᠣᠷᠣᠯᠴᠠᠭ᠍ᠰᠠᠳ ᠪᠤᠭᠤᠲᠤ ᠬᠤᠲᠠ᠎ᠶ᠋ᠢᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠢᠩᠬᠢᠮ᠎ᠤᠨ ᠠᠵᠤ ᠠᠬᠤᠢᠯᠠᠯ᠎ᠤᠨ 《ᠨᠢᠭᠡ ᠰᠦᠯᠵᠢᠶᠡᠨ᠎ᠳᠤ ᠪᠦᠬᠦᠨ᠎ᠢ ᠬᠦᠢᠴᠡᠳᠭᠡᠬᠦ᠌》 ᠲᠤᠬᠠᠢᠯᠠᠭ᠍ᠰᠠᠨ ᠠᠵᠢᠯ᠎ᠢ ᠭᠦᠢᠴᠡᠳᠭᠡᠬᠦ᠌᠎ᠶ᠋ᠢ ᠲᠤᠬᠠᠶ᠎ᠶ᠋ᠢᠨ ᠲᠠᠯᠠᠪᠠᠢ᠎ᠳᠤ ᠲᠣᠭᠤᠷᠢᠨ ᠦᠵᠡᠭ᠌ᠰᠡᠨ᠎ᠤ ᠬᠠᠮᠲᠤ ᠲᠤᠬᠠᠶ᠎ᠶ᠋ᠢᠨ ᠲᠠᠯᠠᠪᠠᠢ᠎ᠳᠤ ᠥᠪᠥᠷ ᠮᠣᠩᠭᠤᠯ᠎ᠤᠨ ᠠᠵᠤ ᠠᠬᠤᠢᠯᠠᠯ᠎ᠤᠨ ᠡᠯᠧᠺᠲᠷᠣᠨ ᠲᠠᠮᠠᠭ᠎ᠠ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ᠎ᠢ ᠠᠱᠢᠬ᠍ᠯᠠᠯᠳᠠ᠎ᠳᠤ ᠤᠷᠤᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号