ᠲᠦᠷᠦᠭᠦᠭᠡᠨ᠂ ᠬᠦᠬᠡᠬᠤᠳᠠ᠎ᠶ᠋ᠢᠨ ᠱᠢᠨ᠎ᠠ ᠬᠤᠳᠠ ᠲᠤᠭᠤᠷᠢᠭ᠎ᠤᠨ ᠨᠠᠮ᠎ᠤᠨ ᠬᠤᠷᠢᠶᠠᠨ᠎ᠤ ᠵᠤᠬᠢᠶᠠᠨ ᠪᠠᠢᠭᠤᠯᠬᠤ ᠬᠡᠯᠳᠡᠰ᠎ᠤᠨ ᠬᠠᠮᠢᠶ᠎ᠠ ᠪᠦᠬᠦᠢ ᠬᠠᠷᠢᠭᠤᠴᠠᠯᠭᠠᠳᠠᠨ᠎ᠢᠶᠠᠷ ᠪᠦᠷᠢᠯᠳᠦᠭ᠌ᠰᠡᠨ ᠲᠤᠬᠤᠨᠢᠭᠤᠯᠬᠤ ᠲᠤᠭᠤᠢ᠍ᠢᠯᠠᠩ ᠱᠢᠨ᠎ᠠ ᠬᠤᠳᠠ ᠲᠤᠭᠤᠷᠢᠭ᠎ᠤᠨ ᠠᠬᠠᠮᠠᠳ ᠺᠠᠳ᠋ᠷ ᠪᠣᠯᠤᠨ ᠠᠮᠢᠳᠤᠷᠠᠯ᠎ᠨᠢ ᠬᠦᠴᠢᠷᠳᠡᠯᠲᠡᠶ ᠨᠠᠮ᠎ᠤᠨ ᠭᠡᠱᠢᠭᠦᠨ᠎ᠢ ᠪᠣᠯᠭᠤᠭᠠᠨ ᠲᠣᠬᠤᠨᠢᠭᠤᠯᠵᠤ᠂ ᠲᠡᠳᠡᠨᠤᠰ᠎ᠲᠤ ᠨᠠᠮ ᠵᠠᠰᠠᠭ᠎ᠤᠨ ᠬᠠᠢᠷ᠎ᠠ ᠬᠠᠯᠠᠮᠵᠢ᠎ᠶ᠋ᠢ ᠬᠦᠷᠭᠡᠭ᠌ᠰᠡᠨ ᠪᠥᠭᠡᠳ ᠪᠠᠶᠠᠷ᠎ᠤᠨ ᠡᠳᠦᠷ᠎ᠤᠨ ᠮᠡᠨᠳᠦᠴᠢᠯᠡᠯ ᠳᠡᠪᠱᠢᠭᠦᠯᠪᠡ᠃
ᠲᠤᠬᠤᠨᠢᠭᠤᠯᠬᠤ ᠲᠤᠭᠤᠢ᠍ᠢᠯᠠᠩ᠎ᠤᠨ᠎ᠬᠢᠨ ᠠᠬᠠᠮᠠᠳ ᠨᠠᠮ᠎ᠤᠨ ᠭᠡᠱᠢᠭᠦᠨ ᠯᠢᠦ ᠳ᠋ᠧ ᠴᠦᠨ᠎ᠤ ᠭᠡᠷ᠎ᠲᠤ ᠬᠦᠷᠴᠤ᠌ ᠨᠠᠰᠤᠲᠠᠨ᠎ᠲᠠᠢ ᠳᠣᠲᠣᠨᠣ᠎ᠪᠠᠷ ᠶᠠᠷᠢᠯᠴᠠᠵᠤ᠂ ᠨᠠᠰᠤᠲᠠᠨ᠎ᠤ ᠪᠡᠶ᠎ᠡ᠎ᠶ᠋ᠢᠨ ᠪᠠᠢᠳᠠᠯ᠂ ᠠᠮᠢᠳᠤᠷᠠᠯ᠎ᠤᠨ ᠪᠠᠢᠳᠠᠯ᠎ᠢ ᠨᠠᠷᠢᠨ ᠤᠢ᠍ᠢᠯᠠᠭᠠᠭ᠍ᠰᠠᠨ ᠪᠥᠭᠡᠳ ᠨᠠᠰᠤᠲᠠᠨ᠎ᠳᠤ 《ᠨᠠᠮ᠎ᠤᠨ ᠭᠡᠱᠢᠬᠦᠨ ᠪᠤᠯᠤᠭ᠍ᠰᠠᠨ ᠢᠷᠠᠭᠤ ᠠᠯᠳᠠᠷᠲᠠᠢ 50 ᠵᠢᠯ》 ᠤᠨ ᠳᠤᠷᠠᠰᠭᠠᠯ᠎ᠤᠨ ᠲᠡᠮᠳᠡᠭ ᠪᠣᠯᠤᠨ ᠲᠣᠬᠤᠨᠢᠭᠤᠯᠬᠤ ᠮᠥᠩᠭᠦ᠌ ᠬᠦᠷᠭᠡᠪᠡ᠃ ᠠᠮᠢᠳᠤᠷᠠᠯ᠎ᠨᠢ ᠬᠦᠴᠢᠷᠳᠡᠯᠲᠡᠢ ᠨᠠᠮ᠎ᠤᠨ ᠭᠡᠱᠢᠭᠦᠨ ᠽᠦᠸᠧ ᠴᠧᠨᠤ ᠭᠡᠷ᠎ᠲᠤ ᠬᠦᠷᠴᠤ᠌ ᠲᠡᠬᠦᠨ᠎ᠤ ᠪᠡᠶ᠎ᠡ᠎ᠶ᠋ᠢᠨ ᠪᠠᠢᠳᠠᠯ ᠪᠣᠯᠤᠨ ᠠᠮᠢᠳᠤᠷᠠᠯ᠎ᠤᠨ ᠪᠠᠢᠳᠠᠯ᠎ᠢ ᠬᠠᠯᠠᠮᠵᠢᠯᠠᠨ ᠠᠰᠠᠭᠤᠭ᠍ᠰᠠᠨ ᠪᠥᠭᠡᠳ ᠲᠣᠬᠤᠨᠢᠭᠤᠯᠬᠤ ᠮᠥᠩᠭᠦ᠌ ᠬᠦᠷᠭᠡᠵᠤ᠂ ᠠᠬᠠᠮᠠᠳ ᠨᠠᠮ᠎ᠤᠨ ᠭᠡᠱᠢᠭᠦᠨ᠎ᠤ ᠠᠮᠢᠳᠤᠷᠠᠯ᠎ᠢ ᠢᠯᠡᠭᠦᠬᠡᠨ ᠬᠠᠯᠠᠮᠵᠢᠯᠠᠵᠤ᠂ ᠲᠡᠳᠡᠨ᠎ᠢ ᠥᠲᠡᠯᠦᠭᠡ ᠨᠠᠰᠤ᠎ᠪᠠᠨ ᠪᠠᠶᠠᠷ ᠵᠢᠷᠭᠠᠯ᠎ᠲᠠᠢ ᠥᠩᠭᠡᠷᠡᠭᠦᠯᠵᠤ᠂ ᠦᠷᠭᠦᠯᠵᠢᠯᠡᠨ ᠢᠳᠡᠪᠬᠢᠲᠡᠢ ᠪᠠᠶᠠᠰᠤᠩᠭᠤᠢ ᠣᠪᠣᠷ᠎ᠢᠶᠠᠷ ᠡᠪ ᠬᠠᠮᠲᠤ ᠨᠠᠮ᠎ᠤᠨ ᠭᠡᠱᠢᠭᠦᠨ᠎ᠤ ᠤᠤᠷ ᠴᠢᠨᠠᠷ᠎ᠢᠶᠠᠨ ᠪᠠᠲᠤᠯᠠᠵᠤ᠂ ᠬᠦᠴᠢᠷᠳᠡᠯᠲᠡᠶ ᠪᠣᠯ ᠴᠠᠭ ᠲᠤᠬᠠᠢᠳᠤᠨᠢ ᠨᠠᠮ᠎ᠤᠨ ᠵᠣᠬᠢᠶᠠᠨ ᠪᠠᠢᠭᠤᠯᠤᠯᠲᠠ᠎ᠳᠤ ᠲᠤᠰᠭᠠᠬᠤ᠎ᠶ᠋ᠢ ᠬᠦᠰᠡᠪᠡ᠃ ᠡᠭᠦᠨ᠎ᠤ ᠬᠠᠮᠲᠤ᠌᠂ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠽᠦᠸᠧ ᠴᠧᠨᠤ ᠨᠢᠭᠡ ᠭᠡᠷ᠎ᠤᠨ ᠠᠮᠢᠳᠤᠷᠠᠯ᠎ᠢ ᠰᠠᠨᠠᠭᠠᠴᠢᠯᠠᠭ᠎ᠠ᠎ᠠᠴᠠ᠎ᠪᠠᠨ ᠬᠠᠯᠠᠮᠵᠢᠯᠠᠵᠤ᠂ ᠲᠡᠳᠡᠨ᠎ᠤ ᠰᠡᠳᠭᠢᠯ᠎ᠤᠨ ᠳᠠᠭᠤᠨ᠎ᠢ ᠰᠣᠨᠣᠰᠴᠤ᠌᠂ ᠬᠦᠴᠢᠷ ᠵᠣᠪᠠᠭᠤᠷᠢ᠎ᠶ᠋ᠢ ᠴᠠᠭ ᠲᠤᠬᠠᠢᠳᠤᠨᠢ ᠱᠢᠢᠳᠪᠦᠷᠢᠯᠡᠵᠦ᠍᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠠᠯᠠᠮᠵᠢᠯᠠᠯ᠂ ᠬᠠᠪᠰᠤᠷᠤᠯᠭ᠎ᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠱᠠᠭᠠᠷᠳᠠᠪᠠ᠃
ᠲᠤᠰ ᠤᠳᠠᠭ᠎ᠠ᠎ᠶ᠋ᠢᠨ ᠠᠵᠢᠯᠯᠠᠭ᠎ᠠ᠎ᠨᠢ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠲᠠᠢ ᠤᠶᠠᠯᠳᠤᠭᠤᠯᠤᠨ᠂ ᠠᠬᠠᠮᠠᠳ ᠨᠠᠮ᠎ᠤᠨ ᠭᠡᠱᠢᠬᠦᠨ᠎ᠠᠴᠠ ᠰᠤᠷᠤᠯᠴᠠᠬᠤ ᠠᠵᠢᠯᠯᠠᠭ᠎ᠠ᠎ᠶ᠋ᠢ ᠢᠳᠡᠪᠬᠢᠳᠠᠢ ᠦᠷᠨᠢᠬᠦᠯᠵᠤ᠂ ᠲᠠᠳᠠᠨ᠎ᠤ ᠲᠡᠰᠪᠦᠷᠢ ᠬᠠᠲᠠᠭᠤᠵᠢᠯᠲᠠᠢ ᠲᠡᠮᠡᠴᠡᠬᠦ᠌ ᠱᠢᠯᠢᠳᠡᠭ ᠰᠤᠷᠲᠠᠯ᠎ᠢ ᠰᠠᠢᠲᠤᠷ ᠤᠯᠠᠮᠵᠢᠯᠠᠵᠤ᠂ ᠢᠳᠡᠭᠡᠯ ᠵᠤᠷᠢᠭ ᠡᠷᠡᠰ ᠪᠠᠳᠤ ᠤᠯᠤᠰ ᠲᠦᠷᠦ᠎ᠶ᠋ᠢᠨ ᠬᠡᠪ ᠰᠤᠷᠳᠠᠯ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠠᠷᠠᠳ᠎ᠤᠨ ᠲᠦᠯᠦᠭᠡ ᠬᠡᠬᠦ᠌ ᠬᠠᠢᠷ᠎ᠠ ᠰᠡᠳᠭᠢᠯᠭᠡ᠂ ᠬᠠᠳᠠᠭᠤᠵᠢᠯᠳᠠᠢ ᠪᠤᠷᠤᠭ᠍ᠵᠢᠭᠤᠨ ᠠᠮᠢᠳᠤᠷᠠᠯ᠎ᠤᠨ ᠰᠤᠷᠳᠠᠯ᠎ᠢ ᠰᠤᠷᠤᠯᠴᠠᠬᠤ᠎ᠶ᠋ᠢ ᠵᠤᠷᠢᠵᠠᠢ᠃