ᠲᠦᠩᠯᠢᠶᠣᠤ ᠬᠤᠲᠠ ᠵᠠᠰᠠᠭ᠎ᠤᠨ ᠣᠷᠳᠣᠨ᠎ᠤ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠪᠠᠨ ᠴᠢᠩᠭᠠᠳᠭᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢᠶᠠᠨ ᠱᠢᠯᠢᠳᠡᠭ᠌ᠵᠢᠭᠦᠯᠵᠤ ᠪᠠᠢᠨ᠎ᠠ
2021-07-12 09:41:04
ᠵᠣᠬᠢᠶᠠᠭ᠍ᠴᠢ᠄
ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ ᠲᠦᠩᠯᠢᠶᠣᠤ ᠬᠤᠲᠠ ᠵᠠᠰᠠᠭ᠎ᠤᠨ ᠣᠷᠳᠣᠨ᠎ᠤ ᠨᠡᠢᠭᠡᠮ᠎ᠤᠨ ᠢᠲᠡᠭᠡᠮᠵᠢ᠎ᠶ᠋ᠢᠨ ᠱᠢᠰᠲ᠋ᠧᠮ᠎ᠤᠨ ᠪᠠᠢᠭᠤᠯᠤᠯᠲᠠ᠎ᠳᠠᠬᠢ ᠬᠥᠲᠥᠯᠦᠨ ᠳᠠᠭᠠᠭᠤᠯᠬᠤ᠂ ᠵᠢᠱ᠌ᠢᠶ᠎ᠡ ᠦᠵᠡᠭᠦᠯᠬᠦ᠂ ᠥᠯᠢᠭᠡᠷ ᠳᠠᠭᠤᠷᠢᠶᠠᠯ ᠪᠣᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠵᠠᠰᠠᠭ᠎ᠤᠨ ᠣᠷᠳᠣᠨ᠎ᠤ ᠦᠨᠡᠨᠴᠢ ᠢᠲᠡᠭᠡᠮᠵᠢ᠎ᠶ᠋ᠢ ᠴᠢᠩᠭᠠᠳᠭᠠᠬᠤ᠎ᠶ᠋ᠢᠨ ᠲᠥᠯᠥᠭᠡ᠂ 《ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌ ᠦᠨᠡᠨᠴᠢ ᠢᠲᠡᠭᠡᠮᠵᠢᠳᠠᠢ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠳᠡᠭᠡᠭ᠌ᠰᠢᠯᠡᠭᠦᠯᠬᠦ᠌ ᠲᠤᠰᠭᠠᠢ ᠬᠡᠷᠡᠭ᠌ᠵᠢᠭᠦᠯᠬᠦ᠌ ᠲᠥᠰᠦᠯ》 ᠎ᠢ ᠳᠠᠷᠤᠮᠠᠯᠯᠠᠨ ᠲᠠᠷᠬᠠᠭᠠᠵᠤ᠂ ᠬᠤᠶᠠᠷ ᠭᠤᠤᠯᠳᠠᠯᠭ᠎ᠠ᠎ᠲᠠᠢ ᠡᠭᠦᠷᠭᠡ᠎ᠪᠠᠷ ᠭᠤᠤᠯ ᠱᠢᠵᠢᠮ ᠪᠣᠯᠭᠠᠨ᠂ ᠦᠨᠡᠨᠴᠢ ᠢᠲᠡᠭᠡᠮᠵᠢᠲᠡᠶ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢᠨ ᠠᠵᠢᠯ᠎ᠢ ᠭᠦᠨᠵᠡᠭᠡᠶ ᠠᠬᠢᠭᠤᠯᠵᠤ᠂ ᠠᠵᠤ ᠠᠬᠤᠢᠯᠠᠯ ᠣᠯᠠᠨ ᠲᠦᠮᠡᠨ᠎ᠤ ᠱᠢᠨ᠎ᠡ᠎ᠶ᠋ᠢ ᠡᠭᠦᠳᠦᠨ  ᠦᠢᠯᠡᠰ ᠪᠤᠰᠭᠠᠬᠤ᠎ᠳᠤ ᠰᠠᠢᠨ ᠰᠠᠢᠬᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠪᠣᠶ ᠪᠣᠯᠭᠠᠨ ᠥᠭ᠌ᠴᠥ ᠪᠠᠢᠨ᠎ᠠ᠃

ᠬᠠᠤᠯᠢ ᠶᠣᠰᠣᠨ᠎ᠤ ᠭᠡᠷ᠎ᠡ ᠵᠥᠪᠳᠡᠯᠴᠡᠭᠡᠷ ᠪᠠ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠪᠥᠬᠦ᠌ ᠲᠠᠯ᠎ᠠ᠎ᠪᠠᠷ ᠨᠠᠷᠢᠯᠢᠭ ᠪᠣᠳᠠᠲᠠᠢᠵᠢᠭᠤᠯᠤᠨ᠎ᠠ᠃ 《ᠬᠡᠨ ᠭᠡᠷ᠎ᠡ ᠲᠣᠭ᠍ᠲᠠᠪᠠᠯ᠂ ᠲᠡᠷᠡ ᠭᠤᠤᠯ ᠠᠳᠭᠤᠬᠤ》 ᠪᠠ ᠬᠠᠷᠢᠶ᠎ᠠ ᠭᠠᠵᠠᠷ᠎ᠤᠨ᠎ᠬᠢᠨ ᠦᠢᠯᠡᠴᠢᠯᠡᠬᠦ᠌ ᠵᠠᠷᠴᠢᠮ᠎ᠢ ᠴᠢᠩᠭ᠎ᠠ ᠵᠢᠷᠤᠮᠯᠠᠨ᠂ ᠡᠯ᠎ᠡ ᠬᠤᠱᠢᠭᠤ ᠱᠢᠶᠠᠨ ᠬᠤᠲᠠ ᠲᠣᠭᠤᠷᠢᠭ ᠪᠠ ᠬᠤᠲᠠ᠎ᠶ᠋ᠢᠨ ᠱᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ᠎ᠤᠨ ᠥᠩᠭᠡᠷᠡᠭ᠌ᠰᠡᠨ ᠵᠢᠯ᠎ᠤᠳ᠎ᠤᠨ ᠬᠠᠤᠯᠢ ᠲᠦᠷᠢᠮ᠎ᠳᠤ ᠨᠡᠢᠴᠡᠬᠦ᠌ ᠪᠠᠢᠳᠠᠯ᠎ᠠ ᠥᠯᠥ᠍  ᠭᠦᠢᠴᠡᠳᠭᠡᠭ᠌ᠰᠡᠨ ᠭᠡᠷ᠎ᠡ᠂ ᠵᠥᠪᠳᠡᠯᠴᠡᠭᠡᠷ ᠪᠠ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠡᠮᠬᠢᠯᠡᠨ ᠳᠢᠭ᠌ᠯᠡᠵᠦ᠍᠂ ᠪᠤᠳᠠᠳᠠᠢᠵᠢᠭᠤᠯᠬᠤ ᠨᠡᠷᠢᠨ ᠡᠬᠡ ᠲᠠᠩᠰᠠ ᠵᠤᠬᠢᠶᠠᠵᠦ᠍᠂ ᠪᠣᠳᠠᠲᠠᠢᠵᠢᠭᠤᠯᠬᠤ ᠲᠥᠰᠦᠯ ᠲᠣᠭ᠍ᠲᠠᠭᠠᠵᠤ᠂ ᠵᠦᠢᠯ ᠵᠤᠷᠪᠤᠰ ᠳᠠᠷᠠᠭᠠᠯᠠᠨ ᠪᠤᠳᠠᠳᠠᠢᠵᠢᠭᠤᠯᠵᠦ᠍᠂ 8 ᠰᠠᠷ᠎ᠠ᠎ᠶ᠋ᠢᠨ ᠰᠡᠭᠦᠯᠴᠢ᠎ᠠᠴᠠ ᠡᠮᠦᠨ᠎ᠡ ᠪᠤᠳᠠᠳᠠᠢᠵᠢᠭᠤᠯᠬᠤ ᠨᠥᠬᠦᠴᠡᠯ᠎ᠢ ᠪᠦᠷᠢᠯᠳᠦᠭᠦᠯᠦᠭ᠌ᠰᠡᠨ ᠪᠠᠢᠪᠠᠯ ᠪᠦᠬᠦᠨ᠎ᠢ ᠪᠡᠶᠡᠯᠡᠭᠦᠯᠵᠤ᠂ ᠪᠤᠳᠠᠳᠠᠢᠵᠢᠭᠤᠯᠬᠤ ᠨᠥᠬᠦᠴᠡᠯ᠎ᠢ ᠲᠦᠷ ᠪᠦᠷᠢᠯᠳᠦᠬᠦᠯᠦᠭᠡᠳᠦᠶ ᠪᠣᠯ ᠳᠤᠳᠤᠷᠬᠠᠢ ᠲᠥᠯᠥᠪᠯᠡᠭᠡ ᠲᠤᠬ᠍ᠳᠠᠭᠠᠨ᠂ ᠠᠯᠬᠤᠮ ᠠᠯᠬᠤᠮ᠎ᠢᠶᠠᠷ ᠪᠡᠶᠡᠯᠡᠭᠦᠯᠬᠦ᠌᠎ᠪᠠᠷ ᠴᠢᠷᠮᠠᠢᠵᠤ ᠪᠠᠢᠨ᠎ᠠ᠃ ᠡᠭᠦᠨ᠎ᠤ ᠬᠠᠮᠲᠤ᠌᠂ ᠱᠢᠨ᠎ᠡ᠎ᠪᠠᠷ ᠲᠣᠭ᠍ᠲᠠᠭᠠᠭ᠍ᠰᠠᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ ᠪᠠ ᠭᠡᠷ᠎ᠡ᠂ ᠵᠥᠪᠯᠡᠯᠴᠡᠭᠡᠷ᠎ᠤᠨ ᠬᠠᠤᠯᠢ ᠶᠣᠰᠣᠴᠢ ᠴᠢᠨᠠᠷ᠎ᠤᠨ ᠬᠢᠨᠠᠨ ᠪᠠᠢᠴᠠᠭᠠᠯᠲᠠ᠎ᠶ᠋ᠢ ᠴᠢᠩᠭᠠᠳᠭᠠᠵᠤ ᠪᠤᠢ᠃

ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠲᠥᠷᠥᠯ ᠵᠦᠢᠯ᠎ᠳᠠᠬᠢ ᠠᠵᠤ ᠠᠬᠤᠢᠯᠠᠯ᠎ᠳᠤ ᠵᠣᠭᠤᠰ ᠥᠷᠢᠲᠦᠵᠤ ᠪᠠᠢᠭ᠎ᠠ ᠥᠵᠡᠭ᠌ᠳᠡᠯ᠎ᠢ ᠬᠦᠴᠦᠯᠡᠨ ᠱᠢᠢᠳᠪᠦᠷᠢᠯᠡᠨ᠎ᠡ᠃ ᠡᠯ᠎ᠡ ᠬᠤᠱᠢᠭᠤ ᠱᠢᠶᠠᠨ ᠬᠤᠲᠠ ᠲᠣᠭᠤᠷᠢᠭ ᠲᠤᠰ ᠭᠠᠵᠠᠷ ᠣᠷᠣᠨ᠎ᠤ᠎ᠪᠠᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠲᠥᠷᠥᠯ ᠵᠦᠢᠯ᠎ᠤᠨ ᠠᠷᠠᠳ᠎ᠤᠨ ᠡᠵᠡᠩᠨᠡᠯᠳᠡ᠎ᠶ᠋ᠢᠨ ᠠᠵᠤ ᠠᠬᠤᠢᠯᠠᠯ ᠪᠠ ᠳᠤᠮᠳᠠ ᠪᠠᠭ᠎ᠠ ᠠᠵᠤ ᠠᠬᠤᠢᠯᠠᠯ᠎ᠳᠤ ᠥᠷᠢᠲᠦᠵᠦ᠍ ᠪᠠᠢᠭ᠎ᠠ ᠵᠣᠭᠤᠰ᠎ᠢ ᠪᠦᠷᠢᠳᠭᠡᠵᠦ᠍᠂ ᠳᠠᠷᠦ᠋ᠢᠬᠠᠨ ᠪᠤᠴᠠᠭᠠᠵᠤ ᠳᠡᠢᠯᠬᠦ᠌᠎ᠶ᠋ᠢ᠎ᠨᠢ ᠳᠠᠷᠦ᠋ᠢᠬᠠᠨ ᠪᠤᠴᠠᠭᠠᠨ᠂ ᠲᠦᠷ ᠪᠤᠴᠠᠭᠠᠬᠤ ᠴᠢᠳᠠᠯ ᠦᠭᠡᠶ ᠪᠣᠯ ᠪᠤᠴᠠᠭᠠᠬᠤ ᠲᠥᠯᠥᠪᠯᠡᠭᠡ ᠲᠣᠭ᠍ᠲᠠᠭᠠᠵᠤ᠂ ᠲᠥᠯᠥᠪᠯᠡᠭᠡ ᠶᠣᠰᠣᠭᠠᠷ ᠪᠤᠴᠠᠭᠠᠬᠤ᠂ ᠥᠷᠢᠲᠦᠵᠦ᠍ ᠪᠠᠢᠭ᠎ᠠ ᠵᠣᠭᠤᠰ᠎ᠢ ᠪᠤᠴᠠᠭᠠᠬᠤ ᠲᠣᠳᠣᠷᠬᠠᠶ ᠳᠠᠩᠰᠠ ᠪᠠ ᠠᠵᠢᠯ᠎ᠤᠨ ᠡᠬᠡ ᠳᠠᠩᠰᠠ ᠵᠤᠬᠢᠶᠠᠬᠤ᠎ᠶ᠋ᠢ ᠱᠠᠯᠠᠪᠳᠠᠭᠤᠯᠵᠤ ᠪᠠᠢᠨ᠎ᠠ᠃ ᠲᠤᠰ ᠬᠤᠲᠠ᠎ᠶ᠋ᠢᠨ ᠠᠵᠤ  ᠦᠢᠯᠡᠳᠪᠤᠷᠢ ᠪᠤᠯᠤᠨ ᠮᠡᠳᠡᠭᠡ ᠵᠠᠩᠭᠢᠵᠢᠯᠲᠠ᠎ᠶ᠋ᠢᠨ ᠲᠣᠪᠴᠢᠶ᠎ᠠ᠎ᠠᠴᠠ ᠪᠥᠬᠦ᠌ ᠬᠤᠲᠠ᠎ᠶ᠋ᠢᠨ ᠬᠠᠤᠯᠢ ᠶᠣᠰᠣᠨ᠎ᠤ ᠭᠡᠷ᠎ᠡ ᠶᠣᠰᠣᠭᠠᠷ ᠠᠷᠠᠳ᠎ᠤᠨ ᠡᠵᠡᠩᠨᠡᠯᠳᠡ᠎ᠶ᠋ᠢᠨ ᠠᠵᠤ ᠠᠬᠤᠢᠯᠠᠯ ᠵᠢᠴᠢ ᠳᠤᠮᠳᠠ ᠵᠢᠵᠢᠭ ᠪᠠᠭ᠎ᠠ ᠠᠵᠤ ᠠᠬᠤᠢᠯᠠᠯ᠎ᠳᠤ ᠥᠷᠢᠳᠥᠵᠤ ᠪᠠᠢᠭ᠎ᠠ ᠵᠣᠭᠤᠰ᠎ᠢ ᠪᠤᠴᠠᠭᠠᠬᠤ᠎ᠶ᠋ᠢ ᠨᠢᠭᠡᠳᠦᠯᠲᠡᠶ ᠲᠥᠯᠥᠪᠵᠢᠬᠦᠯᠦᠨ ᠵᠣᠬᠢᠴᠠᠭᠤᠯᠵᠤ᠂ ᠡᠬᠡ ᠲᠠᠩᠰᠠ ᠵᠤᠬᠢᠶᠠᠨ᠂ ᠲᠤᠭ᠎ᠠ ᠪᠠᠷᠢᠮᠲᠠ᠎ᠶ᠋ᠢ ᠬᠤᠷᠢᠶᠠᠩᠭᠤᠢᠯᠠᠬᠤ ᠠᠵᠢᠯ᠎ᠢ᠎ᠶ᠋ᠢ ᠰᠠᠢᠲᠤᠷ ᠬᠢᠵᠦ᠍᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠢ ᠱᠠᠯᠠᠪᠳᠠᠭᠤᠯᠵᠦ᠍ ᠪᠠᠢᠭᠠᠳ ᠠᠵᠤ ᠠᠬᠤᠢᠯᠠᠯ᠎ᠳᠤ ᠥᠷᠢᠲᠦᠵᠦ᠍ ᠪᠠᠢᠭ᠎ᠠ ᠵᠣᠭᠤᠰ᠎ᠢ᠎ᠨᠢ ᠴᠠᠭ ᠲᠤᠬᠠᠶ᠎ᠳᠤᠨᠢ ᠪᠤᠴᠠᠭᠠᠯᠭᠠᠬᠤ᠎ᠶ᠋ᠢᠨ ᠬᠠᠮᠲᠤ ᠠᠷᠠᠳ᠎ᠤᠨ ᠡᠵᠡᠩᠨᠡᠯᠳᠡ᠎ᠶ᠋ᠢᠨ ᠠᠵᠤ ᠠᠬᠤᠢᠯᠠᠯ᠎ᠳᠤ ᠵᠣᠭᠤᠰ ᠦᠷᠢᠲᠦᠵᠦ᠍ ᠪᠠᠢᠭ᠎ᠠ ᠪᠠᠢᠳᠠᠯ᠎ᠢ ᠵᠠᠭᠠᠯᠳᠤᠵᠤ ᠢᠯᠡᠴᠢᠯᠡᠨ ᠮᠡᠳᠡᠭᠦᠯᠬᠦ᠌ ᠲᠣᠭ᠍ᠲᠠᠴᠠ ᠪᠠ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ ᠵᠢᠴᠢ ᠳᠤᠮᠳᠠ ᠪᠠᠭ᠎ᠠ ᠠᠵᠤ ᠠᠬᠤᠢᠯᠠᠯ᠎ᠳᠤ ᠵᠣᠭᠤᠰ ᠥᠷᠢᠳᠥᠬᠦ᠌᠎ᠶ᠋ᠢ ᠤᠷᠢᠳᠴᠢᠯᠠᠨ ᠰᠡᠷᠭᠡᠢᠯᠡᠬᠦ᠌ ᠲᠣᠭ᠍ᠲᠠᠴᠠ ᠪᠠᠢᠭᠤᠯᠵᠤ᠂ ᠱᠢᠨ᠎ᠡ᠎ᠪᠠᠷ ᠥᠷᠢᠲᠦᠬᠦ᠌ ᠪᠠᠢᠳᠠᠯ ᠡᠭᠦᠰᠭᠦ᠎ᠶ᠋ᠢ ᠡᠷᠡᠰ ᠰᠡᠷᠭᠡᠢᠯᠡᠨ ᠬᠤᠷᠢᠬ᠍ᠯᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号