ᠴᠠᠭᠠᠨ ᠮᠤᠷᠢᠲᠤ ᠡᠷᠦᠭᠡ᠎ᠶ᠋ᠢᠨ ᠴᠡᠷᠢᠭ᠎ᠤᠨ ᠠᠭᠤᠯᠵᠠᠯᠲᠠ
2021-07-16 11:10:23
ᠵᠣᠬᠢᠶᠠᠭ᠍ᠴᠢ᠄
​ ᠱᠢᠨᠠᠨᠠᠪᠴᠢ ᠬᠦᠴᠦᠨᠳᠡᠭᠦᠰ
ᠣᠩᠱᠢᠭ᠍ᠰᠠᠨ ᠣᠳᠠᠭ᠎ᠠ᠄
★★★☆☆

ᠲᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢᠨ ᠪᠠᠶᠠᠷ᠎ᠢ ᠲᠤᠬᠢᠶᠠᠯᠳᠤᠭᠤᠯᠤᠨ᠂ ᠪᠠᠷᠠᠭᠤᠨ ᠦᠵᠦᠮᠦᠴᠢᠨ ᠬᠤᠱᠢᠭᠤᠨ᠎ᠤ ᠤᠤᠯ᠎ᠤᠨ ᠠᠯᠳᠠᠩᠭᠤᠤᠯ ᠰᠤᠮᠤᠨ᠎ᠤ ᠲᠠᠪᠤᠨ ᠭᠠᠴᠠᠭᠠᠨ᠎ᠤ ᠴᠠᠭᠠᠨ ᠮᠤᠷᠢᠲᠤ ᠡᠷᠦᠬᠡ᠎ᠶ᠋ᠢᠨ ᠴᠡᠷᠢᠭ᠎ᠤᠨ ᠠᠬᠠᠮᠠᠳ ᠨᠢᠭᠡ ᠦᠶ᠎ᠡ᠎ᠶ᠋ᠢᠨ᠎ᠬᠢᠨ 7 ᠰᠠᠷ᠎ᠠ᠎ᠶ᠋ᠢᠨ 9 ᠎ᠤ ᠡᠲᠦᠷ᠂ ᠬᠤᠭᠤᠯᠠᠲᠤ᠎ᠶ᠋ᠢᠨ ᠭᠤᠤᠯ ᠪᠠᠯᠭᠠᠰᠤᠨ᠎ᠤ ᠪᠠᠶᠠᠨᠪᠤᠯᠠᠭ ᠭᠠᠴᠠᠭᠠᠨ᠎ᠳᠤ ᠲᠦᠪᠯᠡᠷᠡᠬᠦᠯᠦᠨ ᠪᠤᠯᠪᠠᠰᠤᠷᠠᠵᠤ ᠪᠠᠢᠭ᠎ᠠ ᠪᠠᠷᠠᠭᠤᠨ ᠦᠵᠦᠮᠦᠴᠢᠨ ᠬᠤᠱᠢᠭᠤᠨ᠎ᠤ ᠱᠢᠨ᠎ᠡ ᠴᠠᠭ ᠦᠶ᠎ᠡ᠎ᠶ᠋ᠢᠨ ᠡᠷᠦᠭᠡ᠎ᠶ᠋ᠢᠨ ᠴᠡᠷᠢᠭ᠎ᠤᠨ ᠴᠠᠭᠠᠨ ᠮᠤᠷᠢᠲᠤ ᠰᠤᠮᠤᠨ᠎ᠳᠤ ᠬᠦᠷᠴᠦ᠍᠂ ᠡᠷᠬᠢᠨ ᠲᠤᠬᠤᠨᠢᠭᠤᠯᠬᠤ᠎ᠶ᠋ᠢᠨ ᠬᠠᠮᠲᠤ ᠪᠤᠯᠪᠠᠰᠤᠷᠠᠯ ᠦᠵᠡᠭᠦᠯᠭᠡ᠎ᠶ᠋ᠢ᠎ᠨᠢ ᠰᠤᠨᠢᠷᠬᠠᠨ᠂ ᠨᠠᠨᠳᠢᠨ ᠲᠤᠷᠱᠢᠯᠭ᠎ᠠ᠎ᠪᠠᠨ ᠤᠯᠠᠮᠵᠢᠯᠠᠭ᠍ᠰᠠᠨ ᠪᠠᠢᠨ᠎ᠠ᠃

ᠲᠤᠰ ᠤᠳᠠᠭᠠᠨ᠎ᠤ ᠠᠭᠤᠯᠵᠠᠯᠲᠠ᠎ᠶ᠋ᠢ ᠤᠤᠯ᠎ᠤᠨ ᠠᠯᠳᠠᠩᠭᠤᠤᠯ ᠰᠤᠮᠤᠨ᠎ᠤ ᠲᠠᠪᠤᠨ ᠭᠠᠴᠠᠭᠠᠨ᠎ᠤ ᠴᠠᠭᠠᠨ ᠮᠤᠷᠢᠲᠤ ᠡᠷᠦᠬᠡ᠎ᠶ᠋ᠢᠨ ᠴᠡᠷᠢᠭ᠎ᠤᠨ ᠠᠬᠠᠮᠠᠳ᠎ᠢᠶᠠᠷ ᠪᠦᠷᠢᠯᠳᠦᠭ᠌ᠰᠡᠨ 《ᠲᠤᠷᠠᠰᠤᠮᠵᠢ》 ᠵᠢᠷᠬᠢᠶ᠎ᠡ᠎ᠶ᠋ᠢᠨ ᠬᠤᠯᠪᠤᠭᠠᠨ᠎ᠤ ᠠᠬᠠᠯᠠᠭ᠍ᠴᠢ ᠤᠶᠤᠠᠭᠡᠷᠡᠯ᠂ ᠰᠡᠴᠡᠨ᠂ ᠪᠠᠳᠮ᠎ᠠ ᠨᠠᠷ᠎ᠠᠴᠠ ᠰᠠᠨᠠᠭᠠᠴᠢᠯᠠᠨ ᠵᠤᠬᠢᠶᠠᠨ ᠪᠠᠢᠭᠤᠯᠤᠭ᠍ᠰᠠᠨ ᠪᠦᠬᠡᠳ ᠨᠡᠢᠲᠡ 72 ᠬᠡᠱᠢᠬᠦᠨ᠎ᠤ 37 ᠎ᠨᠢ ᠬᠦᠷᠦᠯᠴᠡᠨ ᠢᠷᠡᠵᠦ᠍᠂ ᠵᠠᠯᠠᠭᠤ ᠽᠠᠨᠳᠠᠨ ᠨᠠᠰᠤᠨ᠎ᠤ ᠦᠩᠭᠡ ᠭᠡᠷᠡᠯᠲᠤ ᠲᠡᠦᠬᠡ᠎ᠪᠠᠨ ᠡᠷᠬᠢᠴᠡᠬᠦᠯᠦᠨ᠂ ᠱᠢᠨ᠎ᠠ ᠴᠠᠭ ᠦᠶ᠎ᠡ᠎ᠶ᠋ᠢᠨ ᠴᠠᠭᠠᠨ ᠮᠤᠷᠢᠲᠤ ᠡᠷᠦᠬᠡ᠎ᠶ᠋ᠢᠨ ᠴᠡᠷᠢᠭ᠎ᠤᠨ ᠪᠤᠯᠪᠠᠰᠤᠷᠠᠯ᠎ᠤᠨ ᠤᠷᠴᠢᠨ᠂ ᠪᠤᠯᠪᠠᠰᠤᠷᠠᠯ ᠰᠤᠷᠢᠯᠲᠠ ᠵᠢᠴᠢ ᠦᠵᠡᠬᠦᠯᠬᠡ᠎ᠶ᠋ᠢ ᠰᠤᠨᠢᠷᠬᠠᠪᠠ᠃ ᠲᠡᠳᠡ ᠨᠡᠷ ᠮᠠᠯᠵᠢᠬᠤ ᠣᠷᠣᠨ᠎ᠤ ᠪᠦᠲᠦᠭᠡᠨ ᠪᠠᠢᠭᠤᠯᠤᠯᠲᠠ᠎ᠳᠤ ᠢᠳᠡᠪᠬᠢᠯᠡᠨ᠂ ᠪᠠᠢᠭᠠᠯᠢ᠎ᠶ᠋ᠢᠨ ᠭᠠᠢ ᠭᠠᠮᠱᠢᠭ᠎ᠲᠠᠢ ᠡᠰᠡᠷᠭᠦᠴᠡᠨ ᠲᠡᠮᠡᠴᠡᠯᠳᠤᠵᠤ ᠪᠠᠢᠭ᠎ᠠ ᠵᠠᠯᠠᠭᠤᠴᠤᠳ᠎ᠤᠨ ᠴᠤᠭ ᠵᠤᠯᠪᠤᠭ᠎ᠠ᠎ᠶ᠋ᠢ ᠮᠠᠭ᠍ᠳᠠᠨ ᠰᠠᠢᠱᠢᠶᠠᠬᠤ᠎ᠶ᠋ᠢᠨ ᠬᠠᠮᠲᠤ᠌᠂ ᠴᠠᠰᠤ ᠵᠤᠳ᠎ᠤᠨ ᠭᠠᠮᠱᠢᠭ᠎ᠠᠴᠠ ᠠᠪᠤᠷᠠᠨ ᠲᠤᠰᠠᠯᠠᠬᠤ ᠵᠡᠷᠭᠡ ᠡᠬᠦᠷᠭᠡ ᠬᠠᠷᠢᠭᠤᠴᠠᠯᠭ᠎ᠠ᠎ᠶ᠋ᠢ ᠬᠦᠢᠴᠡᠳᠭᠡᠵᠦ᠍ ᠪᠠᠢᠭ᠍ᠰᠠᠨ ᠨᠠᠨᠳᠢᠨ ᠲᠤᠷᠱᠢᠯᠭ᠎ᠠ᠎ᠪᠠᠨ ᠤᠯᠠᠮᠵᠢᠯᠠᠨ᠂ ᠰᠠᠨᠠᠯ ᠪᠤᠳᠤᠯ᠎ᠢᠶᠠᠨ ᠰᠤᠯᠢᠯᠴᠠᠵᠠᠢ᠃ ᠬᠤᠶᠠᠷ ᠦᠶ᠎ᠡ᠎ᠶ᠋ᠢᠨ ᠴᠠᠭᠠᠨ ᠮᠤᠷᠢᠲᠤ ᠡᠷᠦᠬᠡ᠎ᠶ᠋ᠢᠨ ᠴᠡᠷᠢᠭ᠎ᠨᠢ ᠤᠯᠤᠰ᠎ᠤᠨ ᠲᠤᠭ ᠮᠠᠨᠳᠤᠭᠤᠯᠤᠨ᠂ ᠬᠠᠮᠳᠤ᠎ᠶ᠋ᠢᠨ ᠰᠡᠭᠦᠳᠡᠷ ᠲᠠᠳᠠᠵᠦ᠍᠂ ᠴᠠᠭᠠᠨ ᠮᠤᠷᠢᠲᠤ ᠡᠷᠦᠬᠡ᠎ᠶ᠋ᠢᠨ ᠴᠡᠷᠢᠭ᠎ᠤᠨ ᠠᠬᠠᠮᠠᠳ ᠲᠦᠯᠦᠭᠡᠯᠡᠭ᠌ᠴᠢ᠎ᠠᠴᠠ ᠬᠤᠭᠤᠯᠠᠲᠤ᠎ᠶ᠋ᠢᠨ ᠭᠤᠤᠯ ᠪᠠᠯᠭᠠᠰᠤᠨ᠎ᠤ ᠵᠡᠪᠰᠡᠭ᠌ᠳᠦ ᠬᠦᠴᠦᠨ᠎ᠤ ᠬᠡᠯᠳᠡᠰ᠎ᠲᠤ ᠬᠡᠮᠡᠷᠯᠢᠭ ᠲᠤᠭ ᠬᠦᠷᠭᠡᠨ᠂ ᠪᠤᠯᠪᠠᠰᠤᠷᠠᠯ᠎ᠳᠤ ᠤᠷᠤᠯᠴᠠᠵᠤ ᠪᠠᠢᠭ᠎ᠠ ᠴᠠᠭᠠᠨ ᠮᠤᠷᠢᠲᠤ ᠡᠷᠦᠬᠡ᠎ᠶ᠋ᠢᠨ ᠴᠡᠷᠢᠭ᠎ᠤᠳ᠎ᠲᠤ ᠲᠤᠷᠠᠰᠭᠠᠯ᠎ᠤᠨ ᠪᠤᠳᠠᠰ ᠭᠠᠷᠳᠠᠭᠤᠯᠵᠠᠢ᠃

ᠭᠠᠯ ᠵᠠᠯᠠᠭᠤ ᠨᠠᠰᠤᠨ᠎ᠤ ᠴᠤᠭ ᠲᠦᠯᠦ᠎ᠶ᠋ᠢ ᠪᠠᠳᠠᠷᠠᠭᠤᠯᠵᠤ ᠶᠠᠪᠤᠭ᠎ᠠ ᠴᠠᠭᠠᠨ ᠮᠤᠷᠢᠲᠤ ᠡᠷᠦᠬᠡ᠎ᠶ᠋ᠢᠨ ᠴᠡᠷᠢᠭ᠎ᠤᠨ ᠬᠠᠷᠢᠭᠤ ᠮᠡᠳᠡᠭᠦᠯᠦᠯᠲᠡ᠎ᠶ᠋ᠢᠨ ᠦᠵᠡᠬᠦᠯᠭᠡ᠎ᠶ᠋ᠢᠨ ᠲᠤᠭ᠍ᠯᠠᠯᠲᠠ᠎ᠶ᠋ᠢ ᠰᠤᠨᠢᠷᠬᠠᠭ᠍ᠰᠠᠨ᠎ᠤ ᠲᠠᠷᠠᠭ᠎ᠠ᠂ ᠠᠬᠠᠮᠠᠳ ᠨᠢᠭᠡ ᠦᠶ᠎ᠡ᠎ᠶ᠋ᠢᠨ᠎ᠬᠢᠨ ᠲᠦᠢᠯ᠎ᠤᠨ ᠶᠡᠭᠡ᠎ᠪᠠᠷ ᠰᠡᠳᠭᠢᠯ ᠲᠤᠭ᠍ᠳᠤᠯᠵᠤ᠂ ᠴᠠᠭᠠᠨ ᠮᠤᠷᠢᠲᠤ ᠡᠷᠦᠭᠡ᠎ᠶ᠋ᠢᠨ ᠴᠡᠷᠢᠭ᠎ᠤᠨ ᠱᠢᠨᠳᠠᠷᠠᠰᠢ ᠦᠭᠡᠢ ᠵᠤᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠵᠤ ᠪᠠᠢᠭ᠎ᠠ ᠱᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠤᠨ ᠪᠤᠯᠪᠠᠰᠤᠷᠠᠯ ᠰᠤᠷᠢᠭ᠎ᠠ ᠲᠦᠪ ᠴᠢᠩᠭ᠎ᠠ᠂ ᠡᠮᠬᠢ ᠲᠢᠭ᠌ᠯᠢᠮ᠎ᠲᠠᠢ᠂ ᠡᠷᠴᠢᠮ᠎ᠲᠠᠢ ᠶᠠᠪᠤᠭ᠍ᠳᠠᠵᠤ ᠪᠠᠢᠭ᠎ᠠ᠎ᠶ᠋ᠢ ᠦᠨᠳᠦᠷ ᠦᠨᠡᠯᠡᠨ᠂ ᠰᠡᠳᠭᠢᠯ ᠬᠠᠨᠤᠮᠵᠢᠲᠠᠢ ᠪᠠᠢᠭ᠎ᠠ᠎ᠪᠠᠨ ᠢᠯᠡᠷᠭᠡᠢᠯᠡᠭ᠌ᠰᠡᠨ ᠪᠠᠢᠨ᠎ᠠ᠃


4041762_nars_1626162132352_m.jpg


                          ᠱᠢᠨ᠎ᠡ ᠴᠠᠭ ᠦᠶ᠎ᠡ᠎ᠶ᠋ᠢᠨ ᠴᠠᠭᠠᠨ ᠮᠤᠷᠢᠳᠦ ᠰᠤᠮᠤᠨ᠎ᠤ᠎ᠬᠢᠨ


4041763_lity_1626249673556_m.jpg


                             ᠦᠵᠡᠭᠦᠯᠬᠡ᠎ᠶ᠋ᠢᠨ ᠳᠤᠬ᠍ᠯᠠᠯᠳᠠ


4041760_lity_1626248844415_m.jpg


                           ᠬᠠᠳᠠᠭᠤᠵᠢᠯᠳᠠᠢ ᠪᠤᠯᠪᠠᠰᠤᠷᠠᠯ


4041761_lity_1626248940849_m.jpg


                          ᠬᠤᠶᠠᠷ ᠦᠶ᠎ᠡ᠎ᠶ᠋ᠢᠨ ᠴᠠᠭᠠᠨ ᠮᠤᠷᠢᠳᠦ

                          ᠡᠷᠦᠬᠡ᠎ᠶ᠋ᠢᠨ ᠴᠡᠷᠢᠭ᠎ᠤᠨ ᠠᠭᠤᠯᠵᠠᠯᠳᠠ

 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号