ᠱᠢᠨ᠎ᠡ ᠰᠠᠭᠤᠴᠠ᠎ᠠᠴᠠ ᠦᠶ᠎ᠠ ᠦᠶ᠎ᠠ ᠬᠦᠭᠡᠷᠤᠯᠳᠤᠬᠦ᠌ ᠲᠠᠭᠤᠨ ᠲᠤᠭᠤᠯᠳᠠᠵᠤ᠂ ᠬᠠᠱᠢᠶ᠎ᠠ ᠬᠦᠷᠢᠶᠠᠨ᠎ᠠᠴᠠ ᠭᠤᠸ᠎ᠠ ᠵᠢᠮᠢᠰ᠎ᠤᠨ ᠦᠨᠦᠷ ᠬᠠᠩᠬᠤᠯᠤᠨ᠂ ᠰᠠᠷᠠᠭᠤᠯ ᠳᠠᠷᠳᠠᠩ ᠵᠠᠮ ᠲᠤᠰᠭᠤᠨ ᠪᠤᠯᠭᠠᠨ᠎ᠳᠤ ᠨᠠᠪᠳᠡᠷᠡᠵᠦ᠍᠂ ᠠᠵᠤ ᠦᠢᠯᠡᠰ ᠭᠦᠭ᠌ᠵᠢᠨ ᠬᠦᠮᠦᠰ᠎ᠤᠨ ᠤᠷᠤᠯᠭ᠎ᠠ ᠨᠡᠮᠡᠭ᠌ᠳᠡᠭᠡᠳ ᠁ ᠬᠥᠳᠡᠭᠡ ᠨᠤᠳᠤᠭ ᠠᠮᠢᠵᠢᠷᠠᠯ᠎ᠤᠨ ᠬᠦᠴᠤᠨ᠎ᠢᠶᠠᠷ ᠪᠢᠯᠬᠠᠵᠤ᠂ ᠬᠦᠮᠤᠨ ᠠᠷᠠᠳ᠎ᠤᠨ ᠴᠢᠷᠠᠢ᠎ᠳᠤ ᠪᠠᠶᠠᠷ᠎ᠤᠨ ᠮᠦᠱᠢᠶᠠᠳᠤ ᠲᠤᠳᠤᠷᠠᠨ᠎ᠠ᠃
ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠦᠭ᠌ᠰᠡᠨ᠎ᠠᠴᠠ ᠨᠠᠭᠠᠰᠢ᠂ ᠮᠠᠨ᠎ᠤ ᠣᠷᠣᠨ᠎ᠤ ᠮᠠᠯ ᠠᠵᠤ ᠠᠬᠤᠢ ᠲᠠᠷᠢᠶᠠᠯᠠᠩ᠎ᠤᠨ ᠶᠡᠷᠦᠩᠬᠡᠢᠯᠡᠭ᠌ᠰᠡᠨ ᠦᠢᠯᠡᠳᠪᠦᠷᠢᠯᠡᠯ᠎ᠤᠨ ᠴᠢᠳᠠᠪᠤᠷᠢ ᠦᠷᠭᠦᠯᠵᠢᠯᠡᠨ ᠳᠡᠭᠡᠭ᠌ᠰᠢᠯᠡᠵᠦ᠍᠂ ᠮᠠᠯ ᠠᠵᠤ ᠠᠬᠤᠢ ᠲᠠᠷᠢᠶᠠᠯᠠᠩ᠎ᠤᠨ ᠮᠡᠳᠡᠭᠡ ᠵᠠᠩᠭᠢᠵᠢᠯᠲᠠ᠎ᠶ᠋ᠢᠨ ᠪᠠᠢᠭᠤᠯᠤᠯᠲᠠ ᠲᠣᠭ᠍ᠲᠠᠭᠤᠨ᠎ᠢᠶᠠᠷ ᠠᠬᠢᠪᠠ᠃ 118.3 ᠲᠦᠮᠡᠨ ᠲᠡᠭ᠌ᠰᠢ ᠳᠥᠷᠪᠡᠯᠵᠢᠨ ᠺᠢᠯᠣᠮᠧᠲᠷ ᠨᠤᠲᠤᠭ ᠳᠡᠪᠢᠰᠭᠡᠷ ᠳᠡᠭᠡᠷ᠎ᠡ᠂ ᠠᠵᠤ ᠦᠢᠯᠡᠰ ᠬᠥᠭ᠌ᠵᠢᠭ᠌ᠰᠡᠨ᠂ ᠠᠮᠢ ᠠᠬᠤᠢ ᠣᠷᠣᠱᠢᠨ ᠰᠠᠭᠤᠷᠢᠱᠢᠬᠤ᠎ᠳᠤ ᠲᠣᠬᠢᠷᠠᠮᠵᠢᠲᠠᠢ᠂ ᠨᠤᠲᠤᠭ᠎ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠴᠢᠨᠡᠭᠡᠯᠢᠭ᠌ᠵᠢᠭ᠌ᠰᠡᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠵᠢᠷᠤᠭ ᠲᠥᠰᠦᠪ ᠪᠦᠬᠦ᠌ ᠲᠠᠯ᠎ᠠ᠎ᠪᠠᠷ ᠳᠡᠯᠭᠡᠭ᠌ᠳᠡᠵᠦ᠍᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠳᠤ ᠪᠠᠲᠤ ᠪᠠᠬᠢ ᠰᠠᠭᠤᠷᠢ᠎ᠶ᠋ᠢ ᠲᠠᠯᠪᠢᠪᠠ᠃
ᠠᠵᠤ ᠦᠢᠯᠡᠰ ᠦᠷᠨᠢᠨ ᠬᠥᠭ᠌ᠵᠢᠵᠤ ᠮᠠᠯ ᠠᠵᠤ ᠠᠬᠤᠶ ᠲᠠᠷᠢᠶᠠᠯᠠᠩ ᠬᠦᠴᠦᠷᠬᠡᠭ᠌ᠵᠢᠨᠠ
ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ᠂ ᠠᠵᠤ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠪᠣᠯ ᠰᠠᠭᠤᠷᠢ ᠪᠤᠯᠬᠤ ᠶᠤᠮ᠃
ᠣᠨᠴᠠᠯᠢᠭ᠍ᠲᠤ ᠠᠵᠤ ᠦᠢᠯᠡᠰ᠎ᠢ ᠬᠥᠭ᠌ᠵᠢᠭᠦᠯᠬᠦ᠂ ᠣᠨᠴᠠᠯᠢᠭ᠍ᠲᠤ ᠠᠵᠤ ᠠᠬᠤᠶ᠎ᠶ᠋ᠢ ᠬᠥᠭ᠌ᠵᠢᠭᠦᠯᠬᠦ᠌ ᠡᠨᠡ ᠬᠦ᠌ ᠶᠡᠭᠡ ᠶᠠᠪᠤᠳᠠᠯ᠎ᠢ ᠰᠠᠢᠲᠤᠷ ᠬᠢᠪᠡᠯ ᠳᠠᠷᠤᠶ ᠱᠢᠨ᠎ᠡ ᠬᠥᠳᠡᠯᠭᠡᠭ᠌ᠴᠢ ᠬᠦᠴᠦᠨ᠎ᠢ ᠪᠣᠶ ᠪᠣᠯᠭᠠᠵᠤ᠂ ᠱᠢᠨ᠎ᠡ ᠳᠠᠪᠠᠯᠲᠠ᠎ᠶ᠋ᠢ ᠪᠡᠶᠡᠯᠡᠭᠦᠯᠦᠨ᠂ ᠠᠵᠤ ᠦᠢᠯᠡᠰ᠎ᠤᠨ ᠬᠥᠭ᠌ᠵᠢᠯᠲᠡ᠎ᠪᠠᠷ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠳᠠᠢᠴᠢᠯᠠᠵᠤ᠂ ᠮᠠᠯᠴᠢᠨ ᠲᠠᠷᠢᠶᠠᠴᠢᠨ᠎ᠤ ᠤᠷᠤᠯᠭ᠎ᠠ᠎ᠶ᠋ᠢ ᠨᠡᠮᠡᠭ᠌ᠳᠡᠭᠦᠯᠦᠨ᠂ ᠴᠢᠨᠡᠭᠡᠯᠢᠭ᠌ᠵᠢᠯ᠎ᠤᠨ ᠵᠠᠮ᠎ᠢᠶᠠᠷ ᠵᠠᠮᠨᠠᠭᠤᠯᠵᠤ ᠴᠢᠳᠠᠨ᠎ᠠ᠃
ᠵᠠᠯᠠᠢᠳ ᠬᠤᠱᠢᠭᠤᠨ᠎ᠤ ᠠᠷᠪᠡᠨᠬᠡᠷ ᠪᠠᠯᠭᠠᠰᠤᠨ᠎ᠤ ᠵᠦᠯᠭᠡᠨ ᠭᠠᠴᠠᠭ᠎ᠠ ᠥᠩᠭᠡᠷᠡᠭ᠌ᠰᠡᠨ᠎ᠳᠤ ᠨᠡᠷᠡᠳᠡᠢ ᠶᠠᠳᠠᠭᠤ ᠬᠦᠴᠢᠷᠳᠡᠯᠲᠡᠶ ᠭᠠᠴᠠᠭ᠎ᠠ ᠪᠠᠢᠭ᠍ᠰᠠᠨ ᠪᠤᠯ ᠣᠲᠣ ᠬᠠᠷᠢᠨ ᠬᠤᠯᠠ ᠣᠢᠷ᠎ᠠ᠎ᠳᠤ ᠠᠯᠳᠠᠷᠱᠢᠭ᠍ᠰᠠᠨ 《ᠨᠠᠷᠠᠲᠤ ᠲᠣᠰᠭᠤᠨ》 ᠪᠣᠯᠵᠣ᠂ ᠮᠠᠯᠴᠢᠨ ᠲᠠᠷᠢᠶᠠᠴᠢᠨ᠎ᠤ ᠪᠡᠶ᠎ᠡ᠎ᠵᠢᠨ ᠴᠢᠨᠡᠭᠡᠯᠢᠭ᠌ᠵᠢᠬᠦ᠌ 《ᠥᠯᠥᠭᠡᠶ》 ᠪᠣᠯᠤᠭ᠍ᠰᠠᠨ ᠪᠠᠢᠨ᠎ᠠ᠃ ᠵᠦᠯᠭᠡᠨ ᠭᠠᠴᠠᠭᠠᠨ᠎ᠤ ᠷᠦᠢ ᠴᠢᠦ ᠮᠠᠯ ᠠᠵᠤ ᠠᠬᠤᠶ ᠲᠠᠷᠢᠶᠠᠯᠠᠩ᠎ᠤᠨ ᠲᠤᠰᠭᠠᠶ ᠬᠤᠷᠱᠢᠶ᠎ᠠ᠎ᠶ᠋ᠢᠨ ᠬᠠᠷ᠎ᠠ ᠳᠠᠯᠳᠠᠤ ᠳᠠᠷᠢᠬᠤ ᠰᠠᠭᠤᠷᠢᠨ᠎ᠳᠤ᠂ 53 ᠨᠠᠰᠤᠲᠠᠶ ᠲᠣᠰᠭᠤᠨ᠎ᠤ ᠠᠷᠠᠳ ᠸᠠᠩ ᠱᠦᠨ ᠬᠠᠷ᠎ᠠ ᠳᠠᠯᠳᠠᠤ ᠲᠡᠭᠦᠬᠦ᠌᠎ᠶ᠋ᠢᠨ ᠲᠠᠭᠠᠤ᠄ 《ᠮᠠᠨ᠎ᠤ᠎ᠬᠢᠨ ᠡᠨᠡ ᠬᠠᠷ᠎ᠠ ᠳᠠᠯᠳᠠᠤ᠎ᠶ᠋ᠢ ᠲᠠᠷᠢᠭᠠᠳ ᠲᠦᠮᠡ ᠭᠠᠷᠤᠶ ᠲᠥᠭᠦᠷᠢᠭ᠎ᠤᠨ ᠴᠡᠪᠡᠷ ᠤᠷᠤᠯᠭ᠎ᠠ ᠤᠯᠳᠠᠭ ᠪᠦᠭᠡᠳ ᠰᠤᠯᠠ ᠰᠡᠯᠡᠬᠦᠤ ᠴᠠᠭ᠎ᠢᠶᠠᠷ᠎ᠢᠶᠠᠨ ᠬᠤᠷᠱᠢᠶ᠎ᠠ᠎ᠳᠤ ᠬᠦᠴᠦ᠍ ᠶᠠᠪᠤᠭᠠᠳ ᠪᠠᠰᠠ ᠵᠢᠯ᠎ᠳᠡᠭᠡᠨ ᠪᠠᠷᠤᠭ ᠠᠷᠪᠠᠨ ᠬᠡᠳᠦᠨ ᠲᠦᠮᠡᠨ ᠲᠥᠭᠦᠷᠢᠭ ᠡᠪᠤᠷᠳᠤᠯᠡᠳᠡᠭ》 ᠭᠡᠵᠦ᠍ ᠪᠠᠶᠠᠷᠳᠠᠢ ᠬᠡᠯᠡᠨ᠎ᠠ᠃
ᠬᠠᠷ᠎ᠠ ᠲᠡᠯᠳᠡᠤ᠂ ᠶᠡᠭᠡ ᠠᠵᠤ ᠤᠢ᠍ᠢᠯᠡᠰ᠃ 2020 ᠣᠨ᠎ᠳᠤ᠂ ᠲᠤᠰ ᠬᠤᠷᠱᠢᠶ᠎ᠠ 30 ᠲᠤᠮᠤ ᠬᠦᠯᠡᠮᠵᠢ᠎ᠳᠤ ᠬᠠᠷ᠎ᠠ ᠳᠡᠯᠳᠡᠦ ᠲᠠᠷᠢᠵᠤ᠂ ᠪᠦᠬᠦ᠌ ᠪᠠᠯᠭᠠᠰᠤᠨ᠎ᠤ 464 ᠡᠷᠦᠬᠡ 1198 ᠬᠥᠮᠦᠨ᠎ᠤ ᠳᠤᠮᠳᠠᠴᠢ ᠣᠷᠣᠯᠭ᠎ᠠ᠎ᠶ᠋ᠢ 2800 ᠲᠥᠭᠦᠷᠢᠭ ᠨᠡᠮᠡᠭ᠌ᠳᠡᠭᠦᠯᠦᠨ᠂ ᠵᠢᠯ ᠪᠦᠷᠢ 1200 ᠬᠥᠮᠦᠨ᠎ᠳᠤ 300 ᠲᠦᠮᠡᠨ ᠲᠥᠭᠦᠷᠢᠭ᠎ᠤᠨ ᠬᠥᠳᠡᠯᠮᠦᠷᠢ ᠦᠢᠯᠡᠴᠢᠯᠡᠭᠡᠨ᠎ᠤ ᠣᠷᠣᠯᠭ᠎ᠠ ᠨᠡᠮᠡᠭ᠌ᠳᠡᠭᠦᠯᠵᠦ᠍ ᠪᠤᠢ᠃ ᠡᠨᠡ ᠵᠢᠯ ᠲᠤᠰ ᠬᠤᠷᠱᠢᠶ᠎ᠠ ᠪᠠᠰᠠ 20 ᠲᠤᠮᠤ ᠬᠦᠯᠡᠮᠵᠢ ᠨᠡᠮᠡᠨ ᠪᠠᠢᠭᠤᠯᠵᠤ᠂ 90 ᠲᠦᠮᠡᠨ ᠮᠦᠭᠦ᠎ᠶ᠋ᠢᠨ ᠮᠤᠳᠤ ᠪᠦᠬᠦᠢ ᠬᠠᠷ᠎ᠠ ᠲᠡᠯᠳᠡᠦ ᠲᠠᠷᠢᠪᠠ᠃ ᠵᠢᠵᠢᠭ ᠮᠦᠬᠦ᠌᠎ᠶ᠋ᠢᠨ ᠮᠤᠳᠤ᠎ᠨᠢ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ 《ᠪᠤᠤᠬᠢᠶ᠎ᠠ》 ᠪᠤᠯᠵᠤ᠂ ᠵᠠᠯᠠᠢᠳ ᠬᠤᠱᠢᠭᠤᠨ᠎ᠤ 1300 ᠭᠠᠷᠤᠢ ᠶᠠᠳᠠᠭᠤ ᠬᠥᠴᠢᠷᠲᠡᠯᠲᠡᠢ ᠡᠷᠦᠬᠡ᠎ᠶ᠋ᠢᠨ ᠣᠷᠣᠯᠭ᠎ᠠ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠦᠭ᠌ᠰᠡᠨ᠎ᠢᠶᠠᠷ ᠪᠠᠷᠠᠬᠤ ᠦᠭᠡᠢ᠂ ᠨᠡᠩ ᠴᠤ᠌ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠬᠥᠳᠡᠯᠭᠡᠬᠦ᠌ ᠬᠦᠴᠦᠨ ᠬᠤᠷᠠᠮᠳᠤᠭᠤᠯᠵᠤ᠂ ᠠᠵᠤ ᠦᠢᠯᠡᠰ᠎ᠤᠨ ᠲᠤᠯᠭᠠᠭᠤᠷᠢᠯᠠᠯ ᠬᠠᠩᠭᠠᠭ᠍ᠰᠠᠨ ᠪᠠᠢᠨ᠎ᠠ᠃
ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠦᠭ᠌ᠰᠡᠨ᠎ᠠᠴᠠ ᠨᠠᠭᠠᠰᠢ᠂ ᠮᠠᠨ᠎ᠤ ᠣᠷᠣᠨ᠎ᠤ ᠡᠯ᠎ᠡ ᠭᠠᠵᠠᠷ᠎ᠤᠨ ᠣᠨᠴᠠᠯᠢᠭ᠍ᠲᠤ ᠠᠵᠤ ᠦᠢᠯᠡᠰ ᠥᠷᠨᠢᠨ ᠬᠥᠭ᠌ᠵᠢᠵᠦ᠍᠂ ᠳᠣᠲᠣᠭᠠᠳᠤ ᠨᠡᠮᠡᠭ᠌ᠳᠡᠯ᠎ᠤᠨ ᠲᠣᠭ᠍ᠲᠠᠴᠠ ᠠᠯᠬᠤᠮ ᠠᠯᠬᠤᠮ᠎ᠢᠶᠠᠷ ᠪᠦᠷᠢᠯᠳᠦᠨ᠂ ᠶᠠᠳᠠᠭᠤ ᠬᠥᠴᠢᠷᠲᠡᠯᠲᠡᠢ ᠬᠤᠱᠢᠭᠤ ᠱᠢᠶᠠᠨ 《ᠨᠢᠭᠡ ᠲᠣᠰᠭᠤᠨ ᠨᠢᠭᠡ ᠪᠦᠳᠦᠭᠡᠭ᠌ᠳᠡᠬᠦᠨ》 ᠤ ᠰᠠᠭᠤᠷᠢᠨ ᠭᠠᠵᠠᠷ 1376᠂ ᠣᠨᠴᠠᠯᠢᠭ᠍ᠲᠤ ᠠᠵᠤ ᠦᠢᠯᠡᠰ᠎ᠤᠨ ᠰᠠᠭᠤᠷᠢᠨ ᠭᠠᠵᠠᠷ 2012᠂ ᠶᠠᠳᠠᠭᠤ ᠬᠦᠴᠢᠷᠡᠯᠲᠡᠢ ᠬᠥᠮᠦᠨ ᠠᠮᠠ᠎ᠶ᠋ᠢ ᠳᠠᠢᠴᠢᠯᠠᠨ ᠪᠠᠭᠠᠰᠭᠠᠬᠤ ᠠᠵᠤ ᠦᠢᠯᠡᠰ᠎ᠤᠨ ᠬᠦᠷᠢᠶᠡᠯᠡᠩ ᠲᠣᠭᠤᠷᠢᠭ᠎ᠢ 491 ᠪᠠᠢᠭᠤᠯᠵᠤ᠂ ᠲᠦᠩᠯᠢᠶᠣᠤ᠎ᠶ᠋ᠢᠨ ᠡᠷᠳᠡᠨᠢ ᠱᠢᠰᠢ᠂ ᠤᠯᠠᠭᠠᠨᠬᠠᠳᠠ᠎ᠶ᠋ᠢᠨ ᠨᠠᠷᠢᠮᠤ᠂ ᠬᠢᠩᠭᠠᠨ᠎ᠤ ᠲᠤᠲᠤᠷᠭ᠎ᠠ᠂ ᠪᠣᠷᠣᠲᠣᠬᠤᠢ᠎ᠶ᠋ᠢᠨ ᠨᠡᠷᠡᠨ ᠬᠤᠸᠠᠷ᠂ ᠤᠯᠠᠭᠠᠨᠴᠠᠪ᠎ᠤᠨ ᠲᠥᠮᠥᠰᠥ᠍ ᠪᠠ ᠬᠤᠷᠴᠢᠨ᠎ᠤ ᠦᠬᠡᠷ᠎ᠤᠨ ᠮᠢᠬ᠎ᠠ᠂ ᠱᠢᠯᠢ᠎ᠶ᠋ᠢᠨ ᠭᠤᠤᠯ᠎ᠤᠨ ᠬᠤᠨᠢᠨ ᠮᠢᠬ᠎ᠠ ᠵᠡᠷᠭᠡ ᠨᠡᠷᠡᠲᠦ ᠲᠡᠮᠳᠡᠭ᠌ᠲᠦ ᠪᠠ ᠪᠦᠲᠦᠭᠡᠭ᠌ᠳᠡᠬᠦᠨ ᠣᠷᠣᠨ᠎ᠤ ᠳᠣᠲᠣᠨ᠎ᠠ ᠭᠠᠳᠠᠨᠠᠬᠢ ᠵᠠᠬ᠎ᠠ ᠳᠡᠯᠭᠡᠭᠦᠷ᠎ᠲᠤ ᠭᠠᠷᠴᠤ᠌᠂ ᠣᠯᠠᠨ ᠲᠦᠮᠡᠨ᠎ᠢ ᠳᠠᠢᠴᠢᠯᠠᠨ ᠣᠷᠣᠯᠭ᠎ᠠ᠎ᠶ᠋ᠢ᠎ᠨᠢ ᠨᠡᠮᠡᠭ᠌ᠳᠡᠭᠦᠯᠦᠨ᠂ ᠬᠥᠳᠡᠭᠡ ᠲᠣᠰᠭᠤᠨ᠎ᠤ ᠡᠯᠧᠺᠲᠷᠣᠨ ᠬᠤᠳᠠᠯᠳᠤᠭ᠎ᠠ ᠶᠠᠳᠠᠭᠤ ᠬᠦᠴᠢᠷᠡᠯᠲᠡᠢ 53 ᠲᠦᠮᠡᠨ ᠬᠥᠮᠦᠨ ᠤᠳᠠᠭ᠎ᠠ᠎ᠳᠤ ᠠᠱᠢᠭ ᠬᠦᠷᠲᠡᠭᠡᠵᠦ᠍᠂ ᠵᠢᠭᠤᠯᠴᠢᠯᠠᠯ᠎ᠢᠶᠠᠷ ᠶᠠᠳᠠᠭᠤ᠎ᠶ᠋ᠢ ᠲᠡᠳᠬᠦᠬᠦ᠌ ᠵᠢᠱ᠌ᠢᠶ᠎ᠡ ᠦᠵᠡᠭᠦᠯᠬᠦ᠌ ᠲᠥᠷᠥᠯ ᠵᠦᠢᠯ᠎ᠨᠢ 1.2 ᠲᠦᠮᠡ ᠭᠠᠷᠤᠶ ᠶᠠᠳᠠᠭᠤ ᠬᠦᠴᠢᠷᠡᠯᠲᠡᠢ ᠡᠷᠦᠬᠡ᠎ᠶ᠋ᠢ ᠳᠠᠢᠴᠢᠯᠠᠨ᠂ ᠬᠡᠷᠡᠯ ᠴᠡᠨᠡᠭ᠎ᠢᠶᠠᠷ ᠶᠠᠳᠠᠭᠤ᠎ᠶ᠋ᠢ ᠲᠡᠳᠬᠦᠬᠦ᠌ ᠴᠠᠬᠢᠯᠭᠠᠨ ᠥᠷᠲᠡᠭᠡ 2322 ᠶᠠᠳᠠᠭᠤ ᠬᠦᠴᠢᠷᠡᠯᠲᠡᠢ ᠭᠠᠴᠠᠭ᠎ᠠ ᠲᠣᠰᠭᠤᠨ᠎ᠢ ᠬᠠᠮᠤᠷᠴᠤ᠌᠂ ᠬᠤᠱᠢᠭᠤ ᠱᠢᠶᠠᠨ᠎ᠠᠴᠠ ᠬᠥᠳᠡᠭᠡ ᠲᠣᠰᠭᠤᠨ ᠬᠦᠷᠲᠡᠯ᠎ᠡ᠂ ᠳᠠᠬᠢᠭᠠᠳ ᠮᠠᠯᠴᠢᠨ ᠲᠠᠷᠢᠶᠠᠴᠢᠨ ᠡᠷᠦᠬᠡ ᠬᠦᠷᠲᠡᠯ᠎ᠡ ᠢᠵᠢ ᠪᠦᠷᠢᠳᠦᠭᠦᠯᠦᠭ᠌ᠰᠡᠨ ᠲᠤᠯᠭᠠᠭᠤᠷᠢ ᠠᠵᠤ ᠦᠢᠯᠡᠰ᠂ ᠤᠨᠴᠠᠯᠢᠭ᠍ᠳᠤ ᠠᠵᠤ ᠦᠢᠯᠡᠰ᠂ ᠪᠠᠶᠠᠵᠢᠨ ᠴᠢᠨᠡᠭᠡᠯᠢᠭ᠌ᠵᠢᠬᠦ᠌ ᠠᠵᠤ ᠦᠢᠯᠡᠰ ᠬᠢᠭᠡᠳ ᠣᠷᠣᠯᠭ᠎ᠠ᠎ᠶ᠋ᠢ ᠨᠡᠮᠡᠭ᠌ᠳᠡᠭᠦᠯᠬᠦ᠌ ᠲᠥᠷᠥᠯ ᠵᠦᠢᠯ᠎ᠤᠨ ᠱᠢᠰᠲ᠋ᠧᠮ᠎ᠢ ᠦᠨᠳᠦᠰᠦᠨ᠎ᠳᠡᠭᠡᠨ ᠪᠦᠷᠢᠯᠳᠤᠬᠦᠯᠪᠠ᠃
ᠣᠷᠣᠱᠢᠨ ᠰᠠᠭᠤᠷᠢᠱᠢᠬᠤ᠎ᠳᠤ ᠲᠤᠬᠢᠳᠠᠢ ᠠᠮᠢ ᠠᠬᠤᠢ ᠦᠵᠡᠰᠭᠦᠯᠠᠩᠳᠤ ᠰᠠᠢᠬᠠᠨ ᠮᠠᠯᠵᠢᠬᠤ ᠲᠠᠷᠢᠶᠠᠯᠠᠬᠤ ᠤᠷᠤᠨ
ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ᠂ ᠠᠮᠢ ᠠᠬᠤᠢ᠎ᠨᠢ ᠣᠷᠣᠱᠢᠨ ᠰᠠᠭᠤᠷᠢᠱᠢᠬᠤ᠎ᠳᠤ ᠲᠣᠬᠢᠳᠠᠢ ᠪᠠᠢᠬᠤ ᠪᠣᠯ ᠵᠠᠩᠭᠢᠯᠠᠭ᠎ᠠ ᠪᠣᠯᠬᠤ ᠶᠤᠮ᠃
ᠦᠶᠤᠸᠠᠨ ᠱᠢᠶᠠᠨ᠎ᠤ ᠯᠢᠶᠠᠨ ᠱᠢᠩ ᠱᠢᠨ ᠲᠣᠰᠭᠤᠨ᠎ᠤ ᠵᠠᠮ᠎ᠢᠶᠠᠷ ᠰᠡᠯᠡᠬᠦᠴᠠᠨ ᠠᠯᠬᠤᠬᠤ᠎ᠳᠤ᠂ ᠴᠠᠪᠠᠷ ᠲᠤᠬᠢᠯᠢᠭ ᠪᠠᠷᠢᠯᠭ᠎ᠠ ᠪᠠᠢᠱᠢᠩ᠎ᠤᠳ ᠵᠢᠭ᠌ᠳᠡᠷᠡᠨᠠ᠃ 457 ᠡᠷᠦᠬᠡ᠎ᠶ᠋ᠢᠨ ᠭᠡᠷ᠎ᠤᠨ ᠲᠡᠬᠡᠪᠤᠷ᠂ ᠬᠦᠷᠢᠶ᠎ᠡ ᠬᠠᠱᠢᠶ᠎ᠠ ᠪᠤᠯᠤᠨ ᠲᠡᠵᠢᠭᠡᠨ ᠦᠷᠡᠵᠢᠭᠦᠯᠬᠦ᠌ ᠬᠠᠱᠢᠶ᠎ᠠ ᠰᠠᠷᠠᠪᠴᠢᠨ᠎ᠳᠤ ᠴᠠᠬᠢᠯᠭᠠᠨ ᠭᠠᠷᠭᠠᠬᠤ ᠬᠡᠷᠡᠯᠴᠢ ᠴᠡᠨᠡᠭ ᠬᠠᠪᠲᠠᠰᠤ᠎ᠶ᠋ᠢ ᠲᠤᠭ᠎ᠠ ᠲᠤᠮᠰᠢ ᠦᠬᠡᠢ ᠤᠭ᠍ᠰᠠᠷᠠᠵᠡᠢ᠃ ᠲᠣᠰᠭᠤᠨ᠎ᠤ ᠠᠲᠠᠷᠱᠢᠭ᠍ᠰᠠᠨ ᠪᠤᠯᠤᠩ᠎ᠳᠤ ᠰᠡᠯᠡᠭᠦᠴᠡᠯ᠎ᠤᠨ ᠲᠠᠯᠠᠪᠠᠢ ᠪᠠᠢᠭᠤᠯᠵᠤ᠂ ᠱᠢᠪᠠᠷ ᠱᠠᠯᠴᠢᠭ᠎ᠲᠠᠢ ᠬᠥᠳᠡᠭᠡ᠎ᠶ᠋ᠢᠨ ᠵᠥᠷᠢᠭ ᠵᠠᠮ ᠴᠤ᠌ ᠠᠭᠤᠵᠢᠭᠤ ᠱᠦᠢᠨᠢ ᠵᠠᠮ ᠪᠣᠯᠤᠨ ᠬᠤᠪᠢᠷᠠᠨ᠂ ᠨᠡᠷᠡᠨ᠎ᠤ ᠡᠨᠧᠷᠭᠢ᠎ᠶ᠋ᠢᠨ ᠱᠢᠨ᠎ᠡ ᠵᠠᠮ᠎ᠤᠨ ᠳ᠋ᠧᠩ ᠵᠠᠮ᠎ᠤᠨ ᠬᠠᠵᠠᠭᠤ᠎ᠪᠠᠷ ᠵᠢᠭ᠌ᠳᠡᠷᠡᠵᠤ᠂ ᠴᠡᠪᠡᠷ ᠴᠡᠮᠴᠡᠭᠡᠷ ᠲᠣᠰᠭᠤᠨ᠎ᠤ ᠵᠠᠮ᠎ᠤᠨ ᠬᠤᠶᠠᠷ ᠲᠠᠯ᠎ᠠ᠎ᠪᠠᠷ ᠴᠡᠴᠡᠭ᠎ᠤᠨ ᠦᠨᠦᠷ ᠬᠠᠩᠬᠤᠯᠵᠤ᠂ ᠦᠵᠡᠰᠭᠦᠯᠡᠩᠲᠦ ᠰᠠᠢᠬᠠᠨ ᠬᠥᠳᠡᠭᠡ ᠲᠣᠰᠭᠤᠨ᠎ᠤ ᠵᠢᠷᠤᠭ ᠲᠡᠯᠭᠡᠭ᠌ᠳᠡᠨ᠎ᠠ ᠁
ᠯᠢᠶᠠᠨ ᠱᠢᠩ ᠱᠢᠨ ᠲᠣᠰᠭᠤᠨ ᠪᠣᠯ ᠲᠦᠩ ᠯᠢᠶᠠᠨ ᠲᠣᠰᠭᠤᠨ ᠪᠠ ᠡᠦ ᠱᠢᠩ ᠬᠤᠶᠠᠷ ᠲᠣᠰᠭᠤᠨ᠎ᠢ ᠪᠦᠬᠦᠳᠡ᠎ᠶ᠋ᠢ᠎ᠨᠢ ᠨᠡᠭᠦᠯᠭᠡᠨ ᠱᠢᠯᠵᠢᠬᠦᠯᠵᠤ ᠱᠢᠨ᠎ᠡ᠎ᠪᠠᠷ ᠪᠠᠢᠭᠤᠯᠤᠭ᠍ᠰᠠᠨ᠎ᠠᠴᠠ ᠢᠩᠭᠢᠵᠦ᠍ ᠨᠡᠷᠡᠯᠡᠭ᠌ᠳᠡᠭ᠌ᠰᠡᠨ ᠶᠤᠮ᠃ 《ᠤᠤᠯ᠎ᠤᠨ ᠣᠷᠣᠨ ᠰᠠᠭᠤᠴᠠ᠎ᠶ᠋ᠢᠨ ᠣᠷᠴᠢᠨ ᠲᠣᠭᠤᠷᠢᠨ ᠲᠤᠩ ᠮᠠᠭᠤ᠂ ᠪᠣᠷᠣᠭᠠᠨ ᠤᠷᠤᠪᠠᠯ ᠵᠠᠮ ᠪᠦᠷ ᠱᠢᠪᠠᠷ ᠱᠠᠯᠴᠢᠭ᠂ ᠣᠷᠣᠵᠤ ᠭᠠᠷᠬᠤ᠎ᠳᠤ ᠲᠤᠩ ᠳᠥᠭᠦᠮ ᠦᠭᠡᠢ᠃ ᠡᠳᠦᠷ ᠪᠦᠷᠢ ᠲᠦᠯᠡᠭᠡ ᠨᠤᠴᠤᠭᠠᠨ ᠲᠤᠭᠤᠭᠠᠯᠠᠵᠤ ᠲᠤᠯᠠᠭᠠᠯᠠᠨ᠂ ᠭᠡᠷ ᠤᠲᠤᠭ᠎ᠠ ᠲᠣᠭᠤᠰᠣᠨ᠎ᠳᠤ ᠲᠠᠷᠤᠭ᠍ᠳᠠᠳᠠᠭ ᠪᠠᠢᠯ᠎ᠠ᠃ ᠤᠳᠤ᠂ ᠱᠢᠨ᠎ᠡ ᠲᠣᠰᠭᠤᠨ ᠪᠦᠷ ᠴᠠᠷᠳᠠᠮᠠᠯ ᠵᠠᠮ᠎ᠲᠠᠢ ᠪᠤᠯᠵᠤ᠂ ᠭᠡᠷ᠎ᠲᠤ ᠬᠤᠯᠠᠩ ᠴᠤ᠌ ᠪᠠᠢᠬᠤ ᠦᠭᠡᠢ᠂ ᠪᠠᠢᠭᠠᠯᠢ᠎ᠶ᠋ᠢᠨ ᠱᠢᠲᠠᠮᠠᠬᠠᠢ ᠬᠡᠢ᠎ᠪᠠᠷ ᠬᠤᠭᠤᠯᠠ ᠬᠢᠵᠤ᠂ ᠨᠢᠭᠡᠳᠦᠯᠲᠡᠢ ᠳᠤᠯᠠᠭᠠᠯᠠᠭ᠎ᠠ ᠬᠠᠩᠭᠠᠵᠤ᠂ ᠮᠠᠨ᠎ᠤ ᠬᠦᠳᠡᠭᠡᠨ᠎ᠤ ᠬᠥᠮᠦᠰ ᠬᠤᠳᠠ᠎ᠶ᠋ᠢᠨ ᠬᠥᠮᠦᠰ᠎ᠤᠨ ᠠᠮᠢᠳᠤᠷᠠᠯ᠎ᠢ ᠡᠳ᠋ᠯᠡᠬᠦ᠌ ᠪᠣᠯᠵᠠᠢ》 ᠬᠡᠵᠤ ᠲᠣᠰᠭᠤᠨ᠎ᠤ ᠠᠷᠠᠳ ᠶᠠᠩ ᠭᠠᠢ ᡁᠢ ᠰᠡᠳᠭᠢᠯ ᠲᠤᠭ᠍ᠳᠤᠯᠤᠨ ᠬᠡᠯᠡᠨ᠎ᠠ᠃
ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠦᠭ᠌ᠰᠡᠨ᠎ᠠᠴᠠ ᠨᠠᠭᠠᠰᠢ᠂ ᠮᠠᠨ᠎ᠤ ᠣᠷᠣᠨ ᠮᠠᠯᠵᠢᠬᠤ ᠲᠠᠷᠢᠶᠠᠯᠠᠬᠤ ᠣᠷᠣᠨ᠎ᠤ ᠬᠥᠮᠦᠰ᠎ᠤᠨ ᠣᠷᠣᠱᠢᠨ ᠰᠠᠭᠤᠷᠢᠱᠢᠬᠤ ᠣᠷᠴᠢᠨ ᠲᠤᠭᠤᠷᠢᠨ᠎ᠢ ᠴᠡᠭ᠌ᠴᠡᠯᠡᠨ ᠵᠠᠰᠠᠬᠤ ᠠᠵᠢᠯᠯᠠᠭ᠎ᠠ᠎ᠶ᠋ᠢ ᠡᠷᠴᠢᠮ᠎ᠲᠠᠢ ᠦᠷᠨᠢᠬᠦᠯᠵᠤ᠂ 12.5 ᠲᠦᠮᠡᠨ ᠬᠥᠮᠦᠨ ᠶᠠᠳᠠᠭᠤ ᠲᠣᠰᠭᠤᠨ᠎ᠠᠴᠠ᠎ᠪᠠᠨ ᠨᠡᠭᠦᠨ ᠭᠠᠷᠴᠤ᠌᠂ 13.7 ᠲᠦᠮᠡᠨ ᠡᠷᠦᠬᠡ ᠰᠠᠯᠬᠢ ᠨᠡᠪᠳᠡᠷᠡᠵᠤ ᠪᠣᠷᠣᠭᠠᠨ᠎ᠤ ᠤᠰᠤ ᠭᠤᠭᠤᠵᠢᠳᠠᠭ ᠱᠢᠪᠠᠷ ᠡᠪᠡᠰᠦᠨ ᠭᠡᠷ᠎ᠠᠴᠠ᠎ᠪᠠᠨ ᠠᠶᠠᠷᠯᠠᠵᠦ᠍᠂ ᠠᠭᠤᠵᠢᠮ ᠰᠠᠷᠠᠭᠤᠯ ᠲᠣᠭᠤᠰᠭᠠᠨ ᠪᠠᠢᠱᠢᠩ᠎ᠳᠤ ᠰᠠᠭᠤᠪᠠ᠃ 18.3 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠠᠮᠤᠷ ᠲᠦᠪᠱᠢᠨ ᠤᠰᠤ ᠤᠤᠭᠤᠳᠠᠭ ᠪᠤᠯᠵᠠᠢ᠃ ᠪᠦᠬᠦ᠌ ᠣᠷᠣᠨ᠎ᠤ ᠱᠢᠨᠡᠳᠭᠡᠨ ᠲᠠᠪᠢᠰᠦᠭ᠌ᠰᠡᠨ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ 6.5 ᠲᠦᠮᠡᠨ ᠺᠢᠯᠤᠮᠧᠲᠷ᠎ᠢ ᠳᠠᠪᠠᠵᠤ᠂ ᠠᠢᠮᠠᠭ ᠬᠤᠲᠠ᠎ᠶ᠋ᠢᠨ ᠰᠠᠭᠤᠭ᠎ᠠ ᠭᠠᠵᠠᠷ᠎ᠢᠶᠠᠷ ᠲᠦᠷᠭᠡᠨ᠎ᠤ ᠵᠠᠮ ᠨᠡᠪᠳᠡᠷᠡᠨ᠂ ᠶᠠᠳᠠᠭᠤ ᠬᠦᠴᠢᠷᠳᠡᠯᠲᠡᠶ ᠬᠤᠱᠢᠭᠤ ᠱᠢᠶᠠᠨ ᠪᠦᠬᠦᠨ᠎ᠳᠤ ᠨᠢᠭᠡᠳᠦᠭᠡᠷ ᠳᠡᠰ᠎ᠠᠴᠠ ᠳᠡᠭᠡᠭ᠌ᠰᠢᠬᠢ ᠵᠠᠰᠠᠮᠠᠯ ᠵᠠᠮ ᠨᠡᠪᠲᠡᠷᠡᠵᠦ᠍᠂ ᠨᠥᠬᠦᠴᠡᠯ ᠪᠦᠷᠢᠯᠳᠦᠭᠦᠯᠦᠭ᠌ᠰᠡᠨ ᠰᠤᠮᠤ ᠱᠢᠶᠠᠩ ᠪᠠᠯᠭᠠᠰᠤ ᠪᠣᠯᠤᠨ ᠵᠠᠰᠠᠭ ᠵᠠᠬᠢᠷᠭᠠᠨ᠎ᠤ ᠲᠣᠰᠭᠤᠨ ᠪᠦᠬᠦᠨ᠎ᠳᠤ ᠬᠠᠲᠠᠭᠤᠷᠠᠭᠤᠯᠤᠭ᠍ᠰᠠᠨ ᠵᠠᠮ ᠲᠠᠪᠢᠰᠪᠠ᠃ ᠶᠠᠳᠠᠭᠤ ᠬᠦᠴᠢᠷᠳᠡᠯᠲᠡᠶ ᠭᠠᠴᠠᠭ᠎ᠠ ᠲᠣᠰᠭᠤᠨ ᠪᠦ᠍ᠬᠦᠨᠳᠤ ᠬᠥᠳᠡᠯᠭᠡᠬᠦ᠌ ᠬᠦᠴᠦᠨ᠎ᠤ ᠴᠠᠬᠢᠯᠭᠠᠨ ᠨᠡᠪᠳᠡᠷᠡᠵᠤ᠂ ᠶᠠᠳᠠᠭᠤ ᠬᠦᠴᠢᠷᠳᠡᠯᠲᠡᠶ ᠡᠷᠦᠬᠡ ᠪᠦ᠍ᠷᠢᠳᠤ ᠠᠮᠢᠳᠤᠷᠠᠯ᠎ᠤᠨ ᠬᠡᠷᠡᠭ᠌ᠯᠡᠭᠡᠨ᠎ᠤ ᠴᠠᠬᠢᠯᠭᠠᠨ ᠨᠡᠪᠳᠡᠷᠡᠨ᠂ 99% ᠠᠴᠠ ᠳᠡᠭᠡᠭ᠌ᠰᠢᠬᠢ ᠶᠠᠳᠠᠭᠤ ᠬᠦᠴᠢᠷᠳᠡᠯᠲᠡᠶ ᠭᠠᠴᠠᠭ᠎ᠠ ᠲᠣᠰᠭᠤᠨ᠎ᠳᠤ ᠥᠷᠭᠡᠨ ᠪᠦᠰᠡ ᠪᠤᠯᠤᠨ ᠭᠡᠷᠡᠯ ᠱᠢᠷᠬᠡᠭ ᠨᠡᠪᠳᠡᠷᠡᠵᠤ᠂ ᠶᠠᠳᠠᠭᠤ᠎ᠶ᠋ᠢ ᠲᠡᠳᠬᠦᠬᠦ᠌ ᠱᠢᠭᠤᠳ ᠨᠡᠪᠲᠡᠷᠡᠭᠦᠯᠭᠡ᠎ᠶ᠋ᠢᠨ ᠲᠠᠰᠤᠭ᠂ ᠡᠭᠦᠯᠡᠨ ᠬᠠᠮ ᠳᠡᠯᠭᠡᠭᠦᠷ ᠵᠡᠷᠭᠡ ᠲᠠᠪᠴᠠᠩ᠎ᠨᠢ ᠣᠯᠠᠨ ᠲᠦᠮᠡᠨ᠎ᠤ ᠣᠨᠴᠠ ᠭᠠᠷᠤᠯᠲᠠ᠎ᠶ᠋ᠢ ᠭᠠᠳᠠᠨ᠎ᠠ ᠤᠷᠤᠨ ᠲᠠᠢᠰᠢ ᠬᠦᠷᠭᠡᠪᠠ᠃
ᠣᠷᠣᠯᠭ᠎ᠠ ᠨᠡᠮᠡᠭ᠌ᠳᠡᠵᠦ᠍ ᠮᠠᠯᠴᠢᠨ ᠲᠠᠷᠢᠶᠠᠴᠢᠨ ᠴᠢᠨᠡᠭᠡᠯᠢᠭ᠌ᠵᠢᠪᠡ
ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠠᠮᠢᠳᠤᠷᠠᠯ᠎ᠢ ᠴᠢᠨᠡᠭᠡᠯᠢᠭ᠌ᠵᠢᠭᠦᠯᠬᠦ᠌ ᠪᠣᠯ ᠦᠨᠳᠦᠰᠦ ᠪᠣᠯᠬᠤ ᠶᠤᠮ᠃
《ᠴᠢᠨᠡᠭᠡᠯᠢᠭ ᠡᠰᠡᠬᠦ᠌᠎ᠨᠢ ᠠᠷᠠᠳ᠎ᠤᠨ ᠠᠮᠢᠳᠤᠷᠠᠯ᠎ᠤᠨ ᠬᠢᠷᠢ ᠲᠦᠪᠱᠢᠨ᠎ᠳᠤ ᠪᠤᠢ᠃》 ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠶᠠᠳᠠᠭᠤ᠎ᠠᠴᠠ ᠠᠩᠭᠢᠵᠢᠷᠠᠭᠤᠯᠬᠤ ᠪᠣᠯ ᠤᠷᠢᠲᠠᠯ ᠪᠣᠯᠤᠨ᠎ᠠ᠃ 8 ᠵᠢᠯ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠳᠤ᠂ ᠮᠠᠨ᠎ᠤ ᠣᠷᠣᠨ ᠭᠤᠴᠤ᠌ ᠰᠠᠢᠬᠠᠨ ᠱᠢᠯᠭᠠᠯᠲᠠ᠎ᠶ᠋ᠢᠨ ᠬᠠᠭᠤᠳᠠᠰᠤ ᠲᠤᠱᠢᠶᠠᠪᠠ᠄ ᠤᠳᠤ᠎ᠶ᠋ᠢᠨ ᠬᠡᠷᠡᠭ᠌ᠵᠢᠭᠦᠯᠵᠦ᠍ ᠪᠠᠢᠭ᠎ᠠ ᠪᠠᠷᠢᠮᠵᠢᠶ᠎ᠠ᠎ᠪᠠᠷ 157 ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ᠂ 57 ᠶᠠᠳᠠᠭᠤ ᠬᠦᠴᠢᠷᠳᠡᠯᠲᠡᠢ ᠬᠤᠱᠢᠭᠤ ᠱᠢᠶᠠᠨ᠂ 3681 ᠶᠠᠳᠠᠭᠤ ᠬᠦᠴᠢᠷᠳᠡᠯᠲᠡᠢ ᠭᠠᠴᠠᠭ᠎ᠠ ᠲᠣᠰᠭᠤᠨ᠎ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠪᠠ᠃
ᠱᠠᠩᠳᠤ ᠱᠢᠶᠠᠨ᠎ᠳᠤ᠂ ᠰᠡᠷᠢᠭᠦᠨ ᠭᠠᠵᠠᠷ ᠤᠷᠭᠤᠳᠠᠭ ᠢᠳᠡᠱᠢᠨ ᠨᠣᠭᠤᠭ᠎ᠠ᠎ᠶ᠋ᠢᠨ ᠲᠠᠯᠠᠪᠠᠶ 13.5 ᠲᠦᠮᠡᠨ ᠮᠥ᠍ ᠪᠠᠢᠵᠤ᠂ ᠶᠡᠷᠦᠩᠬᠡᠶ ᠤᠨᠠᠯᠲᠠ᠎ᠨᠢ 13 ᠳ᠋ᠦᠩᠱᠢᠭᠤᠷ ᠵᠢᠩ᠎ᠲᠤ ᠬᠦᠷᠴᠤ᠌᠂ ᠪᠦᠳᠦᠭᠡᠭ᠌ᠳᠡᠬᠦᠨ᠎ᠤ ᠥᠷᠲᠡᠭ᠎ᠨᠢ 5 ᠳ᠋ᠦᠩᠱᠢᠭᠤᠷ ᠲᠥᠭᠦᠷᠢᠭ᠎ᠢ ᠳᠠᠪᠠᠵᠠᠶ᠃ ᠪᠦᠬᠦ᠌ ᠱᠢᠶᠠᠨ᠎ᠳᠤ 98 ᠢᠳᠡᠱᠢᠨ ᠨᠣᠭᠤᠭᠠᠨ᠎ᠤ ᠲᠤᠰᠭᠠᠶ ᠬᠤᠷᠱᠢᠶ᠎ᠠ ᠳᠠᠩᠰᠠᠯᠠᠭᠤᠯᠵᠤ᠂ ᠢᠳᠡᠱᠢᠨ ᠨᠣᠭᠤᠭ᠎ᠠ ᠡᠵᠡᠩᠨᠡᠳᠡᠭ ᠲᠠᠷᠢᠶᠠᠴᠢᠨ 2000 ᠭᠠᠷᠤᠶ ᠬᠥᠮᠦᠨ᠂ ᠢᠳᠡᠱᠢᠨ ᠨᠣᠭᠤᠭ᠎ᠠ᠎ᠶ᠋ᠢᠨ ᠦᠢᠯᠡᠳᠪᠦᠷᠢᠯᠡᠯ᠎ᠤᠨ ᠠᠵᠢᠯ ᠬᠢᠳᠡᠭ ᠬᠥᠮᠦᠨ 40000 ᠭᠠᠷᠤᠶ ᠬᠥᠮᠦᠨ ᠪᠠᠢᠵᠤ᠂ ᠢᠳᠡᠱᠢᠨ ᠨᠣᠭᠤᠭᠠᠨ᠎ᠤ ᠲᠠᠷᠢᠶᠠᠴᠢᠳ᠎ᠤᠨ ᠢᠳᠡᠱᠢᠨ ᠨᠤᠭᠤᠭ᠎ᠠ ᠬᠡᠬᠦ᠌ ᠡᠨᠡ ᠨᠢᠭᠡ ᠵᠦᠢᠯ᠎ᠤᠨ ᠣᠷᠣᠯᠭ᠎ᠠ᠎ᠨᠢ ᠳᠤᠮᠳᠠᠴᠢ᠎ᠪᠠᠷ 6000 ᠲᠥᠭᠦᠷᠢᠭ ᠣᠷᠴᠢᠮ ᠪᠤᠯᠵᠡᠢ᠃
ᠣᠯᠠᠨ ᠵᠢᠯ᠎ᠤᠨ ᠡᠮᠦᠨ᠎ᠡ᠂ ᠤᠯᠠᠭᠠᠨᠴᠠᠪ ᠪᠣᠯ ᠬᠥᠮᠦᠨ ᠠᠮᠠ᠎ᠶ᠋ᠢ ᠭᠠᠳᠠᠭ᠍ᠰᠢ ᠭᠠᠷᠭᠠᠬᠤ ᠲᠣᠮᠣ ᠬᠤᠲᠠ ᠪᠠᠢᠵᠤ᠂ 70 ᠲᠦᠮᠡᠨ ᠬᠥᠮᠦᠨ ᠠᠮᠠ ᠭᠠᠳᠠᠭ᠍ᠰᠢ ᠭᠠᠷᠴᠤ᠌ ᠠᠵᠤ ᠲᠦᠷᠦᠵᠤ ᠪᠠᠢᠪᠠ; ᠤᠳᠤᠬᠠᠨ᠎ᠳᠤ᠂ ᠨᠦᠬᠦᠴᠡᠯ ᠪᠦᠷᠢᠯᠳᠦᠬᠦᠯᠦᠨ ᠴᠢᠳᠠᠪᠤᠷᠢᠳᠡᠨ ᠤᠷᠢᠵᠤ᠂ ᠮᠠᠯᠴᠢᠨ ᠲᠠᠷᠢᠶᠠᠴᠢᠨ᠂ ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠳ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠳᠠᠠ ᠨᠠᠷ ᠨᠤᠲᠤᠭ᠎ᠲᠠᠭᠠᠨ ᠬᠠᠷᠢᠵᠤ ᠤᠢ᠍ᠢᠯᠡᠰ ᠪᠤᠰᠭᠠᠪᠠ᠃
ᠭᠦᠶᠡᠩ ᠱᠢᠶᠠᠨ᠎ᠤ ᠵᠢᠨᠱᠠᠨ ᠪᠠᠯᠭᠠᠰᠤᠨ᠎ᠤ ᠱᠢᠶᠧ ᠾᠧ ᠢ ᠲᠣᠰᠭᠤᠨ᠎ᠤ ᠠᠷᠠᠳ ᠵᠠᠩ ᠹᠸᠢ ᠶᠠᠳᠠᠭᠤ᠎ᠠᠴᠠ ᠠᠩᠬᠢᠵᠢᠷᠠᠭ᠍ᠰᠠᠨ ᠦᠯᠢᠬᠡᠷ᠎ᠢᠶᠠᠨ ᠶᠠᠷᠢᠭᠠᠳ ᠡᠬᠢᠯᠡᠬᠦ᠌᠎ᠳᠤ ᠦᠬᠡᠨ᠎ᠤ ᠤᠭᠤᠳᠡᠨᠢ ᠨᠡᠭᠡᠬᠡᠭ᠌ᠳᠡᠯᠠ᠃ 《ᠶᠠᠳᠠᠭᠤ᠎ᠠᠴᠠ ᠠᠩᠭᠢᠵᠢᠷᠠᠭᠤᠯᠬᠤ᠎ᠠᠴᠠ ᠡᠮᠦᠨ᠎ᠡ ᠪᠢ ᠲᠩᠷᠢ᠎ᠶ᠋ᠢᠨ ᠴᠢᠷᠠᠢ᠎ᠶ᠋ᠢ ᠬᠠᠷᠠᠨ ᠠᠮᠢᠳᠤᠷᠠᠵᠤ ᠪᠠᠢᠯ᠎ᠠ᠃ ᠬᠤᠷ᠎ᠠ ᠪᠣᠷᠣᠭᠠᠨ ᠡᠯᠪᠡᠭ ᠵᠢᠯ᠎ᠳᠤ᠂ 20 ᠮᠦ᠍ ᠲᠠᠷᠢᠶᠠᠨ ᠭᠠᠵᠠᠷ᠎ᠠᠴᠠ 3000 ᠲᠥᠭᠦᠷᠢᠭ᠎ᠤᠨ ᠤᠷᠤᠯᠭ᠎ᠠ ᠤᠯᠵᠦ᠍᠂ ᠭᠠᠩ ᠬᠠᠭ᠍ᠰᠠᠷᠠᠭᠠᠨ᠎ᠲᠠᠢ ᠦᠶ᠎ᠡ᠎ᠳᠤ ᠣᠷᠣᠯᠭ᠎ᠠ ᠦᠭᠡᠢ ᠮᠥᠷᠲᠡᠭᠡᠨ ᠲᠠᠷᠢᠶᠠᠨ ᠦᠷ᠎ᠡ ᠬᠤᠳᠠᠯᠳᠤᠨ ᠠᠪᠤᠭ᠍ᠰᠠᠨ ᠵᠣᠭᠤᠰ᠎ᠢᠶᠠᠨ ᠴᠤ᠌ ᠤᠯᠳᠠᠭ ᠦᠭᠡᠢ ᠪᠠᠢᠯ᠎ᠠ᠃ ᠤᠳᠤ ᠲᠠᠷᠢᠶᠠᠯᠠᠬᠤ᠎ᠶ᠋ᠢ ᠵᠣᠭ᠍ᠰᠣᠭᠠᠵᠤ ᠦᠢᠵᠢᠭᠤᠯᠬᠤ ᠲᠥᠷᠥ᠎ᠶ᠋ᠢᠨ ᠪᠣᠳᠣᠯᠭ᠎ᠠ᠎ᠪᠠᠷ ᠮᠥ᠍ ᠪᠦᠷᠢ᠎ᠶ᠋ᠢᠨ 150 ᠲᠥᠭᠦᠷᠢᠭ᠎ᠤᠨ ᠨᠥᠬᠦᠪᠥᠷᠢ ᠤᠯᠵᠤ ᠪᠤᠢ᠃ 2016 ᠣᠨ᠎ᠳᠤ᠂ ᠱᠢᠶᠠᠨ᠎ᠤ ᠵᠠᠰᠠᠭ᠎ᠤᠨ ᠣᠷᠳᠣᠨ ᠨᠠᠳᠠ᠎ᠳᠤ 10 ᠬᠤᠴᠠ ᠬᠤᠪᠢᠶᠠᠭ᠍ᠰᠠᠨ᠂ ᠡᠭᠦᠨ᠎ᠳᠤ ᠬᠤᠴᠠ ᠪᠦᠷᠢ 1000 ᠲᠥᠭᠦᠷᠢᠭ ᠪᠦᠭᠡᠳ ᠵᠠᠰᠠᠭ᠎ᠤᠨ ᠣᠷᠳᠣᠨ᠎ᠠᠴᠠ 800 ᠲᠥᠭᠦᠷᠢᠭ᠎ᠢ᠎ᠨᠢ ᠭᠠᠷᠭᠠᠭ᠍ᠰᠠᠨ᠃ ᠡᠨᠡ ᠵᠢᠯ᠎ᠤᠨ ᠡᠴᠦᠰ᠎ᠲᠤ ᠮᠢᠨᠦ᠍ ᠬᠤᠨᠢ 100 ᠪᠣᠯᠵᠤ ᠦᠰᠦᠨ᠎ᠠ ᠳ᠋ᠠ》 ᠬᠡᠪᠡ᠃ ᠡᠭᠦᠨ᠎ᠠᠴᠠ ᠭᠠᠳᠠᠨ᠎ᠠ᠂ ᠵᠠᠰᠠᠭ᠎ᠤᠨ ᠣᠷᠳᠣᠨ ᠪᠠᠰᠠ ᠲᠡᠭᠦᠨ᠎ᠳᠤ ᠨᠡᠢᠲᠡ᠎ᠶ᠋ᠢᠨ ᠠᠰᠠᠷᠠᠮᠵᠢ᠎ᠶ᠋ᠢᠨ ᠠᠵᠢᠯ᠎ᠤᠨ ᠪᠠᠢᠷᠢ ᠬᠠᠩᠭᠠᠵᠠᠢ᠃ ᠡᠳᠡᠭᠡᠷ᠎ᠢ ᠨᠡᠮᠡᠪᠡᠯ ᠨᠢᠭᠡ ᠵᠢᠯ᠎ᠤᠨ ᠣᠷᠣᠯᠭ᠎ᠠ᠎ᠨᠢ ᠳᠥᠷᠪᠡ ᠲᠠᠪᠤᠨ ᠲᠦᠮᠡᠨ ᠲᠥᠭᠦᠷᠢᠭ᠎ᠲᠤ ᠬᠦᠷᠴᠤ᠌ ᠪᠠᠢᠨ᠎ᠠ!
ᠡᠢᠮᠦᠷᠬᠦᠦ ᠵᠢᠱ᠌ᠢᠶ᠎ᠡ ᠮᠠᠰᠢ ᠣᠯᠠᠨ ᠁
ᠨᠢᠭᠡ ᠬᠥᠮᠦᠨ ᠪᠠᠶᠠᠵᠢᠪᠠᠯ ᠪᠠᠶᠠᠨ᠎ᠳᠤ ᠲᠣᠭᠠᠴᠠᠭ᠍ᠳᠠᠬᠤ ᠦᠭᠡᠢ᠂ ᠣᠯᠠᠨ᠎ᠢᠶᠠᠷ᠎ᠢᠶᠠᠨ ᠪᠠᠶᠠᠵᠢᠪᠠᠯ ᠰᠠᠶᠢ ᠪᠠᠶᠠᠨ᠎ᠳᠤ ᠲᠤᠭᠠᠴᠠᠭ᠍ᠳᠠᠨ᠎ᠠ᠃
124 ᠲᠦᠮᠡᠨ ᠬᠥᠮᠦᠨ ᠣᠨᠴᠠᠯᠢᠭ᠍ᠲᠤ ᠠᠵᠤ ᠦᠢᠯᠡᠰ᠎ᠢ ᠬᠥᠭ᠌ᠵᠢᠭᠦᠯᠬᠦ᠌᠎ᠪᠠᠷ ᠲᠠᠮᠵᠢᠨ ᠲᠤᠭ᠍ᠳᠠᠭᠤᠨ ᠤᠷᠤᠯᠭ᠎ᠠ᠎ᠲᠠᠢ ᠪᠤᠯᠵᠤ᠂ 8 ᠲᠦᠮᠡ ᠭᠠᠷᠤᠶ ᠬᠥᠮᠦᠨ ᠭᠤᠤᠯᠳᠠᠯᠭ᠎ᠠ᠎ᠲᠠᠢ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠳᠤ ᠣᠷᠣᠯᠴᠠᠨ ᠶᠠᠳᠠᠭᠤ᠎ᠠᠴᠠ ᠠᠩᠬᠢᠵᠢᠷᠠᠵᠤ᠂ ᠶᠠᠳᠠᠭᠤ᠎ᠠᠴᠠ ᠠᠩᠭᠢᠵᠢᠷᠠᠭ᠍ᠰᠠᠨ ᠣᠯᠠᠨ ᠲᠦᠮᠡᠨ ᠢᠳᠡᠵᠦ᠍ ᠡᠮᠦᠰᠭᠦ᠎ᠳᠡᠭᠡᠨ ᠵᠣᠪᠠᠭ᠍ᠤ ᠥᠬᠡᠶ ᠪᠣᠯᠵᠣ᠂ ᠠᠯᠪᠠᠨ ᠵᠢᠷᠤᠮ᠎ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ᠂ ᠣᠷᠣᠨ ᠰᠠᠭᠤᠴᠠ᠎ᠶ᠋ᠢᠨ ᠠᠮᠤᠷ ᠲᠦᠪᠱᠢᠨ ᠪᠠ ᠤᠤᠭᠤᠬᠤ ᠤᠰᠤᠨ᠎ᠤ ᠠᠮᠤᠷ ᠲᠦᠪᠱᠢᠨ᠎ᠤ ᠪᠠᠲᠤᠯᠠᠭ᠎ᠠ᠎ᠲᠠᠢ ᠪᠣᠯᠵᠣ᠂ 57 ᠶᠠᠳᠠᠭᠤ ᠬᠦᠴᠢᠷᠳᠡᠯᠲᠡᠶ ᠬᠤᠱᠢᠭᠤ ᠱᠢᠶᠠᠨ᠎ᠤ ᠶᠠᠳᠠᠭᠤ᠎ᠠᠴᠠ ᠠᠩᠭᠢᠵᠢᠷᠠᠭ᠍ᠰᠠᠨ ᠬᠥᠮᠦᠨ ᠠᠮᠠ᠎ᠶ᠋ᠢᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 15005 ᠲᠥᠭᠦᠷᠢᠭ᠎ᠲᠤ ᠬᠦᠷᠴᠦ᠍᠂ ᠵᠢᠯ ᠳᠤᠮᠳᠠᠴᠢ᠎ᠪᠠᠷ 34.2% ᠢᠶᠠᠷ ᠨᠡᠮᠡᠭ᠌ᠳᠡᠪᠡ᠃ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢᠨ ᠦᠷᠭᠦᠯᠵᠢᠯᠡᠨ ᠭᠦᠨᠵᠡᠭᠡᠢᠷᠡᠬᠦ᠌᠎ᠶ᠋ᠢ ᠳᠠᠭᠠᠯᠳᠤᠨ᠂ ᠮᠠᠨ᠎ᠤ ᠣᠷᠣᠨ᠎ᠤ ᠮᠠᠯ ᠠᠵᠤ ᠠᠬᠤᠶ ᠲᠠᠷᠢᠶᠠᠯᠠᠩ ᠪᠣᠯᠤᠨ ᠮᠠᠯᠵᠢᠬᠤ ᠲᠠᠷᠢᠶᠠᠯᠠᠬᠤ ᠣᠷᠣᠨ᠎ᠤ ᠬᠥᠭ᠌ᠵᠢᠯᠲᠡ᠎ᠶ᠋ᠢᠨ ᠢᠷᠡᠭᠡᠳᠦᠶ ᠯᠠᠪᠳᠡᠢ ᠨᠠᠩ ᠬᠡᠬᠡᠨ ᠰᠠᠷᠠᠭᠤᠯ ᠪᠣᠯᠬᠤ ᠶᠤᠮ᠃