7 ᠰᠠᠷ᠎ᠠ᠎ᠶ᠋ᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠨᠠᠮ᠎ᠤᠨ ᠤᠳᠤᠷᠢᠳᠭᠤ ᠳᠤᠭᠤᠢᠯᠠᠩ ᠣᠨᠣᠯ ᠰᠤᠷᠤᠯᠴᠠᠬᠤ ᠭᠤᠤᠯ ᠳᠤᠭᠤᠢᠯᠠᠩ᠎ᠤᠨ 2021 ᠣᠨ᠎ᠤ 8 ᠳ᠋ᠤᠭᠠᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ᠎ᠶ᠋ᠢᠨ ᠬᠤᠷᠠᠯ ᠬᠢᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢᠨ ᠲᠣᠭᠤᠷᠢᠨ᠎ᠳᠤ ᠰᠤᠳᠤᠯᠤᠨ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ ᠨᠠᠰᠤᠨᠮᠦᠡᠭ᠌ᠭᠡ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠤ᠂ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ ᠸᠠᠩ ᠪᠥᠸᠧ᠂ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠯᠢᠶᠠᠨ ᠰᠤ᠌᠂ ᠵᠠᠩ ᠶᠤᠸᠠᠨ ᠵᠥᠩ᠂ ᠾᠧ ᠶᠠᠨ ᠯᠢᠩ᠂ ᠱ᠌ᠢ ᠸᠧᠨ ᠱᠢᠤᠸᠠᠢ ᠬᠤᠷᠠᠯ᠎ᠳᠤ ᠣᠷᠣᠯᠴᠠᠵᠤ᠂ ᠪᠠᠢᠩᠭᠤ᠎ᠶ᠋ᠢᠨ ᠬᠤᠷᠢᠶᠠᠨ᠎ᠤ ᠳᠡᠳ᠋ ᠡᠷᠬᠢᠯᠡᠭ᠌ᠴᠢ ᠯᠢ ᠷᠦᠡᠭ ᠰᠢ ᠬᠤᠷᠠᠯ᠎ᠳᠤ ᠰᠤᠯᠠ ᠣᠷᠣᠯᠴᠠᠵᠠᠶ᠃
ᠬᠠᠮᠲᠤ᠎ᠶ᠋ᠢᠨ ᠰᠤᠷᠤᠯᠴᠠᠯᠭ᠎ᠠ᠎ᠠᠴᠠ ᠡᠮᠦᠨ᠎ᠡ᠂ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠪᠦᠷᠢᠯᠳᠦᠬᠦᠨ ᠨᠡᠷ ᠰᠤᠷᠤᠯᠴᠠᠯᠭ᠎ᠠ᠎ᠶ᠋ᠢᠨ ᠭᠤᠤᠯ ᠰᠡᠳᠦᠪ᠎ᠤᠨ ᠲᠣᠭᠤᠷᠢᠨ᠎ᠳᠤ ᠬᠢᠨᠠᠮᠠᠭᠠᠶ᠎ᠪᠠᠷ ᠥᠪᠡᠷ᠎ᠤᠨ ᠰᠤᠷᠤᠯᠴᠠᠯᠭ᠎ᠠ ᠬᠢᠵᠤ᠂ ᠦᠪᠡᠷ᠎ᠤᠨ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠭᠦᠨᠵᠡᠭᠡᠶ ᠰᠡᠳᠭᠢᠨ ᠪᠣᠳᠣᠯᠬᠢᠯᠠᠬᠤ᠎ᠶ᠋ᠢᠨ ᠬᠠᠮᠳᠤ ᠰᠤᠳᠤᠯᠤᠨ ᠶᠠᠷᠢᠯᠴᠠᠵᠤ ᠲᠦᠷᠦᠭ᠌ᠳᠡᠯ᠎ᠢᠶᠠᠨ ᠰᠤᠯᠢᠯᠴᠠᠬᠤ ᠮᠠᠲ᠋ᠧᠷᠢᠶᠠᠯ ᠪᠢᠴᠢᠪᠡ᠃
ᠬᠤᠷᠠᠯ᠎ᠠᠴᠠ᠂ ᠪᠠᠢᠩᠭᠤ᠎ᠶ᠋ᠢᠨ ᠬᠤᠷᠢᠶᠠᠨ᠎ᠤ ᠨᠠᠮ᠎ᠤᠨ ᠤᠳᠤᠷᠢᠳᠭᠤ ᠳᠤᠭᠤᠢᠯᠠᠩ ᠪᠣᠯᠤᠨ ᠪᠠᠢᠭᠤᠯᠭ᠎ᠠ᠎ᠶ᠋ᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠤᠢᠱᠢᠳᠠ᠎ᠶ᠋ᠢᠨ ᠬᠡᠰᠡᠭ ᠬᠤᠭᠤᠴᠠᠭᠠᠨ᠎ᠤ ᠴᠢᠬᠤᠯᠠ ᠶᠡᠭᠡ ᠤᠯᠤᠰ ᠲᠦᠷᠦ᠎ᠶ᠋ᠢᠨ ᠡᠭᠦᠷᠭᠡ ᠪᠣᠯᠭᠠᠵᠤ᠂ ᠤᠨᠤᠯ᠎ᠢᠶᠠᠷ ᠵᠡᠪᠰᠡᠭ᠌ᠯᠡᠬᠦ᠌ ᠠᠵᠢᠯ᠎ᠤᠨ ᠴᠢᠬᠤᠯᠠ ᠵᠦᠢᠯ ᠪᠣᠯᠭᠠᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠭᠤᠣᠯ ᠠᠭᠤᠯᠭ᠎ᠠ ᠪᠣᠯᠭᠠᠵᠤ᠂ ᠰᠤᠷᠤᠯᠴᠠᠨ ᠣᠢᠯᠠᠭᠠᠵᠤ ᠨᠡᠪᠲᠡᠷᠡᠲᠡᠯ᠎ᠡ ᠡᠵᠡᠮᠱᠢᠵᠦ᠍ ᠪᠣᠳᠠᠲᠠᠢᠵᠢᠭᠤᠯᠬᠤ ᠳᠡᠭᠡᠷ᠎ᠡ ᠬᠦᠴᠦ᠍ ᠤᠷᠤᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠠᠷᠢᠶᠠᠨ᠎ᠤ ᠵᠣᠷᠢᠭ ᠰᠠᠨᠠᠭ᠎ᠠ᠎ᠲᠠᠢ ᠴᠢᠨᠠᠭ᠍ᠰᠢᠳᠠ ᠨᠢᠭᠡᠳᠭᠡᠵᠦ᠍᠂ ᠤᠯᠤᠰ ᠲᠦᠷᠦ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠎ᠶ᠋ᠢᠨ ᠣᠢᠯᠠᠭᠠᠬᠤ ᠴᠢᠳᠠᠪᠤᠷᠢ᠂ ᠤᠯᠤᠰ ᠲᠦᠷᠦ᠎ᠶ᠋ᠢᠨ ᠬᠦᠢᠴᠡᠳᠭᠡᠭᠦ᠌ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ᠃ ᠶᠠᠷᠢᠶ᠎ᠠ᠎ᠶ᠋ᠢ ᠰᠤᠷᠤᠯᠴᠠᠬᠤ᠎ᠶ᠋ᠢ ᠤᠳᠤᠬᠠᠨ᠎ᠤ ᠶᠠᠭ ᠥᠷᠨᠢᠭᠦᠯᠵᠦ᠍ ᠪᠠᠢᠭ᠎ᠠ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠲᠠᠢ ᠨᠢᠭ᠍ᠲᠠ ᠤᠶᠠᠯᠳᠤᠭᠤᠯᠵᠤ᠂ ᠪᠠᠢᠭᠤᠯᠭ᠎ᠠ᠎ᠶ᠋ᠢᠨ ᠨᠠᠮ᠎ᠤᠨ ᠭᠡᠱᠢᠭᠦᠨ ᠺᠠᠳ᠋ᠷ ᠪᠣᠯᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠬᠥᠮᠦᠵᠢᠯ ᠪᠣᠯᠪᠠᠰᠤᠷᠠᠯ᠎ᠲᠠᠢ ᠤᠶᠠᠯᠳᠤᠭᠤᠯᠵᠤ᠂ ᠤᠳᠤᠷᠢᠳᠭᠤ ᠪᠠᠭ᠎ᠤᠨ ᠪᠠᠢᠭᠤᠯᠤᠯᠲᠠ ᠪᠣᠯᠤᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠠᠢᠭᠤᠯᠤᠯᠲᠠ᠎ᠲᠠᠢ ᠤᠶᠠᠯᠳᠤᠭᠤᠯᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠦᠨᠡᠨ ᠬᠦ᠌ ᠠᠵᠢᠯ᠎ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠥᠪᠥᠷ ᠮᠣᠩᠭᠤᠯ᠎ᠤᠨ ᠱᠢᠨ᠎ᠡ ᠠᠶᠠᠨ᠎ᠳᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃