ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠤᠨᠤᠯ᠎ᠤᠨ ᠰᠤᠳᠤᠯᠤᠨ ᠶᠠᠷᠢᠯᠴᠠᠬᠤ ᠬᠤᠷᠠᠯ ᠬᠥᠬᠡᠬᠤᠲᠠ᠎ᠳᠤ ᠬᠤᠷᠠᠯᠳᠤᠪᠠ
2021-07-23 10:14:24
ᠵᠣᠬᠢᠶᠠᠭ᠍ᠴᠢ᠄
​ ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

7 ᠰᠠᠷ᠎ᠠ᠎ᠶ᠋ᠢᠨ 19 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ ᠭᠤᠤᠯᠯᠠᠨ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠣᠨᠣᠯ᠎ᠤᠨ ᠱᠢᠰᠲ᠋ᠧᠮ᠎ᠤᠨ ᠰᠤᠳᠤᠯᠭᠠᠨ᠎ᠤ ᠲᠥᠪ ᠳᠠᠭᠠᠭᠠᠴᠢᠯᠠᠨ ᠡᠷᠭᠢᠯᠡᠭ᠌ᠰᠡᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠤᠨᠤᠯ᠎ᠤᠨ ᠰᠤᠳᠤᠯᠤᠨ ᠶᠠᠷᠢᠯᠴᠠᠬᠤ ᠬᠤᠷᠠᠯ ᠬᠥᠬᠡᠬᠤᠲᠠ᠎ᠳᠤ ᠬᠤᠷᠠᠯᠳᠤᠪᠠ᠃

ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠮᠠᠷᠺᠰ᠎ᠤᠨ ᠦᠵᠡᠯ᠎ᠤᠨ ᠰᠤᠳᠤᠯᠭᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠰᠣᠶᠣᠯ᠎ᠤᠨ ᠵᠥᠭᠡᠯᠡᠨ ᠪᠣᠳᠠᠲᠤ ᠬᠦᠴᠦᠨ᠎ᠤ ᠰᠤᠳᠤᠯᠭᠠᠨ᠎ᠤ ᠲᠥᠪ᠂ ᠦᠬᠠᠨ ᠶᠡᠭᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠤᠨ ᠳᠡᠭᠡᠳᠦ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠠᠮ᠎ᠤᠨ ᠲᠡᠦᠬᠡ ᠪᠠ ᠲᠤᠯᠭᠤᠷ ᠪᠢᠴᠢᠭ ᠰᠤᠳᠤᠯᠬᠤ ᠲᠠᠰᠤᠭ᠂ ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠂ ᠥᠪᠥᠷ ᠮᠣᠩᠭᠤᠯ᠎ᠤᠨ ᠶᠡᠭᠡ ᠰᠤᠷᠭᠠᠭᠤᠯᠢ ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠲᠤᠰᠭᠠᠢ ᠮᠡᠷᠭᠡᠵᠢᠯᠲᠡᠨ ᠡᠷᠳᠡᠮᠲᠡᠨ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢᠨ ᠲᠣᠭᠤᠷᠢᠨ᠎ᠳᠤ᠂ ᠠᠳᠠᠯᠢ ᠪᠤᠰᠤ ᠬᠠᠷᠠᠭᠠᠰᠤ᠎ᠠᠴᠠ ᠦᠭᠡ ᠬᠡᠯᠡᠵᠦ᠍᠂ ᠭᠦᠨᠵᠡᠭᠡᠢ ᠪᠥᠭᠡᠳ ᠨᠠᠷᠢᠯᠢᠭ ᠶᠠᠷᠢᠯᠴᠠᠭ᠎ᠠ ᠥᠷᠨᠢᠭᠦᠯᠪᠡ᠃

ᠤᠯᠠᠨ᠎ᠢᠶᠠᠷ᠎ᠢᠶᠠᠨ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠠᠭᠤᠯᠤᠭ᠍ᠳᠠᠬᠤᠨ ᠡᠯᠪᠡᠭ ᠪᠠᠶᠠᠯᠢᠭ᠂ ᠥᠷᠭᠡᠨ ᠳᠡᠯᠭᠡᠷ ᠭᠦᠨ ᠭᠦᠨᠵᠡᠭᠡᠢ ᠪᠠᠢᠵᠤ᠂ ᠮᠠᠰᠢ ᠤᠯᠠᠨ ᠱᠢᠨ᠎ᠡ ᠣᠢᠯᠠᠭᠠᠭ᠍ᠳᠠᠬᠤᠨ᠎ᠢ ᠳᠤᠷᠠᠳᠴᠤ᠌᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠴᠢᠨᠠᠭ᠍ᠰᠢᠳᠠ ᠪᠠᠶᠠᠯᠢᠭ᠍ᠵᠢᠭᠤᠯᠪᠠ᠃ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠤᠨᠤᠯ᠎ᠤᠨ ᠡᠲᠡᠭᠡᠳ ᠪᠠ ᠥᠷᠭᠡᠨ ᠤᠯᠠᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠤᠨᠤᠯ᠎ᠤᠨ ᠠᠵᠢᠯᠲᠠᠳ ᠤᠨᠤᠯ᠎ᠤᠨ ᠰᠤᠳᠤᠯᠭᠠᠨ᠎ᠤ ᠬᠠᠨᠳᠤᠯᠭᠠᠲᠤ ᠴᠢᠨᠠᠷ᠂ ᠪᠣᠳᠠᠲᠤ ᠪᠦᠳᠦᠮᠵᠢᠳᠤ ᠴᠢᠨᠠᠷ᠎ᠢᠶᠠᠨ ᠴᠢᠨᠠᠬ᠍ᠰᠢᠲᠠ ᠴᠢᠩᠭᠠᠳᠭᠠᠵᠤ᠂ ᠤᠨᠤᠯ ᠪᠠ ᠦᠢᠯᠡᠳᠦᠯᠭᠡ᠎ᠶ᠋ᠢᠨ ᠲᠠᠯ᠎ᠠ᠎ᠪᠠᠷ ᠰᠤᠳᠤᠯᠭᠠᠨ᠎ᠢᠶᠠᠨ ᠴᠢᠩᠭᠠᠳᠭᠠᠵᠤ᠂ ᠭᠦᠨᠵᠡᠭᠡᠢ ᠲᠣᠳᠣᠷᠬᠠᠢᠯᠠᠨ ᠲᠠᠢᠯᠪᠤᠷᠢᠯᠠᠵᠤ᠂ ᠨᠢᠭᠡ ᠪᠦᠯᠦᠭ ᠨᠡᠩ ᠲᠠᠲᠠᠬᠤ ᠬᠦᠴᠦᠨ᠎ᠲᠠᠢ᠂ ᠨᠡᠩ ᠢᠲᠡᠭᠡᠭᠦᠯᠬᠦ᠌ ᠬᠦᠴᠦᠨ᠎ᠲᠠᠢ᠂ ᠨᠡᠩ ᠨᠥᠯᠥᠭᠡᠯᠡᠬᠦ᠌ ᠬᠦᠴᠦᠨ᠎ᠲᠠᠢ ᠰᠤᠳᠤᠯᠭᠠᠨ᠎ᠤ ᠦᠷ᠎ᠡ ᠪᠦᠲᠦᠭᠡᠯ᠎ᠢ ᠭᠠᠷᠭᠠᠬᠤ ᠬᠡᠷᠡᠭ᠌ᠲᠡᠢ ᠬᠡᠵᠦ᠍ ᠰᠠᠨᠠᠯ ᠨᠢᠭᠡᠲᠡᠢ ᠦᠵᠡᠵᠡᠭᠡᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠂ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠂ ᠥᠪᠡᠷᠲᠡᠭᠡᠨ ᠵᠠᠰᠠᠬᠤ ᠣᠷᠣᠨ᠎ᠤ ᠶᠡᠭᠡ ᠳᠡᠭᠡᠳᠦ ᠰᠤᠷᠭᠠᠭᠤᠯᠢ᠎ᠶ᠋ᠢᠨ ᠬᠠᠮᠢᠶ᠎ᠠ ᠪᠥᠬᠦᠶ ᠲᠤᠰᠭᠠᠶ ᠮᠡᠷᠭᠡᠵᠢᠯᠲᠡᠨ ᠡᠷᠳᠡᠮᠲᠡᠨ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠪᠦᠷᠢᠯᠳᠦᠬᠦᠨ ᠵᠡᠷᠭᠡ 120 ᠭᠠᠷᠤᠶ ᠬᠥᠮᠦᠨ ᠬᠤᠷᠠᠯ᠎ᠳᠤ ᠣᠷᠣᠯᠴᠠᠵᠠᠶ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号