ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ (ᠥᠷᠭᠡᠳᠭᠡᠭ᠌ᠰᠡᠨ) ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠲᠤᠰᠭᠠᠶ ᠰᠡᠳᠦᠪ᠎ᠢᠶᠠᠷ ᠰᠤᠷᠤᠯᠴᠠᠵᠠᠢ᠃
ᠬᠤᠷᠠᠯ ᠲᠠᠬᠡᠷ᠎ᠠ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠨᠢᠬᠡᠳ ᠨᠢᠬᠡ᠎ᠪᠠᠷ ᠦᠬᠡ ᠬᠡᠯᠡᠵᠤ᠂ ᠰᠤᠷᠤᠯᠴᠠᠭ᠍ᠰᠠᠨ ᠤᠯᠤᠯᠳᠠ ᠲᠦᠷᠦᠭ᠌ᠲᠠᠯᠢᠶᠠᠨ ᠰᠤᠯᠢᠯᠴᠠᠵᠠᠢ᠃ ᠤᠯᠠᠨ᠎ᠢᠶᠠᠷ᠎ᠢᠶᠠᠨ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ ᠥᠨᠳᠥᠷ᠎ᠲᠤ ᠵᠣᠭ᠍ᠰᠣᠨ ᠠᠯᠤᠰ᠎ᠢ ᠪᠠᠷᠠᠯᠠᠵᠥ᠍᠂ ᠰᠦᠷ ᠳᠠᠯᠠᠢᠴᠠᠲᠠᠢ᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭ᠍ᠳᠠᠬᠤᠨ ᠡᠯᠪᠡᠭ ᠪᠠᠶᠠᠯᠢᠭ᠂ ᠤᠷᠢᠳᠤᠬᠢ᠎ᠶ᠋ᠢ ᠵᠠᠯᠭᠠᠮᠵᠢᠯᠠᠨ ᠬᠤᠢᠱᠢᠬᠢ᠎ᠳᠤ ᠵᠠᠮ ᠨᠡᠭᠡᠭᠡᠵᠦ᠍᠂ ᠬᠥᠮᠦᠰ᠎ᠢ ᠵᠣᠷᠢᠭ᠍ᠵᠢᠭᠤᠯᠤᠨ ᠤᠷᠤᠭ᠍ᠰᠢᠯᠠᠭᠤᠯᠵᠤ᠂ ᠮᠠᠰᠢ ᠴᠢᠩᠭ᠎ᠠ ᠤᠨᠤᠯ᠎ᠤᠨ ᠴᠢᠨᠠᠷ᠂ ᠪᠠᠢᠯᠳᠤᠬᠤ ᠪᠤᠳᠤᠯᠭ᠎ᠠ᠎ᠶ᠋ᠢᠨ ᠴᠢᠨᠠᠷ᠂ ᠵᠢᠯᠣᠭᠤᠳᠭᠤ ᠴᠢᠨᠠᠷᠲᠠᠢ ᠪᠠᠢᠵᠤ᠂ ᠮᠠᠷᠺᠰ᠎ᠤᠨ ᠦᠵᠡᠯ᠎ᠤᠨ ᠦᠨᠡᠨ ᠶᠣᠰᠣᠨ᠎ᠤ ᠬᠡᠷᠡᠯ ᠭᠢᠯᠪᠠᠭ᠎ᠠ᠎ᠶ᠋ᠢ ᠰᠠᠴᠤᠷᠠᠭᠤᠯᠵᠤ᠂ ᠮᠠᠨ᠎ᠤ ᠨᠠᠮ᠎ᠤᠨ ᠱᠢᠨ᠎ᠡ ᠴᠠᠭ ᠦᠶ᠎ᠡ᠎ᠳᠤ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠳᠦ᠎ᠶ᠋ᠢ ᠶᠡᠷᠦᠩᠬᠡᠢᠯᠡᠨ ᠵᠢᠯᠣᠭᠤᠳᠤᠭ᠍ᠰᠠᠨ ᠤᠯᠤᠰ ᠲᠦᠷᠦ᠎ᠶ᠋ᠢᠨ ᠲᠤᠩᠬᠠᠭ᠂ ᠮᠠᠨ᠎ᠤ ᠨᠡᠢᠭᠡᠮ ᠵᠢᠷᠤᠮᠳᠦ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌ ᠠᠵᠢᠯᠯᠠᠭᠠᠨ᠎ᠤ ᠬᠥᠲᠥᠯᠪᠦᠷᠢ ᠪᠣᠯᠤᠨ᠎ᠠ ᠭᠡᠵᠦ᠍ ᠰᠠᠨᠠᠯ ᠨᠢᠭᠡᠲᠡᠢ ᠦᠵᠡᠵᠡᠬᠡᠪᠠ᠃
ᠬᠤᠷᠠᠯ᠎ᠠᠴᠠ᠂ ᠰᠤᠷᠤᠯᠴᠠᠯᠭ᠎ᠠ᠎ᠪᠠᠷ ᠳᠠᠮᠵᠢᠨ 《ᠬᠤᠪᠢᠰᠭᠠᠯᠲᠤ ᠵᠠᠰᠠᠭ᠎ᠤᠨ ᠡᠷᠬᠡ ᠬᠢᠯᠪᠠᠷ ᠪᠤᠰᠤ᠎ᠪᠠᠷ ᠢᠷᠡᠭ᠌ᠰᠡᠨ》᠂ 《ᠱᠢᠨ᠎ᠡ ᠳᠤᠮᠳᠠᠳᠤ ᠤᠯᠤᠰ ᠬᠢᠯᠪᠠᠷ ᠪᠤᠰᠤ᠎ᠪᠠᠷ ᠢᠷᠡᠭ᠌ᠰᠡᠨ》᠂ 《ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠬᠢᠯᠪᠠᠷ ᠪᠤᠰᠤ᠎ᠪᠠᠷ ᠢᠷᠡᠭ᠌ᠰᠡᠨ》 ᠭᠡᠳᠡᠭ᠎ᠢ ᠭᠦᠨᠵᠡᠭᠡᠢ ᠲᠠᠨᠢᠵᠤ᠂ ᠨᠠᠮ᠎ᠤᠨ ᠤᠳᠤᠷᠢᠳᠤᠯᠭ᠎ᠠ ᠳᠣᠣᠷ᠎ᠠ ᠳᠤᠮᠳᠠᠳᠤ᠎ᠶ᠋ᠢᠨ ᠦᠨᠳᠦᠰᠦᠲᠡᠨ ᠪᠣᠰᠴᠤ᠌ ᠵᠣᠭ᠍ᠰᠣᠭ᠍ᠰᠠᠨ᠂ ᠴᠢᠨᠡᠭᠡᠯᠢᠭ᠌ᠵᠢᠭ᠌ᠰᠡᠨ᠎ᠠᠴᠠ ᠬᠦᠴᠦᠷᠬᠡᠭ᠌ᠵᠢᠭ᠌ᠰᠡᠨ ᠬᠦᠷᠲᠡᠯᠡᠬᠢ ᠠᠭᠤᠤ ᠶᠡᠭᠡ ᠦᠰᠦᠷᠦᠯᠲᠡ᠎ᠶ᠋ᠢ ᠭᠦᠨᠵᠡᠭᠡᠢ ᠲᠠᠨᠢᠵᠤ᠂ ᠲᠡᠦᠬᠡ᠎ᠶ᠋ᠢᠨ ᠵᠢᠮ᠎ᠡ ᠶᠣᠰᠣ᠎ᠶ᠋ᠢ ᠰᠦᠪᠡᠭ᠌ᠴᠢᠯᠡᠨ᠂ ᠲᠡᠦᠬᠡ᠎ᠶ᠋ᠢᠨ ᠲᠣᠭ᠍ᠲᠠᠯ ᠬᠦᠴᠦᠨ᠎ᠢᠶᠠᠨ ᠪᠠᠲᠤᠯᠠᠵᠤ᠂ ᠠᠵᠢᠯ᠎ᠤᠨ ᠱᠢᠰᠲ᠋ᠧᠮᠲᠦ ᠴᠢᠨᠠᠷ᠂ ᠤᠷᠢᠳᠴᠢᠯᠠᠨ ᠮᠡᠳᠡᠬᠦ᠌ ᠴᠢᠨᠠᠷ᠂ ᠪᠦᠲᠦᠭᠡᠯᠴᠢ ᠴᠢᠨᠠᠷ᠎ᠢᠶᠠᠨ ᠴᠢᠩᠭᠠᠳᠭᠠᠬᠤ ᠬᠡᠷᠡᠭ᠌ᠲᠡᠢ; ᠪᠦᠬᠦ᠌ ᠨᠠᠮ᠎ᠤᠨ ᠭᠡᠱᠢᠭᠦᠨ ᠺᠠᠳ᠋ᠷ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠵᠤ᠂ ᠡᠨᠡ ᠬᠦ᠌ ᠴᠢᠬᠤᠯᠠ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠴᠢᠨᠠᠷ᠂ ᠦᠨᠡᠨ ᠶᠣᠰᠣᠴᠢ ᠴᠢᠨᠠᠷ ᠪᠣᠯᠤᠨ ᠰᠦᠷ ᠳᠠᠯᠠᠢᠴᠠᠲᠠᠢ ᠦᠢᠯᠡᠳᠦᠯᠭᠡ᠎ᠶ᠋ᠢᠨ ᠠᠤᠭ᠎ᠠ ᠬᠦᠴᠦᠨ᠎ᠢ ᠭᠦᠨᠵᠡᠭᠡᠢ ᠣᠢᠯᠠᠭᠠᠵᠤ᠂ ᠤᠬᠠᠮᠰᠠᠷ᠎ᠠᠴᠠ᠎ᠪᠠᠨ ᠡᠨᠡ ᠬᠦ᠌ ᠴᠢᠬᠤᠯᠠ ᠦᠵᠡᠯ ᠰᠠᠨᠠᠭ᠎ᠠ᠎ᠪᠠᠷ ᠲᠠᠷᠢᠬᠢ ᠲᠣᠯᠣᠭᠠᠢ᠎ᠪᠠᠨ ᠵᠡᠪᠰᠡᠭ᠌ᠯᠡᠵᠦ᠍᠂ ᠦᠢᠯᠡᠳᠦᠯᠭᠡ᠎ᠪᠠᠨ ᠵᠢᠯᠤᠭᠤᠳᠤᠭᠤᠯᠵᠤ᠂ ᠠᠵᠢᠯ᠎ᠢᠶᠠᠨ ᠠᠬᠢᠭᠤᠯᠬᠤ ᠬᠡᠷᠡᠭ᠌ᠲᠡᠢ; ᠪᠥᠬᠦ᠌ ᠨᠠᠮ᠎ᠤᠨ ᠭᠡᠱᠢᠭᠦᠨ ᠺᠠᠳ᠋ᠷᠴᠤᠳ ᠭᠦᠨᠵᠡᠭᠡᠶ ᠰᠤᠷᠤᠯᠴᠠᠵᠤ᠂ 《ᠶᠢᠰᠦᠨ ᠡᠷᠬᠡᠪᠰᠢ》 ᠶ᠋ᠢ ᠡᠷᠡᠰ ᠭᠤᠢᠪᠢᠰᠢ ᠥᠬᠡᠶ ᠪᠠᠷᠢᠮᠲᠠᠯᠠᠵᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠡᠮᠴᠢᠯᠡᠭᠡᠨ᠎ᠤ ᠪᠠᠲᠤᠯᠠᠭ᠎ᠠ᠎ᠶ᠋ᠢᠨ ᠥᠭᠡᠷᠡᠴᠢᠯᠡᠯᠲᠡ ᠬᠥᠭ᠌ᠵᠢᠯᠲᠡ᠎ᠶ᠋ᠢᠨ ᠡᠭᠦᠷᠭᠡ᠎ᠶ᠋ᠢ ᠨᠠᠷᠢᠨ ᠬᠢᠨᠠᠮᠠᠭᠠᠶ ᠪᠣᠳᠣᠯᠬᠢᠯᠠᠨ ᠲᠥᠯᠥᠪᠵᠢᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠬᠠᠷᠢᠭᠤᠴᠠᠯᠭ᠎ᠠ᠎ᠶ᠋ᠢ ᠲᠠᠢᠯᠪᠤᠷᠢᠯᠠᠵᠤ᠂ ᠪᠣᠳᠠᠲᠠᠶ ᠠᠵᠢᠯᠯᠠᠵᠦ᠍᠂ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌᠎ᠳᠤ ᠡᠮᠴᠢᠯᠡᠭᠡᠨ᠎ᠤ ᠪᠠᠲᠤᠯᠠᠭ᠎ᠠ᠎ᠶ᠋ᠢᠨ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠶ ᠭᠡᠵᠦ᠍ ᠵᠢᠭᠠᠵᠤ ᠭᠠᠷᠭᠠᠪᠠ᠃