ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠵᠤ ᠵᠠᠯᠠᠭᠤ ᠨᠠᠰᠤᠨ᠎ᠤ ᠢᠷᠠᠭᠤ ᠬᠠᠭᠤᠳᠠᠰᠤ᠎ᠶ᠋ᠢ ᠪᠢᠴᠢᠭ᠌ᠯᠡᠶ᠎ᠡ
2021-07-28 10:07:49
ᠵᠣᠬᠢᠶᠠᠭ᠍ᠴᠢ᠄
ᠳ᠋ᠢᠩ ᠷᠦᠢ ᠱᠢᠤᠸᠠᠢ
ᠣᠩᠱᠢᠭ᠍ᠰᠠᠨ ᠣᠳᠠᠭ᠎ᠠ᠄
★★★☆☆

ᠢᠷᠡᠬᠡᠳᠦᠢ ᠪᠤᠯ ᠵᠠᠯᠠᠭᠤᠴᠤᠳ᠎ᠤᠨ᠎ᠬᠢ ᠶᠤᠮ᠂ ᠬᠦᠰᠡᠯ ᠡᠷᠡᠮᠡᠯᠵᠡᠯ᠎ᠢᠶᠠᠨ ᠵᠠᠯᠠᠭᠤᠴᠤᠳ᠎ᠲᠤ ᠨᠠᠢᠳᠠᠶ᠎ᠠ᠃ ᠵᠠᠭᠤᠨ ᠵᠢᠯ᠎ᠤᠨ ᠡᠮᠦᠨ᠎ᠡ᠂ ᠨᠢᠬᠡ ᠪᠦᠯᠦᠭ ᠱᠢᠨ᠎ᠡ ᠵᠠᠯᠠᠭᠤᠴᠤᠳ ᠮᠠᠷᠺᠰ᠎ᠤᠨ ᠦᠵᠡᠯ᠎ᠤᠨ ᠦᠵᠡᠯ ᠰᠠᠨᠠᠭᠠᠨ᠎ᠤ ᠭᠠᠯ ᠪᠠᠮᠪᠠᠷ᠎ᠢ ᠦᠨᠳᠦᠷ ᠮᠠᠨᠳᠤᠭᠤᠯᠵᠤ᠂ ᠰᠠᠯᠬᠢᠨ ᠪᠤᠷᠤᠭᠠᠨᠳᠤ ᠬᠠᠷᠠᠩᠭᠤᠢ ᠪᠦᠷᠦᠩᠬᠦᠢ ᠲᠤᠮᠳᠠᠳᠤ ᠤᠯᠤᠰ᠎ᠲᠤ ᠨᠢᠬᠡ ᠯᠡ ᠰᠡᠳᠭᠢᠯ᠎ᠢᠶᠠᠷ ᠦᠨᠳᠦᠰᠦᠳᠡᠨ᠎ᠤ ᠰᠡᠷᠬᠦᠨ ᠮᠠᠨᠳᠤᠯᠳᠠ᠎ᠶ᠋ᠢᠨ ᠢᠷᠡᠬᠡᠳᠦᠢ᠎ᠶ᠋ᠢ ᠡᠷᠢᠯᠬᠢᠯᠡᠪᠡ᠃ ᠵᠠᠭᠤᠨ ᠵᠢᠯ᠎ᠤᠨ ᠲᠤᠷᠰᠢ  ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠤᠬ᠎ᠤᠨ ᠲᠤᠤᠷ᠎ᠠ᠂ ᠦᠶ᠎ᠠ ᠦᠶ᠎ᠠ᠎ᠶ᠋ᠢᠨ ᠲᠤᠮᠳᠠᠳᠤ ᠤᠯᠤᠰ᠎ᠤᠨ ᠵᠠᠯᠠᠭᠤᠴᠤᠳ ᠵᠠᠯᠠᠭᠤ ᠨᠠᠰᠤᠨ᠎ᠤ ᠲᠡᠮᠡᠴᠡᠯ᠎ᠢᠶᠠᠨ ᠨᠠᠮ ᠪᠠ ᠠᠷᠠᠳ ᠲᠦᠮᠡᠨ᠎ᠤ ᠦᠢᠯᠡᠰ᠎ᠲᠤ ᠠᠭᠤᠰᠭᠠᠵᠤ᠂ ᠲᠤᠮᠳᠠᠳᠤ᠎ᠶ᠋ᠢᠨ ᠦᠨᠳᠦᠰᠦᠳᠡᠨ᠎ᠤ ᠠᠭᠤᠤ ᠶᠡᠭᠡ ᠰᠡᠷᠬᠦᠨ ᠮᠠᠨᠳᠤᠯᠳᠠ᠎ᠶ᠋ᠢ ᠪᠡᠶᠡᠯᠡᠬᠦᠯᠬᠦ᠌ ᠬᠤᠱᠢᠭᠤᠴᠢ ᠬᠦᠴᠦᠨ ᠪᠤᠯᠤᠬ᠍ᠰᠠᠨ ᠪᠠᠢᠨ᠎ᠠ᠃ ᠱᠢᠨ᠎ᠠ ᠴᠠᠬ ᠦᠶ᠎ᠡ᠎ᠶ᠋ᠢᠨ ᠲᠤᠮᠳᠠᠳᠤ ᠤᠯᠤᠰ᠎ᠤᠨ ᠵᠠᠯᠠᠭᠤᠴᠤᠳ ᠲᠤᠮᠳᠠᠳᠤ᠎ᠶ᠋ᠢᠨ ᠦᠨᠳᠦᠰᠦᠳᠡᠨ᠎ᠤ ᠠᠭᠤᠤ ᠶᠡᠭᠡ ᠰᠡᠷᠬᠦᠨ ᠮᠠᠨᠳᠤᠯᠳᠠ᠎ᠶ᠋ᠢ ᠪᠡᠶᠡᠯᠡᠬᠦᠯᠬᠦ᠌᠎ᠪᠠᠷ ᠦᠪᠡᠷ᠎ᠤᠨ ᠡᠬᠦᠷᠬᠡ᠎ᠪᠠᠨ ᠪᠤᠯᠭᠠᠵᠤ᠂ ᠲᠤᠮᠳᠠᠳᠤ ᠤᠯᠤᠰ᠎ᠤᠨ ᠬᠦᠮᠦᠨ ᠪᠤᠯᠤᠬ᠍ᠰᠠᠨ᠎ᠤ ᠡᠷᠴᠢ ᠵᠤᠷᠢᠬ᠂ ᠰᠦᠰᠦ ᠵᠤᠷᠢᠬ᠂ ᠢᠳᠡᠬᠡᠯ ᠵᠤᠷᠢᠬ᠎ᠢᠶᠠᠨ ᠨᠡᠮᠡᠭ᠌ᠳᠡᠬᠦᠯᠵᠦ᠍᠂ ᠴᠠᠬ ᠦᠶ᠎ᠠ᠎ᠶ᠋ᠢ ᠬᠦᠰᠡᠷᠳᠡᠬᠦᠯᠬᠦ᠌ ᠦᠬᠡᠢ᠂ ᠽᠠᠨᠳᠠᠨ ᠨᠠᠰᠤ ᠰᠠᠢᠬᠠᠨ ᠴᠠᠬ᠎ᠢ ᠬᠦᠰᠡᠷᠳᠡᠬᠦᠯᠬᠦ᠌ ᠦᠬᠡᠢ᠂ ᠨᠠᠮ ᠪᠠ ᠠᠷᠠᠳ ᠲᠦᠮᠡᠨ᠎ᠤ ᠨᠠᠨᠳᠢᠨ ᠬᠦᠰᠡᠯ ᠡᠷᠡᠮᠡᠯᠵᠡᠯ᠎ᠢ ᠬᠦᠰᠡᠷᠳᠡᠬᠦᠯᠬᠦ᠌ ᠦᠬᠡᠢ ᠪᠠᠢᠬᠤ ᠬᠡᠷᠡᠭ᠌ᠳᠡᠢ!

— ᠰᠢ᠎ᠶ᠋ᠢᠨ ᠫᠢᠩ᠎ᠤᠨ ᠲᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠬ᠍ᠳᠠᠬ᠍ᠰᠠᠨ 100 ᠵᠢᠯ ᠎ᠤᠨ ᠤᠢ᠎ᠶ᠋ᠢ ᠪᠡᠯᠬᠡᠯᠡᠬᠦ᠌ ᠶᠡᠭᠡ ᠬᠤᠷᠠᠯ ᠲᠡᠭᠡᠷᠡᠬᠢ ᠶᠠᠷᠢᠶ᠎ᠠ


ᠨᠢᠭᠡ ᠴᠠᠭ ᠦᠶ᠎ᠡ᠎ᠳᠤ ᠨᠢᠭᠡ ᠴᠠᠭ ᠦᠶ᠎ᠡ᠎ᠶ᠋ᠢᠨ ᠭᠤᠤᠯ ᠰᠡᠳᠦᠪ᠎ᠲᠠᠢ᠂ ᠨᠢᠭᠡ ᠦᠶ᠎ᠡ᠎ᠶ᠋ᠢᠨ ᠬᠥᠮᠦᠨ᠎ᠳᠤ ᠨᠢᠭᠡ ᠦᠶ᠎ᠡ᠎ᠶ᠋ᠢᠨ ᠵᠠᠯᠠᠭᠤ ᠨᠠᠰᠤ᠎ᠲᠠᠢ᠃ ᠳᠤᠮᠳᠠᠳᠤ᠎ᠶ᠋ᠢᠨ ᠦᠨᠳᠦᠰᠦᠲᠡᠨ᠎ᠤ ᠦᠶ᠎ᠡ ᠤᠯᠠᠷᠢᠨ ᠣᠷᠣᠱᠢᠨ ᠲᠣᠭ᠍ᠲᠠᠨᠢᠵᠤ᠂ ᠭᠡᠷᠡᠯ ᠰᠠᠴᠤᠷᠠᠩᠭᠤᠢ ᠪᠠᠢᠳᠠᠭ᠎ᠨᠢ ᠶᠠᠭ ᠴᠠᠭ ᠦᠶ᠎ᠡ ᠨᠢᠭᠡᠪᠦᠷᠢ᠎ᠶ᠋ᠢᠨ ᠵᠠᠯᠠᠭᠤᠴᠤᠳ ᠵᠠᠯᠠᠭᠤ ᠨᠠᠰᠤ ᠪᠣᠯᠤᠨ ᠬᠦᠰᠡᠯ ᠵᠡᠭᠦᠳᠦ᠎ᠪᠠᠨ ᠴᠠᠭ ᠦᠶ᠎ᠡ᠎ᠶ᠋ᠢᠨ ᠤᠷᠤᠰᠭᠠᠯ᠎ᠳᠤ ᠠᠭᠤᠰᠭᠠᠨ ᠣᠷᠣᠭᠤᠯᠵᠤ᠂ ᠴᠠᠭ ᠦᠶ᠎ᠡ᠎ᠶ᠋ᠢᠨ ᠤᠷᠢᠶᠠᠯᠠᠭ᠎ᠠ᠎ᠶ᠋ᠢ ᠰᠣᠨᠣᠰᠤᠨ᠂ ᠥᠪᠡᠷ᠎ᠤᠨ ᠬᠦᠴᠦᠨ ᠴᠢᠳᠠᠯ᠎ᠢᠶᠠᠨ ᠬᠥᠭ᠌ᠵᠢᠭᠡᠭ᠌ᠰᠡᠨ᠎ᠳᠤ ᠪᠠᠢᠭ᠎ᠠ ᠶᠤᠮ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠦᠬᠡᠨ ᠶᠠᠪᠤᠴᠠ᠎ᠳᠤ᠂ ᠮᠠᠷᠺᠰ᠎ᠤᠨ ᠦᠵᠡᠯ᠎ᠤᠨ ᠵᠠᠯᠠᠭᠤᠴᠤᠳ᠎ᠤᠨ ᠦᠵᠡᠯᠲᠡ᠎ᠶ᠋ᠢ ᠢᠮᠠᠭ᠍ᠲᠠ ᠪᠠᠷᠢᠮᠲᠠᠯᠠᠨ ᠬᠥᠭ᠌ᠵᠢᠭᠦᠯᠵᠦ᠍᠂ ᠨᠠᠮ᠎ᠠᠴᠠ ᠳᠤᠮᠳᠠᠳᠤ ᠤᠯᠤᠰ᠎ᠤᠨ ᠠᠷᠠᠳ ᠲᠦᠮᠡᠨ᠎ᠢ ᠤᠳᠤᠷᠢᠳᠤᠨ ᠬᠤᠪᠢᠰᠭᠠᠯ᠂ ᠪᠦᠳᠦᠭᠡᠨ ᠪᠠᠢᠭᠤᠯᠤᠯᠲᠠ᠂ ᠥᠭᠡᠷᠡᠴᠢᠯᠡᠯᠲᠡ ᠬᠢᠭ᠌ᠰᠡᠨ ᠡᠯ᠎ᠡ ᠲᠡᠦᠬᠡᠨ ᠴᠠᠭ ᠦᠶ᠎ᠡ᠎ᠳᠤ ᠴᠥᠮ ᠠᠳᠠᠯᠢ ᠪᠤᠰᠤ ᠴᠠᠭ ᠦᠶ᠎ᠡ᠎ᠶ᠋ᠢᠨ ᠵᠠᠯᠠᠭᠤᠴᠤᠳ᠎ᠤᠨ ᠭᠤᠣᠯ ᠣᠨᠴᠠᠯᠢᠭ᠎ᠢ ᠭᠦᠨᠵᠡᠭᠡᠢ ᠵᠠᠳᠠᠯᠵᠤ᠂ ᠮᠠᠷᠺᠰ᠎ᠤᠨ ᠦᠵᠡᠯ᠎ᠤᠨ ᠬᠦᠰᠡᠯᠡᠩ ᠢᠲᠡᠭᠡᠯ ᠪᠢᠱᠢᠷᠡᠯ᠎ᠢᠶᠠᠷ ᠵᠠᠯᠠᠭᠤᠴᠤᠳ᠎ᠤᠨ ᠬᠥᠭ᠌ᠵᠢᠯᠲᠡ᠎ᠶ᠋ᠢᠨ ᠵᠠᠮ᠎ᠢ ᠬᠦᠳᠦᠯᠥᠨ ᠲᠠᠭᠠᠭᠤᠯᠪᠠ᠃

ᠶᠡᠷᠦᠩᠬᠡᠢ ᠱᠦᠵᠢ ᠰᠢ᠎ᠶ᠋ᠢᠨ ᠫᠢᠩ᠄ 《ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠵᠠᠯᠠᠭᠤᠴᠤᠳ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠪᠠᠷ ᠡᠭᠦᠷᠭᠡ᠎ᠪᠠᠨ ᠪᠣᠯᠭᠠᠵᠤ᠂ ᠳᠤᠮᠳᠠᠳᠤᠴᠤᠳ᠎ᠤᠨ ᠡᠷᠴᠢ ᠵᠤᠷᠢᠬ᠂ ᠰᠦᠰᠦ ᠵᠤᠷᠢᠬ᠂ ᠢᠳᠡᠬᠡᠯ ᠵᠤᠷᠢᠬ᠎ᠢᠶᠠᠨ ᠴᠢᠩᠭᠠᠳᠭᠠᠵᠤ᠂ ᠴᠠᠭ ᠦᠶ᠎ᠡ᠎ᠳᠤ ᠣᠰᠣᠯᠳᠠᠬᠤ ᠦᠭᠡᠢ᠂ ᠵᠠᠯᠠᠭᠤ ᠨᠠᠰᠤ᠎ᠪᠠᠨ ᠬᠥᠰᠡᠷᠳᠡᠭᠦᠯᠬᠦ᠌ ᠦᠭᠡᠢ᠂ ᠨᠠᠮ ᠪᠣᠯᠤᠨ ᠠᠷᠠᠳ ᠲᠦᠮᠡᠨ᠎ᠤ ᠨᠠᠨᠳᠢᠨ ᠬᠦᠰᠡᠯ ᠨᠠᠢᠳᠠᠯᠭ᠎ᠠ᠎ᠶ᠋ᠢ ᠬᠥᠰᠡᠷᠳᠡᠭᠦᠯᠬᠦ᠌ ᠦᠭᠡᠢ ᠪᠠᠢᠬᠤ ᠬᠡᠷᠡᠭ᠌ᠲᠡᠢ!》 ᠬᠡᠵᠦ᠍ ᠵᠢᠭᠠᠵᠤ ᠭᠠᠷᠭᠠᠵᠠᠢ᠃ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠵᠠᠯᠠᠭᠤᠴᠤᠳ ᠲᠠᠰᠤᠷᠠᠯᠲᠠ ᠦᠭᠡᠢ ᠰᠤᠷᠤᠯᠴᠠᠬᠤ ᠳᠤᠮᠳᠠ ᠬᠦᠰᠡᠯᠡᠩ ᠢᠲᠡᠭᠡᠯ ᠪᠢᠱᠢᠷᠡᠯ᠎ᠢᠶᠠᠨ ᠪᠠᠲᠤᠳᠭᠠᠨ ᠳᠤᠮᠳᠠᠳᠤᠴᠤᠳ᠎ᠤᠨ ᠰᠥᠰᠥ᠍ ᠵᠣᠷᠢᠭ᠎ᠢ ᠪᠤᠢ ᠪᠣᠯᠭᠠᠵᠤ᠂ ᠰᠠᠯᠬᠢ ᠳᠠᠪᠠᠯᠭᠠᠨ᠎ᠢ ᠰᠦᠷᠦᠨ ᠤᠷᠤᠭ᠍ᠰᠢᠯᠠᠬᠤ᠎ᠶ᠋ᠢᠨ ᠳᠤᠮᠳᠠ ᠬᠦᠴᠦᠷᠬᠡᠭ ᠶᠡᠭᠡ ᠳᠤᠮᠳᠠᠳᠤᠴᠤᠳ᠎ᠤᠨ ᠰᠥᠰᠥ᠍ ᠵᠣᠷᠢᠭ᠎ᠢᠶᠠᠨ ᠲᠠᠰᠤᠷᠠᠯᠲᠠ ᠦᠭᠡᠢ ᠳᠠᠪᠲᠠᠨ ᠪᠣᠯᠪᠠᠰᠤᠷᠠᠭᠤᠯᠵᠤ᠂ ᠯᠠᠪᠳᠠᠭᠤᠨ ᠪᠠᠲᠤᠲᠠᠢ ᠲᠡᠮᠡᠴᠡᠬᠦ᠌ ᠳᠤᠮᠳᠠ ᠳᠤᠮᠳᠠᠳᠤᠴᠤᠳ᠎ᠤᠨ ᠢᠲᠡᠭᠡᠯ ᠵᠣᠷᠢᠭ᠎ᠢᠶᠠᠨ ᠳᠠᠪᠲᠠᠨ ᠪᠣᠯᠪᠠᠰᠤᠷᠠᠭᠤᠯᠬᠤ ᠬᠡᠷᠡᠭ᠌ᠲᠡᠢ᠃


QQ图片20210728094055.png

QQ图片20210728094102.png

QQ图片20210728094220.png


ᠲᠠᠰᠤᠷᠠᠯᠳᠠ ᠦᠭᠡᠢ ᠰᠤᠷᠤᠯᠴᠠᠬᠤ ᠳᠤᠮᠳᠠ ᠬᠦᠰᠡᠯᠡᠩ ᠪᠠ ᠢᠲᠡᠭᠡᠯ ᠪᠢᠱᠢᠷᠡᠯ᠎ᠢᠶᠠᠨ ᠪᠠᠲᠤᠳᠭᠠᠨ ᠳᠤᠮᠳᠠᠳᠤᠴᠤᠳ᠎ᠤᠨ ᠡᠷᠴᠢ ᠵᠣᠷᠢᠭ᠎ᠢ ᠪᠤᠢ ᠪᠤᠯᠭᠠᠨ᠎ᠠ

ᠬᠦᠰᠡᠯᠡᠩ ᠪᠠ ᠢᠲᠡᠭᠡᠯ ᠪᠢᠱᠢᠷᠡᠯ ᠪᠠᠢᠬᠤ ᠦᠭᠡᠢ᠂ ᠡᠰᠡᠬᠦᠯ᠎ᠡ ᠬᠦᠰᠡᠯᠡᠩ ᠪᠠ ᠢᠲᠡᠭᠡᠯ ᠪᠢᠱᠢᠷᠡᠯ᠎ᠨᠢ ᠡᠷᠡᠰ ᠪᠠᠲᠤ ᠪᠢᠰᠢ ᠪᠣᠯ ᠤᠶᠤᠨ ᠰᠠᠨᠠᠭᠠᠨ᠎ᠤ ᠲᠠᠯ᠎ᠠ᠎ᠪᠠᠷ 《ᠺᠠᠯᠼ ᠳᠤᠲᠠᠭ᠍ᠳᠠᠵᠤ》᠂ 《ᠶᠠᠰᠤ ᠵᠥᠭᠡᠯᠡᠷᠡᠬᠦ᠌ ᠡᠪᠡᠳᠴᠢᠨ》 ᠤᠯᠬᠤ ᠪᠣᠯᠤᠨ᠎ᠠ᠃ ᠤᠶᠤᠨ ᠰᠠᠨᠠᠭᠠᠨ᠎ᠤ ᠲᠠᠯ᠎ᠠ᠎ᠪᠠᠷ 《ᠺᠠᠯᠼ ᠳᠤᠲᠠᠭ᠍ᠳᠠᠵᠤ》 ᠪᠠᠢᠭ᠎ᠠ ᠬᠥᠮᠦᠨ ᠴᠠᠭ ᠦᠶ᠎ᠡ᠎ᠠᠴᠠ ᠣᠯᠭᠤᠭ᠍ᠰᠠᠨ ᠲᠡᠦᠬᠡ᠎ᠶ᠋ᠢᠨ ᠬᠦᠨᠳᠦ ᠡᠭᠦᠷᠭᠡ᠎ᠶ᠋ᠢ ᠡᠭᠦᠷᠭᠡᠯᠡᠵᠦ᠍ ᠳᠡᠢᠯᠬᠦ᠌ ᠦᠭᠡᠢ ᠶᠤᠮ᠃ ᠵᠠᠯᠠᠭᠤᠴᠤᠳ ᠬᠦᠰᠡᠯᠡᠩ᠎ᠲᠠᠢ ᠪᠣᠯ ᠤᠯᠤᠰ ᠣᠷᠣᠨ ᠬᠦᠰᠡᠯ ᠡᠷᠡᠮᠡᠯᠵᠡᠯ᠎ᠲᠠᠢ ᠪᠤᠯᠵᠤ᠂ ᠦᠨᠳᠦᠰᠦᠲᠡᠨ ᠢᠷᠡᠭᠡᠳᠦᠢ᠎ᠲᠠᠢ ᠪᠣᠯᠤᠨ᠎ᠠ᠃

1840 ᠣᠨ᠎ᠠᠴᠠ ᠨᠠᠭᠠᠱᠢᠬᠢ 180 ᠭᠠᠷᠤᠢ ᠵᠢᠯ᠎ᠤᠨ ᠬᠤᠭᠤᠴᠠᠭᠠᠨ᠎ᠳᠤ᠂ ᠳᠤᠮᠳᠠᠳᠤ ᠤᠯᠤᠰ᠎ᠤᠨ ᠵᠠᠯᠠᠭᠤᠴᠤᠳ ᠢᠮᠠᠭ᠍ᠲᠠ ᠦᠨᠳᠦᠰᠦᠲᠡᠨ᠎ᠤ ᠲᠤᠰᠠᠭᠠᠷ ᠲᠣᠭ᠍ᠲᠠᠨᠢᠯ ᠪᠣᠯᠤᠨ ᠴᠢᠯᠥᠭᠡᠯᠡᠯᠲᠡ᠂ ᠠᠷᠠᠳ ᠲᠦᠮᠡᠨ᠎ᠤ ᠪᠠᠶᠠᠵᠢᠯ ᠴᠢᠨᠡᠭᠡᠯᠢᠭ᠌ᠵᠢᠯ ᠪᠣᠯᠤᠨ ᠤᠯᠤᠰ᠎ᠤᠨ ᠪᠠᠶᠠᠵᠢᠯ ᠬᠦᠴᠦᠷᠬᠡᠭ᠌ᠵᠢᠯ᠎ᠤᠨ ᠲᠥᠯᠥᠭᠡ ᠬᠠᠢᠨ ᠰᠦᠪᠡᠭ᠌ᠴᠢᠯᠡᠵᠦ᠍ ᠴᠢᠷᠮᠠᠢᠨ ᠲᠡᠮᠡᠴᠡᠪᠡ᠃

ᠠᠷᠪᠠᠨ ᠰᠠᠷ᠎ᠠ᠎ᠶ᠋ᠢᠨ ᠬᠤᠪᠢᠰᠭᠠᠯ᠎ᠤᠨ ᠫᠤᠤ᠎ᠶ᠋ᠢᠨ ᠲᠠᠭᠤᠨ ᠳᠤᠮᠳᠠᠳᠤ ᠤᠯᠤᠰ᠎ᠲᠤ ᠮᠠᠷᠺᠰ᠎ᠤᠨ ᠦᠵᠡᠯ᠎ᠢ ᠠᠪᠴᠢᠷᠠᠵᠦ᠍᠂ ᠵᠠᠭᠤᠨ ᠵᠢᠯ᠎ᠤᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠮᠡᠨᠳᠦᠯᠡᠵᠦ᠍᠂ ᠮᠠᠷᠺᠰ᠎ᠤᠨ ᠦᠵᠡᠯ᠎ᠢᠶᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ ᠳᠤᠮᠳᠠᠳᠤ᠎ᠶ᠋ᠢᠨ ᠦᠨᠳᠦᠰᠦᠲᠡᠨ᠎ᠢ ᠳᠠᠭᠠᠭᠤᠯᠤᠨ ᠲᠤᠰᠠᠭᠠᠷ ᠲᠣᠭ᠍ᠲᠠᠨᠢᠯ ᠴᠢᠯᠥᠭᠡᠯᠡᠯᠲᠡ᠎ᠪᠠᠨ ᠣᠯᠵᠠᠢ᠃ ᠵᠠᠯᠠᠭᠤᠴᠤᠳ ᠠᠯᠤᠰ᠎ᠤᠨ ᠵᠣᠷᠢᠯᠲᠠ᠎ᠲᠠᠢ᠂ ᠠᠤᠭ᠎ᠠ ᠵᠣᠷᠢᠯᠲᠠ᠎ᠲᠠᠢ ᠪᠠᠢᠪᠠᠯ ᠵᠣᠬᠢᠨ᠎ᠠ᠂ ᠶᠠᠮᠠᠷ ᠬᠦᠰᠡᠯᠡᠩ ᠢᠲᠡᠭᠡᠯ ᠪᠢᠱᠢᠷᠡᠯ᠎ᠢᠶᠠᠷ ᠠᠮᠢᠳᠤᠷᠠᠬᠤᠢ᠎ᠶ᠋ᠢᠨ ᠵᠠᠮ᠎ᠢ ᠬᠡᠷᠡᠯᠳᠦᠬᠦᠯᠬᠦ᠌ ᠭᠠᠯ ᠪᠠᠮᠪᠠᠷ ᠪᠣᠯᠭᠠᠬᠤ᠎ᠶ᠋ᠢ ᠲᠣᠳᠣᠷᠬᠠᠢᠯᠠᠬᠤ ᠬᠡᠷᠡᠭ᠌ᠲᠡᠢ᠃


QQ图片20210728094327.png

QQ图片20210728094307.png

QQ图片20210728094316.png


ᠰᠠᠯᠬᠢ ᠳᠠᠪᠠᠯᠭᠠᠨ᠎ᠢ ᠰᠦᠷᠦᠨ ᠤᠷᠤᠭ᠍ᠰᠢᠯᠠᠬᠤ ᠳᠤᠮᠳᠠ ᠲᠠᠰᠤᠷᠠᠯᠲᠠ ᠦᠭᠡᠢ ᠬᠠᠲᠠᠭᠤᠵᠢᠵᠤ ᠳᠤᠮᠳᠠᠳᠤᠴᠤᠳ᠎ᠤᠨ ᠰᠥᠰᠥ᠍ ᠵᠣᠷᠢᠭ᠎ᠢ ᠡᠷᠴᠢᠯᠡᠨ᠎ᠡ

ᠲᠡᠦᠬᠡ᠎ᠶ᠋ᠢᠨ ᠤᠬᠠᠭᠠᠨᠲᠠᠨ ᠦ᠋ ᠬᠠᠨ᠄ 《ᠮᠠᠨ᠎ᠤ ᠳᠤᠮᠳᠠᠳᠤ᠎ᠶ᠋ᠢᠨ ᠬᠥᠮᠦᠨ ᠪᠣᠯ ᠰᠥᠰᠥ᠍ ᠵᠣᠷᠢᠭ᠎ᠲᠠᠢ ᠶᠤᠮ》 ᠭᠡᠰᠡᠨ ᠪᠠᠢᠳᠠᠭ᠃

ᠮᠧᠩᠽᠢ᠄ 《ᠪᠠᠶᠠᠨ ᠡᠷᠬᠢᠮ ᠠᠲᠠᠯ᠎ᠠ ᠪᠦᠷᠢᠯᠭᠡᠬᠦ᠌ ᠦᠭᠡᠢ᠂ ᠶᠠᠳᠠᠭᠤ ᠲᠤᠤᠷᠠᠳᠤ ᠠᠲᠠᠯ᠎ᠠ ᠵᠣᠷᠢᠭ ᠮᠣᠬᠤᠬᠤ ᠦᠭᠡᠢ᠂ ᠡᠷᠬᠡ ᠰᠦᠷ᠎ᠲᠤᠷ ᠡᠪᠦᠳᠦᠭ ᠨᠤᠭᠤᠷᠠᠬᠤ ᠦᠭᠡᠢ》 ᠬᠡᠮᠡᠨ ᠳᠤᠷᠠᠳᠴᠤ᠌᠂ ᠰᠥᠰᠥ᠍ ᠵᠣᠷᠢᠭ᠎ᠤᠨ ᠲᠤᠬᠠᠢ ᠭᠦᠨᠵᠡᠭᠡᠢ ᠲᠠᠢᠯᠪᠤᠷᠢᠯᠠᠯᠲᠠ ᠬᠢᠵᠡᠢ᠃

ᠠᠳᠠᠯᠢ ᠪᠤᠰᠤ ᠲᠡᠦᠬᠡᠨ ᠴᠠᠭ ᠦᠶ᠎ᠡ᠂ ᠠᠳᠠᠯᠢ ᠪᠤᠰᠤ ᠨᠡᠢᠭᠡᠮ᠎ᠳᠠᠬᠢ ᠰᠦᠰᠦ ᠵᠤᠷᠢᠭ᠎ᠤᠨ ᠲᠤᠬᠠᠶ ᠣᠢᠯᠠᠭᠠᠯᠲᠠ᠎ᠨᠢ ᠠᠳᠠᠯᠢ ᠪᠤᠰᠤ ᠪᠠᠢᠳᠠᠭ᠃ ᠳᠤᠮᠳᠠᠳᠤ᠎ᠶ᠋ᠢᠨ ᠬᠥᠮᠦᠨ᠎ᠤ ᠰᠥᠰᠥ᠍ ᠵᠣᠷᠢᠭ ᠶᠡᠷᠦ᠎ᠨᠢ ᠤᠯᠤᠰ ᠣᠷᠣᠨ᠎ᠤ ᠮᠥᠬᠦᠵᠦ᠍ ᠰᠥᠨᠥᠬᠦ᠌ ᠴᠠᠭ ᠦᠶ᠎ᠡ᠎ᠳᠤ ᠢᠯᠡᠷᠡᠵᠦ᠍᠂ 《ᠲᠠᠯ᠎ᠠ ᠨᠤᠲᠤᠭ᠎ᠤᠨ ᠡᠵᠢ》 ᠲᠦᠬᠦ᠋ᠢᠮ᠎ᠡ᠎ᠠᠴᠠ ᠦᠨᠳᠦᠰᠦᠨ ᠱᠠᠲᠤᠨ᠎ᠤ ᠺᠠᠳ᠋ᠷ ᠬᠤᠸᠠᠩ ᠸᠧᠨ ᠱᠢᠦ ᠬᠦᠷᠲᠡᠯ᠎ᠡ᠂ 《ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠵᠤ ᠪᠤᠭᠤᠲᠤ᠎ᠶ᠋ᠢᠨ ᠪᠤᠯᠤᠳ ᠲᠡᠮᠤᠷ᠎ᠤᠨ ᠦᠢᠯᠡᠳᠪᠦᠷᠢ᠎ᠶ᠋ᠢ ᠪᠠᠢᠭᠤᠯᠤᠭ᠍ᠰᠠᠨ》 ᠎ᠠᠴᠠ 《ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠤᠭ᠍ᠰᠠᠨ》 ᠬᠦᠷᠲᠡᠯ᠎ᠡ᠂ ᠳᠤᠮᠳᠠᠳᠤ᠎ᠶ᠋ᠢᠨ ᠵᠠᠯᠠᠭᠤᠴᠤᠳ ᠬᠦᠴᠢᠷ ᠪᠡᠷᠬᠡᠱᠢᠶᠡᠯ᠎ᠤᠨ ᠡᠮᠦᠨ᠎ᠡ ᠶᠡᠷᠦ᠎ᠠᠴᠠ ᠬᠤᠢᠰᠢ ᠤᠬᠤᠷᠢᠭ᠍ᠰᠠᠨ ᠦᠭᠡᠢ᠃

ᠰᠠᠯᠬᠢ ᠳᠠᠪᠠᠯᠭᠠᠨ᠎ᠢ ᠰᠦᠷᠦᠨ ᠤᠷᠤᠭ᠍ᠰᠢᠯᠠᠬᠤ ᠳᠤᠮᠳᠠ ᠳᠤᠮᠳᠠᠳᠤ᠎ᠶ᠋ᠢᠨ ᠬᠦᠮᠦᠨ᠎ᠤ ᠰᠥᠰᠥ᠍ ᠵᠣᠷᠢᠭ᠎ᠢ ᠬᠠᠲᠠᠭᠤᠵᠢᠭᠤᠯᠬᠤ᠎ᠳᠤ᠂ ᠵᠠᠯᠠᠭᠤᠴᠤᠳ ᠬᠦᠴᠢᠷ ᠪᠡᠷᠬᠡᠱᠢᠶᠡᠯ᠎ᠤᠨ ᠡᠮᠦᠨ᠎ᠡ ᠬᠦᠴᠦᠯᠡᠨ ᠪᠠᠢᠯᠳᠤᠬᠤ ᠰᠥᠰᠥ᠍ ᠵᠣᠷᠢᠭ᠎ᠲᠠᠢ ᠪᠠᠢᠬᠤ ᠬᠡᠷᠡᠭ᠌ᠲᠡᠢ᠃ ᠱᠢᠨ᠎ᠡ ᠴᠠᠭ ᠦᠶ᠎ᠡ᠎ᠳᠤ ᠣᠷᠣᠵᠤ᠂ ᠤᠯᠤᠰ᠎ᠢᠶᠠᠨ ᠬᠦᠴᠦᠷᠬᠡᠭ᠌ᠵᠢᠭᠦᠯᠬᠦ᠌ ᠬᠠᠷᠠᠯᠲᠠ᠎ᠶ᠋ᠢ ᠪᠡᠶᠡᠯᠡᠭᠦᠯᠬᠦ᠌᠎ᠳᠤ᠂ ᠥᠭᠡᠷᠡᠴᠢᠯᠡᠯᠲᠡ᠎ᠶ᠋ᠢᠨ ᠬᠦᠴᠢᠷ ᠪᠡᠷᠬᠡ᠎ᠲᠠᠢ ᠬᠡᠰᠡᠭ᠎ᠲᠠᠬᠢ ᠱᠢᠨ᠎ᠡ ᠬᠠᠷᠰᠢ ᠰᠠᠭᠠᠳ᠎ᠢ ᠠᠷᠭᠠᠴᠠᠭᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠰᠡᠳᠦᠪ᠎ᠢ ᠤᠭ᠍ᠲᠤᠨ᠂ ᠳᠡᠯᠡᠬᠡᠶ᠎ᠶ᠋ᠢᠨ ᠪᠠᠢᠳᠠᠯ᠎ᠤᠨ ᠬᠤᠪᠢᠷᠠᠯᠲᠠ᠎ᠶ᠋ᠢᠨ ᠱᠢᠨ᠎ᠡ ᠥᠷᠢᠰᠥᠯᠳᠦᠭᠡᠨ᠎ᠳᠤ ᠲᠤᠯᠭᠠᠷᠠᠵᠤ ᠪᠠᠢᠳᠠᠭ᠎ᠠᠴᠠ ᠵᠠᠯᠠᠭᠤᠴᠤᠳ ᠴᠠᠭ ᠦᠶ᠎ᠡ᠎ᠶ᠋ᠢᠨ ᠳᠠᠭᠠᠭᠤᠯᠤᠭ᠍ᠴᠢ ᠪᠣᠯᠤᠭ᠍ᠰᠠᠨ᠎ᠤ ᠬᠤᠪᠢ᠎ᠳᠤ ᠵᠣᠷᠢᠭ᠍ᠲᠠᠶ᠎ᠪᠠᠷ ᠬᠦᠴᠦᠯᠡᠨ ᠪᠠᠢᠯᠳᠤᠵᠤ᠂ ᠥᠷᠢᠰᠥᠯᠳᠦᠭᠡᠨ᠎ᠢ ᠤᠭ᠍ᠲᠤᠬᠤ ᠬᠡᠷᠡᠭ᠌ᠲᠡᠶ᠃


QQ图片20210728094338.png

QQ图片20210728094629.png

QQ图片20210728094406.png


ᠯᠠᠪᠳᠠᠭᠤᠨ ᠪᠠᠲᠤᠲᠠᠶ ᠲᠡᠮᠡᠴᠡᠬᠦ᠌ ᠳᠤᠮᠳᠠ ᠥᠪᠡᠷ᠎ᠢ᠎ᠪᠠᠨ ᠳᠠᠪᠲᠠᠨ ᠪᠤᠯᠪᠠᠰᠤᠷᠠᠭᠤᠯᠵᠤ ᠳᠤᠮᠳᠠᠳᠤᠴᠤᠳ᠎ᠤᠨ ᠢᠲᠡᠭᠡᠯ ᠵᠣᠷᠢᠭ᠎ᠢ ᠬᠥᠪᠴᠢᠯᠡᠨ᠎ᠡ

ᠶᠡᠷᠦᠩᠬᠡᠢ ᠱᠦᠵᠢ ᠰᠢ᠎ᠶ᠋ᠢᠨ ᠫᠢᠩ᠄ 《〈ᠳᠡᠯᠡᠬᠡᠢ ᠳ᠋ᠠᠬᠢᠨ᠎ᠤ ᠬᠦᠴᠢᠷ ᠶᠠᠪᠤᠳᠠᠯ᠎ᠢ ᠬᠢᠯᠪᠠᠷ ᠶᠠᠪᠤᠳᠠᠯ᠎ᠠᠴᠠ ᠡᠬᠢᠯᠡᠨ ᠬᠢᠵᠦ᠍᠂ ᠳᠡᠯᠡᠬᠡᠶ ᠳ᠋ᠠᠬᠢᠨ᠎ᠤ ᠶᠡᠭᠡ ᠶᠠᠪᠤᠳᠠᠯ᠎ᠢ ᠨᠠᠷᠢᠯᠢᠭ ᠶᠠᠪᠤᠳᠠᠯ᠎ᠠᠴᠠ ᠭᠠᠷᠳᠠᠨ ᠬᠢᠮᠦᠢ᠃〉 ᠠᠮᠵᠢᠯᠲᠠ᠎ᠶ᠋ᠢᠨ ᠠᠷᠤ᠎ᠳᠤ ᠬᠡᠵᠢᠶᠡᠳᠡ ᠱᠢᠷᠭᠠᠭᠤ ᠴᠢᠷᠮᠠᠢᠯᠭ᠎ᠠ ᠪᠠᠢᠳᠠᠭ᠃ ᠵᠠᠯᠠᠭᠤᠴᠤᠳ ᠪᠡᠷᠬᠡ ᠬᠠᠲᠠᠭᠤᠵᠢᠯᠲᠠᠢ ᠣᠷᠴᠢᠨ ᠨᠥᠬᠦᠴᠡᠯ᠎ᠢ ᠥᠪᠡᠷ᠎ᠢ᠎ᠪᠠᠨ ᠳᠠᠪᠲᠠᠨ ᠪᠣᠯᠪᠠᠰᠤᠷᠠᠭᠤᠯᠬᠤ ᠲᠣᠬᠢᠶᠠᠯ ᠪᠣᠯᠭᠠᠵᠤ᠂ ᠪᠠᠭ᠎ᠠ ᠬᠡᠷᠡᠭ᠎ᠢ ᠶᠡᠭᠡ ᠶᠠᠪᠤᠳᠠᠯ ᠪᠣᠯᠭᠠᠨ ᠬᠢᠵᠦ᠍᠂ ᠨᠢᠭᠡ ᠨᠢᠭᠡ ᠠᠯᠬᠤᠮ᠎ᠢᠶᠠᠷ ᠤᠷᠤᠭ᠍ᠰᠢᠯᠠᠬᠤ ᠬᠡᠷᠡᠭ᠌ᠲᠡᠢ》 ᠭᠡᠵᠦ᠍ ᠵᠢᠭᠠᠨ ᠭᠠᠷᠭᠠᠭ᠍ᠰᠠᠨ ᠪᠠᠢᠳᠠᠭ᠃ ᠳᠤᠮᠳᠠᠳᠤ ᠤᠯᠤᠰ᠎ᠤᠨ ᠵᠠᠯᠠᠭᠤᠴᠤᠳ ᠶᠡᠷᠦ᠎ᠠᠴᠠ ᠯᠠᠪᠳᠠᠭᠤᠨ ᠪᠠᠲᠤᠲᠠᠢ ᠲᠡᠮᠡᠴᠡᠬᠦ᠌ ᠬᠠᠳᠠᠨ ᠵᠣᠷᠢᠭ᠎ᠢᠶᠠᠷ ᠳᠤᠲᠠᠮᠠᠭ ᠦᠭᠡᠢ ᠪᠠᠢᠳᠠᠭ᠃

ᠦᠢᠯᠡᠳᠦᠯᠭᠡ᠎ᠠᠴᠠ ᠵᠢᠩᠬᠢᠨᠢ ᠮᠡᠳᠡᠯᠭᠡ ᠭᠠᠷᠤᠨ᠎ᠠ᠃ ᠱᠢᠨ᠎ᠡ ᠴᠠᠭ ᠦᠶ᠎ᠡ᠎ᠶ᠋ᠢᠨ ᠵᠠᠯᠠᠭᠤᠴᠤᠳ ᠨᠡᠢᠳᠡᠮ᠎ᠳᠡᠭᠡᠨ ᠥᠨᠳᠥᠷ ᠰᠤᠷᠤᠯᠭ᠎ᠠ᠎ᠶ᠋ᠢᠨ ᠨᠠᠮᠲᠠᠷ᠎ᠲᠠᠢ᠂ ᠥᠨᠳᠥᠷ ᠮᠡᠳᠡᠯᠭᠡ᠎ᠶ᠋ᠢᠨ ᠬᠢᠷᠢ ᠲᠦᠪᠱᠢᠨ᠎ᠲᠠᠢ ᠪᠠᠢᠳᠠᠭ᠂ ᠡᠨᠡ ᠪᠣᠯ ᠤᠷᠢᠳᠤᠬᠢ ᠬᠥᠮᠦᠰ᠎ᠲᠤ ᠪᠠᠢᠭ᠎ᠠ ᠦᠭᠡᠢ ᠯᠤᠲᠤ ᠶᠡᠭᠡ ᠳᠠᠪᠠᠭᠤᠯᠢᠭ ᠪᠣᠯᠤᠨ᠎ᠠ᠃ ᠵᠠᠯᠠᠭᠤᠴᠤᠳ ᠠᠳᠠᠯᠢ ᠪᠤᠰᠤ ᠠᠵᠢᠯ᠎ᠤᠨ ᠪᠠᠢᠷᠢ᠎ᠳᠠᠬᠢ ᠦᠢᠯᠡᠳᠦᠯᠭᠡ᠎ᠪᠠᠷ ᠲᠠᠮᠵᠢᠨ᠂ ᠰᠤᠷᠤᠬ᠍ᠰᠠᠨ ᠮᠡᠳᠡᠯᠭᠡ᠎ᠪᠠᠨ ᠳᠠᠷᠤᠢ ᠲᠦᠷᠭᠡᠨ ᠨᠡᠢᠭᠡᠮ᠎ᠤᠨ ᠤᠷᠤᠭ᠍ᠰᠢᠯᠠᠯᠲᠠ᠎ᠶ᠋ᠢ ᠠᠬᠢᠭᠤᠯᠬᠤ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠡᠷᠳᠡᠮ ᠴᠢᠳᠠᠪᠤᠷᠢ᠎ᠪᠠᠨ ᠪᠣᠯᠪᠠᠰᠤᠷᠠᠭᠤᠯᠵᠤ᠂ ᠪᠣᠳᠠᠲᠤ ᠬᠦᠴᠦᠨ᠎ᠢᠶᠠᠷ ᠡᠷᠴᠢ ᠵᠣᠷᠢᠭ᠎ᠢᠶᠠᠨ ᠬᠥᠪᠴᠢᠯᠡᠬᠦ᠌ ᠬᠡᠷᠡᠭ᠌ᠲᠡᠢ᠃

ᠴᠠᠭ ᠦᠶ᠎ᠡ᠎ᠳᠤ ᠣᠰᠣᠯᠳᠠᠬᠤ ᠦᠭᠡᠢ᠂ ᠵᠠᠯᠠᠭᠤ ᠨᠠᠰᠤᠨ᠎ᠳᠠᠭᠠᠨ ᠣᠰᠣᠯᠳᠠᠬᠤ ᠦᠭᠡᠢ᠂ ᠨᠠᠮ ᠪᠠ ᠠᠷᠠᠳ ᠲᠦᠮᠡᠨ᠎ᠤ ᠴᠢᠩ ᠰᠡᠳᠭᠢᠯ᠎ᠤᠨ ᠬᠦᠰᠡᠯ ᠡᠷᠡᠮᠡᠯᠵᠡᠯ᠎ᠢ ᠬᠥᠰᠡᠷᠳᠡᠭᠦᠯᠬᠦ᠌ ᠦᠭᠡᠢ᠃ ᠵᠠᠯᠠᠭᠤᠴᠤᠳ ᠴᠠᠭ ᠦᠶ᠎ᠡ᠎ᠶ᠋ᠢᠨ ᠡᠭᠦᠷᠭᠡ᠎ᠶ᠋ᠢ ᠡᠭᠦᠷᠭᠡᠯᠡᠵᠦ᠍᠂ ᠳᠤᠮᠳᠠᠳᠤᠴᠤᠳ᠎ᠤᠨ ᠡᠷᠴᠢ ᠵᠣᠷᠢᠭ᠂ ᠰᠥᠰᠥ᠍ ᠵᠣᠷᠢᠭ᠂ ᠢᠲᠡᠭᠡᠯ ᠵᠣᠷᠢᠭ᠎ᠢᠶᠠᠨ ᠴᠢᠩᠭᠠᠳᠭᠠᠬᠤ ᠬᠡᠷᠡᠭ᠌ᠲᠡᠢ᠃

(ᠵᠣᠬᠢᠶᠠᠭ᠍ᠴᠢ ᠪᠤᠯ ᠥᠪᠥᠷ ᠮᠣᠩᠭᠤᠯ᠎ᠤᠨ ᠡᠳ᠋᠎ᠤᠨ ᠵᠠᠰᠠᠭ ᠠᠵᠤ ᠠᠬᠤᠢ᠎ᠶ᠋ᠢᠨ ᠶᠡᠭᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠤᠨ ᠳᠡᠭᠡᠳᠦ ᠰᠤᠷᠭᠠᠭᠤᠯᠢ᠎ᠶ᠋ᠢᠨ ᠪᠠᠭ᠍ᠰᠢ)

     (ᠬᠡᠷᠡᠯ ᠵᠢᠷᠤᠬ᠎ᠢ ᠰᠤᠷᠪᠤᠯᠵᠢᠯᠠᠬ᠍ᠴᠢ ᠸᠠᠩ ᠯᠸᠢ ᠰᠡᠬᠦᠲᠡᠷᠯᠡᠪᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号