《ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ᠍ ᠨᠠᠩ ᠣᠯᠠᠨ ᠬᠥᠮᠦᠨ᠎ᠢ ᠳᠠᠢᠴᠢᠯᠠᠨ ᠴᠢᠨᠡᠭᠡᠯᠢᠭ᠌ᠵᠢᠬᠦᠯᠦᠨᠡ!》

ᠲᠤᠭᠠᠴᠢᠬ᠍ᠴᠢ᠄ ᠴᠧᠨ ᠵᠢᠶᠠᠨ ᠵᠢᠶᠦ᠋ᠨ
ᠪᠢ ᠣᠳᠣ ᠪᠣᠯ ᠥᠪᠥᠷ ᠮᠣᠩᠭᠤᠯ᠎ᠤᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠰᠠᠢᠨ ᠳᠤᠷᠠᠴᠤᠳ᠎ᠤᠨ ᠬᠤᠯᠪᠤᠭ᠎ᠠ᠎ᠶ᠋ᠢᠨ ᠳᠡᠳ᠋ ᠳᠠᠷᠤᠭ᠎ᠠ᠂ ᠬᠢᠩᠭᠠᠨ ᠠᠢᠮᠠᠭ᠎ᠤᠨ ᠵᠠᠯᠠᠢᠳ ᠬᠤᠱᠢᠭᠤᠨ᠎ᠤ ᠬᠤᠩ ᠳ᠋ᠧ ᠬᠠᠷ᠎ᠠ ᠲᠠᠬᠢᠶ᠎ᠠ ᠲᠡᠵᠢᠭᠡᠨ ᠦᠷᠡᠵᠢᠭᠦᠯᠵᠦ᠍ ᠨᠡᠪᠴᠢᠭᠦᠯᠬᠦ᠌ ᠲᠤᠰᠭᠠᠶ ᠬᠤᠷᠱᠢᠶ᠎ᠠ᠎ᠶ᠋ᠢᠨ ᠬᠡᠷᠡᠭ ᠡᠷᠬᠢᠯᠡᠭ᠌ᠴᠢᠳ᠎ᠤᠨ ᠳᠠᠷᠤᠭ᠎ᠠ ᠪᠣᠯᠤᠨ᠎ᠠ᠃
ᠪᠢ 2005 ᠣᠨ᠎ᠳᠤ ᠰᠠᠢᠨ ᠳᠤᠷ᠎ᠠ᠎ᠶ᠋ᠢᠨ ᠵᠣᠬᠢᠶᠠᠨ ᠪᠠᠢᠭᠤᠯᠤᠯᠲᠠ᠎ᠳᠤ ᠤᠷᠤᠭ᠍ᠰᠠᠨ᠎ᠠᠴᠠ ᠤᠳᠤ ᠪᠣᠯᠲᠠᠯ᠎ᠠ ᠨᠢᠭᠡᠨᠲᠡ 16 ᠵᠢᠯ ᠪᠣᠯᠵᠠᠶ᠃ ᠪᠢ ᠭᠠᠮᠱᠢᠭ᠍ᠳᠠᠭ᠍ᠰᠠᠨ ᠣᠷᠣᠨ᠎ᠤ ᠨᠢᠭᠡᠳᠦᠭᠡᠷ ᠹᠷᠣᠨᠲ᠎ᠲᠤ 6 ᠤᠳᠠᠭ᠎ᠠ ᠭᠦᠨᠵᠡᠭᠡᠢᠷᠡᠨ ᠠᠪᠤᠷᠠᠨ ᠲᠤᠰᠠᠯᠠᠵᠤ᠂ ᠪᠦᠬᠦ᠌ ᠤᠯᠤᠰ᠎ᠤᠨ ᠲᠤᠮᠤ ᠬᠡᠯᠪᠡᠷᠢ᠎ᠶ᠋ᠢᠨ ᠤᠷᠤᠯᠳᠤᠭᠠᠨ᠎ᠤ ᠰᠠᠢᠨ ᠳᠤᠷ᠎ᠠ᠎ᠶ᠋ᠢᠨ ᠦᠢᠯᠡᠴᠢᠯᠡᠭᠡ᠎ᠳᠤ 20 ᠭᠠᠷᠤᠢ ᠤᠳᠠᠭ᠎ᠠ ᠦᠢᠯᠡᠴᠢᠯᠡᠵᠦ᠍᠂ 40 ᠭᠠᠷᠤᠢ ᠬᠤᠳᠠ᠎ᠳᠤ ᠰᠠᠢᠨ ᠳᠤᠷ᠎ᠠ᠎ᠶ᠋ᠢᠨ ᠦᠢᠯᠡᠴᠢᠯᠡᠭᠡ᠎ᠶ᠋ᠢᠨ ᠠᠵᠢᠯᠯᠠᠭ᠎ᠠ ᠦᠷᠨᠢᠬᠦᠯᠪᠡ᠃
2017 ᠣᠨ᠎ᠳᠤ᠂ ᠪᠢ ᠲᠣᠰᠭᠤᠨ᠎ᠤ ᠰᠤᠯᠠ ᠲᠠᠯᠪᠢᠭ᠍ᠳᠠᠵᠤ ᠪᠠᠢᠭ᠎ᠠ 300 ᠮᠦ᠍ ᠭᠦᠢᠯᠡᠰᠦᠨ ᠮᠣᠳᠣᠨ ᠣᠢᠲᠤ ᠭᠠᠵᠠᠷ᠎ᠢ ᠳᠠᠭᠠᠭᠠᠴᠢᠯᠠᠵᠤ᠂ 6 ᠡᠷᠦᠬᠡ ᠭᠡᠷ᠎ᠲᠡᠭᠡᠨ ᠬᠤᠴᠣᠷᠤᠭ᠍ᠰᠠᠨ ᠬᠡᠦᠬᠡᠳ᠎ᠤᠨ ᠭᠡᠷ ᠪᠦᠯᠢ᠎ᠲᠠᠢ ᠬᠤᠯᠪᠣᠭᠠᠯᠠᠨ᠂ ᠵᠠᠯᠠᠢᠳ ᠬᠤᠱᠢᠭᠤᠨ᠎ᠤ ᠬᠤᠩ ᠳ᠋ᠧ ᠬᠠᠷ᠎ᠠ ᠲᠠᠬᠢᠶ᠎ᠠ ᠲᠡᠵᠢᠭᠡᠨ ᠦᠷᠡᠵᠢᠭᠦᠯᠵᠦ᠍ ᠨᠡᠪᠴᠢᠭᠦᠯᠬᠦ᠌ ᠲᠤᠰᠭᠠᠢ ᠬᠤᠷᠱᠢᠶ᠎ᠠ᠎ᠶ᠋ᠢ ᠪᠠᠢᠭᠤᠯᠪᠠ᠃ 5 ᠵᠢᠯ᠎ᠤᠨ ᠲᠤᠷᠰᠢ᠂ ᠬᠤᠷᠱᠢᠶ᠎ᠠ᠎ᠠᠴᠠ 120 ᠡᠷᠦᠬᠡ ᠭᠡᠱᠢᠭᠦᠨ ᠡᠯᠰᠡᠵᠦ᠍᠂ ᠡᠷᠦᠬᠡ ᠪᠦᠷᠢ᠎ᠶ᠋ᠢᠨ ᠳᠤᠮᠳᠠᠴᠢ ᠣᠷᠣᠯᠭ᠎ᠠ᠎ᠶ᠋ᠢᠨ ᠨᠡᠮᠡᠭ᠌ᠳᠡᠯ 5000 ᠠᠴᠠ 20000 ᠲᠥᠭᠦᠷᠢᠭ᠎ᠲᠤ ᠬᠦᠷᠴᠦ᠍᠂ ᠵᠢᠯ᠎ᠤᠨ ᠦᠢᠯᠡᠳᠬᠦᠨ᠎ᠤ ᠦᠷᠲᠡᠭ 300 ᠲᠦᠮᠡᠨ ᠲᠥᠭᠦᠷᠢᠭ᠎ᠲᠤ ᠬᠦᠷᠴᠡᠢ᠂ ᠡᠭᠦᠨ᠎ᠳᠤ 32 ᠡᠷᠦᠬᠡ᠎ᠨᠢ ᠶᠠᠳᠠᠭᠤ ᠬᠦᠴᠢᠷᠳᠡᠯᠲᠡᠢ ᠡᠷᠦᠬᠡ ᠪᠤᠯᠤᠨ᠎ᠠ᠂ ᠡᠬᠦᠨ᠎ᠤ ᠬᠠᠮᠳᠦ ᠪᠠᠰᠠ ᠲᠤᠰ ᠲᠣᠰᠭᠤᠨ᠎ᠤ 6 ᠵᠠᠯᠠᠭᠤᠴᠤᠳ᠎ᠢ ᠳᠠᠢᠴᠢᠯᠠᠨ ᠦᠢᠯᠡᠰ ᠪᠤᠰᠭᠠᠵᠠᠢ᠃
ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶ᠋ᠢᠨ ᠫᠢᠩ ᠵᠠᠯᠠᠭᠤᠴᠤᠳᠲᠤ᠌᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠵᠠᠯᠠᠭᠤᠴᠤᠳ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠪᠠᠷ ᠥᠪᠡᠷ᠎ᠤᠨ ᠡᠭᠦᠷᠭᠡ᠎ᠪᠠᠨ ᠪᠣᠯᠭᠠᠵᠤ᠂ ᠳᠤᠮᠳᠠᠳᠤᠴᠤᠳ᠎ᠤᠨ ᠰᠥᠰᠥ᠍ ᠵᠣᠷᠢᠭ᠂ ᠢᠲᠡᠭᠡᠯ ᠵᠣᠷᠢᠭ᠎ᠢᠶᠠᠨ ᠴᠢᠩᠭᠠᠳᠭᠠᠵᠤ᠂ ᠴᠠᠭ ᠦᠶ᠎ᠡ᠎ᠳᠤ ᠣᠰᠣᠯᠳᠠᠬᠤ ᠦᠭᠡᠢ᠂ ᠵᠠᠯᠠᠭᠤ ᠨᠠᠰᠤ᠎ᠪᠠᠨ ᠬᠥᠰᠡᠷᠳᠡᠭᠦᠯᠬᠦ᠌ ᠦᠭᠡᠢ᠂ ᠨᠠᠮ ᠪᠣᠯᠤᠨ ᠠᠷᠠᠳ ᠲᠦᠮᠡᠨ᠎ᠤ ᠴᠢᠩ ᠰᠡᠳᠭᠢᠯ᠎ᠤᠨ ᠬᠦᠰᠡᠯ ᠨᠠᠢᠳᠠᠯᠭ᠎ᠠ᠎ᠶ᠋ᠢ ᠬᠥᠰᠡᠷᠳᠡᠭᠦᠯᠬᠦ᠌ ᠦᠭᠡᠢ ᠪᠠᠢᠬᠤ ᠬᠡᠷᠡᠭ᠌ᠲᠡᠢ ᠭᠡᠵᠦ᠍ ᠵᠠᠬᠢᠪᠠ! ᠪᠢ ᠮᠠᠰᠢ ᠵᠣᠷᠢᠭ᠍ᠵᠢᠵᠤ᠂ ᠰᠡᠳᠭᠢᠯ ᠳᠣᠭ᠍ᠳᠣᠯᠵᠤ ᠪᠠᠢᠨ᠎ᠠ᠂ ᠦᠨᠳᠦᠰᠦᠨ ᠱᠠᠲᠤᠨ᠎ᠤ ᠦᠢᠯᠡᠰ ᠪᠤᠰᠭᠠᠬᠤ ᠵᠠᠮ ᠳᠡᠭᠡᠷ᠎ᠡ ᠱᠢᠷᠭᠠᠭᠤ ᠬᠠᠲᠠᠭᠤᠵᠢᠯᠲᠠᠢ᠎ᠪᠠᠷ ᠬᠠᠢᠨ ᠰᠦᠪᠡᠭ᠌ᠴᠢᠯᠡᠵᠦ᠍ ᠪᠠᠢᠭ᠎ᠠ ᠵᠠᠯᠠᠭᠤ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠰᠤᠷᠭᠠᠯ᠎ᠢ ᠪᠢ ᠯᠠᠪᠲᠠᠢ ᠪᠠᠲᠤ ᠴᠡᠭᠡᠵᠢᠯᠡᠵᠦ᠍᠂ ᠰᠠᠢᠨ ᠳᠤᠷ᠎ᠠ᠎ᠶ᠋ᠢᠨ ᠦᠢᠯᠡᠴᠢᠯᠡᠭᠡ ᠪᠣᠯᠤᠨ ᠦᠢᠯᠡᠰ ᠪᠤᠰᠭᠠᠬᠤ ᠵᠠᠮ ᠳᠡᠭᠡᠷ᠎ᠡ ᠦᠷᠭᠦᠯᠵᠢᠯᠡᠨ ᠤᠷᠤᠭ᠍ᠰᠢᠯᠠᠨ᠎ᠡ᠃
(ᠰᠤᠷᠪᠤᠯᠵᠢᠯᠠᠭ᠍ᠴᠢ ᠵᠣᠤ ᠰᠢ)
《ᠡᠬᠡ ᠤᠯᠤᠰ᠎ᠲᠠᠭᠠᠨ ᠥᠭ᠌ᠭᠦ ᠬᠠᠮᠤᠭ᠎ᠤᠨ ᠰᠠᠢᠨ ᠠᠴᠢ ᠬᠠᠷᠢᠭᠤᠯᠲᠠ ᠪᠤᠯ ᠴᠥᠬᠦᠷᠡᠰᠢ ᠦᠭᠡᠶ ᠲᠡᠮᠡᠴᠡᠨ᠎ᠡ!》

ᠲᠤᠭᠠᠴᠢᠬ᠍ᠴᠢ᠄ ᠤᠶᠠᠩᠭ᠎ᠠ
《ᠤᠯᠠᠨ᠎ᠢᠶᠠᠷ᠎ᠢᠶᠠᠨ ᠰᠠᠢᠨ ᠪᠠᠢᠵᠠᠭᠠᠨ᠎ᠠ ᠤᠤ? ᠪᠢ ᠤᠶᠠᠩᠭ᠎ᠠ ᠪᠠᠢᠨ᠎ᠠ᠃》 ᠡᠨᠡ ᠦᠭᠡ᠎ᠶ᠋ᠢ ᠪᠢ ᠱᠢᠭᠤᠳ ᠨᠡᠪᠲᠡᠷᠡᠭᠦᠯᠭᠡ᠎ᠶ᠋ᠢᠨ ᠡᠮᠦᠨ᠎ᠡ 3000 ᠱᠢᠬᠠᠮ ᠤᠳᠠᠭ᠎ᠠ ᠲᠠᠪᠳᠠᠯᠠ᠃
ᠪᠢ ᠱᠢᠯᠢ᠎ᠶ᠋ᠢᠨ ᠭᠤᠤᠯ ᠠᠢᠮᠠᠭ᠎ᠤᠨ ᠪᠠᠷᠠᠭᠤᠨ ᠦᠵᠦᠮᠦᠴᠢᠨ ᠬᠤᠱᠢᠭᠤᠨ᠎ᠤ ᠨᠢᠭᠡᠨ ᠵᠢᠷ᠎ᠤᠨ ᠮᠠᠯᠴᠢᠨ᠎ᠤ ᠬᠡᠷ᠎ᠲᠤ ᠳᠦᠷᠦᠵᠡᠶ᠂ ᠶᠡᠭᠡ ᠰᠤᠷᠭᠠᠭᠤᠯᠢ᠎ᠪᠠᠨ ᠲᠡᠭᠦᠰᠦᠭ᠌ᠰᠡᠨ᠎ᠤ ᠳᠠᠷᠠᠭ᠎ᠠ ᠨᠤᠲᠤᠭ᠎ᠲᠠᠭᠠᠨ ᠪᠤᠴᠠᠵᠦ᠍ ᠦᠢᠯᠡᠰ ᠪᠤᠰᠭᠠᠬᠤ᠎ᠪᠠᠷ ᠵᠣᠷᠢᠭ ᠱᠢᠭᠤᠳᠴᠤ᠌᠂ ᠨᠤᠲᠤᠭ ᠤᠰᠤᠨ᠎ᠤ᠎ᠪᠠᠨ ᠤᠤᠭᠠᠯ ᠰᠣᠶᠣᠯ᠎ᠢ ᠤᠬᠠᠭᠤᠯᠬᠤ᠎ᠳᠤ ᠥᠪᠡᠷ᠎ᠤᠨ ᠥᠴᠦᠬᠡᠨ ᠬᠦᠴᠦ᠎ᠪᠠᠨ ᠡᠷᠭᠦᠬᠦ᠌᠎ᠪᠠᠷ ᠵᠣᠷᠢᠭ ᠱᠢᠭᠤᠳᠤᠭ᠍ᠰᠠᠨ ᠶᠤᠮ᠃ 2018 ᠣᠨ᠎ᠤ 1 ᠰᠠᠷ᠎ᠠ᠎ᠶ᠋ᠢᠨ 7 ᠤ ᠡᠳᠦᠷ᠂ ᠪᠢ ᠱᠢᠭᠤᠳ ᠨᠡᠪᠲᠡᠷᠡᠭᠦᠯᠭᠡ᠎ᠶ᠋ᠢᠨ ᠲᠠᠪᠴᠠᠩ᠎ᠤᠨ ᠭᠤᠣᠯ ᠨᠡᠪᠲᠡᠷᠡᠭᠦᠯᠦᠭ᠌ᠴᠢ ᠪᠣᠯᠪᠠ᠃ ᠠᠩᠬᠠᠳᠤᠭᠠᠷ ᠬᠤᠭᠤᠴᠠᠭᠠᠨ᠎ᠤ ᠸᠢᠳᠢᠣ᠋᠎ᠶ᠋ᠢ ᠨᠡᠢᠲᠡᠯᠡᠭ᠌ᠰᠡᠨ᠎ᠠᠴᠠ ᠤᠳᠤ ᠪᠣᠯᠲᠠᠯ᠎ᠠ ᠨᠢᠭᠡᠨᠲᠡ 3 ᠵᠢᠯ ᠪᠤᠯᠵᠠᠢ᠃
ᠠᠵᠠ ᠲᠣᠬᠢᠶᠠᠯ ᠪᠠ ᠴᠢᠷᠮᠠᠢᠯᠭ᠎ᠠ ᠨᠠᠮᠠᠶ᠋ᠢ ᠨᠡᠷ᠎ᠡ ᠴᠤᠤᠲᠦ ᠬᠤᠪᠢ᠎ᠶ᠋ᠢᠨ ᠵᠠᠭᠤᠴᠢᠯᠠᠭᠤᠷ᠎ᠤᠨ ᠬᠥᠮᠦᠨ ᠪᠣᠯᠭᠠᠭ᠍ᠰᠠᠨ ᠪᠠᠢᠨ᠎ᠠ᠃ ᠦᠢᠯᠡᠰ ᠪᠤᠰᠭᠠᠬᠤ ᠬᠤᠭᠤᠴᠠᠭᠠᠨ᠎ᠳᠤ᠂ ᠪᠢ ᠨᠡᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠠᠩᠬᠠᠷᠤᠯ ᠪᠠ ᠳᠡᠮᠵᠢᠯᠭᠡ᠎ᠶ᠋ᠢ ᠣᠯᠵᠤ᠂ ᠤᠷᠢᠳ ᠬᠤᠵᠢᠳ ᠪᠥᠬᠦ᠌ ᠤᠯᠤᠰ᠎ᠤᠨ ᠵᠠᠯᠠᠭᠤᠴᠤᠳ᠎ᠤᠨ ᠬᠤᠯᠪᠣᠭ᠎ᠠ᠎ᠶ᠋ᠢᠨ ᠭᠡᠱᠢᠭᠦᠨ᠂ ᠪᠥᠬᠦ᠌ ᠤᠯᠤᠰ᠎ᠤᠨ ᠱᠢᠯᠢᠳᠡᠭ ᠵᠠᠯᠠᠭᠤᠴᠤᠳ᠂ ᠱᠢᠯᠢ᠎ᠶ᠋ᠢᠨ ᠭᠤᠤᠯ ᠠᠢᠮᠠᠭ᠎ᠤᠨ ᠠᠷᠪᠠᠨ ᠬᠤᠶᠠᠳᠤᠭᠠᠷ ᠬᠤᠭᠤᠴᠠᠭᠠᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠂ ᠡᠪ ᠬᠠᠮᠲᠤ ᠵᠠᠯᠠᠭᠤᠴᠤᠳ᠂ ᠡᠮᠡᠭ᠌ᠲᠡᠢᠴᠦᠳ᠎ᠤᠨ ᠬᠤᠯᠪᠤᠭ᠎ᠠ᠎ᠶ᠋ᠢᠨ ᠲᠥᠯᠦᠭᠡᠯᠡᠭ᠌ᠴᠢ᠎ᠪᠠᠷ ᠰᠣᠩᠭᠤᠭ᠍ᠳᠠᠵᠤ᠂ ᠨᠠᠩ ᠵᠣᠯ᠎ᠢᠶᠠᠷ 《ᠪᠦᠭᠦᠳᠡ ᠨᠠᠢᠷᠠᠮᠳᠠᠬᠤ ᠲᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 70 ᠵᠢᠯ᠎ᠤᠨ ᠣᠶ᠎ᠶ᠋ᠢ ᠪᠡᠯᠭᠡᠯᠡᠬᠦ᠌》 ᠳᠤᠷᠠᠰᠭᠠᠯ᠎ᠤᠨ ᠲᠡᠮᠳᠡᠭ ᠬᠦᠷᠲᠡᠭ᠌ᠴᠢ ᠪᠣᠯᠤᠭ᠍ᠰᠠᠨ ᠪᠠᠢᠨ᠎ᠠ᠃
《ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠵᠠᠯᠠᠭᠤᠴᠤᠳ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠪᠠᠷ ᠥᠪᠡᠷ᠎ᠤᠨ ᠡᠭᠦᠷᠭᠡ᠎ᠪᠠᠨ ᠪᠣᠯᠭᠠᠵᠤ᠂ ᠳᠤᠮᠳᠠᠳᠤ᠎ᠶ᠋ᠢᠨ ᠬᠥᠮᠦᠨ ᠪᠣᠯᠬᠤ ᠡᠷᠴᠢ ᠵᠣᠷᠢᠭ᠂ ᠰᠥᠰᠥ᠍ ᠵᠣᠷᠢᠭ᠂ ᠢᠳᠡᠭᠡᠯ ᠵᠤᠷᠢᠬ᠎ᠢᠶᠠᠨ ᠨᠡᠮᠡᠭ᠌ᠳᠡᠭᠦᠯᠵᠦ᠍᠂ ᠴᠠᠭ ᠦᠶ᠎ᠡ᠎ᠶ᠋ᠢ ᠬᠥᠰᠡᠷᠳᠡᠭᠦᠯᠬᠦ᠌ ᠦᠭᠡᠢ᠂ ᠵᠠᠯᠠᠭᠤ ᠨᠠᠰᠤ ᠰᠠᠢᠬᠠᠨ ᠴᠠᠬ᠎ᠢ ᠬᠥᠰᠡᠷᠳᠡᠭᠦᠯᠬᠦ᠌ ᠦᠭᠡᠢ᠂ ᠨᠠᠮ ᠪᠣᠯᠤᠨ ᠠᠷᠠᠳ ᠲᠦᠮᠡᠨ᠎ᠤ ᠨᠠᠨᠳᠢᠨ ᠬᠦᠰᠡᠯ ᠡᠷᠡᠮᠡᠯᠵᠡᠯ᠎ᠢ ᠬᠥᠰᠡᠷᠳᠡᠭᠦᠯᠬᠦ᠌ ᠦᠭᠡᠢ ᠪᠠᠢᠬᠤ ᠬᠡᠷᠡᠭ᠌ᠲᠡᠢ》 ᠬᠡᠳᠡᠭ ᠶᠡᠷᠦᠩᠬᠡᠶ ᠱᠦᠵᠢ ᠰᠢ᠎ᠶ᠋ᠢᠨ ᠫᠢᠩ᠎ᠤᠨ ᠡᠨᠡ ᠦᠭᠡ᠎ᠨᠢ ᠨᠠᠳᠠ᠎ᠳᠤ ᠭᠦᠨ ᠰᠠᠭᠤᠭ᠍ᠳᠠᠯ ᠥᠭ᠌ᠭᠦᠭ᠌ᠰᠡᠨ ᠶᠤᠮ᠃ ᠨᠤᠲᠤᠭ ᠤᠰᠤ᠎ᠪᠠᠨ ᠤᠬᠠᠭᠤᠯᠬᠤ ᠬᠤᠪᠢ᠎ᠶ᠋ᠢᠨ ᠵᠠᠭᠤᠴᠢᠯᠠᠭᠤᠷ᠎ᠤᠨ ᠬᠥᠮᠦᠨ ᠪᠣᠯᠤᠭ᠍ᠰᠠᠨ᠎ᠤ ᠬᠤᠪᠢ᠎ᠳᠤ᠂ ᠪᠢ ᠪᠣᠳᠠᠲᠤ ᠠᠵᠢᠯᠯᠠᠭ᠎ᠠ᠎ᠪᠠᠷ᠎ᠢᠶᠠᠨ ᠥᠷᠭᠡᠨ ᠤᠯᠠᠨ ᠵᠠᠯᠠᠭᠤᠴᠤᠳ᠎ᠲᠤ ᠥᠪᠡᠷ᠎ᠢ᠎ᠪᠠᠨ ᠬᠦᠴᠦᠷᠬᠡᠭ᠌ᠵᠢᠭᠦᠯᠬᠦ᠂ ᠪᠡᠶ᠎ᠡ᠎ᠪᠠᠨ ᠳᠠᠭᠠᠭᠠᠬᠤ᠂ ᠬᠦᠰᠡᠯ ᠵᠡᠭᠦᠳᠦ᠎ᠪᠠᠨ ᠬᠥᠭᠡᠭᠡᠴᠡᠯᠳᠦᠬᠦ᠌ ᠪᠣᠳᠠᠲᠤ ᠬᠡᠪ ᠳᠠᠭᠤᠷᠢᠶᠠᠯ᠎ᠢ ᠪᠤᠢ ᠪᠣᠯᠭᠠᠵᠤ ᠥᠭ᠌ᠭᠦᠨ᠎ᠡ᠃
(ᠰᠤᠷᠪᠤᠯᠵᠢᠯᠠᠭ᠍ᠴᠢ ᠵᠠᠩ ᠯᠦ᠍)
《ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠵᠦ᠍ 〈ᠭᠡᠷᠡᠯᠳᠦᠬᠦᠯᠦᠭ᠌ᠴᠢ〉 ᠶ᠋ᠢᠨ ᠠᠵᠢᠯ᠎ᠢ ᠰᠠᠢᠲᠤᠷ ᠬᠢᠨ᠎ᠠ!》

ᠲᠤᠭᠠᠴᠢᠬ᠍ᠴᠢ᠄ ᠦ᠋ ᠴᠢᠶᠦ᠋ᠩ
2018 ᠣᠨ᠎ᠳᠤ᠂ ᠪᠢ ᠥᠪᠥᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ᠎ᠶ᠋ᠢᠨ ᠲᠠᠯ᠎ᠠ ᠨᠤᠲᠤᠭ ᠬᠢᠭᠡᠳ ᠡᠬᠢ ᠪᠠᠶᠠᠯᠢᠭ ᠣᠷᠴᠢᠨ ᠲᠣᠭᠤᠷᠢᠨ᠎ᠤ ᠳᠡᠭᠡᠳᠦ ᠰᠤᠷᠭᠠᠭᠤᠯᠢ᠎ᠶ᠋ᠢᠨ ᠨᠢᠭᠡᠨ ᠬᠠᠪᠰᠤᠷᠤᠨ ᠵᠢᠯᠤᠭᠤᠳᠤᠭ᠍ᠴᠢ ᠪᠣᠯᠪᠠ᠃
ᠰᠤᠷᠤᠭ᠍ᠴᠢᠳ᠎ᠲᠠᠢ ᠬᠠᠮᠲᠤ ᠪᠤᠳᠤᠵᠤ᠂ ᠬᠠᠮᠲᠤ ᠠᠵᠯᠯᠠᠬᠤᠶ᠋ᠢᠨ ᠲᠥᠯᠥᠭᠡ᠂ ᠪᠢ ᠶᠡᠷᠦ᠎ᠠᠴᠠ ᠥᠪᠡᠷ᠎ᠤᠨ ᠤᠯᠤᠰ ᠲᠥᠷᠥ᠎ᠶ᠋ᠢᠨ ᠣᠨᠣᠯ᠎ᠤᠨ ᠰᠤᠷᠤᠯᠴᠠᠯᠭ᠎ᠠ ᠪᠠ ᠲᠤᠰᠭᠠᠶ ᠮᠡᠷᠭᠡᠵᠢᠯ᠎ᠤᠨ ᠴᠢᠳᠠᠪᠤᠷᠢ᠎ᠶ᠋ᠢᠨ ᠬᠡᠪ ᠴᠢᠨᠠᠷ᠎ᠢᠶᠠᠨ ᠳᠡᠭᠡᠭ᠌ᠰᠢᠯᠡᠭᠦᠯᠬᠦ᠌᠎ᠶ᠋ᠢ ᠴᠢᠬᠤᠯᠠᠴᠢᠯᠠᠳᠠᠭ᠃ ᠡᠳᠦᠷ ᠲᠤᠲᠤᠮ᠎ᠤᠨ ᠠᠵᠢᠯ ᠬᠡᠳᠦᠢ ᠶᠠᠭᠠᠷᠠᠤ ᠬᠡᠳᠦᠢ ᠵᠢᠵᠢᠭ ᠰᠠᠵᠢᠭ ᠪᠠᠢᠭ᠍ᠰᠠᠨ ᠴᠤ᠌᠂ ᠪᠢ ᠪᠦᠷ ᠡᠷᠲᠡ ᠪᠣᠰᠴᠤ᠌ ᠨᠣᠮ ᠤᠩᠱᠢᠬᠤ᠎ᠪᠠᠨ ᠪᠠᠷᠢᠮᠲᠠᠯᠠᠭ᠍ᠰᠠᠨ ᠪᠥᠭᠡᠳ 《ᠬᠠᠮᠲᠤ᠎ᠪᠠᠷ ᠡᠷᠲᠡ ᠪᠣᠰᠭᠤ》᠂ 《ᠬᠠᠮᠲᠤ᠎ᠪᠠᠷ ᠠᠩᠭ᠌ᠯᠢ ᠬᠡᠯᠡ ᠰᠤᠷᠬᠤ》᠂ 《ᠨᠡᠭᠡᠭᠡᠯᠲᠡ ᠬᠢᠬᠦ᠌᠎ᠳᠤ ᠠᠱᠢᠭ᠍ᠲᠠᠢ》 ᠵᠡᠷᠭᠡ ᠣᠯᠠᠨ ᠰᠦᠯᠵᠢᠶᠡᠨ ᠳᠡᠭᠡᠷ᠎ᠡ ᠺᠠᠷᠲ ᠲᠠᠭ᠍ᠯᠠᠬᠤ ᠠᠵᠢᠯᠯᠠᠭ᠎ᠠ ᠥᠷᠨᠢᠭᠦᠯᠵᠦ᠍᠂ ᠤᠯᠠᠮ᠎ᠠᠴᠠ ᠤᠯᠠᠮ ᠣᠯᠠᠨ ᠰᠤᠷᠤᠭ᠍ᠴᠢᠳ᠎ᠢ ᠡᠷᠲᠡ ᠪᠣᠰᠴᠤ᠌ ᠨᠣᠮ ᠤᠩᠱᠢᠬᠤ ᠡᠩᠨᠡᠭᠡᠨ᠎ᠳᠤ ᠲᠡᠳᠡᠨ ᠣᠷᠣᠭᠤᠯᠵᠠᠢ᠃
ᠰᠤᠷᠤᠭ᠍ᠴᠢᠳ᠎ᠲᠤ ᠦᠵᠡᠯ ᠰᠠᠨᠠᠭ᠎ᠠ ᠤᠯᠤᠰ ᠲᠦᠷᠦ᠎ᠶ᠋ᠢᠨ ᠠᠵᠢᠯ᠎ᠢ ᠦᠨᠡᠨ ᠬᠦ᠌ ᠨᠡᠪᠲᠡᠷᠬᠡᠢ ᠤᠢ᠍ᠢᠯᠠᠭᠠᠭᠤᠯᠬᠤ᠎ᠶ᠋ᠢᠨ ᠲᠥᠯᠥᠭᠡ᠂ ᠪᠢ ᠨᠠᠮ᠎ᠤᠨ ᠡᠭᠦᠷ᠎ᠤᠨ ᠳᠣᠲᠣᠭᠠᠳᠤ᠎ᠳᠤ 《ᠱᠢᠨ᠎ᠡ ᠦᠵᠡᠯ ᠰᠠᠨᠠᠭ᠎ᠠ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ》 ᠢ ᠵᠣᠬᠢᠶᠠᠨ ᠪᠠᠢᠭᠤᠯᠵᠤ᠂ ᠰᠤᠷᠤᠭ᠍ᠴᠢᠳ᠎ᠢ ᠳᠠᠭᠠᠭᠤᠯᠤᠨ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠢᠳᠡᠪᠬᠢᠲᠡᠢ ᠰᠤᠷᠤᠯᠴᠠᠨ ᠤᠬᠠᠭᠤᠯᠪᠠ᠃
ᠶᠡᠷᠦᠩᠬᠡᠢ ᠱᠦᠵᠢ ᠰᠢ᠎ᠶ᠋ᠢᠨ ᠫᠢᠩ᠂ ᠢᠷᠡᠭᠡᠳᠦᠢ ᠪᠤᠯ ᠵᠠᠯᠠᠭᠤᠴᠤᠳ᠎ᠤᠨ᠎ᠬᠢ ᠪᠣᠯᠤᠨ᠎ᠠ᠂ ᠵᠠᠯᠠᠭᠤᠴᠤᠳ᠎ᠲᠤ ᠬᠦᠰᠡᠯ ᠨᠠᠢᠳᠠᠯᠭ᠎ᠠ᠎ᠪᠠᠨ ᠲᠠᠯᠪᠢᠨ᠎ᠠ ᠭᠡᠵᠦ᠍ ᠴᠢᠬᠤᠯᠠᠴᠢᠯᠠᠪᠠ᠃ ᠡᠳᠦᠭᠡ᠂ ᠪᠢ ᠨᠢᠭᠡᠨᠲᠡ ᠲᠠᠯ᠎ᠠ ᠨᠤᠲᠤᠭ ᠬᠢᠭᠡᠳ ᠡᠬᠢ ᠪᠠᠶᠠᠯᠢᠭ ᠣᠷᠴᠢᠨ ᠲᠣᠭᠤᠷᠢᠨ᠎ᠤ ᠳᠡᠭᠡᠳᠦ ᠰᠤᠷᠭᠠᠭᠤᠯᠢ᠎ᠶ᠋ᠢᠨ ᠡᠪᠯᠡᠯ᠎ᠤᠨ ᠬᠤᠷᠢᠶᠠᠨ᠎ᠤ ᠳᠡᠳ᠋ ᠱᠦᠵᠢ᠂ ᠡᠪᠡᠰᠦᠨ᠎ᠤ ᠦᠢᠯᠡᠰ᠎ᠤᠨ ᠱᠢᠨᠵᠢᠯᠡᠬᠦ᠌ ᠤᠬᠠᠭᠠᠨ᠎ᠤ ᠵᠢᠩᠬᠢᠨᠢ ᠠᠩᠬᠢ᠎ᠶ᠋ᠢᠨ ᠰᠤᠷᠤᠬ᠍ᠴᠢ᠎ᠶ᠋ᠢᠨ ᠨᠠᠮ᠎ᠤᠨ ᠡᠭᠦᠷ᠎ᠤᠨ ᠱᠦᠵᠢ ᠪᠣᠯᠵᠠᠢ᠃ ᠭᠡᠪᠡᠴᠦ᠍ ᠢᠷᠠᠭᠤ ᠠᠯᠳᠠᠷᠲᠤ ᠠᠵᠢᠯ ᠮᠡᠷᠭᠡᠵᠢᠯ᠎ᠢᠶᠠᠨ ᠰᠣᠩᠭᠤᠬᠤ ᠦᠶ᠎ᠡ᠎ᠶ᠋ᠢᠨ ᠤᠭ ᠰᠠᠨᠠᠭ᠎ᠠ — ᠶᠤᠰᠤ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠵᠦ᠍᠂ ᠰᠦᠭ ᠰᠦᠨᠡᠰᠦ᠎ᠶ᠋ᠢ ᠱᠤᠭᠤᠨ ᠬᠥᠮᠦᠨ᠎ᠢ ᠬᠥᠮᠦᠵᠢᠭᠦᠯᠵᠦ᠍᠂ 《ᠬᠡᠷᠡᠯᠳᠤᠭᠦᠯᠦᠭ᠌ᠴᠢ》 ᠪᠤᠯᠬᠤ᠎ᠶ᠋ᠢ ᠶᠡᠷᠦ᠎ᠠᠴᠠ ᠮᠠᠷᠳᠠᠭ᠎ᠠ ᠦᠬᠡᠢ ᠪᠠᠢᠵᠤ᠂ ᠰᠤᠷᠤᠭ᠍ᠴᠢᠳ᠎ᠤᠨ ᠬᠦᠰᠡᠯᠡᠩ᠎ᠤᠨ ᠳ᠋ᠧᠩ᠎ᠢ ᠭᠡᠷᠡᠯᠳᠦᠬᠦᠯᠵᠤ᠂ ᠲᠡᠳᠡᠨ᠎ᠤ ᠤᠷᠤᠭ᠍ᠰᠢᠯᠠᠬᠤ ᠵᠠᠮ᠎ᠢ ᠬᠡᠷᠡᠯᠳᠦᠬᠦᠯᠪᠠ᠃ ᠪᠢ ᠵᠠᠯᠠᠭᠤᠴᠤᠳ᠎ᠲᠤ ᠬᠠᠨᠳᠤᠭᠤᠯᠤᠭ᠍ᠰᠠᠨ ᠤᠨᠤᠯ᠎ᠤᠨ ᠤᠬᠠᠭᠤᠯᠤᠨ ᠲᠠᠢᠯᠪᠤᠷᠢᠯᠠᠬᠤ ᠠᠵᠢᠯ᠎ᠢ ᠦᠷᠭᠦᠯᠵᠢᠯᠡᠨ ᠰᠠᠢᠲᠤᠷ ᠬᠢᠵᠦ᠍᠂ ᠮᠠᠷᠺᠰ᠎ᠤᠨ ᠦᠵᠡᠯ᠎ᠤᠨ ᠦᠨᠡᠨ ᠶᠣᠰᠣᠨ᠎ᠤ ᠬᠦᠴᠦᠨ᠎ᠢᠶᠠᠷ ᠵᠠᠯᠠᠭᠤᠴᠤᠳ᠎ᠢ ᠤᠷᠢᠶᠠᠯᠠᠨ᠎ᠠ᠃
(ᠰᠤᠷᠪᠤᠯᠵᠢᠯᠠᠭ᠍ᠴᠢ ᠯᠢᠦ ᡁᠢ ᠱᠢᠶᠠᠨ)
《ᠤᠷᠢ ᠵᠠᠯᠠᠭᠤ ᠨᠠᠰᠤ᠎ᠪᠠᠷ᠎ᠢᠶᠠᠨ ᠵᠠᠭᠤᠨ ᠵᠢᠯ᠎ᠤᠨ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠨ᠎ᠠ!》

ᠲᠤᠭᠠᠴᠢᠬ᠍ᠴᠢ᠄ ᠬᠦᠸᠧ ᠴᠢ
ᠪᠢ ᠪᠣᠯ ᠥᠪᠥᠷ ᠮᠣᠩᠭᠤᠯ᠎ᠤᠨ ᠶᠡᠭᠡ ᠰᠤᠷᠭᠠᠭᠤᠯᠢ᠎ᠶ᠋ᠢᠨ ᠡᠯᠧᠺᠲᠷᠣᠨ ᠮᠡᠳᠡᠭᠡ ᠵᠠᠩᠭᠢ᠎ᠶ᠋ᠢᠨ ᠢᠨᠵᠧᠨᠧᠷᠢᠩ᠎ᠤᠨ ᠲᠡᠭᠡᠳᠤ ᠰᠤᠷᠭᠠᠭᠤᠯᠢ᠎ᠶ᠋ᠢᠨ ᠮᠡᠳᠡᠭᠡ ᠵᠠᠩᠭᠢ ᠪᠤᠯᠤᠨ ᠬᠤᠯᠪᠤᠭᠠᠨ᠎ᠤ ᠢᠨᠵᠧᠨᠧᠷᠢᠩ᠎ᠤᠨ ᠲᠤᠰᠭᠠᠶ ᠮᠡᠷᠭᠡᠵᠢᠯ᠎ᠤᠨ ᠠᠰᠫᠢᠷᠠᠨᠲ ᠶᠤᠮ᠃
2013 ᠣᠨ᠎ᠳᠤ ᠥᠪᠥᠷ ᠮᠣᠩᠭᠤᠯ᠎ᠤᠨ ᠶᠡᠭᠡ ᠰᠤᠷᠭᠠᠭᠤᠯᠢ᠎ᠳᠤ ᠱᠢᠯᠭᠠᠨ ᠤᠷᠤᠭ᠍ᠰᠠᠨ᠎ᠠᠴᠠ ᠨᠠᠭᠠᠰᠢ᠂ ᠪᠢ ᠢᠮᠠᠭ᠍ᠲᠠ ᠥᠪᠡᠷ᠎ᠢ᠎ᠪᠠᠨ ᠴᠢᠩᠭ᠎ᠠ ᠱᠠᠭᠠᠷᠳᠠᠨ ᠱᠢᠷᠭᠠᠭᠤ ᠰᠤᠷᠤᠯᠴᠠᠵᠦ᠍᠂ ᠨᠡᠢᠭᠡᠮ᠎ᠤᠨ ᠦᠢᠯᠡᠳᠦᠯᠭᠡ᠎ᠳᠤ ᠢᠳᠡᠪᠬᠢᠲᠡᠢ ᠣᠷᠣᠯᠴᠠᠵᠤ᠂ ᠶᠡᠷᠦᠩᠬᠡᠢᠯᠡᠭ᠌ᠰᠡᠨ ᠬᠡᠪ ᠪᠤᠯᠪᠠᠰᠤᠷᠠᠯ᠎ᠢᠶᠠᠨ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠪᠡ᠃ ᠵᠢᠩᠬᠢᠨᠢ ᠠᠩᠭᠢ᠎ᠠᠴᠠ ᠠᠰᠫᠢᠷᠠᠨᠲ ᠪᠤᠯᠳᠠᠯᠠᠬᠢ 8 ᠵᠢᠯ᠎ᠤᠨ ᠬᠤᠭᠤᠴᠠᠭ᠎ᠠ᠎ᠳᠤ᠂ ᠪᠢ ᠴᠢᠷᠮᠠᠢᠨ ᠲᠡᠮᠡᠴᠡᠵᠦ᠍᠂ ᠵᠠᠯᠠᠭᠤ ᠨᠠᠰᠤ᠎ᠪᠠᠨ ᠬᠥᠰᠡᠷᠳᠡᠭᠦᠯᠬᠦ᠌ ᠦᠭᠡᠢ᠎ᠪᠠᠷ ᠥᠪᠡᠷ᠎ᠤᠨ ᠶᠡᠭᠡ ᠰᠤᠷᠭᠠᠭᠤᠯᠢ᠎ᠶ᠋ᠢᠨ ᠠᠮᠢᠳᠤᠷᠠᠯ᠎ᠢᠶᠠᠨ ᠠᠮᠵᠢᠯᠲᠠ᠎ᠲᠠᠢ ᠲᠡᠭᠦᠰᠭᠡᠪᠡ᠃
ᠵᠢᠩᠬᠢᠨᠢ ᠠᠩᠬᠢ᠎ᠶ᠋ᠢᠨ ᠬᠤᠭᠤᠴᠠᠭᠠᠨ᠎ᠳᠤ᠂ ᠪᠢ ᠥᠪᠥᠷ ᠮᠣᠩᠭᠤᠯ᠎ᠤᠨ ᠶᠡᠭᠡ ᠰᠤᠷᠭᠠᠭᠤᠯᠢ᠎ᠶ᠋ᠢᠨ ᠰᠤᠷᠤᠭ᠍ᠴᠢᠳ᠎ᠤᠨ ᠵᠥᠪᠯᠡᠯ᠎ᠤᠨ ᠲᠡᠷᠢᠭᠦᠯᠡᠭ᠌ᠴᠢ᠎ᠶ᠋ᠢᠨ ᠲᠤᠱᠢᠶᠠᠯ᠎ᠢ ᠬᠠᠷᠢᠭᠤᠴᠠᠵᠤ᠂ ᠡᠯ᠎ᠡ ᠲᠦᠷᠦᠯ᠎ᠤᠨ ᠠᠵᠢᠯᠯᠠᠭ᠎ᠠ᠎ᠶ᠋ᠢ ᠵᠣᠬᠢᠶᠠᠨ ᠪᠠᠢᠭᠤᠯᠪᠠ᠃
ᠰᠤᠷᠭᠠᠭᠤᠯᠢ᠎ᠳᠠᠭᠠᠨ ᠪᠤᠴᠠᠵᠤ ᠢᠷᠡᠭ᠌ᠰᠡᠨ᠎ᠤ ᠲᠠᠷᠠᠭ᠎ᠠ᠂ ᠪᠢ ᠠᠰᠫᠢᠷᠠᠨᠲ᠎ᠤᠨ ᠰᠤᠷᠤᠯᠴᠠᠯᠭ᠎ᠠ ᠠᠮᠢᠳᠤᠷᠠᠯ᠎ᠳᠠᠭᠠᠨ ᠱᠢᠮᠳᠠᠵᠤ᠂ ᠤᠯᠠᠨ ᠡᠷᠳᠡᠮ ᠱᠢᠨᠵᠢᠯᠡᠭᠡᠨ᠎ᠤ ᠥᠭᠦᠯᠡᠯ ᠨᠡᠢᠲᠡᠯᠡᠵᠦ᠍᠂ ᠤᠯᠠᠨᠳᠠ ᠰᠤᠷᠤᠯᠭ᠎ᠠ᠎ᠶ᠋ᠢᠨ ᠱᠠᠩᠨᠠᠯ᠎ᠤᠨ ᠮᠥᠩᠭᠦ᠌ ᠲᠤᠰᠴᠤ᠌᠂ ᠡᠷᠳᠡᠮ ᠱᠢᠨᠵᠢᠯᠡᠭᠡᠨ᠎ᠤ ᠦᠢᠯᠡᠳᠦᠯᠭᠡ᠎ᠶ᠋ᠢᠨ ᠤᠷᠤᠯᠳᠤᠭᠠᠨ᠎ᠳᠤ ᠢᠳᠡᠪᠬᠢᠲᠡᠢ ᠣᠷᠣᠯᠴᠠᠵᠤ᠂ ᠪᠦᠬᠦ᠌ ᠤᠯᠤᠰ᠎ᠤᠨ ᠠᠷᠪᠠᠨ ᠬᠤᠶᠠᠳᠤᠭᠠᠷ ᠬᠤᠭᠤᠴᠠᠭᠠᠨ᠎ᠤ 《ᠥᠷᠢᠰᠥᠯᠳᠦᠭᠡᠨ ᠬᠤᠨᠳᠠᠭᠠᠲᠤ》 ᠳᠤᠮᠳᠠᠳᠤ ᠤᠯᠤᠰ᠎ᠤᠨ ᠤᠶᠤᠲᠠᠳ᠎ᠤᠨ ᠦᠢᠯᠡᠰ ᠪᠤᠰᠭᠠᠬᠤ ᠲᠥᠯᠥᠪᠯᠡᠭᠡ᠎ᠶ᠋ᠢᠨ ᠤᠷᠤᠯᠳᠤᠭᠠᠨ᠎ᠤ ᠬᠦᠷᠡᠯ ᠮᠧᠳᠠᠯ ᠵᠡᠷᠭᠡ ᠬᠦᠬᠢᠬᠦᠯᠦᠯ᠎ᠢ ᠬᠦᠷᠳᠡᠪᠡ᠃
ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠵᠠᠯᠠᠭᠤᠴᠤᠳ᠎ᠤᠨ ᠲᠤᠬᠠᠢ ᠬᠦᠰᠡᠯ ᠨᠠᠢᠳᠠᠯᠭ᠎ᠠ᠎ᠨᠢ ᠮᠢᠨᠦ᠍ ᠰᠡᠳᠭᠢᠯ᠎ᠢ ᠳᠣᠭ᠍ᠳᠣᠯᠤᠭᠤᠯᠪᠠ᠃ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠮ ᠳᠡᠭᠡᠷ᠎ᠡ ᠬᠠᠢᠨ ᠰᠦᠪᠡᠭ᠌ᠴᠢᠯᠡᠵᠦ᠍ ᠪᠠᠢᠭ᠎ᠠ ᠵᠠᠯᠠᠭᠤ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠪᠢ ᠯᠠᠪᠲᠠᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠰᠤᠷᠭᠠᠯ᠎ᠢ ᠪᠠᠲᠤ ᠴᠡᠭᠡᠵᠢᠯᠡᠵᠦ᠍᠂ ᠰᠤᠷᠤᠯᠴᠠᠯᠭ᠎ᠠ ᠪᠠ ᠠᠵᠢᠯ᠎ᠤᠨ ᠳᠤᠮᠳᠠ᠎ᠪᠠᠨ ᠦᠷᠭᠦᠯᠵᠢᠯᠡᠨ ᠴᠢᠷᠮᠠᠢᠨ᠎ᠠ!
(ᠰᠤᠷᠪᠤᠯᠵᠢᠯᠠᠭ᠍ᠴᠢ ᠯᠢ ᠼᠦᠨ ᠱᠢᠶᠠ)
《ᠪᠠᠭ᠍ᠰᠢ ᠬᠦ᠍ᠮᠦᠨᠤ ᠤᠤᠷ ᠴᠢᠨᠠᠷ᠎ᠢᠶᠠᠨ ᠪᠠᠲᠤ ᠰᠠᠬᠢᠵᠦ᠍ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠬᠠᠷᠢᠭᠤᠴᠠᠯᠭ᠎ᠠ᠎ᠪᠠᠨ ᠭᠦᠢᠴᠡᠳᠭᠡᠨ ᠬᠥᠮᠦᠨ᠎ᠢ ᠬᠥᠮᠦᠵᠢᠭᠦᠯᠦᠨ᠎ᠡ!》

ᠲᠤᠭᠠᠴᠢᠬ᠍ᠴᠢ᠄ ᠸᠠᠩ ᠲᠤᠤ
ᠪᠢ ᠪᠣᠯ ᠪᠤᠭᠤᠲᠤ ᠬᠤᠲᠠ᠎ᠶ᠋ᠢᠨ ᠶᠢᠰᠦᠳᠦᠭᠡᠷ ᠳᠤᠮᠳᠠᠳᠤ ᠰᠤᠷᠭᠠᠭᠤᠯᠢ᠎ᠶ᠋ᠢᠨ ᠨᠢᠭᠡᠨ ᠤᠯᠤᠰ ᠲᠥᠷᠥ᠎ᠶ᠋ᠢᠨ ᠪᠠᠭ᠍ᠰᠢ ᠮᠥᠨ᠃
ᠠᠵᠢᠯ᠎ᠳᠤ ᠤᠷᠤᠭ᠍ᠰᠠᠨ 12 ᠵᠢᠯ᠎ᠤᠨ ᠲᠤᠷᠰᠢ᠂ ᠪᠢ ᠢᠮᠠᠭ᠍ᠲᠠ ᠰᠤᠷᠭᠠᠨ ᠬᠥᠮᠦᠵᠢᠭᠦᠯᠬᠦ᠌ ᠰᠡᠳᠭᠢᠯᠭᠡ᠎ᠲᠠᠢ᠂ ᠬᠥᠮᠦᠨ᠎ᠢ ᠬᠥᠮᠦᠵᠢᠭᠦᠯᠬᠦ᠌ ᠬᠦᠰᠡᠯᠡᠩ᠎ᠲᠠᠢ ᠪᠠᠢᠭ᠍ᠰᠠᠨ᠃ ᠪᠢ ᠳᠠᠰᠤᠷᠠᠯᠳᠠ ᠦᠭᠡᠢ ᠰᠤᠷᠤᠯᠴᠠᠨ ᠤᠷᠤᠭ᠍ᠰᠢᠯᠠᠵᠤ᠂ ᠴᠢᠷᠮᠠᠢᠨ ᠠᠵᠢᠯᠯᠠᠵᠤ᠂ ᠳᠠᠭᠠᠭᠤᠯᠵᠤ ᠢᠷᠡᠭ᠌ᠰᠡᠨ ᠤᠯᠠᠨ ᠰᠤᠷᠤᠭ᠍ᠴᠢᠳ ᠪᠡᠭᠡᠵᠢᠩ ᠶᠡᠭᠡ ᠰᠤᠷᠭᠠᠭᠤᠯᠢ ᠵᠡᠷᠭᠡ ᠨᠡᠷᠡᠳᠦ ᠰᠤᠷᠭᠠᠭᠤᠯᠢ᠎ᠳᠤ ᠱᠢᠯᠭᠠᠨ ᠣᠷᠣᠪᠠ᠃
ᠨᠢᠭᠡᠨ ᠵᠠᠯᠠᠭᠤ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠵᠢᠭᠠᠨ ᠰᠤᠷᠭᠠᠬᠤ ᠡᠭᠦᠷᠭᠡ᠎ᠪᠠᠨ ᠪᠡᠶᠡᠯᠡᠭᠦᠯᠬᠦ᠌᠎ᠶ᠋ᠢᠨ ᠬᠠᠮᠲᠤ᠌᠂ ᠪᠢ ᠨᠠᠮ᠎ᠤᠨ ᠱᠤᠭᠤᠮ᠂ ᠴᠢᠭ᠌ᠯᠡᠯᠲᠡ᠂ ᠲᠦᠷᠦ᠎ᠶ᠋ᠢᠨ ᠪᠤᠳᠤᠯᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠬᠤ᠎ᠶ᠋ᠢ ᠪᠠᠷᠢᠮᠲᠠᠯᠠᠵᠤ ᠥᠪᠡᠷ᠎ᠤᠨ ᠬᠠᠮᠤᠭ᠎ᠤᠨ ᠶᠡᠭᠡ ᠴᠢᠷᠮᠠᠢᠯᠭ᠎ᠠ᠎ᠪᠠᠷ᠎ᠢᠶᠠᠨ ᠬᠠᠮᠢᠶ᠎ᠠ ᠪᠦᠬᠦᠢ ᠴᠢᠬᠤᠯᠠ ᠤᠨᠤᠯ᠎ᠢ ᠤᠬᠠᠭᠤᠯᠪᠠ᠃
ᠲᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠎ᠨᠢ ᠨᠠᠮᠠᠶ᠋ᠢ ᠲᠦᠢᠯ᠎ᠢᠶᠠᠷ ᠵᠣᠷᠢᠭ᠍ᠵᠢᠭᠤᠯᠵᠤ᠂ ᠲᠦᠢᠯ᠎ᠢᠶᠠᠷ ᠤᠷᠮᠠᠱᠢᠭᠤᠯᠵᠠᠢ᠃ ᠪᠢ ᠪᠠᠭ᠍ᠰᠢ᠎ᠶ᠋ᠢᠨ ᠤᠤᠷ ᠴᠢᠨᠠᠷ᠎ᠢᠶᠠᠨ ᠪᠠᠲᠤ ᠰᠠᠬᠢᠵᠤ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠬᠠᠷᠢᠭᠤᠴᠠᠯᠭ᠎ᠠ᠎ᠪᠠᠨ ᠭᠦᠢᠴᠡᠳᠭᠡᠨ ᠬᠥᠮᠦᠨ᠎ᠢ ᠬᠥᠮᠦᠵᠢᠭᠦᠯᠵᠦ᠍᠂ ᠢᠷᠠᠭᠤ ᠠᠯᠳᠠᠷᠲᠤ ᠤᠯᠠᠮᠵᠢᠯᠠᠯ᠎ᠢᠶᠠᠨ ᠦᠷᠭᠦᠯᠵᠢᠯᠡᠨ ᠪᠠᠳᠠᠷᠠᠭᠤᠯᠵᠤ᠂ ᠬᠤᠪᠢᠰᠭᠠᠯ᠎ᠤᠨ ᠴᠢᠰᠤᠨ ᠰᠤᠳᠠᠰᠤ᠎ᠶ᠋ᠢ ᠦᠷᠭᠦᠯᠵᠢᠯᠡᠭᠦᠯᠵᠦ᠍᠂ ᠰᠤᠷᠤᠭ᠍ᠴᠢᠳ᠎ᠲᠤ ᠤᠯᠤᠰ ᠲᠦᠷᠦ᠎ᠶ᠋ᠢᠨ ᠵᠢᠯᠤᠭᠤᠳᠤᠯᠭ᠎ᠠ᠂ ᠬᠤᠪᠢᠰᠭᠠᠯ᠎ᠤᠨ ᠬᠥᠮᠦᠵᠢᠯ᠎ᠢ ᠴᠢᠩᠭᠠᠳᠭᠠᠵᠤ᠂ ᠲᠡᠳᠡᠨ᠎ᠤ ᠦᠵᠡᠯ ᠰᠠᠨᠠᠭ᠎ᠠ ᠤᠯᠤᠰ ᠲᠦᠷᠦ᠎ᠶ᠋ᠢᠨ ᠬᠡᠪ ᠴᠢᠨᠠᠷ᠎ᠢ᠎ᠨᠢ ᠳᠡᠭᠡᠭ᠌ᠰᠢᠯᠡᠭᠦᠯᠵᠦ᠍᠂ ᠰᠤᠷᠤᠭ᠍ᠴᠢᠳ᠎ᠢ ᠬᠦᠳᠦᠯᠦᠨ ᠳᠠᠭᠠᠭᠤᠯᠵᠤ ᠬᠤᠪᠢᠰᠭᠠᠯ᠎ᠤᠨ ᠤᠳᠤᠮᠱᠢᠯ᠎ᠢ ᠤᠯᠠᠮᠵᠢᠯᠠᠵᠤ᠂ ᠨᠡᠢᠭᠡᠮ ᠵᠢᠷᠤᠮ᠎ᠤᠨ ᠪᠦᠳᠦᠭᠡᠨ ᠪᠠᠢᠭᠤᠯᠤᠭ᠍ᠴᠢ ᠪᠠ ᠵᠠᠯᠭᠠᠮᠵᠢᠯᠠᠭ᠍ᠴᠢ᠎ᠶ᠋ᠢ ᠬᠥᠮᠦᠵᠢᠭᠦᠯᠦᠨ᠎ᠡ᠃ ᠱᠢᠨ᠎ᠡ ᠴᠠᠭ ᠦᠶ᠎ᠡ᠎ᠶ᠋ᠢᠨ ᠵᠠᠯᠠᠭᠤ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠪᠢ ᠱᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠤᠨ ᠬᠠᠷᠢᠭᠤᠴᠠᠯᠭ᠎ᠠ ᠪᠠ ᠡᠭᠦᠷᠭᠡ᠎ᠶ᠋ᠢ ᠡᠭᠦᠷᠭᠡᠯᠡᠵᠦ᠍᠂ ᠬᠦᠰᠡᠯᠡᠩ ᠢᠲᠡᠭᠡᠯ ᠪᠢᠱᠢᠷᠡᠯ᠎ᠢᠶᠠᠨ ᠪᠠᠲᠤᠳᠭᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠵᠦ᠍᠂ ᠨᠡᠩ ᠴᠤᠭ ᠪᠠᠳᠠᠷᠠᠩᠭᠤᠢ ᠲᠦᠷᠢ ᠲᠥᠷᠬᠦ᠌᠎ᠪᠠᠷ ᠠᠵᠢᠯ᠎ᠳᠠᠭᠠᠨ ᠣᠷᠣᠯᠴᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌᠎ᠳᠤ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ!
(ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠯᠢ ᠼᠦᠨ ᠱᠢᠶᠠ)
《ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠥᠭᠦᠯᠡᠯ᠎ᠢᠶᠠᠨ ᠦᠪᠦᠷ ᠮᠤᠩᠭᠤᠯ᠎ᠤᠨ ᠡᠬᠡ ᠭᠠᠵᠠᠷ᠎ᠲᠤ ᠪᠢᠴᠢᠭ᠌ᠯᠡᠨ᠎ᠡ!》

ᠲᠤᠭᠠᠴᠢᠬ᠍ᠴᠢ᠄ ᠲᠢᠶᠠᠨ ᠷᠦ᠍ ᠭᠠᠩ
ᠪᠢ 2004 ᠣᠨ᠎ᠳᠤ ᠠᠦ᠋ᠰᠲᠷᠠᠯᠢᠶ᠎ᠠ᠎ᠳᠤ ᠬᠦᠷᠴᠦ᠍ ᠰᠤᠷᠤᠯᠴᠠᠵᠤ᠂ 2012 ᠣᠨ᠎ᠳᠤ ᠳ᠋ᠣᠺᠲ᠋ᠣᠷ ᠴᠣᠯᠠ ᠬᠠᠮᠠᠭᠠᠯᠠᠵᠤ᠂ 2018 ᠣᠨ᠎ᠳᠤ 《ᠲᠠᠯ᠎ᠠ ᠨᠤᠲᠤᠭ᠎ᠤᠨ ᠰᠤᠳᠤᠨ ᠴᠢᠳᠠᠪᠤᠷᠢᠲᠠᠨ》 ᠤ ᠬᠤᠪᠢ᠎ᠪᠠᠷ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠳᠤ ᠠᠵᠢᠯᠯᠠᠵᠦ᠍᠂ ᠭᠤᠤᠯᠳᠠᠭᠤ ᠪᠥᠬᠦ᠌ ᠭᠧᠨ᠎ᠤ ᠪᠦᠯᠦᠭ᠎ᠢ ᠰᠣᠩᠭᠤᠬᠤ ᠮᠡᠷᠭᠡᠵᠢᠯ᠎ᠤᠨ ᠮᠢᠬᠠᠨ᠎ᠤ ᠦᠬᠡᠷ᠎ᠤᠨ ᠤᠳᠤᠮᠯᠠᠯ᠎ᠤᠨ ᠡᠭᠦᠯᠳᠡᠷ ᠪᠤᠢᠵᠢᠭᠤᠯᠬᠤ ᠲᠠᠯ᠎ᠠ᠎ᠶ᠋ᠢᠨ ᠰᠤᠳᠤᠯᠭᠠᠨ᠎ᠢ ᠥᠷᠨᠢᠭᠦᠯᠵᠦ᠍᠂ ᠮᠢᠬᠠᠨ᠎ᠤ ᠦᠬᠡᠷ᠎ᠤᠨ ᠡᠭᠦᠯᠳᠡᠷ ᠰᠣᠩᠭᠤᠨ ᠬᠡᠭᠡᠯᠲᠦᠭᠦᠯᠬᠦ᠌ ᠠᠵᠢᠯ᠎ᠢ ᠵᠢᠯᠣᠭᠤᠳᠪᠡ᠃
ᠮᠢᠬᠠᠨ᠎ᠤ ᠦᠬᠡᠷ᠎ᠤᠨ ᠦᠢᠯᠡᠰ᠎ᠤᠨ ᠦᠷ᠎ᠡ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠬ᠍ᠯᠠᠬᠤ ᠪᠣᠯ ᠮᠠᠨ᠎ᠤ ᠣᠷᠣᠨ᠎ᠤ ᠪᠠᠴᠢᠮ ᠱᠢᠢᠳᠪᠦᠷᠢᠯᠡᠬᠦ᠌ ᠴᠢᠬᠤᠯᠠᠲᠠᠶ ᠨᠢᠭᠡᠨ ᠴᠢᠬᠤᠯᠠ ᠠᠰᠠᠭᠤᠳᠠᠯ ᠪᠣᠯᠤᠭ᠍ᠰᠠᠭᠠᠷ ᠢᠷᠡᠵᠡᠶ᠃ ᠦᠬᠡᠷ ᠲᠡᠵᠢᠭᠡᠵᠦ᠍ ᠪᠠᠢᠭ᠎ᠠ ᠬᠥᠮᠦᠰ᠎ᠤᠨ ᠬᠡᠷᠡᠭ᠌ᠴᠡᠭᠡ ᠪᠣᠯ ᠮᠠᠨ᠎ᠤ ᠠᠵᠢᠯ᠎ᠤᠨ ᠴᠢᠭ᠌ᠯᠡᠯ ᠮᠥᠨ᠃ ᠶᠡᠷᠦᠩᠬᠡᠢ ᠱᠦᠵᠢ ᠰᠢ᠎ᠶ᠋ᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷ᠎ᠡ᠂ ᠢᠷᠡᠭᠡᠳᠦᠢ ᠪᠤᠯ ᠵᠠᠯᠠᠭᠤᠴᠤᠳ᠎ᠤᠨ᠎ᠬᠢ ᠭᠡᠵᠦ᠍ ᠵᠣᠷᠢᠭ᠍ᠵᠢᠭᠤᠯᠵᠤ᠂ ᠵᠠᠯᠠᠭᠤᠴᠤᠳ᠎ᠲᠤ ᠬᠦᠰᠡᠯ ᠨᠠᠢᠳᠠᠯᠭ᠎ᠠ ᠲᠠᠯᠪᠢᠵᠠᠢ᠃ ᠵᠠᠯᠠᠭᠤ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠪᠢ ᠬᠤᠪᠢ ᠬᠥᠮᠦᠨ᠎ᠤ ᠬᠥᠭ᠌ᠵᠢᠯᠲᠡ᠎ᠪᠠᠨ ᠤᠯᠤᠰ᠎ᠤᠨ ᠬᠥᠭ᠌ᠵᠢᠯᠲᠡ᠂ ᠦᠨᠳᠦᠰᠦᠲᠡᠨ᠎ᠤ ᠰᠡᠷᠭᠦᠨ ᠮᠠᠨᠳᠤᠯᠲᠠ᠎ᠳᠤ ᠠᠭᠤᠰᠭᠠᠨ ᠣᠷᠣᠭᠤᠯᠵᠤ᠂ ᠨᠠᠮ ᠪᠣᠯᠤᠨ ᠠᠷᠠᠳ ᠲᠦᠮᠡᠨ᠎ᠤ ᠠᠵᠢᠯ ᠦᠢᠯᠡᠰ᠎ᠲᠤ ᠠᠭᠤᠰᠭᠠᠨ ᠣᠷᠣᠭᠤᠯᠵᠤ᠂ ᠱᠢᠨ᠎ᠡ ᠠᠶᠠᠨ ᠵᠠᠮ᠎ᠳᠤ᠂ ᠨᠠᠩ ᠡᠷᠡᠰ ᠪᠠᠲᠤ᠌᠂ ᠨᠠᠩ ᠤᠬᠠᠮᠰᠠᠷ᠎ᠠᠴᠠ᠎ᠪᠠᠨ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠪᠦᠯᠬᠦᠮ ᠨᠡᠢᠲᠡᠲᠠᠢᠪᠠᠨ ᠬᠠᠮᠲᠤ᠎ᠪᠠᠷ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠥᠭᠦᠯᠡᠯ᠎ᠢᠶᠠᠨ ᠥᠪᠥᠷ ᠮᠣᠩᠭᠤᠯ᠎ᠤᠨ ᠡᠬᠡ ᠭᠠᠵᠠᠷ᠎ᠲᠤ ᠪᠢᠴᠢᠭ᠌ᠯᠡᠨ᠎ᠡ᠃
(ᠰᠤᠷᠪᠤᠯᠵᠢᠯᠠᠭ᠍ᠴᠢ ᠪᠠᠶ ᠯᠢᠶᠠᠨ)
(ᠬᠡᠷᠡᠯ ᠵᠢᠷᠤᠬ᠎ᠢ ᠰᠤᠷᠪᠤᠯᠵᠢᠯᠠᠬ᠍ᠴᠢ ᠸᠠᠩ ᠯᠸᠢ ᠰᠡᠬᠦᠲᠡᠷᠯᠡᠪᠡ)