ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠢᠨᠲ᠋ᠧᠷ ᠰᠦᠯᠵᠢᠶᠡᠨ᠎ᠤ ᠮᠡᠳᠡᠭᠡ ᠵᠠᠩᠭᠢ᠎ᠶ᠋ᠢᠨ ᠠᠯᠪᠠᠨ ᠬᠡᠷ ᠰᠦᠯᠵᠢᠶᠡᠨ ᠳᠡᠭᠡᠷᠡᠬᠢ ᠭᠤᠤᠯ ᠰᠡᠳᠦᠪᠲᠦ ᠤᠬᠠᠭᠤᠯᠭ᠎ᠠ᠎ᠶ᠋ᠢᠨ ᠶᠠᠷᠢᠯᠴᠠᠬᠤ ᠬᠤᠷᠠᠯ ᠬᠤᠷᠠᠯᠳᠤᠭᠤᠯᠪᠠ
2021-07-28 12:17:14
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

7 ᠰᠠᠷ᠎ᠠ᠎ᠶ᠋ᠢᠨ 26 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠢᠨᠲ᠋ᠧᠷ ᠰᠦᠯᠵᠢᠶᠡᠨ᠎ᠤ ᠮᠡᠳᠡᠭᠡ ᠵᠠᠩᠭᠢ᠎ᠶ᠋ᠢᠨ ᠠᠯᠪᠠᠨ ᠭᠡᠷ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ 《ᠠᠭᠤᠤ ᠶᠡᠭᠡ ᠤᠷᠢᠶᠠᠯᠠᠭ᠎ᠠ᠎ᠶ᠋ᠢ ᠴᠤᠤᠷᠢᠶᠠᠲᠤᠨ ᠲᠠᠭᠠᠵᠤ ᠠᠵᠢᠯ᠎ᠤᠨ ᠪᠠᠢᠷᠢ᠎ᠳᠠᠭᠠᠨ ᠰᠠᠭᠤᠷᠢᠯᠠᠨ ᠲᠡᠮᠡᠴᠡᠬᠦ᠌》 ᠰᠦᠯᠵᠢᠶᠡᠨ ᠳᠡᠭᠡᠷᠡᠬᠢ ᠭᠤᠣᠯ ᠰᠡᠳᠦᠪᠲᠦ ᠤᠬᠠᠭᠤᠯᠭ᠎ᠠ᠎ᠶ᠋ᠢᠨ ᠶᠠᠷᠢᠯᠴᠠᠬᠤ ᠬᠤᠷᠠᠯ ᠬᠤᠷᠠᠯᠳᠤᠭᠤᠯᠪᠠ᠃ 

ᠬᠤᠷᠠᠯ᠎ᠠᠴᠠ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶ᠎ᠠ᠎ᠨᠢ ᠥᠨᠳᠥᠷ᠎ᠲᠤ ᠵᠣᠭ᠍ᠰᠣᠨ ᠠᠯᠤᠰ᠎ᠢ ᠪᠠᠷᠠᠯᠠᠵᠥ᠍᠂ ᠠᠭᠤᠯᠭ᠎ᠠ᠎ᠨᠢ ᠪᠠᠶᠠᠯᠢᠭ᠂ ᠦᠵᠡᠯ ᠰᠠᠨᠠᠭ᠎ᠠ᠎ᠨᠢ ᠭᠦᠨᠵᠡᠭᠡᠢ ᠪᠠᠢᠵᠤ᠂ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠵᠤ᠂ ᠮᠠᠷᠺᠰ᠎ᠤᠨ ᠦᠵᠡᠯ᠎ᠤᠨ ᠦᠨᠡᠨ ᠶᠣᠰᠣᠨ᠎ᠤ ᠬᠡᠷᠡᠯ ᠭᠢᠯᠪᠠᠭ᠎ᠠ ᠰᠠᠴᠤᠷᠠᠭ᠍ᠰᠠᠨ ᠬᠥᠲᠥᠯᠪᠦᠷᠢ᠎ᠶ᠋ᠢᠨ ᠴᠢᠨᠠᠷᠲᠠᠢ ᠲᠤᠯᠭᠤᠷ ᠪᠢᠴᠢᠭ ᠪᠣᠯᠤᠨ᠎ᠠ᠃ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠪᠣᠯ ᠣᠳᠣᠬᠠᠨ ᠪᠠ ᠬᠤᠢᠱᠢᠳᠠ᠎ᠶ᠋ᠢᠨ ᠬᠡᠰᠡᠭ ᠬᠤᠭᠤᠴᠠᠭᠠᠨ᠎ᠤ ᠴᠢᠬᠤᠯᠠ ᠤᠯᠤᠰ ᠲᠥᠷᠥ᠎ᠶ᠋ᠢᠨ ᠡᠭᠦᠷᠭᠡ ᠮᠥᠨ᠂ ᠲᠣᠰ ᠲᠣᠰ᠎ᠤᠨ ᠵᠠᠭᠤᠴᠢᠯᠠᠭᠤᠷ᠎ᠤᠨ ᠲᠠᠪᠴᠠᠩ᠎ᠤᠨ ᠠᠭᠤᠯᠭ᠎ᠠ᠎ᠶ᠋ᠢᠨ ᠳᠠᠪᠠᠭᠤᠯᠢᠭ᠂ ᠡᠬᠢ ᠪᠠᠶᠠᠯᠢᠭ᠎ᠤᠨ ᠳᠠᠪᠠᠭᠤᠯᠢᠭ᠂ ᠳᠠᠮᠵᠢᠭᠤᠯᠭ᠎ᠠ᠎ᠶ᠋ᠢᠨ ᠳᠠᠪᠠᠭᠤᠯᠢᠭ᠂ ᠠᠷᠭ᠎ᠠ ᠵᠠᠮ᠎ᠤᠨ ᠳᠠᠪᠠᠭᠤᠯᠢᠭ᠎ᠢᠶᠠᠨ ᠪᠠᠳᠠᠷᠠᠭᠤᠯᠵᠤ᠂ ᠬᠠᠷᠢᠯᠴᠠᠨ ᠬᠠᠮᠵᠢᠵᠤ᠂ ᠣᠯᠠᠨ ᠲᠦᠮᠡᠨ᠎ᠲᠠᠢ ᠣᠢᠷᠠᠲᠤᠭ᠍ᠰᠠᠨ᠂ ᠣᠯᠠᠨ ᠲᠦᠮᠡᠨ᠎ᠤ ᠰᠡᠳᠭᠢᠯ᠎ᠢ ᠨᠢᠭ᠍ᠲᠠᠷᠠᠭᠤᠯᠤᠭ᠍ᠰᠠᠨ᠂ ᠬᠠᠢᠷ᠎ᠠ ᠰᠡᠳᠭᠢᠯᠭᠡ᠎ᠲᠠᠢ ᠨᠢᠭᠡ ᠪᠦᠯᠦᠭ ᠰᠣᠳᠣᠨ ᠪᠦᠲᠦᠭᠡᠯ᠎ᠢ ᠪᠦᠲᠦᠬᠡᠵᠦ᠍᠂ ᠰᠦᠯᠵᠢᠶᠡᠨ᠎ᠤ ᠣᠷᠣᠨ ᠵᠠᠶ᠎ᠳᠤ ᠬᠥᠮᠦᠰ᠎ᠢ ᠤᠷᠮᠠᠱᠢᠭᠤᠯᠤᠨ ᠤᠷᠤᠭ᠍ᠰᠢᠯᠠᠭᠤᠯᠬᠤ ᠬᠠᠮᠤᠭ᠎ᠤᠨ ᠬᠦᠴᠦᠷᠬᠡᠭ ᠲᠠᠭᠤᠨ᠎ᠢ ᠬᠠᠮᠲᠤ᠎ᠪᠠᠷ ᠴᠢᠪᠬᠠᠳᠠᠬᠤ ᠬᠡᠷᠡᠭ᠌ᠲᠡᠶ᠃ ᠰᠦᠯᠵᠢᠶᠡᠨ᠎ᠤ ᠱᠢᠭᠤᠳ ᠨᠡᠪᠲᠡᠷᠡᠭᠦᠯᠭᠡ᠂ ᠰᠦᠯᠵᠢᠶᠡᠨ᠎ᠤ ᠬᠤᠷᠱᠢᠯ᠂ ᠰᠦᠯᠵᠢᠶᠡᠨ᠎ᠤ ᠠᠰᠠᠭᠤᠯᠲᠠ ᠬᠠᠷᠢᠭᠤᠯᠲᠠ ᠵᠡᠷᠭᠡ ᠤᠯᠠᠨ ᠵᠦᠢᠯ᠎ᠤᠨ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠠᠭᠤᠯᠭ᠎ᠠ᠎ᠶ᠋ᠢᠨ ᠷᠢᠳᠢ ᠱᠢᠳᠢ᠎ᠶ᠋ᠢ ᠢᠯᠡᠷᠡᠭᠦᠯᠵᠦ᠍᠂ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠠᠷᠭ᠎ᠠ ᠪᠠᠷᠢᠯ᠎ᠤᠨ ᠱᠢᠨ᠎ᠡ᠎ᠶ᠋ᠢ ᠡᠭᠦᠳᠬᠦ᠌᠎ᠶ᠋ᠢ ᠲᠤᠪᠤᠢᠯᠭᠠᠵᠤ᠂ ᠤᠯᠤᠰ ᠲᠦᠷᠦ᠎ᠶ᠋ᠢᠨ ᠲᠠᠯ᠎ᠠ᠎ᠪᠠᠷ ᠦᠨᠳᠤᠷᠴᠡ᠎ᠲᠠᠢ᠂ ᠦᠵᠡᠯ ᠰᠠᠨᠠᠭᠠᠨ᠎ᠤ ᠲᠠᠯ᠎ᠠ᠎ᠪᠠᠷ ᠭᠦᠨᠴᠡ᠎ᠲᠠᠢ᠂ ᠠᠭᠤᠯᠭ᠎ᠠ᠎ᠶ᠋ᠢᠨ ᠲᠠᠯ᠎ᠠ᠎ᠪᠠᠷ ᠵᠤᠵᠠᠭᠠᠴᠠ᠎ᠲᠠᠢ᠂ ᠢᠯᠡᠳᠭᠡᠬᠦ᠌ ᠲᠠᠯ᠎ᠠ᠎ᠪᠠᠷ ᠬᠠᠢᠷ᠎ᠠ ᠬᠠᠯᠠᠮᠵᠢ᠎ᠲᠠᠢ ᠨᠢᠭᠡ ᠪᠦᠯᠦᠭ ᠰᠠᠢᠨ ᠪᠦᠲᠦᠭᠡᠯ᠎ᠢ ᠪᠦᠳᠦᠬᠡᠵᠤ᠂ ᠵᠠᠭᠤᠨ ᠵᠢᠯ᠎ᠤᠨ ᠲᠤᠮᠤ ᠨᠠᠮ᠎ᠤᠨ ᠴᠤᠭ ᠵᠢᠪᠬᠤᠭ᠎ᠠ ᠪᠠᠳᠠᠷᠠᠭᠤᠨ ᠪᠠᠢᠲᠠᠯ᠎ᠢ ᠪᠢᠴᠢᠭ᠌ᠯᠡᠵᠦ᠍᠂ ᠠᠷᠠᠳ ᠤᠯᠠᠨ᠎ᠤ ᠤᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠵᠦ᠍᠂ ᠱᠢᠯᠢᠳᠡᠭ ᠠᠮᠵᠢᠯᠲᠠ᠎ᠪᠠᠷ᠎ᠢᠶᠠᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠬᠡᠷᠡᠭ᠌ᠲᠡᠢ ᠬᠡᠵᠦ᠍ ᠵᠢᠭᠠᠵᠦ᠍ ᠭᠠᠷᠭᠠᠪᠠ᠃ 

ᠬᠤᠷᠠᠯ᠎ᠤᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠵᠣᠬᠢᠶᠠᠨ ᠪᠠᠢᠭᠤᠯᠬᠤ ᠬᠡᠯᠲᠡᠰ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢ᠎ᠶ᠋ᠢᠨ ᠠᠯᠪᠠᠨ ᠬᠡᠷ ᠬᠠᠮᠲᠤ᠎ᠪᠠᠷ ᠵᠣᠬᠢᠶᠠᠨ ᠪᠠᠢᠭᠤᠯᠵᠤ ᠥᠷᠨᠢᠭᠦᠯᠦᠭ᠌ᠰᠡᠨ 《ᠠᠭᠤᠤ ᠶᠡᠭᠡ ᠤᠷᠢᠶᠠᠯᠠᠭ᠎ᠠ᠎ᠶ᠋ᠢ ᠴᠤᠤᠷᠢᠶᠠᠳᠤᠨ ᠳᠠᠭᠠᠵᠤ ᠠᠵᠢᠯ᠎ᠤᠨ ᠪᠠᠢᠷᠢ᠎ᠳᠠᠭᠠᠨ ᠰᠠᠭᠤᠷᠢᠯᠠᠨ ᠲᠡᠮᠡᠴᠡᠬᠦ᠌》 ᠰᠦᠯᠵᠢᠶᠡᠨ ᠳᠡᠭᠡᠷᠡᠬᠢ ᠬᠤᠷᠱᠢᠯ ᠠᠵᠢᠯᠯᠠᠭ᠎ᠠ ᠵᠢᠩᠬᠢᠨᠢ᠎ᠪᠠᠷ ᠡᠬᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠳᠤᠮᠳᠠᠳᠤ ᠤᠯᠤᠰ᠎ᠤᠨ ᠰᠣᠨᠢᠨ ᠮᠡᠳᠡᠭᠡᠨ᠎ᠤ ᠰᠦᠯᠵᠢᠶ᠎ᠡ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号