ᠡᠷᠬᠡᠪᠰᠢ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ᠎ᠶ᠋ᠢ ᠦᠷᠭᠦᠯᠵᠢᠯᠡᠨ ᠠᠬᠢᠭᠤᠯᠬᠤ ᠬᠡᠷᠡᠭ᠌ᠲᠡᠢ
2021-07-30 09:42:51
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

QQ图片20210730092601.png

 

ᠲᠡᠦᠬᠡ᠎ᠪᠠᠷ ᠲᠤᠯᠢ ᠪᠣᠯᠭᠠᠵᠤ᠂ ᠢᠷᠡᠭᠡᠳᠦᠢ᠎ᠶ᠋ᠢ ᠨᠡᠭᠡᠭᠡᠬᠦ᠌᠎ᠳᠤ᠂ ᠡᠷᠬᠡᠪᠰᠢ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ᠎ᠶ᠋ᠢ ᠦᠷᠭᠦᠯᠵᠢᠯᠡᠨ ᠠᠬᠢᠭᠤᠯᠬᠤ ᠬᠡᠷᠡᠭ᠌ᠲᠡᠢ᠃ ᠮᠠᠷᠺᠰ᠎ᠤᠨ ᠦᠵᠡᠯ ᠪᠣᠯ ᠮᠠᠨ᠎ᠤ ᠨᠠᠮ ᠪᠠᠢᠭᠤᠯᠬᠤ ᠤᠯᠤᠰ ᠪᠠᠢᠭᠤᠯᠬᠤ᠎ᠶ᠋ᠢᠨ ᠦᠨᠳᠦᠰᠦᠨ ᠵᠢᠯᠣᠭᠤᠳᠭᠤ ᠦᠵᠡᠯ ᠰᠠᠨᠠᠭ᠎ᠠ ᠮᠥᠨ᠂ ᠮᠠᠨ᠎ᠤ ᠨᠠᠮ᠎ᠤᠨ ᠰᠦᠭ ᠰᠦᠨᠡᠰᠦ ᠪᠠ ᠲᠤᠭ ᠲᠡᠮᠳᠡᠭ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠮᠠᠷᠺᠰ᠎ᠤᠨ ᠦᠵᠡᠯ᠎ᠤᠨ ᠦᠨᠳᠦᠰᠦᠨ ᠶᠣᠰᠣ᠎ᠶ᠋ᠢ ᠪᠠᠷᠢᠮᠲᠠᠯᠠᠵᠤ᠂ ᠦᠨᠡᠨ᠎ᠠᠴᠠ ᠵᠥᠪ᠎ᠢ ᠡᠷᠢᠬᠦ᠌᠎ᠶ᠋ᠢ ᠪᠠᠷᠢᠮᠲᠠᠯᠠᠨ᠂ ᠳᠤᠮᠳᠠᠳᠤ ᠤᠯᠤᠰ᠎ᠤᠨ ᠪᠣᠳᠠᠲᠤ ᠪᠠᠢᠳᠠᠯ᠎ᠠᠴᠠ ᠡᠭᠦᠰᠴᠦ᠍᠂ ᠴᠠᠭ ᠦᠶ᠎ᠡ᠎ᠶ᠋ᠢᠨ ᠶᠡᠭᠡ ᠬᠠᠨᠳᠤᠰᠢ᠎ᠶ᠋ᠢ ᠨᠡᠪᠲᠡ ᠠᠵᠢᠵᠤ᠂ ᠲᠡᠦᠬᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠵᠦ᠍᠂ ᠱᠢᠷᠭᠠᠭᠤ ᠬᠠᠲᠠᠭᠤᠵᠢᠯᠲᠠᠢ᠎ᠪᠠᠷ ᠬᠠᠢᠨ ᠰᠦᠪᠡᠭ᠌ᠴᠢᠯᠡᠵᠦ᠍᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ᠌᠎ᠶ᠋ᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠢ ᠵᠢᠯᠣᠭᠤᠳᠤᠨ ᠠᠭᠤᠤ ᠶᠡᠭᠡ ᠨᠡᠢᠭᠡᠮ᠎ᠤᠨ ᠬᠤᠪᠢᠰᠭᠠᠯ᠎ᠢ ᠲᠠᠰᠤᠷᠠᠯᠲᠠ ᠦᠭᠡᠢ ᠠᠬᠢᠭᠤᠯᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠴᠢᠳᠠᠬᠤ ᠪᠤᠢ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠶᠠᠭᠠᠬᠢᠭᠠᠳ ᠰᠠᠢᠨ ᠪᠠᠢᠬᠤ ᠪᠤᠢ ᠭᠡᠪᠡᠯ ᠡᠴᠦᠰ᠎ᠤᠨ ᠡᠴᠦᠰ᠎ᠲᠡᠭᠡᠨ ᠮᠠᠷᠺᠰ᠎ᠤᠨ ᠦᠵᠡᠯ ᠰᠠᠢᠨ ᠪᠠᠢᠭ᠍ᠰᠠᠨ᠎ᠠᠴᠠ ᠪᠣᠯᠤᠭ᠍ᠰᠠᠨ ᠶᠤᠮ!

ᠱᠢᠨ᠎ᠡ ᠠᠶᠠᠨ᠎ᠳᠠᠭᠠᠨ᠂ ᠪᠢᠳᠠ ᠡᠷᠬᠡᠪᠰᠢ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠱᠢᠶᠤᠤ ᠫᠢᠩ᠎ᠤᠨ ᠤᠨᠤᠯ᠂ 《ᠭᠤᠷᠪᠠ᠎ᠶ᠋ᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠮᠠᠷᠺᠰ᠎ᠤᠨ ᠦᠵᠡᠯ᠎ᠤᠨ ᠦᠨᠳᠦᠰᠦᠨ ᠶᠣᠰᠣ᠎ᠶ᠋ᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠬᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠮᠠᠷᠺᠰ᠎ᠤᠨ ᠦᠵᠡᠯ᠎ᠢᠶᠠᠷ ᠴᠠᠭ ᠦᠶ᠎ᠡ᠎ᠶ᠋ᠢ ᠠᠵᠢᠠᠠᠯᠠᠵᠦ᠍᠂ ᠴᠠᠭ ᠦᠶ᠎ᠡ᠎ᠶ᠋ᠢ ᠡᠵᠡᠮᠳᠡᠵᠦ᠍᠂ ᠴᠠᠭ ᠦᠶ᠎ᠡ᠎ᠶ᠋ᠢ ᠬᠦᠳᠦᠯᠦᠨ ᠳᠠᠭᠠᠭᠤᠯᠵᠤ᠂ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠂ 21 ᠳ᠋ᠤᠭᠡᠷ ᠵᠠᠭᠤᠨ᠎ᠤ ᠮᠠᠷᠺᠰ᠎ᠤᠨ ᠦᠵᠡᠯ᠎ᠢ ᠦᠷᠭᠦᠯᠵᠢᠯᠡᠨ ᠬᠥᠭ᠌ᠵᠢᠭᠦᠯᠬᠦ᠌ ᠬᠡᠷᠡᠭ᠌ᠲᠡᠢ!

— ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠶᠠᠷᠢᠶ᠎ᠠ᠎ᠠᠴᠠ




【 ᠲᠤᠰᠭᠠᠶ ᠮᠡᠷᠭᠡᠵᠢᠯᠲᠡᠨ᠎ᠤ ᠲᠠᠢᠯᠤᠮᠵᠢ 】

 

ᠮᠠᠷᠺᠰ᠎ᠤᠨ ᠦᠵᠡᠯ᠎ᠢᠶᠠᠷ ᠴᠠᠭ ᠦᠶ᠎ᠡ᠎ᠶ᠋ᠢᠨ ᠰᠡᠳᠦᠪ᠎ᠢ ᠬᠠᠷᠢᠭᠤᠯᠤᠨ᠎ᠠ

                    ᠮᠠ ᠬᠦᠶ ᠶᠢᠩ

ᠥᠩᠭᠡᠷᠡᠭ᠌ᠰᠡᠨ ᠵᠠᠭᠤᠨ ᠵᠢᠯ᠎ᠳᠤ᠂ ᠮᠠᠷᠺᠰ᠎ᠤᠨ ᠦᠵᠡᠯ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠦᠭ ᠰᠦᠨᠡᠰᠦ ᠪᠠ ᠲᠤᠭ ᠲᠡᠮᠳᠡᠭ ᠪᠣᠯᠤᠭ᠍ᠰᠠᠨ᠎ᠤ ᠬᠤᠪᠢ᠎ᠳᠤ ᠳᠤᠮᠳᠠᠳᠤ ᠤᠯᠤᠰ᠎ᠤᠨ ᠬᠤᠪᠢ ᠵᠠᠶᠠᠭ᠎ᠠ᠎ᠶ᠋ᠢ ᠭᠦᠨᠵᠡᠭᠡᠢ ᠬᠤᠪᠢᠷᠠᠭᠤᠯᠵᠠᠢ᠃ ᠡᠭᠦᠨ᠎ᠤ ᠵᠡᠷᠭᠡ᠎ᠪᠠᠷ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠰᠠ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠢ ᠨᠢᠭ᠍ᠲᠠ ᠤᠶᠠᠯᠳᠤᠭᠤᠯᠤᠨ᠂ ᠮᠠᠷᠺᠰ᠎ᠤᠨ ᠦᠵᠡᠯ᠎ᠢ ᠪᠦᠲᠦᠭᠡᠯᠴᠢ᠎ᠪᠠᠷ ᠬᠥᠭ᠌ᠵᠢᠭᠦᠯᠪᠡ᠃

ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ᠎ᠶ᠋ᠢ ᠠᠬᠢᠭᠤᠯᠬᠤ ᠪᠣᠯ ᠨᠠᠮ᠎ᠤᠨ ᠵᠢᠯᠣᠭᠤᠳᠭᠤ ᠦᠵᠡᠯ ᠰᠠᠨᠠᠭ᠎ᠠ᠎ᠶ᠋ᠢ ᠴᠠᠭ ᠦᠶ᠎ᠡ᠎ᠲᠠᠢ ᠵᠡᠷᠭᠡ᠎ᠪᠠᠷ ᠤᠷᠤᠭ᠍ᠰᠢᠯᠠᠭᠤᠯᠬᠤ᠎ᠶ᠋ᠢᠨ ᠦᠨᠳᠦᠰᠦᠨ ᠱᠠᠭᠠᠷᠳᠠᠯᠭ᠎ᠠ ᠮᠥᠨ᠃ ᠵᠠᠭᠤᠨ ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠤᠳᠠᠭ᠎ᠠ ᠳᠠᠷᠠᠭᠠᠯᠠᠨ ᠢᠯᠠᠯᠲᠠ ᠣᠯᠵᠤ ᠴᠢᠳᠠᠭ᠍ᠰᠠᠨ᠎ᠤ ᠦᠨᠳᠦᠰᠦᠨ ᠱᠢᠯᠲᠠᠭᠠᠨ᠎ᠨᠢ ᠮᠠᠨ᠎ᠤ ᠨᠠᠮ ᠢᠮᠠᠭ᠍ᠲᠠ ᠴᠠᠭ ᠦᠶ᠎ᠡ᠎ᠲᠠᠢ ᠵᠡᠷᠭᠡ᠎ᠪᠠᠷ ᠤᠷᠤᠭ᠍ᠰᠢᠯᠠᠨ᠂ ᠮᠠᠷᠺᠰ᠎ᠤᠨ ᠦᠵᠡᠯ᠎ᠢ ᠪᠠᠷᠢᠮᠲᠠᠯᠠᠨ ᠬᠥᠭ᠌ᠵᠢᠭᠦᠯᠵᠦ᠍᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ᠎ᠶ᠋ᠢ ᠲᠠᠰᠤᠷᠠᠯᠳᠠ ᠦᠭᠡᠢ ᠠᠬᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠎ᠶ᠋ᠢᠨ ᠤᠷᠤᠰᠭᠠᠯ ᠪᠣᠯᠤᠨ ᠴᠠᠭ ᠦᠶ᠎ᠡ᠎ᠶ᠋ᠢᠨ ᠬᠠᠨᠳᠤᠰᠢ᠎ᠳᠤ ᠵᠣᠬᠢᠴᠠᠬᠤ ᠬᠡᠪ ᠴᠢᠨᠠᠷ᠎ᠢ ᠢᠯᠡᠷᠡᠭᠦᠯᠦᠭ᠌ᠰᠡᠨ᠎ᠳᠤ ᠪᠠᠢᠨ᠎ᠠ᠃

ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ᠎ᠶ᠋ᠢ ᠠᠬᠢᠭᠤᠯᠬᠤ ᠪᠣᠯ ᠱᠢᠨ᠎ᠡ ᠴᠠᠭ ᠦᠶ᠎ᠡ᠎ᠳᠤ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠳᠠᠬᠢ ᠨᠠᠮ᠎ᠤᠨ ᠤᠳᠤᠷᠢᠳᠭᠤ ᠡᠷᠬᠡ᠎ᠶ᠋ᠢ ᠪᠠᠬᠢᠵᠢᠭᠦᠯᠦᠨ ᠴᠢᠩᠭᠠᠳᠭᠠᠬᠤ᠎ᠶ᠋ᠢᠨ ᠬᠡᠷᠡᠭ᠌ᠴᠡᠭᠡ ᠮᠥᠨ᠃ ᠣᠳᠣᠬᠠᠨ᠎ᠳᠤ᠂ ᠤᠯᠠᠨ ᠡᠱᠢᠲᠦ ᠤᠯᠠᠨ ᠶᠠᠩᠵᠤ᠎ᠶ᠋ᠢᠨ ᠨᠡᠢᠭᠡᠮ᠎ᠤᠨ ᠦᠵᠡᠯ ᠰᠠᠨᠠᠭᠠᠨ᠎ᠤ ᠤᠷᠤᠰᠭᠠᠯ᠂ ᠤᠯᠠᠨ ᠲᠠᠯᠠᠲᠤ ᠤᠯᠠᠨ ᠶᠠᠩᠵᠤ᠎ᠶ᠋ᠢᠨ ᠳᠠᠮᠵᠢᠭᠤᠯᠭ᠎ᠠ᠎ᠶ᠋ᠢᠨ ᠠᠷᠭ᠎ᠠ ᠬᠡᠯᠪᠡᠷᠢ ᠵᠢᠴᠢ ᠡᠯ᠎ᠡ ᠵᠦᠢᠯ᠎ᠤᠨ ᠳᠠᠢᠰᠤᠩᠨᠠᠭ᠍ᠴᠢ ᠬᠦᠴᠦᠨ᠎ᠤ ᠬᠤᠷᠢᠬ᠍ᠯᠠᠯᠲᠠ ᠪᠠ ᠨᠡᠪᠴᠢᠯᠲᠡ᠎ᠨᠢ ᠴᠥᠮ ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠦᠷᠢᠶᠡᠨ᠎ᠳᠠᠬᠢ ᠮᠠᠷᠺᠰ᠎ᠤᠨ ᠦᠵᠡᠯ᠎ᠤᠨ ᠵᠢᠯᠣᠭᠤᠳᠭᠤ ᠪᠠᠢᠷᠢ ᠰᠠᠭᠤᠷᠢ᠎ᠳᠤ ᠥᠷᠢᠰᠥᠯᠳᠦᠭᠡᠨ ᠠᠪᠴᠢᠷᠠᠭ᠍ᠰᠠᠨ ᠪᠠᠢᠨ᠎ᠠ᠃ ᠡᠢᠮᠦᠷᠬᠦᠦ ᠪᠠᠢᠳᠠᠯ ᠳᠣᠣᠷ᠎ᠠ᠂ ᠭᠠᠭ᠍ᠴᠠ ᠬᠦ᠌ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ᠎ᠶ᠋ᠢ ᠦᠷᠭᠦᠯᠵᠢᠯᠡᠨ ᠠᠬᠢᠭᠤᠯᠪᠠᠯ ᠰᠠᠶᠢ ᠱᠢᠨ᠎ᠡ ᠴᠠᠭ ᠦᠶ᠎ᠡ᠎ᠶ᠋ᠢᠨ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠳᠠᠬᠢ ᠨᠠᠮ᠎ᠤᠨ ᠤᠳᠤᠷᠢᠳᠭᠤ ᠡᠷᠬᠡ᠎ᠶ᠋ᠢ ᠪᠠᠬᠢᠵᠢᠭᠦᠯᠦᠨ ᠴᠢᠩᠭᠠᠳᠭᠠᠵᠤ᠂ ᠮᠠᠷᠺᠰ᠎ᠤᠨ ᠦᠵᠡᠯ᠎ᠤᠨ ᠬᠠᠮᠤᠭ᠎ᠤᠨ ᠱᠢᠨ᠎ᠡ ᠤᠨᠤᠯ᠎ᠤᠨ ᠦᠷ᠎ᠡ ᠪᠦᠲᠦᠭᠡᠯ᠎ᠢ ᠲᠠᠷᠢᠬᠢᠨ᠎ᠳᠤᠨᠢ ᠬᠠᠳᠠᠩᠱᠢᠭᠤᠯᠵᠤ᠂ ᠡᠭᠦᠨ᠎ᠤ ᠤᠯᠠᠮ᠎ᠢᠶᠠᠷ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠪᠦᠯᠬᠦᠮᠳᠡᠨ ᠲᠡᠮᠡᠴᠡᠬᠦ᠌ ᠬᠠᠮᠲᠤ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠪᠠᠬᠢᠵᠢᠭᠦᠯᠵᠦ᠍ ᠴᠢᠳᠠᠨ᠎ᠠ᠃

ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ᠎ᠶ᠋ᠢ ᠠᠬᠢᠭᠤᠯᠬᠤ ᠪᠣᠯ ᠨᠡᠢᠭᠡᠮ ᠵᠢᠷᠤᠮᠳᠦ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ ᠪᠠ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌᠎ᠶ᠋ᠢᠨ ᠬᠡᠷᠡᠭ᠌ᠴᠡᠭᠡ ᠮᠥᠨ᠃ ᠱᠢᠨ᠎ᠡ ᠴᠠᠭ ᠦᠶ᠎ᠡ᠎ᠶ᠋ᠢᠨ ᠮᠠᠨ᠎ᠤ ᠤᠯᠤᠰ᠎ᠤᠨ ᠨᠡᠢᠭᠡᠮ᠎ᠤᠨ ᠬᠥᠭ᠌ᠵᠢᠯᠲᠡ᠎ᠶ᠋ᠢᠨ ᠠᠤᠭ᠎ᠠ ᠵᠢᠷᠤᠭ ᠲᠥᠯᠥᠪᠯᠡᠭᠡ ᠪᠣᠯ 2035 ᠤᠨ ᠪᠣᠯᠬᠤ᠎ᠳᠤ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠵᠦ᠍᠂ 2050 ᠤᠨ ᠪᠣᠯᠬᠤ᠎ᠳᠤ ᠨᠡᠢᠭᠡᠮ ᠵᠢᠷᠤᠮᠳᠦ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠤᠨ᠎ᠠ᠂ ᠡᠭᠦᠨ᠎ᠳᠤ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭ᠍ᠰᠠᠨ ᠬᠠᠮᠤᠭ᠎ᠤᠨ ᠱᠢᠨ᠎ᠡ ᠤᠨᠤᠯ᠎ᠤᠨ ᠦᠷ᠎ᠡ ᠪᠦᠲᠦᠭᠡᠯ᠎ᠢᠶᠠᠷ ᠠᠵᠢᠯᠯᠠᠭᠠᠨ᠎ᠤ ᠵᠦᠭ᠌ᠯᠡᠭᠦᠷ ᠪᠣᠯᠭᠠᠬᠤ ᠦᠭᠡᠢ ᠪᠣᠯ ᠳᠤᠮᠳᠠᠳᠤ ᠤᠯᠤᠰ᠎ᠤᠨ ᠵᠠᠮ ᠴᠢᠭ᠌ᠯᠡᠯ᠎ᠢᠶᠠᠨ ᠠᠯᠳᠠᠵᠤ᠂ ᠪᠤᠷᠤᠭᠤ ᠵᠠᠮ᠎ᠳᠤ ᠣᠷᠣᠬᠤ ᠪᠣᠯᠤᠨ᠎ᠠ᠃

ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ᠎ᠳᠤ ᠢᠮᠠᠭ᠍ᠲᠠ ᠴᠠᠭ ᠦᠶ᠎ᠡ᠎ᠶ᠋ᠢᠨ ᠡᠮᠦᠨ᠎ᠡ ᠡᠩᠨᠡᠭᠡᠨ᠎ᠳᠤ ᠵᠣᠭ᠍ᠰᠣᠵᠤ᠂ ᠴᠠᠭ ᠦᠶ᠎ᠡ᠎ᠪᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠴᠠᠭ ᠦᠶ᠎ᠡ᠎ᠶ᠋ᠢᠨ ᠴᠢᠬᠤᠯᠠ ᠰᠡᠳᠦᠪ᠎ᠢ ᠬᠠᠷᠢᠭᠤᠯᠵᠤ᠂ ᠮᠠᠷᠺᠰ᠎ᠤᠨ ᠦᠵᠡᠯ᠎ᠢᠶᠠᠷ ᠴᠠᠭ ᠦᠶ᠎ᠡ᠎ᠶ᠋ᠢ ᠠᠵᠢᠬ᠍ᠯᠠᠨ᠂ ᠴᠠᠭ ᠦᠶ᠎ᠡ᠎ᠶ᠋ᠢ ᠡᠵᠡᠮᠳᠡᠵᠦ᠍᠂ ᠴᠠᠭ ᠦᠶ᠎ᠡ᠎ᠶ᠋ᠢ ᠳᠠᠭᠠᠭᠤᠯᠬᠤ ᠬᠡᠷᠡᠭ᠌ᠲᠡᠢ᠃ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠠᠭᠤᠤ ᠶᠡᠭᠡ ᠦᠢᠯᠡᠳᠦᠯᠭᠡ ᠪᠣᠯ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ᠎ᠶ᠋ᠢ ᠦᠷᠭᠦᠯᠵᠢᠯᠡᠨ ᠠᠬᠢᠭᠤᠯᠬᠤ᠎ᠶ᠋ᠢᠨ ᠬᠦᠴᠦᠷᠬᠡᠭ ᠰᠠᠭᠤᠷᠢ ᠮᠥᠨ᠃ ᠮᠠᠷᠺᠰ᠎ᠤᠨ ᠦᠵᠡᠯ᠎ᠨᠢ ᠲᠦᠭᠡᠮᠡᠯ ᠦᠨᠡᠨ ᠶᠣᠰᠣ ᠪᠣᠯᠤᠭ᠍ᠰᠠᠨ᠎ᠤ ᠬᠤᠪᠢ᠎ᠳᠤ᠂ ᠲᠡᠭᠦᠨ᠎ᠤ ᠦᠨᠡᠨ ᠶᠣᠰᠣᠨ᠎ᠤ ᠬᠦᠴᠦᠨ᠎ᠢ ᠪᠠᠳᠠᠷᠠᠭᠤᠯᠬᠤ᠎ᠳᠤ ᠡᠷᠬᠡᠪᠰᠢ ᠪᠣᠳᠠᠲᠤ ᠦᠢᠯᠡᠳᠦᠯᠭᠡ᠎ᠳᠤ ᠦᠨᠳᠦᠰᠦᠯᠡᠵᠦ᠍᠂ ᠦᠢᠯᠡᠳᠦᠯᠭᠡ ᠪᠠ ᠠᠰᠠᠭᠤᠳᠠᠯ᠎ᠢᠶᠠᠷ ᠤᠳᠤᠷᠢᠳᠤᠮᠵᠢ ᠪᠣᠯᠭᠠᠵᠤ᠂ ᠠᠷᠠᠳ ᠲᠦᠮᠡᠨ᠎ᠢᠶᠠᠷ ᠭᠤᠣᠯ ᠪᠣᠯᠭᠠᠬᠤ ᠮᠠᠷᠺᠰ᠎ᠤᠨ ᠦᠵᠡᠯ᠎ᠤᠨ ᠦᠨᠳᠦᠰᠦᠨ ᠵᠣᠭ᠍ᠰᠣᠯᠲᠠ᠎ᠶ᠋ᠢ ᠪᠠᠷᠢᠮᠲᠠᠯᠠᠵᠤ᠂ ᠪᠣᠳᠠᠰᠴᠢ ᠬᠤᠪᠢᠰᠤᠩᠭᠤᠢ ᠠᠷᠭ᠎ᠠ ᠪᠠ ᠲᠡᠦᠬᠡ᠎ᠶ᠋ᠢᠨ ᠪᠣᠳᠠᠰᠴᠢ ᠦᠵᠡᠯᠲᠡ᠎ᠶ᠋ᠢ ᠪᠠᠷᠢᠮᠲᠠᠯᠠᠵᠤ᠂ ᠡᠪ ᠬᠠᠮᠲᠤ ᠨᠠᠮ᠎ᠤᠨ ᠲᠦᠷᠦ᠍ ᠪᠠᠷᠢᠬᠤ ᠵᠢᠮ᠎ᠡ ᠶᠣᠰᠣ᠂ ᠨᠡᠢᠭᠡᠮ ᠵᠢᠷᠤᠮ᠎ᠤᠨ ᠪᠦᠳᠦᠭᠡᠨ ᠪᠠᠢᠭᠤᠯᠤᠯᠲᠠ᠎ᠶ᠋ᠢᠨ ᠵᠢᠮ᠎ᠡ ᠶᠣᠰᠣ᠂ ᠬᠥᠮᠦᠨ ᠲᠥᠷᠥᠯᠬᠢᠲᠡᠨ᠎ᠤ ᠨᠡᠢᠭᠡᠮ᠎ᠤᠨ ᠬᠥᠭ᠌ᠵᠢᠯᠲᠡ᠎ᠶ᠋ᠢᠨ ᠵᠢᠮ᠎ᠡ ᠶᠣᠰᠣᠨ᠎ᠤ ᠲᠤᠬᠠᠢ ᠲᠠᠨᠢᠯᠲᠠ᠎ᠪᠠᠨ ᠭᠦᠨᠵᠡᠭᠡᠢᠷᠡᠭᠦᠯᠵᠦ᠍᠂ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠂ 21 ᠳ᠋ᠤᠭᠡᠷ ᠵᠠᠭᠤᠨ᠎ᠤ ᠮᠠᠷᠺᠰ᠎ᠤᠨ ᠦᠵᠡᠯ᠎ᠢ ᠦᠷᠭᠦᠯᠵᠢᠯᠡᠨ ᠬᠥᠭ᠌ᠵᠢᠭᠦᠯᠬᠦ᠌ ᠬᠡᠷᠡᠭ᠌ᠲᠡᠢ᠃

ᠠᠷᠠᠳ ᠤᠯᠠᠨ ᠪᠣᠯ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ᠎ᠶ᠋ᠢ ᠦᠷᠭᠦᠯᠵᠢᠯᠡᠨ ᠠᠬᠢᠭᠤᠯᠬᠤ ᠭᠤᠤᠯ ᠬᠦᠴᠦᠨ ᠮᠥᠨ᠃ ᠨᠢᠭᠡ ᠲᠠᠯ᠎ᠠ᠎ᠪᠠᠷ᠂ ᠠᠷᠠᠳ ᠲᠦᠮᠡᠨ ᠪᠣᠯ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠢᠬᠤᠯᠠ ᠭᠤᠣᠯ ᠴᠣᠭ᠍ᠴᠠ ᠮᠥᠨ᠂ ᠭᠠᠭ᠍ᠴᠠ ᠬᠦ᠌ ᠠᠷᠠᠳ ᠤᠯᠠᠨ᠎ᠤ ᠭᠤᠤᠯ ᠴᠣᠭ᠍ᠴᠠ᠎ᠶ᠋ᠢᠨ ᠪᠠᠢᠷᠢ ᠰᠠᠭᠤᠷᠢ ᠪᠠ ᠤᠤᠭᠠᠯ ᠡᠬᠦᠳᠦᠯᠳᠠ᠎ᠶ᠋ᠢᠨ ᠵᠣᠷᠢᠭ ᠰᠠᠨᠠᠭ᠎ᠠ᠎ᠶ᠋ᠢ ᠬᠦᠨᠳᠦᠳᠭᠡᠵᠦ᠍᠂ ᠠᠭᠤᠤ ᠶᠡᠭᠡ ᠦᠢᠯᠡᠳᠦᠯᠭᠡ᠎ᠶ᠋ᠢᠨ ᠳᠤᠮᠳᠠᠬᠢ ᠠᠷᠠᠳ ᠤᠯᠠᠨ᠎ᠤ ᠤᠶᠤᠨ ᠤᠬᠠᠭᠠᠨ ᠪᠠ ᠲᠤᠷᠱᠢᠯᠭ᠎ᠠ᠎ᠶ᠋ᠢ ᠱᠢᠩᠭᠡᠭᠡᠨ ᠠᠪᠴᠤ᠌ ᠪᠣᠯᠪᠠᠰᠤᠷᠠᠭᠤᠯᠪᠠᠯ ᠰᠠᠶᠢ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ᠎ᠶ᠋ᠢ ᠤᠯᠠᠮ ᠨᠢᠭᠡ ᠠᠯᠬᠤᠮ ᠠᠬᠢᠭᠤᠯᠵᠤ ᠴᠢᠳᠠᠨ᠎ᠠ᠃ ᠨᠦᠬᠦᠭᠡ ᠲᠠᠯ᠎ᠠ᠎ᠪᠠᠷ᠂ ᠳᠤᠮᠳᠠᠳᠤ ᠤᠯᠤᠰᠴᠢᠯᠠᠭ᠍ᠰᠠᠨ ᠮᠠᠷᠺᠰ᠎ᠤᠨ ᠦᠵᠡᠯ᠎ᠢᠶᠠᠷ ᠠᠷᠠᠳ ᠤᠯᠠᠨ᠎ᠢ ᠵᠡᠪᠰᠡᠭ᠌ᠯᠡᠵᠦ᠍᠂ ᠠᠷᠠᠳ ᠤᠯᠠᠨ᠎ᠳᠤ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠎ᠤᠨ ᠵᠣᠭ᠍ᠰᠣᠯᠲᠠ᠂ ᠦᠵᠡᠯᠲᠡ ᠪᠠ ᠠᠷᠭ᠎ᠠ᠎ᠶ᠋ᠢ ᠦᠨᠡᠨ ᠬᠦ᠌ ᠡᠵᠡᠮᠱᠢᠭᠦᠯᠪᠡᠯ ᠰᠠᠶᠢ ᠠᠷᠠᠳ ᠤᠯᠠᠨ᠎ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ᠎ᠢ ᠭᠦᠢᠴᠡᠳ ᠳᠠᠢᠴᠢᠯᠠᠵᠤ᠂ ᠠᠷᠠᠳ ᠤᠯᠠᠨ᠎ᠢ ᠬᠠᠮᠤᠭ᠎ᠤᠨ ᠥᠷᠭᠡᠨ ᠳᠡᠯᠭᠡᠷᠡᠩᠭᠦᠢ ᠳᠠᠢᠴᠢᠯᠠᠨ ᠵᠣᠬᠢᠶᠠᠨ ᠪᠠᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠠᠭᠤᠤ ᠶᠡᠭᠡ ᠦᠢᠯᠡᠰ᠎ᠲᠤ ᠣᠷᠣᠯᠴᠠᠭᠤᠯᠵᠤ ᠴᠢᠳᠠᠨ᠎ᠠ᠃

(ᠵᠣᠬᠢᠶᠠᠭ᠍ᠴᠢ᠎ᠶ᠋ᠢᠨ ᠨᠢᠭᠡᠴᠢ᠄ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠭᠦᠨ ᠤᠬᠠᠭᠠᠨ᠎ᠤ ᠵᠢᠭᠠᠬᠤ᠎ᠶ᠋ᠢ ᠰᠤᠳᠤᠯᠬᠤ ᠬᠡᠯᠲᠡᠰ)




     【 ᠠᠷᠠᠳ ᠤᠯᠠᠨ᠎ᠤ ᠰᠡᠳᠭᠢᠯ᠎ᠤᠨ ᠦᠬᠡ 】


ᠮᠠᠷᠺᠰ᠎ᠤᠨ ᠦᠵᠡᠯ᠎ᠤᠨ ᠡᠷᠡᠰ ᠪᠠᠲᠤ ᠱᠢᠲᠦᠭ᠌ᠴᠢ ᠪᠣᠯᠰᠤᠭᠠᠢ

             ᠪᠠᠶ ᠵᠢᠶᠠᠩ ᠬᠤᠩ  ᠬᠠᠯᠢᠴᠢᠨ

 《ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠴᠢᠳᠠᠬᠤ ᠪᠤᠢ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠶᠠᠭᠠᠬᠢᠭᠠᠳ ᠰᠠᠢᠨ ᠪᠠᠢᠬᠤ ᠪᠤᠢ ᠭᠡᠪᠡᠯ ᠡᠴᠦᠰ᠎ᠤᠨ ᠡᠴᠦᠰ᠎ᠲᠡᠭᠡᠨ ᠮᠠᠷᠺᠰ᠎ᠤᠨ ᠦᠵᠡᠯ ᠰᠠᠢᠨ ᠪᠠᠢᠭ᠍ᠰᠠᠨ᠎ᠠᠴᠠ ᠪᠣᠯᠤᠭ᠍ᠰᠠᠨ ᠶᠤᠮ!》 ᠭᠡᠰᠡᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠶᠠᠷᠢᠶ᠎ᠠ᠎ᠶ᠋ᠢ ᠰᠣᠨᠣᠰᠤᠭᠠᠳ ᠮᠠᠷᠺᠰ᠎ᠤᠨ ᠦᠵᠡᠯ᠎ᠤᠨ ᠡᠷᠳᠡᠮᠲᠡᠳ ᠴᠥᠮ ᠣᠷᠭᠢᠯᠤᠮ᠎ᠠ ᠬᠠᠯᠠᠭᠤᠨ ᠰᠡᠳᠭᠢᠯᠭᠡ᠎ᠪᠠᠷ ᠮᠠᠷᠺᠰ᠎ᠤᠨ ᠦᠵᠡᠯ᠎ᠤᠨ ᠡᠷᠡᠰ ᠪᠠᠲᠤ ᠱᠢᠲᠦᠭ᠌ᠴᠢ᠂ ᠦᠨᠡᠨᠴᠢ ᠱᠢᠳᠤᠷᠭᠤ ᠦᠢᠯᠡᠳᠦᠯᠭᠡᠵᠢᠭᠦᠯᠦᠭ᠌ᠴᠢ ᠪᠠ ᠬᠦᠴᠦᠲᠡᠢ ᠤᠯᠠᠮᠵᠢᠯᠠᠭ᠍ᠴᠢ ᠪᠣᠯᠤᠨ᠎ᠠ ᠭᠡᠵᠦ᠍ ᠢᠯᠡᠳᠭᠡᠵᠡᠭᠡᠪᠡ᠃

ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠤᠯᠤᠰ ᠲᠦᠷᠦ᠎ᠶ᠋ᠢᠨ ᠤᠬᠠᠭᠠᠨ᠎ᠤ ᠵᠢᠭᠠᠬᠤ᠎ᠶ᠋ᠢ ᠰᠤᠳᠤᠯᠬᠤ ᠬᠡᠯᠲᠡᠰ᠎ᠤᠨ ᠫᠷᠤᠹᠧᠰᠰᠤᠷ ᠵᠤᠸᠠᠩ ᠴᠢᠶᠠᠨ ᠶᠢᠦ᠄ 《ᠮᠠᠷᠺᠰ᠎ᠤᠨ ᠦᠵᠡᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠡᠢᠭᠡᠮ᠎ᠤᠨ ᠦᠢᠯᠡᠳᠦᠯᠭᠡ᠎ᠳᠤ ᠣᠷᠣᠯᠴᠠᠵᠤ᠂ ᠪᠤᠰᠤᠳᠴᠢ ᠶᠢᠷᠲᠢᠨᠴᠦ᠎ᠶ᠋ᠢ ᠥᠭᠡᠷᠡᠴᠢᠯᠡᠬᠦ᠌ ᠦᠵᠡᠯ ᠰᠠᠨᠠᠭᠠᠨ᠎ᠤ ᠵᠦᠭ᠌ᠯᠡᠭᠦᠷ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠲᠩᠷᠢ ᠭᠠᠵᠠᠷ᠎ᠢ ᠳᠣᠩᠰᠣᠯᠭᠠᠭ᠍ᠰᠠᠨ ᠠᠭᠤᠤ ᠶᠡᠭᠡ ᠭᠠᠢᠬᠠᠮᠱᠢᠭ᠎ᠢ ᠡᠭᠦᠳᠴᠦ᠍ ᠴᠢᠳᠠᠬ᠍ᠰᠠᠨ᠎ᠨᠢ ᠮᠠᠷᠺᠰ᠎ᠤᠨ ᠦᠵᠡᠯ ᠦᠨᠡᠨ ᠶᠣᠰᠣᠴᠢ ᠴᠢᠨᠠᠷ ᠪᠣᠯᠤᠨ ᠱᠢᠨᠵᠢᠯᠡᠬᠦ᠌ ᠤᠬᠠᠭᠠᠨᠴᠢ ᠴᠢᠨᠠᠷ᠎ᠢᠶᠠᠷ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠳᠤ ᠵᠠᠮ ᠨᠡᠭᠡᠭᠡᠵᠦ᠍ ᠥᠭ᠌ᠭᠦᠭ᠌ᠰᠡᠨ᠎ᠳᠤ ᠪᠠᠢᠨ᠎ᠠ᠃ ᠳᠤᠮᠳᠠᠳᠤ᠎ᠶ᠋ᠢᠨ ᠦᠨᠳᠦᠰᠦᠲᠡᠨ ᠪᠣᠰᠴᠤ᠌ ᠵᠣᠭ᠍ᠰᠣᠭ᠍ᠰᠠᠨ᠂ ᠪᠠᠶᠠᠵᠢᠭ᠍ᠰᠠᠨ᠎ᠠᠴᠠ᠎ᠪᠠᠨ ᠬᠦᠴᠦᠷᠬᠡᠭ᠌ᠵᠢᠭ᠌ᠰᠡᠨ ᠠᠭᠤᠤ ᠶᠡᠭᠡ ᠦᠰᠦᠷᠦᠯᠲᠡ ᠳᠤᠮᠳᠠ ᠳᠤᠮᠳᠠᠳᠤ ᠤᠯᠤᠰ᠎ᠤᠨ ᠡᠪ ᠬᠠᠮᠲᠤ ᠨᠠᠮ ᠮᠠᠷᠺᠰ᠎ᠤᠨ ᠦᠵᠡᠯ᠎ᠤᠨ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠳᠣᠣᠷ᠎ᠠ ᠠᠯᠢ ᠤᠯᠠᠨ ᠪᠡᠷᠬᠡ ᠪᠣᠭᠤᠮᠲᠠ᠎ᠶ᠋ᠢ ᠱᠢᠪᠲᠤᠯᠵᠤ᠂ ᠬᠥᠮᠦᠨ᠎ᠤ ᠶᠢᠷᠲᠢᠨᠴᠦ᠎ᠶ᠋ᠢᠨ ᠭᠠᠢᠬᠠᠮᠱᠢᠭ᠎ᠢ ᠡᠭᠦᠳᠴᠡᠢ》 ᠬᠡᠵᠦ᠍ ᠬᠡᠯᠡᠨ᠎ᠡ᠃

ᠥᠪᠥᠷ ᠮᠣᠩᠭᠤᠯ᠎ᠤᠨ ᠡᠳ᠋᠎ᠤᠨ ᠵᠠᠰᠠᠭ ᠠᠵᠤ ᠠᠬᠤᠶ᠎ᠶ᠋ᠢᠨ ᠶᠡᠭᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠤᠨ ᠳᠡᠭᠡᠳᠦ ᠰᠤᠷᠭᠠᠭᠤᠯᠢ᠎ᠶ᠋ᠢᠨ ᠪᠠᠭ᠍ᠰᠢ ᠳ᠋ᠢᠩ ᠷᠦᠢ ᠱᠢᠤᠸᠠᠢ ᠡᠬᠦᠷᠭᠡᠯᠡᠵᠦ᠍ ᠪᠠᠢᠭ᠎ᠠ ᠬᠠᠷᠢᠭᠤᠴᠠᠯᠭ᠎ᠠ ᠬᠦᠨᠳᠦ ᠭᠡᠳᠡᠭ᠎ᠢ ᠭᠦᠨ ᠣᠢᠯᠠᠭᠠᠪᠠ᠃ ᠲᠡᠷᠡ᠄ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ ᠪᠣᠯ ᠮᠠᠷᠺᠰ᠎ᠤᠨ ᠦᠵᠡᠯ᠎ᠤᠨ ᠡᠷᠬᠢᠮ ᠳᠡᠭᠡᠳᠦ ᠬᠦᠰᠡᠯᠡᠩ᠎ᠢ ᠦᠢᠯᠡᠳᠦᠯᠭᠡᠵᠢᠭᠦᠯᠦᠭ᠌ᠰᠡᠨ ᠪᠠ ᠬᠥᠭ᠌ᠵᠢᠭᠦᠯᠦᠭ᠌ᠰᠡᠨ ᠶᠠᠪᠤᠳᠠᠯ ᠪᠣᠯᠤᠨ᠎ᠠ᠃ ᠶᠡᠭᠡ ᠳᠡᠭᠡᠳᠦ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠤᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠮᠠᠷᠺᠰ᠎ᠤᠨ ᠦᠵᠡᠯ᠎ᠤᠨ ᠢᠲᠡᠭᠡᠯ ᠪᠢᠱᠢᠷᠡᠯ᠎ᠢᠶᠠᠨ ᠪᠠᠲᠤᠳᠭᠠᠵᠤ᠂ ᠮᠠᠷᠺᠰ᠎ᠤᠨ ᠦᠵᠡᠯ᠎ᠤᠨ ᠱᠢᠨᠵᠢᠯᠡᠬᠦ᠌ ᠤᠬᠠᠭᠠᠨᠴᠢ ᠣᠨᠣᠯ᠎ᠢ ᠭᠦᠨᠵᠡᠭᠡᠶ ᠰᠤᠷᠤᠯᠴᠠᠵᠤ᠂ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠢ ᠣᠮᠤᠭ ᠲᠡᠭᠦᠯᠳᠡᠷ ᠰᠠᠢᠲᠤᠷ ᠶᠠᠷᠢᠵᠤ᠂ ᠮᠠᠷᠺᠰ᠎ᠤᠨ ᠦᠵᠡᠯ᠎ᠤᠨ ᠱᠢᠨᠵᠢᠯᠡᠬᠦ᠌ ᠤᠬᠠᠭᠠᠨᠴᠢ ᠣᠨᠣᠯ᠎ᠤᠨ ᠱᠢᠰᠲ᠋ᠧᠮ᠎ᠢ ᠰᠠᠢᠲᠤᠷ ᠲᠠᠢᠯᠪᠤᠷᠢᠯᠠᠵᠤ ᠨᠡᠪᠲᠡᠷᠡᠲᠡᠯ᠎ᠡ ᠲᠠᠢᠯᠪᠤᠷᠢᠯᠠᠬᠤ᠎ᠶ᠋ᠢ ᠡᠷᠬᠡᠪᠰᠢ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠢ ᠨᠢᠭ᠍ᠲᠠ ᠤᠶᠠᠯᠳᠤᠭᠤᠯᠪᠠᠯ ᠰᠠᠶᠢ ᠵᠢᠩᠬᠢᠨᠢ ᠠᠮᠢᠵᠢᠷᠠᠯ᠎ᠤᠨ ᠬᠦᠴᠦᠨ᠎ᠢ ᠪᠠᠳᠠᠷᠠᠭᠤᠯᠵᠤ᠂ ᠳᠤᠮᠳᠠᠳᠤ ᠤᠯᠤᠰ᠎ᠤᠨ ᠪᠣᠳᠠᠲᠠᠶ ᠠᠰᠠᠭᠤᠳᠠᠯ᠎ᠢ ᠱᠢᠢᠳᠪᠦᠷᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠣᠨᠣᠯ᠎ᠤᠨ ᠵᠢᠯᠣᠭᠤᠳᠣᠯᠭ᠎ᠠ ᠪᠣᠯᠭᠠᠵᠤ ᠴᠢᠳᠠᠨ᠎ᠠ》 ᠭᠡᠵᠦ᠍ ᠶᠠᠷᠢᠪᠠ᠃


 

ᠰᠣᠨᠢᠨ ᠮᠡᠳᠡᠭᠡᠨ᠎ᠤ ᠬᠤᠯᠪᠤᠭᠠᠰᠤ

 

◉ ᠮᠠᠤ ᠽᠧ ᠳ᠋ᠦᠩ᠎ᠤᠨ ᠦᠵᠡᠯ ᠰᠠᠨᠠᠭ᠎ᠠ

ᠮᠠᠤ ᠽᠧ ᠳ᠋ᠦᠩ᠎ᠤᠨ ᠦᠵᠡᠯ ᠰᠠᠨᠠᠭ᠎ᠠ ᠪᠣᠯ ᠨᠠᠮ᠎ᠤᠨ ᠠᠷᠠᠳ ᠲᠦᠮᠡᠨ᠎ᠢ ᠤᠳᠤᠷᠢᠳᠤᠨ ᠲᠡᠰᠪᠦᠷᠢ ᠬᠠᠲᠠᠭᠤᠵᠢᠯᠲᠠᠢ ᠲᠡᠮᠡᠴᠡᠭ᠌ᠰᠡᠨ ᠰᠠᠭᠤᠷᠢᠨ ᠳᠡᠭᠡᠷ᠎ᠡ ᠵᠥᠪ ᠪᠤᠷᠤᠭᠤ ᠬᠤᠶᠠᠷ ᠲᠠᠯ᠎ᠠ᠎ᠶ᠋ᠢᠨ ᠲᠤᠷᠱᠢᠯᠭ᠎ᠠ᠎ᠶ᠋ᠢ ᠳ᠋ᠦᠩᠨᠡᠬᠦ᠌᠎ᠪᠠᠷ ᠳᠠᠮᠵᠢᠨ ᠦᠢᠯᠡᠳᠦᠯᠭᠡ᠎ᠶ᠋ᠢᠨ ᠳᠤᠮᠳᠠ ᠠᠯᠬᠤᠮ ᠠᠯᠬᠤᠮ᠎ᠢᠶᠠᠷ ᠪᠦᠷᠢᠯᠳᠦᠭ᠌ᠰᠡᠨ ᠶᠤᠮ᠃ ᠲᠡᠷᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠲᠤ᠎ᠶ᠋ᠢᠨ ᠤᠶᠤᠨ ᠤᠬᠠᠭᠠᠨ᠎ᠤ ᠤᠬᠢ ᠪᠦᠲᠦᠭᠡᠯ ᠮᠥᠨ᠂ ᠥᠪᠡᠷᠮᠢᠴᠡ ᠪᠦᠲᠦᠭᠡᠯᠴᠢ ᠴᠢᠨᠠᠷᠲᠠᠢ ᠤᠨᠤᠯ᠎ᠢᠶᠠᠷ ᠮᠠᠷᠺᠰ᠎ᠤᠨ ᠦᠵᠡᠯ᠎ᠢ ᠪᠠᠶᠠᠯᠢᠭ᠍ᠵᠢᠭᠤᠯᠤᠨ ᠬᠥᠭ᠌ᠵᠢᠭᠦᠯᠵᠦ᠍᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭ᠍ᠰᠠᠨ ᠠᠩᠬᠠᠳᠠᠭ᠍ᠴᠢ ᠲᠡᠦᠬᠡᠲᠦ ᠴᠢᠨᠠᠷᠲᠠᠢ ᠦᠰᠦᠷᠦᠯᠲᠡ᠎ᠶ᠋ᠢ ᠪᠡᠶᠡᠯᠡᠭᠦᠯᠪᠡ᠃ ᠯᠢᠦ ᠱᠤᠤ ᠴᠢ 《ᠨᠠᠮ᠎ᠤᠨ ᠲᠦᠷᠢᠮ᠎ᠳᠤ ᠵᠠᠰᠠᠪᠤᠷᠢ ᠣᠷᠣᠭᠤᠯᠬᠤ ᠲᠤᠬᠠᠶ ᠮᠡᠳᠡᠭᠦᠯᠦᠯᠲᠡ》 ᠎ᠳᠡᠭᠡᠨ ᠮᠠᠤ ᠽᠧ ᠳ᠋ᠦᠩ᠎ᠤᠨ ᠦᠵᠡᠯ ᠰᠠᠨᠠᠭᠠᠨ᠎ᠤ ᠭᠤᠣᠯ ᠠᠭᠤᠯᠭ᠎ᠠ᠎ᠶ᠋ᠢ ᠬᠤᠷᠢᠶᠠᠩᠭᠤᠢᠯᠠᠪᠠ᠄ ᠤᠳᠤ ᠦᠶ᠎ᠡ᠎ᠶ᠋ᠢᠨ ᠳᠡᠯᠡᠬᠡᠶ᠎ᠶ᠋ᠢᠨ ᠪᠠᠢᠳᠠᠯ ᠵᠢᠴᠢ ᠳᠤᠮᠳᠠᠳᠤ ᠤᠯᠤᠰ᠎ᠤᠨ ᠤᠯᠤᠰ᠎ᠤᠨ ᠪᠠᠢᠳᠠᠯ᠎ᠤᠨ ᠲᠤᠬᠠᠶ ᠵᠠᠳᠠᠯᠤᠯᠲᠠ᠂ ᠱᠢᠨ᠎ᠡ ᠠᠷᠠᠳᠴᠢᠯᠠᠭ᠍ᠰᠠᠨ ᠦᠵᠡᠯ᠎ᠤᠨ ᠲᠤᠬᠠᠶ ᠤᠨᠤᠯ ᠪᠣᠯᠤᠨ ᠲᠦᠷᠦ᠎ᠶ᠋ᠢᠨ ᠪᠤᠳᠤᠯᠭ᠎ᠠ᠂ ᠲᠠᠷᠢᠶᠠᠴᠢᠨ᠎ᠤ ᠴᠢᠯᠦᠭᠡᠯᠡᠯᠳᠠ᠎ᠶ᠋ᠢᠨ ᠲᠤᠬᠠᠶ ᠤᠨᠤᠯ ᠪᠣᠯᠤᠨ ᠲᠦᠷᠦ᠎ᠶ᠋ᠢᠨ ᠪᠤᠳᠤᠯᠭ᠎ᠠ᠂ ᠬᠤᠪᠢᠰᠭᠠᠯᠲᠤ ᠨᠢᠭᠡᠳᠦᠮᠡᠯ ᠹᠷᠣᠨᠲ᠎ᠤᠨ ᠲᠤᠬᠠᠶ ᠤᠨᠤᠯ ᠪᠣᠯᠤᠨ ᠲᠦᠷᠦ᠎ᠶ᠋ᠢᠨ ᠪᠤᠳᠤᠯᠭ᠎ᠠ᠂ ᠬᠤᠪᠢᠰᠭᠠᠯᠲᠤ ᠲᠠᠢᠨ᠎ᠤ ᠲᠤᠬᠠᠶ ᠤᠨᠤᠯ ᠪᠣᠯᠤᠨ ᠲᠦᠷᠦ᠎ᠶ᠋ᠢᠨ ᠪᠤᠳᠤᠯᠭ᠎ᠠ᠂ ᠬᠤᠪᠢᠰᠭᠠᠯ᠎ᠤᠨ ᠰᠠᠭᠤᠷᠢᠨ ᠭᠠᠵᠠᠷ᠎ᠤᠨ ᠲᠤᠬᠠᠶ ᠤᠨᠤᠯ ᠪᠣᠯᠤᠨ ᠲᠦᠷᠦ᠎ᠶ᠋ᠢᠨ ᠪᠤᠳᠤᠯᠭ᠎ᠠ᠂ ᠱᠢᠨ᠎ᠡ ᠠᠷᠠᠳᠴᠢᠯᠠᠭ᠍ᠰᠠᠨ ᠪᠥᠬᠦᠳᠡ ᠨᠠᠢᠷᠠᠮᠳᠠᠬᠤ ᠤᠯᠤᠰ᠎ᠢ ᠪᠠᠢᠭᠤᠯᠬᠤ ᠲᠤᠬᠠᠶ ᠤᠨᠤᠯ ᠪᠣᠯᠤᠨ ᠲᠦᠷᠦ᠎ᠶ᠋ᠢᠨ ᠪᠤᠳᠤᠯᠭ᠎ᠠ᠂ ᠨᠠᠮ ᠪᠠᠢᠭᠤᠯᠬᠤ ᠲᠤᠬᠠᠶ ᠤᠨᠤᠯ ᠪᠣᠯᠤᠨ ᠲᠦᠷᠦ᠎ᠶ᠋ᠢᠨ ᠪᠤᠳᠤᠯᠭ᠎ᠠ᠂ ᠰᠣᠶᠣᠯ᠎ᠤᠨ ᠲᠤᠬᠠᠶ ᠤᠨᠤᠯ ᠪᠣᠯᠤᠨ ᠲᠦᠷᠦ᠎ᠶ᠋ᠢᠨ ᠪᠤᠳᠤᠯᠭ᠎ᠠ ᠵᠡᠷᠭᠡ ᠪᠣᠯᠤᠨ᠎ᠠ᠃

ᠨᠠᠮ᠎ᠤᠨ ᠳᠣᠯᠣᠳᠤᠭᠠᠷ ᠶᠡᠭᠡ ᠬᠤᠷᠠᠯ᠎ᠠᠴᠠ ᠮᠠᠤ ᠽᠧ ᠳ᠋ᠦᠩ᠎ᠤᠨ ᠦᠵᠡᠯ ᠰᠠᠨᠠᠭ᠎ᠠ᠎ᠶ᠋ᠢ ᠨᠠᠮ᠎ᠤᠨ ᠵᠢᠯᠣᠭᠤᠳᠭᠤ ᠦᠵᠡᠯ ᠰᠠᠨᠠᠭ᠎ᠠ ᠪᠣᠯᠭᠠᠨ ᠲᠣᠭ᠍ᠲᠠᠭᠠᠭ᠍ᠰᠠᠨ᠎ᠤ ᠬᠠᠮᠲᠤ ᠨᠠᠮ᠎ᠤᠨ ᠲᠦᠷᠢᠮ᠎ᠳᠤ ᠪᠢᠴᠢᠵᠦ᠍ ᠣᠷᠣᠭᠤᠯᠪᠠ᠃

 

◉ ᠳ᠋ᠧᠩ ᠱᠢᠶᠣᠤ ᠫᠢᠩ᠎ᠤᠨ ᠣᠨᠣᠯ

ᠳ᠋ᠧᠩ ᠱᠢᠶᠦᠦ ᠫᠢᠩ᠎ᠤᠨ ᠤᠨᠦᠯ ᠪᠣᠯ ᠡᠩᠭᠡ ᠲᠠᠢᠪᠤᠩ ᠪᠣᠯᠤᠨ ᠬᠥᠭ᠌ᠵᠢᠯᠲᠡ ᠴᠠᠭ ᠦᠶ᠎ᠡ᠎ᠶ᠋ᠢᠨ ᠭᠤᠣᠯ ᠰᠡᠳᠦᠪ ᠪᠣᠯᠤᠭ᠍ᠰᠠᠨ ᠲᠡᠦᠬᠡᠨ ᠨᠥᠬᠦᠴᠡᠯ ᠳᠣᠣᠷ᠎ᠠ᠂ ᠮᠠᠨ᠎ᠤ ᠤᠯᠤᠰ᠎ᠤᠨ ᠥᠭᠡᠷᠡᠴᠢᠯᠡᠯᠲᠡ ᠨᠡᠭᠡᠭᠡᠯᠳᠠ ᠪᠣᠯᠤᠨ ᠣᠳᠣᠬᠢᠴᠢᠯᠠᠯᠲᠠ᠎ᠶ᠋ᠢᠨ ᠪᠦᠳᠦᠭᠡᠠ ᠪᠠᠢᠭᠤᠯᠤᠯᠲᠠ᠎ᠶ᠋ᠢᠨ ᠦᠢᠯᠡᠳᠦᠯᠭᠡ ᠳᠤᠮᠳᠠ᠂ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠢᠯᠠᠯᠲᠠ ᠣᠯᠤᠭ᠍ᠰᠠᠨ ᠪᠠ ᠨᠤᠭᠤᠷᠠᠯ ᠪᠦᠳᠦᠷᠢᠯ᠎ᠳᠤ ᠤᠴᠠᠷᠠᠭ᠍ᠰᠠᠨ ᠲᠡᠦᠬᠡᠨ ᠲᠤᠷᠱᠢᠯᠭ᠎ᠠ᠎ᠶ᠋ᠢ ᠳ᠋ᠦᠩᠨᠡᠭ᠌ᠰᠡᠨ᠎ᠤ ᠬᠠᠮᠲᠤ ᠪᠤᠰᠤᠳ ᠨᠡᠢᠭᠡᠮ ᠵᠢᠷᠤᠮᠲᠤ ᠤᠯᠤᠰ᠎ᠤᠨ ᠮᠠᠨᠳᠤᠵᠤ ᠲᠤᠷᠦ᠋ᠢᠳᠡᠬ᠍ᠰᠡᠠ ᠢᠯᠠᠵᠤ ᠢᠯᠠᠭ᠍ᠳᠠᠭ᠍ᠰᠠᠨ ᠲᠡᠦᠬᠡᠨ ᠲᠤᠷᠱᠢᠯᠭ᠎ᠠ᠎ᠪᠠᠷ ᠯᠠᠪᠯᠠᠯᠲᠠ ᠪᠣᠯᠭᠠᠭ᠍ᠰᠠᠨ ᠰᠠᠭᠤᠷᠢᠨ ᠳᠡᠭᠡᠷ᠎ᠡ ᠠᠯᠬᠤᠮ ᠠᠯᠬᠤᠮ᠎ᠢᠶᠠᠷ ᠪᠦᠷᠢᠯᠳᠦᠵᠦ᠍ ᠬᠥᠭ᠌ᠵᠢᠭ᠌ᠰᠡᠨ ᠶᠤᠮ᠃ ᠲᠡᠷᠡ᠎ᠨᠢ 《ᠶᠠᠭᠤ᠎ᠶ᠋ᠢ ᠨᠡᠢᠭᠡᠮ ᠵᠢᠷᠤᠮ ᠭᠡᠬᠦ᠂ ᠨᠡᠢᠭᠡᠮ ᠵᠢᠷᠤᠮ᠎ᠢ ᠬᠡᠷᠬᠢᠨ ᠪᠦᠳᠦᠭᠡᠨ ᠪᠠᠢᠭᠤᠯᠬᠤ》 ᠦᠨᠳᠦᠰᠦᠨ ᠠᠰᠠᠭᠤᠳᠠᠯ᠎ᠢ ᠠᠳᠭᠤᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠦᠳᠦᠭᠡᠨ ᠪᠠᠢᠭᠤᠯᠬᠤ ᠠᠯᠢ ᠤᠯᠠᠨ ᠦᠨᠳᠦᠰᠦᠨ ᠠᠰᠠᠭᠤᠳᠠᠯ᠎ᠳᠤ ᠠᠩᠬ᠎ᠠ ᠤᠳᠠᠭ᠎ᠠ ᠨᠡᠯᠢᠶᠡᠳ ᠱᠢᠰᠲ᠋ᠧᠮ᠎ᠲᠠᠢ ᠠᠩᠬ᠎ᠠ ᠠᠯᠬᠤᠮ᠎ᠤᠨ ᠬᠠᠷᠢᠭᠤᠯᠲᠠ ᠥᠭ᠌ᠴᠦ᠂ ᠨᠠᠮ᠎ᠢ ᠵᠢᠯᠣᠭᠤᠳᠤᠨ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠳᠠᠬᠢ ᠦᠨᠳᠦᠰᠦᠨ ᠱᠤᠭᠤᠮ᠎ᠢ ᠲᠣᠭ᠍ᠲᠠᠭᠠᠭ᠍ᠰᠠᠨ ᠪᠠᠢᠨ᠎ᠠ᠃

ᠨᠠᠮ᠎ᠤᠨ ᠠᠷᠪᠠᠨ ᠲᠠᠪᠤᠳᠤᠭᠠᠷ ᠶᠡᠭᠡ ᠬᠤᠷᠠᠯ᠎ᠠᠴᠠ ᠳ᠋ᠧᠩ ᠱᠢᠶᠤᠤ ᠫᠢᠩ᠎ᠤᠨ ᠤᠨᠤᠯ᠎ᠢ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠎ᠲᠠᠢ ᠬᠠᠮᠲᠤ ᠨᠠᠮ᠎ᠤᠨ ᠵᠢᠯᠣᠭᠤᠳᠭᠤ ᠦᠵᠡᠯ ᠰᠠᠨᠠᠭ᠎ᠠ ᠪᠣᠯᠭᠠᠨ ᠨᠠᠮ᠎ᠤᠨ ᠲᠦᠷᠢᠮ᠎ᠳᠤ ᠪᠢᠴᠢᠵᠦ᠍ ᠣᠷᠣᠭᠤᠯᠪᠠ᠃

 

◉ 《ᠭᠤᠷᠪᠠ᠎ᠶ᠋ᠢ ᠲᠥᠯᠥᠭᠡᠯᠡᠬᠦ᠌》 ᠴᠢᠬᠤᠯᠠ ᠦᠵᠡᠯ ᠰᠠᠨᠠᠭ᠋ ᠎ᠠ

《ᠭᠤᠷᠪᠠ᠎ᠶ᠋ᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠎ᠶ᠋ᠢ ᠨᠠᠮ᠎ᠤᠨ ᠲᠡᠦᠬᠡᠨ ᠣᠷᠣᠨ ᠪᠠᠢᠷᠢ᠎ᠶ᠋ᠢ ᠱᠢᠨᠵᠢᠯᠡᠬᠦ᠌ ᠤᠬᠠᠭᠠᠨᠴᠢ᠎ᠪᠠᠷ ᠮᠠᠭᠠᠳᠯᠠᠭ᠍ᠰᠠᠨ ᠰᠠᠭᠤᠷᠢᠨ ᠳᠡᠭᠡᠷ᠎ᠡ ᠳᠤᠷᠠᠳᠤᠨ ᠭᠠᠷᠭᠠᠭ᠍ᠰᠠᠨ ᠶᠤᠮ᠂ ᠲᠡᠷᠡ ᠪᠣᠯ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ ᠪᠠ ᠳ᠋ᠧᠩ ᠱᠢᠶᠦᠦ ᠫᠢᠩ᠎ᠤᠨ ᠤᠨᠦᠯ᠎ᠤᠨ ᠵᠠᠯᠭᠠᠮᠵᠢᠯᠠᠯ ᠪᠠ ᠬᠥᠭ᠌ᠵᠢᠭᠦᠯᠦᠯ ᠮᠥᠨ᠂ ᠤᠳᠦ ᠦᠶ᠎ᠡ᠎ᠶ᠋ᠢᠨ ᠳᠡᠯᠡᠬᠡᠢ ᠶᠢᠷᠲᠢᠨᠴᠦ᠍ ᠪᠠ ᠳᠤᠮᠳᠠᠳᠤ ᠤᠯᠤᠰ᠎ᠤᠨ ᠬᠥᠭ᠌ᠵᠢᠯᠲᠡ ᠬᠤᠪᠢᠷᠠᠯᠲᠠ᠎ᠠᠴᠠ ᠨᠠᠮ ᠪᠠ ᠤᠯᠤᠰ ᠣᠷᠣᠨ᠎ᠤ ᠠᠵᠢᠯ᠎ᠳᠤ ᠲᠠᠯᠪᠢᠭ᠍ᠰᠠᠨ ᠱᠢᠨ᠎ᠡ ᠱᠠᠭᠠᠷᠳᠠᠯᠭ᠎ᠠ᠎ᠶ᠋ᠢ ᠲᠤᠰᠭᠠᠬ᠍ᠰᠡᠠ ᠶᠤᠮ᠂ ᠲᠡᠷᠡ᠎ᠨᠢ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠨ ᠰᠠᠢᠵᠢᠷᠠᠭᠤᠯᠬᠤ᠂ ᠨᠡᠢᠭᠡᠮ ᠵᠢᠷᠤᠮ᠎ᠤᠨ ᠪᠠᠢᠭᠤᠯᠤᠯ᠎ᠤᠨ ᠥᠪᠡᠷ᠎ᠢ᠎ᠪᠠᠨ ᠲᠡᠭᠦᠯᠳᠡᠷᠵᠢᠭᠦᠯᠦᠨ ᠬᠥᠭ᠌ᠵᠢᠭᠦᠯᠬᠦ᠌᠎ᠶ᠋ᠢ ᠠᠬᠢᠭᠤᠯᠬᠤ ᠬᠦᠴᠦᠷᠬᠡᠭ ᠶᠡᠭᠡ ᠤᠨᠦᠯ᠎ᠤᠨ ᠵᠡᠪᠰᠡᠭ ᠮᠥᠨ᠂ ᠪᠦᠬᠦ᠌ ᠨᠠᠮ᠎ᠤᠨ ᠬᠠᠮᠲᠤ᠎ᠶ᠋ᠢᠨ ᠤᠶᠦᠠ ᠤᠬᠠᠭᠠᠨ᠎ᠤ ᠤᠬᠢ ᠪᠦᠲᠦᠭᠡᠯ ᠮᠥᠨ᠃

ᠨᠠᠮ᠎ᠤᠨ ᠠᠷᠪᠠᠨ ᠵᠢᠷᠭᠤᠳᠤᠭᠠᠷ ᠶᠡᠭᠡ ᠬᠤᠷᠠᠯ᠎ᠠᠴᠠ 《ᠭᠤᠷᠪᠠ᠎ᠶ᠋ᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠎ᠶ᠋ᠢ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠱᠢᠶᠤᠤ ᠫᠢᠩ᠎ᠤᠨ ᠤᠨᠤᠯ᠎ᠲᠠᠢ ᠬᠠᠮᠲᠤ ᠨᠠᠮ᠎ᠤᠨ ᠡᠷᠬᠡᠪᠰᠢ ᠤᠷᠳᠤ ᠬᠤᠭᠤᠴᠠᠭ᠎ᠠ ᠪᠠᠷᠢᠮᠲᠠᠯᠠᠬᠤ ᠵᠢᠯᠣᠭᠤᠳᠭᠤ ᠦᠵᠡᠯ ᠰᠠᠨᠠᠭ᠎ᠠ ᠪᠣᠯᠭᠠᠨ ᠨᠠᠮ᠎ᠤᠨ ᠲᠦᠷᠢᠮ᠎ᠳᠤ ᠪᠢᠴᠢᠵᠦ᠍ ᠣᠷᠣᠭᠤᠯᠪᠠ᠃

 

◉ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ

ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠎ᠶ᠋ᠢ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠳᠠᠬᠢ ᠤᠯᠤᠰ᠎ᠤᠨ ᠦᠨᠳᠦᠰᠦᠨ ᠪᠠᠢᠳᠠᠯ᠎ᠳᠤ ᠰᠠᠭᠤᠷᠢᠯᠠᠨ᠂ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠦᠢᠯᠡᠳᠦᠯᠭᠡ᠎ᠶ᠋ᠢ ᠳ᠋ᠦᠩᠨᠡᠵᠦ᠍᠂ ᠭᠠᠳᠠᠭᠠᠳᠤ᠎ᠶ᠋ᠢᠨ ᠬᠥᠭ᠌ᠵᠢᠯᠲᠡ᠎ᠶ᠋ᠢᠨ ᠲᠤᠷᠱᠢᠯᠭ᠎ᠠ᠎ᠪᠠᠷ ᠯᠠᠪᠯᠠᠯᠲᠠ ᠪᠣᠯᠭᠠᠵᠤ᠂ ᠬᠥᠭ᠌ᠵᠢᠯᠲᠡ᠎ᠶ᠋ᠢᠨ ᠱᠢᠨ᠎ᠡ ᠱᠠᠭᠠᠷᠳᠠᠯᠭ᠎ᠠ᠎ᠳᠤ ᠵᠣᠬᠢᠴᠠᠭᠤᠯᠤᠨ ᠳᠤᠷᠠᠳᠴᠤ᠌ ᠭᠠᠷᠭᠠᠭ᠍ᠰᠠᠨ ᠶᠤᠮ᠃ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠎ᠶ᠋ᠢᠨ ᠲᠡᠷᠢᠭᠦᠨ ᠴᠢᠬᠤᠯᠠ ᠠᠭᠤᠯᠭ᠎ᠠ ᠪᠣᠯ ᠬᠥᠭ᠌ᠵᠢᠯᠲᠡ ᠪᠤᠯᠤᠨ᠎ᠠ᠂ ᠬᠥᠮᠦᠨ᠎ᠢᠶᠠᠷ ᠦᠨᠳᠦᠰᠦ ᠪᠣᠯᠭᠠᠬᠤ ᠪᠣᠯ ᠭᠤᠣᠯᠳᠠᠯᠭ᠎ᠠ᠂ ᠪᠦᠬᠦ᠌ ᠲᠠᠯ᠎ᠠ᠎ᠪᠠᠷ ᠵᠣᠬᠢᠴᠠᠩᠭᠤᠢ ᠊ᠦᠷᠭᠦᠯᠵᠢᠯᠡᠨ ᠬᠥᠭ᠌ᠵᠢᠭᠦᠯᠬᠦ᠌ ᠪᠣᠯ ᠦᠨᠳᠦᠰᠦᠨ ᠱᠠᠭᠠᠷᠳᠠᠯᠭ᠎ᠠ ᠮᠥᠨ᠂ ᠢᠭᠡᠳᠦᠯᠲᠡᠢ ᠲᠥᠯᠥᠪᠵᠢᠬᠦᠯᠵᠦ᠍ ᠨᠡᠢᠲᠡ᠎ᠳᠤᠨᠢ ᠬᠠᠷᠠᠭᠠᠯᠵᠠᠬᠤ ᠪᠣᠯ ᠦᠨᠳᠦᠰᠦᠨ ᠠᠷᠭ᠎ᠠ ᠮᠥᠨ᠃ ᠲᠡᠷᠡ᠎ᠨᠢ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠎ᠤᠨ ᠬᠥᠭ᠌ᠵᠢᠯᠲᠡ᠎ᠶ᠋ᠢᠨ ᠱᠢᠨ᠎ᠡ ᠠᠬᠤᠢ ᠪᠠᠢᠳᠠᠯ᠎ᠢ ᠨᠡᠭᠡᠭᠡᠭ᠌ᠰᠡᠨ ᠪᠠᠢᠨ᠎ᠠ᠃

ᠨᠠᠮ᠎ᠤᠨ ᠠᠷᠪᠠᠨ ᠳᠣᠯᠣᠳᠤᠭᠠᠷ ᠶᠡᠭᠡ ᠬᠤᠷᠠᠯ᠎ᠠᠴᠠ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠎ᠶ᠋ᠢ ᠨᠠᠮ᠎ᠤᠨ ᠳᠦᠷᠢᠮ᠎ᠳᠤ ᠪᠢᠴᠢᠨ ᠣᠷᠣᠭᠤᠯᠵᠤ᠂ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠎ᠶ᠋ᠢ ᠨᠠᠮ᠎ᠤᠨ ᠵᠢᠯᠣᠭᠤᠳᠭᠤ ᠦᠵᠡᠯ ᠰᠠᠨᠠᠭ᠎ᠠ ᠪᠣᠯᠭᠠᠨ ᠵᠢᠩᠬᠢᠨᠢ᠎ᠪᠠᠷ ᠲᠣᠭ᠍ᠲᠠᠭᠠᠪᠠ᠃

 

◉ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠣᠨᠣᠯ᠎ᠤᠨ ᠱᠢᠰᠲ᠋ᠧᠮ

ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠤᠨᠤᠯ᠎ᠤᠨ ᠱᠢᠰᠲ᠋ᠧᠮ ᠪᠣᠯ ᠳ᠋ᠧᠩ ᠱᠢᠶᠤᠤ ᠫᠢᠩ᠎ᠤᠨ ᠤᠨᠤᠯ᠂ 《ᠭᠤᠷᠪᠠ᠎ᠶ᠋ᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ ᠵᠢᠴᠢ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ ᠵᠡᠷᠭᠡ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠦᠵᠡᠯ ᠰᠠᠨᠠᠭ᠎ᠠ᠎ᠶ᠋ᠢ ᠪᠠᠭ᠍ᠲᠠᠭᠠᠭ᠍ᠰᠠᠨ ᠱᠢᠨᠵᠢᠯᠡᠬᠦ᠌ ᠤᠬᠠᠭᠠᠨᠴᠢ ᠤᠨᠤᠯ᠎ᠤᠨ ᠱᠢᠰᠲ᠋ᠧᠮ ᠮᠥᠨ᠃ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠤᠨᠤᠯ᠎ᠤᠨ ᠱᠢᠰᠲ᠋ᠧᠮ᠎ᠢ ᠨᠠᠮ᠎ᠤᠨ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠤᠳᠤᠷᠢᠳᠤᠬ᠍ᠰᠠᠨ ᠠᠭᠤᠤ ᠶᠡᠭᠡ ᠦᠢᠯᠡᠳᠦᠯᠭᠡ᠎ᠶ᠋ᠢᠨ ᠳᠤᠮᠳᠠ ᠠᠯᠬᠤᠮ ᠠᠯᠬᠤᠮ᠎ᠢᠶᠠᠷ ᠪᠦᠷᠢᠯᠳᠦᠭᠦᠯᠦᠭ᠌ᠰᠡᠨ ᠶᠤᠮ᠃ ᠡᠨᠡ ᠬᠦ᠌ ᠤᠨᠤᠯ᠎ᠤᠨ ᠱᠢᠰᠲ᠋ᠧᠮ᠎ᠨᠢ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠎ᠶ᠋ᠢ ᠪᠠᠷᠢᠮᠲᠠᠯᠠᠨ ᠬᠥᠭ᠌ᠵᠢᠭᠦᠯᠵᠦ᠍᠂ ᠬᠡᠳᠦᠨ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠠᠷᠠᠳ ᠲᠦᠮᠡᠨ᠎ᠢ ᠳᠠᠭᠠᠭᠤᠯᠤᠨ ᠴᠥᠬᠦᠷᠡᠰᠢ ᠦᠭᠡᠢ ᠬᠠᠢᠨ ᠰᠦᠪᠡᠭ᠌ᠴᠢᠯᠡᠵᠦ᠍ ᠦᠢᠯᠡᠳᠦᠯᠭᠡᠵᠢᠬᠦᠯᠦᠭ᠌ᠰᠡᠨ ᠤᠶᠤᠨ ᠤᠬᠠᠭᠠᠨ ᠪᠠ ᠬᠦᠴᠦ᠍ ᠬᠥᠳᠡᠯᠮᠦᠷᠢ᠎ᠶ᠋ᠢ ᠱᠢᠩᠭᠡᠭᠡᠭ᠌ᠰᠡᠨ ᠶᠤᠮ᠂ ᠮᠦᠨ ᠴᠦ᠍ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭ᠍ᠰᠠᠨ ᠬᠠᠮᠤᠭ᠎ᠤᠨ ᠱᠢᠨ᠎ᠡ ᠦᠷ᠎ᠡ ᠪᠦᠲᠦᠭᠡᠯ ᠮᠥᠨ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠪᠦᠯᠬᠦᠮᠳᠡᠨ ᠲᠡᠮᠡᠴᠡᠬᠦ᠌ ᠬᠠᠮᠲᠤ᠎ᠶ᠋ᠢᠨ ᠦᠵᠡᠯ ᠰᠠᠨᠠᠭᠠᠨ᠎ᠤ ᠰᠠᠭᠤᠷᠢ ᠮᠥᠨ᠃

ᠨᠠᠮ᠎ᠤᠨ ᠠᠷᠪᠠᠨ ᠳᠣᠯᠣᠳᠤᠭᠠᠷ ᠶᠡᠭᠡ ᠬᠤᠷᠠᠯ᠎ᠠᠴᠠ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭ᠍ᠰᠠᠨ ᠬᠤᠶᠠᠳᠤᠭᠠᠷ ᠤᠳᠠᠭᠠᠨ᠎ᠤ ᠦᠰᠦᠷᠦᠯᠲᠡ᠎ᠶ᠋ᠢᠨ ᠤᠨᠤᠯ᠎ᠤᠨ ᠦᠷ᠎ᠡ ᠪᠦᠲᠦᠭᠡᠯ ᠪᠤᠯᠬᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠤᠨᠤᠯ᠎ᠤᠨ ᠱᠢᠰᠲ᠋ᠧᠮ᠎ᠢ ᠪᠦᠲᠦᠭᠡᠯᠴᠢ᠎ᠪᠠᠷ ᠳᠤᠷᠠᠳᠤᠨ ᠭᠠᠷᠭᠠᠭ᠍ᠰᠠᠨ ᠪᠥᠭᠡᠳ ᠭᠦᠨᠵᠡᠭᠡᠢ ᠲᠣᠳᠣᠷᠬᠠᠢᠯᠠᠨ ᠥᠭᠦᠯᠡᠵᠡᠢ᠃

 

◉ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ

ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠢᠯᠡᠳᠭᠡᠯ᠎ᠳᠤ 《ᠨᠠᠢ᠍ᠮᠠᠨ ᠲᠣᠳᠣᠷᠬᠠᠢᠯᠠᠯ》 ᠪᠠ 《ᠠᠷᠪᠠᠨ ᠲᠦᠷᠪᠡᠨ ᠪᠠᠷᠢᠮᠲᠠᠯᠠᠯ》 ᠎ᠢᠶᠠᠷ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠠᠭᠤᠯᠤᠭ᠍ᠳᠠᠬᠤᠨ ᠪᠠ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠲᠣᠳᠣᠷᠬᠠᠢᠯᠠᠨ ᠥᠭᠦᠯᠡᠪᠡ᠃ 《ᠨᠠᠢ᠍ᠮᠠᠨ ᠲᠣᠳᠣᠷᠬᠠᠢᠯᠠᠯ》᠂ 《ᠠᠷᠪᠠᠨ ᠲᠦᠷᠪᠡᠨ ᠪᠠᠷᠢᠮᠲᠠᠯᠠᠯ》 ᠎ᠨᠢ ᠣᠷᠭᠠᠨᠢᠭ᠎ᠢᠶᠠᠷ ᠠᠭᠤᠰᠤᠯᠴᠠᠵᠤ᠂ ᠣᠷᠭᠠᠨᠢᠭ᠎ᠢᠶᠠᠷ ᠨᠢᠭᠡᠳᠴᠦ᠍ ᠪᠠᠢᠳᠠᠭ᠂ ᠲᠡᠷᠡ ᠪᠤᠯ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠲᠤᠬᠠᠢ ᠵᠢᠮ᠎ᠡ ᠶᠣᠰᠣᠴᠢ ᠴᠢᠨᠠᠷᠳᠠᠢ ᠲᠠᠨᠢᠯᠲᠠ᠎ᠶ᠋ᠢᠨ ᠭᠦᠨᠵᠡᠭᠡᠢᠷᠡᠯ᠎ᠢ ᠲᠤᠰᠭᠠᠵᠤ᠂ ᠤᠨᠤᠯ ᠪᠣᠯᠤᠨ ᠦᠢᠯᠡᠳᠦᠯᠭᠡ᠎ᠶ᠋ᠢᠨ ᠤᠶᠠᠯᠳᠤᠯ᠂ ᠲᠠᠨᠢᠯᠲᠠ᠎ᠶ᠋ᠢᠨ ᠤᠨᠤᠯ ᠪᠣᠯᠤᠨ ᠠᠷᠭ᠎ᠠ᠎ᠶ᠋ᠢᠨ ᠤᠨᠤᠯ᠎ᠤᠨ ᠨᠢᠭᠡᠳᠦᠯ᠎ᠤᠨ ᠢᠯᠡ ᠲᠣᠳᠣ ᠣᠨᠴᠠᠯᠢᠭ᠎ᠢ ᠢᠯᠡᠷᠡᠭᠦᠯᠪᠡ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭ᠍ᠰᠠᠨ ᠬᠠᠮᠤᠭ᠎ᠤᠨ ᠱᠢᠨ᠎ᠡ ᠦᠷ᠎ᠡ ᠪᠦᠲᠦᠭᠡᠯ ᠮᠥᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠤᠨᠤᠯ᠎ᠤᠨ ᠱᠢᠰᠲ᠋ᠧᠮ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠪᠦᠬᠦ᠌ ᠨᠠᠮ ᠪᠦᠬᠦ᠌ ᠤᠯᠤᠰ᠎ᠤᠨ ᠠᠷᠠᠳ ᠲᠦᠮᠡᠨ᠎ᠤ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠲᠡᠮᠡᠴᠡᠬᠦ᠌ ᠠᠵᠢᠯᠯᠠᠭᠠᠨ᠎ᠤ ᠵᠦᠭ᠌ᠯᠡᠭᠦᠷ ᠮᠥᠨ᠃

ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠠᠴᠠ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠲᠥᠪ ᠴᠢᠩᠭ᠎ᠠ᠎ᠪᠠᠷ ᠳᠤᠷᠠᠳᠤᠨ ᠭᠠᠷᠭᠠᠭ᠍ᠰᠠᠨ ᠪᠥᠭᠡᠳ ᠡᠨᠡ ᠬᠦ᠌ ᠦᠵᠡᠯ ᠰᠠᠨᠠᠭ᠎ᠠ᠎ᠶ᠋ᠢ ᠨᠠᠮ᠎ᠤᠨ ᠡᠷᠬᠡᠪᠰᠢ ᠤᠷᠳᠤ ᠬᠤᠭᠤᠴᠠᠭ᠎ᠠ ᠪᠠᠷᠢᠮᠲᠠᠯᠠᠬᠤ ᠵᠢᠯᠣᠭᠤᠳᠭᠤ ᠦᠵᠡᠯ ᠰᠠᠨᠠᠭ᠎ᠠ ᠪᠣᠯᠭᠠᠨ ᠨᠠᠮ᠎ᠤᠨ ᠲᠦᠷᠢᠮ᠎ᠳᠤ ᠪᠢᠴᠢᠵᠦ᠍ ᠤᠷᠤᠭᠤᠯᠪᠠ᠃ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠩᠬᠠᠳᠤᠭᠠᠷ ᠬᠤᠷᠠᠯ᠎ᠠᠴᠠ ᠪᠠᠲᠤᠯᠠᠭ᠍ᠰᠠᠨ ᠦᠨᠳᠦᠰᠦᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠳᠤ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠦᠨᠳᠦᠰᠦᠨ ᠬᠠᠤᠯᠢ᠎ᠳᠤ ᠣᠷᠣᠭᠤᠯᠵᠤ᠂ ᠤᠯᠤᠰ᠎ᠤᠨ ᠵᠢᠯᠣᠭᠤᠳᠭᠤ ᠦᠵᠡᠯ ᠰᠠᠨᠠᠭ᠎ᠠ᠎ᠶ᠋ᠢᠨ ᠴᠠᠭ ᠦᠶ᠎ᠡ᠎ᠶ᠋ᠢ᠎ᠲᠠᠭᠠᠨ ᠪᠦᠬᠦ᠌ ᠲᠠᠯ᠎ᠠ᠎ᠪᠠᠷ ᠤᠷᠤᠭ᠍ᠰᠢᠯᠠᠬᠤ᠎ᠶ᠋ᠢ ᠪᠡᠶᠡᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号