ᠥᠣᠱᠢᠨ ᠬᠤᠱᠢᠭᠤᠨ᠎ᠤ ᠮᠣᠩᠭᠤᠯ ᠡᠮᠨᠡᠯᠭᠡ᠎ᠶ᠋ᠢᠨ ᠶᠡᠷᠦᠩᠬᠡᠢᠯᠡᠭ᠌ᠰᠡᠨ ᠡᠮᠨᠡᠯᠭᠡ᠎ᠶ᠋ᠢᠨ ᠬᠤᠷᠢᠶ᠎ᠠ ᠨᠠᠢᠷᠠᠯ ᠲᠠᠭᠤᠤ᠎ᠪᠠᠨ ᠨᠠᠮ᠎ᠳᠠᠭᠠᠨ ᠡᠷᠬᠦᠬᠦ᠌ ᠠᠵᠢᠯᠯᠠᠭ᠎ᠠ ᠦᠷᠨᠢᠬᠦᠯᠪᠡ
2021-07-06 10:25:53
ᠵᠣᠬᠢᠶᠠᠭ᠍ᠴᠢ᠄
ᠡᠷᠳᠡᠨᠢᠵᠢᠷᠭᠠᠯ ᠪᠠᠶᠠᠨᠳᠠᠯᠠᠢ
ᠣᠩᠱᠢᠭ᠍ᠰᠠᠨ ᠣᠳᠠᠭ᠎ᠠ᠄
★★★☆☆

ᠦᠤᠱᠢᠨ ᠬᠤᠱᠢᠭᠤᠨ᠎ᠤ ᠮᠤᠩᠭᠤᠯ ᠡᠮᠨᠡᠯᠭᠡ᠎ᠶ᠋ᠢᠨ ᠶᠡᠷᠣᠩᠬᠡᠢᠯᠡᠭ᠌ᠰᠡᠨ ᠡᠮᠨᠡᠯᠬᠡ᠎ᠶ᠋ᠢᠨ ᠬᠤᠷᠢᠶ᠎ᠠ᠎ᠶ᠋ᠢᠨ ᠪᠦᠬᠦ᠌ ᠡᠮᠴᠢ ᠠᠵᠢᠯᠲᠠᠨ ᠤᠷᠬᠢᠯᠤᠮ᠎ᠠ ᠬᠠᠯᠠᠭᠤᠨ ᠰᠡᠳᠭᠢᠯ᠎ᠢᠶᠠᠷ ᠬᠤᠪᠢᠰᠭᠠᠯᠲᠦ ᠲᠠᠭᠤᠤ ᠪᠠ ᠨᠠᠢᠷᠠᠯ ᠲᠠᠭᠤᠣ᠎ᠪᠠᠨ ᠲᠠᠭᠤᠯᠠᠨ ᠨᠠᠮ᠎ᠳᠠᠭᠠᠨ ᠪᠡᠯᠡᠭ ᠪᠤᠯᠭᠠᠨ ᠡᠷᠭᠦᠵᠦ᠍᠂ ᠴᠢᠩ ᠦᠨᠡᠨᠴᠢ ᠬᠠᠢᠷ᠎ᠠ ᠰᠡᠳᠭᠢᠯᠬᠡ᠎ᠪᠠᠷ ᠲᠤᠮᠲᠠᠲᠤ ᠤᠯᠤᠰ᠎ᠤᠨ ᠡᠪ ᠬᠠᠮᠲᠦ ᠨᠠᠮ ᠪᠠᠢᠭᠤᠯᠤᠭ᠍ᠲᠠᠭ᠍ᠰᠠᠨ 100 ᠵᠢᠯ᠎ᠤᠨ ᠤᠢ᠎ᠶ᠋ᠢ ᠪᠠᠯᠭᠡᠯᠡᠵᠡᠢ᠃

ᠤᠷᠲᠤᠰ ᠬᠤᠲᠠ᠎ᠶ᠋ᠢᠨ ᠦᠤᠱᠢᠨ ᠬᠤᠱᠢᠭᠤᠨ᠎ᠤ ᠮᠤᠩᠭᠤᠯ ᠡᠮᠨᠡᠯᠭᠡ᠎ᠶ᠋ᠢᠨ ᠶᠡᠷᠦᠩᠬᠡᠢᠯᠡᠭ᠌ᠰᠡᠨ ᠡᠮᠨᠡᠯᠭᠡ᠎ᠶ᠋ᠢᠨ ᠬᠤᠷᠢᠶ᠎ᠠ ᠎ᠨᠢ  ᠤᠲᠠᠭᠠᠨ ᠵᠢᠯ ᠎ᠤᠨ  ᠲᠡᠤᠬᠡ ᠎ᠲᠠᠢ ᠮᠤᠩᠭᠤᠯ ᠡᠮᠨᠡᠯᠭᠡ ᠎ᠶ᠋ᠢᠨ ᠬᠤᠷᠢᠶ᠎ᠠ  ᠪᠤᠯᠤᠨ᠎ᠠ᠃ ᠤᠯᠤᠰ ᠎ᠤᠨ ᠬᠤᠶᠠᠲᠤᠭᠠᠷ ᠲᠡᠰ᠎ᠤᠨ ᠬᠦᠬᠡ ᠲᠡᠰ᠎ᠤᠨ ᠡᠮᠨᠡᠯᠭᠡ᠎ᠶ᠋ᠢᠨ ᠬᠤᠷᠢᠶ᠎ᠠ ᠪᠠᠢᠵᠦ᠍᠂ ᠦᠪᠡᠷᠲᠡᠭᠡᠨ ᠵᠠᠰᠠᠬᠤ ᠤᠷᠤᠨ᠎ᠤ ᠠᠩᠬᠠᠲᠤᠭᠠᠷ ᠬᠤᠭᠤᠴᠠᠭᠠᠨ᠎ᠤ ᠨᠡᠷ᠎ᠡ ᠠᠯᠲᠠᠷᠲᠤ ᠮᠤᠩᠭᠤᠯ ᠡᠮᠨᠡᠯᠭᠡ᠎ᠶ᠋ᠢᠨ ᠬᠤᠷᠢᠶ᠎ᠠ᠂ ᠬᠤᠲᠠ᠎ᠶ᠋ᠢᠨ ᠲᠡᠰ ᠎ᠤᠨ  《5 · 1》 ᠬᠦᠲᠡᠯᠮᠦᠷᠢᠴᠢᠳ ᠎ᠤᠨ ᠬᠦᠬᠢᠭᠦᠯᠦᠯ᠎ᠤᠨ ᠨᠢᠭᠡᠴᠢ᠂ ᠬᠤᠲᠠ᠎ᠶ᠋ᠢᠨ ᠲᠡᠰ᠎ᠤᠨ ᠦᠨᠲᠦᠰᠦᠲᠠᠨ᠎ᠤ ᠪᠦᠯᠬᠦᠮᠲᠡᠯ ᠲᠠᠪᠱᠢᠯᠲᠠ᠎ᠶ᠋ᠢᠨ ᠨᠢᠭᠡᠴᠢ᠂ ᠬᠤᠲᠠ᠎ᠶ᠋ᠢᠨ ᠲᠡᠰ᠎ᠤᠨ ᠲᠡᠷᠢᠬᠦᠨ᠎ᠤ ᠪᠠᠢᠭᠤᠯᠭ᠎ᠠ ᠨᠢᠭᠡᠴᠢ ᠵᠡᠷᠬᠡ᠎ᠶ᠋ᠢᠨ ᠢᠷᠠᠭᠤ ᠠᠯᠳᠠᠷ᠎ᠢ ᠬᠥᠷᠳᠡᠭ᠌ᠰᠡᠬᠡᠷ ᠢᠷᠡᠭ᠌ᠰᠡᠨ ᠪᠠᠢᠨ᠎ᠠ᠃

ᠲᠤᠰ ᠡᠮᠨᠡᠯᠭᠡ᠎ᠶ᠋ᠢᠨ ᠬᠤᠷᠢᠶ᠎ᠠ᠎ᠨᠢ 2018 ᠤᠨ᠎ᠳᠤ ᠶᠡᠷᠦᠩᠭᠡᠢ ᠲᠠᠯᠠᠪᠡᠢ᠎ᠨᠢ 24135 ᠲᠡᠭ᠌ᠰᠢ ᠳᠥᠷᠪᠡᠯᠵᠢᠨ ᠮᠧᠲᠷ ᠬᠥᠷᠬᠦ᠂ ᠡᠪᠡᠤᠡᠴᠢᠨ ᠥᠵᠡᠬᠦ᠂ ᠡᠮᠨᠡᠯᠬᠡ᠎ᠳᠤ ᠰᠠᠭᠤᠬᠤ᠂ ᠡᠷᠡᠬᠦᠯᠵᠢᠬᠦᠯᠬᠦ᠌ ᠵᠡᠷᠬᠡ᠎ᠶ᠋ᠢ ᠨᠢᠬᠡ ᠴᠤᠭ᠍ᠴᠠᠵᠢᠭᠤᠯᠤᠭ᠍ᠰᠠᠨ ᠤᠲᠤᠬᠢᠴᠢᠯᠠᠭ᠍ᠰᠠᠨ ᠱᠢᠨ᠎ᠡ ᠡᠮᠨᠡᠯᠭᠡ᠎ᠶ᠋ᠢᠨ ᠠᠰᠠᠷ᠎ᠲᠠᠢ ᠪᠣᠯᠵᠣ᠂ ᠦᠤᠱᠢᠨ ᠨᠤᠲᠤᠭ᠎ᠤᠨ ᠤᠯᠠᠨ ᠲᠦᠮᠡᠨ᠎ᠳᠤ ᠡᠷᠡᠬᠦᠯ ᠮᠡᠨᠲᠦ᠎ᠶ᠋ᠢᠨ ᠪᠠᠲᠤᠯᠠᠭ᠎ᠠ᠎ᠶ᠋ᠢ ᠬᠠᠩᠭᠠᠪᠠ᠃ ᠤᠲᠤᠬᠠᠨ᠎ᠳᠤ ᠡᠮᠨᠡᠯᠭᠡ᠎ᠶ᠋ᠢᠨ ᠬᠤᠷᠢᠶ᠎ᠠ᠎ᠨᠢ ᠨᠡᠢᠲᠡ 136 ᠡᠮᠴᠢ ᠠᠵᠢᠯᠲᠠᠨ᠎ᠲᠠᠢ᠂ ᠡᠭᠦᠨ᠎ᠳᠤ᠂ ᠲᠡᠭᠡᠲᠦ ᠲᠡᠰ᠎ᠤᠨ ᠮᠡᠷᠭᠡᠵᠢᠯ᠎ᠤᠨ ᠴᠤᠯᠠ᠎ᠲᠠᠢ ᠡᠮᠴᠢ 19᠂ ᠨᠠᠮ᠎ᠤᠨ ᠬᠡᠱᠢᠬᠦᠨ 14 ᠪᠠᠢᠵᠣ᠂ ᠤᠭ ᠰᠠᠨᠠᠭ᠎ᠠ᠎ᠪᠠᠨ ᠦᠯᠦ᠍ ᠤᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠦ ᠴᠡᠭᠡᠵᠢᠯᠡᠨ᠂ ᠬᠠᠮᠲᠦ᠎ᠪᠠᠷ᠎ᠢᠶᠠᠨ ᠱᠢᠨ᠎ᠡ ᠴᠠᠭ ᠦᠶ᠎ᠡ᠎ᠳᠤ ᠡᠷᠡᠮᠡᠭᠡᠢᠯᠡᠨ ᠤᠷᠤᠭ᠍ᠰᠢᠯᠡᠵᠦ᠍ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号