《ᠵᠠᠩᠭᠢᠯᠠᠭ᠎ᠠ᠎ᠶ᠋ᠢᠨ ᠠᠷᠭ᠎ᠠ》 ᠎ᠪᠠᠷ ᠱᠢᠨ᠎ᠠ ᠠᠶᠠᠨ᠎ᠤ ᠡᠷᠡᠮᠡᠬᠡᠢ ᠬᠦᠴᠦᠨ᠎ᠢ ᠬᠥᠭ᠌ᠵᠢᠭᠡᠨ᠎ᠡ
2021-07-08 10:39:18
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠡᠯ᠎ᠡ ᠭᠠᠵᠠᠷ ᠤᠷᠤᠨ ᠥᠭᠡᠷᠡᠴᠢᠯᠡᠯᠲᠡ ᠨᠡᠭᠡᠭᠡᠯᠳᠠ᠎ᠶ᠋ᠢ ᠲᠠᠰᠤᠷᠠᠯᠳᠠ ᠦᠭᠡᠢ ᠭᠦᠨᠵᠡᠭᠡᠢᠷᠡᠭᠦᠯᠵᠦ᠍ ᠱᠢᠨ᠎ᠠ ᠠᠶᠠᠨ᠎ᠳᠠᠭᠠᠨ ᠲᠠᠬᠢᠨ ᠮᠣᠷᠳᠠᠯ᠎ᠠ

ᠱᠢᠨᠬᠤᠸᠠ ᠬᠤᠷᠢᠶᠠᠨ᠎ᠤ ᠰᠤᠷᠪᠤᠯᠵᠢᠯᠠᠭ᠍ᠴᠢ

ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷ᠎ᠡ ᠶᠠᠷᠢᠬ᠍ᠰᠠᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠶᠠᠷᠢᠶ᠎ᠠ᠎ᠨᠢ ᠬᠥᠮᠦᠰ᠎ᠤᠨ ᠰᠡᠳᠭᠢᠯ᠎ᠢ ᠳᠣᠭ᠍ᠳᠣᠯᠤᠭᠤᠯᠤᠨ᠎ᠠ᠄ 《ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠨᠤᠭᠤᠷᠠᠰᠢ ᠦᠭᠡᠢ ᠲᠡᠮᠡᠴᠡᠯ᠎ᠢᠶᠠᠷ᠂ ᠥᠭᠡᠷᠡᠴᠢᠯᠡᠯᠲᠡ ᠨᠡᠬᠡᠬᠡᠯᠳᠡ ᠪᠣᠯ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠢᠷᠡᠭᠡᠳᠦᠢ ᠬᠤᠪᠢ ᠵᠠᠶᠠᠭ᠎ᠠ᠎ᠶ᠋ᠢ ᠲᠣᠭ᠍ᠲᠠᠭᠠᠬᠤ ᠵᠠᠩᠭᠢᠯᠠᠭ᠎ᠠ᠎ᠶ᠋ᠢᠨ ᠠᠷᠭ᠎ᠠ ᠮᠥᠨ᠂ ᠳᠤᠮᠳᠠᠳᠤ ᠤᠯᠤᠰ ᠲᠤᠮᠤ ᠠᠯᠬᠤᠮ᠎ᠢᠶᠠᠷ ᠴᠠᠭ ᠦᠶ᠎ᠡ᠎ᠶ᠋ᠢ ᠬᠥᠭᠡᠭᠡᠵᠦ᠍ ᠭᠦᠢᠴᠡᠵᠡᠢ ᠭᠡᠵᠦ᠍ ᠳᠡᠯᠡᠬᠡᠢ ᠳ᠋ᠠᠬᠢᠨ᠎ᠳᠤ ᠲᠥᠪ ᠴᠢᠩᠭ᠎ᠠ᠎ᠪᠠᠷ ᠲᠤᠩᠬᠠᠭ᠍ᠯᠠᠪᠠ》!

ᠲᠥᠪ ᠴᠢᠩᠭ᠎ᠠ ᠲᠤᠩᠬᠠᠭ᠍ᠯᠠᠯ᠎ᠨᠢ ᠱᠢᠭᠤᠳ ᠬᠥᠮᠦᠰ᠎ᠤᠨ ᠰᠡᠳᠭᠢᠯ᠎ᠳᠤ ᠬᠦᠷᠴᠦ᠍᠂ ᠬᠥᠮᠦᠰ᠎ᠢ ᠵᠣᠷᠢᠭ᠍ᠵᠢᠭᠤᠯᠤᠨ ᠤᠷᠤᠭ᠍ᠰᠢᠯᠠᠭᠤᠯᠤᠨ᠎ᠠ᠃ ᠱᠢᠨ᠎ᠡ ᠠᠶᠠᠨ᠎ᠳᠤ ᠮᠤᠷᠳᠠᠬᠤ᠎ᠳᠠᠭᠠᠨ᠂ ᠡᠯ᠎ᠡ ᠭᠠᠵᠠᠷ᠎ᠤᠨ ᠺᠠᠳ᠋ᠷ ᠤᠯᠠᠨ ᠲᠦᠮᠡᠨ ᠢᠲᠡᠭᠡᠯ ᠵᠣᠷᠢᠭ᠎ᠢᠶᠠᠨ ᠪᠠᠲᠤᠳᠭᠠᠵᠤ᠂ ᠥᠭᠡᠷᠡᠴᠢᠯᠡᠯᠲᠡ ᠨᠡᠬᠡᠬᠡᠯᠳᠡ ᠂ ᠡᠨᠡ ᠬᠦ᠌ 《ᠵᠠᠩᠭᠢᠯᠠᠭ᠎ᠠ᠎ᠶ᠋ᠢᠨ ᠠᠷᠭ᠎ᠠ》 ᠎ᠶ᠋ᠢ ᠦᠷᠭᠦᠯᠵᠢᠯᠡᠨ ᠰᠠᠢᠲᠤᠷ ᠬᠡᠷᠡᠭ᠌ᠯᠡᠵᠦ᠍᠂ ᠥᠭᠡᠷᠡᠴᠢᠯᠡᠯᠲᠡ ᠨᠡᠬᠡᠬᠡᠯᠳᠡ᠎ᠶ᠋ᠢᠨ ᠲᠤᠭ᠎ᠢ ᠨᠡᠩ ᠥᠨᠳᠥᠷ ᠨᠡᠩ ᠯᠠᠪᠳᠠᠭᠤᠨ ᠮᠠᠨᠳᠤᠭᠤᠯᠪᠠ᠃

ᠢᠲᠡᠭᠡᠯ ᠵᠣᠷᠢᠭ᠎ᠢᠶᠠᠨ ᠪᠠᠲᠤᠳᠭᠠᠨ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠥᠭᠡᠷᠡᠴᠢᠯᠡᠯᠲᠡ ᠨᠡᠬᠡᠬᠡᠯᠳᠡ ᠡᠨᠡ ᠬᠦ᠌ 《ᠵᠠᠩᠭᠢᠯᠠᠭ᠎ᠠ᠎ᠶ᠋ᠢᠨ ᠠᠷᠭ᠎ᠠ》 ᠎ᠶ᠋ᠢ ᠰᠠᠢᠲᠤᠷ ᠬᠡᠷᠡᠭ᠌ᠯᠡᠨ᠎ᠠ

《ᠪᠥᠮᠪᠥᠷᠴᠡᠭ᠎ᠤᠨ ᠬᠠᠷᠢᠶ᠎ᠠ》 ᠎ᠠᠴᠠ ᠬᠥᠭᠡᠭᠡᠭ᠌ᠳᠡᠬᠦ᠌ ᠲᠦᠭ᠌ᠰᠢᠬᠦᠷᠢ᠎ᠳᠤ ᠲᠤᠯᠭᠠᠷᠠᠵᠤ ᠪᠠᠢᠬ᠍ᠰᠠᠨ᠎ᠠᠴᠠ 《ᠬᠠᠮᠤᠭ᠎ᠤᠨ ᠰᠥᠰᠥ᠍ ᠵᠣᠷᠢᠭ᠎ᠲᠠᠢ ᠲᠦᠷᠢᠮ᠎ᠤᠨ ᠲᠤᠷᠱᠢᠯᠲᠠ》 ᠎ᠶ᠋ᠢ ᠬᠢᠵᠤ᠂ ᠬᠥᠮᠦᠨ ᠲᠥᠷᠥᠯᠬᠢᠲᠡᠨ᠎ᠤ ᠲᠡᠦᠬᠡᠨ ᠳᠡᠭᠡᠷᠡᠬᠢ 《ᠬᠠᠮᠤᠭ᠎ᠤᠨ ᠶᠡᠭᠡ ᠬᠥᠭ᠌ᠵᠢᠯᠲᠡ᠎ᠶ᠋ᠢᠨ ᠭᠠᠢᠬᠠᠮᠱᠢᠭ》 ᠎ᠢ ᠡᠭᠦᠳᠴᠦ᠍᠂ ᠳᠤᠮᠳᠠᠳᠤ ᠤᠯᠤᠰ᠎ᠤᠨ ᠠᠷᠠᠳ ᠲᠦᠮᠡᠨ ᠥᠭᠡᠷᠡᠴᠢᠯᠡᠯᠲᠡ ᠨᠡᠭᠡᠭᠡᠯᠲᠡ᠎ᠶ᠋ᠢᠨ ᠠᠭᠤᠤ ᠶᠡᠭᠡ ᠬᠤᠪᠢᠰᠤᠯᠲᠠ᠎ᠶ᠋ᠢᠨ ᠳᠤᠮᠳᠠ ᠴᠠᠭ ᠦᠶ᠎ᠡ᠎ᠶ᠋ᠢᠨ ᠭᠠᠢᠬᠠᠮᠱᠢᠭ᠎ᠢ ᠪᠢᠴᠢᠭ᠌ᠯᠡᠪᠡ᠃

ᠡᠳᠦᠭᠡ᠂ ᠨᠡᠩ ᠶᠡᠭᠡ ᠱᠢᠨ᠎ᠡ ᠭᠠᠢᠬᠠᠮᠱᠢᠭ᠎ᠨᠢ ᠡᠯ᠎ᠡ ᠭᠠᠵᠠᠷ᠎ᠲᠤ ᠦᠷᠭᠦᠯᠵᠢᠯᠡᠨ ᠪᠢᠴᠢᠭ᠌ᠳᠡᠵᠦ᠍ ᠪᠤᠢ᠃

《ᠣᠨᠴᠠᠭᠠᠢ ᠣᠷᠣᠨ᠎ᠳᠠᠬᠢ ᠣᠨᠴᠠᠭᠠᠢ ᠣᠷᠣᠨ》 ᠬᠡᠮᠡᠭ᠌ᠳᠡᠭ᠌ᠰᠡᠨ ᠱᠧᠨᠵᠧᠨ᠎ᠤ ᠴᠢᠶᠠᠨ ᠬᠠᠢ᠎ᠨᠢ᠂ ᠤᠢ᠍ᠢᠷ᠎ᠠ᠎ᠶ᠋ᠢᠨ ᠵᠢᠯ᠎ᠳᠤ ᠳᠦᠷᠢᠮ᠎ᠤᠨ ᠱᠢᠨ᠎ᠡ᠎ᠶ᠋ᠢ ᠡᠬᠦᠳᠦᠭ᠌ᠰᠡᠨ 610 ᠦᠷ᠎ᠡ ᠪᠦᠲᠦᠭᠡᠯ᠎ᠢ ᠨᠡᠢᠳᠡᠯᠠᠵᠤ᠂ 58 ᠵᠦᠢᠯ᠎ᠢ᠎ᠨᠢ ᠪᠦᠬᠦ᠌ ᠤᠯᠤᠰ᠎ᠲᠤ ᠲᠡᠷᠡ ᠬᠡᠪ᠎ᠢᠶᠠᠷ᠎ᠨᠢ ᠳᠡᠯᠭᠡᠷᠡᠭᠦᠯᠪᠡ᠃ 《ᠣᠷᠣᠨ᠎ᠢ ᠥᠷᠭᠡᠳᠭᠡᠬᠦ᠌》 ᠪᠠ 《ᠥᠭᠡᠷᠡᠴᠢᠯᠡᠯᠲᠡ ᠨᠡᠭᠡᠭᠡᠯᠲᠡ》 ᠬᠡᠬᠦ᠌ ᠬᠤᠶᠠᠷ ᠭᠤᠣᠯᠳᠠᠯᠭ᠎ᠠ᠎ᠶ᠋ᠢ ᠠᠳᠭᠤᠵᠤ᠂ ᠴᠢᠶᠠᠨ ᠬᠠᠢ ᠬᠠᠮᠲᠤᠷᠠᠯᠴᠠᠭᠠᠨ᠎ᠤ ᠣᠷᠣᠨ᠎ᠤ ᠬᠥᠭ᠌ᠵᠢᠯᠲᠡ᠎ᠶ᠋ᠢᠨ ᠣᠷᠣᠨ ᠵᠠᠢ᠎ᠪᠠᠨ ᠤᠯᠠᠮ ᠴᠢᠨᠠᠭ᠍ᠰᠢᠳᠠ ᠥᠷᠭᠡᠳᠭᠡᠵᠦ᠍᠂ ᠱᠧᠨᠵᠧᠨ ᠱᠢᠶᠠᠩᠭᠠᠩ᠎ᠤᠨ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ᠌᠎ᠶ᠋ᠢ ᠠᠬᠢᠭᠤᠯᠵᠤ᠂ ᠭᠤᠸᠠᠩᠳᠦ᠋ᠩ ᠱᠢᠶᠠᠩᠭᠠᠩ ᠣᠣᠮᠧᠨ᠎ᠤ ᠶᠡᠭᠡ ᠪᠤᠯᠤᠩ᠎ᠤᠨ ᠣᠷᠣᠨ᠎ᠤ ᠪᠦᠲᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠪᠡ᠃

ᠱᠧᠨᠵᠧᠨ᠎ᠤ ᠡᠮᠤᠨᠡᠳᠤ ᠪᠤᠯᠤᠩ᠎ᠤᠨ ᠵᠠᠯᠭᠠᠯᠳᠤᠭ᠍ᠰᠠᠨ ᠣᠷᠣᠨ᠎ᠤ ᠬᠦᠢ ᠸᠠᠨ ᠭᠤᠣᠯ᠎ᠤᠨ ᠬᠥᠪᠡᠭᠡᠨ᠎ᠳᠤ ᠰᠦᠨᠳᠡᠷᠯᠡᠭᠡ 《ᠴᠢᠶᠠᠨ ᠬᠠᠢ》 ᠴᠢᠯᠠᠭᠤ 2.8 ᠮᠧᠲᠷ ᠥᠨᠳᠥᠷ᠂ ᠤᠷᠠᠯᠠᠨ ᠪᠦᠳᠦᠭᠡᠭ᠌ᠰᠡᠨ ᠳᠦᠷᠰᠦ ᠪᠠᠢᠳᠠᠯ᠎ᠨᠢ 《ᠳᠠᠷᠪᠠᠭᠤᠯ ᠬᠡᠢᠰᠭᠡᠨ ᠠᠶᠠᠯᠠᠯ᠎ᠢᠶᠠᠨ ᠡᠬᠢᠯᠡᠭᠦᠯᠦᠭ᠌ᠰᠡᠨ》 ᠬᠡᠮᠡᠷ᠃ 2012 ᠣᠨ᠎ᠳᠤ ᠱᠧᠨᠵᠧᠨ᠎ᠳᠤ ᠱᠢᠨᠵᠢᠯᠡᠨ ᠪᠠᠢᠴᠠᠭᠠᠬᠤ᠎ᠳᠠᠭᠠᠨ᠂ ᠶᠡᠷᠦᠩᠬᠡᠢ ᠱᠦᠵᠢ ᠰᠢ᠎ᠶ᠋ᠢᠨ ᠫᠢᠩ ᠥᠭᠡᠷᠡᠴᠢᠯᠡᠯᠲᠡ ᠨᠡᠬᠡᠬᠡᠯᠳᠡ᠎ᠶ᠋ᠢᠨ ᠠᠶᠠᠨ᠎ᠳᠤ ᠲᠠᠬᠢᠨ ᠮᠣᠷᠳᠠᠬᠤ ᠤᠷᠢᠶᠠᠯᠠᠭ᠎ᠠ᠎ᠶ᠋ᠢ ᠭᠠᠷᠭᠠᠬ᠍ᠰᠠᠨ ᠶᠤᠮ᠃

《ᠴᠢᠶᠠᠨ ᠬᠠᠢ》 ᠴᠢᠯᠠᠭᠤ᠎ᠶ᠋ᠢᠨ ᠬᠠᠵᠠᠭᠤ᠎ᠳᠤ ᠵᠣᠭ᠍ᠰᠣᠭᠠᠳ᠂ ᠱᠢᠶᠠᠩᠭᠠᠩ ᠵᠠᠯᠠᠭᠤ ᠴᠧᠨ ᠱᠧᠩ᠎ᠤᠨ ᠢᠲᠡᠭᠡᠯ ᠵᠣᠷᠢᠭ ᠨᠡᠩ ᠲᠡᠭᠦᠯᠳᠡᠷ ᠪᠣᠯᠤᠯ᠎ᠠ᠃ 6 ᠵᠢᠯ᠎ᠤᠨ ᠡᠮᠦᠨ᠎ᠡ᠂ ᠲᠡᠷᠡ ᠴᠢᠶᠠᠨ ᠬᠠᠢ᠎ᠳᠤ ᠢᠷᠡᠵᠥ᠍ ᠢᠨᠲ᠋ᠧᠷ  ᠰᠦᠯᠵᠢᠶ᠎ᠡ᠎ᠪᠠᠷ ᠦᠢᠯᠡᠰ ᠪᠤᠰᠭᠠᠬᠤ ᠠᠶᠠᠨ᠎ᠢᠶᠠᠨ ᠡᠬᠢᠯᠡᠬᠦᠯᠵᠤ᠂ ᠥᠪᠡᠷ᠎ᠤᠨ ᠪᠡᠶ᠎ᠡ᠎ᠳᠡᠭᠡᠨ ᠵᠠᠮ ᠨᠡᠭᠡᠭᠡᠵᠦ᠍ ᠥᠭ᠌ᠬᠦᠭ᠌ᠰᠡᠨ ᠪᠦᠬᠡᠳ ᠪᠠᠰᠠ ᠵᠠᠭᠤ ᠭᠠᠷᠤᠢ ᠱᠢᠶᠠᠩᠭᠠᠩ᠎ᠤᠨ ᠪᠦᠯᠬᠦᠮ᠎ᠢ ᠬᠠᠪᠰᠤᠷᠤᠨ ᠠᠳᠡ ᠣᠷᠣᠭᠤᠯᠵᠤ ᠠᠪᠴᠢᠷᠠᠪᠠ᠃

7 ᠰᠠᠷ᠎ᠠ᠎ᠶ᠋ᠢᠨ 1 ᠎ᠤ ᠡᠳᠦᠷ᠂ ᠲᠡᠷᠡ ᠱᠧᠨᠵᠧᠨ ᠱᠢᠶᠠᠩᠭᠠᠩ᠎ᠤᠨ ᠵᠠᠯᠠᠭᠤᠴᠤᠳ᠎ᠲᠠᠢ ᠬᠠᠮᠲᠤ᠎ᠪᠠᠷ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ᠎ᠤᠨ ᠦᠪᠡᠳᠡᠭ᠌ᠰᠢ ᠪᠠᠢᠳᠠᠯ᠎ᠢ ᠬᠦᠯᠢᠶᠠᠨ ᠠᠪᠴᠤ᠌ ᠦᠵᠡᠵᠦ᠍᠂ ᠶᠡᠷᠦᠩᠬᠡᠢ ᠱᠦᠵᠢ᠎ᠶ᠋ᠢᠨ ᠶᠠᠷᠢᠶ᠎ᠠ᠎ᠶ᠋ᠢ ᠰᠣᠨᠣᠰᠤᠭᠠᠳ ᠲᠦᠢᠯ᠎ᠢᠶᠠᠷ ᠵᠣᠷᠢᠭ᠍ᠵᠢᠵᠤ᠂ 《ᠨᠠᠮ ᠪᠣᠯᠤᠨ ᠤᠯᠤᠰ᠎ᠤᠨ᠎ᠢᠶᠠᠨ ᠥᠩᠭᠡᠷᠡᠭ᠌ᠰᠡᠨ ᠵᠠᠭᠤᠨ ᠵᠢᠯ᠎ᠤᠨ ᠭᠠᠢᠬᠠᠮᠱᠢᠭ᠍ᠲᠤ ᠬᠥᠭ᠌ᠵᠢᠯᠲᠡ᠎ᠳᠤ ᠣᠮᠣᠭ᠍ᠰᠢᠨ᠎ᠠ》᠂ 《ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠶᠠᠪᠤᠴᠠ᠎ᠳᠤ᠂ ᠱᠢᠶᠠᠩᠭᠠᠩ᠎ᠤᠨ ᠵᠠᠯᠠᠭᠤᠴᠤᠳ ᠣᠷᠣᠯᠴᠠᠬᠤ ᠬᠡᠷᠡᠭ᠌ᠳᠡᠢ᠂ ᠨᠡᠩ ᠴᠤ᠌ ᠡᠮᠦᠨ᠎ᠡ᠎ᠨᠢ ᠬᠤᠱᠢᠭᠤᠷᠠᠬᠤ ᠬᠡᠷᠡᠭ᠌ᠳᠡᠢ》 ᠭᠡᠪᠡ᠃

ᠱᠧᠨᠵᠧᠨ᠎ᠤ ᠴᠢᠶᠠᠨ ᠬᠠᠢ ᠪᠣᠯ ᠳᠤᠮᠳᠠᠳᠤ ᠤᠯᠤᠰ᠎ᠤᠨ ᠥᠭᠡᠷᠡᠴᠢᠯᠡᠯᠲᠡ ᠨᠡᠬᠡᠬᠡᠯᠳᠡ ᠡᠨᠡ ᠬᠦ᠌ 《ᠵᠠᠩᠭᠢᠯᠠᠭ᠎ᠠ᠎ᠶ᠋ᠢᠨ ᠠᠷᠭ᠎ᠠ》 ᠎ᠶ᠋ᠢ ᠰᠠᠢᠲᠤᠷ ᠬᠡᠷᠡᠭ᠌ᠯᠡᠭ᠌ᠰᠡᠨ᠎ᠤ ᠬᠤᠷᠢᠶᠠᠩᠭᠤᠢ ᠵᠢᠷᠤᠬ᠍ᠯᠠᠯ ᠪᠣᠯᠤᠨ᠎ᠠ᠃ ᠤᠮᠠᠷ᠎ᠠ᠎ᠠᠴᠠ ᠡᠮᠦᠨ᠎ᠡ ᠬᠦᠷᠲᠡᠯ᠎ᠡ᠂ ᠵᠡᠭᠦᠨ᠎ᠠᠴᠠ ᠪᠠᠷᠠᠭᠤᠨ ᠬᠦᠷᠲᠡᠯ᠎ᠡ᠂ ᠥᠭᠡᠷᠡᠴᠢᠯᠡᠯᠲᠡ ᠨᠡᠬᠡᠬᠡᠯᠳᠡ᠎ᠶ᠋ᠢᠨ ᠰᠦᠷ ᠳᠠᠯᠠᠢᠴᠠᠲᠠᠢ ᠬᠥᠳᠡᠯᠭᠡᠬᠦ᠌ ᠬᠦᠴᠦᠨ ᠳᠤᠮᠳᠠᠳᠤ᠎ᠶ᠋ᠢᠨ ᠡᠬᠡ ᠭᠠᠵᠠᠷ᠎ᠲᠤ ᠦᠷᠭᠦᠯᠵᠢᠯᠡᠨ ᠬᠠᠯᠬᠢᠯᠠᠨ᠎ᠠ᠃

ᠯᠢᠶᠣᠤᠨᠢᠩ ᠮᠤᠵᠢ 7 ᠰᠠᠷ᠎ᠠ᠎ᠶ᠋ᠢᠨ 1 ᠎ᠤ ᠡᠳᠦᠷ᠎ᠠᠴᠠ ᠡᠬᠢᠯᠡᠨ 《ᠦᠨᠡᠮᠯᠡᠯ ᠪᠠ ᠭᠡᠷᠡᠴᠢ᠎ᠶ᠋ᠢ ᠰᠠᠯᠭᠠᠬᠤ》 ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠵᠥᠪᠱᠢᠶᠡᠷᠡᠬᠦ᠌  ᠵᠦᠢᠯᠡᠰ᠎ᠢ ᠪᠦᠬᠦᠨ᠎ᠢ ᠬᠠᠮᠤᠷᠬᠤ᠂ ᠨᠠᠷᠢᠨ ᠳᠠᠩᠰᠠ᠎ᠠᠴᠠ ᠪᠤᠰᠤᠳ᠎ᠢ ᠬᠢᠨᠠᠨ ᠵᠥᠪᠱᠢᠶᠡᠷᠡᠬᠦ᠌ ᠴᠢᠬᠤᠯᠠ ᠦᠬᠡᠢ ᠪᠠᠢᠬᠤ᠎ᠶ᠋ᠢ ᠪᠡᠶᠡᠯᠡᠭᠦᠯᠵᠦ᠍᠂ ᠵᠠᠬ᠎ᠠ ᠳᠡᠯᠭᠡᠭᠦᠷ᠎ᠤᠨ ᠭᠤᠤᠯ ᠴᠣᠭ᠍ᠴᠠ ᠡᠵᠡᠩᠨᠡᠯᠲᠡ᠎ᠶ᠋ᠢᠨ ᠦᠨᠡᠮᠯᠡᠯ᠎ᠢᠶᠠᠨ ᠣᠯᠪᠠᠯ ᠳᠠᠷᠤᠶ ᠡᠵᠡᠩᠨᠡᠯᠲᠡ ᠬᠢᠵᠦ᠍ ᠪᠣᠯᠬᠤ ᠪᠤᠯᠵᠠᠢ᠃

ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠬᠠᠤᠯᠢ᠎ᠶ᠋ᠢ ᠪᠠᠲᠤᠯᠠᠬᠤ᠎ᠶ᠋ᠢᠨ ᠬᠠᠮᠲᠤ ᠬᠡᠷᠡᠭ᠌ᠵᠢᠭᠦᠯᠵᠦ᠍᠂ 57 ᠵᠦᠢᠯ᠎ᠤᠨ ᠮᠤᠵᠢ᠎ᠶ᠋ᠢᠨ ᠲᠡᠰ᠎ᠤᠨ ᠬᠠᠮᠢᠶᠠᠷᠤᠯᠲᠠ᠎ᠶ᠋ᠢᠨ ᠡᠷᠬᠡ᠎ᠶ᠋ᠢᠨ ᠬᠡᠪᠴᠢᠶᠡᠨ᠎ᠳᠤ ᠲᠤᠬᠢᠷᠠᠭᠤᠯᠤᠯᠳᠠ ᠬᠢᠬᠦ᠌᠎ᠶ᠋ᠢ ᠭᠤᠣᠯᠳᠠᠯᠭ᠎ᠠ᠎ᠲᠠᠢ ᠬᠦᠷᠢᠶᠡᠯᠡᠩ ᠲᠣᠭᠤᠷᠢᠭ᠎ᠤᠨ ᠬᠠᠮᠢᠶᠠᠷᠤᠯᠲᠠ᠎ᠶ᠋ᠢᠨ ᠪᠠᠢᠭᠤᠯᠤᠮᠵᠢ᠎ᠠᠴᠠ ᠬᠡᠷᠡᠭ᠌ᠵᠢᠭᠦᠯᠵᠦ᠍᠂ ᠳᠡᠯᠡᠬᠡᠢ᠎ᠶ᠋ᠢᠨ ᠬᠠᠮᠤᠭ᠎ᠤᠨ ᠥᠨᠳᠥᠷ ᠲᠦᠪᠱᠢᠨ ᠪᠦᠬᠦᠢ ᠨᠡᠭᠡᠭᠡᠯᠲᠡᠲᠦ ᠬᠡᠯᠪᠡᠷᠢ ᠡᠨᠡ ᠬᠦ᠌ ᠠᠤᠭ᠎ᠠ ᠬᠠᠷᠠᠯᠲᠠ ᠲᠡᠢᠰᠢ ᠬᠦᠭ᠌ᠵᠢᠬᠦᠯᠬᠦ᠌᠎ᠪᠠᠷ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠦᠳᠦᠭᠡᠨ ᠪᠠᠢᠭᠤᠯᠤᠯᠲᠠ ᠬᠦᠷ ᠬᠥᠭ᠌ᠵᠢᠶᠡᠨᠲᠡᠶ ᠶᠠᠪᠤᠭ᠍ᠳᠠᠵᠤ ᠪᠠᠢᠨ᠎ᠠ ᠁

ᠰᠡᠳᠭᠢᠯ ᠨᠢᠭᠡᠳᠤᠨ ᠬᠦᠴᠦ᠎ᠪᠠᠨ ᠬᠠᠮᠲᠤᠳᠭᠠᠵᠤ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ 《ᠲᠦᠭ᠌ᠰᠢᠭᠦᠷᠢ》 ᠎ᠶ᠋ᠢ ᠵᠣᠷᠢᠭ᠍ᠲᠠᠢ ᠲᠤᠭᠤᠯᠤᠨ᠎ᠡ

ᠱᠢᠨ᠎ᠡ ᠠᠶᠠᠨ᠎ᠳᠤ᠂ ᠥᠭᠡᠷᠡᠴᠢᠯᠡᠯᠲᠡ ᠨᠡᠬᠡᠬᠡᠯᠳᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠪᠦᠷᠢᠶ᠎ᠠ ᠬᠠᠩᠭᠢᠨᠠᠯ᠎ᠠ᠃

ᠬᠠᠭᠤᠴᠢᠨ ᠠᠵᠤ ᠦᠢᠯᠡᠳᠪᠦᠷᠢ᠎ᠶ᠋ᠢᠨ ᠰᠠᠭᠤᠷᠢᠨ ᠪᠤᠯᠬᠤ ᠯᠢᠶᠣᠤᠨᠢᠩ᠂ ᠣᠲᠣ ᠶᠠᠭ ᠠᠵᠤ ᠦᠢᠯᠡᠰ᠎ᠤᠨ ᠪᠦᠲᠦᠴᠡ᠎ᠳᠤ ᠲᠣᠬᠢᠷᠠᠭᠤᠯᠤᠯᠲᠠ ᠬᠢᠬᠦ᠌᠎ᠶ᠋ᠢ ᠶᠡᠭᠡ᠎ᠪᠠᠷ ᠠᠬᠢᠭᠤᠯᠵᠤ᠂ ᠬᠠᠩᠭᠠᠯᠭ᠎ᠠ᠎ᠶ᠋ᠢᠨ ᠲᠠᠯ᠎ᠠ᠎ᠠᠴᠠ ᠬᠦᠴᠦᠯᠡᠬᠦ᠌᠎ᠶ᠋ᠢ ᠪᠠᠷᠢᠮᠲᠠᠯᠠᠨ᠂ ᠬᠡᠷᠡᠭ᠌ᠴᠡᠭᠡ᠎ᠶ᠋ᠢ ᠣᠨᠢᠯᠠᠵᠤ᠂ ᠣᠯᠠᠨ ᠴᠡᠭ᠎ᠢᠶᠠᠷ ᠲᠤᠯᠭᠠᠭᠤᠷᠢᠯᠠᠵᠤ᠂ ᠣᠯᠠᠨ ᠦᠢᠯᠡᠰ᠎ᠢ ᠵᠡᠷᠭᠡ᠎ᠪᠠᠷ ᠬᠥᠭ᠌ᠵᠢᠭᠦᠯᠦᠨ᠂ ᠣᠯᠠᠨ ᠡᠱᠢᠵᠢᠬᠦᠯᠦᠨ ᠬᠥᠭ᠌ᠵᠢᠭᠦᠯᠬᠦ᠌ ᠠᠵᠤ ᠦᠢᠯᠡᠰ᠎ᠤᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠬᠦᠴᠦᠯᠡᠨ ᠪᠠᠢᠭᠤᠯᠵᠤ ᠪᠠᠢᠨ᠎ᠠ᠃

ᠨᠡᠢᠳᠡᠮ ᠬᠡᠷᠡᠭ᠌ᠯᠡᠬᠦ᠌ ᠮᠡᠷᠭᠡᠵᠢᠯ᠎ᠤᠨ ᠪᠦᠯᠦᠭ᠌ᠯᠡᠯ᠎ᠤᠨ ᠮᠦᠭ᠌ᠳᠡᠨ᠎ᠤ ᠰᠠᠭᠤᠷᠢ ᠮᠠᠱᠢᠨ᠎ᠤ ᠬᠡᠷᠡᠭ ᠮᠡᠳᠡᠭ᠌ᠴᠢᠳ᠎ᠤᠨ ᠳᠠᠷᠤᠭ᠎ᠠ᠂ ᠨᠠᠮ᠎ᠤᠨ ᠬᠤᠷᠢᠶᠠᠨ᠎ᠤ ᠱᠦᠵᠢ ᠲᠠᠩ ᠢ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠎ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠡᠶ᠎ᠡ᠎ᠪᠠᠨ ᠳᠠᠭᠠᠭᠠᠵᠤ ᠥᠪᠡᠷ᠎ᠢ᠎ᠪᠠᠨ ᠬᠦᠴᠦᠷᠬᠡᠭ᠌ᠵᠢᠭᠦᠯᠬᠦ᠌᠎ᠶ᠋ᠢ ᠠᠬᠢᠭᠤᠯᠬᠤ ᠬᠡᠷᠡᠭ᠌ᠳᠡᠢ ᠭᠡᠵᠤ ᠵᠢᠭᠠᠵᠤ ᠭᠠᠷᠭᠠᠪᠠ᠂ ᠮᠦᠭ᠌ᠳᠡᠨ᠎ᠤ ᠰᠠᠭᠤᠷᠢ ᠮᠠᠱᠢᠨ᠎ᠨᠢ ᠲᠣᠨᠣᠭ᠍ᠯᠠᠯ ᠦᠢᠯᠡᠳᠬᠦ᠌ ᠴᠢᠬᠤᠯᠠ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠨᠡᠩ ᠴᠤ᠌ ᠮᠡᠷᠭᠡᠵᠢᠯ᠎ᠤᠨ ᠪᠣᠭᠤᠮᠲᠠ ᠱᠢᠪᠲᠤᠯᠬᠤ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠳᠡᠭᠡᠷ᠎ᠡ ᠬᠦᠴᠦ᠍ ᠲᠠᠯᠪᠢᠬᠤ ᠬᠡᠷᠡᠭ᠌ᠲᠡᠢ ᠭᠡᠪᠡ᠃

ᠱᠠᠨᠳᠦ᠋ᠩ ᠮᠤᠵᠢ᠎ᠶ᠋ᠢᠨ ᠳ᠋ᠦᠩ ᠡᠸ ᠱᠢᠶᠠᠨ᠎ᠤ ᠪᠤᠯᠤᠳ ᠪᠥᠮᠪᠦᠭᠡ᠎ᠶ᠋ᠢᠨ ᠬᠡᠳᠦᠨ ᠵᠢᠵᠢᠭ ᠦᠢᠯᠡᠳᠪᠦᠷᠢ᠎ᠶ᠋ᠢᠨ ᠬᠠᠭᠤᠴᠢᠨ ᠪᠠᠭᠤᠷᠢ ᠳᠡᠭᠡᠷ᠎ᠡ᠂ 20 ᠳ᠋ᠦᠩᠱᠢᠭᠤᠷ ᠲᠥᠭᠦᠷᠢᠭ᠎ᠤᠨ ᠪᠡᠯᠡ ᠣᠷᠣᠭᠤᠯᠤᠭ᠍ᠰᠠᠨ ᠬᠤᠸᠠ ᠷᠦᠨ ᠠᠮᠢᠳᠤ ᠪᠣᠳᠠᠰ᠎ᠤᠨ ᠠᠵᠤ ᠦᠢᠯᠡᠰ᠎ᠤᠨ ᠬᠦᠷᠢᠶᠡᠯᠡᠩ᠎ᠤᠨ ᠨᠢᠭᠡᠳᠦᠭᠡᠷ ᠬᠤᠭᠤᠴᠠᠭᠠᠨ᠎ᠤ ᠢᠨᠵᠧᠨᠧᠷᠢᠩ᠎ᠢ ᠶᠠᠭ ᠪᠦᠳᠦᠭᠡᠨ ᠪᠠᠢᠭᠤᠯᠵᠤ ᠪᠤᠢ᠂ ᠢᠷᠡᠭᠡᠳᠦᠢ᠎ᠳᠤ ᠠᠳᠡ ᠬᠤᠸᠠ ᠷᠦᠨ ᠪᠦᠯᠦᠭ᠌ᠯᠡᠯ᠎ᠤᠨ ᠭᠤᠣᠯ ᠪᠣᠯᠬᠤ ᠠᠮᠢᠳᠤ ᠪᠣᠳᠠᠰ᠎ᠤᠨ ᠡᠮ ᠡᠮᠨᠡᠯᠭᠡ᠎ᠶ᠋ᠢᠨ ᠦᠢᠯᠡᠳᠪᠦᠷᠢᠯᠡᠯ᠎ᠤᠨ ᠰᠠᠭᠤᠷᠢᠨ ᠪᠠᠢᠭᠤᠯᠤᠬ᠍ᠳᠠᠬᠤ ᠪᠣᠯᠤᠨ᠎ᠠ᠃ ᠳ᠋ᠦᠩ ᠡᠸ ᠱᠢᠶᠠᠨ᠎ᠤ ᠨᠠᠮ᠎ᠤᠨ ᠬᠤᠷᠢᠶᠠᠨ᠎ᠤ ᠱᠦᠵᠢ ᠯᠧᠢ ᠱᠢᠶᠠ᠂ ᠬᠤᠴᠣᠷᠤᠩᠭᠤᠶ 《ᠵᠢᠵᠢᠭ ᠲᠠᠷᠠᠬᠠᠶ ᠪᠤᠲᠠᠷᠬᠠᠶ ᠡᠮᠬᠢ ᠲᠢᠭ᠌ᠯᠢᠮ ᠥᠬᠡᠶ》 ᠪᠣᠯᠣᠳ ᠪᠥᠮᠪᠦᠭᠡ᠎ᠶ᠋ᠢᠨ ᠠᠵᠤ ᠠᠬᠤᠢᠯᠠᠯ᠎ᠢ ᠱᠢᠭ᠌ᠰᠢᠭ᠌ᠳᠡᠭᠦᠯᠵᠦ᠍᠂ ᠣᠲᠣ ᠦᠶ᠎ᠡ᠎ᠶ᠋ᠢᠨ ᠠᠮᠢᠳᠤ ᠪᠣᠳᠠᠰ᠎ᠤᠨ ᠡᠮ ᠡᠮᠨᠡᠯᠭᠡ᠎ᠶ᠋ᠢᠨ ᠠᠵᠤ ᠠᠬᠤᠢᠯᠠᠯ᠎ᠢᠶᠠᠷ ᠤᠷᠤᠯᠠᠭᠤᠯᠤᠭ᠍ᠰᠠᠨ᠎ᠨᠢ᠂ ᠮᠥ᠍ ᠪᠦᠷᠢ᠎ᠶ᠋ᠢᠨ ᠳᠤᠮᠳᠠᠴᠢ ᠦᠷ᠎ᠡ ᠠᠱᠢᠭ ᠶᠡᠭᠡ᠎ᠪᠠᠷ ᠳᠡᠭᠡᠭ᠌ᠰᠢᠯᠡᠬᠦ᠌ ᠪᠣᠯᠤᠨ᠎ᠠ ᠭᠡᠵᠤ ᠲᠠᠨᠢᠯᠴᠠᠭᠤᠯᠪᠠ᠃

ᠤᠢ᠍ᠢᠷ᠎ᠠ᠎ᠶ᠋ᠢᠨ ᠵᠢᠯ᠎ᠠᠴᠠ᠂ ᠱᠠᠨᠳᠦ᠋ᠩ ᠱᠢᠨ᠎ᠡ ᠬᠠᠭᠤᠴᠢᠨ ᠬᠥᠳᠡᠯᠭᠡᠬᠦ᠌ ᠡᠨᠧᠷᠭᠢ᠎ᠶ᠋ᠢᠨ ᠰᠣᠯᠢᠭ᠍ᠳᠠᠯ᠎ᠢ ᠦᠷᠭᠦᠯᠵᠢᠯᠡᠨ ᠶᠡᠭᠡ᠎ᠪᠠᠷ ᠠᠬᠢᠭᠤᠯᠵᠤ᠂ ᠱᠢᠨ᠎ᠡ ᠮᠡᠷᠭᠡᠵᠢᠯ᠂ ᠱᠢᠨ᠎ᠡ ᠦᠢᠯᠡᠳᠬᠦᠨ᠂ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢ ᠲᠦᠷᠭᠡᠨ ᠪᠤᠢᠵᠢᠭᠤᠯᠵᠤ᠂ ᠥᠨᠳᠥᠷ ᠪᠤᠢᠵᠢᠯᠲᠠ᠎ᠶ᠋ᠢᠨ ᠴᠢᠨᠠᠷᠲᠠᠢ ᠲᠤᠯᠤᠭᠠᠢᠯᠠᠬ᠍ᠴᠢ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠬᠦᠴᠦᠨ᠎ᠳᠤ ᠬᠦᠭ᠌ᠵᠢᠨ ᠪᠤᠵᠠᠭᠠᠢᠷᠠᠬ᠍ᠰᠠᠨ ᠠᠵᠤ ᠠᠬᠤᠢ᠍ᠢᠯᠠᠯ ᠪᠠ ᠤᠯᠠᠨ᠎ᠠᠴᠠ ᠤᠨᠴᠠᠭᠠᠢ ᠠᠵᠤ ᠠᠬᠤᠢ᠍ᠢᠯᠠᠯ ᠲᠠᠰᠤᠷᠠᠯᠳᠡ ᠦᠭᠡᠢ ᠴᠣᠯᠭᠤᠷᠠᠨ ᠭᠠᠷᠴᠤ᠌᠂ ᠱᠠᠨᠳᠦ᠋ᠩ᠎ᠤᠨ ᠥᠩᠭᠡᠷᠡᠭ᠌ᠰᠡᠨ᠎ᠤ ᠬᠦᠱᠢᠬᠦᠯᠢᠭ ᠤᠳᠠᠭᠠᠨ ᠪᠠᠢᠬ᠍ᠰᠠᠨ ᠠᠵᠤ ᠠᠬᠤᠢ᠎ᠶ᠋ᠢᠨ ᠪᠠᠢᠷᠢᠱᠢᠯ᠎ᠢ ᠬᠤᠪᠢᠷᠠᠭᠤᠯᠵᠤ ᠪᠠᠢᠨ᠎ᠠ᠃

ᠱᠠᠨᠳᠦ᠋ᠩ ᠮᠤᠵᠢ᠎ᠶ᠋ᠢᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠤᠨ ᠳᠡᠳ᠋ ᠡᠷᠬᠢᠯᠡᠭ᠌ᠴᠢ ᠸᠠᠩ ᠳ᠋ᠦᠩ᠄ 《ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ ᠪᠣᠯ ᠪᠢᠳᠡᠨ᠎ᠢ ᠵᠢᠯᠣᠭᠤᠳᠤᠨ ᠬᠤᠶᠠᠳᠤᠭᠠᠷ ᠵᠠᠭᠤᠨ ᠵᠢᠯ᠎ᠤᠨ ᠠᠶᠠᠨ᠎ᠳᠤ ᠰᠠᠢᠲᠤᠷ ᠵᠠᠮᠨᠠᠭᠤᠯᠬᠤ ᠠᠵᠢᠯᠯᠠᠭᠠᠨ᠎ᠤ ᠬᠥᠲᠥᠯᠪᠦᠷᠢ ᠮᠥᠨ᠂ ᠲᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠬ᠍ᠳᠠᠬ᠍ᠰᠡᠨ ᠵᠠᠭᠤᠨ ᠵᠢᠯ᠎ᠤᠨ ᠤᠢ᠎ᠳᠤ ᠱᠢᠨ᠎ᠡ ᠠᠶᠠᠨ᠎ᠢᠶᠠᠨ ᠡᠬᠢᠯᠡᠭᠦᠯᠵᠦ᠍᠂ ᠱᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠬᠦ᠌᠎ᠶ᠋ᠢᠨ ᠲᠠᠢᠴᠢᠯᠠᠯᠳᠠ᠎ᠶ᠋ᠢᠨ ᠵᠠᠷᠯᠢᠭ ᠮᠥᠨ᠃ ᠱᠠᠨᠳᠦ᠋ᠩ ᠮᠤᠵᠢ ᠵᠡᠷᠦᠩᠬᠡᠢ ᠱᠦᠵᠢ ᠰᠢ᠎ᠶ᠋ᠢᠨ ᠫᠢᠩ᠎ᠤᠨ ᠶᠠᠷᠢᠶᠠᠨ᠎ᠤ ᠵᠣᠷᠢᠭ ᠰᠠᠨᠠᠭᠠᠨ᠎ᠤ ᠵᠢᠯᠤᠭᠤᠳᠤᠯᠭ᠎ᠠ ᠳᠣᠣᠷ᠎ᠠ᠂ ᠨᠡᠭᠦᠷᠡᠰᠦᠲᠥ᠋ᠷᠥᠭ᠌ᠴᠢ᠎ᠶ᠋ᠢ ᠭᠠᠳᠠᠬ᠍ᠰᠢᠯᠠᠭᠤᠯᠬᠤ᠎ᠶ᠋ᠢ ᠤᠷᠬᠢᠯ ᠭᠡᠮᠵᠢᠭ᠌ᠳᠡᠯ᠎ᠳᠤ ᠬᠦᠷᠭᠡᠬᠦ᠌ ᠪᠠ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠵᠡᠷᠭᠡ ᠴᠢᠬᠤᠯᠠ ᠶᠡᠭᠡ ᠡᠭᠦᠷᠭᠡ᠎ᠠᠴᠠ ᠭᠠᠷᠳᠠᠵᠦ᠍᠂ ᠥᠭᠡᠷᠡᠴᠢᠯᠡᠯᠲᠡ ᠨᠡᠭᠡᠭᠡᠯᠳᠠ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠴᠢᠨᠠᠷ ᠰᠠᠢᠲᠠᠢ ᠬᠥᠭ᠌ᠵᠢᠯᠲᠡ᠎ᠶ᠋ᠢᠨ ᠱᠠᠨᠳᠦ᠋ᠩ ᠮᠤᠵᠢ᠎ᠶ᠋ᠢᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭ᠌ᠯᠡᠨ᠎ᠡ》 ᠭᠡᠪᠡ᠃

ᠠᠵᠤ ᠠᠬᠤᠢ᠎ᠶ᠋ᠢᠨ ᠪᠠᠢᠭᠤᠯᠤᠮᠵᠢ᠂ ᠤᠯᠤᠰ ᠲᠦᠷᠦ᠎ᠶ᠋ᠢᠨ ᠪᠠᠢᠭᠤᠯᠤᠮᠵᠢ᠂ ᠰᠣᠶᠣᠯ᠎ᠤᠨ ᠪᠠᠢᠭᠤᠯᠤᠮᠵᠢ᠂ ᠨᠡᠢᠭᠡᠮ᠎ᠤᠨ ᠪᠠᠢᠭᠤᠯᠤᠮᠵᠢ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠮᠵᠢ ᠪᠣᠯᠤᠨ ᠨᠠᠮ᠎ᠤᠨ ᠪᠠᠢᠭᠤᠯᠤᠯᠲᠠ᠎ᠶ᠋ᠢᠨ ᠲᠦᠷᠢᠮ᠎ᠤᠨ ᠲᠣᠭᠤᠷᠢᠨ᠎ᠳᠤ᠂ ᠠᠯᠢ ᠤᠯᠠᠨ ᠴᠢᠬᠤᠯᠠ ᠶᠡᠭᠡ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ ᠡᠯ᠎ᠡ ᠭᠠᠵᠠᠷ᠎ᠲᠤ ᠶᠠᠭ ᠡᠮᠬᠢ ᠲᠢᠭ᠌ᠯᠢᠮ᠎ᠲᠠᠢ ᠶᠠᠪᠤᠬ᠍ᠳᠠᠵᠤ᠂ 《ᠱᠢᠰᠲ᠋ᠧᠮᠲᠦ ᠴᠢᠨᠠᠷᠲᠠᠢ》 ᠪᠦᠲᠦᠴᠡ᠂ 《ᠭᠦᠨ ᠳᠠᠪᠬᠤᠷᠭ᠎ᠠ》 ᠎ᠶ᠋ᠢᠨ ᠬᠠᠢᠯᠳᠠ᠎ᠶ᠋ᠢᠨ ᠥᠭᠡᠷᠡᠴᠢᠯᠡᠯᠲᠡ ᠨᠡᠭᠡᠭᠡᠯᠳᠠ᠎ᠨᠢ ᠶᠠᠭ ᠬᠦᠴᠦᠷᠬᠡᠭ ᠶᠡᠭᠡ ᠱᠢᠨ᠎ᠡ᠎ᠶ᠋ᠢ ᠡᠭᠦᠳᠬᠦ᠌ ᠡᠨᠧᠷᠭᠢ᠎ᠶ᠋ᠢ ᠪᠠᠳᠠᠷᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠤ ᠪᠠᠢᠨ᠎ᠠ᠃

ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠱᠢᠨ᠎ᠡ ᠬᠠᠭᠤᠳᠠᠰᠤ᠎ᠶ᠋ᠢ ᠡᠷᠢᠯᠬᠢᠯᠡᠵᠦ᠍᠂ ᠥᠭᠡᠷᠡᠴᠢᠯᠡᠯᠲᠡ ᠨᠡᠬᠡᠬᠡᠯᠳᠡ᠎ᠶ᠋ᠢᠨ ᠢᠷᠡᠭᠡᠳᠦᠢ᠎ᠶ᠋ᠢ ᠪᠢᠴᠢᠭ᠌ᠯᠡᠨ᠎ᠡ

7 ᠰᠠᠷ᠎ᠠ᠎ᠶ᠋ᠢᠨ 1 ᠎ᠤ ᠡᠳᠦᠷ᠂ ᠭᠤᠸᠠᠩᠰᠢ᠎ᠶ᠋ᠢᠨ ᠪᠸᠢ ᠪᠦ᠋ ᠸᠠᠨ ᠭᠠᠷᠠᠮ᠎ᠤᠨ ᠤᠯᠠᠨ ᠤᠯᠤᠰ᠎ᠤᠨ ᠭᠠᠷᠠᠮ᠎ᠤᠨ ᠶᠠᠪᠤᠳᠠᠯ᠎ᠤᠨ ᠪᠦᠯᠦᠭ᠌ᠯᠡᠯ 3 ᠲᠦᠮᠡ ᠭᠠᠷᠤᠢ ᠠᠵᠢᠯᠳᠠᠨ ᠠᠵᠢᠯᠴᠢᠨ᠎ᠢ ᠵᠣᠬᠢᠶᠠᠨ ᠪᠠᠢᠭᠤᠯᠵᠤ ᠤᠯᠠᠨ ᠵᠦᠢᠯ᠎ᠤᠨ ᠬᠡᠯᠪᠡᠷᠢ᠎ᠪᠠᠷ ᠭᠠᠷᠠᠮ᠂ ᠠᠭᠤᠷᠬᠠᠢ᠎ᠶ᠋ᠢᠨ ᠬᠤᠳᠳᠤᠭ᠂ ᠦᠢᠯᠡᠳᠪᠦᠷᠢ᠎ᠶ᠋ᠢᠨ ᠲᠣᠭᠤᠷᠢᠭ᠂ ᠦᠢᠯᠡᠳᠪᠦᠷᠢ᠎ᠶ᠋ᠢᠨ ᠲᠠᠰᠤᠭ᠎ᠲᠤ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ᠎ᠤᠨ ᠦᠪᠡᠳᠡᠭ᠌ᠰᠢ ᠪᠠᠢᠳᠠᠯ᠎ᠢ ᠬᠦᠯᠢᠶᠡᠨ ᠠᠪᠴᠤ᠌ ᠦᠵᠡᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠎ᠶ᠋ᠢ ᠰᠣᠨᠣᠰᠴᠤ᠌᠂ ᠢᠷᠡᠭᠡᠳᠦᠢ᠎ᠳᠤ ᠨᠡᠩ ᠢᠲᠡᠭᠡᠯ ᠲᠡᠭᠦᠯᠳᠡᠷ ᠪᠤᠯᠪᠠ᠃

《ᠪᠠᠷᠠᠭᠤᠨ ᠡᠮᠦᠨᠡᠲᠦ᠎ᠶ᠋ᠢᠨ ᠬᠠᠮᠤᠭ᠎ᠤᠨ ᠳᠥᠭᠦᠮ ᠲᠦᠷᠬᠡᠨ ᠳᠠᠯᠠᠢ᠎ᠳᠤ ᠭᠠᠷᠬᠤ ᠭᠠᠷᠠᠮ》 ᠪᠣᠯᠤᠭ᠍ᠰᠠᠨ ᠪᠸᠢ ᠪᠦ᠋ ᠸᠠᠨ ᠭᠠᠷᠠᠮ᠎ᠨᠢ ᠥᠭᠡᠷᠡᠴᠢᠯᠡᠯᠲᠡ ᠨᠡᠬᠡᠬᠡᠯᠳᠡ᠎ᠳᠤ ᠲᠦᠱᠢᠭ᠌ᠯᠡᠵᠤ᠂ ᠡᠳᠦᠭᠡ ᠭᠠᠷᠠᠮ᠎ᠨᠢ ᠬᠦᠭ᠌ᠵᠢᠵᠤ ᠬᠤᠳᠠ᠎ᠨᠢ ᠬᠦᠭ᠌ᠵᠢᠵᠤ ᠠᠵᠤ ᠦᠢᠯᠡᠰ᠎ᠨᠢ ᠨᠡᠩ ᠬᠦᠭ᠌ᠵᠢᠵᠤ᠂ ᠭᠠᠷᠠᠮ᠎ᠤᠨ ᠵᠢᠯ᠎ᠤᠨ ᠪᠣᠳᠠᠲᠠᠢ ᠨᠡᠪᠲᠡᠷᠡᠬᠦ᠌ ᠴᠢᠳᠠᠪᠤᠷᠢ᠎ᠨᠢ ᠪᠠᠷᠤᠭ 3 ᠳ᠋ᠦᠩᠱᠢᠭᠤᠷ ᠲᠣᠨ᠎ᠳᠤ ᠬᠦᠷᠴᠦ᠍᠂ ᠳᠣᠲᠣᠭᠠᠳᠤ ᠭᠠᠳᠠᠭᠠᠳᠤ ᠠᠷᠠᠯᠵᠢᠶᠠᠨ᠎ᠤ ᠠᠶᠠᠯᠠᠯ᠎ᠤᠨ ᠱᠤᠭᠤᠮ᠎ᠨᠢ 50 ᠵᠤᠷᠪᠤᠰ᠎ᠢ ᠳᠠᠪᠠᠵᠤ᠂ ᠪᠦᠬᠦ᠌ ᠪᠥᠮᠪᠥᠷᠴᠡᠭ᠎ᠤᠨ 100 ᠭᠠᠷᠤᠢ ᠤᠯᠤᠰ ᠪᠠ ᠭᠠᠵᠠᠷ ᠣᠷᠣᠨ᠎ᠤ 300 ᠭᠠᠷᠤᠢ ᠭᠠᠷᠠᠮ᠎ᠯᠤᠭ᠎ᠠ ᠨᠡᠪᠲᠡᠷᠡᠵᠦ᠍ ᠪᠤᠢ᠃

《ᠨᠢᠭᠡ ᠪᠦᠰᠡ ᠨᠢᠭᠡ ᠵᠠᠮ》 ᠎ᠢ ᠪᠦᠳᠦᠬᠡᠨ ᠪᠠᠢᠭᠤᠯᠬᠤ᠎ᠶ᠋ᠢ ᠣᠷᠭᠠᠨᠢᠭ᠎ᠢᠶᠠᠷ ᠵᠣᠯᠭᠠᠭᠤᠯᠬᠤ ᠴᠢᠬᠤᠯᠠ ᠡᠬᠦᠳᠡ᠎ᠶ᠋ᠢᠨ ᠡᠭᠦᠷᠭᠡ᠎ᠶ᠋ᠢ ᠡᠭᠦᠷᠭᠡᠯᠡᠵᠦ᠍ ᠪᠠᠢᠭ᠎ᠠ ᠪᠸᠢ ᠪᠦ᠋ ᠸᠠᠨ ᠭᠠᠷᠠᠮ ᠵᠠᠭ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠦᠴᠦᠲᠦ ᠳᠠᠷᠪᠠᠭᠤᠯ᠎ᠢᠶᠠᠨ ᠳᠡᠯᠭᠡᠵᠦ᠍᠂ ᠳᠠᠪᠠᠯᠭᠠᠨ᠎ᠢ ᠵᠦᠰᠦᠨ ᠤᠷᠤᠭ᠍ᠰᠢᠯᠠᠨ᠎ᠠ᠃ ᠪᠸᠢ ᠪᠦ᠋ ᠸᠠᠨ ᠭᠠᠷᠠᠮ᠎ᠤᠨ ᠴᠢᠨᠵᠸᠤ ᠭᠠᠷᠠᠮ᠎ᠤᠨ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠤᠷᠢᠶ᠎ᠠ ᠎ᠶ᠋ᠢᠨ ᠱᠦᠵᠢ᠂ ᠶᠡᠷᠦᠩᠬᠡᠢ ᠳᠠᠭᠠᠭᠠᠮᠠᠯ ᠵᠧᠦ ᠶᠠᠨ᠂ ᠪᠠᠷᠠᠭᠤᠨ ᠣᠷᠣᠨ᠎ᠤ ᠲᠠᠯᠠᠢ ᠬᠠᠭᠤᠷᠠᠢ᠎ᠶ᠋ᠢᠨ ᠱᠢᠨ᠎ᠡ ᠵᠠᠮ᠎ᠤᠨ ᠪᠦᠳᠦᠭᠡᠨ ᠪᠠᠢᠭᠤᠯᠤᠯᠲᠠ᠎ᠳᠤ ᠭᠦᠨᠵᠡᠭᠡᠢ ᠣᠷᠣᠯᠴᠠᠵᠤ᠂ ᠤᠯᠠᠨ ᠤᠯᠤᠰ᠎ᠤᠨ ᠬᠦᠢᠰᠦ ᠲᠠᠯᠠᠢ᠎ᠶ᠋ᠢᠨ ᠭᠠᠷᠠᠮ᠎ᠤᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠤᠨ᠎ᠠ ᠭᠡᠵᠠᠢ᠃

ᠥᠭᠡᠷᠡᠴᠢᠯᠡᠯᠲᠡ ᠨᠡᠭᠡᠭᠡᠯᠳᠡ ᠪᠣᠯ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠬᠤᠪᠢ ᠵᠠᠶᠠᠭ᠎ᠠ᠎ᠶ᠋ᠢ ᠲᠣᠭ᠍ᠲᠠᠭᠠᠬᠤ ᠵᠠᠩᠭᠢᠯᠠᠭ᠎ᠠ᠎ᠶ᠋ᠢᠨ ᠠᠷᠭ᠎ᠠ᠂ ᠮᠦᠨ ᠴᠤ᠌ 《ᠬᠤᠣᠰ ᠵᠠᠭᠤᠨ ᠵᠢᠯ》 ᠎ᠤᠨ ᠲᠡᠮᠡᠴᠡᠯ᠎ᠤᠨ ᠬᠠᠷᠠᠯᠲᠠ᠎ᠶ᠋ᠢ ᠪᠡᠶᠡᠯᠡᠭᠦᠯᠬᠦ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢ ᠲᠣᠭ᠍ᠲᠠᠭᠠᠬᠤ ᠵᠠᠩᠭᠢᠯᠠᠭ᠎ᠠ᠎ᠶ᠋ᠢᠨ ᠠᠷᠭ᠎ᠠ ᠮᠥᠨ᠃

ᠴᠢᠶᠠᠨ ᠬᠠᠢ᠎ᠶ᠋ᠢᠨ ᠬᠠᠮᠢᠶᠠᠷᠤᠯᠲᠠ᠎ᠶ᠋ᠢᠨ  ᠲᠤᠪᠴᠢᠶ᠎ᠠ᠎ᠶ᠋ᠢᠨ ᠥᠭᠡᠷᠡᠴᠢᠯᠡᠯᠲᠡ ᠪᠣᠯᠤᠨ ᠲᠦᠷᠦ᠎ᠶ᠋ᠢᠨ ᠪᠤᠳᠤᠯᠭ᠎ᠠ᠎ᠶ᠋ᠢᠨ ᠱᠢᠨ᠎ᠡ᠎ᠶ᠋ᠢ ᠡᠭᠦᠳᠬᠦ᠌ ᠭᠠᠵᠠᠷ᠎ᠤᠨ ᠳᠡᠳ᠋ ᠳᠠᠷᠤᠭ᠎ᠠ ᠴᠧᠨ ᠴᠧᠩ᠄ 《ᠪᠢᠳᠡ ᠥᠨᠥᠳᠦᠷ᠎ᠤᠨ ᠬᠢᠯᠪᠡᠷ ᠪᠤᠰᠤ᠎ᠪᠠᠷ ᠢᠷᠡᠭ᠌ᠰᠡᠨ ᠥᠭᠡᠷᠡᠴᠢᠯᠡᠯᠲᠡ ᠬᠥᠭ᠌ᠵᠢᠯᠲᠡ᠎ᠶ᠋ᠢᠨ ᠪᠠᠢᠳᠠᠯ᠎ᠢᠶᠠᠨ ᠬᠤᠪᠢ ᠲᠠᠬᠢᠨ ᠨᠠᠨᠳᠢᠩᠨᠠᠵᠤ᠂ ᠥᠭᠡᠷᠡᠴᠢᠯᠡᠯᠲᠡ ᠨᠡᠭᠡᠭᠡᠯᠳᠡ᠎ᠶ᠋ᠢᠨ ᠡᠯ᠎ᠡ ᠵᠦᠢᠯ᠎ᠤᠨ ᠠᠵᠢᠯ᠎ᠳᠤ ᠬᠤᠪᠢ ᠲᠠᠬᠢᠨ ᠴᠢᠷᠮᠠᠢᠨ ᠣᠷᠣᠯᠴᠠᠵᠤ᠂ ᠠᠷᠠᠳ ᠤᠯᠠᠨ᠎ᠲᠠᠢ ᠬᠠᠮᠲᠤ ᠥᠭᠡᠷᠡᠴᠢᠯᠡᠯᠲᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠵᠦ᠍᠂ ᠨᠠᠮ ᠪᠣᠯᠤᠨ ᠤᠯᠤᠰ᠎ᠤᠨ ᠠᠭᠤᠤ ᠶᠡᠭᠡ ᠦᠢᠯᠡᠰ᠎ᠲᠤ ᠦᠷᠭᠦᠯᠵᠢᠯᠡᠨ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃

ᠱᠢᠨ᠎ᠡ ᠴᠠᠭ ᠦᠶ᠎ᠡ᠎ᠳᠤ ᠡᠷᠡᠯᠬᠡᠭ᠌ᠯᠡᠨ ᠤᠷᠤᠭ᠍ᠰᠢᠯᠠᠭ᠎ᠠ ᠳᠤᠮᠳᠠᠳᠤ᠎ᠶ᠋ᠢᠨ ᠦᠨᠳᠦᠰᠦᠲᠡᠨ ᠯᠠᠪᠳᠠᠶ᠎ᠠ ᠳᠠᠰᠤᠷᠠᠯᠳᠠ ᠦᠬᠡᠢ ᠭᠦᠨᠵᠡᠭᠡᠢᠷᠡᠵᠦ᠍ ᠪᠠᠢᠭ᠎ᠠ ᠥᠭᠡᠷᠡᠴᠢᠯᠡᠯᠲᠡ ᠨᠡᠬᠡᠬᠡᠯᠳᠡ᠎ᠶ᠋ᠢᠨ ᠠᠬᠢᠴᠠ ᠳᠤᠮᠳᠠ ᠬᠦᠰᠡᠯ ᠵᠡᠭᠦᠳᠦ᠎ᠪᠠᠨ ᠲᠡᠷᠭᠡᠯᠱᠢᠭᠦᠯᠦᠨ᠎ᠠ!

(ᠰᠤᠷᠪᠤᠯᠵᠢᠯᠠᠭ᠍ᠴᠢ᠄ ᠰᠦᠨ ᠹᠸᠢ; ᠣᠷᠣᠯᠴᠠᠭ᠍ᠰᠠᠨ ᠰᠤᠷᠪᠤᠯᠵᠢᠯᠠᠭ᠍ᠴᠢ᠄ ᠦ᠋ ᠮᠤᠤ ᠾᠦᠢ ᠴᠧᠨ ᠬᠤᠤ ᠯᠢ ᠵᠧᠩ ᠢᠦᠢ ᠶᠧ ᠲᠦᠩ ᠫᠠᠨ ᠴᠢᠶᠠᠩ)

(ᠱᠢᠨᠬᠤᠸᠠ ᠬᠤᠷᠢᠶᠠᠨ᠎ᠤ ᠪᠡᠭᠡᠵᠢᠩ᠎ᠤᠨ 7 ᠰᠠᠷ᠎ᠠ᠎ᠶ᠋ᠢᠨ 6 ᠎ᠤ ᠴᠠᠬᠢᠯᠭᠠᠨ ᠮᠡᠳᠡᠭᠡ᠎ᠠᠴᠠ)

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠱᠢᠨᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号