ᠦᠤᠱᠢᠨ ᠬᠤᠱᠢᠭᠤᠨ᠎ᠳᠤ ᠶᠡᠷᠣᠩᠬᠡᠢ ᠱᠥᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶ᠎ᠠ᠎ᠶ᠋ᠢᠨ ᠵᠣᠷᠢᠬ ᠰᠠᠨᠠᠭ᠎ᠠ᠎ᠶ᠋ᠢ ᠰᠣᠷᠣᠯᠴᠠᠬᠤ ᠬᠠᠯᠠᠭᠤᠨ ᠥᠷᠨᠢᠯᠳᠡ ᠭᠠᠷᠴᠥ᠍ ᠪᠣᠢ
2021-08-01 16:35:10
ᠵᠣᠬᠢᠶᠠᠭ᠍ᠴᠢ᠄
ᠡᠷᠳᠡᠨᠢᠵᠢᠷᠭᠠᠯ ᠪᠠᠶᠠᠨᠳᠠᠯᠠᠢ ᠤᠷᠴᠢᠯᠠᠩ
ᠣᠩᠱᠢᠭ᠍ᠰᠠᠨ ᠣᠳᠠᠭ᠎ᠠ᠄
★★★☆☆

ᠥᠢᠷ᠎ᠠ᠎ᠳᠤ᠂ ᠦᠤᠱᠢᠨ ᠬᠤᠱᠢᠭᠤᠨ᠎ᠤ ᠡᠯ᠎ᠠ ᠱᠠᠳᠣᠨ᠎ᠤ ᠡᠯ᠎ᠠ ᠡᠳᠡᠬᠡᠳ᠎ᠤᠨ ᠺᠠᠳ᠋ᠷ ᠠᠵᠢᠯᠳᠠᠨ᠂ ᠮᠠᠯᠴᠢᠨ ᠲᠠᠷᠢᠶᠠᠴᠢᠳ᠎ᠤᠨ ᠲᠤᠮᠳᠠ ᠶᠡᠷᠣᠩᠬᠡᠢ ᠱᠥᠵᠢ ᠰᠢ᠎ᠶ᠋ᠢᠨ ᠫᠢᠩ᠎ᠤᠨ ᠲᠤᠮᠲᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠲᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠬᠤᠷᠠᠯ ᠲᠡᠭᠡᠷᠡᠬᠢ ᠴᠢᠬᠤᠯᠠ ᠶᠠᠷᠢᠶ᠎ᠠ᠎ᠶ᠋ᠢᠨ ᠵᠣᠷᠢᠬ ᠰᠠᠨᠠᠭ᠎ᠠ᠎ᠶ᠋ᠢ ᠰᠣᠷᠣᠯᠴᠠᠬᠤ ᠬᠠᠯᠠᠭᠤᠨ ᠥᠷᠨᠢᠯᠳᠡ ᠭᠠᠷᠴᠥ᠍᠂ ᠲᠤᠰ ᠬᠤᠱᠢᠭᠤᠨ᠎ᠤ ᠡᠯ᠎ᠡ ᠱᠠᠲᠤᠨ᠎ᠤ ᠺᠠᠳ᠋ᠷ ᠠᠵᠢᠯᠲᠠᠨ ᠮᠠᠯᠴᠢᠨ ᠲᠠᠷᠢᠶᠡᠴᠢᠳ ᠤᠭ ᠰᠠᠨᠠᠭ᠎ᠠ᠎ᠪᠠᠨ ᠦᠯᠦ᠍ ᠮᠠᠷᠲᠠᠨ ᠡᠬᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠤᠯᠠᠨ ᠲᠦᠮᠡᠨ᠎ᠳᠤ ᠪᠤᠲᠠᠲᠤ ᠠᠵᠢᠯ ᠬᠢᠵᠦ᠍ ᠠᠷᠠᠳ ᠲᠦᠮᠡᠨ᠎ᠤ ᠲᠦᠯᠦᠭᠡ ᠬᠦᠴᠦᠨ ᠴᠢᠲᠠᠯ᠎ᠢᠶᠠᠨ ᠬᠠᠷᠠᠮ ᠦᠭᠡᠢ ᠦᠵᠡᠭᠦᠯᠦᠨ᠎ᠡ ᠭᠡᠵᠡᠬᠡᠵᠣ ᠪᠠᠢᠯ᠎ᠠ᠃

ᠦᠤᠱᠢᠨ ᠬᠤᠱᠢᠭᠤᠨ᠎ᠤ ᠭᠠᠯᠠᠭᠤᠲᠤ ᠪᠠᠯᠭᠠᠰᠤᠨ᠎ᠤ ᠨᠠᠨᠲᠢᠨ ᠨᠡᠢᠬᠡᠮ ᠲᠤᠭᠤᠷᠢᠭ ᠪᠤᠯ ᠤᠯᠠᠨ ᠦᠨᠲᠤᠰᠤᠲᠠᠨ᠎ᠢᠶᠠᠷ ᠪᠦᠷᠢᠯᠲᠤᠭ᠌ᠰᠡᠨ ᠲᠤᠮᠤ ᠭᠡᠷ ᠪᠦᠯᠢ᠂ 9000 ᠭᠠᠷᠤᠢ ᠡᠷᠦᠬᠡ᠂ 3 ᠲᠦᠮᠡ ᠭᠠᠷᠤᠢ ᠬᠦᠮᠦᠨ᠎ᠲᠠᠢ᠂ ᠮᠤᠩᠭᠤᠯ᠂ ᠬᠢᠲᠡᠳ᠂ ᠬᠤᠲᠤᠩ᠂ ᠲᠦᠪᠡᠳ᠂ ᠰᠤᠯᠤᠩᠭᠤᠰ ᠵᠡᠷᠭᠡ ᠦᠨᠲᠤᠰᠦᠲᠠᠨ ᠬᠠᠮᠲᠤ ᠠᠮᠢᠲᠤᠷᠠᠵᠥ᠍ ᠪᠠᠢᠭ᠎ᠠ ᠨᠡᠢᠬᠡᠮ ᠲᠤᠭᠤᠷᠢᠭ ᠪᠤᠯᠤᠨ᠎ᠠ᠃ ᠲᠤᠭᠤᠷᠢᠭ᠎ᠤᠨ ᠺᠠᠳ᠋ᠷ ᠠᠵᠢᠯᠲᠠᠳ ᠶᠡᠷᠦᠩᠭᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶ᠎ᠠ᠎ᠶ᠋ᠢ ᠠᠮᠢᠲᠤᠯᠢᠭ᠎ᠢᠶᠠᠷ ᠰᠤᠷᠤᠯᠴᠠᠨ᠂ ᠪᠤᠲᠠᠲᠤ ᠦᠢᠯᠡ ᠶᠠᠪᠤᠲᠠᠯ᠎ᠲᠠᠢ᠎ᠪᠠᠨ ᠤᠶᠠᠯᠲᠤᠭᠤᠯᠵᠦ᠍᠂ ᠨᠠᠮ᠎ᠤᠨ ᠵᠢᠭᠠᠪᠤᠷᠢ᠎ᠶ᠋ᠢ ᠰᠤᠨᠤᠰᠤᠨ᠂ ᠨᠠᠮ᠎ᠢᠶᠠᠨ ᠲᠠᠭᠠᠵᠦ᠍ ᠤᠷᠤᠭ᠍ᠰᠢᠯᠡᠵᠦ᠍ ᠪᠠᠢᠨ᠎ᠠ᠃ ᠳᠣᠰ ᠲᠤᠭᠤᠷᠢᠭ᠎ᠤᠨ ᠨᠠᠮ᠎ᠤᠨ ᠡᠭᠦᠷ᠎ᠤᠨ ᠱᠦᠵᠢ ᠭᠠᠨᠳᠢᠭ᠄ 《ᠨᠡᠢᠬᠡᠮ ᠲᠤᠭᠤᠷᠢᠭ᠎ᠤᠨ ᠱᠦᠵᠢ ᠪᠤᠯᠤᠭ᠍ᠰᠠᠨ᠎ᠤ ᠬᠤᠪᠢ᠎ᠳᠤ ᠤᠭ ᠰᠠᠨᠠᠭ᠎ᠠ᠎ᠪᠠᠨ ᠦᠯᠦ᠍ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠲᠡᠭᠡᠲᠦ ᠱᠠᠲᠤᠨ᠎ᠤ ᠨᠠᠮ ᠵᠠᠰᠠᠭ᠎ᠤᠨ ᠵᠦᠪ ᠤᠲᠤᠷᠢᠲᠤᠯᠭ᠎ᠠ ᠲᠤᠤᠷ᠎ᠠ ᠠᠵᠢᠯ᠎ᠢᠶᠠᠨ ᠨᠡᠩ ᠰᠠᠢᠨ ᠬᠢᠵᠦ᠍᠂ ᠨᠡᠢᠬᠡᠮ ᠲᠤᠭᠤᠷᠢᠭ᠎ᠤᠨ ᠰᠠᠭᠤᠭᠠᠯᠢ ᠠᠷᠠᠳ᠎ᠲᠠᠭᠠᠨ ᠨᠡᠩ ᠰᠠᠢᠨ ᠪᠤᠲᠠᠲᠠᠢ ᠠᠵᠢᠯ ᠬᠢᠵᠦ᠍᠂ ᠨᠢᠭᠡᠨ ᠲᠦᠪ ᠭᠤᠤᠯᠴᠢ᠂ ᠡᠶ᠎ᠡ ᠵᠤᠬᠢᠴᠠᠩᠭᠤᠢ᠂ ᠪᠤᠯᠪᠠᠰᠤᠨ ᠨᠡᠢᠬᠡᠮ ᠲᠤᠭᠤᠷᠢᠭ᠎ᠢ ᠪᠦᠲᠦᠭᠡᠨ ᠪᠠᠢᠭᠤᠯᠬᠤ᠎ᠪᠠᠷ ᠴᠢᠷᠮᠡᠢᠨ ᠠᠵᠢᠯᠯᠠᠨ᠎ᠠ》 ᠬᠡᠵᠣ ᠢᠳᠡᠬᠡᠯ ᠲᠡᠬᠦᠯᠳᠡᠷ ᠬᠡᠯᠡᠯ᠎ᠠ᠃

ᠦᠢᠷ᠎ᠠ᠎ᠶ᠋ᠢᠨ ᠵᠢᠯ᠂ ᠰᠦᠯᠲᠡ ᠰᠤᠮᠤᠨ᠎ᠤ ᠲᠠᠯ᠎ᠠ᠎ᠶ᠋ᠢᠨ ᠤᠰᠤ ᠭᠠᠴᠠᠭ᠎ᠠ ᠨᠠᠮ ᠵᠠᠰᠠᠭ᠎ᠤᠨ ᠵᠦᠪ ᠤᠲᠤᠷᠢᠲᠤᠯᠭ᠎ᠠ ᠲᠤᠤᠷ᠎ᠠ ᠬᠠᠮᠲᠤ᠎ᠶ᠋ᠢᠨ ᠠᠵᠦ᠍ ᠠᠬᠤᠢ᠎ᠶ᠋ᠢ ᠬᠦᠭ᠌ᠵᠢᠭᠦᠯᠵᠦ᠍᠂ ᠠᠷᠠᠳ᠎ᠤᠨ ᠠᠮᠢᠳᠣᠷᠠᠯ᠎ᠢ ᠳᠥᠷᠬᠡᠨ ᠰᠠᠢᠵᠢᠷᠠᠭᠤᠯᠵᠥ᠍᠂ 2018 ᠤᠨ᠎ᠳᠤ᠂ ᠬᠠᠶᠠᠭ᠍ᠲᠠᠮᠠᠯ ᠮᠤᠲᠤ᠌᠂ ᠲᠠᠷᠢᠶᠠᠨ ᠡᠰᠢ ᠰᠥᠷᠡᠯ ᠵᠡᠷᠭᠡ᠎ᠪᠠᠷ ᠲᠦᠭᠦᠬᠡᠢ ᠡᠳ᠋ ᠪᠤᠯᠭᠠᠠ᠂ ᠤᠷᠭᠠᠨᠢᠭ ᠪᠤᠷᠲᠤᠭᠤᠷ᠎ᠤᠨ ᠦᠢᠯᠡᠳᠪᠦᠷᠢ ᠪᠠᠢᠭᠤᠯᠵᠦ᠍ ᠭᠠᠴᠠᠭᠠᠨ᠎ᠤ ᠬᠠᠮᠲᠦ᠎ᠶ᠋ᠢᠨ ᠠᠵᠦ᠍ ᠠᠬᠤᠢ᠎ᠶ᠋ᠢ ᠵᠢᠯ ᠪᠥᠷᠢ 30 ᠳᠥᠮᠡᠨ ᠳᠥᠬᠦᠷᠢᠭ᠎ᠤᠨ ᠤᠷᠤᠯᠭ᠎ᠠ᠎ᠲᠠᠢ ᠪᠤᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号