ᠲᠡᠦᠬᠡ᠎ᠪᠠᠷ ᠲᠤᠯᠢ ᠪᠣᠯᠭᠠᠵᠤ᠂ ᠢᠷᠡᠭᠡᠳᠦᠢ᠎ᠶ᠋ᠢ ᠨᠡᠭᠡᠭᠡᠬᠦ᠌᠎ᠳᠤ ᠡᠷᠬᠡᠪᠰᠢ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠡᠭᠡ ᠪᠦᠯᠬᠦᠮᠳᠡᠯ᠎ᠢ ᠴᠢᠩᠭᠠᠳᠭᠠᠬᠤ ᠬᠡᠷᠡᠭ᠌ᠲᠡᠢ᠃ ᠵᠠᠭᠤᠨ ᠵᠢᠯ᠎ᠤᠨ ᠲᠡᠮᠡᠴᠡᠯ᠎ᠤᠨ ᠲᠡᠦᠬᠡᠨ ᠶᠠᠪᠤᠴᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠢᠮᠠᠭ᠍ᠲᠠ ᠨᠢᠭᠡᠳᠦᠮᠡᠯ ᠹᠷᠣᠨᠲ᠎ᠢ ᠴᠢᠬᠤᠯᠠ ᠪᠠᠢᠷᠢᠨ᠎ᠳᠤ ᠲᠠᠯᠪᠢᠵᠤ᠂ ᠬᠠᠮᠤᠭ᠎ᠤᠨ ᠥᠷᠭᠡᠨ ᠳᠡᠯᠭᠡᠷ ᠨᠢᠭᠡᠳᠦᠮᠡᠯ ᠹᠷᠣᠨᠲ᠎ᠢ ᠲᠠᠰᠤᠷᠠᠯᠲᠠ ᠥᠬᠡᠶ ᠪᠠᠬᠢᠵᠢᠭᠦᠯᠦᠨ ᠬᠥᠭ᠌ᠵᠢᠭᠦᠯᠵᠦ᠍᠂ ᠪᠦᠯᠬᠦᠮᠳᠡᠵᠦ᠍ ᠪᠣᠯᠬᠤ ᠬᠦᠴᠦᠨ ᠪᠦᠬᠦᠨ᠎ᠲᠠᠢ ᠪᠦᠯᠬᠦᠮᠳᠡᠵᠦ᠍᠂ ᠳᠠᠢᠴᠢᠯᠠᠵᠤ ᠪᠣᠯᠬᠤ ᠢᠳᠡᠪᠬᠢ ᠬᠦᠴᠦᠨ ᠵᠦᠢᠯ ᠪᠦᠬᠦᠨ᠎ᠢ ᠳᠠᠢᠴᠢᠯᠠᠵᠤ᠂ ᠬᠠᠮᠲᠤ᠎ᠪᠠᠷ ᠲᠡᠮᠡᠴᠡᠬᠦ᠌ ᠬᠦᠴᠦᠨ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠨᠢᠭ᠍ᠲᠠᠷᠠᠭᠤᠯᠪᠠ᠃ ᠤᠯᠤᠰ᠎ᠢᠶᠠᠨ ᠬᠠᠢᠷᠠᠯᠠᠬᠤ ᠨᠢᠭᠡᠳᠦᠮᠡᠯ ᠹᠷᠣᠨᠲ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠤᠯᠤᠰ᠎ᠤᠨ ᠳᠣᠲᠣᠭᠠᠳᠤ ᠭᠠᠳᠠᠭᠠᠳᠤ᠎ᠳᠠᠬᠢ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠢ ᠪᠦᠯᠬᠦᠮᠳᠡᠭᠦᠯᠦᠨ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠴᠢᠬᠤᠯᠠ ᠡᠷᠳᠡᠨᠢ ᠮᠥᠨ᠃

ᠱᠢᠨ᠎ᠡ ᠠᠶᠠᠨ᠎ᠳᠠᠭᠠᠨ᠂ ᠪᠢᠳᠠ ᠡᠷᠬᠡᠪᠰᠢ ᠶᠡᠭᠡ ᠪᠦᠯᠬᠦᠮᠳᠡᠯ ᠶᠡᠭᠡ ᠬᠤᠯᠪᠣᠭᠠᠯᠠᠯ᠎ᠢ ᠪᠠᠷᠢᠮᠲᠠᠯᠠᠵᠤ᠂ ᠨᠢᠭᠡᠳᠦᠯᠲᠦ ᠴᠢᠨᠠᠷ ᠪᠣᠯᠤᠨ ᠤᠯᠠᠨ ᠶᠠᠩᠵᠤᠲᠤ ᠴᠢᠨᠠᠷ᠎ᠤᠨ ᠨᠢᠭᠡᠳᠦᠯ᠎ᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ᠎ᠪᠠᠷ ᠬᠦᠲᠦᠯᠦᠨ ᠳᠠᠭᠠᠭᠤᠯᠬᠤ᠎ᠶ᠋ᠢ ᠴᠢᠩᠭᠠᠳᠭᠠᠵᠤ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠠᠷ ᠨᠢᠭ᠍ᠲᠠᠷᠠᠭᠤᠯᠵᠤ᠂ ᠳᠡᠯᠡᠬᠡᠢ ᠳ᠋ᠠᠬᠢᠨ᠎ᠤ ᠡᠷᠳᠡᠮᠲᠡᠨ ᠴᠢᠳᠠᠪᠤᠷᠢᠲᠠᠨ᠎ᠢ ᠥᠷᠭᠡᠨ᠎ᠢᠶᠠᠷ ᠴᠤᠭ᠍ᠯᠠᠭᠤᠯᠵᠤ᠂ ᠬᠠᠮᠤᠭ᠎ᠤᠨ ᠶᠡᠭᠡ ᠶᠡᠷᠦᠩᠬᠡᠢ ᠬᠤᠷᠢᠶᠠᠭ᠍ᠴᠢ ᠲᠤᠭ᠎ᠠ᠎ᠶ᠋ᠢ ᠴᠢᠷᠮᠠᠢᠨ ᠡᠷᠢᠯᠬᠢᠯᠡᠵᠦ᠍᠂ ᠬᠠᠮᠤᠭ᠎ᠤᠨ ᠶᠡᠭᠡ ᠢᠵᠢᠯᠢ ᠲᠥᠪ᠎ᠲᠦ ᠲᠣᠭᠤᠷᠢᠭ᠎ᠢ ᠵᠢᠷᠤᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠤᠨ ᠰᠡᠳᠭᠢᠯ᠎ᠢᠶᠠᠨ ᠨᠢᠭᠡᠳᠭᠡᠨ ᠬᠦᠴᠦ᠎ᠪᠠᠨ ᠬᠠᠮᠲᠤᠳᠭᠠᠬᠤ ᠠᠮᠢᠳᠤᠯᠢᠭ ᠪᠠᠢᠳᠠᠯ᠎ᠢ ᠪᠦᠷᠢᠯᠳᠦᠭᠦᠯᠵᠦ᠍᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠠᠤᠭ᠎ᠠ ᠶᠡᠭᠡ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ!
【 ᠲᠤᠰᠭᠠᠶ ᠮᠡᠷᠭᠡᠵᠢᠯᠲᠡᠨ᠎ᠤ ᠲᠠᠢᠯᠤᠮᠵᠢ 】
ᠱᠢᠨ᠎ᠡ ᠠᠶᠠᠯᠠᠯ᠎ᠢᠶᠠᠨ ᠡᠬᠢᠯᠡᠭᠦᠯᠵᠦ᠍ ᠰᠡᠷᠭᠦᠨ ᠮᠠᠨᠳᠤᠯᠲᠠ᠎ᠶ᠋ᠢᠨ ᠬᠦᠰᠡᠯ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠦᠶᠠ
● ᠯᠢ ᠵᠢᠶᠦ᠋ᠨ ᠬᠤ᠌
《ᠤᠯᠤᠰ᠎ᠢᠶᠠᠨ ᠬᠠᠢᠷᠠᠯᠠᠬᠤ ᠨᠢᠭᠡᠳᠦᠮᠡᠯ ᠹᠷᠣᠨᠲ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠤᠯᠤᠰ᠎ᠤᠨ ᠳᠣᠲᠣᠭᠠᠳᠤ ᠭᠠᠳᠠᠭᠠᠳᠤ᠎ᠳᠠᠬᠢ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠢ ᠪᠦᠯᠬᠦᠮᠲᠡᠭᠦᠯᠦᠨ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠴᠢᠬᠤᠯᠠ ᠡᠷᠳᠡᠨᠢ ᠮᠥᠨ᠃》 ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶ᠋ᠢᠨ ᠫᠢᠩ ᠮᠠᠨ᠎ᠤ ᠨᠠᠮ᠎ᠤᠨ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠵᠠᠭᠤᠨ ᠵᠢᠯ ᠲᠡᠮᠡᠴᠡᠭ᠌ᠰᠡᠨ ᠠᠭᠤᠤ ᠶᠡᠭᠡ ᠲᠡᠦᠬᠡᠨ ᠶᠠᠪᠤᠴᠠ ᠪᠣᠯᠤᠨ ᠠᠭᠤᠤ ᠭᠠᠪᠢᠶ᠎ᠠ ᠠᠤᠭ᠎ᠠ ᠵᠢᠳᠬᠦᠯ᠎ᠢ ᠭᠦᠨ ᠰᠡᠳᠭᠢᠯᠭᠡ᠎ᠲᠠᠢ᠎ᠪᠠᠷ ᠡᠷᠭᠢᠴᠡᠭᠦᠯᠦᠨ ᠱᠢᠰᠲ᠋ᠧᠮ᠎ᠲᠠᠢ ᠳ᠋ᠦᠩᠨᠡᠵᠦ᠍᠂ ᠲᠡᠦᠬᠡ᠎ᠪᠠᠷ ᠲᠤᠯᠢ ᠪᠣᠯᠭᠠᠵᠤ᠂ ᠢᠷᠡᠭᠡᠳᠦᠢ᠎ᠶ᠋ᠢ ᠨᠡᠭᠡᠭᠡᠬᠦ᠌᠎ᠳᠤ᠂ ᠡᠷᠬᠡᠪᠰᠢ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠡᠭᠡ ᠪᠦᠯᠬᠦᠮᠳᠡᠯ᠎ᠢ ᠴᠢᠩᠭᠠᠳᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠡᠨᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠤᠮᠳᠠᠳᠤ᠎ᠶ᠋ᠢᠨ ᠦᠨᠳᠦᠰᠦᠲᠡᠨ᠎ᠤ ᠬᠡᠳᠦᠨ ᠮᠢᠩᠭᠠᠨ ᠵᠢᠯ᠎ᠤᠨ ᠪᠦᠯᠬᠦᠮᠳᠡᠨ ᠲᠡᠮᠡᠴᠡᠭ᠌ᠰᠡᠨ ᠢᠷᠠᠭᠤ ᠠᠯᠳᠠᠷᠲᠤ ᠤᠯᠠᠮᠵᠢᠯᠠᠯ᠎ᠢ ᠤᠬᠠᠮᠰᠠᠷ᠎ᠠᠴᠠ᠎ᠪᠠᠨ ᠵᠠᠯᠭᠠᠮᠵᠢᠯᠠᠭ᠍ᠰᠠᠨ ᠶᠠᠪᠤᠳᠠᠯ ᠪᠣᠯᠬᠤ ᠪᠥᠭᠡᠳ ᠨᠡᠩ ᠴᠤ᠌ ᠱᠢᠨ᠎ᠡ ᠠᠶᠠᠯᠠᠯ᠎ᠢᠶᠠᠨ ᠡᠬᠢᠯᠡᠭᠦᠯᠵᠦ᠍᠂ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠡᠭᠡ ᠪᠦᠯᠬᠦᠮᠳᠡᠯ᠎ᠤᠨ ᠠᠤᠭ᠎ᠠ ᠶᠡᠭᠡ ᠲᠡᠮᠡᠴᠡᠯ᠎ᠤᠨ ᠬᠦᠴᠦᠨ᠎ᠢ ᠨᠢᠭ᠍ᠲᠠᠷᠠᠭᠤᠯᠤᠭ᠍ᠰᠠᠨ ᠴᠠᠭ ᠦᠶ᠎ᠡ᠎ᠶ᠋ᠢᠨ ᠪᠦᠷᠢᠶ᠎ᠡ ᠮᠥᠨ᠃
ᠪᠦᠯᠬᠦᠮᠲᠡᠯ ᠪᠤᠯ ᠲᠡᠮᠦᠷ᠂ ᠪᠦᠯᠬᠦᠮᠲᠡᠯ ᠪᠤᠯ ᠪᠤᠯᠤᠳ᠂ ᠪᠦᠯᠬᠦᠮᠲᠡᠯ ᠪᠤᠯ ᠬᠦᠴᠦᠨ ᠮᠦᠨ᠃ ᠪᠦᠯᠬᠦᠮᠳᠡᠯ ᠪᠣᠯ ᠳᠤᠮᠳᠠᠳᠤ ᠤᠯᠤᠰ᠎ᠤᠨ ᠠᠷᠠᠳ ᠲᠦᠮᠡᠨ ᠪᠠ ᠳᠤᠮᠳᠠᠳᠤ᠎ᠶ᠋ᠢᠨ ᠦᠨᠳᠦᠰᠦᠲᠡᠨ᠎ᠤ ᠤᠷᠤᠭ᠍ᠰᠢᠯᠠᠯᠲᠠ᠎ᠶ᠋ᠢᠨ ᠵᠠᠮ᠎ᠳᠠᠬᠢ ᠠᠯᠢᠪᠠ ᠠᠶᠤᠯ ᠲᠦᠭ᠌ᠰᠢᠭᠦᠷᠢ ᠥᠷᠢᠰᠥᠯᠳᠦᠭᠡᠨ᠎ᠢ ᠢᠯᠠᠨ ᠳᠠᠪᠠᠵᠤ᠂ ᠢᠯᠠᠯᠲᠠ᠎ᠠᠴᠠ ᠱᠢᠨ᠎ᠡ ᠢᠯᠠᠯᠲᠠ ᠲᠡᠢᠰᠢ ᠲᠠᠰᠤᠷᠠᠯᠳᠠ ᠦᠭᠡᠢ ᠤᠷᠤᠭ᠍ᠰᠢᠯᠠᠬᠤ᠎ᠶ᠋ᠢᠨ ᠴᠢᠬᠤᠯᠠ ᠪᠠᠲᠤᠯᠠᠭ᠎ᠠ ᠮᠥᠨ᠃ ᠳᠤᠮᠳᠠᠳᠤ ᠤᠯᠤᠰ᠎ᠤᠨ ᠠᠷᠠᠳ ᠲᠦᠮᠡᠨ ᠡᠷᠲᠡᠨ᠎ᠠᠴᠠ ᠠᠪᠤᠭᠠᠳ ᠪᠦᠯᠬᠦᠮᠳᠡᠨ ᠨᠢᠭᠡᠳᠴᠦ᠍᠂ ᠲᠦᠮᠡᠨ ᠤᠯᠠᠨ᠎ᠢᠶᠠᠷ᠎ᠢᠶᠠᠨ ᠲᠡᠮᠤᠷ ᠬᠡᠷᠡᠮ ᠮᠡᠳᠤ ᠪᠤᠯᠵᠤ ᠨᠢᠭ᠍ᠲᠠᠷᠠᠭ᠍ᠰᠠᠨ ᠶᠤᠮ᠂ ᠥᠷᠭᠡᠨ ᠠᠭᠤᠳᠠᠮ ᠨᠤᠲᠤᠭ ᠳᠡᠪᠢᠰᠭᠡᠷ᠎ᠢ ᠦᠨᠳᠦᠰᠦᠲᠡᠨ᠎ᠨᠦᠭᠦᠳ ᠬᠠᠮᠲᠤ᠎ᠪᠠᠷ ᠨᠡᠭᠡᠭᠡᠭ᠌ᠰᠡᠨ ᠶᠤᠮ᠂ ᠥᠨᠢ ᠤᠳᠠᠭᠠᠨ ᠲᠡᠦᠬᠡ᠎ᠶ᠋ᠢ ᠦᠨᠳᠦᠰᠦᠲᠡᠨ᠎ᠨᠦᠭᠦᠳ ᠬᠠᠮᠲᠤ᠎ᠪᠠᠷ ᠪᠢᠴᠢᠭ᠌ᠯᠡᠭ᠌ᠰᠡᠨ ᠶᠤᠮ᠂ ᠭᠡᠷᠡᠯ ᠰᠠᠴᠤᠷᠠᠩᠭᠤᠢ ᠰᠣᠶᠣᠯ᠎ᠢ ᠦᠨᠳᠦᠰᠦᠲᠡᠨ᠎ᠨᠦᠭᠦᠳ ᠬᠠᠮᠲᠤ᠎ᠪᠠᠷ ᠡᠭᠦᠳᠦᠭ᠌ᠰᠡᠨ ᠶᠤᠮ᠂ ᠠᠭᠤᠤ ᠶᠡᠭᠡ ᠵᠣᠷᠢᠭ ᠰᠠᠨᠠᠭ᠎ᠠ᠎ᠶ᠋ᠢ ᠦᠨᠳᠦᠰᠦᠲᠡᠨ᠎ᠨᠦᠭᠦᠳ ᠬᠠᠮᠲᠤ᠎ᠪᠠᠷ ᠪᠤᠢᠵᠢᠭᠤᠯᠤᠭ᠍ᠰᠠᠨ ᠶᠤᠮ᠃ ᠤᠢ᠍ᠢᠷ᠎ᠠ ᠦᠶ᠎ᠡ᠎ᠠᠴᠠ ᠨᠠᠭᠠᠰᠢ᠂ ᠳᠤᠮᠳᠠᠳᠤ ᠤᠯᠤᠰ ᠠᠯᠬᠤᠮ ᠠᠯᠬᠤᠮ᠎ᠢᠶᠠᠷ ᠬᠠᠭᠠᠰ ᠺᠣᠯᠣᠨᠢ ᠬᠠᠭᠠᠰ ᠹᠸᠤᠳᠠᠯ᠎ᠤᠨ ᠨᠡᠢᠭᠡᠮ᠎ᠳᠤ ᠣᠷᠣᠵᠤ᠂ ᠳᠤᠮᠳᠠᠳᠤ᠎ᠶ᠋ᠢᠨ ᠦᠨᠳᠦᠰᠦᠲᠡᠨ ᠮᠥᠬᠦᠵᠦ᠍ ᠰᠡᠬᠡᠬᠦ᠌ ᠠᠶᠤᠯ᠎ᠳᠤ ᠲᠤᠯᠭᠠᠷᠠᠵᠤ᠂ ᠮᠥᠬᠦᠯ᠎ᠠᠴᠠ ᠠᠪᠤᠷᠠᠨ ᠣᠷᠣᠱᠢᠨ ᠲᠣᠭ᠍ᠲᠠᠨᠢᠬᠤ᠂ ᠨᠤᠭᠤᠷᠠᠰᠢ ᠦᠭᠡᠢ ᠲᠡᠮᠡᠴᠡᠬᠦ᠌ ᠠᠭᠤᠤ ᠶᠡᠭᠡ ᠶᠠᠪᠤᠴᠠ᠎ᠳᠤ᠂ ᠲᠡᠦᠬᠡ ᠪᠣᠯᠤᠨ ᠠᠷᠠᠳ ᠲᠦᠮᠡᠨ ᠡᠴᠦᠰ᠎ᠲᠡᠭᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠰᠣᠩᠭᠤᠵᠠᠢ᠃
ᠵᠠᠭᠤᠨ ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠢᠮᠠᠭ᠍ᠲᠠ ᠡᠷᠡᠰ ᠪᠠᠲᠤ ᠬᠦᠰᠡᠯᠡᠩ ᠢᠲᠡᠭᠡᠯ ᠪᠢᠱᠢᠷᠡᠯ᠎ᠢᠶᠠᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠵᠦ᠍᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ᠎ᠶ᠋ᠢᠨ ᠦᠨᠳᠦᠰᠦᠲᠡᠨ᠎ᠤ ᠪᠣᠰᠴᠤ᠌ ᠵᠣᠭ᠍ᠰᠣᠭ᠍ᠰᠠᠨ᠂ ᠪᠠᠶᠠᠵᠢᠬ᠍ᠰᠠᠨᠠᠴᠠ ᠬᠦᠴᠦᠷᠬᠡᠭ᠌ᠵᠢᠭ᠌ᠰᠡᠨ ᠠᠭᠤᠤ ᠶᠡᠭᠡ ᠦᠰᠦᠷᠦᠯᠲᠡ᠎ᠶ᠋ᠢ ᠪᠡᠶᠡᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠠᠵᠢᠯ ᠪᠤᠴᠠᠰᠢ ᠦᠭᠡᠢ ᠲᠡᠦᠬᠡᠨ ᠠᠬᠢᠴᠠ᠎ᠳᠤ ᠣᠷᠣᠪᠠ! ᠵᠠᠭᠤᠨ ᠵᠢᠯ᠎ᠤᠨ ᠲᠡᠮᠡᠴᠡᠯ᠎ᠤᠨ ᠲᠡᠦᠬᠡᠨ ᠶᠠᠪᠤᠴᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠢᠮᠠᠭ᠍ᠲᠠ ᠨᠢᠭᠡᠳᠦᠮᠡᠯ ᠹᠷᠣᠨᠲ᠎ᠢ ᠴᠢᠬᠤᠯᠠ ᠪᠠᠢᠷᠢᠨ᠎ᠳᠤ ᠲᠠᠯᠪᠢᠵᠤ᠂ ᠬᠠᠮᠤᠭ᠎ᠤᠨ ᠥᠷᠭᠡᠨ ᠳᠡᠯᠭᠡᠷ ᠨᠢᠭᠡᠳᠦᠮᠡᠯ ᠹᠷᠣᠨᠲ᠎ᠢ ᠲᠠᠰᠤᠷᠠᠯᠲᠠ ᠥᠬᠡᠶ ᠪᠠᠬᠢᠵᠢᠭᠦᠯᠦᠨ ᠬᠥᠭ᠌ᠵᠢᠭᠦᠯᠵᠦ᠍᠂ ᠪᠦᠯᠬᠦᠮᠳᠡᠵᠦ᠍ ᠪᠣᠯᠬᠤ ᠬᠦᠴᠦᠨ ᠪᠦᠬᠦᠨ᠎ᠲᠠᠢ ᠪᠦᠯᠬᠦᠮᠳᠡᠵᠦ᠍᠂ ᠳᠠᠢᠴᠢᠯᠠᠵᠤ ᠪᠣᠯᠬᠤ ᠢᠳᠡᠪᠬᠢ ᠬᠦᠴᠦᠨ ᠵᠦᠢᠯ ᠪᠦᠬᠦᠨ᠎ᠢ ᠳᠠᠢᠴᠢᠯᠠᠵᠤ᠂ ᠬᠠᠮᠲᠤ᠎ᠪᠠᠷ ᠲᠡᠮᠡᠴᠡᠬᠦ᠌ ᠬᠦᠴᠦᠨ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠨᠢᠭ᠍ᠲᠠᠷᠠᠭᠤᠯᠪᠠ᠃ ᠭᠠᠭ᠍ᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ ᠰᠠᠶᠢ ᠳᠤᠮᠳᠠᠳᠤ᠎ᠶ᠋ᠢᠨ ᠦᠨᠳᠦᠰᠦᠲᠡᠨ᠎ᠤ ᠶᠡᠭᠡ ᠪᠦᠯᠬᠦᠮᠳᠡᠯ᠎ᠢ ᠪᠡᠶᠡᠯᠡᠭᠦᠯᠵᠦ᠍ ᠴᠢᠳᠠᠨ᠎ᠠ᠂ ᠭᠠᠭ᠍ᠴᠠ ᠬᠦ᠌ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠰᠠᠶᠢ ᠦᠨᠳᠦᠰᠦᠲᠡᠨ᠎ᠨᠦᠭᠦᠳ᠎ᠢ ᠨᠢᠭ᠍ᠲᠠᠷᠠᠭᠤᠯᠵᠤ᠂ ᠦᠨᠳᠦᠰᠦᠲᠡᠨ᠎ᠨᠦᠭᠦᠳ᠎ᠢ ᠬᠥᠭ᠌ᠵᠢᠭᠦᠯᠵᠦ᠍᠂ ᠦᠨᠳᠦᠰᠦᠲᠡᠨ᠎ᠨᠦᠭᠦᠳ᠎ᠢ ᠴᠡᠴᠡᠭ᠌ᠯᠡᠭᠦᠯᠵᠦ᠍ ᠴᠢᠳᠠᠨ᠎ᠠ ᠭᠡᠳᠡᠭ᠎ᠢ ᠦᠢᠯᠡᠳᠦᠯᠭᠡ ᠭᠡᠷᠡᠴᠢᠯᠡᠵᠡᠢ᠃ ᠡᠨᠡ ᠪᠣᠯ ᠨᠢᠭᠡᠨ ᠲᠡᠦᠬᠡᠨ ᠪᠣᠳᠠᠲᠤ ᠬᠡᠷᠡᠭ ᠮᠥᠨ ᠪᠥᠭᠡᠳ ᠪᠠᠰᠠ ᠴᠤ᠌ ᠳᠤᠮᠳᠠᠳᠤ᠎ᠶ᠋ᠢᠨ ᠦᠨᠳᠦᠰᠦᠲᠡᠨ᠎ᠤ ᠶᠡᠭᠡ ᠪᠦᠯᠬᠦᠮᠳᠡᠯ᠎ᠤᠨ ᠨᠢᠭᠤᠴᠠ ᠮᠥᠨ᠃
ᠣᠳᠣᠬᠠᠨ᠎ᠤ ᠳᠡᠯᠡᠬᠡᠢ ᠶᠢᠷᠲᠢᠨᠴᠦ᠍ ᠶᠠᠭ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ᠎ᠶ᠋ᠢ ᠥᠩᠭᠡᠷᠡᠭᠡᠵᠦ᠍᠂ ᠮᠠᠨ᠎ᠤ ᠤᠯᠤᠰ ᠶᠠᠭ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠱᠢᠵᠤ ᠪᠠᠢᠨ᠎ᠠ᠃ ᠱᠢᠨ᠎ᠡ ᠴᠠᠭ ᠦᠶ᠎ᠡ ᠱᠢᠨ᠎ᠡ ᠠᠶᠠᠨ᠎ᠳᠤ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠭᠦᠷᠭᠡ ᠤᠷᠢᠳ ᠡᠮᠦᠨ᠎ᠡ ᠪᠠᠢᠭ᠎ᠠ ᠦᠭᠡᠢ ᠬᠦᠨᠳᠦ ᠨᠦᠰᠡᠷ ᠪᠠᠢᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠵᠥᠷᠢᠴᠡᠯ ᠠᠶᠤᠯ ᠲᠦᠭ᠌ᠰᠢᠭᠦᠷᠢ ᠥᠷᠢᠰᠥᠯᠳᠦᠭᠡᠨ ᠤᠷᠢᠳ ᠡᠮᠦᠨ᠎ᠡ ᠪᠠᠢᠭ᠎ᠠ ᠦᠭᠡᠢ ᠪᠡᠷᠬᠡ ᠬᠠᠲᠠᠭᠤᠵᠢᠯᠲᠠᠢ ᠪᠠᠢᠵᠤ᠂ ᠰᠡᠳᠭᠢᠯ᠎ᠢᠶᠠᠨ ᠨᠢᠭᠡᠳᠭᠡᠨ ᠬᠦᠴᠦ᠎ᠪᠠᠨ ᠬᠠᠮᠲᠤᠳᠭᠠᠵᠤ᠂ ᠡᠷᠴᠢ ᠵᠣᠷᠢᠭ᠎ᠢᠶᠠᠨ ᠬᠥᠪᠴᠢᠯᠡᠪᠡᠯ᠂ ᠨᠢᠭᠡᠳᠦᠮᠡᠯ ᠹᠷᠣᠨᠲ᠎ᠤᠨ ᠡᠷᠳᠡᠨᠢ᠎ᠶ᠋ᠢᠨ ᠦᠢᠯᠡᠳᠦᠯ ᠨᠡᠩ ᠲᠤᠪᠤᠢᠮ᠎ᠠ ᠪᠣᠯᠬᠤ ᠪᠣᠯᠤᠨ᠎ᠠ᠃ ᠪᠦᠯᠬᠦᠮᠳᠡᠯ ᠪᠣᠯ ᠵᠣᠷᠢᠭ ᠰᠠᠨᠠᠭᠠᠨ᠎ᠤ ᠲᠤᠭ ᠲᠡᠮᠳᠡᠭ ᠮᠥᠨ ᠪᠥᠭᠡᠳ ᠪᠠᠰᠠ ᠴᠤ᠌ ᠦᠢᠯᠡᠳᠦᠯᠭᠡ᠎ᠶ᠋ᠢᠨ ᠠᠷᠭ᠎ᠠ ᠵᠠᠮ ᠮᠥᠨ᠂ ᠪᠦᠯᠬᠦᠮᠳᠡᠵᠦ᠍ ᠪᠣᠯᠬᠤ ᠠᠷᠠᠳ ᠲᠦᠮᠡᠨ ᠪᠦᠬᠦᠨ᠎ᠲᠠᠢ ᠪᠦᠯᠬᠦᠮᠳᠡᠵᠦ᠍᠂ ᠬᠤᠯᠪᠣᠭᠠᠯᠠᠵᠤ ᠪᠣᠯᠬᠤ ᠬᠦᠴᠦᠨ ᠪᠦᠬᠦᠨ᠎ᠲᠠᠢ ᠬᠤᠯᠪᠣᠭᠠᠯᠠᠵᠤ᠂ ᠶᠡᠭᠡ ᠪᠦᠯᠬᠦᠮᠳᠡᠯ ᠶᠡᠭᠡ ᠬᠤᠯᠪᠣᠭᠠᠯᠠᠯ᠎ᠤᠨ ᠡᠬᠡ ᠣᠷᠣᠨᠴᠢ ᠨᠢᠭᠡᠳᠦᠮᠡᠯ ᠹᠷᠣᠨᠲ᠎ᠤᠨ ᠱᠢᠨ᠎ᠡ ᠪᠠᠢᠷᠢᠱᠢᠯ᠎ᠢ ᠴᠢᠷᠮᠠᠢᠨ ᠪᠠᠢᠭᠤᠯᠬᠤ ᠬᠡᠷᠡᠭ᠌ᠲᠡᠢ᠃ ᠱᠢᠨ᠎ᠡ ᠠᠶᠠᠨ ᠵᠠᠮ᠎ᠳᠤ᠂ ᠪᠢᠳᠡ ᠪᠦᠯᠬᠦᠮᠳᠡᠯ᠎ᠤᠨ ᠲᠤᠭ᠎ᠢ ᠥᠨᠳᠥᠷ ᠮᠠᠨᠳᠤᠭᠤᠯᠵᠤ᠂ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠢᠭ᠍ᠲᠠᠷᠠᠨ ᠪᠦᠯᠬᠦᠮᠳᠡᠵᠦ᠍᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠶᠡᠭᠡ ᠪᠦᠯᠬᠦᠮᠳᠡᠯ᠎ᠢ ᠪᠠᠬᠢᠵᠢᠭᠦᠯᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠡᠭᠡ ᠪᠦᠯᠬᠦᠮᠳᠡᠯ᠎ᠢ ᠴᠢᠩᠭᠠᠳᠭᠠᠵᠤ᠂ ᠡᠯ᠎ᠡ ᠨᠠᠮ ᠪᠦᠯᠦᠭ᠂ ᠡᠯ᠎ᠡ ᠪᠦᠯᠬᠦᠮ᠂ ᠡᠯ᠎ᠡ ᠦᠨᠳᠦᠰᠦᠲᠡᠨ᠂ ᠡᠯ᠎ᠡ ᠳᠠᠪᠬᠤᠷᠭ᠎ᠠ ᠵᠢᠴᠢ ᠡᠯ᠎ᠡ ᠲᠠᠯ᠎ᠠ᠎ᠶ᠋ᠢᠨ ᠶᠡᠭᠡ ᠪᠦᠯᠬᠦᠮᠳᠡᠯ᠎ᠢ ᠴᠢᠩᠭᠠᠳᠭᠠᠵᠤ᠂ ᠨᠠᠮ ᠪᠣᠯᠤᠨ ᠠᠷᠠᠳ ᠲᠦᠮᠡᠨ᠎ᠤ ᠴᠢᠰᠤ ᠮᠢᠬᠠᠨ᠎ᠤ ᠬᠠᠷᠢᠴᠠᠭ᠎ᠠ᠎ᠶ᠋ᠢ ᠪᠠᠲᠤᠯᠠᠵᠤ᠂ ᠤᠯᠤᠰ᠎ᠢᠶᠠᠨ ᠬᠠᠢᠷᠠᠯᠠᠬᠤ ᠦᠵᠡᠯ᠎ᠤᠨ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠵᠤ᠂ ᠴᠤᠴᠠᠯᠲᠠ ᠦᠭᠡᠢ ᠤᠷᠤᠭ᠍ᠰᠢᠯᠠᠬᠤ ᠬᠦᠴᠦᠨ ᠪᠣᠯᠭᠠᠨ ᠨᠢᠭ᠍ᠲᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠬᠥᠯᠭᠡ ᠣᠩᠭᠤᠴᠠ᠎ᠶ᠋ᠢᠨ ᠰᠠᠯᠬᠢ ᠳᠠᠪᠠᠯᠭᠠᠨ᠎ᠢ ᠵᠦᠰᠦᠨ ᠳᠠᠷᠪᠠᠭᠤᠯ ᠬᠡᠢᠰᠭᠡᠨ ᠬᠤᠯᠠ ᠠᠶᠠᠯᠠᠬᠤ᠎ᠶ᠋ᠢ ᠠᠬᠢᠭᠤᠯᠬᠤ ᠬᠡᠷᠡᠭ᠌ᠲᠡᠢ᠃
ᠠᠵᠢᠯᠯᠠᠭ᠎ᠠ ᠪᠣᠯ ᠬᠠᠮᠤᠭ᠎ᠤᠨ ᠰᠠᠢᠨ ᠲᠤᠩᠬᠠᠭ ᠮᠥᠨ᠂ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠡᠭᠡ ᠪᠦᠯᠬᠦᠮᠳᠡᠯ᠎ᠢ ᠨᠡᠩ ᠴᠤ᠌ ᠰᠡᠷᠭᠦᠨ ᠮᠠᠨᠳᠤᠯᠲᠠ᠎ᠶ᠋ᠢ ᠬᠠᠮᠲᠤ᠎ᠪᠠᠷ ᠡᠷᠢᠯᠬᠢᠯᠡᠬᠦ᠂ ᠠᠵᠢᠯ ᠬᠢᠵᠦ᠍ ᠦᠢᠯᠡᠰ ᠪᠤᠰᠭᠠᠬᠤ ᠬᠦᠰᠡᠯ ᠵᠡᠭᠦᠳᠦ᠎ᠪᠠᠨ ᠲᠡᠷᠭᠡᠯᠱᠢᠭᠦᠯᠬᠦ᠌ ᠠᠵᠢᠯᠯᠠᠭ᠎ᠠ ᠳᠡᠭᠡᠷ᠎ᠡ ᠨᠠᠢᠳᠠᠪᠤᠷᠢᠵᠢᠭᠤᠯᠬᠤ ᠬᠡᠷᠡᠭ᠌ᠲᠡᠢ᠃ ᠱᠢᠨ᠎ᠡ ᠴᠠᠭ ᠦᠶ᠎ᠡ᠎ᠶ᠋ᠢᠨ ᠨᠢᠭᠡᠳᠦᠮᠡᠯ ᠹᠷᠣᠨᠲ᠎ᠤᠨ ᠤᠶᠤᠨ ᠤᠬᠠᠭᠠᠨ ᠪᠣᠯᠤᠨ ᠬᠦᠴᠦᠨ ᠴᠢᠳᠠᠯ ᠡᠷᠬᠡᠪᠰᠢ ᠢᠮᠠᠭ᠍ᠲᠠ ᠭᠤᠣᠯᠳᠠᠯᠭ᠎ᠠ᠎ᠶ᠋ᠢᠨ ᠲᠣᠭᠤᠷᠢᠨ᠎ᠳᠤ ᠶᠡᠭᠡ ᠲᠠᠯ᠎ᠠ᠎ᠳᠤ ᠦᠢᠯᠡᠴᠢᠯᠡᠵᠦ᠍᠂ ᠨᠠᠮ ᠪᠣᠯᠤᠨ ᠤᠯᠤᠰ᠎ᠤᠨ ᠭᠤᠣᠯ ᠠᠵᠢᠯ᠎ᠳᠤ ᠰᠡᠳᠭᠢᠯ᠎ᠢᠶᠠᠨ ᠨᠢᠭᠡᠳᠭᠡᠨ ᠬᠦᠴᠦ᠎ᠪᠠᠨ ᠬᠠᠮᠲᠤᠳᠭᠠᠬᠤ᠎ᠶ᠋ᠢ ᠪᠠᠲᠤᠯᠠᠬᠤ ᠬᠡᠷᠡᠭ᠌ᠲᠡᠢ᠃ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠡᠭᠡ ᠪᠦᠯᠬᠦᠮᠳᠡᠯ᠎ᠤᠨ ᠪᠠᠢᠭᠤᠯᠤᠯ᠎ᠤᠨ ᠰᠠᠭᠤᠷᠢ᠎ᠶ᠋ᠢ ᠦᠷᠭᠦᠯᠵᠢᠯᠡᠨ ᠪᠠᠬᠢᠵᠢᠭᠦᠯᠵᠦ᠍᠂ ᠮᠠᠨ᠎ᠤ ᠤᠯᠤᠰ᠎ᠤᠨ ᠱᠢᠨ᠎ᠡ ᠬᠡᠯᠪᠡᠷᠢ᠎ᠶ᠋ᠢᠨ ᠲᠦᠷᠦ᠎ᠶ᠋ᠢᠨ ᠨᠠᠮ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠡᠯ᠎ᠡ ᠠᠷᠠᠳᠴᠢᠯᠠᠭ᠍ᠰᠠᠨ ᠨᠠᠮ ᠪᠦᠯᠦᠭ᠎ᠤᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠲᠦᠷᠦ᠎ᠶ᠋ᠢᠨ ᠶᠠᠪᠤᠳᠠᠯ᠎ᠳᠤ ᠣᠷᠣᠯᠴᠠᠬᠤ ᠨᠠᠮ᠎ᠤᠨ ᠪᠠᠢᠭᠤᠯᠤᠯᠲᠠ᠎ᠪᠠᠨ ᠴᠢᠩᠭᠠᠳᠭᠠᠬᠤ᠎ᠶ᠋ᠢ ᠳᠡᠮᠵᠢᠬᠦ᠌ ᠬᠡᠷᠡᠭ᠌ᠲᠡᠢ; ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠤᠨ ᠪᠦᠯᠬᠦᠮᠳᠡᠯ᠎ᠤᠨ ᠲᠥᠪᠯᠡᠷᠡᠩᠭᠦᠢ ᠬᠦᠴᠦᠨ ᠪᠠ ᠪᠠᠢᠭᠤᠯᠤᠯ᠎ᠤᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠦᠨᠳᠦᠰᠦᠲᠡᠨ᠎ᠨᠦᠭᠦᠳ ᠴᠥᠮ ᠡᠷᠬᠡ ᠲᠡᠭ᠌ᠰᠢ ᠪᠠᠢᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠣᠯ ᠱᠢᠵᠢᠮ ᠪᠣᠯᠭᠠᠵᠤ ᠦᠨᠳᠦᠰᠦᠲᠡᠨ᠎ᠤ ᠠᠵᠢᠯ᠎ᠢ ᠰᠠᠢᠲᠤᠷ ᠬᠢᠵᠦ᠍᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ 56 ᠦᠨᠳᠦᠰᠦᠲᠡᠨ᠎ᠢ ᠠᠨᠠᠷ᠎ᠤᠨ ᠦᠷ᠎ᠡ ᠱᠢᠭ ᠨᠢᠭ᠍ᠲᠠᠷᠠᠭᠤᠯᠬᠤ ᠬᠡᠷᠡᠭ᠌ᠲᠡᠢ᠃ ᠡᠬᠡ ᠣᠷᠣᠨ᠎ᠢᠶᠠᠨ ᠬᠠᠢᠷᠠᠯᠠᠵᠤ ᠱᠢᠶᠠᠩᠭᠠᠩ᠎ᠢᠶᠠᠨ ᠬᠠᠢᠷᠠᠯᠠᠬᠤ᠂ ᠡᠬᠡ ᠣᠷᠣᠨ᠎ᠢᠶᠠᠨ ᠬᠠᠢᠷᠠᠯᠠᠵᠤ ᠣᠣᠮᠧᠨ᠎ᠢᠶᠠᠨ ᠬᠠᠢᠷᠠᠯᠠᠬᠤ ᠬᠦᠴᠦᠨ᠎ᠢ ᠬᠥᠭ᠌ᠵᠢᠭᠦᠯᠦᠨ ᠪᠤᠵᠠᠭᠠᠢᠷᠠᠭᠤᠯᠵᠤ᠂ ᠲᠠᠢᠸᠠᠨ᠎ᠤ ᠠᠬ᠎ᠠ ᠳᠡᠭᠦᠦ ᠨᠡᠷ᠎ᠲᠠᠢ ᠪᠦᠯᠬᠦᠮᠳᠡᠨ ᠡᠬᠡ ᠣᠷᠣᠨ᠎ᠢᠶᠠᠨ ᠨᠠᠢᠷᠠᠮᠳᠠᠯ᠎ᠢᠶᠠᠷ ᠨᠢᠭᠡᠳᠭᠡᠬᠦ᠌ ᠠᠬᠢᠴᠠ᠎ᠶ᠋ᠢ ᠬᠠᠮᠲᠤ᠎ᠪᠠᠷ ᠠᠬᠢᠭᠤᠯᠵᠤ᠂ ᠬᠠᠷᠢᠶᠠᠲᠤ ᠨᠠᠷ᠎ᠤᠨ ᠶᠠᠪᠤᠳᠠᠯ᠎ᠤᠨ ᠲᠤᠬᠠᠢ ᠨᠠᠮ᠎ᠤᠨ ᠲᠦᠷᠦ᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠬᠠᠮᠲᠤ᠎ᠪᠠᠷ ᠪᠦᠲᠦᠭᠡᠬᠦ᠌ ᠠᠮᠢᠳᠤᠯᠢᠭ ᠪᠠᠢᠳᠠᠯ᠎ᠢ ᠪᠤᠢ ᠪᠣᠯᠭᠠᠬᠤ ᠬᠡᠷᠡᠭ᠌ᠲᠡᠢ᠃
ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠲᠡᠦᠬᠡᠨ ᠠᠬᠢᠴᠠ᠎ᠶ᠋ᠢᠨ 《ᠬᠤᠣᠰ ᠵᠠᠭᠤᠨ ᠵᠢᠯ》 ᠤᠨ ᠲᠡᠦᠬᠡ᠎ᠶ᠋ᠢᠨ ᠠᠭᠤᠯᠵᠠᠷ᠎ᠲᠤ ᠵᠣᠭ᠍ᠰᠣᠵᠤ᠂ ᠥᠪᠥᠷ ᠮᠣᠩᠭᠤᠯ᠎ᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ ᠡᠷᠬᠢᠮ ᠳᠡᠭᠡᠳᠦ ᠢᠷᠠᠭᠤ ᠠᠯᠳᠠᠷ᠎ᠢᠶᠠᠨ ᠨᠡᠩ ᠨᠠᠨᠳᠢᠩᠨᠠᠵᠤ᠂ 《ᠳᠦᠷᠪᠡᠨ ᠤᠬᠠᠮᠰᠠᠷ》 ᠢᠶᠠᠨ ᠴᠢᠩᠭᠠᠳᠭᠠᠨ᠂ 《ᠳᠦᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠠᠭᠤᠤ ᠶᠡᠭᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠲᠤᠬᠠᠢ ᠬᠠᠮᠲᠤ᠎ᠶ᠋ᠢᠨ ᠲᠠᠨᠢᠯᠲᠠ᠎ᠶ᠋ᠢ ᠦᠨᠡᠨ ᠬᠦ᠌ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠡᠭᠡ ᠪᠦᠯᠬᠦᠮᠳᠡᠯ᠎ᠤᠨ ᠥᠪᠥᠷ ᠮᠣᠩᠭᠤᠯ᠎ᠤᠨ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠬᠡᠷᠡᠭ᠌ᠲᠡᠢ᠃
(ᠵᠣᠬᠢᠶᠠᠭ᠍ᠴᠢ ᠪᠤᠯ ᠥᠪᠥᠷ ᠮᠣᠩᠭᠤᠯ᠎ᠤᠨ ᠡᠳ᠋᠎ᠤᠨ ᠵᠠᠰᠠᠭ ᠠᠵᠤ ᠠᠬᠤᠢ᠎ᠶ᠋ᠢᠨ ᠶᠡᠭᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠤᠨ ᠳᠡᠭᠡᠳᠦ ᠰᠤᠷᠭᠠᠭᠤᠯᠢ᠎ᠶ᠋ᠢᠨ ᠳᠡᠳ᠋ ᠫᠷᠤᠹᠧᠰᠰᠤᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠤᠨᠤᠯ᠎ᠤᠨ ᠱᠢᠰᠲ᠋ᠧᠮ᠎ᠤᠨ ᠰᠤᠳᠤᠯᠭᠠᠨ᠎ᠤ ᠲᠥᠪ᠎ᠤᠨ ᠰᠤᠳᠤᠯᠤᠭ᠍ᠴᠢ)
【 ᠬᠥᠲᠡᠯᠤᠯᠴᠡᠯ 】
ᠬᠠᠮᠲᠤᠷᠠᠯᠴᠠᠭᠠᠨ᠎ᠤ ᠤᠭ ᠰᠠᠨᠠᠭ᠎ᠠ᠎ᠪᠠᠨ ᠡᠭᠦᠷᠢᠳᠡ ᠪᠠᠷᠢᠮᠳᠠᠯᠠᠵᠤ ᠴᠠᠭ ᠦᠶ᠎ᠡ᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠢ ᠡᠭᠦᠷᠭᠡᠯᠡᠨ᠎ᠡ
ᠲᠤᠰ ᠰᠣᠨᠢᠨ᠎ᠤ ᠰᠤᠷᠪᠤᠯᠵᠢᠯᠠᠭ᠍ᠴᠢ ᠹᠧᠩ ᠱᠢᠤᠸᠠᠢ ᠢᠦᠶ
ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ᠎ᠶ᠋ᠢᠨ ᠲᠤᠰᠭᠠᠢ ᠲᠤᠱᠢᠶᠠᠯᠳᠦ ᠳᠡᠳ᠋ ᠡᠷᠬᠢᠯᠡᠭ᠌ᠴᠢ ᠭᠡᠱᠢᠭᠦᠨ ᠺᠠᠩ ᠶᠦᠩ ᠾᠧᠩ ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠶᠠᠷᠢᠶ᠎ᠠ᠎ᠶ᠋ᠢ ᠰᠣᠨᠣᠰᠤᠭ᠍ᠰᠠᠨ᠎ᠤ ᠳᠠᠷᠠᠭ᠎ᠠ ᠲᠦᠢᠯ᠎ᠢᠶᠠᠷ ᠤᠷᠮᠠᠱᠢᠨ ᠵᠣᠷᠢᠭ᠍ᠵᠢᠵᠤ᠂ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠡᠭᠡ ᠪᠦᠯᠬᠦᠮᠳᠡᠯ᠎ᠢ ᠡᠷᠬᠡᠪᠰᠢ ᠴᠢᠩᠭᠠᠳᠭᠠᠬᠤ ᠲᠤᠬᠠᠢ ᠨᠡᠩ ᠴᠦ᠍ ᠭᠦᠨ ᠲᠦᠷᠦᠭ᠌ᠳᠡᠯ᠎ᠲᠠᠢ ᠪᠤᠯᠵᠠᠢ᠃
ᠺᠠᠩ ᠶᠦᠩ ᠾᠧᠩ᠄ 《ᠤᠯᠤᠰ᠎ᠢᠶᠠᠨ ᠬᠠᠢᠷᠠᠯᠠᠬᠤ ᠨᠢᠭᠡᠳᠦᠮᠡᠯ ᠹᠷᠣᠨᠲ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠲᠠᠢ ᠪᠦᠯᠬᠦᠮᠳᠡᠵᠦ᠍ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠴᠢᠬᠤᠯᠠ ᠡᠷᠳᠡᠨᠢ ᠮᠥᠨ᠂ ᠵᠠᠭᠤᠨ ᠵᠢᠯ᠎ᠤᠨ ᠲᠤᠷᠰᠢ᠂ ᠮᠠᠨ᠎ᠤ ᠣᠯᠤᠭ᠍ᠰᠠᠨ ᠠᠯᠢᠪᠠ ᠠᠮᠵᠢᠯᠲᠠ ᠪᠦᠲᠦᠮᠵᠢ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠂ ᠳᠤᠮᠳᠠᠳᠤ ᠤᠯᠤᠰ᠎ᠤᠨ ᠠᠷᠠᠳ ᠲᠦᠮᠡᠨ᠂ ᠳᠤᠮᠳᠠᠳᠤ᠎ᠶ᠋ᠢᠨ ᠦᠨᠳᠦᠰᠦᠲᠡᠨ᠎ᠤ ᠪᠦᠯᠬᠦᠮᠳᠡᠨ ᠲᠡᠮᠡᠴᠡᠭ᠌ᠰᠡᠨ᠎ᠤ ᠦᠷ᠎ᠡ ᠳ᠋ᠦᠩ ᠮᠥᠨ᠃ ᠡᠪ ᠬᠠᠮᠲᠤ ᠨᠠᠮ ᠪᠠᠢᠬᠤ ᠦᠭᠡᠢ ᠪᠣᠯ ᠱᠢᠨ᠎ᠡ ᠳᠤᠮᠳᠠᠳᠤ ᠤᠯᠤᠰ ᠪᠠᠢᠵᠤ ᠴᠢᠳᠠᠬᠤ ᠦᠭᠡᠢ᠂ ᠭᠠᠭ᠍ᠴᠠ ᠬᠦ᠌ ᠨᠡᠢᠭᠡᠮ ᠵᠢᠷᠤᠮ ᠰᠠᠶᠢ ᠳᠤᠮᠳᠠᠳᠤ ᠤᠯᠤᠰ᠎ᠢ ᠠᠪᠤᠷᠠᠵᠤ ᠴᠢᠳᠠᠨ᠎ᠠ᠂ ᠭᠠᠭ᠍ᠴᠠ ᠬᠦ᠌ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠰᠠᠶᠢ ᠳᠤᠮᠳᠠᠳᠤ ᠤᠯᠤᠰ᠎ᠢ ᠬᠥᠭ᠌ᠵᠢᠭᠦᠯᠵᠦ᠍ ᠴᠢᠳᠠᠨ᠎ᠠ᠂ ᠭᠠᠭ᠍ᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠠᠶᠠᠯᠠᠯ᠎ᠤᠨ ᠣᠩᠭᠤᠴᠠ ᠰᠠᠶᠢ ᠳᠠᠪᠠᠯᠭᠠᠨ᠎ᠢ ᠵᠦᠰᠦᠨ ᠤᠷᠤᠭ᠍ᠰᠢᠯᠠᠵᠤ᠂ ᠯᠠᠪᠳᠠᠭᠤᠨ᠎ᠢᠶᠠᠷ ᠬᠤᠯᠠ ᠠᠶᠠᠯᠠᠵᠤ ᠴᠢᠳᠠᠨ᠎ᠠ ᠭᠡᠳᠡᠭ᠎ᠢ ᠲᠡᠦᠬᠡ ᠮᠠᠷᠭᠤᠰᠢ ᠦᠭᠡᠢ ᠭᠡᠷᠡᠴᠢᠯᠡᠭ᠌ᠰᠡᠨ ᠪᠠᠢᠨ᠎ᠠ》 ᠭᠡᠪᠡ᠃
ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠨᠢ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠲᠦᠷᠦ᠎ᠶ᠋ᠢᠨ ᠶᠠᠪᠤᠳᠠᠯ᠎ᠳᠤ ᠣᠷᠣᠯᠴᠠᠭ᠍ᠴᠢ ᠨᠠᠮ ᠪᠣᠯᠤᠭ᠍ᠰᠠᠨ᠎ᠤ ᠬᠤᠪᠢ᠎ᠳᠤ᠂ 1945 ᠣᠨ᠎ᠳᠤ ᠡᠭᠦᠰᠭᠡᠨ ᠪᠠᠢᠭᠤᠯᠤᠭ᠍ᠰᠠᠨ᠎ᠠᠴᠠ ᠠᠪᠤᠭᠠᠳ 1948 ᠣᠨ᠎ᠳᠤ 《ᠲᠠᠪᠤᠨ ᠰᠠᠷ᠎ᠠ᠎ᠶ᠋ᠢᠨ ᠨᠢᠭᠡᠨ᠎ᠤ ᠤᠷᠢᠶ᠎ᠠ》 ᠶ᠋ᠢ ᠢᠳᠡᠪᠬᠢᠲᠡᠢ ᠴᠤᠤᠷᠢᠶᠠᠲᠤᠨ ᠲᠠᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠬᠦᠯᠢᠶᠡᠭ᠌ᠰᠡᠨ ᠬᠦᠷᠲᠡᠯ᠎ᠡ᠂ ᠢᠮᠠᠭ᠍ᠲᠠ ᠳᠤᠮᠳᠠᠳᠤ ᠤᠯᠤᠰ᠎ᠤᠨ ᠡᠪ ᠬᠠᠮᠲᠤ ᠨᠠᠮ᠎ᠲᠠᠢ ᠬᠠᠲᠠᠭᠤ ᠪᠡᠷᠬᠡᠱᠢᠶᠡᠯ᠎ᠢ ᠬᠠᠮᠲᠤ᠎ᠪᠠᠷ ᠲᠤᠭᠤᠯᠤᠨ ᠵᠢᠷᠭᠠᠯ ᠵᠣᠪᠠᠯᠠᠩ᠎ᠢᠶᠠᠨ ᠬᠠᠮᠲᠤᠳᠭᠠᠵᠤ᠂ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌ ᠠᠭᠤᠤ ᠶᠡᠭᠡ ᠦᠢᠯᠡᠳᠦᠯᠭᠡ᠎ᠳᠤ ᠢᠳᠡᠪᠬᠢᠲᠡᠢ ᠣᠷᠣᠯᠴᠠᠪᠠ᠃
ᠺᠠᠩ ᠶᠦᠩ ᠾᠧᠩ᠄ 《ᠱᠢᠨ᠎ᠡ ᠠᠭᠤᠤ ᠶᠡᠭᠡ ᠠᠶᠠᠨ ᠵᠠᠮ᠎ᠳᠤ᠂ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠢᠮᠠᠭ᠍ᠲᠠ ᠪᠠᠷᠢᠮᠲᠠᠯᠠᠵᠤ᠂ ᠡᠷᠡᠰ ᠭᠤᠢᠪᠢᠰᠢ ᠦᠭᠡᠢ᠎ᠪᠠᠷ ᠳᠤᠮᠳᠠᠳᠤ ᠤᠯᠤᠰ᠎ᠤᠨ ᠡᠪ ᠬᠠᠮᠲᠤ ᠨᠠᠮ᠎ᠲᠠᠢ ᠪᠤᠳᠤᠯ ᠨᠢᠭᠡᠲᠡᠢ᠂ ᠵᠣᠭ᠍ᠰᠣᠯᠲᠠ ᠨᠢᠭᠡᠲᠡᠢ᠂ ᠠᠵᠢᠯᠯᠠᠭ᠎ᠠ ᠨᠢᠭᠡᠲᠡᠢ ᠪᠣᠯᠤᠨ᠎ᠠ᠃ ᠥᠪᠥᠷ ᠮᠣᠩᠭᠤᠯ ᠶᠠᠭ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠵᠤ ᠪᠣᠬᠢᠷᠲᠤᠯ ᠥᠬᠡᠶ ᠬᠦᠭ᠌ᠵᠢᠭᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠵᠤ ᠪᠣᠶ᠂ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠤᠷᠢᠶ᠎ᠠ ᠡᠨᠡ ᠬᠦ᠌ ᠬᠥᠭ᠌ᠵᠢᠯᠲᠡ᠎ᠶ᠋ᠢᠨ ᠭᠤᠤᠯᠳᠠᠯᠭ᠎ᠠ᠎ᠶ᠋ᠢᠨ ᠲᠣᠭᠤᠷᠢᠨ᠎ᠳᠤ᠂ ᠥᠪᠥᠷ ᠮᠣᠩᠭᠤᠯ᠎ᠤᠨ ᠡᠯ᠎ᠡ ᠱᠠᠲᠤᠨ᠎ᠤ ᠨᠠᠮ᠎ᠤᠨ ᠬᠤᠷᠢᠶ᠎ᠠ ᠵᠠᠰᠠᠭ᠎ᠤᠨ ᠣᠷᠳᠣᠨ᠎ᠳᠤ ᠨᠠᠩ ᠣᠯᠠᠨ ᠪᠣᠳᠠᠲᠠᠶ᠎ᠶ᠋ᠢ ᠡᠷᠬᠢᠮᠯᠡᠭ᠌ᠰᠡᠨ ᠪᠦᠲᠦᠮᠵᠢᠲᠡᠶ ᠠᠷᠭ᠎ᠠ ᠪᠣᠳᠣᠯᠭ᠎ᠠ ᠰᠠᠨᠠᠭᠤᠯᠭ᠎ᠠ ᠬᠠᠩᠭᠠᠵᠤ᠂ ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠥᠲᠥᠭᠡᠨ ᠪᠠᠢᠭᠤᠯᠵᠤ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠬᠦ᠌᠎ᠳᠤ ᠱᠢᠨ᠎ᠡ ᠬᠤᠪᠢ ᠨᠡᠮᠡᠷᠢ ᠦᠵᠡᠭᠦᠯᠦᠨ᠎ᠡ!》 ᠭᠡᠪᠡ᠃
ᠰᠡᠳᠭᠢᠯ᠎ᠢᠶᠠᠨ ᠨᠢᠭᠡᠳᠭᠡᠨ ᠬᠦᠴᠦ᠎ᠪᠠᠨ ᠬᠠᠮᠲᠤᠳᠭᠠᠵᠤ ᠠᠷᠠᠳᠴᠢᠯᠠᠭ᠍ᠰᠠᠨ ᠨᠠᠮ ᠪᠦᠯᠦᠭ᠎ᠤᠨ ᠡᠭᠦᠷᠭᠡ ᠬᠠᠷᠢᠭᠤᠴᠠᠯᠭ᠎ᠠ᠎ᠪᠠᠨ ᠲᠤᠳᠤᠷᠬᠠᠢᠯᠠᠨ ᠲᠠᠢᠯᠪᠤᠷᠢᠯᠠᠨ᠎ᠠ
ᠲᠤᠰ ᠰᠣᠨᠢᠨ᠎ᠤ ᠰᠤᠷᠪᠤᠯᠵᠢᠯᠠᠭ᠍ᠴᠢ ᠹᠧᠩ ᠱᠢᠤᠸᠠᠢ ᠢᠦᠶ
《9 · 3》 ᠶ᠋ᠢᠨ ᠡᠷᠳᠡᠮ ᠱᠢᠨᠵᠢᠯᠡᠬᠡᠨ᠎ᠤ ᠨᠡᠢᠭᠡᠮᠯᠢᠭ᠎ᠤᠨ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠤᠷᠢᠶ᠎ᠠ᠎ᠶ᠋ᠢᠨ ᠳᠡᠳ᠋ ᠡᠷᠬᠢᠯᠡᠭ᠌ᠴᠢ ᠭᠡᠱᠢᠭᠦᠨ᠂ ᠠᠯᠠᠱᠠ ᠠᠢᠮᠠᠭ᠎ᠤᠨ ᠳᠡᠳ᠋ ᠠᠢᠮᠠᠭ᠎ᠤᠨ ᠳᠠᠷᠤᠭ᠎ᠠ ᠯᠢᠦ ᠳ᠋ᠧ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠳᠤ ᠳᠤᠷᠠᠳᠤᠭ᠍ᠰᠠᠨ 《ᠲᠡᠦᠬᠡ᠎ᠪᠠᠷ ᠲᠤᠯᠢ ᠪᠣᠯᠭᠠᠵᠤ᠂ ᠢᠷᠡᠭᠡᠳᠦᠢ᠎ᠶ᠋ᠢ ᠨᠡᠭᠡᠭᠡᠬᠦ᠌᠎ᠳᠤ ᠡᠷᠬᠡᠪᠰᠢ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠡᠭᠡ ᠪᠦᠯᠬᠦᠮᠳᠡᠯ᠎ᠢ ᠴᠢᠩᠭᠠᠳᠭᠠᠬᠤ ᠬᠡᠷᠡᠭ᠌ᠲᠡᠢ》 ᠭᠡᠳᠡᠭ᠎ᠢ ᠳᠡᠭᠡᠳᠦ ᠬᠡᠮᠵᠢᠶ᠎ᠡ᠎ᠪᠠᠷ ᠵᠥᠪᠱᠢᠶᠡᠷᠡᠪᠠ᠃
ᠯᠢᠦ ᠳ᠋ᠧ ᠬᠡᠯᠡᠬᠦ᠌᠎ᠳᠡᠭᠡᠨ᠄ 《ᠠᠷᠠᠳᠴᠢᠯᠠᠭ᠍ᠰᠠᠨ ᠨᠠᠮ ᠪᠦᠯᠦᠭ᠎ᠤᠨ ᠺᠠᠳ᠋ᠷ ᠪᠣᠯᠤᠭ᠍ᠰᠠᠨ᠎ᠤ ᠬᠤᠪᠢ᠎ᠳᠤ᠂ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠨ᠂ 〈ᠤᠷᠳᠤ ᠬᠤᠭᠤᠴᠠᠭ᠎ᠠ᠎ᠪᠠᠷ ᠬᠠᠮᠲᠤ ᠣᠷᠣᠱᠢᠨ᠂ ᠬᠠᠷᠢᠯᠴᠠᠨ ᠬᠢᠨᠠᠯᠲᠠ ᠲᠠᠯᠪᠢᠵᠦ᠍᠂ ᠦᠨᠡᠨ ᠰᠡᠳᠭᠢᠯ᠎ᠠᠴᠠ᠎ᠪᠠᠨ ᠨᠥᠬᠦᠷᠯᠡᠵᠦ᠍᠂ ᠵᠣᠪᠠᠯ ᠵᠢᠷᠭᠠᠯ᠎ᠢᠶᠠᠨ ᠬᠠᠮᠲᠤᠳᠭᠠᠬᠤ〉 ᠴᠢᠭ᠌ᠯᠡᠯᠲᠡ ᠱᠠᠭᠠᠷᠳᠠᠯᠭ᠎ᠠ ᠶᠣᠰᠣᠭᠠᠷ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠰᠠᠢᠨ ᠵᠦᠪᠯᠡᠭ᠌ᠴᠢ᠂ ᠰᠠᠢᠨ ᠬᠠᠪᠰᠤᠷᠤᠭ᠍ᠴᠢ᠂ ᠰᠠᠢᠨ ᠬᠠᠮᠲᠤ ᠠᠵᠢᠯᠯᠠᠭ᠍ᠴᠢ ᠪᠣᠯᠬᠤ ᠬᠡᠷᠡᠭ᠌ᠲᠡᠶ᠃ ᠠᠷᠠᠳᠴᠢᠯᠠᠭ᠍ᠰᠠᠨ ᠨᠠᠮ ᠪᠦᠯᠦᠭ᠎ᠤᠨ ᠺᠠᠳ᠋ᠷ ᠪᠣᠯᠤᠭ᠍ᠰᠠᠨ᠎ᠤ ᠬᠤᠪᠢ᠎ᠳᠤ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠬᠦᠰᠡᠯᠡᠩ ᠢᠲᠡᠭᠡᠯ ᠪᠢᠱᠢᠷᠡᠯ᠎ᠢ ᠳᠡᠭᠡᠳᠦ ᠬᠡᠮᠵᠢᠶ᠎ᠡ᠎ᠪᠠᠷ ᠮᠡᠳᠡᠷᠡᠵᠦ᠍᠂ ᠨᠠᠮ᠎ᠤᠨ ᠤᠳᠤᠷᠢᠳᠤᠯᠭ᠎ᠠ᠎ᠶ᠋ᠢ ᠤᠬᠠᠮᠰᠠᠷ᠎ᠠᠴᠠ᠎ᠪᠠᠨ ᠬᠦᠯᠢᠶᠡᠵᠦ᠍᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢᠭᠡᠮ ᠵᠢᠷᠦᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭᠠᠶ᠎ᠪᠠᠨ ᠵᠡᠪᠰᠡᠭ᠌ᠯᠡᠵᠦ᠍᠂ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠳᠡ᠎ᠶ᠋ᠢᠨ ᠲᠡᠦᠬᠡ᠂ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠲᠡᠦᠬᠡ᠂ ᠨᠢᠭᠡᠳᠦᠮᠡᠯ ᠹᠷᠣᠨᠲ᠎ᠤᠨ ᠲᠡᠦᠬᠡ᠎ᠶ᠋ᠢ ᠰᠤᠷᠤᠯᠴᠠᠬᠤ᠎ᠶ᠋ᠢ ᠪᠠᠷᠢᠮᠳᠠᠯᠠᠵᠤ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠵᠠᠭᠤᠨ ᠵᠢᠯ᠎ᠤᠨ ᠭᠡᠷᠡᠯ ᠰᠠᠴᠤᠷᠠᠩᠭᠤᠢ ᠥᠩᠭᠡᠷᠡᠯᠲᠡ᠎ᠶ᠋ᠢ ᠭᠦᠨᠵᠡᠭᠡᠢ ᠴᠡᠭᠡᠵᠢᠯᠡᠵᠦ᠍᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠯᠤᠰ ᠪᠣᠯᠤᠨ ᠦᠨᠳᠦᠰᠦᠲᠡᠨ᠎ᠤ ᠲᠥᠯᠥᠭᠡ ᠦᠵᠡᠭᠦᠯᠦᠭ᠌ᠰᠡᠨ ᠠᠭᠤᠤ ᠶᠡᠭᠡ ᠬᠤᠪᠢ ᠨᠡᠮᠡᠷᠢ᠎ᠶ᠋ᠢ ᠭᠦᠨᠵᠡᠭᠡᠢ ᠲᠠᠨᠢᠵᠤ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠢᠮᠠᠭ᠍ᠲᠠ ᠭᠤᠢᠪᠢᠰᠢ ᠦᠭᠡᠢ ᠠᠷᠠᠳ ᠲᠦᠮᠡᠨ᠎ᠤ ᠲᠥᠯᠥᠭᠡ ᠵᠢᠳᠬᠦᠭ᠌ᠰᠡᠨ ᠤᠭ ᠰᠠᠨᠠᠭ᠎ᠠ ᠵᠣᠷᠢᠯᠲᠠ᠎ᠶ᠋ᠢ ᠭᠦᠨᠵᠡᠭᠡᠢ ᠣᠢᠯᠠᠭᠠᠪᠠ᠃ ᠠᠷᠠᠳᠴᠢᠯᠠᠭ᠍ᠰᠠᠨ ᠨᠠᠮ ᠪᠦᠯᠦᠭ᠎ᠤᠨ ᠺᠠᠳ᠋ᠷ ᠪᠣᠯᠤᠭ᠍ᠰᠠᠨ᠎ᠤ ᠬᠤᠪᠢ᠎ᠳᠤ᠂ ᠬᠤᠶᠠᠳᠤᠭᠠᠷ ᠵᠠᠭᠤᠨ ᠵᠢᠯ᠎ᠤᠨ ᠠᠶᠠᠨ᠎ᠳᠤ᠂ ᠱᠢᠨ᠎ᠡ ᠴᠠᠭ ᠦᠶ᠎ᠡ᠎ᠶ᠋ᠢᠨ ᠠᠵᠢᠯ᠎ᠤᠨ ᠱᠠᠭᠠᠷᠳᠠᠯᠭ᠎ᠠ᠎ᠳᠤ ᠲᠠᠰᠤᠷᠠᠯᠳᠡ ᠦᠭᠡᠢ ᠵᠣᠬᠢᠴᠠᠵᠤ᠂ ᠪᠠᠷᠠᠯᠠᠯᠳᠤ ᠴᠢᠨᠠᠷ᠂ ᠤᠷᠢᠳᠴᠢᠯᠠᠨ ᠮᠡᠳᠡᠬᠦ᠌ ᠴᠢᠨᠠᠷ᠎ᠢᠶᠠᠨ ᠴᠢᠩᠭᠠᠳᠭᠠᠨ᠎ᠠ᠃ ᠠᠷᠠᠳ ᠲᠦᠮᠡᠨ᠎ᠢᠶᠠᠷ ᠭᠤᠤᠯ ᠪᠣᠯᠭᠠᠬᠤ᠎ᠶ᠋ᠢ ᠪᠠᠷᠢᠮᠲᠠᠯᠠᠨ᠂ ᠨᠠᠮ ᠪᠦᠯᠦᠭ᠎ᠤᠨ ᠳᠠᠪᠠᠭᠤᠯᠢᠭ᠎ᠢᠶᠠᠨ ᠢᠳᠡᠪᠬᠢᠲᠡᠶ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠠᠰᠠᠭ᠎ᠤᠨ ᠣᠷᠳᠣᠨ᠎ᠤ ᠭᠤᠤᠯᠳᠠᠯᠭ᠎ᠠ᠎ᠲᠠᠢ ᠠᠵᠢᠯ ᠪᠠ ᠣᠯᠠᠨ ᠲᠦᠮᠡᠨ᠎ᠤ ᠠᠩᠬᠠᠷᠴᠤ᠌ ᠪᠠᠢᠭ᠎ᠠ ᠬᠠᠯᠠᠮᠱᠢᠯ ᠠᠰᠠᠭᠤᠳᠠᠯ ᠵᠡᠷᠭᠡ᠎ᠶ᠋ᠢᠨ ᠲᠣᠭᠤᠷᠢᠨ᠎ᠳᠤ ᠰᠠᠨᠠᠭᠠᠴᠢᠯᠠᠭ᠎ᠠ᠎ᠠᠴᠠ᠎ᠪᠠᠨ ᠪᠠᠢᠴᠠᠭᠠᠨ ᠰᠤᠳᠤᠯᠤᠯᠲᠠ ᠥᠷᠨᠢᠭᠦᠯᠵᠦ᠍᠂ ᠢᠳᠡᠪᠬᠢᠲᠡᠶ᠎ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠥᠮᠦᠰ᠎ᠤᠨ ᠰᠡᠳᠭᠢᠯ᠎ᠢ ᠨᠢᠭ᠍ᠲᠠᠷᠠᠭᠤᠯᠤᠨ᠂ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ᠃ ᠥᠷᠭᠡᠨ ᠤᠯᠠᠨ ᠠᠷᠠᠳᠴᠢᠯᠠᠭ᠍ᠰᠠᠨ ᠨᠠᠮ ᠪᠦᠯᠦᠭ᠎ᠤᠨ ᠪᠦᠷᠢᠯᠳᠦᠬᠦᠨ᠎ᠤ ᠳᠤᠮᠳᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬ᠍ᠴᠠᠯᠠᠵᠤ᠂ ᠠᠯᠠᠱᠠ᠎ᠶ᠋ᠢᠨ ᠡᠯ᠎ᠡ ᠦᠨᠳᠦᠰᠦᠲᠡᠨ᠎ᠤ ᠠᠷᠠᠳ ᠲᠦᠮᠡᠨ᠎ᠯᠦᠭᠡ ᠰᠠᠬᠢᠨ ᠪᠠᠷᠠᠯᠠᠵᠦ᠍ ᠬᠠᠷᠢᠯᠴᠠᠨ ᠬᠠᠪᠰᠤᠷᠤᠯᠴᠠᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠪᠠᠬᠢ ᠪᠠᠢᠭᠤᠯᠵᠤ᠂ ᠦᠵᠡᠰᠭᠦᠯᠡᠩᠲᠦ ᠰᠠᠢᠬᠠᠨ ᠦᠪᠦᠷ ᠮᠤᠩᠭᠤᠯ᠎ᠳᠤ ᠦᠡᠭ᠌ᠭᠡ ᠪᠤᠳᠤᠭ ᠨᠡᠮᠡᠷᠢᠯᠡᠨ᠎ᠡ》 ᠬᠡᠵᠡᠢ᠃
ᠳᠤᠮᠳᠠᠳᠤ᠎ᠶ᠋ᠢᠨ ᠬᠥᠪᠡᠭᠦᠳ ᠥᠬᠢᠳ᠎ᠢ ᠪᠦᠯᠬᠦᠮᠳᠡᠬᠦᠯᠵᠦ᠍ ᠰᠡᠳᠭᠢᠯ ᠨᠢᠭᠡᠳᠦᠨ ᠳᠤᠮᠳᠠᠳᠤ᠎ᠶ᠋ᠢᠨ ᠵᠡᠬᠦᠳᠦ᠎ᠪᠠᠨ ᠬᠠᠮᠲᠤ᠎ᠪᠠᠷ ᠲᠡᠷᠭᠡᠯᠱᠢᠬᠦᠯᠦᠨᠠ
ᠲᠤᠰ ᠰᠣᠨᠢᠨ᠎ᠤ ᠰᠤᠷᠪᠤᠯᠵᠢᠯᠠᠭ᠍ᠴᠢ ᠹᠧᠩ ᠱᠢᠤᠸᠠᠢ ᠢᠦᠶ
ᠥᠪᠥᠷ ᠮᠣᠩᠭᠤᠯ᠎ᠤᠨ ᠡᠳ᠋᠎ᠤᠨ ᠵᠠᠰᠠᠭ ᠠᠵᠤ ᠠᠬᠤᠢ᠎ᠶ᠋ᠢᠨ ᠶᠡᠭᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠤᠨ ᠳᠡᠭᠡᠳᠦ ᠰᠤᠷᠭᠠᠭᠤᠯᠢ᠎ᠶ᠋ᠢᠨ ᠫᠷᠤᠹᠧᠰᠰᠤᠷ ᠹᠦ᠋ ᠼᠠᠢ ᠶᠦᠨ᠎ᠤ ᠦᠵᠡᠬᠦ᠌᠎ᠪᠠᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠨᠠᠭᠠᠴᠢᠯᠠᠭ᠍ᠰᠠᠭᠠᠷ ᠢᠷᠡᠭ᠌ᠰᠡᠨ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠡᠭᠡ ᠪᠦᠯᠬᠦᠮᠳᠡᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠯ᠎ᠡ ᠵᠦᠢᠯ᠎ᠤᠨ ᠢᠯᠠᠯᠲᠠ᠎ᠶ᠋ᠢ ᠤᠯᠬᠤ ᠴᠢᠬᠤᠯᠠ ᠡᠷᠳᠡᠨᠢ ᠪᠣᠯᠤᠨ᠎ᠠ᠃
ᠲᠡᠷᠡ᠄ 《ᠵᠠᠭᠤᠨ ᠵᠢᠯ᠎ᠤᠨ ᠲᠡᠮᠡᠴᠡᠯ᠎ᠢᠶᠠᠨ ᠡᠷᠭᠢᠴᠡᠭᠦᠯᠬᠦᠶ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠢᠮᠠᠭ᠍ᠲᠠ ᠨᠢᠭᠡᠳᠦᠮᠡᠯ ᠹᠷᠣᠨᠲ᠎ᠢ ᠴᠢᠬᠤᠯᠠ ᠪᠠᠢᠷᠢᠨ᠎ᠳᠤ ᠲᠠᠯᠪᠢᠵᠤ᠂ ᠬᠠᠮᠤᠭ᠎ᠤᠨ ᠥᠷᠭᠡᠨ ᠳᠡᠯᠭᠡᠷ ᠨᠢᠭᠡᠳᠦᠮᠡᠯ ᠹᠷᠣᠨᠲ᠎ᠢ ᠲᠠᠰᠤᠷᠠᠯᠲᠠ ᠥᠬᠡᠶ ᠪᠠᠬᠢᠵᠢᠭᠦᠯᠦᠨ ᠬᠥᠭ᠌ᠵᠢᠭᠦᠯᠵᠦ᠍᠂ ᠪᠦᠯᠬᠦᠮᠳᠡᠵᠦ᠍ ᠪᠣᠯᠬᠤ ᠬᠦᠴᠦᠨ ᠪᠦᠬᠦᠨ᠎ᠲᠠᠢ ᠪᠦᠯᠬᠦᠮᠳᠡᠵᠦ᠍᠂ ᠳᠠᠢᠴᠢᠯᠠᠵᠤ ᠪᠣᠯᠬᠤ ᠢᠳᠡᠪᠬᠢ ᠬᠦᠴᠦᠨ ᠵᠦᠢᠯ ᠪᠦᠬᠦᠨ᠎ᠢ ᠳᠠᠢᠴᠢᠯᠠᠵᠤ᠂ ᠬᠠᠮᠲᠤ᠎ᠪᠠᠷ ᠲᠡᠮᠡᠴᠡᠬᠦ᠌ ᠬᠦᠴᠦᠨ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠨᠢᠭ᠍ᠲᠠᠷᠠᠭᠤᠯᠪᠠ᠃ ᠡᠬᠡ ᠣᠷᠣᠨᠴᠢ ᠨᠢᠭᠡᠳᠦᠮᠡᠯ ᠹᠷᠣᠨᠲ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠢ ᠪᠦᠯᠬᠦᠮᠳᠡᠭᠦᠯᠦᠨ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠴᠢᠬᠤᠯᠠ ᠡᠷᠳᠡᠨᠢ ᠮᠥᠨ᠃ ᠱᠢᠨ᠎ᠡ ᠲᠡᠦᠬᠡᠨ ᠠᠶᠠᠨ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ᠎ᠶ᠋ᠢᠨ ᠬᠥᠪᠡᠭᠦᠳ ᠥᠬᠢᠳ᠎ᠢ ᠪᠦᠯᠬᠦᠮᠳᠡᠭᠦᠯᠦᠨ ᠳᠠᠭᠠᠭᠤᠯᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠣᠮᠤᠭ ᠲᠡᠭᠦᠯᠳᠡᠷ ᠤᠷᠤᠭ᠍ᠰᠢᠯᠠᠨ᠎ᠠ》 ᠭᠡᠵᠦ᠍ ᠶᠠᠷᠢᠨ᠎ᠠ᠃
ᠹᠦ᠋ ᠼᠠᠢ ᠶᠦᠨ᠄ 《ᠶᠡᠭᠡ ᠳᠡᠭᠡᠳᠦ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠦᠷᠦ᠎ᠶ᠋ᠢᠨ ᠤᠨᠤᠯ᠎ᠤᠨ ᠬᠢᠴᠢᠶᠡᠯ᠎ᠤᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠠᠤᠭ᠎ᠠ ᠦᠢᠯᠡᠰ᠎ᠲᠤ ᠬᠦᠴᠦᠨ ᠴᠢᠳᠠᠯ᠎ᠢᠶᠠᠨ ᠡᠷᠭᠦᠬᠦ᠌ ᠪᠣᠯ ᠡᠭᠦᠷᠭᠡ ᠬᠠᠷᠢᠭᠤᠴᠠᠯᠭ᠎ᠠ ᠪᠣᠯᠬᠤ ᠪᠥᠭᠡᠳ ᠪᠠᠰᠠ ᠢᠷᠠᠭᠤ ᠠᠯᠳᠠᠷ ᠪᠣᠯᠤᠨ᠎ᠠ᠃ ᠪᠢᠳᠡ ᠡᠷᠬᠡᠪᠰᠢ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠢᠮᠠᠭ᠍ᠲᠠ ᠪᠠᠲᠤ ᠰᠠᠬᠢᠵᠤ᠂ ᠡᠭᠡᠯ ᠵᠢᠷ᠎ᠤᠨ ᠠᠵᠢᠯ᠎ᠤᠨ ᠪᠠᠢᠷᠢ᠎ᠳᠠᠭᠠᠨ ᠭᠠᠪᠢᠶ᠎ᠠ ᠵᠢᠳᠬᠦᠯ ᠪᠠᠢᠭᠤᠯᠵᠤ᠂ ᠡᠷᠡᠰ ᠪᠠᠲᠤ ᠮᠠᠷᠺᠰ᠎ᠤᠨ ᠦᠵᠡᠯ᠎ᠤᠨ ᠬᠦᠰᠡᠯᠡᠩ ᠢᠲᠡᠭᠡᠯ ᠪᠢᠱᠢᠷᠡᠯ᠎ᠢᠶᠠᠷ ᠱᠢᠨ᠎ᠡ ᠴᠠᠭ ᠦᠶ᠎ᠡ᠎ᠶ᠋ᠢᠨ ᠤᠶᠤᠲᠠᠳ᠎ᠤᠨ ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠳᠠᠭᠠᠬᠤ᠎ᠶ᠋ᠢ ᠬᠥᠮᠦᠵᠢᠭᠦᠯᠵᠦ᠍᠂ 〈ᠳᠦᠷᠪᠡᠨ ᠤᠬᠠᠮᠰᠠᠷ〉 ᠢᠶᠠᠨ ᠲᠠᠰᠤᠷᠠᠯᠲᠠ ᠦᠭᠡᠢ ᠴᠢᠩᠭᠠᠳᠭᠠᠵᠤ᠂ 〈ᠳᠦᠷᠪᠡᠨ ᠢᠲᠡᠭᠡᠯ〉 ᠢᠶᠠᠨ ᠪᠠᠲᠤᠳᠭᠠᠵᠤ᠂ 〈ᠬᠤᠶᠠᠷ᠎ᠢ ᠬᠠᠮᠠᠭᠠᠯᠠᠬᠤ〉 ᠶ᠋ᠢ ᠪᠡᠶᠡᠯᠡᠭᠦᠯᠵᠦ᠍᠂ ᠡᠷᠴᠢ ᠵᠣᠷᠢᠭᠲᠠᠢ᠂ ᠰᠥᠰᠥ᠍ ᠵᠣᠷᠢᠭᠲᠠᠢ᠂ ᠢᠲᠡᠭᠡᠯ ᠵᠣᠷᠢᠭᠲᠠᠢ ᠳᠤᠮᠳᠠᠳᠤ᠎ᠶ᠋ᠢᠨ ᠰᠠᠢᠨ ᠬᠥᠪᠡᠭᠦᠳ ᠥᠬᠢᠳ ᠪᠣᠯᠬᠤ᠎ᠪᠠᠷ ᠴᠢᠷᠮᠠᠢᠬᠤ ᠬᠡᠷᠡᠭ᠌ᠳᠡᠢ》 ᠭᠡᠵᠦ᠍ ᠬᠡᠯᠡᠨ᠎ᠠ᠃