ᠨᠠᠮ ᠪᠠᠢᠭᠤᠯᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠬᠦᠴᠦᠨ᠎ᠢ ᠨᠢᠭ᠍ᠲᠠᠷᠠᠭᠤᠯᠤᠨ᠎ᠠ
2021-08-16 10:03:47
ᠵᠣᠬᠢᠶᠠᠭ᠍ᠴᠢ᠄
ᠵᠣᠤ ᠨᠠ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠹᠧᠩ ᠵᠢᠶᠠ ᠵᠢᠤᠢ᠎ᠶ᠋ᠢ ᠰᠤᠷᠪᠤᠯᠵᠢᠯᠠᠭ᠍ᠰᠠᠨ᠎ᠨᠢ 

 

《ᠶᠡᠷᠦᠩᠬᠡᠢ ᠱᠦᠵᠢ ᠰᠢ᠎ᠶ᠋ᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠳᠠᠭᠠᠨ᠂ ᠲᠡᠦᠬᠡ᠎ᠶ᠋ᠢᠨ ᠤᠷᠤᠰᠭᠠᠯ ᠲᠠᠰᠤᠷᠠᠰᠢ ᠦᠭᠡᠢ᠂ ᠵᠣᠷᠢᠭ ᠰᠠᠨᠠᠭ᠎ᠠ ᠦᠶ᠎ᠡ᠎ᠶ᠋ᠢᠨ ᠦᠶ᠎ᠡ᠎ᠳᠤ ᠤᠯᠠᠮᠵᠢᠯᠠᠭ᠍ᠳᠠᠨ᠎ᠠ᠃ ᠪᠢᠳᠡ ᠢᠷᠠᠭᠤ ᠠᠯᠳᠠᠷᠲᠤ ᠤᠯᠠᠮᠵᠢᠯᠠᠯ᠎ᠢᠶᠠᠨ ᠦᠷᠭᠦᠯᠵᠢᠯᠡᠨ ᠪᠠᠳᠠᠷᠠᠭᠤᠯᠵᠤ᠂ ᠬᠤᠪᠢᠰᠭᠠᠯ᠎ᠤᠨ ᠤᠯᠠᠮᠵᠢᠯᠠᠯ᠎ᠢ ᠦᠷᠭᠦᠯᠵᠢᠯᠡᠨ ᠵᠠᠯᠭᠠᠮᠵᠢᠯᠠᠵᠤ᠂ ᠨᠠᠮ ᠪᠠᠢᠭᠤᠯᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠡᠭᠦᠷᠢᠳᠡ ᠵᠠᠯᠭᠠᠮᠵᠢᠯᠠᠨ ᠪᠠᠳᠠᠷᠠᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ!》 ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠹᠧᠩ ᠵᠢᠶᠠ ᠵᠢᠤᠢ ᠰᠤᠷᠪᠤᠯᠵᠢᠯᠠᠭ᠎ᠠ ᠬᠦᠯᠢᠶᠡᠬᠦ᠌᠎ᠳᠡᠭᠡᠨ᠂ ᠨᠠᠮ ᠪᠠᠢᠭᠤᠯᠬᠤ ᠠᠭᠤᠤ ᠶᠡᠭᠡ ᠵᠣᠷᠢᠭ ᠰᠠᠨᠠᠭ᠎ᠠ ᠪᠣᠯ ᠮᠠᠨ᠎ᠤ ᠨᠠᠮ᠎ᠤᠨ ᠨᠠᠮ᠎ᠢ ᠪᠠᠢᠭᠤᠯᠬᠤ᠂ ᠨᠠᠮ᠎ᠢ ᠮᠠᠨᠳᠤᠭᠤᠯᠬᠤ᠂ ᠨᠠᠮ᠎ᠢ ᠬᠦᠴᠦᠷᠬᠡᠭ᠌ᠵᠢᠭᠦᠯᠬᠦ᠌ ᠵᠣᠷᠢᠭ ᠰᠠᠨᠠᠭᠠᠨ᠎ᠤ ᠭᠠᠷᠤᠭ᠎ᠠ᠂ ᠦᠵᠡᠯ ᠰᠠᠨᠠᠭᠠᠨ᠎ᠤ ᠰᠠᠭᠤᠷᠢ ᠴᠡᠭ ᠮᠥᠨ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠣᠷᠣᠱᠢᠨ ᠲᠣᠭ᠍ᠲᠠᠨᠢᠬᠤ ᠰᠦᠭ ᠰᠦᠨᠡᠰᠦ᠂ ᠣᠷᠣᠱᠢᠨ ᠲᠣᠭ᠍ᠲᠠᠨᠢᠬᠤ ᠦᠨᠳᠦᠰᠦ ᠮᠥᠨ᠂ ᠮᠠᠨ᠎ᠤ ᠨᠠᠮ᠎ᠤᠨ ᠵᠠᠭᠤᠨ ᠵᠢᠯ᠎ᠤᠨ ᠭᠠᠪᠢᠶ᠎ᠠ ᠵᠢᠳᠬᠦᠯ᠎ᠢ ᠭᠦᠨᠵᠡᠭᠡᠢ ᠣᠢᠯᠠᠭᠠᠵᠤ ᠤᠷᠢᠳᠤᠬᠢ᠎ᠶ᠋ᠢ ᠵᠠᠯᠭᠠᠮᠵᠢᠯᠠᠨ ᠬᠤᠢᠱᠢᠬᠢ᠎ᠳᠤ ᠵᠠᠮ ᠨᠡᠭᠡᠭᠡᠬᠦ᠌ 《ᠠᠯᠳᠠᠨ ᠲᠦᠯᠬᠢᠭᠦᠷ》 ᠮᠥᠨ᠃ ᠪᠢᠳᠡ ᠨᠠᠮ ᠪᠠᠢᠭᠤᠯᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠨᠡᠪᠲᠡᠷᠡᠲᠡᠯ᠎ᠠ ᠣᠢᠯᠠᠭᠠᠨ ᠦᠢᠯᠡᠳᠦᠯᠭᠡᠵᠢᠭᠦᠯᠵᠦ᠍᠂ ᠡᠭᠦᠨ᠎ᠤ ᠳᠤᠮᠳᠠ᠎ᠠᠴᠠ ᠱᠢᠨ᠎ᠡ ᠠᠶᠠᠨ᠎ᠢ ᠡᠬᠢᠯᠡᠬᠦᠯᠬᠦ᠂ ᠱᠢᠨ᠎ᠡ ᠴᠠᠭ ᠦᠶ᠎ᠡ᠎ᠳᠤ ᠡᠷᠡᠮᠡᠬᠡᠢᠯᠡᠨ ᠤᠷᠤᠭ᠍ᠰᠢᠯᠠᠬᠤ ᠬᠦᠴᠦᠷᠬᠡᠭ ᠶᠡᠭᠡ ᠬᠦᠴᠦᠨ ᠴᠢᠳᠠᠯ᠎ᠢ ᠱᠢᠩᠭᠡᠭᠡᠨ ᠠᠪᠬᠤ ᠬᠡᠷᠡᠭ᠌ᠲᠡᠢ ᠭᠡᠵᠦ᠍ ᠢᠯᠡᠷᠬᠡᠢᠯᠡᠪᠡ᠃ 

ᠹᠧᠩ ᠵᠢᠶᠠ ᠵᠢᠤᠢ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠢᠩᠬᠢᠮ᠎ᠤᠨ᠎ᠬᠢᠨ ᠨᠠᠮ᠎ᠤᠨ ᠲᠡᠦᠬᠡ᠎ᠶ᠋ᠢ ᠰᠤᠷᠤᠯᠴᠠᠬᠤ ᠪᠠ ᠦᠵᠡᠯ ᠰᠠᠨᠠᠭ᠎ᠠ᠎ᠶ᠋ᠢ ᠣᠢᠯᠠᠭᠠᠨ ᠤᠬᠠᠪᠤᠷᠢᠯᠠᠬᠤ᠎ᠶ᠋ᠢ ᠨᠢᠭᠡᠳᠭᠡᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠤᠳᠤᠷᠢᠳᠭᠤ ᠳᠤᠭᠤᠢᠯᠠᠩ᠎ᠤᠨ ᠲᠤᠰᠭᠠᠢ ᠰᠡᠳᠦᠪᠲᠦ ᠰᠤᠷᠤᠯᠴᠠᠯᠭ᠎ᠠ᠎ᠶ᠋ᠢᠨ ᠬᠤᠷᠠᠯ᠂ ᠲᠤᠰᠭᠠᠢ ᠰᠡᠳᠦᠪᠲᠦ ᠮᠡᠳᠡᠭᠦᠯᠦᠯᠲᠡ᠎ᠶ᠋ᠢᠨ ᠬᠤᠷᠠᠯ᠂ ᠨᠣᠮ ᠤᠩᠱᠢᠬᠤ ᠠᠩᠬᠢ ᠵᠡᠷᠭᠡ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠭᠤᠣᠯ ᠠᠵᠢᠯ᠎ᠤᠨ ᠲᠣᠭᠤᠷᠢᠨ᠎ᠳᠤ᠂ ᠺᠠᠳ᠋ᠷ ᠤᠯᠠᠨ ᠲᠦᠮᠡᠨ᠎ᠤ ᠦᠷᠭᠦᠯᠵᠢᠯᠡᠨ ᠲᠡᠮᠡᠴᠡᠵᠦ᠍᠂ ᠪᠣᠳᠠᠲᠠᠢ ᠠᠵᠢᠯᠯᠡᠨ ᠬᠦᠰᠡᠯ ᠵᠡᠭᠦᠳᠦ᠎ᠪᠠᠨ ᠲᠡᠷᠭᠡᠯᠱᠢᠭᠦᠯᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ᠎ᠶ᠋ᠢ ᠬᠥᠮᠦᠵᠢᠭᠦᠯᠵᠦ᠍ ᠬᠦᠲᠦᠯᠦᠨ ᠲᠠᠭᠠᠭᠤᠯᠪᠠ ᠭᠡᠵᠦ᠍ ᠲᠠᠨᠢᠯᠴᠠᠭᠤᠯᠪᠠ᠃ 

ᠶᠡᠷᠦᠩᠬᠡᠢ ᠱᠦᠵᠢ ᠰᠢ᠎ᠶ᠋ᠢᠨ ᠫᠢᠩ 《7 · 1》 ᠎ᠤ ᠴᠢᠬᠤᠯᠠ ᠶᠠᠷᠢᠶᠠᠨ᠎ᠳᠠᠭᠠᠨ ᠪᠦᠬᠦ᠌ ᠡᠪ ᠬᠠᠮᠲᠤ ᠨᠠᠮ᠎ᠤᠨ ᠭᠡᠱᠢᠭᠦᠨ᠎ᠳᠤ᠄ 《ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠬᠦᠰᠡᠯᠡᠩ ᠢᠲᠡᠭᠡᠯ ᠪᠢᠱᠢᠷᠡᠯ᠎ᠢᠶᠠᠨ ᠪᠠᠲᠤᠳᠭᠠᠵᠤ᠂ ᠨᠠᠮ᠎ᠤᠨ ᠵᠣᠷᠢᠯᠲᠠ᠎ᠶ᠋ᠢ ᠦᠢᠯᠡᠳᠦᠯᠭᠡᠵᠢᠭᠦᠯᠵᠦ᠍᠂ ᠠᠷᠠᠳ ᠤᠯᠠᠨ᠎ᠯᠤᠭ᠎ᠠ᠎ᠶ᠋ᠢᠨ ᠮᠢᠬ᠎ᠠ ᠴᠢᠰᠤᠨ᠎ᠤ ᠪᠠᠷᠢᠯᠳᠤᠯᠭ᠎ᠠ᠎ᠪᠠᠨ ᠡᠭᠦᠷᠢᠳᠡ ᠪᠠᠳᠤᠯᠠᠵᠦ᠍᠂ ᠢᠮᠠᠭ᠍ᠲᠠ ᠠᠷᠠᠳ ᠲᠦᠮᠡᠨ᠎ᠲᠠᠢ ᠪᠤᠳᠤᠯ ᠰᠡᠳᠭᠢᠯ᠎ᠢᠶᠠᠨ ᠨᠢᠭᠡᠳᠭᠡᠵᠦ᠍᠂ ᠬᠦᠴᠦ᠎ᠪᠠᠨ ᠬᠠᠮᠳᠤᠳᠭᠠᠵᠦ᠍᠂ ᠬᠦᠴᠢᠷ ᠪᠡᠷᠬᠡᠱᠢᠶᠡᠯ᠎ᠢ ᠬᠠᠮᠲᠤ᠎ᠪᠠᠷ ᠲᠤᠭᠤᠯᠵᠤ᠂ ᠵᠢᠷᠭᠠᠯ ᠵᠣᠪᠠᠯᠠᠩ᠎ᠢᠶᠠᠨ ᠬᠠᠮᠲᠤᠳᠭᠠᠵᠤ᠂ ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠪᠡᠶᠡᠯᠡᠭᠦᠯᠬᠦ᠌᠎ᠶ᠋ᠢᠨ ᠲᠥᠯᠥᠭᠡ ᠦᠷᠭᠦᠯᠵᠢᠯᠡᠨ ᠴᠥᠬᠦᠷᠡᠰᠢ ᠦᠭᠡᠢ ᠴᠢᠷᠮᠠᠢᠵᠤ᠂ ᠨᠠᠮ ᠪᠣᠯᠤᠨ ᠠᠷᠠᠳ ᠲᠦᠮᠡᠨ᠎ᠳᠤ ᠨᠡᠩ ᠶᠡᠭᠡ ᠢᠷᠠᠭᠤ ᠠᠯᠳᠠᠷ᠎ᠢ ᠲᠡᠮᠡᠴᠡᠨ ᠤᠯᠬᠤ᠎ᠪᠠᠷ ᠴᠢᠷᠮᠠᠢᠰᠤᠭᠠᠢ!》 ᠬᠡᠰᠡᠨ ᠠᠭᠤᠤ ᠶᠡᠭᠡ ᠤᠷᠢᠶᠠᠯᠠᠭ᠎ᠠ ᠭᠠᠷᠭᠠᠪᠠ᠃ ᠹᠧᠩ ᠵᠢᠶᠠ ᠵᠢᠤᠢ᠎ᠶ᠋ᠢᠨ ᠦᠵᠡᠬᠦ᠌᠎ᠪᠠᠷ᠂ ᠠᠭᠤᠤ ᠶᠡᠭᠡ ᠤᠷᠢᠶᠠᠯᠠᠭ᠎ᠠ᠎ᠶ᠋ᠢ ᠴᠤᠤᠷᠢᠶᠠᠲᠤᠨ ᠲᠠᠭᠠᠬᠤ᠎ᠳᠤ᠂ ᠡᠷᠬᠡᠪᠰᠢ ᠢᠮᠠᠭ᠍ᠲᠠ ᠠᠷᠠᠳ ᠤᠯᠠᠨ᠎ᠤ ᠠᠱᠢᠭ ᠲᠤᠰᠠ᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠤ ᠦᠢᠯᠡᠴᠢᠯᠡᠬᠦ᠌ ᠦᠨᠳᠦᠰᠦᠨ ᠵᠣᠷᠢᠯᠲᠠ᠎ᠶ᠋ᠢ ᠪᠠᠷᠢᠮᠲᠠᠯᠠᠵᠤ᠂ ᠢᠮᠠᠭ᠍ᠲᠠ ᠨᠠᠮ ᠪᠣᠯᠤᠨ ᠠᠷᠠᠳ ᠲᠦᠮᠡᠨ᠎ᠤ ᠴᠢᠰᠤ ᠮᠢᠬᠠᠨ᠎ᠤ ᠬᠠᠷᠢᠴᠠᠭ᠎ᠠ᠎ᠶ᠋ᠢ ᠪᠠᠲᠤᠯᠠᠵᠤ᠂ ᠴᠥᠬᠦᠷᠡᠰᠢ ᠦᠭᠡᠢ᠎ᠪᠠᠷ ᠤᠯᠠᠨ ᠲᠦᠮᠡᠨ᠎ᠳᠤ ᠪᠣᠳᠠᠲᠠᠢ ᠶᠠᠪᠤᠳᠠᠯ ᠰᠠᠢᠨ ᠶᠠᠪᠤᠳᠠᠯ ᠬᠢᠵᠦ᠍ ᠥᠭ᠌ᠴᠦ᠂ ᠤᠯᠠᠨ ᠲᠦᠮᠡᠨ᠎ᠳᠤ ᠨᠡᠩ ᠤᠯᠠᠨ᠂ ᠨᠡᠩ ᠱᠢᠭᠤᠳ᠂ ᠨᠡᠩ ᠪᠣᠳᠠᠲᠠᠢ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠤ ᠲᠦᠷᠦᠭ᠌ᠳᠡᠯ ᠣᠯᠭᠤᠬᠤ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠢᠩᠬᠢᠮ᠎ᠤᠨ᠎ᠬᠢᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠪᠠᠷ ᠠᠵᠠ ᠲᠣᠬᠢᠶᠠᠯ ᠪᠣᠯᠭᠠᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠨ᠂ ᠴᠡᠭ ᠬᠠᠷᠠᠭᠠᠯᠵᠠᠭᠤᠯᠤᠨ 《ᠭᠤᠷᠪᠠ᠎ᠶ᠋ᠢ ᠠᠰᠠᠭᠤᠬᠤ》 ᠠᠵᠢᠯ᠎ᠢ ᠥᠷᠨᠢᠭᠦᠯᠵᠦ᠍ ᠰᠠᠨᠠᠯ ᠬᠤᠷᠢᠶᠠᠪᠠ᠄ ᠲᠢᠩᠬᠢᠮ᠎ᠤᠨ ᠤᠳᠤᠷᠢᠳᠭᠤ ᠪᠠᠭ᠎ᠤᠨ ᠪᠦᠷᠢᠯᠳᠦᠬᠦᠨ ᠠᠯᠤᠰ ᠬᠡᠲᠦ᠎ᠶ᠋ᠢ ᠪᠣᠳᠣᠯᠬᠢᠯᠠᠨ ᠪᠠᠢᠭᠤᠯᠤᠮᠵᠢ ᠲᠣᠭ᠍ᠲᠠᠴᠠ᠎ᠪᠠᠨ ᠲᠡᠭᠦᠯᠳᠡᠷᠵᠢᠭᠦᠯᠵᠦ᠍᠂ ᠲᠣᠪᠤᠢᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠠᠴᠢᠮᠳᠠᠵᠦ᠍ ᠲᠦᠪᠡᠭ᠌ᠳᠡᠵᠦ᠍ ᠵᠤᠪᠠᠨᠢᠵᠦ᠍ ᠬᠦᠰᠡᠵᠦ᠍ ᠪᠠᠢᠭ᠎ᠠ ᠠᠰᠠᠭᠤᠳᠠᠯ᠎ᠢ ᠱᠢᠶ᠋ᠳᠪᠦᠷᠢᠯᠡᠵᠦ᠍᠂ ᠢᠳᠡᠪᠬᠢᠲᠡᠶ ᠵᠣᠬᠢᠴᠠᠭᠤᠯᠵᠤ᠂ 《ᠪᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ᠎ᠢ ᠴᠠᠭ ᠲᠤᠬᠠᠶ᠎ᠳᠤᠨᠢ ᠪᠠᠭᠤᠯᠭᠠᠬᠤ᠎ᠳᠤ ᠲᠣᠭ᠍ᠲᠠᠴᠠ ᠪᠠᠢᠭᠤᠯᠤᠨ᠎ᠠ》᠂ 《ᠪᠢ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠳᠤ ᠲᠥᠷᠥ᠎ᠶ᠋ᠢᠨ ᠪᠣᠳᠣᠯᠭ᠎ᠠ ᠬᠦᠷᠭᠡᠨ᠎ᠠ》᠂ 《ᠪᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠷᠥᠯ ᠵᠦᠶ᠋ᠯ᠎ᠢ ᠭᠤᠶᠤᠴᠢᠯᠠᠨ ᠮᠡᠳᠡᠭᠦᠯᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠠ》᠂ 《ᠪᠢ ᠵᠠᠯᠠᠭᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠯᠠᠭᠤ ᠴᠢᠳᠠᠪᠤᠷᠢᠲᠠᠨ᠎ᠳᠤ ᠬᠠᠢᠷ᠎ᠠ ᠬᠠᠯᠠᠮᠵᠢ ᠬᠦᠷᠭᠡᠨ᠎ᠠ》 ᠬᠡᠬᠦ᠌ ᠵᠡᠷᠭᠡ 8 ᠵᠦᠶ᠋ᠯ᠎ᠤᠨ ᠪᠣᠳᠠᠲᠤ ᠶᠠᠪᠤᠳᠠᠯ᠎ᠢ ᠨᠠᠢᠳᠠᠪᠤᠷᠢᠵᠢᠭᠤᠯᠪᠠ; ᠲᠢᠩᠬᠢᠮ᠎ᠤᠨ ᠬᠠᠷᠢᠶ᠎ᠠ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ 《ᠬᠤᠤᠰ ᠨᠡᠷ᠎ᠡ ᠮᠡᠳᠡᠭᠦᠯᠬᠦ᠌》 ᠠᠵᠢᠯ᠎ᠢ ᠯᠠᠪᠳᠠᠭᠤᠨ ᠪᠠᠲᠤᠲᠠᠶ ᠪᠡᠶᠡᠯᠡᠭᠦᠯᠵᠦ᠍᠂ 61 ᠦᠶ᠋ᠯᠡᠴᠢᠯᠡᠭᠡᠨ᠎ᠤ ᠲᠥᠷᠥᠯ ᠵᠦᠶ᠋ᠯ᠎ᠢ ᠭᠥᠯᠢᠶᠡᠨ ᠠᠪᠴᠤ᠌᠂ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠵᠦ᠍ ᠨᠡᠢᠭᠡᠮ ᠲᠣᠭᠤᠷᠢᠭ᠎ᠲᠤ ᠭᠦᠨᠵᠡᠭᠡᠢᠷᠡᠭᠦᠯᠦᠨ ᠪᠣᠳᠠᠲᠤ ᠶᠠᠪᠤᠳᠠᠯ ᠬᠢᠬᠦ᠌ ᠠᠵᠢᠯᠯᠠᠭ᠎ᠠ᠎ᠳᠤ 350 ᠭᠠᠷᠤᠶ ᠬᠥᠮᠦᠨ ᠤᠳᠠᠭ᠎ᠠ ᠣᠷᠣᠯᠴᠠᠪᠠ; 《ᠵᠢᠷᠭᠤᠭᠠᠨ ᠨᠢᠭᠡ》 ᠎ᠶ᠋ᠢᠨ ᠨᠠᠮ᠎ᠤᠨ ᠪᠠᠢᠭᠤᠯᠤᠯᠲᠠ᠎ᠪᠠᠷ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ》 ᠎ᠶ᠋ᠢ ᠬᠥᠲᠥᠯᠥᠨ ᠳᠠᠭᠠᠭᠤᠯᠵᠤ ᠬᠠᠮᠵᠢᠯᠴᠠᠬᠤ ᠠᠵᠢᠯᠯᠠᠭ᠎ᠠ ᠦᠷᠨᠢᠭᠦᠯᠵᠤ᠂ ᠲᠣᠰ ᠲᠣᠰ᠎ᠤᠨ ᠡᠭᠦᠷᠭᠡ ᠴᠢᠳᠠᠪᠬᠢ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠤᠨ᠂ ᠦᠶ᠋ᠯᠡᠴᠢᠯᠡᠬᠦ᠌ ᠡᠲᠡᠭᠡᠳ᠎ᠠᠴᠠ 37 ᠵᠤᠷᠪᠤᠰ ᠰᠠᠨᠠᠯ ᠰᠠᠨᠠᠭᠤᠯᠭ᠎ᠠ ᠬᠤᠷᠢᠶᠠᠵᠤ᠂ 50 ᠱᠢᠬᠠᠮ ᠠᠰᠠᠭᠤᠳᠠᠯ᠎ᠢ ᠱᠢᠶ᠋ᠳᠪᠦᠷᠢᠯᠡᠵᠦ᠍᠂ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ᠂ ᠪᠠᠢᠴᠠᠭᠠᠨ ᠰᠤᠳᠤᠯᠵᠤ ᠰᠣᠯᠢᠯᠴᠠᠬᠤ ᠵᠡᠷᠭᠡ ᠡᠯ᠎ᠡ ᠲᠥᠷᠥᠯ᠎ᠤᠨ ᠠᠵᠢᠯᠯᠠᠭ᠎ᠠ᠎ᠶ᠋ᠢ 70 ᠭᠠᠷᠤᠶ ᠤᠳᠠᠭ᠎ᠠ ᠥᠷᠨᠢᠭᠦᠯᠪᠡ᠃ ᠨᠠᠮ᠎ᠤᠨ ᠭᠡᠱᠢᠭᠦᠨ ᠺᠠᠳ᠋ᠷᠴᠤᠳ ᠦᠨᠳᠦᠰᠦᠨ ᠱᠠᠲᠤᠨ᠎ᠳᠤ ᠭᠦᠨᠵᠡᠭᠡᠢᠷᠡᠨ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠦᠭ᠌ᠴᠤ᠂ ᠬᠦᠴᠢᠷ ᠠᠰᠠᠭᠤᠳᠠᠯ᠎ᠢ᠎ᠨᠢ ᠱᠢᠢᠳᠪᠦᠷᠢᠯᠡᠨ᠂ ᠰᠠᠢᠨ ᠶᠠᠪᠤᠳᠠᠯ ᠬᠢᠬᠦ᠌ ᠶᠠᠪᠤᠴᠠ᠎ᠳᠤ᠂ ᠠᠷᠠᠳ ᠲᠦᠮᠡᠨ᠎ᠤ ᠠᠱᠢᠭ ᠲᠤᠰᠠ᠎ᠠᠴᠠ ᠭᠠᠳᠠᠨ᠎ᠠ ᠨᠠᠮ᠎ᠳᠤ ᠥᠪᠡᠷ᠎ᠤᠨ ᠣᠨᠴᠠᠭᠠᠢ ᠠᠱᠢᠭ ᠲᠤᠰᠠ ᠭᠡᠵᠦ᠍ ᠪᠠᠢᠬᠤ ᠦᠭᠡᠢ᠂ ᠨᠠᠮ᠎ᠤᠨ ᠠᠯᠢᠪᠠ ᠠᠵᠢᠯ ᠴᠥᠮ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠤ ᠦᠨᠳᠦᠰᠦᠨ ᠠᠱᠢᠭ ᠲᠤᠰᠠ᠎ᠶ᠋ᠢ ᠰᠠᠢᠲᠤᠷ ᠪᠡᠶᠡᠯᠡᠭᠦᠯᠵᠦ᠍᠂ ᠰᠠᠢᠲᠤᠷ ᠬᠠᠮᠠᠭᠠᠯᠠᠵᠤ᠂ ᠰᠠᠢᠲᠤᠷ ᠬᠥᠭ᠌ᠵᠢᠭᠦᠯᠬᠦ᠌᠎ᠶ᠋ᠢᠨ ᠲᠥᠯᠥᠭᠡ ᠶᠤᠮ᠂ ᠨᠠᠮ᠎ᠤᠨ ᠠᠯᠢᠪᠠ ᠠᠵᠢᠯ ᠡᠷᠬᠡᠪᠰᠢ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠤ ᠦᠨᠳᠦᠰᠦᠨ ᠠᠱᠢᠭ ᠲᠤᠰᠠ᠎ᠪᠠᠷ ᠬᠠᠮᠤᠭ᠎ᠤᠨ ᠥᠨᠳᠥᠷ ᠪᠠᠷᠢᠮᠵᠢᠶ᠎ᠠ ᠪᠣᠯᠭᠠᠬᠤ ᠬᠡᠷᠡᠭ᠌ᠲᠡᠢ; ᠠᠷᠠᠳ ᠲᠦᠮᠡᠨ ᠪᠣᠯ ᠲᠡᠦᠬᠡ᠎ᠶ᠋ᠢᠨ ᠡᠭᠦᠳᠦᠨ ᠪᠦᠲᠦᠭᠡᠭ᠌ᠴᠢ ᠮᠥᠨ᠂ ᠠᠷᠠᠳ ᠲᠦᠮᠡᠨ ᠪᠣᠯ ᠵᠢᠩᠬᠢᠨᠢ ᠪᠠᠭᠠᠲᠤᠷ ᠮᠥᠨ᠂ ᠡᠷᠬᠡᠪᠰᠢ ᠠᠷᠠᠳ ᠲᠦᠮᠡᠨ᠎ᠢ ᠢᠲᠡᠭᠡᠵᠦ᠍᠂ ᠠᠷᠠᠳ ᠲᠦᠮᠡᠨ᠎ᠳᠤ ᠲᠦᠱᠢᠭ᠌ᠯᠡᠬᠦ᠌ ᠬᠡᠷᠡᠭ᠌ᠲᠡᠢ; ᠨᠠᠮ᠎ᠤᠨ ᠭᠡᠱᠢᠭᠦᠨ ᠺᠠᠳ᠋ᠷ ᠪᠣᠯ ᠬᠡᠵᠢᠶᠡᠳᠡ ᠬᠥᠳᠡᠯᠮᠦᠷᠢᠴᠢᠨ ᠠᠷᠠᠳ ᠲᠦᠮᠡᠨ᠎ᠤ ᠡᠩ᠎ᠤᠨ ᠨᠢᠭᠡ ᠭᠡᠱᠢᠭᠦᠨ ᠮᠥᠨ᠂ ᠡᠷᠬᠡᠪᠰᠢ ᠠᠷᠠᠳ ᠤᠯᠠᠨ᠎ᠯᠤᠭ᠎ᠠ᠎ᠶ᠋ᠢᠨ ᠴᠢᠰᠤ ᠮᠢᠬᠠᠨ᠎ᠤ ᠬᠠᠷᠢᠴᠠᠭ᠎ᠠ᠎ᠶ᠋ᠢ ᠪᠠᠲᠤᠯᠠᠬᠤ ᠬᠡᠷᠡᠭ᠌ᠲᠡᠢ ᠭᠡᠳᠡᠭ᠎ᠢ ᠨᠡᠩ ᠭᠦᠨᠵᠡᠭᠡᠢ ᠲᠠᠨᠢᠵᠤ ᠣᠯᠤᠭ᠍ᠰᠠᠨ ᠪᠠᠢᠨ᠎ᠠ᠃ 

《ᠨᠠᠮ ᠪᠠᠢᠭᠤᠯᠤᠭ᠍ᠳᠠᠭ᠍ᠰᠠᠨ ᠵᠠᠭᠤᠨ ᠵᠢᠯ᠂ ᠢᠯᠠᠩᠭᠤᠶ᠎ᠠ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠠᠴᠠ ᠨᠠᠭᠠᠰᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠶ᠎ᠡ ᠦᠶ᠎ᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠲᠠᠳ ᠱᠢᠷᠭᠠᠭᠤ ᠬᠠᠲᠠᠭᠤᠵᠢᠯᠲᠠᠢ ᠲᠡᠮᠡᠴᠡᠵᠦ᠍᠂ ᠴᠥᠬᠦᠷᠡᠰᠢ ᠦᠭᠡᠢ ᠴᠢᠷᠮᠠᠢᠵᠤ᠂ ᠲᠠᠰᠤᠷᠠᠯᠲᠠ ᠦᠭᠡᠢ ᠬᠠᠢᠨ ᠰᠦᠪᠡᠭ᠌ᠴᠢᠯᠡᠬᠦ᠌ ᠳᠤᠮᠳᠠ ᠡᠷᠡᠮᠡᠬᠡᠢᠯᠡᠨ ᠤᠷᠤᠭ᠍ᠰᠢᠯᠠᠵᠤ᠂ ᠮᠠᠨ᠎ᠤ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠦᠢᠯᠡᠰ᠎ᠤᠨ ᠰᠠᠭᠤᠷᠢ ᠠᠨᠠᠢ᠂ ᠰᠠᠭᠤᠷᠢ ᠨᠢᠮᠭᠡᠨ᠂ ᠡᠬᠢᠯᠡᠯᠲᠡ᠎ᠶ᠋ᠢᠨ ᠴᠡᠭ ᠳᠣᠣᠷ᠎ᠠ ᠪᠠᠢᠭ᠍ᠰᠠᠨ᠎ᠠᠴᠠ ᠠᠯᠬᠤᠮ ᠠᠯᠬᠤᠮ᠎ᠢᠶᠠᠷ ᠯᠠᠪᠳᠠᠭᠤᠨ ᠪᠠᠲᠤᠲᠠᠢ ᠬᠦᠭ᠌ᠵᠢᠭᠦᠯᠵᠤ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠣᠳᠠᠲᠤ ᠬᠦᠴᠦᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠳᠠᠭᠠᠯᠳᠤᠨ ᠪᠤᠵᠠᠭᠠᠢᠷᠠᠵᠤ᠂ ᠮᠥᠷᠳᠡᠨ ᠲᠠᠭᠠᠵᠤ ᠪᠠᠢᠭ᠍ᠰᠠᠨ᠎ᠠᠴᠠ᠎ᠪᠠᠨ ᠵᠡᠷᠭᠡᠴᠡᠨ ᠤᠷᠤᠭ᠍ᠰᠢᠯᠠᠵᠦ᠍ ᠴᠢᠨᠠᠭ᠍ᠰᠢᠯᠠᠨ ᠬᠡᠰᠡᠭ ᠬᠦᠷᠢᠶᠡᠨ᠎ᠳᠤ ᠳᠠᠭᠠᠭᠤᠯᠤᠨ ᠭᠦᠶᠦᠬᠦ᠌ ᠲᠡᠦᠬᠡᠲᠦ ᠴᠢᠨᠠᠷᠲᠠᠢ ᠳᠠᠪᠠᠯᠲᠠ᠎ᠶ᠋ᠢ ᠪᠡᠶᠡᠯᠡᠭᠦᠯᠪᠡ》᠃ ᠹᠧᠩ ᠵᠢᠶᠠ ᠵᠢᠤᠢ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠵᠤ᠂ ᠱᠢᠨ᠎ᠡ ᠬᠥᠭ᠌ᠵᠢᠯᠲᠡ᠎ᠶ᠋ᠢᠨ ᠤᠢᠯᠠᠭᠠᠭ᠍ᠳᠠᠬᠤᠨ᠎ᠢ ᠪᠦᠷᠢᠨ ᠪᠦᠲᠦᠨ᠂ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠴᠢᠷᠮᠠᠢᠨ ᠪᠠᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠡᠶ᠎ᠡ᠎ᠪᠠᠨ ᠳᠠᠭᠠᠭᠠᠵᠤ ᠬᠦᠴᠦᠷᠬᠡᠭ᠌ᠵᠢᠬᠦ᠌᠎ᠶ᠋ᠢ ᠠᠬᠢᠭᠤᠯᠬᠤ ᠬᠡᠷᠡᠭ᠌ᠲᠡᠢ᠃ ᠣᠷᠴᠢᠮ᠎ᠤᠨ ᠵᠢᠯ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠰᠲ᠋ᠧᠮ᠎ᠤᠨ᠎ᠬᠢᠨ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠤᠬᠠᠶ ᠴᠢᠬᠤᠯᠠ ᠥᠭᠦᠯᠡᠯᠲᠡ᠎ᠶ᠋ᠢᠨ ᠵᠣᠷᠢᠭ ᠰᠠᠨᠠᠭ᠎ᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ 《ᠨᠡᠭᠡᠭᠡᠯᠲᠡ ᠬᠠᠮᠳᠤᠷᠠᠯᠴᠠᠭ᠎ᠠ ᠬᠢᠵᠦ᠍ ᠱᠢᠨ᠎ᠡ᠎ᠶ᠋ᠢ ᠡᠭᠦᠳᠬᠦ᠂ ᠣᠨᠴᠠᠯᠢᠭ᠎ᠢᠶᠠᠨ ᠳᠣᠪᠤᠢᠯᠭᠠᠵᠤ ᠱᠢᠨ᠎ᠡ᠎ᠶ᠋ᠢ ᠡᠭᠦᠳᠬᠦ᠂ ᠵᠠᠩᠭᠢᠯᠠᠭ᠎ᠠ᠎ᠶ᠋ᠢ ᠠᠳᠭᠤᠨ ᠱᠢᠨ᠎ᠡ᠎ᠶ᠋ᠢ ᠡᠭᠦᠳᠬᠦ᠌》 ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ》 ᠠᠵᠢᠯᠯᠠᠭ᠎ᠠ᠎ᠪᠠᠷ ᠶᠡᠷᠦᠩᠬᠡᠢᠯᠡᠨ ᠵᠢᠯᠣᠭᠤᠳᠣᠭᠤᠯᠬᠤ᠎ᠶ᠋ᠢ ᠪᠠᠷᠢᠮᠲᠠᠯᠠᠵᠤ᠂ 《4+ 8+N》 ᠬᠠᠮᠲᠤᠷᠠᠯᠴᠠᠭᠠᠨ᠎ᠤ ᠲᠣᠭ᠍ᠲᠠᠴᠠ᠎ᠶ᠋ᠢ ᠨᠠᠢᠳᠠᠪᠤᠷᠢᠵᠢᠭᠤᠯᠵᠤ᠂ ᠥᠪᠥᠷ ᠮᠣᠩᠭᠤᠯ᠎ᠤᠨ ᠱᠢᠨ᠎ᠡ᠎ᠶ᠋ᠢ ᠡᠭᠦᠳᠬᠦ᠌ ᠠᠵᠢᠯ᠎ᠢ ᠪᠦᠬᠦ᠌ ᠤᠯᠤᠰ᠎ᠤᠨ ᠱᠢᠨ᠎ᠡ᠎ᠶ᠋ᠢ ᠡᠭᠦᠳᠬᠦ᠌ ᠬᠥᠭ᠌ᠵᠢᠯᠲᠡ ᠵᠨ ᠶᠡᠭᠡ ᠲᠠᠯ᠎ᠠ᠎ᠳᠤ ᠠᠭᠤᠰᠤᠯᠴᠠᠭᠤᠯᠬᠤ᠎ᠶ᠋ᠢ ᠪᠦᠬᠦ᠌ ᠬᠦᠴᠦᠨ᠎ᠢᠶᠠᠷ ᠠᠬᠢᠭᠤᠯᠪᠠ; 《ᠬᠤᠶᠠᠷ ᠬᠠᠯᠬᠠᠪᠴᠢ》᠂ 《ᠬᠤᠶᠠᠷ ᠰᠠᠭᠤᠷᠢᠨ》 ᠪᠠ 《ᠨᠢᠭᠡ ᠪᠠᠬᠢᠯᠡᠯᠲᠡ》 ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠴᠢᠩᠭ᠎ᠠ ᠡᠵᠡᠮᠳᠡᠵᠦ᠍᠂ ᠠᠵᠤ ᠦᠶ᠋ᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠲᠣᠭᠤᠷᠢᠨ᠎ᠳᠤ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠪᠠᠢᠷᠢᠯᠠᠭᠤᠯᠵᠤ᠂ ᠳᠠᠪᠠᠭᠤᠯᠢᠭ ᠤᠨᠴᠠᠯᠢᠬ᠍ᠳᠤ ᠠᠵᠤ ᠦᠶ᠋ᠯᠡᠰ᠎ᠤᠨ ᠬᠡᠯᠬᠢᠶ᠎ᠡ᠎ᠶ᠋ᠢ ᠤᠷᠲᠤᠳᠭᠠᠵᠤ ᠨᠥᠬᠦᠪᠥᠷᠢᠯᠡᠨ ᠬᠦᠴᠦᠷᠬᠡᠭ᠌ᠵᠢᠭᠦᠯᠬᠦ᠌᠎ᠶ᠋ᠢ ᠠᠬᠢᠭᠤᠯᠪᠠ; 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠯᠥᠪᠵᠢᠭᠦᠯᠭᠡ᠎ᠶ᠋ᠢ ᠴᠢᠨᠠᠷ ᠰᠠᠢᠲᠠᠶ ᠨᠠᠢᠷᠠᠭᠤᠯᠤᠨ ᠵᠣᠬᠢᠶᠠᠵᠤ᠂ ᠨᠡᠬᠡᠬᠡᠨ ᠬᠦᠭ᠌ᠵᠢᠬᠦᠯᠤᠯᠳᠠ᠎ᠳᠠᠬᠢ ᠣᠷᠣᠭᠤᠯᠤᠯᠲᠠ᠎ᠶ᠋ᠢᠨ ᠪᠣᠭᠤᠮᠲᠠ ᠱᠢᠪᠲᠤᠯᠬᠤ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠨᠡᠬᠡᠬᠡᠨ ᠬᠦᠭ᠌ᠵᠢᠬᠦᠯᠤᠯᠳᠠ᠎ᠳᠠᠬᠢ ᠣᠷᠣᠭᠤᠯᠤᠯᠲᠠ᠎ᠶ᠋ᠢᠨ ᠳᠤᠲᠠᠭᠤᠳᠠᠯ᠎ᠢ ᠬᠦᠴᠦᠯᠡᠨ ᠨᠥᠬᠦᠪᠥᠷᠢᠯᠡᠪᠡ; 《ᠭᠤᠷᠪᠠᠨ ᠣᠷᠣᠨ ᠬᠤᠶᠠᠷ ᠲᠥᠪ》 ᠎ᠤᠨ ᠪᠥᠲᠥᠭᠡᠨ ᠪᠠᠢᠭᠤᠯᠤᠯᠲᠠ᠎ᠪᠠᠷ ᠭᠤᠤᠯᠳᠠᠯᠭ᠎ᠠ ᠪᠣᠯᠭᠠᠵᠤ᠂ ᠥᠨᠳᠥᠷ ᠲᠦᠪᠱᠢᠨ ᠪᠥᠬᠦᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠬᠤᠱᠢᠭᠤᠴᠢ ᠣᠷᠣᠨ᠎ᠢ ᠪᠥᠬᠦ᠌ ᠬᠦᠴᠦᠨ᠎ᠢᠶᠠᠷ᠎ᠢᠶᠠᠨ ᠴᠣᠭ᠍ᠴᠠᠯᠨᠪᠠ; ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠷᠢᠶᠡᠨ᠎ᠳᠠᠬᠢ 《ᠲᠠᠯᠪᠢᠬᠤ ᠬᠠᠮᠢᠶᠠᠷᠬᠤ ᠦᠶ᠋ᠯᠡᠴᠢᠯᠡᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠪᠠᠷ ᠭᠤᠤᠯ ᠪᠣᠯᠭᠠᠵᠤ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ 30 ᠵᠤᠷᠪᠤᠰ》 ᠎ᠢ ᠲᠣᠭ᠍ᠲᠠᠭᠠᠨ ᠨᠡᠢᠲᠡᠯᠡᠵᠦ᠍᠂ ᠱᠢᠨ᠎ᠡ᠎ᠶ᠋ᠢ ᠡᠭᠦᠳᠬᠦ᠌ ᠰᠠᠢᠨ ᠰᠠᠢᠬᠠᠨ ᠠᠮᠢ ᠠᠬᠤᠶ᠎ᠶ᠋ᠢ ᠦᠷᠭᠦᠯᠵᠢᠯᠡᠨ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠲᠤᠯᠭᠠᠭᠤᠷᠢᠯᠠᠬᠤ ᠲᠠᠯ᠎ᠠ᠎ᠪᠠᠷ ᠠᠩᠬ᠎ᠠ ᠠᠯᠬᠤᠮ᠎ᠤᠨ ᠦᠷ᠎ᠡ ᠪᠦᠲᠦᠮᠵᠢ ᠤᠯᠤᠬ᠍ᠰᠠᠨ ᠭᠡᠵᠦ᠍ ᠬᠡᠯᠡᠪᠡ᠃ 

ᠹᠧᠩ ᠵᠢᠶᠠ ᠵᠢᠤᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠮᠠᠨᠳᠤᠪᠠᠯ ᠦᠨᠳᠦᠰᠦᠲᠡᠨ ᠮᠠᠨᠳᠤᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠬᠦᠴᠦᠷᠬᠡᠭ᠌ᠵᠢᠪᠡᠯ ᠤᠯᠤᠰ ᠬᠦᠷᠤᠨ ᠬᠦᠴᠦᠷᠬᠡᠭ᠌ᠵᠢᠨ᠎ᠡ᠃ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠱᠢᠨ᠎ᠡ ᠠᠶᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠢᠩᠬᠢᠮ᠎ᠤᠨ᠎ᠬᠢᠨ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ ᠪᠠᠢᠭᠤᠯᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠵᠠᠯᠭᠠᠮᠵᠢᠯᠠᠨ ᠪᠠᠳᠠᠷᠠᠭᠤᠯᠵᠤ᠂ ᠨᠠᠮᠴᠢ ᠴᠢᠨᠠᠷ᠎ᠢᠶᠠᠨ ᠳᠠᠪᠲᠠᠨ ᠪᠣᠯᠪᠠᠰᠤᠷᠠᠭᠤᠯᠬᠤ᠂ ᠠᠷᠠᠳ ᠲᠦᠮᠡᠨ᠎ᠳᠤ ᠦᠶ᠋ᠯᠡᠴᠢᠯᠡᠬᠦ᠂ ᠬᠥᠭ᠌ᠵᠢᠯᠲᠡ᠎ᠶ᠋ᠢ ᠠᠬᠢᠭᠤᠯᠵᠤ᠎ᠪᠠᠷ ᠬᠦᠴᠦᠯᠡᠨ ᠴᠢᠷᠮᠠᠢᠵᠦ᠍᠂ 《ᠪᠠᠢᠯᠳᠤᠬᠤ ᠪᠣᠳᠣᠯᠭ᠎ᠠ᠎ᠶ᠋ᠢ ᠠᠳᠭᠤᠬᠤ᠂ ᠥᠭᠡᠷᠡᠴᠢᠯᠡᠯᠲᠡ᠎ᠶ᠋ᠢ ᠠᠳᠭᠤᠬᠤ᠂ ᠲᠥᠯᠥᠪᠵᠢᠭᠦᠯᠭᠡ᠎ᠶ᠋ᠢ ᠠᠳᠭᠤᠬᠤ᠂ ᠦᠶ᠋ᠯᠡᠴᠢᠯᠡᠭᠡ᠎ᠶ᠋ᠢ ᠠᠳᠭᠤᠬᠤ》 ᠪᠠᠢᠷᠢ ᠲᠣᠭ᠍ᠲᠠᠭᠠᠯᠲᠠ᠎ᠳᠤ ᠠᠩᠬᠠᠷᠤᠯ᠎ᠢᠶᠠᠨ ᠲᠦᠪᠯᠡᠷᠡᠬᠦᠯᠵᠤ᠂ ᠥᠪᠡᠷᠲᠡᠭᠡᠨ ᠵᠠᠰᠠᠬᠤ ᠣᠷᠣᠨ᠎ᠤ ᠣᠨᠴᠠᠯᠢᠬ᠂ ᠥᠪᠡᠷᠲᠡᠭᠡᠨ ᠵᠠᠰᠠᠬᠤ ᠣᠷᠣᠨ᠎ᠤ ᠳᠠᠪᠠᠭᠤᠯᠢᠭ᠎ᠢ ᠬᠠᠷᠠᠭᠤᠯᠤᠭ᠍ᠰᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠵᠠᠮ᠎ᠢ ᠬᠠᠢᠨ ᠰᠦᠪᠡᠭ᠌ᠴᠢᠯᠠᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ᠎ᠶ᠋ᠢ ᠤᠷᠢᠳ᠎ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠪᠠᠷ ᠤᠳᠤᠷᠢᠳᠤᠮᠵᠢ ᠪᠤᠯᠭᠠᠬ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠳᠤ ᠪᠠᠢᠯᠳᠤᠬᠤ ᠪᠤᠳᠤᠯᠭ᠎ᠠ᠎ᠶ᠋ᠢᠨ ᠲᠤᠯᠭᠠᠭᠤᠷᠢᠯᠠᠯ ᠬᠠᠩᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠦᠢᠯᠡᠰ᠎ᠲᠤ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠠ ᠬᠡᠵᠤ ᠢᠯᠡᠳᠭᠡᠪᠡ᠃ 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号