— ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠵᠠᠬᠢᠳᠠᠯ ᠰᠤᠷᠪᠤᠯᠵᠢᠯᠠᠯ᠎ᠤᠨ ᠲᠣᠪᠴᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠲᠣᠪᠴᠢᠶᠠᠨ ᠳᠠᠷᠤᠭ᠎ᠠ ᠡᠤ ᡁᠢ ᠴᠢᠶᠠᠩ᠎ᠢ ᠰᠤᠷᠪᠤᠯᠵᠢᠯᠠᠭ᠍ᠰᠠᠨ᠎ᠨᠢ
《ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠭᠦᠨ ᠭᠦᠨᠵᠡᠭᠡᠢ ᠦᠵᠡᠯ ᠰᠠᠨᠠᠭ᠎ᠠ᠂ ᠡᠯᠪᠡᠭ ᠪᠠᠶᠠᠯᠢᠭ ᠠᠭᠤᠯᠤᠭ᠍ᠳᠠᠬᠤᠨ᠎ᠲᠠᠢ ᠪᠠᠢᠵᠤ᠂ ᠮᠠᠷᠺᠰ᠎ᠤᠨ ᠦᠵᠡᠯ᠎ᠤᠨ ᠬᠥᠲᠥᠯᠪᠦᠷᠢ᠎ᠶ᠋ᠢᠨ ᠴᠢᠨᠠᠷᠲᠠᠢ ᠲᠤᠯᠭᠤᠷ ᠪᠢᠴᠢᠭ ᠪᠣᠯᠤᠨ᠎ᠠ᠂ ᠪᠦᠬᠦ᠌ ᠨᠠᠮ᠎ᠢᠶᠠᠷ᠎ᠢᠶᠠᠨ ᠱᠢᠨ᠎ᠡ ᠲᠡᠦᠬᠡᠨ ᠨᠥᠬᠦᠴᠡᠯ ᠳᠣᠣᠷ᠎ᠠ ᠮᠠᠰᠢ ᠤᠯᠠᠨ ᠱᠢᠨ᠎ᠡ ᠲᠡᠦᠬᠡᠲᠦ ᠣᠨᠴᠠᠯᠢᠭ᠎ᠲᠠᠢ ᠠᠭᠤᠤ ᠶᠡᠭᠡ ᠲᠡᠮᠡᠴᠡᠯ ᠬᠢᠬᠦ᠌ ᠤᠯᠤᠰ ᠲᠦᠷᠦ᠎ᠶ᠋ᠢᠨ ᠲᠤᠩᠬᠠᠭ ᠪᠣᠯᠤᠨ᠎ᠠ᠂ ᠡᠨᠡ᠎ᠨᠢ ᠪᠢᠳᠡᠨ᠎ᠤ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠴᠢᠷᠮᠠᠢᠨ ᠲᠡᠮᠡᠴᠡᠬᠦ᠌᠎ᠳᠤ ᠲᠦᠢᠯ᠎ᠤᠨ ᠴᠢᠬᠤᠯᠠ ᠵᠢᠯᠣᠭᠤᠳᠭᠤ ᠠᠴᠢ ᠬᠤᠯᠪᠣᠭ᠍ᠳᠠᠯ᠎ᠲᠠᠢ ᠶᠤᠮ》 ᠭᠡᠵᠤ ᠲᠦᠷᠦᠬᠦᠭᠡᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ᠂ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠡᠤ ᡁᠢ ᠴᠢᠶᠠᠩ ᠲᠣᠰ ᠰᠣᠨᠢᠨ᠎ᠤ ᠰᠤᠷᠪᠤᠯᠵᠢᠯᠠᠭ᠍ᠴᠢ᠎ᠶ᠋ᠢᠨ ᠰᠤᠷᠪᠤᠯᠵᠢᠯᠠᠭ᠎ᠠ᠎ᠶ᠋ᠢ ᠬᠦᠯᠢᠶᠡᠬᠦ᠌᠎ᠳᠡᠭᠡᠨ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ᠎ᠠᠴᠠ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠡᠷᠬᠢᠨ ᠴᠢᠨᠠᠭ᠍ᠰᠢᠳᠠ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠲᠤᠬᠠᠶ ᠶᠠᠷᠢᠬᠤ᠎ᠳᠠᠭᠠᠨ ᠦ᠋ ᡁᠢ ᠴᠢᠶᠠᠩ᠂ ᠵᠠᠬᠢᠳᠠᠯ ᠰᠤᠷᠪᠤᠯᠵᠢᠯᠠᠯ᠎ᠤᠨ ᠠᠵᠢᠯ ᠪᠣᠯ ᠨᠠᠮ ᠪᠣᠯᠤᠨ ᠵᠠᠰᠠᠭ᠎ᠤᠨ ᠣᠷᠳᠣᠨ᠎ᠤ ᠠᠷᠠᠳ ᠣᠯᠠᠨ᠎ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠮᠥᠨ᠃ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠴᠢᠬᠤᠯᠠ ᠶᠡᠭᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠣᠨᠣᠯ᠎ᠢᠶᠠᠷ ᠵᠡᠪᠰᠡᠭ᠌ᠯᠡᠬᠦ᠌ ᠠᠵᠢᠯ᠎ᠤᠨ ᠭᠤᠤᠯᠳᠠᠯᠭ᠎ᠠ᠎ᠶ᠋ᠢᠨ ᠲᠤᠳᠤᠷᠠᠬᠢ ᠭᠤᠤᠯᠳᠠᠯᠭ᠎ᠠ ᠪᠣᠯᠭᠠᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠭᠤᠤᠯ ᠠᠭᠤᠯᠭ᠎ᠠ ᠪᠣᠯᠭᠠᠵᠤ᠂ ᠪᠥᠬᠦ᠌ ᠣᠷᠣᠨ᠎ᠤ ᠵᠠᠬᠢᠳᠠᠯ ᠰᠤᠷᠪᠤᠯᠵᠢᠯᠠᠯ᠎ᠤᠨ ᠱᠢᠰᠲ᠋ᠧᠮ᠎ᠤᠨ ᠨᠠᠮ᠎ᠤᠨ ᠭᠡᠱᠢᠭᠦᠨ ᠺᠠᠳ᠋ᠷᠴᠤᠳ᠎ᠢ ᠬᠥᠲᠥᠯᠥᠨ ᠵᠢᠯᠣᠭᠤᠳᠴᠤ᠌ ᠪᠠᠢᠭᠠᠳ ᠦᠵᠡᠯ ᠰᠠᠨᠠᠭᠠᠨ᠎ᠤ ᠠᠤᠭ᠎ᠠ ᠬᠦᠴᠦᠨ᠎ᠢ ᠣᠢᠯᠠᠭᠠᠭᠤᠯᠵᠤ᠂ ᠤᠷᠤᠭ᠍ᠰᠢᠯᠠᠨ ᠳᠠᠪᠱᠢᠬᠤ ᠬᠦᠴᠦᠨ ᠴᠢᠳᠠᠯ᠎ᠢ ᠱᠢᠩᠭᠡᠭᠡᠨ ᠠᠪᠴᠤ᠌᠂ ᠬᠤᠪᠢᠰᠭᠠᠯ᠎ᠤᠨ ᠤᠳᠤᠮᠱᠢᠯ᠎ᠢ ᠤᠯᠠᠮᠵᠢᠯᠠᠨ ᠵᠠᠯᠭᠠᠮᠵᠢᠯᠠᠵᠤ᠂ ᠬᠤᠪᠢᠰᠭᠠᠯ᠎ᠤᠨ ᠠᠮᠢᠨ ᠰᠤᠳᠠᠰᠤ᠎ᠶ᠋ᠢ ᠵᠠᠯᠭᠠᠮᠵᠢᠯᠠᠵᠤ᠂ ᠨᠠᠮ᠎ᠤᠨ ᠬᠦᠴᠢᠷ ᠵᠣᠪᠠᠭᠤᠷᠢ᠎ᠶ᠋ᠢ ᠬᠤᠪᠢᠶᠠᠯᠴᠠᠨ᠂ ᠠᠷᠠᠳ᠎ᠤᠨ ᠬᠦᠴᠢᠷᠳᠡᠯ᠎ᠢ ᠱᠢᠢᠳᠪᠤᠷᠢᠯᠡᠬᠦ᠌ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠪᠥᠬᠦ᠌ ᠣᠷᠣᠨ᠎ᠤ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠱᠢᠨ᠎ᠡ ᠪᠠᠢᠳᠠᠯ᠎ᠢ ᠴᠢᠷᠮᠠᠢᠨ ᠡᠭᠦᠳᠴᠦ᠍᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠠ ᠭᠡᠵᠤ ᠢᠯᠡᠳᠭᠡᠵᠠᠢ᠃
ᠨᠢᠭᠡ᠎ᠳᠤ᠂ ᠮᠡᠳᠡᠬᠦᠢ ᠬᠢᠬᠦᠢ᠎ᠪᠠᠨ ᠨᠢᠭᠡᠳᠭᠡᠬᠦ᠌᠎ᠶ᠋ᠢ ᠪᠠᠷᠢᠮᠲᠠᠯᠠᠵᠤ᠂ 《ᠬᠤᠶᠠᠷ᠎ᠢ ᠬᠠᠮᠠᠭᠠᠯᠠᠬᠤ》 ᠶ᠋ᠢ ᠦᠨᠡᠨ ᠬᠦ᠌ ᠪᠡᠶᠡᠯᠡᠭᠦᠯᠦᠨ᠎ᠠ᠃ ᠶᠡᠷᠦᠩᠬᠡᠢ ᠱᠦᠵᠢ ᠰᠢ᠎ᠶ᠋ᠢᠨ ᠫᠢᠩ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠣᠨᠴᠠᠯᠢᠭ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯᠤᠨ᠎ᠠ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠪᠠᠢᠭᠤᠯᠤᠯ᠎ᠤᠨ ᠬᠠᠮᠤᠭ᠎ᠤᠨ ᠶᠡᠭᠡ ᠳᠠᠪᠠᠭᠤᠯᠢᠭ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯᠤᠨ᠎ᠠ ᠭᠡᠵᠦ᠍ ᠵᠢᠭᠠᠵᠤ ᠭᠠᠷᠭᠠᠪᠠ᠃ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠨ ᠲᠡᠭᠦᠯᠳᠡᠷᠵᠢᠭᠦᠯᠬᠦ᠌ ᠪᠣᠯ ᠨᠠᠮ ᠪᠠ ᠤᠯᠤᠰ᠎ᠤᠨ ᠦᠨᠳᠦᠰᠦ᠂ ᠠᠮᠢᠨ ᠰᠤᠳᠠᠰᠤ ᠮᠥᠨ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠱᠢᠭ ᠲᠤᠰᠠ᠂ ᠵᠣᠯ ᠵᠢᠷᠭᠠᠯ᠎ᠲᠠᠢ ᠬᠤᠯᠪᠤᠭ᠍ᠳᠠᠨ᠎ᠠ᠃ ᠨᠠᠮ᠎ᠤᠨ ᠭᠡᠱᠢᠭᠦᠨ ᠺᠠᠳ᠋ᠷᠴᠤᠳ ᠨᠢᠭᠡ ᠰᠡᠳᠭᠢᠯ᠎ᠢᠶᠠᠷ ᠨᠠᠮ᠎ᠢᠶᠠᠨ ᠳᠠᠭᠠᠵᠤ᠂ ᠢᠲᠡᠭᠡᠯ ᠪᠢᠱᠢᠷᠡᠯ᠎ᠤᠨ ᠰᠠᠭᠤᠷᠢ᠎ᠪᠠᠨ ᠪᠠᠬᠢᠵᠢᠭᠦᠯᠵᠦ᠍᠂ ᠡᠷᠡᠰ ᠭᠤᠢᠪᠢᠰᠢ ᠦᠭᠡᠢ᠎ᠪᠠᠷ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠢᠶᠠᠨ ᠳᠠᠭᠠᠵᠤ᠂ 《ᠳᠥᠷᠪᠡᠨ ᠤᠬᠠᠮᠰᠠᠷ》 ᠢᠶᠠᠨ ᠴᠢᠩᠭᠠᠳᠭᠠᠵᠤ᠂ 《ᠳᠥᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠣᠢᠯᠠᠭᠠᠬᠤ ᠴᠢᠳᠠᠪᠤᠷᠢ᠂ ᠤᠯᠤᠰ ᠲᠥᠷᠥ᠎ᠶ᠋ᠢᠨ ᠬᠡᠷᠡᠭ᠌ᠵᠢᠭᠦᠯᠬᠦ᠌ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠢᠮᠠᠭ᠍ᠲᠠ ᠦᠵᠡᠯ ᠰᠠᠨᠠᠭ᠎ᠠ ᠤᠯᠤᠰ ᠲᠥᠷᠥ᠍ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠶ ᠪᠠᠢᠬᠤ ᠬᠡᠷᠡᠭ᠌ᠲᠡᠶ᠃ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠬᠤ᠎ᠪᠠᠷ ᠦᠨᠳᠦᠰᠦᠨ ᠪᠠᠲᠤᠯᠠᠭ᠎ᠠ ᠪᠣᠯᠭᠠᠵᠤ᠂ ᠬᠤᠶᠠᠷ ᠶᠡᠭᠡ ᠲᠠᠯ᠎ᠠ᠎ᠳᠤ ᠰᠠᠭᠤᠷᠢᠯᠠᠨ᠂ 《ᠤᠯᠤᠰ᠎ᠤᠨ ᠶᠡᠭᠡ ᠲᠠᠯ᠎ᠠ》 ᠶ᠋ᠢ ᠪᠤᠳᠤᠯᠬᠢᠯᠠᠵᠤ᠂ ᠨᠠᠮ᠎ᠳᠠᠭᠠᠨ ᠦᠨᠡᠨᠴᠢ ᠱᠢᠳᠤᠷᠭᠤ ᠪᠠᠢᠬᠤ ᠶᠡᠭᠡ ᠮᠣᠷᠠᠯ᠎ᠢ ᠡᠷᠬᠢᠮᠯᠡᠨ᠂ ᠠᠷᠠᠳ ᠲᠦᠮᠡᠨ᠎ᠳᠤ ᠪᠤᠶᠠᠨ ᠦᠢᠯᠡᠳᠬᠦ᠌ ᠨᠡᠢᠲᠡ᠎ᠶ᠋ᠢᠨ ᠶᠣᠰᠣ ᠮᠣᠷᠠᠯ᠂ ᠪᠡᠶ᠎ᠡ᠎ᠪᠠᠨ ᠴᠢᠩᠭ᠎ᠠ ᠱᠠᠭᠠᠷᠳᠠᠬᠤ ᠵᠠᠩ ᠰᠤᠷᠲᠠᠯ᠎ᠢ ᠡᠷᠬᠢᠮᠯᠡᠬᠦ᠌ ᠬᠡᠷᠡᠭ᠌ᠲᠡᠢ᠃ ᠪᠦᠬᠦ᠌ ᠣᠷᠣᠨ᠎ᠤ ᠵᠠᠬᠢᠳᠠᠯ ᠰᠤᠷᠪᠤᠯᠵᠢᠯᠠᠯ᠎ᠤᠨ ᠱᠢᠰᠲ᠋ᠧᠮ ᠵᠠᠪᠠᠯ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠣᠶ ᠪᠣᠯᠭᠠᠬᠤ᠂ ᠦᠨᠳᠦᠰᠦᠲᠡᠨ᠎ᠤ ᠪᠦᠯᠬᠦᠮᠳᠡᠯ᠎ᠢ ᠬᠠᠮᠠᠭᠠᠯᠠᠬᠤ᠎ᠶ᠋ᠢ ᠰᠠᠭᠤᠷᠢ ᠴᠢᠨᠠᠷᠲᠠᠶ ᠦᠢᠯᠡᠰ ᠪᠣᠯᠭᠠᠨ ᠴᠢᠩᠭ᠎ᠠ ᠪᠥᠭᠡᠳ ᠰᠠᠢᠲᠤᠷ ᠠᠳᠭᠤᠵᠤ᠂ ᠦᠨᠳᠦᠰᠦᠲᠡᠨ᠎ᠤ ᠪᠦᠯᠬᠦᠮᠳᠡᠯ᠎ᠢ ᠨᠢᠳᠦᠨ᠎ᠤ ᠴᠡᠴᠡᠬᠡᠢ᠎ᠪᠠᠨ ᠱᠢᠭ ᠬᠠᠢᠷᠠᠯᠠᠨ ᠬᠠᠮᠠᠭᠠᠯᠠᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ ᠡᠷᠬᠢᠮ ᠳᠡᠭᠡᠳᠦ ᠢᠷᠠᠭᠤ ᠠᠯᠳᠠᠷ᠎ᠢ ᠨᠢᠮᠪᠠᠶ ᠬᠢᠮᠠᠭᠠᠳᠠᠨ ᠬᠠᠮᠠᠭᠠᠯᠠᠵᠤ᠂ ᠦᠨᠳᠦᠰᠦᠲᠡᠨ᠎ᠤ ᠪᠦᠯᠬᠦᠮᠳᠡᠯ᠂ ᠨᠡᠢᠭᠡᠮ᠎ᠤᠨ ᠲᠣᠭ᠍ᠲᠠᠭᠤᠨ᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ ᠰᠠᠢᠨ ᠰᠠᠢᠬᠠᠨ ᠪᠠᠢᠳᠠᠯ᠎ᠢ ᠲᠠᠰᠤᠷᠠᠯᠲᠠ ᠤᠢ᠍ᠭᠡᠢ ᠪᠠᠬᠢᠵᠢᠭᠦᠯᠬᠦ᠌ ᠬᠡᠷᠡᠭ᠌ᠲᠡᠶ᠃
ᠬᠤᠶᠠᠷ᠎ᠲᠤ᠌᠂ ᠠᠷᠠᠳ ᠲᠦᠮᠡᠨ᠎ᠢᠶᠠᠷ ᠭᠤᠣᠯ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠦᠨᠳᠦᠰᠦᠨ ᠵᠣᠷᠢᠯᠲᠠ᠎ᠶ᠋ᠢ ᠦᠨᠡᠨ ᠬᠦ᠌ ᠦᠢᠯᠡᠳᠦᠯᠭᠡᠵᠢᠭᠦᠯᠬᠦ᠌ ᠬᠡᠷᠡᠭ᠌ᠲᠡᠢ᠃ ᠪᠢᠳᠡ ᠶᠡᠷᠦᠩᠬᠡᠶ ᠱᠦᠵᠢ᠎ᠶ᠋ᠢᠨ 《ᠲᠥᠷᠥ᠍ ᠵᠠᠰᠠᠭ ᠪᠣᠯ ᠳᠠᠷᠤᠶ ᠠᠷᠠᠳ ᠲᠦᠮᠡᠨ ᠮᠥᠨ᠂ ᠠᠷᠠᠳ ᠲᠦᠮᠡᠨ ᠪᠣᠯ ᠳᠠᠷᠤᠢ ᠲᠦᠷᠦ᠍ ᠵᠠᠰᠠᠭ ᠮᠥᠨ᠂ ᠲᠦᠷᠦ᠍ ᠵᠠᠰᠠᠭ᠎ᠢ ᠪᠠᠢᠭᠤᠯᠬᠤ᠂ ᠲᠦᠷᠦ᠍ ᠵᠠᠰᠠᠭ᠎ᠢ ᠰᠠᠬᠢᠬᠤ᠎ᠨᠢ ᠳᠠᠷᠤᠢ ᠠᠷᠠᠳ ᠲᠦᠮᠡᠨ᠎ᠤ ᠰᠡᠳᠭᠢᠯ᠎ᠢ ᠰᠠᠬᠢᠵᠤ ᠪᠠᠢᠭ᠎ᠠ ᠶᠠᠪᠤᠳᠠᠯ ᠪᠤᠯᠤᠨ᠎ᠠ》᠂ ᠢᠮᠠᠭ᠍ᠲᠠ ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢᠶᠠᠷ ᠲᠡᠮᠡᠴᠡᠬᠦ᠌ ᠬᠠᠷᠠᠯᠲᠠ᠎ᠪᠠᠨ ᠪᠣᠯᠭᠠᠵᠤ᠂ ᠨᠠᠮ᠎ᠤᠨ ᠣᠯᠠᠨ ᠲᠦᠮᠡᠨᠴᠢ ᠱᠤᠭᠤᠮ᠎ᠢ ᠲᠤᠭᠤᠱᠢᠯᠠᠭᠤᠯᠬᠤ᠂ ᠠᠷᠠᠳ ᠣᠯᠠᠨ᠎ᠤ 《ᠪᠠᠴᠢᠮᠳᠠᠵᠦ᠍ ᠲᠦᠪᠡᠭ᠌ᠳᠡᠵᠦ᠍ ᠵᠤᠪᠠᠨᠢᠵᠦ᠍ ᠬᠦᠰᠡᠵᠦ᠍》 ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠠᠷᠠᠳ᠎ᠤᠨ ᠵᠠᠬᠢᠳᠠᠯ ᠰᠤᠷᠪᠤᠯᠵᠢᠯᠠᠯ᠎ᠤᠨ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠ ᠶᠡᠷᠦᠩᠬᠡᠶ ᠱᠦᠵᠢ ᠰᠢ᠎ᠶ᠋ᠢᠨ ᠫᠢᠩ᠎ᠤᠨ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠵᠤ᠂ ᠣᠯᠠᠨ ᠲᠦᠮᠡᠨ᠎ᠤ ᠵᠦᠶ ᠶᠣᠰᠣᠨ᠎ᠤ ᠬᠦᠰᠡᠯ ᠱᠠᠭᠠᠷᠳᠠᠯᠭ᠎ᠠ᠎ᠶ᠋ᠢ ᠱᠢᠢᠳᠪᠤᠷᠢᠯᠡᠬᠦ᠌᠎ᠶ᠋ᠢ ᠠᠵᠢᠯ᠎ᠤᠨ ᠬᠦᠴᠦᠯᠡᠬᠦ᠌ ᠴᠡᠭ ᠪᠣᠯᠭᠠᠵᠤ᠂ 《ᠲᠠᠪᠤᠨ ᠱᠠᠲᠤᠨ᠎ᠤ ᠱᠦᠵᠢ ᠵᠠᠬᠢᠳᠠᠯ ᠰᠤᠷᠪᠤᠯᠵᠢᠯᠠᠯ᠎ᠢ ᠠᠳᠭᠤᠬᠤ》 ᠶ᠋ᠢ ᠰᠠᠢᠲᠤᠷ ᠨᠠᠢᠳᠠᠪᠤᠷᠢᠵᠢᠭᠤᠯᠵᠤ᠂ ᠤᠳᠤᠷᠢᠳᠭᠤ ᠺᠠᠳ᠋ᠷᠴᠤᠳ᠎ᠤᠨ ᠵᠠᠬᠢᠳᠠᠯ ᠰᠤᠷᠪᠤᠯᠵᠢᠯᠠᠯ᠎ᠢ ᠬᠦᠯᠢᠶᠡᠨ ᠠᠪᠴᠤ᠌ ᠳᠣᠷᠣᠭ᠍ᠰᠢ ᠪᠠᠭᠤᠵᠤ ᠬᠡᠷᠡᠭ᠎ᠢ ᠳᠠᠭᠠᠭᠠᠴᠢᠯᠠᠬᠤ᠎ᠶ᠋ᠢ ᠪᠠᠢᠩᠭᠤᠵᠢᠭᠤᠯᠤᠨ ᠳᠦᠷᠢᠮᠵᠢᠭᠦᠯᠬᠦ᠌ ᠵᠡᠷᠭᠡ ᠲᠣᠭ᠍ᠲᠠᠴᠠ ᠪᠠ 《ᠳᠥᠷᠪᠡ᠎ᠶ᠋ᠢ ᠳᠠᠭᠠᠭᠠᠴᠢᠯᠠᠬᠤ》 ᠬᠠᠷᠢᠭᠤᠴᠠᠯᠭ᠎ᠠ᠂ 《ᠭᠤᠷᠪᠠ᠎ᠶ᠋ᠢ ᠪᠣᠳᠠᠲᠠᠢᠵᠢᠭᠤᠯᠵᠤ ᠨᠢᠭᠡ᠎ᠶ᠋ᠢ ᠱᠢᠢᠳᠪᠤᠷᠢᠯᠡᠬᠦ᠌》 ᠱᠠᠭᠠᠷᠳᠠᠯᠭ᠎ᠠ ᠶᠣᠰᠣᠭᠠᠷ᠂ ᠲᠥᠷᠥ᠎ᠶ᠋ᠢᠨ ᠪᠣᠳᠣᠯᠭ᠎ᠠ᠎ᠶ᠋ᠢᠨ ᠬᠠᠩᠭᠠᠯᠭ᠎ᠠ᠎ᠶ᠋ᠢᠨ ᠡᠷᠴᠢᠮ᠎ᠢ ᠴᠢᠨᠠᠬ᠍ᠰᠢᠳᠠ ᠴᠢᠩᠭᠠᠷᠠᠭᠤᠯᠵᠤ᠂ ᠠᠩᠬᠠᠨ᠎ᠤ ᠵᠠᠬᠢᠳᠠᠯ ᠰᠤᠷᠪᠤᠯᠵᠢᠯᠠᠯ᠎ᠢ ᠱᠢᠢᠳᠪᠤᠷᠢᠯᠡᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠳᠠᠪᠬᠤᠷᠳᠠᠭ᠍ᠰᠠᠨ ᠵᠠᠬᠢᠳᠠᠯ ᠰᠤᠷᠪᠤᠯᠵᠢᠯᠠᠯ᠎ᠤᠨ ᠵᠠᠰᠠᠯᠲᠠ᠎ᠶ᠋ᠢ ᠭᠦᠨᠵᠡᠭᠡᠢ ᠠᠬᠢᠭᠤᠯᠵᠤ᠂ ᠵᠠᠬᠢᠳᠠᠯ ᠰᠤᠷᠪᠤᠯᠵᠢᠯᠠᠯ᠎ᠤᠨ ᠳᠠᠷᠤᠭ᠍ᠳᠠᠮᠠᠯ ᠬᠡᠷᠡᠭ᠎ᠢ ᠱᠢᠢᠳᠪᠤᠷᠢᠯᠡᠵᠦ᠍᠂ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠬᠠᠮᠠᠭᠠᠯᠠᠬᠤ ᠬᠡᠷᠡᠭ᠌ᠲᠡᠢ᠃ 《ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠬᠦ》 ᠦᠢᠯᠡᠳᠦᠯᠭᠡ᠎ᠶ᠋ᠢᠨ ᠠᠵᠢᠯᠯᠠᠭ᠎ᠠ᠎ᠲᠠᠢ ᠤᠶᠠᠯᠳᠤᠭᠤᠯᠵᠤ᠂ ᠠᠰᠠᠭᠤᠳᠠᠯ᠎ᠤᠨ ᠨᠠᠷᠢᠨ ᠲᠠᠩᠰᠠ᠎ᠶ᠋ᠢ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠨᠠᠷᠢᠨ ᠲᠠᠩᠰᠠ ᠪᠣᠯᠭᠠᠨ ᠬᠤᠪᠢᠷᠠᠭᠤᠯᠵᠤ᠂ ᠤᠯᠠᠨ ᠲᠦᠮᠡᠨ᠎ᠤ ᠨᠡᠢᠳᠡᠮ ᠠᠩᠬᠠᠷᠴᠤ᠌ ᠪᠠᠢᠭ᠎ᠠ ᠠᠵᠢᠯ ᠣᠯᠭᠤᠯᠲᠠ᠂ ᠰᠤᠷᠭᠠᠨ ᠬᠥᠮᠦᠵᠢᠯ᠂ ᠨᠡᠢᠭᠡᠮ᠎ᠤᠨ ᠪᠠᠲᠤᠯᠠᠭ᠎ᠠ᠂ ᠡᠮ ᠡᠮᠨᠡᠯᠭᠡ᠂ ᠣᠷᠣᠨ ᠰᠠᠭᠤᠴᠠ ᠵᠡᠷᠭᠡ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠰᠡᠳᠭᠢᠯ ᠲᠠᠯᠪᠢᠨ ᠬᠠᠢᠷ᠎ᠠ ᠰᠡᠳᠭᠢᠯᠭᠡ᠎ᠲᠠᠢ᠎ᠪᠠᠷ ᠬᠦᠴᠦ᠍ ᠣᠷᠣᠭᠤᠯᠤᠨ ᠰᠠᠢᠲᠤᠷ ᠱᠢᠢᠳᠪᠦᠷᠢᠯᠡᠵᠦ᠍᠂ ᠨᠠᠮ᠎ᠤᠨ ᠭᠡᠱᠢᠭᠦᠨ ᠺᠠᠳ᠋ᠷᠴᠤᠳ᠎ᠤᠨ 《ᠶᠠᠳᠠᠷᠠᠯ ᠵᠦᠳᠡᠷᠡᠯ᠎ᠤᠨ ᠵᠢᠭᠠᠯᠲᠠ ᠲᠤᠭ᠎ᠠ》 ᠪᠠᠷ ᠠᠷᠠᠳ ᠤᠯᠠᠨ᠎ᠤ 《ᠵᠣᠯ ᠵᠢᠷᠭᠠᠯ᠎ᠤᠨ ᠵᠢᠭᠠᠯᠲᠠ ᠲᠤᠭ᠎ᠠ》 ᠶ᠋ᠢ ᠳᠡᠭᠡᠭ᠌ᠰᠢᠯᠡᠭᠦᠯᠵᠦ᠍᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠤ ᠲᠦᠷᠦᠭ᠌ᠳᠡᠯ᠎ᠢ ᠦᠨᠡᠨ ᠬᠦ᠌ ᠨᠡᠮᠡᠭ᠌ᠳᠡᠭᠦᠯᠬᠦ᠌ ᠬᠡᠷᠡᠭ᠌ᠲᠡᠢ᠃
ᠭᠤᠷᠪᠠ᠎ᠳᠤ᠂ ᠠᠷᠢᠭᠤᠨ ᠴᠢᠬᠡᠴᠢ᠎ᠪᠠᠷ ᠪᠡᠶ᠎ᠡ᠎ᠪᠠᠨ ᠱᠠᠭᠠᠷᠳᠠᠬᠤ᠎ᠶ᠋ᠢ ᠪᠠᠷᠢᠮᠲᠠᠯᠠᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ᠎ᠶ᠋ᠢᠨ ᠬᠠᠷᠢᠭᠤᠴᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠬᠤ ᠬᠡᠷᠡᠭ᠌ᠲᠡᠢ᠃ 《ᠳᠤᠮᠳᠠᠳᠤ ᠤᠯᠤᠰ᠎ᠤᠨ ᠤᠴᠢᠷ ᠶᠠᠪᠤᠳᠠᠯ᠎ᠢ ᠰᠠᠢᠲᠤᠷ ᠬᠢᠬᠦ᠌ ᠵᠠᠩᠭᠢᠯᠠᠭ᠎ᠠ᠎ᠨᠢ ᠨᠠᠮ᠎ᠳᠤ ᠪᠠᠢᠨ᠎ᠠ》᠃ ᠨᠠᠮ᠎ᠤᠨ ᠵᠠᠭᠤᠨ ᠵᠢᠯ᠎ᠤᠨ ᠲᠡᠦᠬᠡ ᠪᠣᠯ ᠪᠠᠰᠠ ᠴᠤ᠌ ᠮᠠᠨ᠎ᠤ ᠨᠠᠮ᠎ᠤᠨ ᠲᠡᠷᠢᠭᠦᠨ᠎ᠤ ᠴᠢᠨᠠᠷ ᠪᠠ ᠴᠡᠪᠡᠷ ᠴᠢᠨᠠᠷ᠎ᠢᠶᠠᠨ ᠲᠠᠰᠤᠷᠠᠯᠳᠠ ᠦᠭᠡᠢ ᠪᠠᠲᠤᠯᠠᠵᠤ᠂ ᠵᠠᠳᠠᠷᠠᠬᠤ᠂ ᠢᠯᠵᠠᠷᠠᠬᠤ ᠠᠶᠤᠯ ᠲᠦᠭ᠌ᠰᠢᠭᠦᠷᠢ᠎ᠶ᠋ᠢ ᠲᠠᠰᠤᠷᠠᠯᠳᠠ ᠦᠭᠡᠢ ᠰᠡᠷᠭᠡᠢᠯᠡᠭ᠌ᠰᠡᠨ ᠲᠡᠦᠬᠡ ᠮᠥᠨ᠃ 《ᠳᠥᠷᠪᠡᠨ ᠶᠡᠭᠡ ᠱᠢᠯᠭᠠᠯᠲᠠ》 ᠪᠣᠯᠤᠨ 《ᠳᠥᠷᠪᠡᠨ ᠵᠦᠢᠯ᠎ᠤᠨ ᠠᠶᠤᠯ ᠲᠦᠭ᠌ᠰᠢᠭᠦᠷᠢ》 ᠶ᠋ᠢᠨ ᠡᠮᠦᠨ᠎ᠡ᠂ ᠨᠠᠮ᠎ᠤᠨ ᠪᠠᠢᠭᠤᠯᠤᠯᠲᠠ᠎ᠳᠤ ᠲᠤᠯᠭᠠᠷᠠᠵᠤ ᠪᠠᠢᠭ᠎ᠠ ᠪᠣᠳᠠᠲᠠᠶ ᠠᠰᠠᠭᠤᠳᠠᠯ᠎ᠢ ᠱᠢᠢᠳᠪᠤᠷᠢᠯᠡᠵᠦ᠍᠂ ᠮᠠᠨ᠎ᠤ ᠨᠠᠮ᠎ᠤᠨ ᠳᠡᠯᠡᠬᠡᠶ᠎ᠶ᠋ᠢᠨ ᠪᠠᠢᠳᠠᠯ᠎ᠤᠨ ᠭᠦᠨᠵᠡᠭᠡᠶ ᠬᠤᠪᠢᠷᠠᠯᠲᠠ᠎ᠶ᠋ᠢᠨ ᠲᠡᠦᠬᠡᠨ ᠠᠬᠢᠴᠠ ᠳᠤᠮᠳᠠ ᠢᠮᠠᠭ᠍ᠲᠠ ᠴᠠᠭ ᠦᠶ᠎ᠡ᠎ᠶ᠋ᠢᠨ ᠡᠮᠦᠨ᠎ᠡ ᠡᠩᠨᠡᠭᠡᠨ᠎ᠳᠤ ᠶᠠᠪᠤᠬᠤ᠎ᠶ᠋ᠢ ᠦᠨᠡᠨ ᠬᠦ᠌ ᠪᠠᠲᠤᠯᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠡᠯ᠎ᠡ ᠵᠦᠢᠯ᠎ᠤᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠠᠷᠭᠠᠴᠠᠬᠤ ᠲᠡᠦᠬᠡᠨ ᠶᠠᠪᠤᠴᠠ᠎ᠳᠤ ᠢᠮᠠᠭ᠍ᠲᠠ ᠪᠦᠬᠦ᠌ ᠤᠯᠤᠰ᠎ᠤᠨ ᠠᠷᠠᠳ ᠲᠦᠮᠡᠨ᠎ᠤ ᠲᠦᠱᠢᠭ ᠲᠤᠯᠭᠠᠭᠤᠷᠢ ᠪᠣᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌ ᠲᠡᠦᠬᠡᠨ ᠶᠠᠪᠤᠴᠠ᠎ᠳᠤ ᠢᠮᠠᠭ᠍ᠲᠠ ᠪᠠᠲᠤ ᠴᠢᠩᠭ᠎ᠠ ᠤᠳᠤᠷᠢᠳᠭᠤ ᠭᠤᠣᠯᠯᠠᠭ᠍ᠴᠢ ᠪᠤᠯᠵᠤ᠂ ᠲᠡᠮᠦᠷ᠎ᠢ ᠳᠠᠪᠲᠠᠬᠤ᠎ᠳᠤ ᠥᠪᠡᠷ᠎ᠢᠶᠠᠨ ᠵᠠᠪᠠᠯ ᠬᠠᠲᠠᠭᠤ ᠪᠠᠢᠬᠤ ᠶᠣᠰᠣ᠎ᠶ᠋ᠢ ᠪᠠᠲᠤ ᠴᠡᠭᠡᠵᠢᠯᠡᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠡᠭᠦᠷᠢᠳᠡ ᠵᠤᠬ᠍ᠰᠤᠰᠢ ᠦᠭᠡᠢ ᠪᠠᠢᠬᠤ ᠤᠯᠤᠰ ᠲᠦᠷᠦ᠎ᠶ᠋ᠢᠨ ᠤᠬᠠᠮᠰᠠᠷ᠎ᠢ ᠴᠢᠩᠭᠠᠳᠭᠠᠵᠤ᠂ ᠢᠯᠵᠠᠷᠠᠯ᠎ᠢ ᠡᠰᠡᠷᠭᠦᠴᠡᠵᠦ᠍ ᠬᠤᠪᠢᠷᠠᠬᠤ᠎ᠶ᠋ᠢ ᠰᠡᠷᠭᠡᠢᠯᠡᠬᠦ᠌ ᠪᠠ ᠲᠦᠭ᠌ᠰᠢᠭᠦᠷᠢ᠎ᠶ᠋ᠢ ᠲᠤᠯᠬᠤ ᠴᠢᠳᠠᠪᠤᠷᠢ᠎ᠪᠠᠨ ᠲᠠᠰᠤᠷᠠᠯᠲᠠ ᠦᠭᠡᠢ ᠴᠢᠩᠭᠠᠳᠭᠠᠬᠤ ᠬᠡᠷᠡᠭ᠌ᠲᠡᠶ᠃ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠭ᠎ᠠ᠎ᠶ᠋ᠢᠨ ᠲᠣᠪᠴᠢᠶ᠎ᠠ᠎ᠶ᠋ᠢᠨ᠎ᠬᠢᠨ ᠡᠷᠬᠡᠪᠰᠢ ᠪᠥᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠰᠠᠢᠲᠤᠷ ᠨᠠᠢᠳᠠᠪᠤᠷᠢᠵᠢᠭᠤᠯᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠶᠡᠷᠦᠩᠬᠡᠶ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠵᠤ᠂ ᠨᠠᠮ᠎ᠤᠨ ᠤᠯᠤᠰ ᠲᠥᠷᠥ᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠤᠳᠣᠭᠤᠯᠵᠤ᠂ ᠨᠠᠮ᠎ᠤᠨ ᠪᠠᠢᠭᠤᠯᠤᠯᠲᠠ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠢ ᠪᠥᠬᠦ᠌ ᠲᠠᠯ᠎ᠠ᠎ᠪᠠᠷ ᠴᠢᠩᠭᠠᠳᠭᠠᠵᠤ᠂ ᠤᠯᠤᠰ ᠲᠥᠷᠥ᠎ᠶ᠋ᠢᠨ ᠰᠠᠬᠢᠯᠭ᠎ᠠ ᠪᠠᠲᠤ ᠪᠣᠯᠤᠨ ᠤᠯᠤᠰ ᠲᠥᠷᠥ᠎ᠶ᠋ᠢᠨ ᠶᠣᠰᠣ ᠲᠦᠷᠢᠮ᠎ᠢ ᠢᠮᠠᠭ᠍ᠲᠠ ᠲᠡᠷᠢᠭᠦᠨ᠎ᠳᠤ ᠲᠠᠯᠪᠢᠵᠤ᠂ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠬᠤ᠎ᠶ᠋ᠢ ᠴᠥᠬᠦᠷᠡᠰᠢ ᠥᠬᠡᠶ ᠪᠠᠷᠢᠮᠲᠠᠯᠠᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷᠴᠤᠳ᠎ᠢ ᠬᠥᠲᠥᠯᠥᠨ ᠲᠠᠭᠠᠭᠤᠯᠵᠤ ᠪᠠᠢᠭᠠᠳ ᠴᠠᠭ ᠢᠮᠠᠭ᠍ᠲᠠ ᠥᠪᠡᠷ᠎ᠢ᠎ᠪᠠᠨ ᠬᠦᠨᠳᠦᠳᠭᠡᠵᠦ᠍ ᠦᠪᠡᠷ᠎ᠢ᠎ᠪᠠᠨ ᠡᠷᠭᠢᠴᠡᠭᠦᠯᠵᠦ᠍ ᠥᠪᠡᠷ᠎ᠢ᠎ᠪᠠᠨ ᠰᠡᠷᠡᠮᠵᠢᠯᠡᠭᠦᠯᠵᠦ᠍ ᠥᠪᠡᠷ᠎ᠢ᠎ᠪᠠᠨ ᠵᠣᠷᠢᠭ᠍ᠵᠢᠭᠤᠯᠵᠤ᠂ ᠰᠠᠬᠢᠯᠭ᠎ᠠ ᠪᠠᠲᠤ᠎ᠶ᠋ᠢ ᠰᠠᠬᠢᠵᠤ᠂ ᠶᠣᠰᠣ ᠲᠦᠷᠢᠮ᠎ᠢ ᠡᠷᠬᠢᠮᠯᠡᠵᠦ᠍᠂ ᠠᠷᠢᠭᠤᠨ ᠴᠢᠬᠡᠴᠢ᠎ᠪᠠᠷ ᠠᠵᠢᠯᠯᠠᠵᠤ᠂ ᠴᠡᠪᠡᠷ ᠴᠢᠬᠡᠴᠢ ᠬᠦᠮᠦᠨ ᠪᠣᠯᠬᠤ ᠬᠡᠷᠡᠭ᠌ᠲᠡᠶ᠃