ᠪᠦᠬᠦ᠌ ᠣᠷᠣᠨ᠎ᠤ ᠡᠮ ᠡᠮᠨᠡᠯᠭᠡ ᠡᠷᠡᠬᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠭ᠌ᠰᠡᠨ ᠠᠮᠵᠢᠯᠳᠠ
2021-08-02 15:51:04
ᠵᠣᠬᠢᠶᠠᠭ᠍ᠴᠢ᠄
ᠵᠠᠩ ᠸᠧᠨ ᠴᠢᠶᠠᠩ
ᠣᠩᠱᠢᠭ᠍ᠰᠠᠨ ᠣᠳᠠᠭ᠎ᠠ᠄
★★★☆☆

ᠨᠠᠮ᠎ᠤᠨ ᠠᠷᠪᠠᠨ  ᠨᠠᠢ᠍ᠮᠠᠳᠣᠭᠠᠷ ᠶᠡᠭᠡ ᠬᠤᠷᠠᠯ᠎ᠠᠴᠠ ᠨᠠᠭᠠᠰᠢ᠂ ᠪᠥᠬᠦ᠌ ᠣᠷᠣᠨ᠎ᠤ ᠡᠯ᠎ᠡ ᠭᠠᠵᠠᠷ᠎ᠤᠨ᠎ᠬᠢᠨ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠱᠢᠢᠳᠪᠤᠷᠢᠲᠤ ᠪᠣᠳᠣᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠷᠠᠳ ᠣᠯᠠᠨ᠎ᠤ ᠡᠪᠡᠳᠴᠢᠨ ᠦᠵᠡᠭᠦᠯᠬᠦ᠌᠎ᠳᠤ ᠬᠦᠴᠢᠷ᠂ ᠡᠪᠡᠳᠴᠢᠨ ᠦᠵᠡᠭᠦᠯᠬᠦ᠌᠎ᠳᠤ ᠦᠨᠡᠲᠡᠶ ᠪᠠᠢᠬᠤ ᠠᠰᠠᠭᠤᠳᠠᠯ᠎ᠢ ᠰᠠᠢᠳᠤᠷ  ᠱᠢᠢᠳᠪᠤᠷᠢᠯᠡᠪᠡ᠃

ᠦᠵᠦ᠍ ᠲᠥᠯᠥᠪᠯᠡᠭᠡ᠎ᠶ᠋ᠢ ᠴᠢᠬᠤᠯᠠᠴᠢᠯᠠᠵᠤ᠂ ᠦᠪᠡᠷᠳᠡᠭᠡᠨ ᠵᠠᠰᠠᠬᠤ ᠣᠷᠣᠨ᠎ᠤ ᠪᠣᠳᠠᠲᠤ ᠪᠠᠢᠳᠠᠯ᠎ᠲᠠᠢ ᠤᠶᠠᠯᠳᠤᠭᠤᠯᠤᠨ᠂ ᠲᠠᠪᠤᠨ ᠵᠦᠢᠯ᠎ᠤᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ᠎ᠤᠨ ᠳᠦᠷᠢᠮ᠎ᠤᠨ ᠲᠣᠭᠤᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠤᠷᠢᠳ ᠬᠤᠵᠢᠳ 38 ᠬᠤᠪᠢ ᠵᠢᠯᠣᠭᠤᠳᠭᠤ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭ᠍ᠲᠠᠭᠠᠨ ᠨᠡᠢᠲᠡᠯᠡᠵᠦ᠍᠂ ᠡᠯ᠎ᠡ ᠡᠭᠦᠷᠭᠡ ᠴᠢᠳᠠᠪᠬᠢᠳᠤ ᠰᠠᠯᠠᠭ᠎ᠠ ᠮᠥᠴᠢᠷ 170 ᠭᠠᠷᠤᠶ ᠢᠵᠢ ᠪᠦᠷᠢᠳᠦᠭᠦᠯᠬᠦ᠌ ᠲᠥᠷᠥ᠎ᠶ᠋ᠢᠨ ᠪᠣᠳᠣᠯᠭ᠎ᠠ ᠲᠣᠭ᠍ᠲᠠᠭᠠᠵᠤ᠂ ᠵᠠᠩᠭᠢᠯᠠᠭ᠎ᠠ᠎ᠶ᠋ᠢᠨ ᠴᠢᠨᠠᠷᠲᠠᠶ ᠳᠦᠷᠢᠮ᠎ᠤᠨ ᠲᠣᠬᠢᠷᠠᠭᠤᠯᠤᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠪᠡ᠃

ᠠᠮᠵᠢᠯᠲᠠ ᠨᠢᠬᠡ

ᠱᠠᠲᠤ ᠬᠤᠪᠢᠶᠠᠨ ᠣᠨᠣᠱᠢᠯᠠᠨ ᠡᠮᠨᠡᠬᠦ᠌᠎ᠶ᠋ᠢ ᠯᠠᠪᠳᠠᠭᠤᠨ᠎ᠢᠶᠠᠷ ᠠᠬᠢᠭᠤᠯᠵᠤ ᠡᠮᠨᠡᠬᠦᠯᠬᠦ᠌ ᠪᠠᠢᠷᠢᠱᠢᠯ᠎ᠢ ᠢᠳᠡᠭ ᠢᠳᠡᠭ᠎ᠢᠶᠠᠷ ᠱᠢᠯᠢᠳᠡᠭ᠌ᠵᠢᠭᠦᠯᠪᠡ

177᠄  ᠪᠥᠬᠦ᠌ ᠣᠷᠣᠨ᠎ᠳᠤ ᠡᠯ᠎ᠡ ᠵᠦᠢᠯ᠎ᠤᠨ ᠬᠡᠯᠪᠡᠷᠢ᠎ᠶ᠋ᠢᠨ ᠡᠮᠴᠢᠯᠡᠭᠡᠨ᠎ᠤ ᠬᠤᠯᠪᠣᠭᠠᠲᠤ ᠴᠣᠭ᠍ᠴᠠ᠎ᠶ᠋ᠢ 177 ᠪᠠᠢᠭᠤᠯᠵᠤ᠂ ᠪᠦᠬᠦ᠌ ᠭᠤᠷᠪᠠᠳᠤᠭᠠᠷ ᠳᠡᠰ᠎ᠤᠨ ᠡᠮᠨᠡᠯᠭᠡ᠎ᠶ᠋ᠢᠨ ᠬᠤᠷᠢᠶ᠎ᠠ ᠡᠮᠴᠢᠯᠡᠭᠡᠨ᠎ᠤ ᠬᠤᠯᠪᠣᠭᠠᠲᠤ ᠴᠣᠭ᠍ᠴᠠ᠎ᠶ᠋ᠢᠨ ᠪᠠᠢᠭᠤᠯᠤᠯᠲᠠ᠎ᠳᠤ ᠣᠷᠣᠯᠴᠠᠬᠤ᠎ᠶ᠋ᠢᠨ ᠬᠠᠮᠲᠤ ᠲᠦᠷᠦᠭᠦᠯᠡᠨ ᠳᠠᠭᠠᠭᠤᠯᠬᠤ  ᠦᠢᠯᠡᠳᠣᠯ᠎ᠢ ᠪᠠᠳᠠᠷᠠᠭᠤᠯᠪᠠ᠃

11᠄  11 ᠬᠤᠱᠢᠭᠤ ᠱᠢᠶᠠᠨ ᠲᠣᠭᠤᠷᠢᠭ᠎ᠤᠨ ᠨᠢᠭ᠍ᠲᠠᠷᠠᠭ᠍ᠰᠠᠨ ᠬᠡᠯᠪᠡᠷᠢ᠎ᠶ᠋ᠢᠨ ᠱᠢᠶᠠᠨ᠎ᠤ ᠬᠡᠪᠴᠢᠶᠡᠨ᠎ᠤ ᠡᠮᠴᠢᠯᠡᠭᠡᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠲᠤᠷᠱᠢᠯᠲᠠ᠎ᠶ᠋ᠢᠨ ᠴᠡᠭ᠎ᠤᠨ ᠠᠵᠢᠯ᠎ᠢ ᠠᠬᠢᠭᠤᠯᠪᠠ᠃

101᠄ 《ᠮᠤᠵᠢ᠎ᠶ᠋ᠢᠨ ᠲᠡᠰ᠎ᠤᠨ ᠡᠮᠨᠡᠯᠭᠡ᠎ᠶ᠋ᠢᠨ ᠬᠤᠷᠢᠶ᠎ᠠ᠎ᠶ᠋ᠢᠨ ᠬᠠᠮᠳᠤᠷᠠᠯᠴᠠᠭᠠᠨ᠎ᠤ ᠠᠯᠤᠰ ᠡᠵᠡᠮᠱᠢᠯ᠎ᠤᠨ ᠡᠮᠴᠢᠯᠡᠭᠡᠨ᠎ᠤ ᠲᠦᠷᠦ᠎ᠶ᠋ᠢᠨ ᠪᠤᠳᠤᠯᠭ᠎ᠠ᠎ᠶ᠋ᠢᠨ ᠳᠤᠷᠱᠢᠯᠳᠡ᠎ᠶ᠋ᠢᠨ ᠴᠡᠭ᠎ᠤᠨ ᠲᠦᠷᠦᠯ ᠵᠦᠢᠯ》 101 ᠬᠤᠱᠢᠭᠤ ᠱᠢᠶᠠᠨ ᠲᠤᠭᠤᠷᠢᠭ ᠪᠤᠯᠤᠨ 203 ᠬᠤᠶᠠᠳᠤᠭᠠᠷ ᠳᠡᠰ᠎ᠠᠴᠠ ᠳᠡᠭᠡᠭ᠌ᠰᠢᠬᠢ ᠡᠮᠴᠢᠯᠡᠭᠡᠨ᠎ᠤ ᠪᠠᠢᠭᠤᠯᠤᠮᠵᠢ᠎ᠶ᠋ᠢ ᠪᠦᠷᠬᠦᠬᠦᠯᠪᠡ᠃

9538᠄   ᠬᠡᠷ ᠪᠦᠯᠢ᠎ᠶ᠋ᠢᠨ ᠡᠮᠴᠢ᠎ᠶ᠋ᠢᠨ ᠪᠦᠯᠬᠦᠮ᠎ᠢ 9538 ᠪᠠᠢᠭᠤᠯᠵᠤ᠂ ᠭᠤᠤᠯᠳᠠᠯᠭ᠎ᠠ᠎ᠲᠠᠢ ᠬᠥᠮᠦᠰ᠎ᠤᠨ ᠭᠡᠷ᠎ᠡ ᠲᠣᠭ᠍ᠲᠠᠵᠤ ᠦᠢᠯᠡᠴᠢᠯᠡᠬᠦ᠌ ᠨᠣᠷᠮ᠎ᠠ᠎ᠶ᠋ᠢ 75% ᠎ᠠᠴᠠ ᠳᠡᠭᠡᠭ᠌ᠰᠢ᠎ᠳᠤ ᠬᠦᠷᠦᠭᠦᠯᠵᠦ᠍᠂ ᠲᠠᠩᠰᠠᠯᠠᠵᠤ ᠺᠠᠷᠲᠯᠠᠭ᠍ᠰᠠᠨ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢᠨ ᠭᠡᠷ᠎ᠡ ᠲᠣᠭ᠍ᠲᠠᠵᠤ ᠦᠢᠯᠡᠴᠢᠯᠡᠬᠦ᠌ ᠨᠣᠷᠮ᠎ᠠ᠎ᠶ᠋ᠢ 100% ᠎ᠳᠤ ᠬᠦᠷᠦᠭᠦᠯᠪᠠ᠃

60᠄   ᠪᠡᠭᠡᠵᠢᠩ ᠬᠤᠲᠠ᠎ᠶ᠋ᠢᠨ 33᠂ ᠥᠪᠡᠷᠲᠡᠭᠡᠨ ᠵᠠᠰᠠᠬᠤ ᠣᠷᠣᠨ᠎ᠤ 16 ᠭᠤᠷᠪᠠᠳᠤᠭᠠᠷ ᠳᠡᠰ᠎ᠤᠨ ᠡᠮᠨᠡᠯᠭᠡ᠎ᠶ᠋ᠢᠨ ᠬᠤᠷᠢᠶ᠎ᠠ᠎ᠶ᠋ᠢ ᠵᠣᠬᠢᠶᠠᠨ ᠪᠠᠢᠭᠤᠯᠵᠦ᠍ 60 ᠬᠤᠱᠢᠭᠤ ᠱᠢᠶᠠᠨ᠎ᠤ ᠱᠠᠲᠤᠨ᠎ᠤ ᠡᠮᠨᠡᠯᠭᠡ᠎ᠶ᠋ᠢᠨ ᠬᠤᠷᠢᠶ᠎ᠠ᠎ᠶ᠋ᠢ ᠬᠠᠪᠰᠤᠷᠤᠨ ᠲᠡᠳᠬᠦᠪᠡ᠃

ᠠᠮᠵᠢᠯᠲᠠ ᠬᠤᠶᠠᠷ

ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶᠠᠨ᠎ᠤ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠪᠠ

ᠱᠢᠨᠵᠢᠯᠡᠬᠦ᠌ ᠤᠬᠠᠭᠠᠨᠴᠢ᠎ᠪᠠᠷ ᠱᠢᠢᠳᠪᠤᠷᠢᠲᠤ ᠪᠣᠳᠣᠯᠭ᠎ᠠ ᠲᠣᠭ᠍ᠲᠠᠭᠠᠬᠤ ᠲᠠᠯ᠎ᠠ᠎ᠪᠠᠷ᠂ ᠨᠠᠮ᠎ᠤᠨ ᠬᠤᠷᠢᠶ᠎ᠠ ᠳᠤᠬᠢᠷᠠᠭᠤᠯᠤᠨ ᠪᠠᠢᠭᠤᠯᠤᠭ᠍ᠰᠠᠨ ᠪᠦᠬᠦ᠋ᠢᠯᠠ ᠡᠮᠨᠡᠯᠭᠡ᠎ᠶ᠋ᠢᠨ ᠬᠤᠷᠢᠶ᠎ᠠ᠎ᠨᠢ ᠨᠠᠮ᠎ᠤᠨ ᠬᠤᠷᠢᠶᠠᠨ᠎ᠤ ᠱᠦᠵᠢ ᠪᠠ ᠬᠤᠷᠢᠶᠠᠨ ᠳᠠᠷᠤᠭ᠎ᠠ᠎ᠶ᠋ᠢ ᠰᠠᠯᠭᠠᠨ ᠳᠤᠬᠢᠷᠠᠭᠤᠯᠵᠦ᠍᠂ ᠨᠠᠮ᠎ᠤᠨ ᠬᠤᠷᠢᠶᠠᠨ᠎ᠤ ᠤᠳᠤᠷᠢᠳᠤᠯᠭ᠎ᠠ ᠳᠤᠤᠷᠠᠬᠢ ᠬᠤᠷᠢᠶᠠᠨ ᠳᠠᠷᠤᠭ᠎ᠠ᠎ᠶ᠋ᠢᠨ ᠬᠠᠷᠢᠭᠤᠴᠠᠯᠭ᠎ᠠ᠎ᠶ᠋ᠢᠨ ᠲᠦᠷᠢᠮ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠬᠤᠶᠠᠳᠤᠭᠠᠷ ᠳᠡᠰ᠎ᠠᠴᠠ ᠳᠡᠭᠡᠭ᠌ᠰᠢᠬᠢ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶᠠᠨ᠎ᠤ ᠱᠢᠨᠵᠢᠯᠡᠬᠦ᠌ ᠤᠬᠠᠭᠠᠨᠴᠢ᠎ᠪᠠᠷ ᠱᠢᠢᠳᠪᠤᠷᠢᠲᠤ ᠪᠣᠳᠣᠯᠭ᠎ᠠ ᠲᠣᠭ᠍ᠲᠠᠭᠠᠬᠤ ᠪᠠ ᠠᠷᠠᠳᠴᠢᠯᠠᠯ᠎ᠢᠶᠠᠷ ᠬᠠᠮᠢᠶᠠᠷᠬᠤ ᠲᠣᠭ᠍ᠲᠠᠴᠠ᠎ᠶ᠋ᠢ ᠠᠩᠬ᠎ᠠ ᠠᠯᠬᠤᠮ ᠪᠠᠢᠭᠤᠯᠪᠠ᠃

ᠡᠳ᠋᠎ᠤᠨ ᠵᠠᠰᠠᠭ᠎ᠤᠨ ᠪᠡᠯᠡ ᠤᠷᠤᠭᠤᠯᠤᠯᠳᠠ᠎ᠶ᠋ᠢᠨ ᠲᠠᠯ᠎ᠠ᠎ᠪᠠᠷ᠂ ᠡᠯ᠎ᠡ ᠱᠠᠲᠤᠨ᠎ᠤ ᠡᠳ᠋᠎ᠤᠨ ᠵᠠᠰᠠᠭ᠎ᠠᠴᠠ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶ᠎ᠠ᠎ᠳᠤ ᠣᠯᠭᠤᠬᠤ ᠱᠢᠭᠤᠳ ᠨᠥᠬᠦᠪᠥᠷᠢ᠎ᠨᠢ 2012 ᠣᠨ᠎ᠳᠤ 43 ᠳ᠋ᠦᠩᠱᠢᠭᠤᠷ ᠲᠥᠭᠦᠷᠢᠭ ᠪᠠᠢᠭ᠍ᠰᠠᠨ᠎ᠠᠴᠠ᠎ᠪᠠᠨ 2019 ᠣᠨ᠎ᠳᠤ 502.7 ᠳ᠋ᠦᠩᠱᠢᠭᠤᠷ ᠲᠥᠭᠦᠷᠢᠭ ᠪᠣᠯᠵᠣ ᠨᠡᠮᠡᠭ᠌ᠳᠡᠨ᠂ ᠵᠢᠯ ᠳᠤᠮᠳᠠᠴᠢ᠎ᠪᠠᠷ 13.7% ᠨᠡᠮᠡᠭ᠌ᠳᠡᠪᠡ᠃

ᠣᠷᠣᠨ ᠲᠤᠭ᠎ᠠ᠎ᠶ᠋ᠢᠨ ᠥᠭᠡᠷᠡᠴᠢᠯᠡᠯᠲᠡ᠎ᠶ᠋ᠢᠨ ᠲᠠᠯ᠎ᠠ᠎ᠪᠠᠷ᠂ 7 ᠠᠢᠮᠠᠭ ᠬᠤᠲᠠ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶ᠎ᠠ᠎ᠶ᠋ᠢᠨ ᠣᠷᠣᠨ ᠲᠤᠭ᠎ᠠ᠎ᠶ᠋ᠢᠨ ᠥᠭᠡᠷᠡᠴᠢᠯᠡᠯᠲᠡ ᠬᠢᠪᠠ᠃

ᠠᠵᠢᠯᠲᠠᠨ᠎ᠤ ᠶᠠᠪᠤᠳᠠᠯ᠎ᠤᠨ ᠴᠠᠯᠢᠩ᠎ᠤᠨ ᠲᠠᠯ᠎ᠠ᠎ᠪᠠᠷ᠂ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶᠠᠨ᠎ᠤ ᠬᠥᠮᠦᠨ ᠳᠤᠮᠳᠠᠴᠢ᠎ᠶ᠋ᠢᠨ ᠵᠠᠷᠤᠳᠠᠯ᠎ᠤᠨ ᠵᠠᠷᠤᠯᠭ᠎ᠠ᠎ᠶ᠋ᠢᠨ ᠲᠤᠬᠠᠢᠯᠠᠭ᠍ᠰᠠᠨ ᠠᠵᠢᠯ᠎ᠤᠨ ᠵᠠᠷᠤᠯᠭ᠎ᠠ᠎ᠳᠤ ᠡᠵᠡᠯᠡᠬᠦ᠌ ᠬᠤᠪᠢ᠎ᠶ᠋ᠢᠨ ᠵᠢᠩ 2012 ᠣᠨ᠎ᠳᠤ 29.1% ᠪᠠᠢᠭ᠍ᠰᠠᠨ᠎ᠠᠴᠠ᠎ᠪᠠᠨ 2019 ᠣᠨ᠎ᠳᠤ 37.6% ᠪᠣᠯᠵᠣ ᠳᠡᠭᠡᠭ᠌ᠰᠢᠯᠡᠪᠡ᠃

ᠦᠨ᠎ᠡ ᠬᠠᠩᠰᠢ᠎ᠶ᠋ᠢᠨ ᠲᠣᠬᠢᠷᠠᠭᠤᠯᠤᠯᠲᠠ᠎ᠶ᠋ᠢᠨ ᠲᠠᠯ᠎ᠠ᠎ᠪᠠᠷ᠂ 2016 ᠣᠨ᠎ᠠᠴᠠ ᠡᠬᠢᠯᠡᠨ᠂ ᠤᠷᠢᠳ ᠬᠤᠵᠢᠳ 8000 ᠭᠠᠷᠤᠶ ᠡᠮᠴᠢᠯᠡᠭᠡᠨ᠎ᠤ ᠦᠢᠯᠡᠴᠢᠯᠡᠭᠡ᠎ᠶ᠋ᠢᠨ ᠰᠦᠢᠳᠭᠡᠯ ᠬᠤᠷᠢᠶᠠᠬᠤ ᠲᠥᠷᠥᠯ ᠵᠦᠢᠯ᠎ᠤᠨ ᠦᠨ᠎ᠡ ᠬᠠᠩᠰᠢ᠎ᠳᠤ ᠲᠣᠬᠢᠷᠠᠭᠤᠯᠤᠯᠳᠠ ᠬᠢᠪᠠ᠃

ᠲᠤᠷᠱᠢᠯᠲᠠ᠎ᠶ᠋ᠢᠨ ᠴᠡᠭ᠎ᠤᠨ ᠵᠢᠱ᠌ᠢᠶ᠎ᠡ ᠦᠵᠡᠭᠦᠯᠬᠦ᠌ ᠲᠠᠯ᠎ᠠ᠎ᠪᠠᠷ᠂ ᠣᠳᠣ ᠦᠶ᠎ᠡ᠎ᠶ᠋ᠢᠨ ᠡᠮᠨᠡᠯᠭᠡ᠎ᠶ᠋ᠢᠨ ᠬᠤᠷᠢᠶᠠᠨ᠎ᠤ ᠬᠠᠮᠢᠶᠠᠷᠤᠯᠲᠠ᠎ᠶ᠋ᠢᠨ ᠳᠦᠷᠢᠮ᠎ᠢ ᠲᠤᠭ᠍ᠳᠠᠭᠠᠨ ᠪᠦᠷᠢᠨᠱᠢᠭᠦᠯᠬᠦ᠌ ᠲᠤᠷᠱᠢᠯᠲᠠ᠎ᠶ᠋ᠢᠨ ᠴᠡᠭ᠎ᠤᠨ ᠠᠵᠢᠯ᠎ᠢ ᠥᠷᠨᠢᠭᠦᠯᠵᠦ᠍᠂ 4 ᠡᠮᠨᠡᠯᠭᠡ᠎ᠶ᠋ᠢᠨ ᠬᠤᠷᠢᠶ᠎ᠠ᠎ᠶ᠋ᠢ ᠤᠯᠤᠰ᠎ᠤᠨ ᠲᠠᠰ᠎ᠤᠨ ᠲᠤᠷᠱᠢᠯᠲᠠ᠎ᠶ᠋ᠢᠨ ᠴᠡᠭ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠤᠷᠱᠢᠯᠲᠠ᠎ᠶ᠋ᠢᠨ ᠴᠡᠭ᠎ᠤᠨ ᠡᠮᠨᠡᠯᠭᠡ᠎ᠶ᠋ᠢᠨ ᠬᠤᠷᠢᠶ᠎ᠠ᠎ᠶ᠋ᠢ 93 ᠲᠣᠭ᠍ᠲᠠᠭᠠᠨ᠂ ᠤᠯᠠᠭᠠᠨᠬᠠᠳᠠ ᠬᠤᠲᠠ᠂ ᠦᠬᠠᠶ ᠬᠤᠲᠠ᠎ᠶ᠋ᠢ ᠲᠤᠷᠱᠢᠯᠲᠠ᠎ᠶ᠋ᠢᠨ ᠴᠡᠭ᠎ᠤᠨ ᠭᠠᠵᠠᠷ ᠣᠷᠣᠨ ᠪᠣᠯᠭᠠᠨ᠎ᠢ ᠪᠦᠬᠦ᠌ ᠲᠠᠯ᠎ᠠ᠎ᠪᠠᠷ ᠠᠬᠢᠭᠤᠯᠪᠠ᠃

ᠠᠮᠵᠢᠯᠲᠠ ᠭᠤᠷᠪᠠ

ᠡᠮᠴᠢᠯᠡᠭᠡᠨ᠎ᠤ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠭᠦᠯᠵᠦ᠍ ᠠᠷᠠᠳ ᠢᠷᠭᠡᠨ᠎ᠤ ᠪᠠᠲᠤᠯᠠᠭ᠎ᠠ᠎ᠶ᠋ᠢᠨ ᠡᠷᠬᠡ ᠠᠱᠢᠭ᠎ᠢ ᠬᠠᠮᠠᠭᠠᠯᠠᠪᠠ

85% ᠪᠠ 75%᠄   ᠠᠵᠢᠯᠲᠠᠨ ᠠᠵᠢᠯᠴᠢᠨ ᠪᠠ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠡᠮ ᠡᠮᠨᠡᠯᠭᠡ᠎ᠶ᠋ᠢᠨ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠬᠡᠪᠴᠢᠶᠡᠨ᠎ᠳᠠᠬᠢ ᠡᠮᠨᠡᠯᠭᠡ᠎ᠳᠤ ᠰᠠᠭᠤᠭ᠍ᠰᠠᠨ ᠵᠠᠷᠤᠳᠠᠯ᠎ᠤᠨ ᠲᠠᠩᠰᠠ ᠲᠠᠢᠯᠬᠤ ᠬᠠᠷᠢᠴᠠᠯ᠎ᠨᠢ ᠲᠣᠰ ᠲᠣᠰ 85% ᠪᠠ 75% ᠣᠷᠴᠢᠮ ᠪᠤᠯᠪᠠ᠃

30 ᠵᠦᠢᠯ᠄   ᠬᠦᠨᠳᠦ ᠡᠪᠡᠳᠴᠢᠨ᠎ᠢ ᠡᠮᠨᠡᠨ ᠵᠠᠰᠠᠬᠤ ᠡᠪᠡᠳᠴᠢᠨ᠎ᠤ ᠵᠦᠢᠯ᠎ᠤᠨ ᠲᠤᠭ᠎ᠠ᠎ᠶ᠋ᠢ 30 ᠪᠣᠯᠭᠠᠨ ᠥᠷᠭᠡᠳᠭᠡᠪᠡ᠃ ᠪᠥᠬᠦ᠌ ᠣᠷᠣᠨ᠎ᠤ 12 ᠠᠢᠮᠠᠭ ᠬᠤᠲᠠ ᠶᠠᠳᠠᠭᠤ ᠬᠦᠴᠢᠷᠳᠡᠯᠲᠡᠶ ᠬᠥᠮᠦᠨ ᠠᠮᠠ᠎ᠳᠤ ᠬᠤᠳᠠᠯᠳᠤᠭᠠᠨ᠎ᠤ ᠡᠮᠴᠢᠯᠡᠭᠡᠨ᠎ᠤ ᠨᠥᠬᠦᠪᠥᠷᠢ ᠳᠠᠭᠠᠳᠭᠠᠯ ᠬᠤᠳᠠᠯᠳᠤᠨ ᠠᠪᠴᠤ᠌ ᠥᠭ᠌ᠪᠡ᠃

8060᠄   ᠬᠤᠳᠠᠯᠳᠤᠭᠠᠨ᠎ᠤ ᠡᠷᠡᠭᠦᠯ ᠮᠡᠨᠳᠦ᠎ᠶ᠋ᠢᠨ ᠳᠠᠭᠠᠳᠭᠠᠯ᠎ᠨᠢ ᠥᠪᠡᠷᠲᠡᠭᠡᠨ ᠵᠠᠰᠠᠬᠤ ᠣᠷᠣᠨ᠎ᠤ 8060.30 ᠲᠦᠮᠡᠨ ᠬᠥᠮᠦᠨ ᠤᠳᠠᠭ᠎ᠠ᠎ᠳᠤ 17.06 ᠲᠦᠮᠡᠨ ᠳ᠋ᠦᠩᠱᠢᠭᠤᠷ ᠲᠥᠭᠦᠷᠢᠭ᠎ᠤᠨ ᠡᠷᠡᠭᠦᠯ ᠮᠡᠨᠳᠦ᠎ᠶ᠋ᠢᠨ ᠳᠠᠭᠠᠳᠭᠠᠯ᠎ᠤᠨ ᠪᠠᠲᠤᠯᠠᠭ᠎ᠠ ᠬᠠᠩᠭᠠᠪᠠ᠃

280᠄  ᠡᠮ ᠡᠮᠨᠡᠯᠭᠡ᠎ᠶ᠋ᠢᠨ ᠳᠠᠭᠠᠳᠭᠠᠯ᠎ᠤᠨ ᠲᠣᠭᠠᠴᠠᠭ᠎ᠠ ᠬᠢᠬᠦ᠌ ᠠᠷᠭ᠎ᠠ ᠭᠡᠯᠪᠡᠷᠢ᠎ᠶ᠋ᠢᠨ ᠥᠭᠡᠷᠡᠴᠢᠯᠡᠯᠲᠡ᠎ᠶ᠋ᠢ ᠪᠣᠶ ᠪᠥᠬᠦᠶ ᠡᠮᠴᠢᠯᠡᠭᠡᠨ᠎ᠤ ᠪᠠᠢᠭᠤᠯᠤᠮᠵᠢ ᠪᠠ ᠡᠮᠴᠢᠯᠡᠭᠡᠨ᠎ᠤ ᠦᠢᠯᠡᠴᠢᠯᠡᠭᠡ᠎ᠳᠤ ᠪᠥᠷᠬᠦᠭᠦᠯᠵᠦ᠍᠂ ᠪᠥᠬᠦ᠌ ᠣᠷᠣᠨ᠎ᠤ ᠦᠨᠳᠦᠰᠦᠨ ᠡᠮ ᠡᠮᠨᠡᠯᠭᠡ᠎ᠶ᠋ᠢᠨ ᠳᠠᠭᠠᠳᠭᠠᠯ᠎ᠤᠨ ᠡᠪᠡᠳᠴᠢᠨ᠎ᠤ ᠲᠥᠷᠥᠯ᠎ᠢᠶᠠᠷ ᠵᠠᠷᠤᠳᠠᠯ ᠲᠤᠱᠢᠶᠠᠬᠤ᠎ᠶ᠋ᠢ ᠬᠤᠶᠠᠳᠤᠭᠠᠷ ᠳᠡᠰ᠎ᠠᠴᠠ ᠳᠡᠭᠡᠭ᠌ᠰᠢᠬᠢ ᠡᠮᠴᠢᠯᠡᠭᠡᠨ᠎ᠤ ᠪᠠᠢᠭᠤᠯᠤᠮᠵᠢ᠎ᠳᠤ ᠪᠥᠷᠬᠦᠭᠦᠯᠬᠦ᠌᠎ᠶ᠋ᠢ ᠪᠡᠶᠡᠯᠡᠭᠦᠯᠦᠨ᠂ ᠡᠪᠡᠳᠴᠢᠨ᠎ᠤ ᠲᠥᠷᠥᠯ᠎ᠢᠶᠠᠷ ᠵᠠᠷᠤᠳᠠᠯ ᠲᠤᠱᠢᠶᠠᠬᠤ ᠡᠪᠡᠳᠴᠢᠨ᠎ᠤ ᠵᠦᠢᠯ᠎ᠤᠨ ᠲᠤᠭ᠎ᠠ᠎ᠶ᠋ᠢ 280 ᠎ᠳᠤ ᠬᠦᠷᠦᠭᠦᠯᠪᠡ᠃

655᠄   ᠪᠥᠬᠦ᠌ ᠣᠷᠣᠨ᠎ᠤ ᠡᠮᠨᠡᠯᠭᠡ᠎ᠳᠤ ᠰᠠᠭᠤᠬᠤ ᠬᠢᠷᠢ ᠬᠡᠮ᠎ᠲᠠᠢ 655 ᠲᠣᠭ᠍ᠲᠠᠮᠠᠯ ᠴᠡᠭ᠎ᠤᠨ ᠡᠮᠴᠢᠯᠡᠭᠡᠨ᠎ᠤ ᠪᠠᠢᠭᠤᠯᠤᠮᠵᠢ᠎ᠶ᠋ᠢ ᠪᠦᠬᠦᠨ᠎ᠢ ᠮᠤᠵᠢ ᠠᠯᠤᠰᠯᠠᠨ ᠡᠮᠨᠡᠯᠭᠡ᠎ᠳᠤ ᠰᠠᠭᠤᠭ᠍ᠰᠠᠨ᠎ᠢ ᠱᠢᠭᠤᠳ ᠲᠡᠰᠦᠯᠦᠨ ᠪᠤᠳᠤᠬᠤ ᠬᠡᠪᠴᠢᠶᠡᠨ᠎ᠳᠤ ᠣᠷᠣᠭᠤᠯᠵᠤ᠂ ᠮᠤᠵᠢ ᠠᠯᠤᠰᠯᠠᠨ ᠤᠨᠳᠤᠤ ᠭᠠᠵᠠᠷ᠎ᠲᠤ ᠡᠮᠨᠡᠭᠦᠯᠦᠭ᠌ᠰᠡᠨ᠎ᠢ ᠱᠢᠭᠤᠳ ᠲᠡᠰᠦᠯᠦᠨ ᠪᠤᠳᠤᠬᠤ᠎ᠶ᠋ᠢ ᠨᠡᠢᠳᠡᠮ ᠬᠡᠷᠡᠭ᠌ᠵᠢᠭᠦᠯᠵᠦ᠍᠂ ᠱᠢᠭᠤᠳ ᠲᠡᠰᠦᠯᠦᠨ ᠪᠤᠳᠤᠭ᠍ᠰᠠᠨ᠎ᠨᠢ 14.66 ᠲᠦᠮᠡᠨ ᠬᠥᠮᠦᠨ ᠤᠳᠠᠭ᠎ᠠ᠎ᠳᠤ ᠬᠦᠷᠴᠡᠶ᠃

ᠠᠮᠵᠢᠯᠲᠠ ᠳᠦᠷᠪᠡ

ᠡᠮ᠎ᠤᠨ ᠵᠦᠢᠯᠡᠰ᠎ᠤᠨ ᠬᠠᠩᠭᠠᠯᠭ᠎ᠠ᠎ᠶ᠋ᠢᠨ ᠪᠠᠲᠤᠯᠠᠭ᠎ᠠ᠎ᠶ᠋ᠢ ᠰᠠᠢᠲᠤᠷ ᠬᠢᠵᠦ᠍ ᠣᠯᠠᠨ ᠲᠦᠮᠡᠨ᠎ᠤ ᠡᠮ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠪᠠ

685᠄   ᠦᠨᠳᠦᠰᠦᠨ ᠡᠮ᠎ᠤᠨ ᠵᠦᠢᠯᠡᠰ᠎ᠤᠨ ᠭᠠᠷᠴᠠᠭ᠎ᠢ 2009 ᠣᠨ᠎ᠳᠤ 307 ᠵᠦᠢᠯ ᠪᠠᠢᠭ᠍ᠰᠠᠨ᠎ᠠᠴᠠ 2018 ᠣᠨ᠎ᠳᠤ 685 ᠵᠦᠢᠯ ᠪᠣᠯᠭᠠᠨ ᠨᠡᠮᠡᠭ᠌ᠳᠡᠭᠦᠯᠵᠦ᠍᠂ ᠦᠨᠳᠦᠰᠦᠨ ᠡᠮ᠎ᠤᠨ ᠵᠦᠢᠯ᠎ᠤᠨ ᠬᠡᠷᠡᠭ᠌ᠵᠢᠭᠦᠯᠬᠦ᠌ ᠬᠡᠪᠴᠢᠶ᠎ᠡ᠎ᠶ᠋ᠢ ᠦᠨᠳᠦᠰᠦᠨ ᠱᠠᠲᠤᠨ᠎ᠤ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠠᠴᠠ ᠬᠤᠶᠠᠳᠤᠭᠠᠷ᠂ ᠭᠤᠷᠪᠠᠳᠤᠭᠠᠷ ᠳᠡᠰ᠎ᠤᠨ ᠡᠮᠨᠡᠯᠭᠡ᠎ᠶ᠋ᠢᠨ ᠬᠤᠷᠢᠶ᠎ᠠ ᠬᠦᠷᠲᠡᠯ᠎ᠡ ᠥᠷᠭᠡᠳᠭᠡᠪᠡ᠃

69%᠄   2020 ᠣᠨ᠎ᠤ ᠰᠡᠭᠦᠯᠴᠢ ᠪᠣᠯᠲᠠᠯ᠎ᠠ᠂ ᠦᠨᠳᠦᠰᠦᠨ ᠱᠠᠲᠤᠨ᠎ᠤ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠦᠨᠳᠦᠰᠦᠨ ᠡᠮ ᠬᠡᠷᠡᠭ᠌ᠯᠡᠬᠦ᠌ ᠨᠣᠷᠮ᠎ᠠ᠎ᠶ᠋ᠢ 69% ᠎ᠳᠤ ᠬᠦᠷᠬᠡᠵᠦ᠍᠂ 60% ᠎ᠶ᠋ᠢᠨ ᠵᠢᠱ᠌ᠢᠭ᠌ᠰᠡᠨ ᠬᠠᠷᠠᠯᠲᠠ᠎ᠶ᠋ᠢ ᠳᠠᠪᠠᠭᠤᠯᠤᠨ᠂ ᠬᠤᠶᠠᠳᠤᠭᠠᠷ᠂ ᠭᠤᠷᠪᠠᠳᠤᠭᠠᠷ ᠳᠡᠰ᠎ᠤᠨ ᠡᠮᠨᠡᠯᠭᠡ᠎ᠶ᠋ᠢᠨ ᠬᠤᠷᠢᠶ᠎ᠠ᠎ᠶ᠋ᠢᠨ ᠦᠨᠳᠦᠰᠦᠨ ᠡᠮ ᠬᠡᠷᠡᠭ᠌ᠯᠡᠬᠦ᠌ ᠨᠣᠷᠮ᠎ᠠ᠎ᠶ᠋ᠢ ᠲᠣᠰ ᠲᠣᠰ 51%᠂ 39% ᠎ᠳᠤ ᠬᠦᠷᠬᠡᠪᠡ᠃

112 ᠪᠠ 36᠄   ᠤᠯᠤᠰ᠎ᠠᠴᠠ ᠵᠣᠬᠢᠶᠠᠨ ᠪᠠᠢᠭᠤᠯᠤᠭ᠍ᠰᠠᠨ 112 ᠡᠮ᠎ᠤᠨ ᠵᠦᠢᠯ ᠵᠢᠴᠢ ᠲᠢᠲᠢᠮ᠎ᠤᠨ ᠰᠤᠳᠠᠰᠤᠨ᠎ᠤ ᠲᠤᠯᠬᠤ ᠵᠢᠶᠠᠰᠠ᠎ᠶ᠋ᠢ ᠴᠤᠭ᠍ᠯᠠᠭᠤᠯᠬᠤ ᠪᠠ ᠬᠡᠷᠡᠭ᠌ᠯᠡᠬᠦ᠌ ᠠᠵᠢᠯ᠎ᠢ ᠨᠠᠢᠳᠠᠪᠤᠷᠢᠵᠢᠭᠤᠯᠵᠤ᠂ ᠳᠤᠮᠳᠠᠴᠢ ᠪᠠᠭᠤᠷᠠᠯᠲᠠ᠎ᠶ᠋ᠢᠨ ᠬᠡᠮᠵᠢᠶ᠎ᠡ᠎ᠨᠢ ᠲᠣᠰ ᠲᠣᠰ 72.67% ᠪᠠ 93.65% ᠎ᠳᠤ ᠬᠦᠷᠪᠡ; 《ᠪᠡᠭᠡᠵᠢᠩ ᠲᠢᠶᠠᠨᠵᠢᠨ ᠾᠧᠪᠧᠶ 3+N》 ᠬᠤᠯᠪᠣᠭ᠎ᠠ᠎ᠳᠤ ᠣᠷᠣᠯᠴᠠᠵᠤ᠂ ᠵᠤᠬᠢᠶᠠᠮᠠᠯ ᠲᠠᠯᠠᠰᠲᠤ᠎ᠶ᠋ᠢᠨ ᠪᠦᠲᠦᠭᠡᠭ᠌ᠳᠡᠬᠦᠨ᠎ᠢ 36 ᠴᠤᠭ᠍ᠯᠠᠭᠤᠯᠤᠨ᠂ ᠳᠤᠮᠳᠠᠴᠢ᠎ᠪᠠᠷ 32.56% ᠪᠠᠭᠤᠷᠠᠵᠠᠶ᠃

114᠄   ᠤᠯᠤᠰ᠎ᠤᠨ ᠬᠡᠯᠡᠯᠴᠡᠭᠡᠷ ᠬᠢᠭ᠌ᠰᠡᠨ 114 ᠡᠮ᠎ᠤᠨ ᠵᠦᠢᠯ᠎ᠢ ᠡᠮ ᠡᠮᠨᠡᠯᠭᠡ᠎ᠶ᠋ᠢᠨ ᠳᠠᠭᠠᠳᠭᠠᠯ᠎ᠤᠨ ᠲᠣᠭᠠᠴᠠᠭ᠎ᠠ ᠬᠢᠬᠦ᠌ ᠬᠡᠪᠴᠢᠶᠡᠨ᠎ᠳᠤ ᠣᠷᠣᠭᠤᠯᠵᠤ᠂ ᠪᠥᠬᠦ᠌ ᠵᠢᠯ᠎ᠳᠤ ᠨᠡᠢᠲᠡ 22.77 ᠲᠦᠮᠡᠨ ᠬᠥᠮᠦᠨ ᠤᠳᠠᠭ᠎ᠠ᠎ᠳᠤ ᠠᠱᠢᠭ ᠬᠦᠷᠲᠡᠭᠡᠵᠦ᠍᠂ ᠬᠤᠯᠪᠣᠭ᠍ᠳᠠᠭ᠍ᠰᠠᠨ ᠡᠮ᠎ᠤᠨ ᠵᠦᠢᠯ᠎ᠤᠨ ᠵᠠᠷᠤᠳᠠᠯ 5.46 ᠳ᠋ᠦᠩᠱᠢᠭᠤᠷ ᠲᠥᠭᠦᠷᠢᠭ᠎ᠲᠤ ᠬᠦᠷᠴᠦ᠍᠂ ᠲᠠᠩᠰᠠ ᠲᠠᠢᠯᠬᠤ ᠬᠠᠷᠢᠴᠠᠯ 76.6% ᠎ᠳᠤ ᠬᠥᠷᠪᠡ; ᠤᠯᠤᠰ᠎ᠤᠨ ᠬᠡᠯᠡᠯᠴᠡᠭᠡᠷ ᠬᠢᠭ᠌ᠰᠡᠨ 30 ᠡᠮ᠎ᠤᠨ ᠵᠦᠢᠯ᠎ᠢ ᠮᠠᠨ᠎ᠤ ᠣᠷᠣᠨ᠎ᠤ ᠡᠭᠦᠳᠡᠨ ᠡᠮᠨᠡᠯᠭᠡ᠎ᠶ᠋ᠢᠨ ᠣᠨᠴᠠᠭᠠᠶ ᠬᠡᠷᠡᠭ᠌ᠯᠡᠬᠦ᠌ ᠡᠮ᠎ᠤᠨ ᠬᠠᠮᠢᠶᠠᠷᠤᠯᠲᠠ᠎ᠳᠤ ᠣᠷᠣᠭᠤᠯᠪᠠ᠃

100%᠄   ᠥᠪᠡᠷᠲᠡᠭᠡᠨ ᠵᠠᠰᠠᠬᠤ ᠣᠷᠣᠨ᠎ᠤ ᠠᠯᠪᠠᠨ᠎ᠠᠴᠠ ᠪᠠᠢᠭᠤᠯᠤᠭ᠍ᠰᠠᠨ ᠡᠮᠴᠢᠯᠡᠭᠡᠨ᠎ᠤ ᠪᠠᠢᠭᠤᠯᠤᠮᠵᠢ᠎ᠶ᠋ᠢᠨ ᠡᠮ᠎ᠤᠨ ᠵᠦᠢᠯ ᠬᠤᠳᠠᠯᠳᠤᠨ ᠠᠪᠬᠤ᠎ᠳᠤ 《ᠬᠤᠶᠠᠷ ᠪᠠᠷᠢᠮᠲᠠ᠎ᠶ᠋ᠢᠨ ᠲᠦᠷᠢᠮ》 ᠎ᠢ ᠨᠠᠢᠳᠠᠪᠤᠷᠢᠵᠢᠭᠤᠯᠬᠤ᠎ᠶ᠋ᠢ ᠪᠥᠬᠦ᠌ ᠲᠠᠯ᠎ᠠ᠎ᠪᠠᠷ ᠠᠬᠢᠭᠤᠯᠪᠠ᠃

ᠠᠮᠵᠢᠯᠲᠠ ᠲᠠᠪᠤ

ᠶᠡᠷᠦᠩᠬᠡᠢᠯᠡᠭ᠌ᠰᠡᠨ ᠬᠢᠨᠠᠯᠲᠠ ᠬᠠᠮᠢᠶᠠᠷᠤᠯᠲᠠ᠎ᠶ᠋ᠢᠨ ᠲᠦᠷᠢᠮ᠎ᠢ ᠲᠤᠭ᠍ᠳᠠᠭᠠᠵᠦ᠍ ᠣᠯᠠᠨ ᠲᠦᠮᠡᠨ᠎ᠤ ᠡᠷᠡᠭᠦᠯ ᠮᠡᠨᠳᠦ᠎ᠶ᠋ᠢᠨ ᠡᠷᠬᠡ ᠠᠱᠢᠭ᠎ᠢ ᠪᠠᠲᠤᠯᠠᠪᠠ

100%᠄ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢᠯᠡᠴᠢᠯᠡᠭᠡ》 ᠎ᠶ᠋ᠢ ᠪᠥᠬᠦ᠌ ᠲᠠᠯ᠎ᠠ᠎ᠪᠠᠷ ᠬᠡᠷᠡᠭ᠌ᠵᠢᠭᠦᠯᠪᠠ᠃

126᠄  ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠵᠥᠪᠯᠡᠯ᠎ᠠᠴᠠ ᠵᠠᠰᠠᠭ ᠵᠠᠬᠢᠷᠭᠠᠨ᠎ᠤ ᠡᠷᠬᠡ᠎ᠶ᠋ᠢ ᠬᠦᠴᠦᠨ ᠥᠬᠡᠶ ᠪᠣᠯᠭᠠᠭ᠍ᠰᠠᠨ ᠪᠠ ᠳᠣᠷᠣᠭ᠍ᠰᠢ ᠪᠠᠭᠤᠯᠭᠠᠵᠤ᠂ ᠵᠠᠰᠠᠭ ᠵᠠᠬᠢᠷᠭᠠᠨ᠎ᠤ ᠱᠢᠢᠳᠭᠡᠯ ᠲᠣᠷᠭᠠᠭᠤᠯᠢ᠎ᠶ᠋ᠢᠨ ᠬᠠᠤᠯᠢ ᠬᠡᠷᠡᠭ᠌ᠵᠢᠭᠦᠯᠬᠦ᠌ ᠭᠤᠤᠯᠳᠠᠯᠭ᠎ᠠ᠎ᠶ᠋ᠢ ᠳᠣᠷᠣᠭ᠍ᠰᠢ 126 ᠵᠦᠢᠯ ᠱᠢᠯᠵᠢᠭᠦᠯᠵᠦ᠍᠂ ᠣᠲᠣ ᠪᠠᠢᠭ᠎ᠠ ᠵᠠᠰᠠᠭ ᠵᠠᠬᠢᠷᠭᠠᠨ᠎ᠤ ᠡᠷᠬᠡ 70 ᠵᠦᠢᠯ ᠪᠤᠢ᠃

9121᠄  2020 ᠣᠨ᠎ᠳᠤ 《ᠬᠤᠶᠠᠷ᠎ᠢ ᠲᠣᠬᠢᠶᠠᠯᠳᠤᠯ᠎ᠢᠶᠠᠷ ᠬᠢᠬᠦ᠌》 ᠬᠢᠨᠠᠯᠲᠠ ᠪᠠᠢᠴᠠᠭᠠᠯᠲᠠ᠎ᠶ᠋ᠢ 9121 ᠬᠤᠪᠢ ᠤᠳᠠᠭ᠎ᠠ ᠪᠡᠶᠡᠯᠡᠭᠦᠯᠵᠦ᠍᠂ ᠡᠭᠦᠷᠭᠡ᠎ᠪᠠᠨ ᠪᠡᠶᠡᠯᠡᠭᠦᠯᠦᠭ᠌ᠰᠡᠨ ᠨᠣᠷᠮ᠎ᠠ 100% ᠎ᠳᠤ ᠬᠦᠷᠪᠡ᠃

6᠄ ᠵᠠᠰᠠᠭ ᠵᠠᠬᠢᠷᠭᠠᠨ᠎ᠤ ᠵᠥᠪᠱᠢᠶᠡᠷᠡᠯ᠎ᠤᠨ ᠨᠠᠷᠢᠨ ᠲᠠᠩᠰᠠ᠂ ᠡᠷᠬᠡ ᠬᠠᠷᠢᠭᠤᠴᠠᠯᠭ᠎ᠠ᠎ᠶ᠋ᠢᠨ ᠨᠠᠷᠢᠨ ᠲᠠᠩᠰᠠ ᠵᠡᠷᠭᠡ ᠬᠤᠶᠠᠷ ᠨᠠᠷᠢᠨ ᠲᠠᠩᠰᠠ᠎ᠶ᠋ᠢ ᠪᠠᠷᠢᠮᠵᠢᠶᠠᠵᠢᠭᠤᠯᠵᠦ᠍᠂ ᠬᠢᠨᠠᠨ ᠵᠥᠪᠱᠢᠶᠡᠷᠡᠵᠦ᠍ ᠠᠵᠢᠯ ᠶᠠᠪᠤᠳᠠᠯ ᠭᠦᠢᠴᠡᠳᠭᠡᠬᠦ᠌ ᠲᠠᠰ ᠳᠠᠷᠠᠭᠠᠯᠠᠯ᠂ ᠦᠢᠯᠡᠴᠢᠯᠡᠭᠡᠨ᠎ᠤ ᠵᠦᠭ᠌ᠯᠡᠭᠦᠷ ᠵᠡᠷᠭᠡ ᠬᠤᠶᠠᠷ ᠵᠦᠢᠯ᠎ᠤᠨ ᠦᠢᠯᠡᠴᠢᠯᠡᠭᠡ᠎ᠶ᠋ᠢ ᠪᠠᠷᠢᠮᠵᠢᠶᠠᠵᠢᠭᠤᠯᠵᠦ᠍᠂ ᠡᠷᠬᠡ ᠬᠠᠷᠢᠭᠤᠴᠠᠯᠭ᠎ᠠ᠎ᠶ᠋ᠢᠨ ᠨᠠᠷᠢᠨ ᠲᠠᠩᠰᠠ᠎ᠶ᠋ᠢ ᠬᠥᠳᠡᠯᠦᠩᠭᠦᠶ ᠬᠠᠮᠢᠶᠠᠷᠬᠤ᠂ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠠᠵᠢᠯ᠎ᠤᠨ ᠳᠤᠮᠳᠠᠬᠢ ᠪᠠ ᠠᠵᠢᠯ᠎ᠤᠨ ᠳᠠᠷᠠᠭᠠᠬᠢ ᠬᠢᠨᠠᠯᠲᠠ ᠬᠠᠮᠢᠶᠠᠷᠤᠯᠲᠠ ᠵᠡᠷᠭᠡ ᠬᠤᠶᠠᠷ ᠵᠦᠢᠯ᠎ᠤᠨ ᠬᠠᠮᠢᠶᠠᠷᠤᠯᠲᠠ᠎ᠶ᠋ᠢᠨ ᠲᠦᠷᠢᠮ᠎ᠢ ᠪᠠᠷᠢᠮᠵᠢᠶᠠᠵᠢᠭᠤᠯᠪᠠ᠃

7.49᠄   ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ 2020 ᠣᠨ᠎ᠳᠤ ᠲᠣᠭ᠍ᠲᠠᠮᠠᠯ ᠴᠡᠭ᠎ᠤᠨ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢ 18100 ᠪᠠᠢᠴᠠᠭᠠᠨ᠂ 9227 ᠪᠠᠢᠭᠤᠯᠤᠮᠵᠢ᠎ᠶ᠋ᠢ ᠱᠢᠢᠳᠪᠤᠷᠢᠯᠡᠵᠦ᠍᠂ ᠲᠣᠭ᠍ᠲᠠᠭᠠᠯ᠎ᠠᠴᠠ ᠵᠥᠷᠢᠴᠡᠭ᠌ᠰᠡᠨ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠦ᠎ᠶ᠋ᠢ 7.49 ᠳ᠋ᠦᠩᠱᠢᠭᠤᠷ ᠲᠥᠭᠦᠷᠢᠭ ᠨᠡᠬᠡᠮᠵᠢᠯᠡᠨ ᠠᠪᠴᠢᠷᠠᠪᠠ᠃

ᠠᠮᠵᠢᠯᠲᠠ ᠵᠢᠷᠭᠤᠭ᠎ᠠ

ᠥᠭᠡᠷᠡᠴᠢᠯᠡᠬᠦ᠌ ᠪᠠ ᠰᠠᠢᠵᠢᠷᠠᠭᠤᠯᠬᠤ᠎ᠶ᠋ᠢ ᠵᠡᠷᠭᠡ᠎ᠳᠤᠨᠢ ᠴᠢᠬᠤᠯᠠᠴᠢᠯᠠᠵᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠱᠢᠰᠲ᠋ᠧᠮ᠎ᠢ ᠪᠦᠷᠢᠨᠱᠢᠭᠦᠯᠪᠠ

123 ᠪᠠ 277᠄  ᠬᠢᠲᠠᠳ (ᠮᠣᠩᠭᠤᠯ) ᠡᠮ ᠡᠮᠨᠡᠯᠭᠡ᠎ᠶ᠋ᠢᠨ ᠠᠯᠤᠰ ᠡᠵᠡᠮᠱᠢᠯ᠎ᠤᠨ ᠡᠮᠴᠢᠯᠡᠭᠡᠨ ᠣᠷᠣᠨ᠎ᠤ ᠳᠣᠲᠣᠷᠠᠬᠢ 123 ᠬᠢᠲᠠᠳ ᠡᠮᠨᠡᠯᠭᠡ (ᠮᠣᠩᠭᠤᠯ ᠡᠮᠨᠡᠯᠭᠡ) ᠎ᠶ᠋ᠢᠨ ᠬᠤᠷᠢᠶ᠎ᠠ ᠪᠠ 277 ᠦᠨᠳᠦᠰᠦᠨ ᠱᠠᠲᠤᠨ᠎ᠤ ᠡᠮᠴᠢᠯᠡᠭᠡᠨ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢ ᠪᠦᠷᠬᠦᠬᠦᠯᠪᠡ᠃

209᠄  ᠬᠢᠲᠠᠳ ᠡᠮᠨᠡᠯᠭᠡ (ᠮᠣᠩᠭᠤᠯ ᠡᠮᠨᠡᠯᠭᠡ) ᠎ᠶ᠋ᠢᠨ ᠣᠨᠣᠱᠢᠯᠠᠨ ᠡᠮᠨᠡᠬᠦ᠌ ᠴᠢᠳᠠᠪᠤᠷᠢ ᠪᠠ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠣᠨᠴᠠᠯᠢᠭ᠍ᠲᠤ ᠳᠠᠪᠠᠭᠤᠯᠢᠭ ᠭᠤᠤᠯᠳᠠᠯᠭ᠎ᠠ᠎ᠲᠠᠢ ᠲᠤᠰᠭᠠᠶ ᠰᠠᠯᠠᠭ᠎ᠠ᠎ᠶ᠋ᠢ 209 ᠪᠠᠢᠭᠤᠯᠪᠠ᠃

1266᠄ ᠦᠨᠳᠦᠰᠦᠨ ᠱᠠᠲᠤᠨ᠎ᠤ ᠬᠢᠲᠠᠳ ᠡᠮᠨᠡᠯᠭᠡ (ᠮᠣᠩᠭᠤᠯ ᠡᠮᠨᠡᠯᠭᠡ) ᠎ᠶ᠋ᠢᠨ ᠣᠷᠳᠣᠨ᠎ᠢ 1266 ᠪᠠᠢᠭᠤᠯᠪᠠ᠃

74᠄   ᠤᠯᠤᠰ᠎ᠤᠨ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠦᠨᠳᠦᠰᠦᠨ ᠦᠢᠯᠡᠴᠢᠯᠡᠭᠡᠨ᠎ᠤ ᠵᠠᠷᠤᠳᠠᠯ᠎ᠤᠨ ᠬᠥᠮᠦᠨ ᠳᠤᠮᠳᠠᠴᠢ᠎ᠶ᠋ᠢᠨ ᠨᠥᠬᠦᠪᠥᠷᠢ᠎ᠶ᠋ᠢᠨ ᠪᠠᠷᠢᠮᠵᠢᠶ᠎ᠠ᠎ᠶ᠋ᠢ 74 ᠲᠥᠭᠦᠷᠢᠭ ᠪᠣᠯᠭᠠᠨ ᠳᠡᠭᠡᠭ᠌ᠰᠢᠯᠡᠭᠦᠯᠵᠦ᠍᠂ ᠱᠢᠨ᠎ᠡ᠎ᠪᠠᠷ ᠨᠡᠮᠡᠭ᠌ᠳᠡᠭ᠌ᠰᠡᠨ 5 ᠲᠥᠭᠦᠷᠢᠭ᠎ᠢ ᠪᠦᠬᠦᠨ᠎ᠢ ᠬᠥᠳᠡᠭᠡ ᠲᠣᠰᠭᠤᠨ ᠪᠠ ᠨᠡᠢᠭᠡᠮ ᠲᠣᠭᠤᠷᠢᠭ᠎ᠲᠤ ᠬᠡᠷᠡᠭ᠌ᠯᠡᠪᠡ᠃

7098᠄  ᠪᠥᠬᠦ᠌ ᠣᠷᠣᠨ᠎ᠤ ᠤᠷᠤ᠎ᠶ᠋ᠢᠨ ᠡᠮᠴᠢ᠎ᠶ᠋ᠢ ᠵᠢᠷᠤᠮᠵᠢᠭᠤᠯᠤᠨ ᠪᠣᠯᠪᠠᠰᠤᠷᠠᠭᠤᠯᠵᠤ ᠪᠠᠢᠭ᠎ᠠ ᠬᠥᠮᠦᠨ᠎ᠤ ᠲᠤᠭ᠎ᠠ 7098 ᠎ᠳᠤ ᠬᠥᠷᠪᠡ᠃

4980᠄   ᠶᠡᠷᠦᠩᠬᠡᠶ ᠰᠠᠯᠠᠭᠠᠨ᠎ᠤ ᠡᠮᠴᠢ᠎ᠶ᠋ᠢᠨ ᠠᠵᠢᠯ᠎ᠤᠨ ᠪᠠᠢᠷᠢ ᠱᠢᠯᠵᠢᠭᠦᠯᠦᠨ ᠪᠣᠯᠪᠠᠰᠤᠷᠠᠭᠤᠯᠤᠭ᠍ᠰᠠᠨ᠎ᠨᠢ 4980 ᠬᠥᠮᠦᠨ᠎ᠳᠤ ᠬᠦᠷᠪᠡ᠃


1.png


① ᠮᠤᠩᠭᠤᠯ ᠡᠮᠨᠡᠯᠭᠡ᠎ᠶ᠋ᠢᠨ ᠨᠡᠷᠡᠳᠦ ᠶᠠᠰᠦ ᠪᠠᠷᠢᠶᠠᠴᠢ ᠪᠤᠤ᠎ᠶ᠋ᠢᠨ ᠱᠠᠨ ᠡᠮᠴᠢ (ᠵᠠᠬᠦᠨ᠎ᠠᠴᠠ ᠨᠢᠬᠡᠳᠦᠬᠡᠷ) ᠡᠪᠡᠳᠴᠢᠳᠡᠨ᠎ᠳᠤ ᠵᠠᠰᠡᠯᠭ᠎ᠠ ᠬᠢᠵᠤ ᠪᠠᠢᠭ᠎ᠠ᠎ᠨᠢ᠃


2.png


② ᠨᠡᠢᠬᠡᠮ ᠲᠤᠭᠤᠷᠢᠬ᠎ᠤᠨ ᠡᠮᠴᠢᠯᠡᠬᠡᠨ᠎ᠤ ᠲᠠᠰᠤᠬ᠎ᠤᠨ ᠡᠮᠴᠢ ᠡᠪᠡᠳᠴᠢᠳᠡᠨ᠎ᠢ ᠡᠮᠨᠡᠵᠤ ᠪᠠᠢᠭ᠎ᠠ᠎ᠨᠢ᠃


QQ图片20210802152503.png


③ ᠭᠡᠷ᠎ᠡ ᠪᠠᠢᠭᠤᠯᠤᠬ᠍ᠰᠠᠨ ᠦᠢᠯᠡᠴᠢᠯᠡᠬᠡᠨ᠎ᠤ ᠪᠦᠯᠬᠦᠮ᠎ᠤᠨ ᠬᠡᠷ ᠪᠦᠯᠢ᠎ᠶ᠋ᠢᠨ ᠡᠮᠴᠢ ᠡᠷᠦᠬᠡ᠎ᠳᠤ ᠬᠦᠷᠴᠦ᠍ ᠡᠮᠴᠢᠯᠡᠭᠡ ᠬᠢᠵᠤ ᠪᠠᠢᠭ᠎ᠠ᠎ᠨᠢ᠃


【  ᠬᠤᠯᠪᠤᠭᠠᠰᠤ 】


《ᠠᠷᠪᠠᠨ ᠳᠥᠷᠪᠡᠳᠦᠭᠡᠷ ᠲᠠᠪᠤᠨ ᠵᠢᠯ》 ᠎ᠤᠨ ᠬᠤᠭᠤᠴᠠᠭᠠᠨ᠎ᠤ ᠡᠮ ᠡᠮᠨᠡᠯᠭᠡ ᠡᠷᠡᠬᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠱᠢᠨ᠎ᠠ ᠬᠠᠷᠠᠯᠳᠠ 


                                          ᠵᠠᠩ ᠸᠧᠨ ᠴᠢᠶᠠᠩ 


《ᠠᠷᠪᠠᠨ ᠳᠥᠷᠪᠡᠳᠦᠭᠡᠷ ᠲᠠᠪᠤᠨ ᠵᠢᠯ》 ᠎ᠤᠨ ᠬᠤᠭᠤᠴᠠᠭᠠᠨ᠎ᠳᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠦᠢᠯᠡᠰ᠎ᠤᠨ ᠬᠥᠭ᠌ᠵᠢᠯᠲᠡ᠎ᠶ᠋ᠢᠨ ᠱᠢᠨ᠎ᠡ ᠱᠠᠳᠤ ᠦᠶ᠎ᠡ ᠱᠢᠨ᠎ᠡ ᠡᠭᠦᠷᠭᠡ᠎ᠳᠤ ᠬᠠᠨᠳᠤᠭᠤᠯᠵᠤ᠂ ᠮᠠᠨ᠎ᠤ ᠣᠷᠣᠨ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠭᠦᠨᠵᠡᠭᠡᠢᠷᠡᠨ ᠬᠥᠭ᠌ᠵᠢᠬᠦ᠌᠎ᠶ᠋ᠢ ᠦᠷᠭᠦᠯᠵᠢᠯᠡᠨ ᠠᠬᠢᠭᠤᠯᠤᠨ᠎ᠠ᠃

ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠱᠢᠰᠲ᠋ᠧᠮ᠎ᠤᠨ ᠥᠭᠡᠷᠡᠴᠢᠯᠡᠯᠲᠡ᠎ᠶ᠋ᠢ ᠬᠦᠴᠦᠯᠡᠨ ᠲᠦᠷᠭᠡᠳᠭᠡᠨ᠎ᠡ᠃ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠱᠢᠰᠲ᠋ᠧᠮ᠎ᠢ ᠪᠦᠷᠢᠨᠱᠢᠭᠦᠯᠵᠦ᠍᠂ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠪᠠᠢᠭᠤᠯᠤᠮᠵᠢ᠎ᠳᠤ ᠥᠭᠡᠷᠡᠴᠢᠯᠡᠯᠲᠡ ᠬᠢᠵᠦ᠍᠂ ᠡᠮᠨᠡᠬᠦ᠌ ᠪᠠ ᠰᠡᠷᠭᠡᠢᠯᠡᠬᠦ᠌᠎ᠶ᠋ᠢᠨ ᠬᠠᠮᠵᠢᠯᠴᠠᠬᠤ ᠲᠣᠭ᠍ᠲᠠᠴᠠ᠎ᠶ᠋ᠢ ᠱᠢᠨᠠᠴᠢᠯᠠᠵᠤ᠂ ᠡᠷᠲᠡ ᠬᠢᠨᠠᠨ ᠬᠡᠮᠵᠢᠵᠦ᠍ ᠰᠡᠷᠡᠮᠵᠢᠯᠡᠭᠦᠯᠬᠦ᠂ ᠲᠦᠷᠭᠡᠨ ᠪᠠᠢᠴᠠᠭᠠᠬᠤ ᠪᠠ ᠤᠷᠢᠳ᠎ᠢᠶᠠᠷ ᠱᠢᠢᠳᠪᠤᠷᠢᠯᠡᠬᠦ᠌ ᠴᠢᠳᠠᠪᠤᠷᠢ᠎ᠪᠠᠨ ᠴᠢᠩᠭᠠᠳᠭᠠᠵᠦ᠍᠂ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶᠠᠨ᠎ᠤ ᠬᠠᠯᠳᠠᠪᠤᠷᠢᠲᠤ ᠡᠪᠡᠳᠴᠢᠨ᠎ᠢ ᠠᠪᠤᠷᠠᠨ ᠵᠠᠰᠠᠬᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃

ᠨᠡᠩ ᠪᠣᠯᠪᠠᠰᠤᠷᠠᠩᠭᠤᠢ ᠬᠡᠯᠪᠡᠷᠢᠵᠢᠭ᠌ᠰᠡᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ᠎ᠤᠨ ᠲᠦᠷᠢᠮ᠎ᠤᠨ ᠱᠢᠰᠲ᠋ᠧᠮ᠎ᠢ ᠬᠦᠴᠦᠯᠡᠨ ᠪᠠᠢᠭᠤᠯᠤᠨ᠎ᠠ᠃ ᠱᠠᠲᠤ ᠬᠤᠪᠢᠶᠠᠨ ᠣᠨᠣᠱᠢᠯᠠᠨ ᠡᠮᠨᠡᠬᠦ᠂ ᠣᠲᠣ ᠦᠶ᠎ᠡ᠎ᠶ᠋ᠢᠨ ᠡᠮᠨᠡᠯᠭᠡ᠎ᠶ᠋ᠢᠨ ᠬᠤᠷᠢᠶ᠎ᠠ᠎ᠶ᠋ᠢᠨ ᠬᠠᠮᠢᠶᠠᠷᠤᠯᠲᠠ ᠵᠡᠷᠭᠡ ᠲᠠᠪᠤᠨ ᠵᠦᠢᠯ᠎ᠤᠨ ᠲᠦᠷᠢᠮ᠎ᠤᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠲᠦᠷᠢᠮ᠎ᠤᠨ ᠥᠭᠡᠷᠡᠴᠢᠯᠡᠯᠲᠡ ᠪᠠ ᠲᠦᠷᠢᠮ᠎ᠤᠨ ᠠᠵᠢᠯᠯᠠᠭᠠᠨ᠎ᠢ ᠨᠢᠭᠡᠳᠦᠯᠲᠡᠶ ᠲᠥᠯᠥᠪᠵᠢᠭᠦᠯᠦᠨ᠂ ᠰᠠᠭᠤᠷᠢ ᠴᠢᠨᠠᠷᠲᠠᠶ᠂ ᠬᠤᠯᠪᠣᠭ᠍ᠳᠠᠬᠤ ᠴᠢᠨᠠᠷᠲᠠᠶ᠂ ᠪᠡᠯᠭᠡ ᠲᠡᠮᠳᠡᠭ᠎ᠤᠨ ᠴᠢᠨᠠᠷᠲᠠᠶ ᠲᠦᠷᠢᠮ᠎ᠤᠨ ᠥᠭᠡᠷᠡᠴᠢᠯᠡᠯᠲᠡ᠎ᠶ᠋ᠢᠨ ᠲᠠᠯ᠎ᠠ᠎ᠪᠠᠷ ᠱᠢᠨ᠎ᠡ ᠱᠢᠪᠲᠤᠯᠤᠯᠲᠠ ᠭᠠᠷᠭᠠᠬᠤ᠎ᠪᠠᠷ ᠴᠢᠷᠮᠠᠢᠨ᠎ᠠ᠃

ᠱᠢᠯᠢᠳᠡᠭ ᠪᠥᠭᠡᠳ ᠥᠨᠳᠥᠷ ᠪᠦᠲᠦᠮᠵᠢᠲᠡᠢ ᠡᠮᠬᠢᠯᠡᠨ ᠨᠡᠢᠳᠭᠡᠭ᠌ᠰᠡᠨ ᠬᠡᠯᠪᠡᠷᠢ᠎ᠶ᠋ᠢᠨ ᠡᠮᠴᠢᠯᠡᠭᠡᠨ᠎ᠤ ᠦᠢᠯᠡᠴᠢᠯᠡᠭᠡᠨ᠎ᠤ ᠱᠢᠰᠲ᠋ᠧᠮ᠎ᠢ ᠲᠦᠷᠭᠡᠳᠭᠡᠨ ᠪᠠᠢᠭᠤᠯᠤᠨ᠎ᠠ᠃ ᠠᠵᠢᠯ ᠬᠤᠪᠢᠶᠠᠷᠢᠯᠠᠨ ᠬᠠᠮᠵᠢᠯᠴᠠᠬᠤ᠎ᠶ᠋ᠢ ᠴᠢᠩᠭᠠᠷᠠᠭᠤᠯᠤᠨ᠂ ᠬᠠᠮᠢᠶᠠᠷᠤᠯᠲᠠ᠎ᠶ᠋ᠢᠨ ᠪᠠᠢᠭᠤᠯᠤᠮᠵᠢ ᠲᠣᠭ᠍ᠲᠠᠴᠠ ᠪᠠ ᠦᠢᠯᠡᠴᠢᠯᠡᠭᠡᠨ᠎ᠤ ᠵᠠᠭ᠍ᠪᠤᠷ᠎ᠢ ᠱᠢᠨᠠᠴᠢᠯᠠᠵᠤ᠂ ᠬᠤᠱᠢᠭᠤ ᠱᠢᠶᠠᠨ᠎ᠤ ᠬᠡᠪᠴᠢᠶ᠎ᠡ ᠪᠠ ᠦᠨᠳᠦᠰᠦᠨ ᠱᠠᠲᠤᠨ᠎ᠤ ᠡᠮᠴᠢᠯᠡᠭᠡᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠬᠠᠩᠭᠠᠯᠭ᠎ᠠ᠎ᠶ᠋ᠢ ᠱᠢᠯᠢᠳᠡᠭ᠌ᠵᠢᠭᠦᠯᠦᠨ᠂ ᠡᠮᠴᠢᠯᠡᠭᠡᠨ᠎ᠤ ᠡᠬᠢ ᠪᠠᠶᠠᠯᠢᠭ᠎ᠤᠨ ᠪᠠᠭ᠍ᠲᠠᠭᠠᠮᠵᠢ᠎ᠶ᠋ᠢ ᠥᠷᠭᠡᠳᠭᠡᠬᠦ᠌ ᠪᠠ ᠲᠡᠩᠴᠡᠭᠦᠷᠢᠲᠡᠶ ᠪᠠᠢᠷᠢᠱᠢᠭᠤᠯᠬᠤ᠎ᠶ᠋ᠢ ᠪᠥᠬᠦ᠌ ᠲᠠᠯ᠎ᠠ᠎ᠪᠠᠷ ᠠᠬᠢᠭᠤᠯᠵᠤ᠂ ᠣᠳᠣᠬᠢᠴᠢᠯᠠᠭ᠍ᠰᠠᠨ ᠥᠨᠳᠥᠷ ᠦᠷ᠎ᠡ ᠪᠦᠲᠦᠮᠵᠢᠲᠡᠶ ᠡᠮᠬᠢᠯᠡᠨ ᠨᠡᠢᠳᠭᠡᠭ᠌ᠰᠡᠨ ᠬᠡᠯᠪᠡᠷᠢ᠎ᠶ᠋ᠢᠨ ᠡᠮᠴᠢᠯᠡᠭᠡᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠱᠢᠰᠲ᠋ᠧᠮ᠎ᠢ ᠲᠦᠷᠭᠡᠳᠭᠡᠨ ᠪᠠᠢᠭᠤᠯᠤᠨ᠎ᠠ᠃

ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠪᠠᠢᠭᠤᠯᠤᠮᠵᠢ ᠲᠣᠭ᠍ᠲᠠᠴᠠ᠎ᠶ᠋ᠢᠨ ᠪᠠᠢᠭᠤᠯᠤᠯᠲᠠ᠎ᠶ᠋ᠢ ᠬᠦᠴᠦᠯᠡᠨ ᠠᠬᠢᠭᠤᠯᠤᠨ᠎ᠠ᠃ ᠱᠢᠰᠲ᠋ᠧᠮ᠎ᠤᠨ ᠱᠢᠨ᠎ᠡ᠎ᠶ᠋ᠢ ᠡᠭᠦᠳᠬᠦ᠂ ᠲᠦᠷᠢᠮ᠎ᠤᠨ ᠱᠢᠨ᠎ᠡ᠎ᠶ᠋ᠢ ᠡᠭᠦᠳᠬᠦ᠂ ᠱᠢᠨᠵᠢᠯᠡᠭᠡᠨ᠎ᠤ ᠰᠠᠯᠠᠭᠠᠨ᠎ᠤ ᠱᠢᠨ᠎ᠡ᠎ᠶ᠋ᠢ ᠡᠭᠦᠳᠬᠦ᠌ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠶᠠᠰᠤ ᠴᠢᠨᠠᠷ᠎ᠤᠨ ᠬᠤᠪᠢᠰᠤᠯᠲᠠ᠂ ᠦᠷ᠎ᠡ ᠪᠦᠲᠦᠮᠵᠢ᠎ᠶ᠋ᠢᠨ ᠬᠤᠪᠢᠰᠤᠯᠲᠠ᠂ ᠬᠥᠳᠡᠯᠭᠡᠬᠦ᠌ ᠬᠦᠴᠦᠨ᠎ᠤ ᠬᠤᠪᠢᠰᠤᠯᠲᠠ᠎ᠶ᠋ᠢ ᠠᠬᠢᠭᠤᠯᠤᠨ᠎ᠠ᠃


11.png


ᠡᠮᠴᠢᠯᠡᠬᠡᠨ᠎ᠤ ᠪᠠᠢᠭᠤᠯᠤᠮᠵᠢ᠎ᠠᠴᠠ ᠬᠡᠤᠬᠡᠳ ᠨᠢᠯᠬᠠᠰ᠎ᠲᠤ ᠠᠰᠠᠷᠠᠨ ᠬᠠᠷᠠᠭᠠᠯᠵᠠᠬᠤ ᠦᠢᠯᠡᠴᠢᠯᠡᠭᠡ ᠬᠠᠨᠭ᠌ᠭᠠᠵᠤ ᠪᠠᠢᠭ᠎ᠠ᠎ᠨᠢ


22.png


ᠬᠡᠷ ᠪᠦᠯᠢ᠎ᠶ᠋ᠢᠨ ᠡᠮᠴᠢ ᠡᠷᠦᠬᠡ᠎ᠳᠤ ᠬᠦᠷᠴᠦ᠍ ᠦᠢᠯᠡᠴᠢᠯᠡᠭᠡ ᠬᠠᠨᠭ᠌ᠭᠠᠵᠤ ᠪᠠᠢᠭ᠎ᠠ᠎ᠨᠢ


33.png


ᠡᠮᠨᠡᠯᠬᠡ᠎ᠶ᠋ᠢᠨ ᠬᠤᠷᠢᠶᠡᠨ᠎ᠤ ᠤᠯᠠᠨ ᠰᠠᠯᠠᠭᠠᠨ᠎ᠤ᠎ᠬᠢᠨ ᠬᠦᠳᠡᠭᠡ ᠪᠠᠭᠤᠵᠤ ᠠᠯᠪᠠᠨ ᠵᠢᠷᠤᠮ᠎ᠤᠨ ᠡᠮᠴᠢᠯᠡᠭᠡ ᠬᠢᠵᠤ ᠪᠠᠢᠭ᠎ᠠ᠎ᠨᠢ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号