ᠵᠢᠩᠭᠠᠩᠱᠠᠨ᠂ ᠬᠤᠨᠠᠨ ᠵᠢᠶᠠᠩᠰᠢ᠎ᠶ᠋ᠢᠨ ᠬᠢᠵᠠᠭᠠᠷ᠎ᠲᠠᠬᠢ ᠯᠦᠸᠧ ᠱᠢᠶᠤᠤ ᠱᠠᠨ ᠠᠭᠤᠯᠠ ᠨᠢᠷᠤᠭᠤ᠎ᠶ᠋ᠢᠨ ᠳᠤᠮᠳᠠ ᠬᠡᠰᠡᠭ᠎ᠢᠶᠠᠷ ᠪᠠᠢᠷᠢᠯᠠᠵᠥ᠍ ᠪᠠᠢᠨ᠎ᠠ᠃
1927 ᠣᠨ᠎ᠤ 10 ᠰᠠᠷ᠎ᠠ᠎ᠳᠤ᠂ ᠮᠠᠤ ᠽᠧ ᠳ᠋ᠦᠩ ᠨᠥᠬᠦᠷ ᠨᠠᠮᠤᠷ᠎ᠤᠨ ᠬᠤᠷᠢᠶᠠᠯᠲᠠ᠎ᠶ᠋ᠢᠨ ᠪᠣᠰᠣᠯᠭ᠎ᠠ᠎ᠶ᠋ᠢᠨ ᠴᠡᠷᠢᠭ ᠠᠩᠬᠢ᠎ᠶ᠋ᠢ ᠳᠠᠭᠠᠭᠤᠯᠤᠨ ᠵᠢᠩᠭᠠᠩᠱᠠᠨ᠎ᠳᠤ ᠭᠠᠷᠴᠤ᠌᠂ ᠠᠵᠢᠯᠴᠢᠨ ᠲᠠᠷᠢᠶᠠᠴᠢᠨ᠎ᠤ ᠵᠡᠪᠰᠡᠭ᠌ᠲᠦ ᠬᠦᠴᠦᠨ᠎ᠤ ᠬᠡᠰᠡᠭ᠌ᠯᠡᠨ ᠡᠵᠡᠯᠡᠬᠦ᠌ ᠲᠡᠮᠡᠴᠡᠯ᠎ᠢ ᠡᠬᠢᠯᠡᠭᠦᠯᠪᠡ᠃ ᠠᠳᠡ ᠳᠤᠮᠳᠠᠳᠤ ᠤᠯᠤᠰ᠎ᠤᠨ ᠡᠪ ᠬᠠᠮᠲᠤ ᠨᠠᠮ ᠠᠩᠬᠠᠳᠠᠭ᠍ᠴᠢ ᠬᠥᠳᠡᠭᠡ ᠲᠣᠰᠭᠤᠨ᠎ᠤ ᠬᠤᠪᠢᠰᠭᠠᠯ᠎ᠤᠨ ᠰᠠᠭᠤᠷᠢᠨ ᠭᠠᠵᠠᠷ᠎ᠢ ᠡᠭᠦᠳᠦᠨ ᠪᠠᠢᠭᠤᠯᠵᠤ᠂ 《ᠬᠥᠳᠡᠭᠡ ᠲᠣᠰᠭᠤᠨ᠎ᠢᠶᠠᠷ ᠬᠤᠳᠠ᠎ᠶ᠋ᠢ ᠪᠦᠰᠡᠯᠡᠵᠦ᠍᠂ ᠵᠡᠪᠰᠡᠭ᠌ᠲᠦ ᠬᠦᠴᠦᠨ᠎ᠢᠶᠠᠷ ᠵᠠᠰᠠᠭ᠎ᠤᠨ ᠡᠷᠬᠡ᠎ᠶ᠋ᠢ ᠪᠤᠯᠢᠶᠠᠨ ᠠᠪᠬᠤ》 ᠳᠤᠮᠳᠠᠳᠤ ᠤᠯᠤᠰ᠎ᠤᠨ ᠬᠤᠪᠢᠰᠭᠠᠯ᠎ᠤᠨ ᠵᠠᠮ᠎ᠢ ᠨᠡᠭᠡᠭᠡᠪᠡ᠃

ᠵᠢᠩᠭᠠᠩᠱᠠᠨ᠎ᠤ ᠵᠣᠷᠢᠭ ᠰᠠᠨᠠᠭ᠎ᠠ᠎ᠶ᠋ᠢᠨ ᠱᠢᠨ᠎ᠡ ᠴᠠᠭ ᠦᠶ᠎ᠡ᠎ᠶ᠋ᠢᠨ ᠭᠡᠷᠡᠯ ᠭᠢᠯᠪᠠᠭ᠎ᠠ᠎ᠶ᠋ᠢ ᠪᠠᠳᠠᠷᠠᠭᠤᠯᠤᠶ᠎ᠠ
· ᠵᠤᠤ ᠨᠠᠨ
2016 ᠣᠨ᠎ᠤ 2 ᠰᠠᠷ᠎ᠠ᠎ᠳᠤ᠂ ᠶᠡᠷᠦᠩᠬᠡᠢ ᠱᠦᠵᠢ ᠰᠢ᠎ᠶ᠋ᠢᠨ ᠫᠢᠩ ᠵᠢᠶᠠᠩᠰᠢ᠎ᠳᠤ ᠪᠠᠢᠴᠠᠭᠠᠨ ᠰᠤᠳᠤᠯᠵᠥ᠍ ᠱᠢᠨᠵᠢᠯᠡᠨ ᠪᠠᠢᠴᠠᠭᠠᠬᠤ᠎ᠳᠠᠭᠠᠨ᠂ ᠵᠢᠩᠭᠠᠩᠱᠠᠠ ᠪᠤᠯ ᠲᠤᠮᠲᠠᠲᠤ ᠤᠯᠤᠰ᠎ᠤᠨ ᠬᠤᠪᠢᠰᠭᠠᠯ᠎ᠤᠨ ᠦᠯᠦᠭᠡᠢ ᠶᠤᠮ᠃ ᠵᠢᠩᠭᠠᠩᠱᠠᠠ᠎ᠤ ᠴᠠᠭ ᠦᠶ᠎ᠠ᠎ᠶ᠋ᠢᠨ ᠮᠠᠠᠳᠤ ᠦᠯᠡᠳᠡᠬᠡᠡ ᠦᠭ᠌ᠬᠦᠭ᠌ᠰᠡᠡ ᠬᠠᠮᠤᠭ᠎ᠤᠨ ᠡᠷᠬᠢᠮ ᠨᠠᠠᠲᠢᠨ ᠦᠪ ᠬᠦᠷᠦᠩᠭᠡ ᠪᠤᠯ ᠲᠠᠷᠤᠢ ᠴᠠᠭ ᠤᠷᠤᠨ ᠵᠠᠢ᠎ᠶ᠋ᠢ ᠲᠠᠪᠠᠭ᠍ᠰᠠᠠ ᠵᠢᠩᠭᠠᠩᠱᠠᠠ᠎ᠤ ᠵᠤᠷᠢᠭ ᠰᠠᠨᠠᠭ᠎ᠠ ᠪᠤᠯᠤᠨ᠎ᠠ᠃ ᠡᠨᠡ ᠡᠲᠦᠷ ᠪᠢᠲᠠ ᠱᠢᠨ᠎ᠠ ᠴᠠᠭ ᠦᠶ᠎ᠠ᠎ᠶ᠋ᠢᠨ ᠨᠦᠬᠦᠴᠡᠯ᠎ᠲᠠᠢ ᠤᠶᠠᠯᠲᠤᠭᠤᠯᠵᠦ᠍᠂ ᠬᠦᠰᠡᠯᠡᠩ᠎ᠤᠨ᠎ᠢᠶᠠᠨ ᠲᠦᠯᠦᠭᠡ ᠡᠷᠡᠰ᠎ᠢᠶᠠᠷ ᠵᠢᠳᠭᠦᠠ ᠴᠢᠷᠮᠠᠢᠵᠦ᠍᠂ ᠦᠨᠡᠡ᠎ᠢ ᠪᠠᠷᠢᠮᠲᠠᠯᠠᠠ ᠱᠢᠨ᠎ᠠ ᠵᠠᠮ᠎ᠢ ᠨᠡᠭᠡᠭᠡᠵᠦ᠍᠂ ᠱᠢᠷᠭᠠᠭᠤ ᠬᠠᠲᠠᠭᠤᠵᠢᠯᠲᠠᠢ᠎ᠪᠠᠷ ᠬᠦᠴᠢᠷ᠎ᠢ ᠲᠤᠭᠤᠯᠤᠨ ᠪᠤᠭᠤᠮᠲᠠ ᠲᠠᠪᠠᠵᠦ᠍᠂ ᠤᠯᠠᠠ ᠲᠦᠮᠡᠡ᠎ᠳᠤ ᠲᠦᠱᠢᠭ᠌ᠯᠡᠨ ᠢᠯᠠᠯᠲᠠ ᠤᠯᠵᠦ᠍᠂ ᠵᠢᠩᠭᠠᠩᠱᠠᠠ᠎ᠤ ᠵᠤᠷᠢᠭ ᠰᠠᠨᠠᠭ᠎ᠠ᠎ᠶ᠋ᠢᠨ ᠱᠢᠨ᠎ᠠ ᠴᠠᠭ ᠦᠶ᠎ᠠ᠎ᠶ᠋ᠢᠨ ᠭᠡᠷᠡᠯ ᠬᠢᠯᠪᠠᠭ᠎ᠠ᠎ᠶ᠋ᠢ ᠪᠠᠲᠠᠷᠠᠭᠤᠯᠬᠤ ᠭᠡᠷᠡᠭ᠌ᠲᠡᠢ ᠭᠡᠵᠦ᠍ ᠵᠢᠭᠠᠵᠦ᠍ ᠭᠠᠷᠭᠠᠪᠠ᠃
ᠵᠢᠩᠭᠠᠩᠱᠠᠨ ᠳᠤᠮᠳᠠᠳᠤ ᠤᠯᠤᠰ᠎ᠤᠨ ᠬᠤᠪᠢᠰᠭᠠᠯ᠎ᠤᠨ ᠥᠯᠥᠭᠡᠢ ᠪᠣᠯᠤᠭ᠍ᠰᠠᠨ᠎ᠤ ᠬᠤᠪᠢ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠠᠳᠡ ᠬᠤᠪᠢᠰᠭᠠᠯ᠎ᠤᠨ ᠤᠴᠢ᠎ᠶ᠋ᠢ ᠬᠦᠭ᠌ᠵᠢᠭᠡᠪᠡ᠃ ᠵᠢᠩᠭᠠᠩᠱᠠᠨ᠎ᠤ ᠵᠣᠷᠢᠭ ᠰᠠᠨᠠᠭ᠎ᠠ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠤᠳᠤᠷᠢᠳᠤᠨ ᠵᠢᠩᠭᠠᠩᠱᠠᠨ᠎ᠤ ᠬᠤᠪᠢᠰᠭᠠᠯ᠎ᠤᠨ ᠰᠠᠭᠤᠷᠢᠨ ᠭᠠᠵᠠᠷ᠎ᠢ ᠨᠡᠭᠡᠭᠡᠬᠦ᠂ ᠨᠠᠮ᠎ᠤᠨ ᠪᠠᠢᠭᠤᠯᠤᠯᠲᠠ᠂ ᠠᠷᠠᠳ᠎ᠤᠨ ᠴᠡᠷᠢᠭ ᠠᠩᠬᠢ᠎ᠶ᠋ᠢᠨ ᠪᠠᠢᠭᠤᠯᠤᠯᠲᠠ ᠪᠣᠯᠤᠨ ᠭᠠᠵᠠᠷ ᠱᠢᠷᠣᠢ᠎ᠶ᠋ᠢᠨ ᠬᠤᠪᠢᠰᠭᠠᠯ᠎ᠤᠨ ᠲᠡᠮᠡᠴᠡᠯ ᠳᠤᠮᠳᠠ ᠪᠤᠢ ᠪᠣᠯᠭᠠᠭ᠍ᠰᠠᠨ ᠠᠭᠤᠤ ᠶᠡᠭᠡ ᠬᠤᠪᠢᠰᠭᠠᠯ᠎ᠤᠨ ᠵᠣᠷᠢᠭ ᠰᠠᠨᠠᠭ᠎ᠠ ᠪᠣᠯᠤᠨ᠎ᠠ᠂ ᠲᠡᠷᠡ᠎ᠨᠢ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ᠎ᠶ᠋ᠢ ᠵᠠᠯᠭᠠᠮᠵᠢᠯᠠᠵᠤ᠂ ᠳᠤᠮᠳᠠᠳᠤ ᠤᠯᠤᠰ᠎ᠤᠨ ᠬᠤᠪᠢᠰᠭᠠᠯ᠎ᠤᠨ ᠢᠯᠠᠯᠲᠠ ᠤᠯᠤᠬ᠍ᠰᠠᠨ ᠲᠡᠦᠬᠡ᠎ᠶ᠋ᠢᠨ ᠵᠠᠢᠯᠠᠰᠢ ᠦᠭᠡᠢ ᠴᠢᠨᠠᠷ ᠪᠣᠯᠤᠨ ᠵᠢᠮ᠎ᠡ ᠶᠣᠰᠣᠴᠢ ᠴᠢᠨᠠᠷ᠎ᠢ ᠠᠭᠤᠯᠵᠤ ᠪᠠᠢᠳᠠᠭ᠃
ᠬᠦᠰᠡᠯᠡᠩ ᠢᠲᠡᠭᠡᠯ ᠪᠢᠱᠢᠷᠡᠯ ᠪᠣᠯ ᠡᠪ ᠬᠠᠮᠲᠤᠴᠤᠳ᠎ᠤᠨ ᠤᠯᠤᠰ ᠲᠦᠷᠦ᠎ᠶ᠋ᠢᠨ ᠰᠦᠭ ᠰᠦᠨᠡᠰᠦ ᠮᠥᠨ᠃ ᠮᠠᠷᠺᠰ᠎ᠤᠨ ᠦᠵᠡᠯ ᠪᠣᠯ ᠮᠠᠨ᠎ᠤ ᠨᠠᠮ ᠪᠠᠢᠭᠤᠯᠬᠤ ᠤᠯᠤᠰ ᠪᠠᠢᠭᠤᠯᠬᠤ᠎ᠶ᠋ᠢᠨ ᠦᠨᠳᠦᠰᠦᠨ ᠵᠢᠯᠣᠭᠤᠳᠭᠤ ᠦᠵᠡᠯ ᠰᠠᠨᠠᠭ᠎ᠠ ᠮᠥᠨ᠂ ᠮᠠᠨ᠎ᠤ ᠨᠠᠮ᠎ᠤᠨ ᠠᠮᠢᠨ ᠰᠦᠨᠡᠰᠦ ᠪᠠ ᠲᠤᠭ ᠲᠡᠮᠳᠡᠭ ᠮᠥᠨ᠃ ᠮᠠᠷᠺᠰ᠎ᠤᠨ ᠦᠵᠡᠯ᠎ᠤᠨ ᠲᠤᠬᠠᠢ ᠪᠠᠲᠤ ᠢᠲᠡᠭᠡᠯ᠂ ᠨᠡᠢᠭᠡᠮ ᠵᠢᠷᠤᠮ ᠪᠠ ᠡᠪ ᠬᠠᠮᠲᠤ ᠶᠣᠰᠣᠨ᠎ᠤ ᠲᠤᠬᠠᠢ ᠪᠠᠲᠤ ᠢᠲᠡᠭᠡᠯ ᠪᠣᠯ ᠵᠢᠩᠭᠠᠩᠱᠠᠨ᠎ᠤ ᠵᠣᠷᠢᠭ ᠰᠠᠨᠠᠭᠠᠨ᠎ᠤ ᠠᠮᠢᠨ ᠰᠦᠨᠡᠰᠦ ᠮᠥᠨ᠂ ᠪᠠᠰᠠ ᠴᠤ᠌ ᠳᠤᠮᠳᠠᠳᠤ ᠤᠯᠤᠰ᠎ᠤᠨ ᠬᠤᠪᠢᠰᠭᠠᠯ᠎ᠤᠨ ᠢᠯᠠᠯᠲᠠ ᠲᠡᠢᠰᠢ ᠤᠷᠤᠭ᠍ᠰᠢᠯᠠᠬ᠍ᠰᠠᠨᠤ ᠤᠶᠤᠨ ᠰᠠᠨᠠᠭᠠᠨ᠎ᠤ ᠲᠦᠱᠢᠭ ᠲᠤᠯᠭᠠᠭᠤᠷᠢ ᠮᠥᠨ᠃
ᠬᠤᠪᠢᠰᠭᠠᠯ᠎ᠤᠨ ᠬᠦᠰᠡᠯᠡᠩ ᠶᠠᠭᠤᠨ᠎ᠠᠴᠠ ᠴᠤ᠌ ᠡᠷᠬᠢᠮ ᠪᠠᠢᠳᠠᠭ᠃ ᠬᠦᠰᠡᠯᠡᠩ ᠢᠲᠡᠭᠡᠯ ᠪᠢᠱᠢᠷᠡᠯ᠎ᠤᠨ ᠭᠠᠯ ᠳᠦᠷᠡᠯᠵᠡᠪᠡᠰᠤ ᠡᠭᠦᠷᠢᠳᠡ ᠤᠨᠲᠠᠷᠠᠬᠤ ᠦᠭᠡᠢ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠡᠳᠦᠷ᠎ᠠᠴᠠ᠎ᠪᠠᠨ ᠡᠬᠢᠯᠡᠨ ᠡᠪ ᠬᠠᠮᠲᠤ ᠶᠣᠰᠣ᠎ᠶ᠋ᠢ ᠥᠪᠡᠷ᠎ᠤᠨ ᠠᠯᠤᠰ ᠬᠡᠳᠦ᠎ᠶ᠋ᠢᠨ ᠬᠦᠰᠡᠯᠡᠩ᠎ᠢᠶᠠᠨ ᠪᠣᠯᠭᠠᠭ᠍ᠰᠠᠨ ᠶᠤᠮ᠂ ᠵᠢᠩᠭᠠᠩᠱᠠᠨ᠎ᠤ ᠬᠤᠪᠢᠰᠭᠠᠯᠲᠤ ᠲᠡᠮᠡᠴᠡᠯ ᠪᠣᠯ ᠶᠠᠭ ᠮᠠᠷᠺᠰ᠎ᠤᠨ ᠦᠵᠡᠯ᠎ᠤᠨ ᠲᠤᠬᠠᠢ ᠡᠷᠡᠰ ᠪᠠᠲᠤ ᠢᠲᠡᠭᠡᠯ ᠪᠢᠱᠢᠷᠡᠯ᠂ ᠨᠡᠢᠭᠡᠮ ᠵᠢᠷᠤᠮ ᠪᠠ ᠡᠪ ᠬᠠᠮᠲᠤ ᠶᠣᠰᠣᠨ᠎ᠤ ᠲᠤᠬᠠᠢ ᠡᠷᠡᠰ ᠪᠠᠲᠤ ᠢᠲᠡᠭᠡᠯ ᠪᠢᠱᠢᠷᠡᠯ᠎ᠠᠴᠠ ᠡᠭᠦᠰᠴᠤ᠌ ᠦᠢᠯᠡᠳᠦᠯᠬᠡᠵᠢᠭ᠌ᠰᠡᠨ ᠶᠤᠮ᠃ ᠶᠡᠭᠡ ᠬᠤᠪᠢᠰᠭᠠᠯ ᠢᠯᠠᠭ᠍ᠳᠠᠭ᠍ᠰᠠᠨ᠎ᠤ ᠳᠠᠷᠠᠭ᠎ᠠ᠂ ᠭᠤᠮᠢᠨᠳᠠᠩ᠎ᠤᠨ ᠴᠢᠰᠤᠲᠤ ᠬᠢᠳᠤᠯᠭ᠎ᠠ᠎ᠶ᠋ᠢᠨ ᠡᠮᠦᠨ᠎ᠡ᠂ ᠮᠠᠤ ᠽᠧ ᠳ᠋ᠦᠩ ᠨᠥᠬᠦᠷ᠎ᠢᠶᠠᠷ ᠲᠥᠯᠥᠭᠡᠯᠡᠭᠦᠯᠦᠭ᠌ᠰᠡᠨ ᠡᠪ ᠬᠠᠮᠲᠤᠴᠤᠳ ᠪᠠᠲᠤ ᠢᠲᠡᠭᠡᠯ ᠡᠪᠤᠷᠯᠡᠨ ᠵᠢᠩᠭᠠᠩᠱᠠᠨ᠎ᠳᠤ ᠭᠠᠷᠴᠤ᠌᠂ ᠳᠤᠮᠳᠠᠳᠤ ᠤᠯᠤᠰ᠎ᠤᠨ ᠠᠩᠬᠠᠳᠠᠭ᠍ᠴᠢ ᠬᠥᠳᠡᠭᠡ ᠲᠣᠰᠭᠤᠨ᠎ᠤ ᠬᠤᠪᠢᠰᠭᠠᠯ᠎ᠤᠨ ᠰᠠᠭᠤᠷᠢᠨ ᠭᠠᠵᠠᠷ — ᠵᠢᠩᠭᠠᠩᠱᠠᠨ᠎ᠤ ᠰᠠᠭᠤᠷᠢᠨ ᠭᠠᠵᠠᠷ᠎ᠢ ᠪᠠᠢᠭᠤᠯᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠤᠯᠠᠭᠠᠨ ᠴᠡᠷᠢᠭ᠎ᠤᠨ ᠲᠠᠢᠨ ᠪᠠ ᠰᠠᠭᠤᠷᠢᠨ ᠭᠠᠵᠠᠷ᠎ᠤᠨ ᠪᠦᠳᠤᠭᠡᠨ ᠪᠠᠢᠭᠤᠯᠤᠯᠲᠠ᠎ᠶ᠋ᠢ ᠤᠳᠤᠷᠢᠳᠭᠤ ᠶᠠᠪᠤᠴᠠ᠎ᠳᠤ᠂ ᠮᠠᠤ ᠽᠧ ᠳ᠋ᠦᠩ ᠨᠥᠬᠦᠷ ᠤᠷᠢᠳ ᠬᠤᠵᠢᠳ 《ᠵᠢᠩᠭᠠᠩᠱᠠᠨ᠎ᠤ ᠲᠡᠮᠡᠴᠡᠯ》 ᠪᠠ 《ᠤᠴᠢ ᠦᠰᠦᠷᠦᠭᠡᠳ ᠠᠭᠤᠯᠠ᠎ᠶ᠋ᠢ ᠱᠢᠲᠠᠭᠠᠨᠠ》 ᠭᠡᠬᠦ᠌ ᠵᠤᠬᠢᠶᠠᠯ᠎ᠢ ᠪᠢᠴᠢᠵᠦ᠍᠂ 《ᠬᠥᠳᠡᠭᠡ ᠲᠣᠰᠭᠤᠨ᠎ᠢᠶᠠᠷ ᠬᠤᠳᠠ᠎ᠶ᠋ᠢ ᠪᠦᠰᠡᠯᠡᠵᠦ᠍᠂ ᠵᠡᠪᠰᠡᠭ᠌ᠲᠦ ᠬᠦᠴᠦᠨ᠎ᠢᠶᠠᠷ ᠵᠠᠰᠠᠭ᠎ᠤᠨ ᠡᠷᠬᠡ᠎ᠶ᠋ᠢ ᠪᠤᠯᠢᠶᠠᠨ ᠠᠪᠬᠤ》 ᠬᠤᠪᠢᠰᠭᠠᠯ᠎ᠤᠨ ᠱᠢᠨ᠎ᠡ ᠵᠠᠮ᠎ᠢ ᠳᠤᠷᠠᠳᠤᠨ ᠭᠠᠷᠭᠠᠭᠠᠳ᠂ ᠴᠡᠷᠢᠭ ᠠᠷᠠᠳ᠎ᠤᠨ ᠲᠡᠮᠡᠴᠡᠯ᠎ᠤᠨ ᠢᠲᠡᠭᠡᠯ ᠵᠣᠷᠢᠭ᠎ᠢ ᠬᠦᠪᠴᠢᠯᠡᠨ᠂ ᠳᠤᠮᠳᠠᠳᠤ ᠤᠯᠤᠰ᠎ᠤᠨ ᠬᠤᠪᠢᠰᠭᠠᠯ᠎ᠤᠨ ᠴᠢᠭ᠌ᠯᠡᠯ ᠪᠠ ᠬᠠᠷᠠᠯᠲᠠ᠎ᠶ᠋ᠢ ᠲᠣᠳᠣᠷᠬᠠᠢᠯᠠᠬ᠍ᠰᠠᠨ ᠪᠠᠢᠨ᠎ᠠ᠃
ᠱᠢᠨ᠎ᠡ ᠴᠠᠭ ᠦᠶ᠎ᠡ᠎ᠳᠤ ᠣᠷᠣᠵᠤ᠂ ᠵᠢᠩᠭᠠᠩᠱᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠎ᠳᠤ᠂ ᠪᠢᠲᠠ ᠡᠷᠡᠰ ᠪᠠᠲᠤ᠎ᠪᠠᠷ ᠬᠦᠰᠡᠯᠡᠩ᠎ᠢᠶᠠᠨ ᠬᠦᠭᠡᠭᠡᠴᠡᠯᠳᠦᠵᠦ᠍᠂ ᠡᠪ ᠬᠠᠮᠲᠤᠴᠤᠳ᠎ᠤᠨ ᠵᠣᠷᠢᠭ ᠰᠠᠨᠠᠭᠠᠨ᠎ᠤ 《ᠺᠠᠯᠼ》 ᠢ ᠨᠥᠬᠦᠪᠥᠷᠢᠯᠡᠬᠦ᠌ ᠬᠡᠷᠡᠭ᠌ᠲᠡᠢ᠃ ᠳᠤᠮᠳᠠᠳᠤ ᠤᠯᠤᠰ᠎ᠤᠨ ᠡᠪ ᠬᠠᠮᠲᠤ ᠨᠠᠮ ᠨᠤᠭᠤᠷᠠᠯ ᠪᠦᠳᠦᠷᠢᠯ᠎ᠢ ᠲᠤᠭᠤᠯᠵᠦ᠍ ᠲᠠᠰᠤᠷᠠᠯᠲᠠ ᠦᠭᠡᠢ ᠡᠷᠡᠯᠬᠡᠭ᠌ᠯᠡᠨ ᠪᠣᠰᠴᠤ᠌᠂ ᠬᠦᠴᠢᠷ ᠪᠡᠷᠬᠡᠱᠢᠶᠡᠯ᠎ᠢ ᠲᠤᠭᠤᠯᠵᠦ᠍ ᠬᠠᠲᠠᠭᠤᠵᠢᠨ ᠪᠤᠰᠤᠬ᠍ᠰᠠᠨᠨᠢ ᠡᠴᠦᠰ᠎ᠤᠨ ᠡᠴᠦᠰ᠎ᠲᠡᠭᠡᠨ ᠮᠠᠷᠺᠰ᠎ᠤᠨ ᠦᠵᠡᠯ᠎ᠢᠶᠠᠷ ᠠᠵᠢᠯᠯᠠᠭᠠᠨ᠎ᠤ ᠵᠦᠭ᠌ᠯᠡᠭᠦᠷ᠎ᠢᠶᠠᠨ ᠪᠣᠯᠭᠠᠬᠤ᠎ᠶ᠋ᠢ ᠢᠮᠠᠭ᠍ᠲᠠ ᠪᠠᠷᠢᠮᠲᠠᠯᠠᠭ᠍ᠰᠠᠨ᠎ᠳᠤ ᠪᠠᠢᠨ᠎ᠠ᠂ ᠬᠦᠰᠡᠯᠡᠩ ᠢᠲᠡᠭᠡᠯ ᠪᠢᠱᠢᠷᠡᠯ ᠢᠮᠠᠭ᠍ᠲᠠ ᠡᠷᠡᠰ ᠪᠠᠲᠤ ᠪᠠᠢᠬᠤ᠎ᠳᠤ ᠪᠠᠢᠨ᠎ᠠ ᠭᠡᠳᠡᠭ᠎ᠢ ᠵᠠᠭᠤᠨ ᠵᠢᠯ᠎ᠤᠨ ᠲᠡᠮᠡᠴᠡᠯ᠎ᠤᠨ ᠥᠩᠭᠡᠷᠡᠯᠲᠡ ᠭᠡᠷᠡᠴᠢᠯᠡᠪᠡ᠃ ᠱᠢᠨ᠎ᠡ ᠠᠶᠠᠨ᠎ᠢ ᠨᠡᠭᠡᠭᠡᠬᠦ᠌᠎ᠳᠤ᠂ ᠪᠢᠳᠡ ᠡᠷᠬᠡᠪᠰᠢ ᠮᠠᠷᠺᠰ᠎ᠤᠨ ᠦᠵᠡᠯ᠎ᠤᠨ ᠦᠨᠳᠦᠰᠦᠨ ᠶᠣᠰᠣ᠎ᠶ᠋ᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠬᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠮᠠᠷᠺᠰ᠎ᠤᠨ ᠦᠵᠡᠯ᠎ᠢᠶᠠᠷ ᠴᠠᠭ ᠦᠶ᠎ᠡ᠎ᠶ᠋ᠢ ᠠᠵᠢᠬ᠍ᠯᠠᠵᠤ᠂ ᠴᠠᠭ ᠦᠶ᠎ᠡ᠎ᠶ᠋ᠢ ᠡᠵᠡᠮᠳᠡᠵᠦ᠍᠂ ᠴᠠᠭ ᠦᠶ᠎ᠡ᠎ᠶ᠋ᠢ ᠳᠠᠭᠠᠭᠤᠯᠬᠤ ᠬᠡᠷᠡᠭ᠌ᠲᠡᠢ᠃
ᠵᠠᠮ᠎ᠤᠨ ᠠᠰᠠᠭᠤᠳᠠᠯ ᠪᠣᠯ ᠨᠠᠮ᠎ᠤᠨ ᠦᠢᠯᠡᠰ᠎ᠤᠨ ᠮᠠᠨᠳᠤᠵᠤ ᠪᠠᠭᠤᠷᠠᠬᠤ ᠢᠯᠠᠵᠤ ᠢᠯᠠᠭ᠍ᠳᠠᠬᠤ᠎ᠳᠤ ᠬᠤᠯᠪᠣᠭ᠍ᠳᠠᠬᠤ ᠲᠡᠷᠢᠭᠦᠨ ᠴᠢᠬᠤᠯᠠ ᠠᠰᠠᠭᠤᠳᠠᠯ ᠮᠥᠨ᠃ ᠲᠡᠦᠬᠡ᠎ᠶ᠋ᠢᠨ ᠵᠠᠩᠭᠢᠯᠠᠭ᠎ᠠ᠎ᠶ᠋ᠢᠨ ᠦᠶ᠎ᠡ᠎ᠳᠤ᠂ ᠮᠠᠤ ᠽᠧ ᠳ᠋ᠦᠩ ᠨᠥᠬᠦᠷ᠎ᠢᠶᠠᠷ ᠲᠥᠯᠥᠭᠡᠯᠡᠭᠦᠯᠦᠭ᠌ᠰᠡᠨ ᠡᠪ ᠬᠠᠮᠲᠤᠴᠤᠳ ᠳᠤᠮᠳᠠᠳᠤ ᠤᠯᠤᠰ᠎ᠤᠨ ᠬᠤᠪᠢᠰᠭᠠᠯ᠎ᠤᠨ ᠪᠣᠳᠠᠲᠤ ᠪᠠᠢᠳᠠᠯ᠎ᠠᠴᠠ ᠡᠭᠦᠰᠴᠦ᠍᠂ ᠳᠠᠢᠰᠤᠨ᠎ᠤ ᠨᠣᠶᠠᠷᠬᠠᠬᠤ ᠬᠦᠴᠦᠨ ᠪᠠᠭᠤᠷᠠᠢ ᠪᠠᠢᠭ᠍ᠰᠠᠨ ᠬᠤᠨᠠᠨ ᠵᠢᠶᠠᠩᠰᠢ᠎ᠶ᠋ᠢᠨ ᠬᠢᠵᠠᠭᠠᠷ ᠣᠷᠣᠨ᠎ᠳᠤ ᠰᠠᠭᠤᠷᠢᠨ ᠭᠠᠵᠠᠷ ᠪᠠᠢᠭᠤᠯᠵᠤ᠂ ᠳᠤᠮᠳᠠᠳᠤ ᠤᠯᠤᠰ᠎ᠤᠨ ᠬᠤᠪᠢᠰᠭᠠᠯ᠎ᠤᠨ ᠭᠤᠣᠯᠳᠠᠯᠭ᠎ᠠ᠎ᠶ᠋ᠢ ᠬᠤᠳᠠ᠎ᠠᠴᠠ ᠬᠥᠳᠡᠭᠡ ᠲᠣᠰᠭᠤᠨ᠎ᠳᠤ ᠱᠢᠯᠵᠢᠭᠦᠯᠵᠦ᠍᠂ ᠳᠤᠮᠳᠠᠳᠤ ᠤᠯᠤᠰ᠎ᠤᠨ ᠬᠤᠪᠢᠰᠭᠠᠯ᠎ᠤᠨ ᠱᠢᠨ᠎ᠡ ᠵᠠᠮ᠎ᠢ ᠨᠡᠭᠡᠭᠡᠭ᠌ᠰᠡᠨ ᠪᠠᠢᠨ᠎ᠠ᠃ ᠵᠢᠩᠭᠠᠩᠱᠠᠨ᠎ᠤ ᠲᠡᠮᠡᠴᠡᠯ᠎ᠤᠨ ᠴᠠᠭ ᠦᠶ᠎ᠡ᠎ᠳᠤ᠂ ᠳᠤᠮᠳᠠᠳᠤ ᠤᠯᠤᠰ᠎ᠤᠨ ᠡᠪ ᠬᠠᠮᠲᠤᠴᠤᠳ ᠵᠡᠪᠰᠡᠭ᠌ᠲᠦ ᠲᠡᠮᠡᠴᠡᠯ᠂ ᠭᠠᠵᠠᠷ ᠱᠢᠷᠣᠢ᠎ᠶ᠋ᠢᠨ ᠬᠤᠪᠢᠰᠭᠠᠯ᠂ ᠰᠠᠭᠤᠷᠢᠨ ᠭᠠᠵᠠᠷ᠎ᠤᠨ ᠪᠦᠳᠦᠭᠡᠨ ᠪᠠᠢᠭᠤᠯᠤᠯᠲᠠ ᠵᠡᠷᠭᠡ ᠲᠠᠯ᠎ᠠ᠎ᠪᠠᠷ ᠠᠯᠢ ᠤᠯᠠᠨ ᠠᠮᠵᠢᠯᠲᠠ᠎ᠲᠠᠢ ᠦᠢᠯᠡᠳᠦᠯᠭᠡ ᠬᠢᠵᠡᠢ᠃
ᠱᠢᠨ᠎ᠡ ᠴᠠᠭ ᠦᠶ᠎ᠡ᠎ᠳᠤ ᠣᠷᠣᠵᠤ᠂ ᠵᠢᠩᠭᠠᠩᠱᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠎ᠳᠤ᠂ ᠪᠢᠳᠡ ᠦᠨᠡᠨ᠎ᠠᠴᠠ ᠵᠥᠪ᠎ᠢ ᠡᠷᠢᠵᠦ᠍ ᠱᠢᠨ᠎ᠡ ᠵᠠᠮ ᠨᠡᠭᠡᠭᠡᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌ ᠬᠡᠷᠡᠭ᠌ᠲᠡᠢ᠃ ᠱᠢᠨ᠎ᠡ ᠠᠶᠠᠨ᠎ᠢᠶᠠᠨ ᠡᠬᠢᠯᠡᠭᠦᠯᠬᠦ᠌᠎ᠳᠤ᠂ ᠪᠢᠳᠠ ᠥᠪᠡᠷ᠎ᠤᠨ ᠰᠣᠩᠭᠤᠭ᠍ᠰᠠᠨ ᠵᠠᠮ᠎ᠢᠶᠠᠷ᠎ᠢᠶᠠᠨ ᠴᠡᠭᠡᠵᠢ ᠳᠠᠨᠠᠢᠨ ᠣᠮᠤᠭ ᠲᠡᠭᠦᠯᠳᠡᠷ ᠠᠯᠬᠤᠵᠤ᠂ ᠳᠤᠮᠳᠠᠳᠤ ᠤᠯᠤᠰ᠎ᠤᠨ ᠬᠥᠭ᠌ᠵᠢᠯᠲᠡ ᠲᠠᠪᠱᠢᠯᠳᠠ᠎ᠶ᠋ᠢᠨ ᠬᠤᠪᠢ ᠵᠠᠶᠠᠭ᠎ᠠ᠎ᠶ᠋ᠢ ᠥᠪᠡᠷ᠎ᠤᠨ ᠭᠠᠷ᠎ᠲᠠᠭᠠᠨ ᠪᠠᠲᠤ ᠡᠵᠡᠮᠳᠡᠬᠦ᠌ ᠬᠡᠷᠡᠭ᠌ᠲᠡᠢ᠃
ᠲᠡᠰᠪᠦᠷᠢ ᠬᠠᠲᠠᠭᠤᠵᠢᠯᠲᠠᠶ ᠲᠡᠮᠡᠴᠡᠬᠦ᠌ ᠪᠣᠯ ᠡᠪ ᠬᠠᠮᠲᠤᠴᠤᠳ᠎ᠤᠨ ᠤᠯᠤᠰ ᠲᠥᠷᠥ᠎ᠶ᠋ᠢᠨ ᠤᠤᠷ ᠴᠢᠨᠠᠷ ᠮᠥᠨ᠃ ᠲᠦᠢᠯ᠎ᠤᠨ ᠬᠠᠲᠠᠭᠤ ᠱᠢᠷᠦᠭᠦᠨ ᠲᠡᠮᠡᠴᠡᠯ᠎ᠤᠨ ᠣᠷᠴᠢᠨ ᠪᠠ ᠲᠦᠢᠯ᠎ᠤᠨ ᠬᠤᠪᠤᠷᠳᠠᠵᠦ᠍ ᠬᠤᠭᠤᠰᠤᠳᠠᠭ᠍ᠰᠠᠨ ᠪᠣᠳᠠᠰ᠎ᠤᠨ ᠨᠥᠬᠦᠴᠡᠯ᠎ᠤᠨ ᠡᠮᠦᠨ᠎ᠡ᠂ ᠮᠠᠤ ᠽᠧ ᠳ᠋ᠦᠩ ᠨᠥᠬᠦᠷ᠎ᠢᠶᠠᠷ ᠲᠥᠯᠥᠭᠡᠯᠡᠭᠦᠯᠦᠭ᠌ᠰᠡᠨ ᠡᠪ ᠬᠠᠮᠲᠤᠴᠤᠳ ᠵᠢᠩᠭᠠᠩᠱᠠᠨ᠎ᠤ ᠴᠡᠷᠢᠭ ᠠᠷᠠᠳ᠎ᠲᠠᠢ ᠪᠦᠯᠬᠦᠮᠳᠡᠨ ᠨᠢᠭᠡᠳᠴᠦ᠍᠂ ᠥᠪᠡᠷ᠎ᠤᠨ ᠬᠦᠴᠦ᠎ᠪᠠᠷ᠎ᠢᠶᠠᠨ ᠳᠡᠭ᠌ᠵᠢᠷᠡᠨ᠂ ᠲᠡᠰᠪᠦᠷᠢ ᠬᠠᠲᠠᠭᠤᠵᠢᠯᠲᠠᠢ ᠲᠡᠮᠡᠴᠡᠵᠦ᠍᠂ ᠬᠦᠴᠢᠷ ᠪᠡᠷᠬᠡᠱᠢᠶᠡᠯ᠎ᠢ ᠬᠠᠮᠲᠤ᠎ᠪᠠᠷ ᠲᠤᠭᠤᠯᠵᠤ᠂ ᠳᠤᠮᠳᠠᠳᠤ ᠤᠯᠤᠰ᠎ᠤᠨ ᠬᠤᠪᠢᠰᠭᠠᠯ᠎ᠤᠨ ᠱᠢᠨ᠎ᠡ ᠪᠠᠢᠳᠠᠯ᠎ᠢ ᠪᠤᠢ ᠪᠣᠯᠭᠠᠵᠠᠢ᠃
ᠱᠢᠨ᠎ᠡ ᠴᠠᠭ ᠦᠶ᠎ᠡ᠎ᠳᠤ ᠣᠷᠣᠵᠤ᠂ ᠵᠢᠩᠭᠠᠩᠱᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠎ᠳᠤ᠂ ᠪᠢᠳᠡ ᠱᠢᠷᠭᠠᠭᠤ ᠬᠠᠲᠠᠭᠤᠵᠢᠯᠲᠠᠢ ᠲᠡᠮᠡᠴᠡᠵᠦ᠍ ᠪᠡᠷᠬᠡ ᠪᠣᠭᠤᠮᠲᠠ᠎ᠶ᠋ᠢ ᠱᠢᠪᠲᠤᠯᠵᠤ᠂ ᠮᠠᠰᠢ ᠤᠯᠠᠨ ᠲᠡᠦᠬᠡ᠎ᠶ᠋ᠢᠨ ᠱᠢᠨ᠎ᠡ ᠣᠨᠴᠠᠯᠢᠭ᠎ᠲᠠᠢ ᠠᠭᠤᠤ ᠶᠡᠭᠡ ᠲᠡᠮᠡᠴᠡᠯ᠎ᠢ ᠬᠢᠬᠦ᠌ ᠭᠡᠷᠡᠭ᠌ᠲᠡᠢ᠃ ᠶᠡᠷᠦᠩᠬᠡᠢ ᠱᠦᠵᠢ ᠰᠢ᠎ᠶ᠋ᠢᠨ ᠫᠢᠩ᠄ 《ᠵᠠᠭᠤᠨ ᠭᠠᠵᠠᠷ᠎ᠤᠨ ᠵᠠᠮ᠎ᠢ ᠶᠡᠷᠡᠨ ᠭᠠᠵᠠᠷ ᠶᠠᠪᠤᠬ᠍ᠰᠠᠨ ᠠᠨ᠎ᠤ ᠬᠠᠭᠠᠰ ᠵᠠᠮ ᠳᠡᠳᠤᠢ ᠪᠤᠯᠠᠢ᠃ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠶᠠᠭᠠᠬᠢᠭ᠍ᠰᠠᠨ ᠴᠤ᠌ ᠲᠡᠢᠮᠦ᠍ ᠬᠢᠯᠪᠠᠷᠬᠠᠨ᠎ᠢᠶᠠᠷ᠂ ᠬᠤᠭᠤᠰᠣᠨ ᠤᠷᠢᠶ᠎ᠠ ᠬᠠᠰᠭᠢᠷᠪᠠᠯ ᠳᠠᠷᠤᠢ ᠪᠡᠶᠡᠯᠡᠭᠦᠯᠴᠢᠬᠡᠬᠦ᠌ ᠪᠢᠰᠢ ᠶᠤᠮ᠃ ᠪᠦᠬᠦ᠌ ᠨᠠᠮ᠎ᠢᠶᠠᠷ᠎ᠢᠶᠠᠨ ᠡᠷᠬᠡᠪᠰᠢ ᠨᠡᠩ ᠱᠢᠷᠭᠠᠭᠤ ᠬᠠᠲᠠᠭᠤᠵᠢᠯᠲᠠᠢ ᠴᠢᠷᠮᠠᠢᠯᠭ᠎ᠠ ᠭᠠᠷᠭᠠᠬᠤ᠎ᠪᠠᠷ ᠪᠡᠯᠡᠳᠭᠡᠬᠦ᠌ ᠬᠡᠷᠡᠭ᠌ᠲᠡᠢ》 ᠬᠡᠵᠥ᠍ ᠵᠢᠭᠠᠵᠥ᠍ ᠭᠠᠷᠭᠠᠪᠠ᠃ ᠱᠢᠨ᠎ᠡ ᠠᠶᠠᠨ᠎ᠢᠶᠠᠨ ᠡᠬᠢᠯᠡᠭᠦᠯᠬᠦ᠌᠎ᠳᠤ᠂ ᠪᠢᠳᠠ ᠰᠠᠨᠠᠭᠠᠱᠢᠷᠠᠬᠤ ᠤᠬᠠᠮᠰᠠᠷ᠎ᠢᠶᠠᠨ ᠴᠢᠩᠭᠠᠳᠭᠠᠵᠤ᠂ ᠢᠮᠠᠭ᠍ᠲᠠ ᠠᠮᠤᠷ ᠲᠦᠪᠱᠢᠨ ᠪᠠᠢᠬᠤ ᠦᠶ᠎ᠡ᠎ᠳᠡᠭᠡᠨ ᠠᠶᠤᠯ ᠲᠦᠭ᠌ᠰᠢᠭᠦᠷᠢ᠎ᠶ᠋ᠢ ᠪᠣᠳᠣᠯᠬᠢᠯᠠᠵᠤ᠂ ᠵᠣᠷᠢᠭ᠍ᠲᠠᠢ᠎ᠪᠠᠷ ᠲᠡᠮᠡᠴᠡᠵᠦ᠍᠂ ᠴᠢᠳᠠᠮᠠᠭᠠᠢ᠎ᠪᠠᠷ ᠲᠡᠮᠡᠴᠡᠵᠦ᠍᠂ ᠠᠭᠤᠯᠠ ᠲᠠᠭᠠᠷᠠᠪᠠᠯ ᠵᠠᠮ ᠨᠡᠭᠡᠭᠡᠵᠦ᠍᠂ ᠤᠰᠤ ᠲᠠᠭᠠᠷᠠᠪᠠᠯ ᠬᠥᠭᠦᠷᠭᠡ ᠲᠠᠯᠪᠢᠵᠤ᠂ ᠠᠯᠢᠪᠠ ᠠᠶᠤᠯ ᠲᠦᠭ᠌ᠰᠢᠭᠦᠷᠢ ᠥᠷᠢᠰᠥᠯᠳᠦᠭᠡᠨ᠎ᠢ ᠵᠣᠷᠢᠭ᠍ᠲᠠᠢ᠎ᠪᠠᠷ ᠢᠯᠠᠨ ᠳᠠᠪᠠᠭ᠍ᠤ ᠬᠡᠷᠡᠭ᠌ᠲᠡᠢ᠃
ᠲᠥᠷᠥ᠍ ᠭᠦᠷᠦᠨ ᠪᠣᠯ ᠳᠠᠷᠤᠶ ᠠᠷᠠᠳ ᠲᠦᠮᠡᠨ᠂ ᠠᠷᠠᠳ ᠲᠦᠮᠡᠨ ᠪᠣᠯ ᠳᠠᠷᠤᠢ ᠲᠥᠷᠥ᠍ ᠭᠦᠷᠦᠨ ᠮᠦᠨ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠣᠯ ᠳᠠᠷᠤᠢ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭᠠᠯ ᠣᠯᠭᠤᠵᠤ᠂ ᠳᠤᠮᠳᠠᠳᠤ᠎ᠶ᠋ᠢᠨ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠶᠠᠪᠤᠳᠠᠯ ᠪᠣᠯᠤᠨ᠎ᠠ᠃ ᠤᠯᠠᠨ ᠲᠦᠮᠡᠨ᠎ᠲᠠᠢ ᠨᠢᠭ᠍ᠲᠠ ᠪᠦᠯᠬᠦᠮᠳᠡᠵᠦ᠍᠂ ᠤᠯᠠᠨ ᠲᠦᠮᠡᠨ᠎ᠢ ᠲᠦᠱᠢᠭ᠌ᠯᠡᠬᠦ᠌ ᠪᠣᠯ ᠵᠢᠩᠭᠠᠩᠱᠠᠨ᠎ᠤ ᠬᠤᠪᠢᠰᠭᠠᠯ᠎ᠤᠨ ᠰᠠᠭᠤᠷᠢᠨ ᠭᠠᠵᠠᠷ᠎ᠤᠨ ᠪᠠᠢᠭᠤᠯᠤᠯᠲᠠ ᠪᠠ ᠬᠥᠭ᠌ᠵᠢᠯᠲᠡ᠎ᠶ᠋ᠢᠨ ᠴᠢᠬᠤᠯᠠ ᠡᠷᠳᠡᠨᠢ ᠮᠥᠨ᠃ ᠤᠯᠠᠨ ᠲᠦᠮᠡᠨᠴᠢ ᠱᠤᠭᠤᠮ᠎ᠨᠢ ᠬᠤᠪᠢᠰᠭᠠᠯᠲᠤ ᠲᠠᠢᠨ᠎ᠤ ᠦᠶ᠎ᠡ᠎ᠳᠤ ᠪᠤᠯ ᠢᠯᠠᠯᠲᠠ ᠤᠯᠬᠤ᠎ᠶ᠋ᠢᠨ ᠦᠨᠳᠦᠰᠦ᠂ ᠡᠩᠬᠡ ᠲᠠᠢᠪᠤᠩ ᠴᠠᠭ ᠦᠶ᠎ᠡ᠎ᠳᠤ ᠴᠦ᠍ ᠭᠡᠳ ᠢᠯᠠᠯᠲᠠ ᠤᠯᠬᠤ᠎ᠶ᠋ᠢᠨ ᠦᠨᠳᠦᠰᠦ ᠮᠥᠨ᠃
ᠱᠢᠨ᠎ᠡ ᠴᠠᠭ ᠦᠶ᠎ᠡ᠎ᠳᠤ ᠣᠷᠣᠵᠤ᠂ ᠵᠢᠩᠭᠠᠩᠱᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠎ᠳᠤ᠂ ᠪᠢᠳᠡ ᠤᠯᠠᠨ ᠲᠦᠮᠡᠨ᠎ᠳᠤ ᠲᠦᠱᠢᠭ᠌ᠯᠡᠨ ᠢᠯᠠᠯᠲᠠ ᠣᠯᠵᠤ᠂ ᠠᠷᠠᠳ ᠤᠯᠠᠨ᠎ᠤ ᠰᠠᠢᠨ ᠰᠠᠢᠬᠠᠨ ᠠᠮᠢᠳᠤᠷᠠᠯ᠎ᠢ ᠪᠡᠶᠡᠯᠡᠭᠦᠯᠬᠦ᠌᠎ᠶ᠋ᠢᠨ ᠲᠥᠯᠥᠭᠡ ᠲᠠᠰᠤᠷᠠᠯᠳᠠ ᠦᠭᠡᠢ ᠲᠡᠮᠡᠴᠡᠬᠦ᠌ ᠬᠡᠷᠡᠭ᠌ᠲᠡᠢ᠃ ᠱᠢᠨ᠎ᠡ ᠠᠶᠠᠨ᠎ᠢᠶᠠᠨ ᠡᠬᠢᠯᠡᠭᠦᠯᠬᠦ᠌᠎ᠳᠤ᠂ ᠪᠢᠳᠡ ᠠᠷᠠᠳ ᠲᠦᠮᠡᠨ᠎ᠤ ᠪᠦᠲᠦᠭᠡᠯᠴᠢ ᠵᠣᠷᠢᠭ ᠰᠠᠨᠠᠭ᠎ᠠ᠎ᠶ᠋ᠢ ᠬᠦᠨᠳᠦᠳᠭᠡᠵᠦ᠍᠂ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠢᠯᠡᠳᠦᠯᠭᠡᠵᠢᠭᠦᠯᠵᠦ᠍᠂ ᠬᠥᠭ᠌ᠵᠢᠯᠲᠡ᠎ᠶ᠋ᠢᠨ ᠲᠡᠩᠴᠡᠭᠦᠷᠢ ᠦᠬᠡᠢ ᠭᠦᠢᠴᠡᠳ ᠦᠬᠡᠢ ᠪᠠᠢᠬᠤ ᠠᠰᠠᠭᠤᠳᠠᠯ ᠪᠣᠯᠤᠨ ᠠᠷᠠᠳ ᠤᠯᠠᠨ᠎ᠤ 《ᠪᠠᠴᠢᠮᠳᠠᠵᠥ᠍ ᠳᠦᠪᠡᠭ᠌ᠳᠡᠵᠥ᠍ ᠵᠣᠪᠠᠨᠢᠵᠤ ᠬᠦᠰᠡᠵᠥ᠍》 ᠪᠠᠢᠬᠤ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠬᠥᠮᠦᠨ᠎ᠤ ᠪᠦᠬᠦ᠌ ᠲᠠᠯ᠎ᠠ᠎ᠶ᠋ᠢᠨ ᠬᠥᠭ᠌ᠵᠢᠯᠲᠡ᠂ ᠪᠦᠬᠦ᠌ ᠠᠷᠠᠳ ᠲᠦᠮᠡᠨ᠎ᠤ ᠬᠠᠮᠲᠤ᠎ᠶ᠋ᠢᠨ ᠴᠢᠨᠡᠭᠡᠯᠢᠭ᠌ᠵᠢᠯ᠎ᠳᠤ ᠨᠡᠩ ᠢᠯᠡᠷᠬᠡᠢ ᠮᠥᠨ ᠴᠢᠨᠠᠷ᠎ᠤᠨ ᠠᠬᠢᠴᠠ᠎ᠲᠠᠢ ᠪᠣᠯᠬᠤ᠎ᠶ᠋ᠢ ᠠᠬᠢᠭᠤᠯᠬᠤ ᠬᠡᠷᠡᠭ᠌ᠲᠡᠢ᠃
ᠵᠢᠩᠭᠠᠩᠱᠠᠨ᠎ᠤ ᠵᠣᠷᠢᠭ ᠰᠠᠨᠠᠭ᠎ᠠ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠱᠢᠨᠵᠢ ᠴᠢᠨᠠᠷ ᠪᠣᠯᠤᠨ ᠵᠣᠷᠢᠯᠲᠠ᠎ᠶ᠋ᠢ ᠲᠥᠪᠯᠡᠷᠡᠩᠭᠦᠢ ᠢᠯᠡᠷᠡᠭᠦᠯᠵᠦ᠍᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠡᠷᠬᠢᠮ ᠳᠡᠭᠡᠳᠦ ᠬᠦᠰᠡᠯᠡᠩ ᠪᠣᠯᠤᠨ ᠡᠷᠬᠢᠮ ᠳᠡᠭᠡᠳᠦ ᠦᠵᠡᠯ ᠰᠡᠳᠭᠢᠯᠭᠡ᠎ᠶ᠋ᠢ ᠭᠦᠨᠵᠡᠭᠡᠢ ᠲᠤᠰᠭᠠᠵᠤ᠂ ᠳᠤᠮᠳᠠᠳᠤ ᠤᠯᠤᠰ᠎ᠤᠨ ᠬᠤᠪᠢᠰᠭᠠᠯ᠎ᠤᠨ ᠬᠥᠭ᠌ᠵᠢᠯᠲᠡ᠎ᠳᠤ ᠥᠷᠭᠡᠨ ᠳᠡᠯᠭᠡᠷ ᠪᠥᠭᠡᠳ ᠠᠯᠤᠰ ᠬᠡᠳᠦ᠎ᠶ᠋ᠢᠨ ᠨᠥᠯᠥᠭᠡ ᠦᠵᠡᠭᠦᠯᠵᠡᠢ᠂ ᠡᠨᠡ ᠪᠣᠯ ᠳᠤᠮᠳᠠᠳᠤ ᠤᠯᠤᠰ᠎ᠤᠨ ᠡᠪ ᠬᠠᠮᠲᠤᠴᠤᠳ ᠴᠢᠨᠠᠭ᠍ᠰᠢᠯᠠᠪᠠᠯ ᠳᠤᠮᠳᠠᠳᠤ᠎ᠶ᠋ᠢᠨ ᠦᠨᠳᠦᠰᠦᠲᠡᠨ᠎ᠤ ᠡᠷᠬᠢᠮ ᠨᠠᠨᠳᠢᠨ ᠤᠶᠤᠨ ᠰᠠᠨᠠᠭᠠᠨ᠎ᠤ ᠥᠪ ᠬᠦᠷᠦᠩᠭᠡ ᠮᠥᠨ᠂ ᠥᠨᠢ ᠤᠳᠠᠭᠠᠨ ᠴᠠᠭ ᠦᠶ᠎ᠠ᠎ᠶ᠋ᠢ ᠦᠩᠭᠡᠷᠡᠭᠡᠳ ᠤᠯᠠᠮ ᠪᠠᠲᠤ ᠪᠠᠬᠢ ᠪᠣᠯᠬᠤ ᠶᠤᠮ᠃
(ᠵᠣᠬᠢᠶᠠᠭ᠍ᠴᠢ᠎ᠶ᠋ᠢᠨ ᠨᠢᠭᠡᠴᠢ᠄ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠨᠠᠮ᠎ᠤᠨ ᠲᠡᠦᠬᠡ ᠨᠠᠮ᠎ᠤᠨ ᠪᠠᠢᠭᠤᠯᠤᠯᠲᠠ᠎ᠶ᠋ᠢᠨ ᠵᠢᠭᠠᠬᠤ᠎ᠶ᠋ᠢ ᠰᠤᠳᠤᠯᠬᠤ ᠭᠠᠵᠠᠷ)
ᠵᠢᠩᠭᠠᠩᠱᠠᠨ᠎ᠤ ᠵᠣᠷᠢᠭ ᠰᠠᠨᠠᠭ᠎ᠠ᠎ᠪᠠᠷ ᠱᠢᠨ᠎ᠡ᠎ᠶ᠋ᠢ ᠡᠭᠦᠳᠬᠦ᠌ ᠵᠠᠮ᠎ᠢ ᠬᠦᠳᠦᠯᠥᠨ ᠳᠠᠭᠠᠭᠤᠯᠤᠶ᠎ᠠ
ᠰᠤᠷᠪᠤᠯᠵᠢᠯᠠᠭ᠍ᠴᠢ ᠪᠠᠶ ᠯᠢᠶᠠᠨ
ᠵᠢᠩᠭᠠᠩᠱᠠᠨ᠎ᠤ ᠵᠣᠷᠢᠭ ᠰᠠᠨᠠᠭ᠎ᠠ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠲᠡᠮᠡᠴᠡᠯ᠎ᠤᠨ ᠶᠠᠪᠤᠴᠠ᠎ᠳᠠᠭᠠᠨ ᠳᠠᠪᠲᠠᠨ ᠪᠣᠯᠪᠠᠰᠤᠷᠠᠭᠤᠯᠤᠭ᠍ᠰᠠᠨ ᠱᠢᠯᠢᠳᠡᠭ ᠬᠤᠪᠢᠰᠭᠠᠯᠲᠤ ᠵᠣᠷᠢᠭ ᠰᠠᠨᠠᠭ᠎ᠠ ᠮᠥᠨ᠂ ᠦᠨᠳᠦᠰᠦᠲᠡᠨ᠎ᠤ ᠵᠣᠷᠢᠭ ᠰᠠᠨᠠᠭ᠎ᠠ ᠪᠣᠯᠤᠨ ᠴᠠᠭ ᠦᠶ᠎ᠡ᠎ᠶ᠋ᠢᠨ ᠵᠣᠷᠢᠭ ᠰᠠᠨᠠᠭ᠎ᠠ᠎ᠶ᠋ᠢ ᠤᠶᠠᠯᠳᠤᠭᠤᠯᠤᠨ ᠨᠢᠬᠡ ᠴᠤᠬ᠍ᠴᠠᠵᠢᠭᠤᠯᠤᠬ᠍ᠰᠠᠨ ᠭᠠᠷᠮᠠᠭᠠᠢ ᠬᠡᠪ ᠳᠠᠭᠤᠷᠢᠶᠠᠯ ᠮᠥᠨ᠃ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠲᠤ ᠠᠪᠴᠤ᠌ ᠬᠡᠯᠡᠪᠡᠯ᠂ ᠵᠢᠩᠭᠠᠩᠱᠠᠨ᠎ᠤ ᠵᠣᠷᠢᠭ ᠰᠠᠨᠠᠭ᠎ᠠ ᠬᠢᠬᠡᠳ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠣᠷᠢᠭ ᠰᠠᠨᠠᠭ᠎ᠠ᠎ᠨᠢ ᠠᠬᠤᠢ᠍ᠢᠴᠢ ᠦᠨᠳᠦᠰᠦᠯᠡᠯ᠂ ᠦᠢᠯᠡᠳᠦᠯᠭᠡ᠎ᠶ᠋ᠢᠨ ᠠᠷᠭ᠎ᠠ ᠪᠣᠯᠤᠨ ᠬᠦᠰᠡᠯᠡᠩ᠎ᠤᠨ ᠬᠥᠭᠡᠭᠡᠴᠡᠯᠳᠦᠯ᠎ᠤᠨ ᠲᠠᠯ᠎ᠠ᠎ᠪᠠᠷ ᠳᠡᠭᠡᠳᠦ ᠬᠡᠮᠵᠢᠶ᠎ᠡ᠎ᠪᠠᠷ ᠨᠡᠢᠴᠡᠵᠦ᠍ ᠪᠠᠢᠳᠠᠭ᠃
ᠰᠤ᠌ ᠭᠤᠸᠠᠩ ᠬᠤᠸᠠ᠎ᠲᠠᠢ ᠠᠭᠤᠯᠵᠠᠬᠤ ᠦᠶ᠎ᠡ᠎ᠳᠤ᠂ ᠲᠡᠷᠡ ᠶᠠᠭ ᠲᠤᠷᠱᠢᠯᠲᠠ᠎ᠶ᠋ᠢᠨ ᠲᠠᠰᠤᠭ᠎ᠲᠤ ᠪᠡᠶ᠎ᠡ᠎ᠶ᠋ᠢᠨ ᠡᠰ᠎ᠤᠨ ᠺᠯᠤᠨ ᠦᠬᠡᠷ᠎ᠤᠨ ᠲᠤᠬᠠᠶ ᠲᠤᠷᠱᠢᠯᠲᠠ ᠬᠢᠵᠦ᠍ ᠪᠠᠢᠪᠠ᠃ 《ᠮᠠᠨ᠎ᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠰᠡᠯᠡᠩ ᠪᠣᠯ ᠠᠮᠢᠳᠤ ᠪᠣᠳᠠᠰ᠎ᠤᠨ ᠮᠡᠷᠭᠡᠵᠢᠯ᠎ᠢ ᠠᠱᠢᠬ᠍ᠯᠠᠨ ᠮᠠᠨ᠎ᠤ ᠤᠯᠤᠰ᠎ᠤᠨ ᠨᠤᠲᠤᠭ᠎ᠤᠨ ᠱᠢᠷ᠎ᠠ ᠦᠬᠡᠷ᠎ᠤᠨ ᠡᠭᠦᠯᠳᠡᠷ ᠪᠤᠢᠵᠢᠭᠤᠯᠬᠤ ᠣᠳᠣᠬᠢ ᠪᠠᠢᠳᠠᠯ᠎ᠢ ᠲᠦᠷᠭᠡᠳᠭᠡᠨ ᠳᠡᠭᠡᠭ᠌ᠰᠢᠯᠡᠭᠦᠯᠵᠦ᠍᠂ ᠮᠠᠨ᠎ᠤ ᠤᠯᠤᠰ᠎ᠤᠨ ᠦᠷ᠎ᠡ᠎ᠶ᠋ᠢᠨ ᠦᠢᠯᠡᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠴᠦᠨ᠎ᠢ ᠳᠡᠭᠡᠭ᠌ᠰᠢᠯᠡᠭᠦᠯᠵᠦ᠍᠂ ᠠᠷᠠᠳ ᠲᠦᠮᠡᠨ᠎ᠳᠤ ᠦᠢᠯᠡᠴᠢᠯᠡᠬᠦ᠌ ᠶᠠᠪᠤᠳᠠᠯ ᠪᠤᠯᠤᠨ᠎ᠠ᠃ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯ ᠬᠢᠬᠦ᠌ ᠤᠤᠭᠠᠯ ᠬᠥᠳᠡᠯᠭᠡᠬᠦ᠌ ᠬᠦᠴᠦᠨ᠎ᠨᠢ 〈ᠡᠷᠡᠰ ᠪᠠᠲᠤ᠎ᠪᠠᠷ ᠬᠦᠰᠡᠯᠡᠩ᠎ᠢᠶᠠᠨ ᠬᠥᠭᠡᠭᠡᠴᠡᠯᠳᠦᠬᠦ᠌〉 ᠵᠣᠷᠢᠭ ᠰᠠᠨᠠᠭᠠᠨ᠎ᠤ ᠲᠤᠯᠭᠠᠭᠤᠷᠢᠯᠠᠯ᠎ᠢ ᠬᠡᠷᠡᠭ᠌ᠰᠡᠨ᠎ᠡ》 ᠭᠡᠵᠦ᠍ ᠰᠤ᠌ ᠭᠤᠸᠠᠩ ᠬᠤᠸᠠ ᠬᠡᠯᠡᠪᠡ᠃
ᠰᠤ᠌ ᠭᠤᠸᠠᠩ ᠬᠤᠸᠠ ᠪᠣᠯ ᠮᠤᠵᠢ ᠶᠠᠮᠤᠨ᠎ᠤ ᠬᠠᠮᠲᠤ᠎ᠪᠠᠷ ᠪᠠᠢᠭᠤᠯᠬᠤ ᠲᠠᠯ᠎ᠠ ᠨᠤᠲᠤᠭ᠎ᠤᠨ ᠬᠡᠷ᠎ᠤᠨ ᠲᠡᠵᠢᠭᠡᠪᠦᠷᠢ᠎ᠶ᠋ᠢᠨ ᠦᠷᠡᠵᠢᠯ᠎ᠢ ᠲᠣᠬᠢᠷᠠᠭᠤᠯᠤᠨ ᠡᠵᠡᠮᠳᠡᠬᠦ᠌ ᠪᠠ ᠦᠷᠡᠵᠢᠭᠦᠯᠦᠨ ᠪᠤᠢᠵᠢᠭᠤᠯᠬᠤ ᠤᠯᠤᠰ᠎ᠤᠨ ᠭᠤᠤᠯᠳᠠᠯᠭ᠎ᠠ᠎ᠲᠠᠢ ᠲᠤᠷᠱᠢᠯᠲᠠ᠎ᠶ᠋ᠢᠨ ᠲᠠᠰᠤᠭ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ ᠪᠣᠯᠤᠨ᠎ᠠ᠂ ᠥᠪᠥᠷ ᠮᠣᠩᠭᠤᠯ᠎ᠤᠨ ᠶᠡᠭᠡ ᠰᠤᠷᠭᠠᠭᠤᠯᠢ᠎ᠶ᠋ᠢᠨ ᠠᠮᠢ ᠨᠠᠰᠤᠨ᠎ᠤ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠵᠢᠩᠬᠢᠨᠢ ᠠᠩᠭᠢ᠎ᠠᠴᠠ ᠳ᠋ᠣᠺᠲ᠋ᠣᠷ ᠬᠦᠷᠲᠡᠯ᠎ᠡ ᠰᠤᠷᠤᠯᠴᠠᠵᠤ᠂ ᠳᠠᠬᠢᠭᠠᠳ ᠰᠤᠷᠭᠠᠭᠤᠯᠢ᠎ᠳᠠᠭᠠᠨ ᠦᠯᠡᠳᠡᠵᠦ᠍ ᠦᠷᠭᠦᠯᠵᠢᠯᠡᠨ ᠱᠢᠨᠵᠢᠯᠡᠬᠦ᠌ ᠤᠬᠠᠭᠠᠨ᠎ᠤ ᠰᠤᠳᠤᠯᠭᠠᠨ ᠬᠢᠪᠠ᠃
ᠰᠤ᠌ ᠭᠤᠸᠠᠩ ᠬᠤᠸᠠ᠎ᠶ᠋ᠢᠨ ᠦᠵᠡᠬᠦ᠌᠎ᠪᠠᠷ᠂ ᠵᠢᠩᠭᠠᠩᠱᠠᠨ᠎ᠤ ᠵᠣᠷᠢᠭ ᠰᠠᠨᠠᠭᠠᠨ᠎ᠤ ᠭᠤᠣᠯ ᠴᠢᠮᠥᠭᠡ ᠪᠣᠯ ᠦᠨᠡᠨ᠎ᠠᠴᠠ ᠵᠥᠪ᠎ᠢ ᠡᠷᠢᠵᠦ᠍᠂ ᠵᠣᠷᠢᠭ᠍ᠲᠠᠢ᠎ᠪᠠᠷ ᠱᠢᠨ᠎ᠡ ᠵᠠᠮ ᠨᠡᠭᠡᠭᠡᠬᠦ᠌ ᠶᠠᠪᠤᠳᠠᠯ ᠪᠣᠯᠤᠨ᠎ᠠ᠃ ᠮᠠᠨ᠎ᠤ ᠤᠯᠤᠰ᠎ᠤᠨ ᠦᠷ᠎ᠡ᠎ᠶ᠋ᠢᠨ ᠦᠢᠯᠡᠰ᠎ᠤᠨ ᠠᠰᠠᠭᠤᠳᠠᠯ᠎ᠨᠢ ᠶᠡᠷᠦ᠎ᠠᠴᠠ ᠳᠤᠲᠠᠭᠤᠳᠠᠯ ᠪᠣᠯᠤᠭ᠍ᠰᠠᠭᠠᠷ ᠢᠷᠡᠵᠡᠶ᠂ ᠢᠯᠠᠩᠭᠤᠶ᠎ᠠ ᠠᠮᠢᠳᠤ ᠪᠣᠳᠠᠰ᠎ᠤᠨ ᠡᠭᠦᠯᠳᠡᠷ ᠪᠤᠢᠵᠢᠭᠤᠯᠬᠤ ᠬᠦᠷᠢᠶᠡᠨ᠎ᠳᠤ ᠨᠡᠩ ᠳᠤᠪᠤᠢᠮ᠎ᠠ ᠶᠤᠮ᠃ ᠠᠮᠢᠳᠤ ᠪᠣᠳᠠᠰ᠎ᠤᠨ ᠮᠡᠷᠭᠡᠵᠢᠯ᠎ᠢ ᠠᠱᠢᠬ᠍ᠯᠠᠨ ᠡᠨᠡ ᠬᠦ᠌ ᠣᠳᠣᠬᠢ ᠪᠠᠢᠳᠠᠯ᠎ᠢ ᠬᠤᠪᠢᠷᠠᠭᠤᠯᠬᠤ ᠪᠣᠯ ᠱᠢᠨ᠎ᠡ᠎ᠶ᠋ᠢ ᠡᠭᠦᠳᠬᠦ᠌ ᠵᠠᠮ ᠮᠥᠨ᠂ ᠪᠠᠰᠠ ᠴᠤ᠌ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠤᠨ ᠲᠦᠢᠯ᠎ᠤᠨ ᠶᠡᠭᠡ ᠬᠥᠭᠡᠭᠡᠴᠡᠯᠳᠦᠯ ᠮᠥᠨ᠃
ᠦᠷ᠎ᠡ᠎ᠶ᠋ᠢᠨ ᠦᠢᠯᠡᠰ ᠪᠣᠯ ᠮᠠᠯ ᠠᠵᠤ ᠠᠬᠤᠶ ᠲᠠᠷᠢᠶᠠᠯᠠᠩ᠎ᠤᠨ 《ᠴᠠᠬᠢᠮ》 ᠪᠣᠯᠬᠤ ᠪᠥᠭᠡᠳ 《ᠳᠤᠮᠳᠠᠳᠤᠴᠤᠳ᠎ᠤᠨ ᠪᠤᠳᠠᠭᠠᠨ ᠠᠶᠠᠭ᠎ᠠ᠎ᠳᠤ ᠭᠤᠣᠯᠳᠠᠭᠤ ᠳᠤᠮᠳᠠᠳᠤ ᠤᠯᠤᠰ᠎ᠤᠨ ᠠᠮᠤ ᠪᠤᠳᠠᠭ᠎ᠠ᠎ᠶ᠋ᠢ ᠰᠠᠪᠠᠯᠠᠬᠤ》 ᠶ᠋ᠢ ᠦᠨᠡᠨ ᠬᠦ᠌ ᠪᠠᠲᠤᠯᠠᠬᠤ᠎ᠶ᠋ᠢᠨ ᠰᠠᠭᠤᠷᠢ ᠪᠣᠯᠤᠨ᠎ᠠ᠃ ᠦᠷ᠎ᠡ᠎ᠶ᠋ᠢᠨ ᠦᠢᠯᠡᠰ᠎ᠤᠨ 《ᠪᠣᠭᠤᠮᠢ》 ᠠᠰᠠᠭᠤᠳᠠᠯ᠎ᠢ ᠰᠠᠢᠲᠤᠷ ᠱᠢᠢᠳᠪᠦᠷᠢᠯᠡᠬᠦ᠌᠎ᠳᠤ᠂ ᠤᠳᠠᠭᠠᠨ ᠲᠠᠭᠠᠭᠠᠮᠠᠭᠠᠢ ᠱᠢᠷᠭᠠᠭᠤ ᠠᠵᠢᠯᠯᠠᠬᠤ ᠡᠷᠡᠰ ᠵᠣᠷᠢᠭ ᠪᠠᠢᠬᠤ ᠬᠡᠷᠡᠭ᠌ᠲᠡᠢ᠂ ᠡᠨᠡ᠎ᠨᠢ ᠮᠥᠨ ᠴᠦ᠍ ᠵᠢᠩᠭᠠᠩᠱᠠᠨ᠎ᠤ ᠵᠣᠷᠢᠭ ᠰᠠᠨᠠᠭᠠᠨ᠎ᠤ ᠢᠯᠡᠷᠡᠯ ᠪᠣᠯᠤᠨ᠎ᠠ᠃
ᠰᠤ᠌ ᠭᠤᠸᠠᠩ ᠬᠤᠸᠠ᠂ ᠳᠡᠯᠡᠬᠡᠢᠵᠢᠯᠲᠡ᠎ᠶ᠋ᠢᠨ ᠴᠠᠭ ᠦᠶ᠎ᠡ᠎ᠠᠴᠠ ᠠᠪᠴᠢᠷᠠᠭ᠍ᠰᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠥᠷᠢᠰᠥᠯᠳᠦᠭᠡᠨ᠎ᠤ ᠡᠮᠦᠨ᠎ᠡ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ ᠵᠢᠩᠭᠠᠩᠱᠠᠨ᠎ᠤ ᠵᠣᠷᠢᠭ ᠰᠠᠨᠠᠭ᠎ᠠ᠎ᠶ᠋ᠢᠨ ᠴᠠᠭ ᠦᠶ᠎ᠡ᠎ᠶ᠋ᠢᠨ ᠠᠭᠤᠯᠤᠭ᠍ᠳᠠᠬᠤᠨ᠎ᠢ ᠠᠭᠤᠳᠠᠯᠤᠨ ᠰᠤᠷᠤᠯᠴᠠᠵᠦ᠍᠂ ᠡᠬᠦᠨ᠎ᠢᠶᠠᠷ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠵᠠᠮ᠎ᠳᠤ ᠨᠡᠩ ᠰᠠᠢᠨ ᠤᠶᠤᠨ ᠰᠠᠨᠠᠭᠠᠨ᠎ᠤ ᠵᠢᠯᠣᠭᠤᠳᠤᠮᠵᠢ ᠬᠠᠩᠭᠠᠪᠠᠯ ᠵᠣᠬᠢᠨ᠎ᠠ ᠭᠡᠵᠦ᠍ ᠢᠯᠡᠳᠭᠡᠪᠡ᠃
【 ᠦᠨᠳᠦᠰᠦᠨ ᠱᠠᠳᠤᠨ᠎ᠤ ᠲᠠᠭᠤᠨ 】
ᠣᠶᠤᠨ ᠰᠠᠨᠠᠭᠠᠨ᠎ᠤ ᠱᠢᠮ᠎ᠡ ᠲᠡᠵᠢᠭᠡᠯ ᠬᠦᠷᠲᠡᠵᠦ᠍ ᠵᠠᠯᠠᠭᠤ ᠨᠠᠰᠤ᠎ᠪᠠᠨ ᠦᠯᠦ᠍ ᠬᠦᠰᠡᠷᠳᠡᠬᠦᠯᠦᠨᠠ
ᠰᠤᠷᠪᠤᠯᠵᠢᠯᠠᠭ᠍ᠴᠢ ᠯᠢ ᠬᠠᠨ
ᠵᠢᠩᠭᠠᠩᠱᠠᠨ᠎ᠤ ᠵᠣᠷᠢᠭ ᠰᠠᠨᠠᠭ᠎ᠠ᠎ᠳᠤ ᠠᠭᠤᠯᠤᠭ᠍ᠳᠠᠵᠤ ᠪᠠᠢᠭ᠎ᠠ ᠠᠬᠠᠮᠠᠳ ᠨᠢᠭᠡ ᠦᠶ᠎ᠡ᠎ᠶ᠋ᠢᠨ ᠦᠭᠡᠢᠭᠦᠦ ᠠᠩᠭᠢ᠎ᠶ᠋ᠢᠨ ᠬᠤᠪᠢᠰᠭᠠᠯᠴᠢᠳ᠎ᠤᠨ 《ᠬᠤᠪᠢᠰᠭᠠᠯ᠎ᠤᠨ ᠬᠦᠰᠡᠯᠡᠩ ᠶᠠᠭᠤᠨ᠎ᠠᠴᠠ ᠴᠤ᠌ ᠡᠷᠬᠢᠮ》 ᠭᠡᠬᠦ᠌ ᠬᠦᠰᠡᠯᠡᠩ ᠢᠲᠡᠭᠡᠯ ᠪᠢᠱᠢᠷᠡᠯ᠎ᠨᠢ ᠱᠢᠨ᠎ᠡ ᠴᠠᠭ ᠦᠶ᠎ᠡ᠎ᠶ᠋ᠢᠨ ᠤᠶᠤᠲᠠᠳ᠎ᠲᠤ ᠤᠶᠤᠨ ᠰᠠᠨᠠᠭᠠᠨ᠎ᠤ ᠱᠢᠮ᠎ᠡ ᠳᠡᠵᠢᠬᠡᠯ ᠬᠠᠩᠭᠠᠵᠤ᠂ ᠲᠡᠳᠡᠨ᠎ᠤ ᠭᠡᠬᠦᠳᠡᠭ ᠴᠡᠭᠡᠵᠢᠨ᠎ᠠ ᠠᠯᠤᠰ ᠬᠡᠳᠦ᠎ᠶ᠋ᠢᠨ ᠬᠦᠰᠡᠯᠡᠩ ᠡᠪᠤᠷᠯᠠᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌᠎ᠶ᠋ᠢᠨ ᠲᠥᠯᠥᠭᠡ ᠴᠥᠬᠦᠷᠡᠰᠢ ᠦᠭᠡᠢ ᠲᠡᠮᠡᠴᠡᠬᠦ᠌᠎ᠶ᠋ᠢ ᠵᠣᠷᠢᠭ᠍ᠵᠢᠭᠤᠯᠪᠠ᠃
ᠵᠣᠨ᠎ᠤ ᠠᠮᠠᠷᠠᠯᠲᠠ᠎ᠠᠴᠠ ᠡᠮᠦᠨᠡᠬᠡᠨ᠂ ᠥᠪᠥᠷ ᠮᠣᠩᠭᠤᠯ᠎ᠤᠨ ᠠᠷᠠᠯᠵᠢᠶ᠎ᠠ ᠬᠤᠳᠠᠯᠳᠤᠭᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ 《ᠵᠢᠩᠭᠠᠩᠱᠠᠨ᠎ᠤ ᠵᠣᠷᠢᠭ ᠰᠠᠨᠠᠭ᠎ᠠ᠎ᠶ᠋ᠢᠨ ᠱᠢᠨ᠎ᠠ ᠴᠠᠭ ᠦᠶ᠎ᠡ᠎ᠶ᠋ᠢᠨ ᠬᠡᠷᠡᠯ ᠭᠢᠯᠪᠠᠭ᠎ᠠ᠎ᠶ᠋ᠢ ᠰᠠᠴᠤᠷᠠᠭᠤᠯᠤᠶ᠎ᠠ》 ᠪᠠᠷ ᠭᠤᠤᠯ ᠰᠡᠳᠦᠪ ᠪᠣᠯᠭᠠᠭ᠍ᠰᠠᠨ ᠵᠠᠯᠠᠭᠤᠴᠤᠳ᠎ᠤᠨ ᠶᠡᠭᠡ ᠬᠢᠴᠢᠶᠡᠯ᠎ᠤᠨ ᠲᠠᠩᠬᠢᠮ᠎ᠤᠨ ᠠᠵᠢᠯᠯᠠᠭ᠎ᠠ ᠥᠷᠨᠢᠭᠦᠯᠵᠦ᠍᠂ ᠵᠢᠭᠤᠯᠴᠢᠯᠠᠯ᠎ᠤᠨ ᠬᠠᠮᠢᠶᠠᠷᠤᠯᠲᠠ᠎ᠶ᠋ᠢᠨ ᠨᠢᠭᠡᠳᠦᠭᠡᠷ ᠠᠩᠭᠢ᠎ᠶ᠋ᠢᠨ ᠰᠣᠷᠣᠭ᠍ᠴᠢ ᠭᠧᠩ ᠴᠢᠶᠠᠩ ᠬᠢᠴᠢᠶᠡᠯ᠎ᠤᠨ ᠳᠠᠷᠠᠭ᠎ᠠ ᠲᠤᠬ᠍ᠳᠤᠯᠤᠭ᠍ᠰᠠᠨ ᠰᠡᠳᠭᠢᠯ᠎ᠢᠶᠠᠨ ᠳᠠᠷᠤᠵᠦ᠍ ᠶᠠᠳᠠᠨ᠎ᠠ᠃
ᠰᠠᠶᠢᠬᠠᠨ ᠶᠡᠭᠡ ᠰᠤᠷᠭᠠᠭᠤᠯᠢ᠎ᠶ᠋ᠢᠨ ᠬᠦᠷᠢᠶᠡᠨ᠎ᠳᠤ ᠤᠷᠤᠭ᠍ᠰᠠᠨ ᠣᠶᠤᠲᠠᠨ ᠪᠣᠯᠤᠭ᠍ᠰᠠᠨ᠎ᠤ ᠬᠤᠪᠢ᠎ᠳᠤ᠂ ᠤᠯᠠᠭᠠᠨᠬᠠᠳᠠ ᠬᠤᠲᠠ᠎ᠶ᠋ᠢᠨ ᠬᠠᠷᠠᠴᠢᠨ ᠬᠤᠱᠢᠭᠤᠨ᠎ᠠᠴᠠ ᠢᠷᠡᠭ᠌ᠰᠡᠨ ᠭᠧᠩ ᠴᠢᠶᠠᠩ ᠰᠤᠷᠭᠠᠭᠤᠯᠢ᠎ᠶ᠋ᠢᠨ ᠬᠦᠷᠢᠶᠡᠨ᠎ᠤ ᠠᠮᠢᠳᠤᠷᠠᠯ᠎ᠳᠤ ᠬᠦᠰᠡᠯ ᠡᠷᠡᠮᠡᠯᠵᠡᠯ᠎ᠢᠶᠠᠷ ᠳᠦᠭᠦᠷᠡᠩ ᠪᠥᠭᠡᠳ ᠢᠷᠡᠭᠡᠳᠦᠶ᠎ᠳᠡᠭᠡᠨ ᠴᠤ᠌ ᠬᠦᠰᠡᠯ ᠡᠷᠡᠮᠡᠯᠵᠡᠯ᠎ᠢᠶᠠᠷ ᠪᠢᠯᠬᠠᠮ᠎ᠠ᠃ ᠲᠡᠭᠦᠨ᠎ᠤ ᠬᠠᠮᠤᠭ᠎ᠤᠨ ᠶᠡᠭᠡ ᠬᠦᠰᠡᠯ ᠪᠣᠯ ᠬᠤᠵᠢᠮ ᠰᠤᠷᠤᠯᠭ᠎ᠠ᠎ᠪᠠᠨ ᠲᠡᠭᠦᠰᠭᠡᠭᠡᠳ ᠨᠤᠲᠤᠭ᠎ᠲᠠᠭᠠᠨ ᠪᠤᠴᠠᠵᠤ᠂ ᠨᠤᠲᠤᠭ ᠤᠰᠤᠨ᠎ᠤ᠎ᠪᠠᠨ ᠪᠦᠲᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠬᠦ᠌ ᠶᠠᠪᠤᠳᠠᠯ ᠪᠣᠯᠤᠨ᠎ᠠ᠃ ᠲᠡᠷᠡ᠂ ᠰᠤᠷᠤᠯᠴᠠᠯᠭ᠎ᠠ᠎ᠪᠠᠷ ᠳᠠᠮᠵᠢᠨ᠂ ᠬᠦᠰᠡᠯᠡᠩ ᠢᠲᠡᠭᠡᠯ ᠪᠢᠱᠢᠷᠡᠯ᠎ᠢᠶᠠᠨ ᠪᠠᠲᠤᠳᠭᠠᠬᠤ ᠪᠣᠯ ᠵᠢᠩᠭᠠᠩᠱᠠᠨ᠎ᠤ ᠵᠣᠷᠢᠭ ᠰᠠᠨᠠᠭᠠᠨ᠎ᠤ ᠰᠦᠭ ᠰᠦᠨᠡᠰᠦ ᠪᠣᠯᠬᠤ᠎ᠶ᠋ᠢ ᠣᠢᠯᠠᠭᠠᠪᠠ᠃ ᠬᠦᠰᠡᠯᠡᠩ᠎ᠨᠢ ᠬᠥᠮᠦᠨ᠎ᠤ ᠠᠮᠢᠳᠤᠷᠠᠬᠤᠢ᠎ᠶ᠋ᠢᠨ ᠴᠢᠭ᠌ᠯᠡᠯ᠎ᠢ ᠵᠢᠭᠠᠵᠤ᠂ ᠢᠲᠡᠭᠡᠯ ᠵᠣᠷᠢᠭ᠎ᠨᠢ ᠠᠵᠢᠯ ᠦᠢᠯᠡᠰ᠎ᠤᠨ ᠢᠯᠠᠵᠤ ᠢᠯᠠᠭ᠍ᠳᠠᠬᠤ᠎ᠶ᠋ᠢ ᠲᠣᠭ᠍ᠲᠠᠭᠠᠳᠠᠭ᠂ 《ᠪᠢᠳᠡ ᠵᠠᠪᠠᠯ 〈ᠡᠷᠡᠰ ᠪᠠᠲᠤ᠎ᠪᠠᠷ ᠬᠦᠰᠡᠯᠡᠩ᠎ᠢᠶᠠᠨ ᠬᠥᠭᠡᠭᠡᠴᠡᠯᠳᠦᠵᠦ᠍〉᠂ ᠵᠠᠯᠠᠭᠤ ᠨᠠᠰᠤ᠎ᠪᠠᠨ ᠦᠯᠦ᠍ ᠬᠥᠰᠡᠷᠳᠡᠭᠦᠯᠦᠨ ᠤᠯᠤᠰ ᠣᠷᠣᠨ᠎ᠳᠤ ᠬᠡᠷᠡᠭ᠌ᠴᠡᠭᠡ᠎ᠲᠠᠢ ᠴᠢᠳᠠᠪᠤᠷᠢᠲᠠᠨ ᠪᠣᠯᠬᠤ᠎ᠪᠠᠷ ᠴᠢᠷᠮᠠᠢᠬᠤ ᠬᠡᠷᠡᠭ᠌ᠲᠡᠢ》 ᠬᠡᠵᠥ᠍ ᠢᠯᠡᠳᠭᠡᠪᠡ᠃
《ᠱᠢᠷᠭᠠᠭᠤ ᠬᠠᠲᠠᠭᠤᠵᠢᠯᠲᠠᠢ ᠲᠡᠮᠡᠴᠡᠶ᠎ᠡ》 — ᠵᠠᠯᠠᠭᠤᠴᠤᠳ᠎ᠤᠨ ᠶᠡᠭᠡ ᠬᠢᠴᠢᠶᠡᠯ᠎ᠤᠨ ᠳᠠᠩᠬᠢᠮ ᠳᠡᠭᠡᠷ᠎ᠡ ᠪᠠᠢᠨ ᠲᠠᠬᠢᠨ ᠳᠤᠷᠠᠳᠤᠭ᠍ᠰᠠᠨ ᠡᠨᠡ ᠬᠦ᠌ ᠦᠭᠡ᠎ᠨᠢ ᠭᠧᠩ ᠴᠢᠶᠠᠩ᠎ᠤᠨ ᠨᠢᠭᠡ ᠠᠩᠬᠢ᠎ᠶ᠋ᠢᠨ ᠬᠠᠮᠲᠤ ᠰᠤᠷᠤᠯᠭᠠᠲᠠᠨ ᠯᠢᠦ ᠱᠠ ᠱᠠᠳᠤ ᠴᠦ᠍ ᠶᠡᠭᠡᠭᠡᠨ ᠤᠯᠤᠯᠳᠠ ᠲᠦᠷᠦᠭ᠌ᠳᠡᠯ ᠦᠭ᠌ᠴᠠᠢ᠃ ᠭᠡᠷ ᠪᠦᠯᠢ᠎ᠶ᠋ᠢᠨ ᠨᠥᠬᠦᠴᠡᠯ ᠲᠡᠢᠮᠦ᠍ ᠰᠠᠢᠨ ᠪᠢᠰᠢ ᠪᠣᠯᠬᠤᠷ᠂ ᠯᠢᠦ ᠱᠠ ᠱᠠ ᠰᠤᠷᠭᠠᠭᠤᠯᠢ᠎ᠳᠤ ᠣᠷᠣᠮᠠᠭ᠍ᠴᠠ ᠰᠤᠷᠭᠠᠭᠤᠯᠢ᠎ᠶ᠋ᠢᠨ ᠵᠣᠬᠢᠶᠠᠨ ᠪᠠᠢᠭᠤᠯᠤᠭ᠍ᠰᠠᠨ ᠠᠵᠢᠯ ᠬᠢᠵᠦ᠍ ᠰᠤᠷᠤᠯᠭ᠎ᠠ᠎ᠪᠠᠨ ᠲᠤᠰᠠᠯᠠᠬᠤ ᠲᠦᠷᠦᠯ ᠵᠦᠢᠯ᠎ᠳᠤ ᠢᠳᠡᠪᠬᠢᠲᠡᠢ ᠣᠷᠣᠯᠴᠠᠵᠤ᠂ ᠳᠠᠳᠤᠯᠭ᠎ᠠ ᠪᠣᠯᠪᠠᠰᠤᠷᠠᠯ᠎ᠤᠨ ᠲᠠᠰᠤᠭ᠎ᠤᠨ ᠡᠷᠡᠭᠦᠯ ᠬᠠᠮᠠᠭᠠᠯᠠᠯ᠎ᠢ ᠴᠡᠪᠡᠷᠯᠡᠬᠦ᠌ ᠪᠠ ᠳᠠᠳᠤᠯᠭ᠎ᠠ ᠪᠣᠯᠪᠠᠰᠤᠷᠠᠯ᠎ᠤᠨ ᠲᠠᠰᠤᠭ᠎ᠤᠨ ᠡᠭᠦᠳᠡᠨ ᠣᠨᠢᠰᠤ᠎ᠶ᠋ᠢ ᠪᠠᠢᠴᠠᠭᠠᠬᠤ᠎ᠶ᠋ᠢ ᠬᠠᠷᠢᠭᠤᠴᠠᠵᠤ᠂ ᠰᠠᠷ᠎ᠠ ᠪᠦᠷᠢ 500 ᠲᠥᠭᠦᠷᠢᠭ᠎ᠤᠨ ᠴᠠᠯᠢᠩ ᠣᠯᠳᠠᠭ᠂ ᠡᠨᠡ᠎ᠨᠢ ᠲᠡᠭᠦᠨ᠎ᠤ ᠰᠤᠷᠤᠯᠭ᠎ᠠ᠎ᠪᠠᠨ ᠲᠡᠭᠦᠰᠭᠡᠬᠦ᠌ᠳᠤ ᠨᠡᠯᠢᠶᠡᠳ ᠶᠡᠭᠡ ᠬᠠᠪᠰᠤᠷᠤᠯᠭ᠎ᠠ ᠪᠣᠯᠵᠠᠢ᠃ ᠯᠢᠦ ᠱᠠ ᠱᠠ ᠰᠤᠷᠪᠤᠯᠵᠢᠯᠠᠭ᠍ᠴᠢ᠎ᠳᠤ᠄ 《ᠱᠢᠷᠭᠠᠭᠤ ᠬᠠᠲᠠᠭᠤᠵᠢᠯᠲᠠᠶ ᠲᠡᠮᠡᠴᠡᠬᠦ᠌ ᠪᠣᠯ ᠳᠤᠮᠳᠠᠳᠤ᠎ᠶ᠋ᠢᠨ ᠦᠨᠳᠦᠰᠦᠲᠡᠨ᠎ᠤ ᠤᠯᠠᠮᠵᠢᠯᠠᠯᠲᠤ ᠰᠠᠢᠬᠠᠨ ᠰᠤᠷᠲᠠᠯ ᠮᠥᠨ᠂ ᠪᠠᠰᠠ ᠴᠤ᠌ ᠳᠤᠮᠳᠠᠳᠤ ᠤᠯᠤᠰ᠎ᠤᠨ ᠬᠤᠪᠢᠰᠭᠠᠯ᠎ᠤᠨ ᠢᠯᠠᠯᠲᠠ ᠤᠯᠤᠬ᠍ᠰᠠᠨ ᠤᠯᠠᠮᠵᠢᠯᠠᠯᠲᠤ ᠡᠷᠳᠡᠨᠢ ᠮᠥᠨ᠃ ᠵᠢᠩᠭᠠᠩᠱᠠᠨ᠎ᠤ ᠵᠣᠷᠢᠭ ᠰᠠᠨᠠᠭ᠎ᠠ᠂ ᠤᠳᠤ ᠦᠶ᠎ᠡ᠎ᠶ᠋ᠢᠨ ᠤᠶᠤᠲᠠᠳ ᠱᠢᠨ᠎ᠡ ᠴᠠᠭ ᠦᠶ᠎ᠡ᠎ᠳᠤ ᠪᠠᠰᠠ ᠱᠢᠷᠭᠠᠭᠤ ᠬᠠᠲᠠᠭᠤᠵᠢᠯᠲᠠᠢ ᠲᠡᠮᠡᠴᠡᠬᠦ᠌ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠱᠢᠷᠭᠠᠭᠤ ᠰᠤᠷᠤᠯᠴᠠᠨ ᠥᠪᠡᠷ᠎ᠢ᠎ᠪᠠᠨ ᠳᠠᠪᠲᠠᠨ ᠪᠣᠯᠪᠠᠰᠤᠷᠠᠭᠤᠯᠵᠤ᠂ ᠢᠷᠡᠭᠡᠳᠦᠢ᠎ᠳᠤ ᠡᠬᠡ ᠤᠯᠤᠰ᠎ᠤᠨ ᠪᠦᠲᠦᠭᠡᠨ ᠪᠠᠢᠭᠤᠯᠤᠯᠲᠠ᠎ᠳᠤ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠳᠡᠭ᠎ᠢ ᠪᠢᠳᠠᠨ ᠰᠠᠨᠠᠭᠤᠯᠵᠦ᠍ ᠪᠠᠢᠨ᠎ᠠ》 ᠬᠡᠪᠡ᠃