ᠲᠦᠷᠭᠡᠨ ᠬᠦᠭ᠌ᠵᠢᠯᠳᠠ᠎ᠶ᠋ᠢᠨ ᠵᠠᠮ᠎ᠳᠤ ᠤᠷᠤᠭ᠍ᠰᠠᠨ ᠲᠤᠭᠠᠴᠢᠯᠠᠭ᠍ᠰᠠᠨ ᠠᠵᠤ ᠠᠬᠤᠢ
2021-08-22 11:40:29
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

2019 ᠤᠨ᠎ᠳᠤ᠂ ᠮᠠᠨ᠎ᠤ ᠤᠷᠤᠨ᠎ᠤ ᠲᠤᠭᠠᠴᠢᠯᠠᠭ᠍ᠰᠠᠨ ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠠ 3900 ᠳ᠋ᠦᠩᠱᠢᠭᠤᠷ ᠲᠦᠭᠦᠷᠢᠭ᠎ᠢ ᠳᠠᠪᠠᠵᠤ᠂ ᠲᠤᠰ ᠵᠢᠯ᠎ᠳᠠᠬᠢ ᠪᠦᠬᠦ᠌ ᠤᠷᠤᠨ᠎ᠤ ᠤᠯᠤᠰ᠎ᠤᠨ ᠲᠤᠳᠤᠭᠠᠳᠤ᠎ᠶ᠋ᠢᠨ ᠦᠢᠯᠡᠳᠪᠤᠷᠢᠯᠡᠯ᠎ᠤᠨ ᠶᠡᠷᠦᠩᠬᠡᠢ ᠦᠷᠳᠡᠭ᠎ᠤᠨ 22.8% ᠎ᠶ᠋ᠢ ᠡᠵᠡᠯᠡᠪᠡ᠃

2020 ᠤᠨ᠎ᠳᠤ᠂ ᠮᠠᠨ᠎ᠤ ᠤᠷᠤᠨ᠎ᠤ ᠱᠢᠭᠤᠳ ᠨᠡᠪᠳᠡᠷᠡᠭᠦᠯᠭᠡ᠎ᠪᠠᠷ ᠪᠠᠷᠠᠭ᠎ᠠ ᠬᠤᠳᠠᠯᠳᠤᠬᠤ ᠳᠡᠯᠭᠡᠭᠦᠷ 6000 ᠎ᠶ᠋ᠢ ᠲᠠᠪᠠᠵᠤ᠂ ᠪᠦᠬᠦ᠌ ᠵᠢᠯ᠎ᠳᠤ ᠰᠦᠯᠵᠢᠶ᠎ᠠ᠎ᠪᠠᠷ ᠨᠡᠢᠳᠡ 142.3 ᠳ᠋ᠦᠩᠱᠢᠭᠤᠷ ᠲᠦᠭᠦᠷᠢᠭ᠎ᠤᠨ ᠪᠠᠷᠠᠭ᠎ᠠ ᠬᠤᠳᠠᠯᠳᠤᠭ᠍ᠰᠠᠨ ᠪᠠᠢᠨ᠎ᠠ᠃

ᠡᠨᠡ ᠵᠢᠯ᠎ᠤᠨ 1 ᠰᠠᠷ᠎ᠠ᠎ᠳᠤ᠂ ᠬᠦᠬᠡᠬᠤᠳᠠ᠎ᠶ᠋ᠢᠨ 《ᠬᠤᠳᠠ᠎ᠶ᠋ᠢᠨ ᠶᠡᠭᠡ ᠲᠠᠷᠢᠬᠢ》 ᠠᠱᠢᠡᠡᠯᠠᠯᠳᠠ᠎ᠳᠤ ᠤᠷᠤᠵᠤ᠂ ᠦᠪᠦᠷ ᠮᠤᠩᠭᠤᠯ᠎ᠤᠨ 5G ᠎ᠶ᠋ᠢᠨ ᠠᠵᠤ ᠦᠢᠯᠡᠰ᠎ᠤᠨ ᠱᠢᠨ᠎ᠠ᠎ᠶ᠋ᠢ ᠡᠭᠦᠳᠬᠦ᠌ ᠰᠠᠭᠤᠷᠢᠨ ᠠᠱᠢᠡᠡᠯᠠᠯᠳᠠ᠎ᠳᠤ ᠤᠷᠤᠪᠠ᠃

ᠲᠦᠷᠦᠬᠦᠬᠡᠨ᠎ᠳᠤ᠂ ᠬᠤᠷᠢᠨᠭᠡᠷ ᠱᠢᠨ᠎ᠡ ᠲᠣᠭᠤᠷᠢᠭ᠎ᠤᠨ ᠣᠯᠠᠨ ᠤᠯᠤᠰ᠎ᠤᠨ ᠢᠨᠲ᠋ᠧᠷ ᠰᠦᠯᠵᠢᠶᠡᠨ᠎ᠤ ᠳ᠋ᠠᠢᠲ᠋ᠠ᠎ᠶ᠋ᠢᠨ ᠲᠤᠰᠭᠠᠶ ᠨᠡᠪᠲᠡᠷᠡᠬᠦ᠌ ᠵᠠᠮ᠎ᠤᠨ ᠪᠦᠲᠦᠭᠡᠨ ᠪᠠᠢᠭᠤᠯᠤᠯᠳᠠ ᠪᠦᠬᠦ᠌ ᠲᠠᠯ᠎ᠠ᠎ᠪᠠᠷ ᠡᠬᠢᠯᠡᠵᠤ᠂ ᠡᠨᠡ ᠵᠢᠯ᠎ᠤᠨ ᠰᠡᠬᠦᠯᠴᠢ᠎ᠠᠴᠠ ᠡᠮᠦᠨ᠎ᠠ ᠪᠦᠲᠦᠭᠡᠨ ᠪᠠᠢᠭᠤᠯᠤᠯᠳᠠ᠎ᠶ᠋ᠢᠨ ᠠᠵᠢᠯ᠎ᠢ ᠲᠠᠭᠤᠰᠭᠠᠨ᠂ ᠲᠤᠰᠭᠠᠢ ᠨᠡᠪᠲᠡᠷᠡᠬᠦ᠌ ᠵᠠᠮ᠎ᠢ ᠠᠱᠢᠡᠡᠯᠠᠯᠳᠠ᠎ᠳᠤ ᠤᠷᠤᠭᠤᠯᠬᠤ ᠪᠤᠯᠤᠨ᠎ᠠ᠃

ᠮᠠᠨ᠎ᠤ ᠤᠷᠤᠨ ᠲᠤᠭᠠᠴᠢᠯᠠᠭ᠍ᠰᠠᠨ ᠠᠵᠤ ᠠᠬᠤᠢ᠎ᠶ᠋ᠢᠨ ᠬᠦᠭ᠌ᠵᠢᠯᠳᠡ᠎ᠶ᠋ᠢᠨ ᠱᠢᠨ᠎ᠠ ᠬᠠᠨᠳᠤᠰᠢ᠎ᠳᠤ ᠵᠤᠬᠢᠴᠠᠨ ᠲᠤᠭᠠᠴᠢᠯᠠᠭ᠍ᠰᠠᠨ ᠮᠡᠷᠭᠡᠵᠢᠯ᠎ᠤᠨ ᠬᠤᠪᠢᠰᠤᠯᠳᠠ᠎ᠶ᠋ᠢᠨ ᠱᠢᠨ᠎ᠠ ᠠᠵᠠ ᠳᠤᠬᠢᠶᠠᠯ᠎ᠢ ᠡᠵᠡᠮᠳᠡᠵᠦ᠍᠂ 《ᠲᠤᠭᠠᠴᠢᠯᠠᠭ᠍ᠰᠠᠨ ᠦᠪᠦᠷ ᠮᠤᠩᠭᠤᠯ》 ᠎ᠤᠨ ᠪᠦᠲᠦᠭᠡᠨ ᠪᠠᠢᠭᠤᠯᠤᠯᠳᠠ᠎ᠪᠠᠷ ᠭᠤᠤᠯᠳᠠᠯᠭ᠎ᠠ ᠪᠤᠯᠭᠠᠨ ᠲᠤᠭᠠᠴᠢᠯᠠᠭ᠍ᠰᠠᠨ ᠵᠠᠰᠠᠭ᠎ᠤᠨ ᠤᠷᠳᠤᠨ᠎ᠤ ᠪᠠᠢᠭᠤᠯᠤᠯᠳᠠ᠂ ᠲᠤᠭᠠᠴᠢᠯᠠᠭ᠍ᠰᠠᠨ ᠨᠡᠢᠬᠡᠮ᠎ᠤᠨ ᠪᠠᠢᠭᠤᠯᠤᠯᠳᠠ᠂ ᠲᠤᠭᠠᠴᠢᠯᠠᠭ᠍ᠰᠠᠨ ᠠᠵᠤ ᠠᠬᠤᠢ᠎ᠶ᠋ᠢ ᠠᠵᠤ ᠦᠢᠯᠡᠰᠵᠢᠬᠦᠯᠵᠤ ᠠᠵᠤ ᠦᠢᠯᠡᠰ᠎ᠢ ᠲᠤᠭᠠᠴᠢᠵᠢᠭᠤᠯᠬᠤ ᠪᠠᠢᠭᠤᠯᠤᠯᠳᠠ᠂ ᠬᠦᠬᠡᠬᠤᠳᠠ ᠪᠤᠭᠤᠳᠤ ᠤᠷᠳᠤᠰ ᠤᠯᠠᠭᠠᠨᠴᠠᠪ᠎ᠤᠨ ᠤᠶᠤᠨᠳᠤ ᠬᠤᠳᠠ᠎ᠶ᠋ᠢᠨ ᠪᠦᠯᠦᠭ᠌ᠵᠢᠯ᠎ᠢ ᠨᠢᠬᠡ ᠴᠤᠭ᠍ᠴᠠᠵᠢᠭᠤᠯᠬᠤ ᠪᠠᠢᠭᠤᠯᠤᠯᠳᠠ᠎ᠶ᠋ᠢᠨ ᠲᠦᠷᠪᠡᠨ ᠶᠡᠭᠡ ᠠᠵᠢᠯᠯᠠᠭᠠᠨ᠎ᠤ ᠲᠦᠰᠦᠯ᠎ᠢ ᠲᠤᠭ᠍ᠳᠠᠭᠠᠨ ᠬᠡᠷᠡᠭ᠌ᠵᠢᠬᠦᠯᠵᠤ᠂ ᠠᠵᠤ ᠠᠬᠤᠢ ᠨᠡᠢᠭᠡᠮ᠎ᠤᠨ ᠡᠯ᠎ᠠ ᠬᠦᠷᠢᠶᠡᠨ᠎ᠤ ᠲᠤᠭᠠᠴᠢᠯᠠᠯᠳᠠ᠎ᠶ᠋ᠢᠨ ᠦᠭᠡᠷᠡᠴᠢᠯᠡᠯᠳᠡ᠎ᠶ᠋ᠢ ᠲᠦᠷᠭᠡᠳᠭᠡᠨ ᠠᠬᠢᠭᠤᠯᠤᠭ᠍ᠰᠠᠨ᠎ᠢᠶᠠᠷ ᠪᠦᠬᠦ᠌ ᠤᠷᠤᠨ᠎ᠤ ᠲᠤᠭᠠᠴᠢᠯᠠᠭ᠍ᠰᠠᠨ ᠠᠵᠤ ᠠᠬᠤᠢ ᠲᠦᠷᠭᠡᠨ ᠬᠦᠭ᠌ᠵᠢᠯᠳᠠ᠎ᠶ᠋ᠢᠨ ᠵᠠᠮ᠎ᠳᠤ ᠤᠷᠤᠯ᠎ᠠ᠃

ᠱᠢᠨ᠎ᠡ ᠬᠡᠯᠪᠡᠷᠢ᠎ᠶ᠋ᠢᠨ ᠲᠣᠭᠠᠴᠢᠯᠠᠭ᠍ᠰᠠᠨ ᠰᠠᠭᠤᠷᠢ ᠲᠥᠬᠦᠭᠡᠷᠦᠮᠵᠢ ᠲᠠᠰᠤᠷᠠᠯᠳᠠ ᠦᠭᠡᠢ ᠲᠡᠭᠦᠯᠳᠡᠷᠵᠢᠪᠡ

ᠤᠳᠤ ᠪᠥᠬᠦ᠌ ᠣᠷᠣᠨ᠎ᠤ ᠭᠡᠷᠡᠯᠯᠢᠭ ᠤᠳᠠᠰᠤᠨ᠎ᠤ ᠱᠤᠭᠤᠮ᠎ᠤᠨ ᠣᠷᠳᠣ 185.3 ᠲᠦᠮᠡᠨ ᠺᠢᠯᠣᠮᠧᠲᠷ᠎ᠲᠤ ᠬᠦᠷᠴᠦ᠍᠂ ᠮᠠᠨ᠎ᠤ ᠤᠷᠤᠨ ᠨᠢᠭᠡᠨᠳᠡ ᠲᠤᠳᠤᠭᠠᠳᠤ᠎ᠳᠠᠭᠠᠨ ᠪᠦᠬᠦ᠌ ᠤᠯᠤᠰ᠎ᠲᠤ ᠨᠡᠪᠲᠡᠷᠡᠭ᠌ᠰᠡᠨ᠂ ᠭᠠᠳᠠᠭᠠᠳᠤ᠎ᠳᠠᠭᠠᠨ ᠤᠷᠤᠰ ᠮᠤᠩᠭᠤᠯ ᠧᠦ᠋ᠷᠦᠫᠠ᠎ᠯᠦᠭᠡ ᠨᠡᠪᠲᠡᠷᠡᠭ᠌ᠰᠡᠨ ᠰᠦᠯᠵᠢᠶᠡᠨ᠎ᠤ ᠱᠢᠰᠲ᠋ᠧᠮ᠎ᠢ ᠦᠨᠳᠦᠰᠦᠨ᠎ᠳᠡᠭᠡᠨ ᠪᠦᠷᠢᠯᠳᠦᠭᠦᠯᠪᠡ᠃ ᠡᠨᠡ ᠵᠢᠯ᠎ᠤᠨ 6 ᠰᠠᠷ᠎ᠠ᠎ᠶ᠋ᠢᠨ ᠰᠡᠭᠦᠯᠴᠢ ᠪᠤᠯᠬᠤ᠎ᠳᠤ᠂ ᠮᠠᠨ᠎ᠤ ᠤᠷᠤᠨ᠎ᠳᠤ 5G ᠎ᠶ᠋ᠢᠨ 1.45 ᠲᠦᠮᠡᠡ ᠰᠠᠭᠤᠷᠢ ᠦᠷᠳᠡᠭᠡ ᠪᠤᠯᠤᠨ 4G ᠎ᠶ᠋ᠢᠨ 11.42 ᠲᠦᠮᠡᠡ ᠰᠠᠭᠤᠷᠢ ᠦᠷᠳᠡᠭᠡ᠎ᠲᠠᠢ ᠪᠤᠯᠵᠤ᠂ ᠤᠳᠠᠰᠤᠳᠤ ᠰᠦᠯᠵᠢᠶ᠎ᠠ ᠪᠠ ᠤᠳᠠᠰᠤ ᠦᠭᠡᠢ ᠰᠦᠯᠵᠢᠶ᠎ᠠ᠎ᠶ᠋ᠢᠨ ᠲᠦᠭᠡᠮᠡᠯᠵᠢᠯᠳᠡ᠎ᠶ᠋ᠢᠨ ᠨᠣᠷᠮ᠎ᠠ ᠲᠤᠰ ᠲᠤᠰ 70.4% ᠪᠠ 107.4% ᠎ᠳᠤ ᠬᠦᠷᠴᠦ᠍᠂ ᠭᠠᠴᠠᠭ᠎ᠠ ᠲᠣᠰᠭᠤᠨ᠎ᠳᠤ ᠰᠦᠯᠵᠢᠶ᠎ᠠ ᠨᠡᠪᠲᠡᠷᠡᠭ᠌ᠰᠡᠨ ᠨᠤᠷᠮ᠎ᠠ 99.4% ᠎ᠳᠤ ᠬᠦᠷᠴᠤ᠌᠂ ᠰᠦᠯᠵᠢᠶᠡᠨ᠎ᠤ ᠦᠢᠯᠡᠴᠢᠯᠡᠭᠡᠨ᠎ᠤ ᠴᠢᠳᠠᠪᠤᠷᠢ ᠶᠡᠭᠡ᠎ᠪᠠᠷ ᠳᠡᠭᠡᠭ᠌ᠰᠢᠯᠡᠪᠡ᠃

ᠡᠨᠡ ᠵᠢᠯ᠎ᠤᠨ 7 ᠰᠠᠷ᠎ᠠ᠎ᠳᠤ ᠳᠣᠷᠣᠨᠠᠳᠠᠬᠢᠨ᠎ᠤ ᠬᠡᠲᠦ ᠺᠣᠮᠫᠢᠦ᠋ᠲ᠋ᠧᠷ᠎ᠤᠨ ᠡᠭᠦᠯᠡ᠎ᠶ᠋ᠢᠨ ᠥᠪᠥᠷ ᠮᠣᠩᠭᠤᠯ᠎ᠤᠨ ᠬᠡᠲᠦ ᠺᠣᠮᠫᠢᠦ᠋ᠲ᠋ᠧᠷ ᠠᠱᠢᠡᠡᠯᠠᠯᠳᠠ᠎ᠳᠤ ᠤᠷᠤᠬᠤ᠎ᠶ᠋ᠢ ᠲᠠᠭᠠᠯᠳᠤᠨ ᠪᠦᠬᠦ᠌ ᠤᠷᠤᠨ᠎ᠤ ᠠᠱᠢᠡᠡᠯᠠᠯᠳᠠ᠎ᠳᠤ ᠤᠷᠤᠭ᠍ᠰᠠᠨ ᠬᠡᠳᠦ ᠺᠣᠮᠫᠢᠦ᠋ᠲ᠋ᠧᠷ᠎ᠤᠨ ᠳᠠᠪᠴᠠᠩ 4 ᠪᠤᠯᠵᠤ ᠨᠡᠮᠡᠭ᠌ᠳᠡᠨ᠂ ᠮᠠᠨ᠎ᠤ ᠤᠷᠤᠨ ᠲᠤᠭ᠎ᠠ ᠪᠠᠷᠢᠮᠳᠠ᠎ᠶ᠋ᠢ ᠬᠠᠳᠠᠭᠠᠯᠠᠬᠤ ᠳᠠᠪᠠᠭᠤᠯᠢᠭ᠎ᠲᠠᠢ ᠪᠠᠢᠬᠤ ᠲᠡᠳᠦᠢ ᠦᠭᠡᠢ ᠲᠤᠭ᠎ᠠ ᠪᠠᠷᠢᠮᠳᠠ᠎ᠶ᠋ᠢ ᠦᠨᠳᠦᠷ ᠳᠠᠪᠳᠠᠮᠵᠢ᠎ᠪᠠᠷ ᠪᠤᠳᠤᠬᠤ᠂ ᠵᠤᠬᠢᠶᠠᠮᠠᠯ ᠤᠶᠤᠨ ᠴᠢᠳᠠᠪᠤᠷᠢ᠎ᠪᠠᠷ ᠪᠤᠳᠤᠬᠤ ᠳᠠᠪᠠᠭᠤᠯᠢᠭ᠎ᠲᠠᠢ ᠪᠤᠯᠪᠠ᠃ ᠮᠠᠨ᠎ᠤ ᠤᠷᠤᠨ᠎ᠤ ᠠᠩᠬᠠᠳᠠᠭ᠍ᠴᠢ ᠣᠯᠠᠨ ᠤᠯᠤᠰ᠎ᠤᠨ ᠢᠨᠲ᠋ᠧᠷ ᠰᠦᠯᠵᠢᠶᠡᠨ᠎ᠤ ᠳ᠋ᠠᠢᠲ᠋ᠠ᠎ᠶ᠋ᠢᠨ ᠲᠤᠰᠭᠠᠶ ᠨᠡᠪᠲᠡᠷᠡᠬᠦ᠌ ᠵᠠᠮ — ᠬᠤᠷᠢᠨᠭᠡᠷ ᠱᠢᠨ᠎ᠡ ᠲᠣᠭᠤᠷᠢᠭ᠎ᠤᠨ ᠣᠯᠠᠨ ᠤᠯᠤᠰ᠎ᠤᠨ ᠢᠨᠲ᠋ᠧᠷ ᠰᠦᠯᠵᠢᠶᠡᠨ᠎ᠤ ᠳ᠋ᠠᠢᠲ᠋ᠠ᠎ᠶ᠋ᠢᠨ ᠲᠤᠰᠭᠠᠶ ᠨᠡᠪᠲᠡᠷᠡᠬᠦ᠌ ᠵᠠᠮ᠎ᠤᠨ ᠪᠦᠲᠦᠭᠡᠨ ᠪᠠᠢᠭᠤᠯᠤᠯᠳᠠ ᠪᠦᠬᠦ᠌ ᠲᠠᠯ᠎ᠠ᠎ᠪᠠᠷ ᠡᠬᠢᠯᠡᠵᠦ᠍᠂ ᠵᠢᠯ᠎ᠤᠨ ᠰᠡᠭᠦᠯᠴᠢ᠎ᠪᠠᠷ ᠪᠦᠲᠦᠭᠡᠨ ᠪᠠᠢᠭᠤᠯᠵᠤ ᠳᠠᠭᠤᠰᠭᠠᠨ ᠠᠱᠢᠡᠡᠯᠠᠯᠳᠠ᠎ᠳᠤ ᠤᠷᠤᠭᠤᠯᠬᠤ᠎ᠪᠠᠷ ᠪᠤᠢ᠂ ᠲᠠᠬᠡᠭ᠌ᠰᠡᠬᠡᠷ ᠮᠠᠨ᠎ᠤ ᠤᠷᠤᠨ᠎ᠤ ᠰᠦᠯᠵᠢᠶ᠎ᠠ ᠤᠯᠠᠨ ᠤᠯᠤᠰ᠎ᠤᠨ ᠰᠦᠯᠵᠢᠶ᠎ᠠ᠎ᠶ᠋ᠢᠨ ᠤᠷᠤᠴᠠ ᠭᠠᠷᠴᠠ᠎ᠳᠤ ᠱᠢᠭᠤᠳ ᠵᠠᠯᠭᠠᠭ᠍ᠳᠠᠬᠤ ᠪᠤᠯᠤᠨ᠎ᠠ᠃

ᠲᠤᠭᠠᠴᠢᠯᠠᠭ᠍ᠰᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢ ᠲᠣᠭ᠍ᠲᠠᠭᠤᠨ᠎ᠢᠶᠠᠷ ᠳᠡᠭᠡᠭ᠌ᠰᠢᠯᠡᠪᠡ

ᠲᠤᠭᠠᠴᠢᠯᠠᠭ᠍ᠰᠠᠨ ᠠᠵᠤ ᠠᠬᠤᠢ ᠦᠨᠡᠨᠳᠡᠭᠡᠨ ᠪᠤᠯ ᠨᠢᠬᠡ ᠵᠦᠢᠯ᠎ᠤᠨ ᠱᠢᠨ᠎ᠠ᠎ᠶ᠋ᠢ ᠡᠬᠦᠳᠬᠦ᠌ ᠠᠵᠤ ᠠᠬᠤᠢ ᠶᠤᠮᠰᠠᠨ᠃ ᠤᠢ᠍ᠢᠷ᠎ᠠ᠎ᠶ᠋ᠢᠨ ᠬᠡᠳᠤᠨ ᠵᠢᠯ᠎ᠳᠤ᠂ ᠠᠵᠤ ᠦᠢᠯᠡᠳᠪᠤᠷᠢ᠎ᠶ᠋ᠢᠨ ᠲᠤᠮᠤ ᠳ᠋ᠠᠢᠲ᠋ᠠ᠎ᠶ᠋ᠢᠨ ᠬᠡᠷᠡᠭ᠌ᠯᠡᠭᠡᠨ᠎ᠤ ᠮᠡᠷᠭᠡᠵᠢᠯ᠎ᠤᠨ ᠤᠯᠤᠰ᠎ᠤᠨ ᠢᠨᠵᠧᠨᠧᠷᠢᠩ᠎ᠤᠨ ᠲᠤᠷᠱᠢᠯᠳᠠ᠎ᠶ᠋ᠢᠨ ᠲᠠᠰᠤᠭ᠂ ᠴᠢᠩᠬᠤᠸᠠ ᠳᠤᠮᠤ ᠳ᠋ᠠᠢᠲ᠋ᠠ᠎ᠶ᠋ᠢᠨ ᠲᠠᠷᠬᠠᠮᠠᠯ ᠳ᠋ᠠᠢᠲ᠋ᠠ ᠱᠢᠢᠳᠪᠤᠷᠢᠯᠡᠬᠦ᠌ ᠱᠢᠰᠲ᠋ᠧᠮ᠎ᠤᠨ ᠰᠤᠳᠤᠯᠬᠤ ᠲᠦᠪ ᠵᠡᠷᠭᠡ ᠪᠠᠢᠭᠤᠯᠤᠮᠵᠢ᠎ᠶ᠋ᠢᠨ᠎ᠬᠢᠨ ᠵᠠᠯᠭᠠᠭ᠎ᠠ᠎ᠪᠠᠷ ᠮᠠᠨ᠎ᠤ ᠤᠷᠤᠨ᠎ᠳᠤ ᠰᠠᠯᠪᠤᠷᠢ ᠪᠠᠢᠭᠤᠯᠤᠮᠵᠢ ᠪᠠᠢᠭᠤᠯᠪᠠ; ᠦᠪᠦᠷ ᠮᠤᠩᠭᠤᠯ᠎ᠤᠨ ᠱᠢᠨ᠎ᠠ᠎ᠶ᠋ᠢ ᠡᠭᠦᠳᠬᠦ᠌ ᠴᠦᠷᠬᠡᠯᠡᠭᠡ ᠳ᠋ᠠᠢᠲ᠋ᠠ᠎ᠶ᠋ᠢᠨ ᠰᠤᠳᠤᠯᠬᠤ ᠬᠦᠷᠢᠶᠡᠯᠡᠩ᠂ ᠤᠮᠠᠷᠠᠳᠦ᠎ᠶ᠋ᠢᠨ ᠮᠤᠩᠭᠤᠯ ᠬᠡᠯᠡᠨ᠎ᠤ ᠵᠤᠬᠢᠶᠠᠮᠠᠯ ᠤᠶᠤᠨ ᠴᠢᠳᠠᠪᠤᠷᠢ᠎ᠶ᠋ᠢᠨ ᠠᠵᠤ ᠦᠢᠯᠡᠰ᠎ᠤᠨ ᠰᠤᠳᠤᠯᠬᠤ ᠬᠦᠷᠢᠶᠡᠯᠡᠩ ᠵᠡᠷᠭᠡ ᠰᠤᠳᠤᠯᠭᠠᠨ᠎ᠤ ᠪᠠᠢᠭᠤᠯᠤᠮᠵᠢ ᠬᠤᠢᠨ᠎ᠠ ᠬᠤᠢᠨ᠎ᠠ᠎ᠠᠴᠠ᠎ᠪᠠᠨ ᠪᠠᠢᠭᠤᠯᠤᠭ᠍ᠳᠠᠪᠠ; ᠬᠤᠷᠢᠨᠭᠡᠷ᠎ᠲᠠᠬᠢ ᠮᠢᠺᠷᠤᠰᠤᠹᠲ᠎ᠤᠨ ᠲᠤᠮᠤ ᠳ᠋ᠠᠢᠲ᠋ᠠ ᠵᠢᠴᠢ ᠵᠤᠬᠢᠶᠠᠮᠠᠯ ᠤᠶᠤᠨ ᠴᠢᠳᠠᠪᠤᠷᠢ᠎ᠶ᠋ᠢᠨ ᠬᠡᠷᠡᠭ᠌ᠯᠡᠭᠡ᠂ ᠤᠯᠠᠭᠠᠨᠴᠠᠪ᠎ᠲᠠᠬᠢ ᠪᠠᠢᠳᠦ᠋ ᠱᠢᠨ᠎ᠠ᠎ᠶ᠋ᠢ ᠡᠭᠦᠳᠬᠦ᠌ ᠲᠦᠪ ᠵᠡᠷᠭᠡ ᠱᠢᠨ᠎ᠠ᠎ᠶ᠋ᠢ ᠡᠭᠦᠳᠬᠦ᠌ ᠰᠠᠭᠤᠷᠢᠨ᠎ᠤ ᠬᠦᠭ᠌ᠵᠢᠯᠳᠡ᠎ᠶ᠋ᠢᠨ ᠠᠯᠬᠤᠭ᠎ᠠ ᠲᠦᠷᠬᠡᠳᠪᠠ; ᠮᠠᠨ᠎ᠤ ᠤᠷᠤᠨ ᠤᠷᠢᠳ ᠬᠤᠵᠢᠳ ᠤᠷᠤᠨ᠎ᠤ ᠳᠡᠰ᠎ᠤᠨ ᠲᠤᠮᠤ ᠳ᠋ᠠᠢᠲ᠋ᠠ᠎ᠶ᠋ᠢᠨ ᠭᠤᠤᠯᠳᠠᠯᠭ᠎ᠠ᠎ᠲᠠᠢ ᠲᠤᠷᠱᠢᠯᠳᠠ᠎ᠶ᠋ᠢᠨ ᠲᠠᠰᠤᠭ᠂ ᠢᠨᠵᠧᠨᠧᠷᠢᠩ᠎ᠤᠨ ᠰᠤᠳᠤᠯᠭᠠᠨ᠎ᠤ ᠲᠦᠪ᠂ ᠢᠨᠵᠧᠨᠧᠷᠢᠩ᠎ᠤᠨ ᠮᠡᠷᠭᠡᠵᠢᠯ᠎ᠤᠨ ᠰᠤᠳᠤᠯᠭᠠᠨ᠎ᠤ ᠲᠦᠪ ᠵᠡᠷᠬᠡ 28 ᠲᠤᠰᠭᠠᠢ ᠰᠤᠳᠤᠯᠭᠠᠨ᠎ᠤ ᠪᠠᠢᠭᠤᠯᠤᠮᠵᠢ ᠪᠠᠢᠭᠤᠯᠵᠤ᠂ ᠪᠦᠬᠦ᠌ ᠤᠷᠤᠨ᠎ᠤ ᠲᠤᠭᠠᠴᠢᠯᠠᠭ᠍ᠰᠠᠨ ᠠᠵᠤ ᠠᠬᠤᠢ᠎ᠶ᠋ᠢᠨ ᠬᠦᠷᠢᠶᠡᠨ᠎ᠳᠤ 186 ᠳᠡᠭᠡᠳᠦ ᠱᠢᠨ᠎ᠠ ᠮᠡᠷᠭᠡᠵᠢᠯ᠎ᠤᠨ ᠠᠵᠤ ᠠᠬᠤᠢ᠍ᠢᠯᠠᠯ᠎ᠲᠠᠢ ᠪᠤᠯᠪᠠ᠃

ᠲᠤᠭ᠎ᠠ ᠪᠠᠷᠢᠮᠳᠠ᠎ᠶ᠋ᠢᠨ ᠠᠵᠤ ᠦᠢᠯᠡᠰᠵᠢᠯᠳᠠ ᠢᠳᠡᠷᠡᠬᠦᠨ᠎ᠢᠶᠠᠷ ᠬᠦᠭ᠌ᠵᠢᠪᠡ

ᠲᠤᠭ᠎ᠠ ᠪᠠᠷᠢᠮᠳᠠ᠎ᠶ᠋ᠢᠨ ᠠᠵᠤ ᠦᠢᠯᠡᠰᠵᠢᠯᠳᠠ ᠪᠤᠯ ᠲᠤᠭᠠᠴᠢᠯᠠᠭ᠍ᠰᠠᠨ ᠠᠵᠤ ᠠᠬᠤᠢ᠎ᠶ᠋ᠢᠨ ᠬᠦᠭ᠌ᠵᠢᠯᠳᠡ᠎ᠶ᠋ᠢᠨ ᠬᠤᠱᠢᠭᠤᠴᠢ ᠬᠦᠴᠦᠨ ᠮᠦᠨ᠃ ᠮᠠᠨ᠎ᠤ ᠤᠷᠤᠨ ᠤᠯᠠᠭᠠᠨᠴᠠᠪ ᠬᠤᠳᠠ ᠪᠤᠯᠤᠨ ᠬᠤᠷᠢᠨᠭᠡᠷ ᠱᠢᠨ᠎ᠠ ᠲᠤᠭᠤᠷᠢᠭ ᠵᠡᠷᠭᠡ ᠭᠠᠵᠠᠷ᠎ᠤᠨ ᠬᠡᠪᠴᠢᠶᠠᠵᠢᠭ᠍ᠰᠡᠨ ᠳ᠋ᠠᠢᠲ᠋ᠠ᠎ᠶ᠋ᠢᠨ ᠲᠦᠪ᠎ᠤᠨ ᠴᠤᠭ᠍ᠯᠠᠷᠠᠭᠤᠯᠬᠤ ᠳᠠᠪᠠᠭᠤᠯᠢᠭ᠎ᠢ ᠠᠱᠢᠡᠡᠯᠠᠨ ᠲᠤᠮᠤ ᠳ᠋ᠠᠢᠲ᠋ᠠ᠎ᠶ᠋ᠢᠨ ᠠᠵᠤ ᠦᠢᠯᠡᠰ᠎ᠤᠨ ᠬᠡᠯᠬᠢᠶ᠎ᠠ᠎ᠶ᠋ᠢ ᠲᠠᠰᠤᠷᠠᠯᠳᠠ ᠦᠭᠡᠢ ᠤᠷᠳᠤᠳᠭᠠᠵᠤ᠂ ᠤᠷᠢᠳ ᠬᠤᠵᠢᠳ ᠠᠢᠹᠦ᠋ᠨ᠂ ᠮᠢᠺᠷᠤᠰᠤᠹᠲ᠂ ᠠᠯᠢᠪᠠᠪᠠ᠂ ᠬᠤᠸᠠ ᠸᠧᠢ᠂ ᠳ᠋ᠦᠩ ᠵᠢᠩ ᠵᠡᠷᠭᠡ ᠦᠷᠢᠰᠦᠯᠳᠤᠬᠦ᠌ ᠬᠦᠴᠦᠨ᠎ᠢᠶᠠᠷ ᠴᠢᠩᠭ᠎ᠠ ᠠᠵᠤ ᠠᠬᠤᠢ᠍ᠢᠯᠠᠯ᠎ᠢ ᠤᠷᠢᠨ ᠤᠷᠤᠭᠤᠯᠵᠤ᠂ ᠪᠠᠰᠠ ᠯᠠᠩ ᠴᠤᠤ ᠦᠪᠦᠷ ᠮᠤᠩᠭᠤᠯ᠎ᠤᠨ ᠲᠤᠮᠤ ᠳ᠋ᠠᠢᠲ᠋ᠠ᠎ᠶ᠋ᠢᠨ ᠠᠵᠤ ᠦᠢᠯᠡᠰ᠎ᠤᠨ ᠬᠦᠷᠢᠶᠡᠯᠡᠩ᠂ ᠤᠯᠠᠭᠠᠨᠴᠠᠪ᠎ᠤᠨ ᠵᠦᠩ ᠭᠤᠸᠠᠨ ᠼᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠷᠢᠶᠡᠯᠡᠩ᠂ ᠬᠤᠷᠢᠨᠭᠡᠷ ᠱᠢᠨ᠎ᠠ ᠲᠤᠭᠤᠷᠢᠭ᠎ᠤᠨ ᠲᠤᠮᠤ ᠳ᠋ᠠᠢᠲ᠋ᠠ᠎ᠶ᠋ᠢᠨ ᠠᠵᠤ ᠦᠢᠯᠡᠰ᠎ᠤᠨ ᠭᠤᠤᠯᠯᠠᠬᠤ ᠲᠤᠭᠤᠷᠢᠭ ᠵᠡᠷᠭᠡ ᠨᠢᠭᠡ ᠪᠦᠯᠦᠭ ᠲᠤᠰᠭᠠᠢᠵᠢᠭ᠍ᠰᠠᠨ ᠲᠤᠮᠤ ᠳ᠋ᠠᠢᠲ᠋ᠠ᠎ᠶ᠋ᠢᠨ ᠬᠦᠷᠢᠶᠡᠯᠡᠩ ᠲᠤᠭᠤᠷᠢᠭ᠎ᠢ ᠪᠦᠲᠦᠭᠡᠨ ᠪᠠᠢᠭᠤᠯᠵᠤ᠂ ᠲᠤᠮᠤ ᠳ᠋ᠠᠢᠲ᠋ᠠ᠎ᠶ᠋ᠢᠨ ᠭᠤᠤᠯᠯᠠᠬᠤ ᠠᠵᠤ ᠦᠢᠯᠡᠰ᠎ᠤᠨ ᠠᠮᠢ ᠠᠬᠤᠢ᠎ᠶ᠋ᠢᠨ ᠲᠤᠭᠤᠷᠢᠭ᠎ᠢ ᠠᠩᠬ᠎ᠠ ᠠᠯᠬᠤᠮ ᠪᠦᠷᠢᠯᠳᠦᠬᠦᠯᠪᠡ᠃ ᠡᠨᠡ ᠵᠢᠯ᠎ᠤᠨ ᠳᠡᠭᠡᠷ᠎ᠡ ᠬᠠᠭᠠᠰ ᠵᠢᠯ᠎ᠳᠤ᠂ ᠪᠥᠬᠦ᠌ ᠣᠷᠣᠨ᠎ᠤ ᠬᠡᠪᠴᠢᠶᠡᠵᠢᠯ᠎ᠠᠴᠠ ᠳᠡᠭᠡᠭ᠌ᠰᠢᠬᠢ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ  ᠦᠢᠯᠡᠳᠬᠦ᠌   ᠦᠢᠯᠡᠰ᠎ᠤᠨ ᠡᠵᠡᠩᠨᠡᠯᠲᠡ᠎ᠶ᠋ᠢᠨ ᠣᠷᠣᠯᠭ᠎ᠠ ᠪᠤᠯᠤᠨ ᠨᠡᠮᠡᠭ᠌ᠳᠡᠯ ᠥᠷᠲᠡᠭ ᠲᠣᠰ ᠲᠣᠰ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 33.4% ᠪᠠ 31.3% ᠎ᠪᠠᠷ ᠨᠡᠮᠡᠭ᠌ᠳᠡᠭ᠌ᠰᠡᠨ ᠪᠠᠢᠨ᠎ᠠ᠃

ᠠᠵᠤ ᠦᠢᠯᠡᠰ᠎ᠤᠨ ᠲᠣᠭᠠᠴᠢᠯᠠᠭ᠍ᠰᠠᠨ ᠬᠦᠭ᠌ᠵᠢᠯᠳᠡ ᠭᠦᠨᠵᠡᠭᠡᠢ ᠠᠬᠢᠪᠠ

ᠪᠦᠬᠦ᠌ ᠤᠷᠤᠨ᠎ᠤ ᠡᠯ᠎ᠠ ᠭᠠᠵᠠᠷ᠎ᠤᠨ᠎ᠬᠢᠨ ᠨᠢᠬᠡᠳᠤᠬᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ᠎ᠤᠨ ᠲᠤᠭᠠᠴᠢᠯᠠᠯᠳᠠ᠎ᠶ᠋ᠢ ᠲᠦᠷᠬᠡᠳᠭᠡᠭ᠌ᠰᠡᠨ᠎ᠢᠶᠠᠷ ᠲᠤᠭᠠᠴᠢᠯᠠᠭ᠍ᠰᠠᠨ ᠠᠵᠤ ᠠᠬᠤᠢ ᠬᠢᠬᠡᠳ ᠪᠤᠳᠠᠳᠤ ᠴᠤᠭ᠍ᠴᠠ᠎ᠶ᠋ᠢᠨ ᠠᠵᠤ ᠠᠬᠤᠢ᠎ᠶ᠋ᠢᠨ ᠠᠭᠤᠰᠤᠯᠴᠠᠯ ᠲᠠᠰᠤᠷᠠᠯᠳᠠ ᠦᠬᠡᠢ ᠬᠦᠨᠵᠡᠬᠡᠢᠷᠡᠵᠤ᠂ ᠲᠤᠭᠠᠴᠢᠯᠠᠭ᠍ᠰᠠᠨ ᠮᠡᠷᠬᠡᠵᠢᠯ᠎ᠤᠨ ᠠᠵᠤ ᠦᠢᠯᠡᠰ᠎ᠤᠨ ᠬᠡᠯᠬᠢᠶ᠎ᠠ᠎ᠶ᠋ᠢ ᠲᠤᠭ᠍ᠳᠠᠪᠤᠷᠢᠵᠢᠭᠤᠯᠵᠤ ᠬᠦᠴᠦᠷᠬᠡᠭ᠌ᠵᠢᠬᠦᠯᠬᠦ᠌ ᠦᠢᠯᠡᠳᠤᠯ ᠤᠯᠠᠮ᠎ᠠᠴᠠ ᠤᠯᠠᠮ ᠲᠤᠪᠤᠢᠮ᠎ᠠ ᠪᠤᠯᠵᠤ ᠪᠠᠢᠨ᠎ᠠ᠃ ᠵᠢᠱ᠌ᠢᠶᠡᠯᠡᠪᠡᠯ᠂ ᠬᠥᠯᠥᠨ ᠪᠤᠢᠷ ᠬᠤᠲᠠ᠎ᠶ᠋ᠢᠨ ᠱᠢᠬᠢᠷ ᠯᠤᠤᠪᠠᠩ᠎ᠤᠨ ᠪᠥᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠲᠣᠮᠣ ᠳ᠋ᠠᠢᠲ᠋ᠠ᠎ᠶ᠋ᠢᠨ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠲᠠᠪᠴᠠᠩ ᠪᠤᠯᠤᠨ ᠬᠢᠩᠭᠠᠨ ᠠᠢᠮᠠᠭ᠎ᠤᠨ ᠮᠠᠯ ᠠᠵᠤ ᠠᠬᠤᠶ᠎ᠶ᠋ᠢᠨ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠲᠠᠪᠴᠠᠩ ᠵᠡᠷᠭᠡ ᠲᠥᠷᠥᠯ ᠵᠦᠢᠯ᠎ᠢ ᠵᠠᠯᠭᠠᠭ᠎ᠠ᠎ᠪᠠᠷ ᠪᠠᠢᠭᠤᠯᠵᠤ᠂ ᠠᠵᠢᠯ ᠲᠥᠷᠥᠯ᠎ᠤᠨ ᠦᠢᠯᠡᠳᠪᠦᠷᠢᠯᠡᠬᠦ᠂ ᠡᠳ᠋ᠱᠢᠭᠦᠯᠤᠨ ᠪᠤᠯᠪᠠᠰᠤᠷᠠᠭᠤᠯᠬᠤ᠂ ᠨᠦᠭᠡᠴᠡᠯᠡᠨ ᠬᠠᠳᠠᠭᠠᠯᠠᠬᠤ᠂ ᠢᠷᠡᠯᠲᠡ᠎ᠶ᠋ᠢ᠎ᠨᠢ ᠮᠦᠷᠳᠡᠬᠦ᠌ ᠪᠠ ᠪᠣᠷᠣᠯᠠᠭᠤᠯᠬᠤ ᠵᠡᠷᠭᠡ ᠪᠥᠬᠦ᠌ ᠠᠵᠤ ᠦᠢᠯᠡᠰ᠎ᠤᠨ ᠬᠡᠯᠬᠢᠶ᠎ᠡ᠎ᠶ᠋ᠢ ᠬᠠᠮᠤᠷᠤᠭ᠍ᠰᠠᠨ ᠲᠤᠭ᠎ᠠ ᠪᠠᠷᠢᠮᠲᠠ᠎ᠶ᠋ᠢᠨ ᠦᠢᠯᠡᠴᠢᠯᠡᠭᠡ᠎ᠶ᠋ᠢ ᠦᠨᠳᠦᠰᠦᠨ᠎ᠳᠡᠭᠡᠨ ᠪᠡᠶᠡᠯᠡᠭᠦᠯᠵᠦ᠍᠂ ᠮᠠᠰᠢ ᠰᠠᠢᠨ ᠠᠵᠤ ᠠᠬᠤᠶ᠎ᠶ᠋ᠢᠨ ᠦᠷ᠎ᠠ ᠠᠱᠢᠭ ᠪᠠ ᠨᠡᠢᠭᠡᠮ᠎ᠤᠨ ᠦᠷ᠎ᠡ ᠠᠱᠢᠭ ᠤᠯᠵᠤ᠂ ᠮᠠᠨ᠎ᠤ ᠤᠷᠤᠨ᠎ᠤ ᠮᠠᠯ ᠠᠵᠤ ᠠᠬᠤᠢ ᠲᠠᠷᠢᠶᠠᠯᠠᠩ᠎ᠤᠨ ᠤᠶᠤᠨᠴᠢᠯᠠᠯᠳᠠ᠎ᠶ᠋ᠢᠨ ᠬᠠᠨᠳᠤᠰᠢ ᠢᠯᠡᠳᠳᠡ ᠴᠢᠩᠭᠠᠷᠠᠵᠠᠢ᠃

ᠤᠳᠤ ᠮᠠᠨ᠎ᠤ ᠤᠷᠤᠨ ᠤᠯᠤᠰ ᠪᠠ ᠦᠪᠡᠷᠳᠡᠭᠡᠨ ᠵᠠᠰᠠᠬᠤ ᠤᠷᠤᠨ᠎ᠤ ᠳᠡᠰ᠎ᠤᠨ ᠠᠵᠤ ᠦᠢᠯᠡᠳᠪᠤᠷᠢ᠎ᠶ᠋ᠢᠨ ᠢᠨᠲ᠋ᠧᠷ ᠰᠦᠯᠵᠢᠶᠠᠨ᠎ᠤ ᠳᠠᠪᠴᠠᠩ᠎ᠢ ᠨᠡᠢᠳᠡ 11 ᠪᠠᠢᠭᠤᠯᠵᠤ᠂ ᠡᠭᠦᠯᠡᠨ ᠳᠠᠪᠴᠠᠩ᠎ᠳᠤ ᠭᠠᠷᠤᠭ᠍ᠰᠠᠨ ᠠᠵᠤ ᠦᠢᠯᠡᠳᠪᠤᠷᠢ᠎ᠶ᠋ᠢᠨ ᠠᠵᠤ ᠠᠬᠤᠢ᠍ᠢᠯᠠᠯ 1.3 ᠲᠦᠮᠡ᠎ᠶ᠋ᠢ ᠳᠠᠪᠠᠨ᠂ 39 ᠤᠶᠤᠨᠴᠢ ᠦᠢᠯᠡᠳᠪᠦᠷᠢ ᠪᠤᠶᠤ ᠤᠶᠤᠨᠴᠢ ᠦᠢᠯᠡᠳᠪᠦᠷᠢ᠎ᠶ᠋ᠢᠨ ᠲᠠᠰᠤᠭ᠎ᠲᠠᠢ ᠪᠤᠯᠵᠤ᠂ ᠠᠵᠤ ᠦᠢᠯᠡᠳᠪᠤᠷᠢ᠎ᠶ᠋ᠢᠨ ᠲᠤᠭᠠᠴᠢᠯᠠᠯᠳᠠ ᠪᠠ ᠤᠶᠤᠨᠴᠢᠯᠠᠯᠳᠠ᠎ᠶ᠋ᠢᠨ ᠲᠦᠪᠱᠢᠨ ᠳᠤᠭ᠍ᠳᠠᠭᠤᠨ᠎ᠢᠶᠠᠷ ᠳᠡᠭᠡᠭ᠌ᠰᠢᠯᠡᠪᠡ᠃ ᠪᠠᠰᠠ 《5G + ᠤᠶᠤᠨᠴᠢ ᠠᠭᠤᠷᠬᠠᠢ》 ᠎ᠶ᠋ᠢᠨ ᠲᠦᠯᠦᠪᠯᠡᠭᠡ᠎ᠶ᠋ᠢ ᠬᠡᠷᠡᠭ᠌ᠵᠢᠭᠦᠯᠵᠦ᠍᠂ ᠬᠤᠷᠢᠨᠭᠡᠷ ᠱᠢᠨ᠎ᠠ ᠲᠤᠭᠤᠷᠢᠭ᠎ᠲᠤ 《5G+ ᠤᠶᠤᠨᠴᠢ ᠠᠭᠤᠷᠬᠠᠢ》 ᠎ᠶ᠋ᠢᠨ ᠱᠢᠨ᠎ᠠ᠎ᠶ᠋ᠢ ᠡᠭᠦᠳᠬᠦ᠌ ᠲᠦᠪ᠎ᠢ ᠪᠠᠢᠭᠤᠯᠤᠨ᠂ ᠪᠤᠭᠤᠳᠤ ᠬᠤᠳᠠ᠎ᠳᠤ 《5G+ ᠵᠢᠯᠤᠭᠤᠴᠢ ᠦᠭᠡᠢ ᠠᠭᠤᠷᠬᠠᠢ᠎ᠶ᠋ᠢᠨ ᠮᠠᠱᠢᠨ᠎ᠤ ᠬᠠᠮᠳᠤᠷᠠᠭ᠍ᠰᠠᠨ ᠲᠤᠷᠱᠢᠯᠳᠠ᠎ᠶ᠋ᠢᠨ ᠲᠠᠰᠤᠭ》 ᠪᠠᠢᠭᠤᠯᠵᠤ᠂ ᠤᠷᠳᠤᠰ ᠬᠤᠳᠠ᠎ᠳᠤ 《5G+ ᠤᠶᠤᠨᠴᠢ ᠢᠯᠴᠢ᠎ᠶ᠋ᠢᠨ ᠴᠠᠬᠢᠯᠭᠠᠨ᠎ᠤ ᠦᠢᠯᠡᠳᠪᠤᠷᠢ》 ᠎ᠶ᠋ᠢᠨ ᠬᠠᠮᠳᠤᠷᠠᠭ᠍ᠰᠠᠨ ᠱᠢᠨ᠎ᠠ᠎ᠶ᠋ᠢ ᠡᠭᠦᠳᠬᠦ᠌ ᠦᠢᠯᠡᠳᠦᠯᠭᠡ᠎ᠶ᠋ᠢᠨ ᠰᠠᠭᠤᠷᠢᠨ᠎ᠢ ᠪᠠᠢᠭᠤᠯᠵᠤ᠂ ᠪᠦᠬᠦ᠌ ᠤᠷᠤᠨ᠎ᠤ ᠡᠨᠧᠷᠬᠢ᠎ᠶ᠋ᠢᠨ ᠠᠵᠤ ᠦᠢᠯᠡᠰ᠎ᠤᠨ ᠲᠤᠭᠠᠴᠢᠯᠠᠯᠳᠠ᠎ᠶ᠋ᠢᠨ ᠦᠭᠡᠷᠡᠴᠢᠯᠡᠯᠳᠡ ᠤᠷᠢᠳᠤ ᠭᠠᠷᠤᠭ᠎ᠠ ᠦᠬᠡᠢ ᠲᠦᠷᠬᠡᠳᠦᠭ᠌ᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号