ᠬᠥ᠋ ᠲᠢᠶᠠᠨ᠎ᠤ ᠬᠤᠷᠠᠯ
2021-08-23 11:37:27
ᠵᠣᠬᠢᠶᠠᠭ᠍ᠴᠢ᠄
ᠵᠤᠤ ᠱᠦ᠍ ᠯᠦ᠍
ᠣᠩᠱᠢᠭ᠍ᠰᠠᠨ ᠣᠳᠠᠭ᠎ᠠ᠄
★★★☆☆


ᠬᠥ᠋ ᠲᠢᠶᠠᠨ᠎ᠤ ᠬᠤᠷᠠᠯ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠤᠶ᠎ᠠ



【 ᠲᠤᠮᠳᠠᠳᠤ ᠤᠯᠤᠰ᠎ᠤᠨ ᠡᠪ ᠬᠠᠮᠳᠤᠴᠤᠤᠨ᠎ᠤᠨ ᠤᠶᠤᠨ ᠰᠠᠨᠠᠭᠠᠨ᠎ᠤ ᠴᠠᠳᠢᠭ 】


QQ截图20210823104711.png

 

1929 ᠣᠨ᠎ᠤ 12 ᠰᠠᠷ᠎ᠠ᠎ᠶ᠋ᠢᠨ 28 ᠎ᠠᠴᠠ 29 ᠎ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠤᠨ ᠳᠥᠷᠪᠡᠳᠦᠭᠡᠷ ᠠᠷᠮᠢ᠎ᠶ᠋ᠢᠨ ᠶᠢᠰᠦᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠹᠦᠵᠢᠶᠠᠨ ᠮᠤᠵᠢ᠎ᠶ᠋ᠢᠨ ᠱᠠᠩ ᠬᠠᠩ ᠱᠢᠶᠠᠨ᠎ᠤ ᠭᠦ᠋ ᠲᠢᠶᠠᠨ ᠲᠣᠰᠭᠤᠨ᠎ᠳᠤ ᠬᠤᠷᠠᠯᠳᠤᠪᠠ᠂ ᠲᠡᠦᠬᠡᠨ ᠳᠡᠭᠡᠷ᠎ᠡ ᠡᠭᠦᠨ᠎ᠢ ᠭᠦ᠋ ᠲᠢᠶᠠᠨ᠎ᠤ ᠬᠤᠷᠠᠯ ᠭᠡᠳᠡᠭ᠃ ᠲᠤᠰ ᠤᠳᠠᠭᠠᠨ᠎ᠤ ᠬᠤᠷᠠᠯ᠎ᠨᠢ ᠮᠠᠷᠺᠰ ᠯᠧᠨᠢᠨ᠎ᠤ ᠦᠵᠡᠯ᠎ᠤᠨ ᠲᠦᠭᠡᠮᠡᠯ ᠦᠨᠡᠨ ᠶᠣᠰᠣ᠎ᠶ᠋ᠢ ᠳᠤᠮᠳᠠᠳᠤ ᠤᠯᠤᠰ᠎ᠤᠨ ᠬᠤᠪᠢᠰᠭᠠᠯ᠎ᠤᠨ ᠪᠣᠳᠠᠲᠤ ᠦᠢᠯᠡᠳᠦᠯᠭᠡ᠎ᠲᠠᠢ ᠤᠶᠠᠯᠳᠤᠭᠤᠯᠵᠤ᠂ ᠮᠠᠨ᠎ᠤ ᠨᠠᠮ ᠪᠠ ᠴᠡᠷᠢᠭ ᠠᠩᠭᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠲᠡᠦᠬᠡᠨ ᠳᠡᠭᠡᠷᠡᠬᠢ ᠨᠢᠭᠡ ᠤᠳᠠᠭᠠᠨ᠎ᠤ  ᠬᠦᠱᠢᠶ᠎ᠡ ᠲᠤᠷᠠᠰᠭᠠᠯ᠎ᠤᠨ ᠠᠴᠢ ᠬᠤᠯᠪᠣᠭ᠍ᠳᠠᠯ᠎ᠲᠠᠢ ᠴᠢᠬᠤᠯᠠ ᠬᠤᠷᠠᠯᠳᠤᠭᠠᠨ ᠪᠣᠯᠤᠭ᠍ᠰᠠᠨ ᠪᠠᠢᠨ᠎ᠠ᠃  ᠬᠤᠷᠠᠯ᠎ᠠᠴᠠ ᠪᠠᠲᠤᠯᠠᠭ᠍ᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ ᠎ᠤᠨ ᠤᠯᠠᠭᠠᠨ ᠴᠡᠷᠢᠭ᠎ᠤᠨ ᠳᠥᠷᠪᠡᠳᠦᠭᠡᠷ ᠠᠷᠮᠢ᠎ᠶ᠋ᠢᠨ ᠶᠢᠰᠦᠳᠦᠭᠡᠷ ᠤᠳᠠᠭᠠᠨ᠎ᠤ  ᠲᠥᠯᠥᠭᠡᠯᠡᠭ᠌ᠴᠢᠳ ᠎ᠤᠨ ᠶᠡᠭᠡ ᠬᠤᠷᠠᠯ᠎ᠤᠨ ᠱᠢᠢᠳᠪᠦᠷᠢ᠎ᠶ᠋ᠢᠨ ᠲᠥᠰᠦᠯ》 (ᠲᠣᠪᠴᠢᠯᠠᠭᠠᠳ ᠬᠦ᠋ ᠲᠢᠶᠠᠨ᠎ᠤ ᠬᠤᠷᠠᠯ᠎ᠤᠨ ᠱᠢᠢᠳᠪᠦᠷᠢ ᠭᠡᠨ᠎ᠡ) ᠎ᠨᠢ ᠦᠵᠡᠯ ᠰᠠᠨᠠᠭ᠎ᠠ᠎ᠪᠠᠷ ᠨᠠᠮ ᠪᠠᠢᠭᠤᠯᠬᠤ᠂ ᠤᠯᠤᠰ ᠲᠦᠷᠦ᠎ᠪᠠᠷ ᠴᠡᠷᠢᠭ ᠪᠠᠢᠭᠤᠯᠬᠤ ᠵᠠᠷᠴᠢᠮ᠎ᠢ ᠪᠦᠲᠦᠭᠡᠯᠴᠢ ᠴᠢᠨᠠᠷᠲᠠᠢ᠎ᠪᠠᠷ ᠳᠤᠷᠠᠳᠤᠨ ᠭᠠᠷᠭᠠᠵᠤ᠂ ᠦᠵᠡᠯ ᠰᠠᠨᠠᠭᠠᠨ᠎ᠤ ᠲᠠᠯ᠎ᠠ᠎ᠪᠠᠷ ᠨᠠᠮ ᠪᠠᠢᠭᠤᠯᠬᠤ᠂ ᠨᠠᠮ᠎ᠤᠨ ᠦᠭᠡᠢᠭᠦᠦ ᠠᠩᠭᠢ᠎ᠶ᠋ᠢᠨ ᠬᠤᠱᠢᠭᠤᠴᠢ ᠠᠩᠭᠢ᠎ᠶ᠋ᠢᠨ ᠱᠢᠨᠵᠢ ᠴᠢᠨᠠᠷ᠎ᠢ ᠪᠠᠲᠤᠯᠠᠬᠤ ᠪᠠ ᠴᠡᠷᠢᠭ ᠠᠩᠭᠢ᠎ᠳᠠᠬᠢ ᠨᠠᠮ᠎ᠤᠨ ᠬᠠᠷᠢᠴᠠᠯᠠᠱᠢᠬᠦᠢ ᠤᠳᠤᠷᠢᠳᠤᠯᠭ᠎ᠠ᠎ᠶ᠋ᠢ ᠪᠡᠶᠡᠯᠡᠭᠦᠯᠬᠦ᠌ ᠱᠢᠨ᠎ᠡ ᠮᠠᠶᠢᠭ᠎ᠤᠨ ᠠᠷᠠᠳ᠎ᠤᠨ ᠴᠡᠷᠢᠭ ᠠᠩᠭᠢ᠎ᠪᠠᠷ ᠭᠤᠣᠯ ᠠᠭᠤᠯᠤᠭ᠍ᠳᠠᠬᠤᠨ ᠪᠣᠯᠭᠠᠭ᠍ᠰᠠᠨ ᠬᠦ᠋ ᠲᠢᠶᠠᠨ᠎ᠤ ᠬᠤᠷᠠᠯ᠎ᠤᠨ ᠵᠣᠷᠢᠭ ᠰᠠᠨᠠᠭ᠎ᠠ᠎ᠶ᠋ᠢ ᠪᠤᠢ ᠪᠣᠯᠭᠠᠵᠠᠢ᠃

ᠬᠥ᠋ ᠲᠢᠶᠠᠨ᠎ᠤ ᠬᠤᠷᠠᠯ᠎ᠨᠢ ᠨᠠᠮ᠎ᠤᠨ ᠦᠵᠡᠯ ᠰᠠᠨᠠᠭᠠᠨ᠎ᠤ ᠪᠠᠢᠭᠤᠯᠤᠯᠲᠠ᠎ᠶ᠋ᠢ ᠨᠠᠮ᠎ᠤᠨ ᠪᠠᠢᠭᠤᠯᠤᠯᠲᠠ᠎ᠶ᠋ᠢᠨ ᠲᠣᠪᠤᠢᠮ᠎ᠠ ᠪᠠᠢᠷᠢᠨ᠎ᠳᠤ ᠲᠠᠯᠪᠢᠵᠤ᠂ ᠨᠠᠮ᠎ᠤᠨ ᠣᠯᠠᠨ ᠲᠦᠮᠡᠨᠴᠢ ᠰᠠᠭᠤᠷᠢ᠎ᠶ᠋ᠢ ᠥᠷᠭᠡᠳᠭᠡᠭ᠌ᠰᠡᠨ ᠪᠦᠭᠡᠳ ᠨᠠᠮ᠎ᠤᠨ ᠦᠭᠡᠢᠭᠦᠦ ᠠᠩᠭᠢ᠎ᠶ᠋ᠢᠨ ᠬᠤᠱᠢᠭᠤᠴᠢ ᠠᠩᠭᠢ᠎ᠶ᠋ᠢᠨ ᠱᠢᠨᠵᠢ ᠴᠢᠨᠠᠷ᠎ᠢ ᠪᠠᠲᠤᠯᠠᠬᠤ ᠠᠰᠠᠭᠤᠳᠠᠯ᠎ᠢ  ᠱᠢᠢᠳᠪᠦᠷᠢᠯᠡᠪᠡ᠃ ᠬᠥ᠋ ᠲᠢᠶᠠᠨ᠎ᠤ ᠬᠤᠷᠠᠯ᠎ᠤᠨ ᠱᠢᠢᠳᠪᠦᠷᠢ᠎ᠳᠤ ᠨᠠᠮ᠎ᠤᠨ ᠦᠵᠡᠯ ᠰᠠᠨᠠᠭᠠᠨ᠎ᠤ ᠪᠠᠢᠭᠤᠯᠤᠯᠲᠠ᠎ᠶ᠋ᠢ ᠴᠢᠩᠭᠠᠳᠭᠠᠬᠤ᠎ᠶ᠋ᠢᠨ ᠴᠢᠬᠤᠯᠠ ᠴᠢᠨᠠᠷ ᠪᠠ ᠲᠤᠯᠭᠠᠮ ᠴᠢᠨᠠᠷ᠎ᠢ ᠭᠦᠨᠵᠡᠭᠡᠶ ᠲᠣᠳᠣᠷᠬᠠᠢᠯᠠᠨ ᠥᠭᠦᠯᠡᠵᠦ᠍᠄ 《ᠤᠯᠠᠭᠠᠨ ᠴᠡᠷᠢᠭ᠎ᠤᠨ ᠳᠥᠷᠪᠡᠳᠦᠭᠡᠷ ᠠᠷᠮᠢ᠎ᠶ᠋ᠢᠨ ᠡᠪ ᠬᠠᠮᠲᠤ ᠨᠠᠮ᠎ᠤᠨ ᠳᠣᠲᠣᠭᠠᠳᠤ᠎ᠳᠤ ᠡᠯ᠎ᠡ ᠵᠦᠢᠯ᠎ᠤᠨ ᠦᠭᠡᠢᠭᠦᠦ ᠠᠩᠬᠢ᠎ᠶ᠋ᠢᠨ ᠪᠤᠰᠤ ᠦᠵᠡᠯ ᠰᠠᠨᠠᠭ᠎ᠠ ᠣᠷᠣᠱᠢᠵᠤ ᠪᠠᠢᠨ᠎ᠠ᠂ ᠡᠨᠡ᠎ᠨᠢ ᠨᠠᠮ᠎ᠤᠨ ᠵᠥᠪ ᠱᠤᠭᠤᠮ᠎ᠢ ᠬᠡᠷᠡᠭ᠌ᠵᠢᠭᠦᠯᠬᠦ᠌᠎ᠳᠤ ᠲᠦᠢᠯ᠎ᠤᠨ ᠶᠡᠭᠡ ᠬᠠᠷᠰᠢ ᠰᠠᠭᠠᠳ ᠪᠤᠯᠵᠤ ᠪᠠᠢᠨ᠎ᠠ》 ᠬᠡᠵᠤ ᠵᠢᠭᠠᠨ ᠭᠠᠷᠭᠠᠪᠠ᠃ ᠬᠥ᠋ ᠲᠢᠶᠠᠨ᠎ᠤ ᠬᠤᠷᠠᠯ᠎ᠤᠨ ᠱᠢᠢᠳᠪᠦᠷᠢ᠎ᠳᠤ᠂ 《ᠮᠠᠷᠺᠰ ᠯᠧᠨᠢᠨ᠎ᠤ ᠦᠵᠡᠯ᠎ᠤᠨ ᠠᠷᠭ᠎ᠠ᠎ᠪᠠᠷ ᠤᠯᠤᠰ ᠲᠦᠷᠦ᠎ᠶ᠋ᠢᠨ ᠪᠠᠢᠳᠠᠯ᠎ᠳᠤ ᠵᠠᠳᠠᠯᠤᠯᠲᠠ ᠬᠢᠬᠦ᠌ ᠪᠠ ᠠᠩᠬᠢ ᠲᠠᠪᠬᠤᠷᠭ᠎ᠠ᠎ᠶ᠋ᠢᠨ ᠬᠦᠴᠦᠨ᠎ᠳᠤ ᠦᠨᠡᠯᠡᠨ ᠵᠢᠱ᠌ᠢᠯᠳᠡ ᠬᠢᠬᠦ᠌᠎ᠶ᠋ᠢ ᠨᠠᠮ᠎ᠤᠨ ᠭᠡᠱᠢᠭᠦᠳ᠎ᠲᠤ ᠵᠢᠭᠠᠨ ᠰᠤᠷᠭᠠᠵᠤ》᠂ ᠪᠠᠰᠠ 《ᠨᠡᠢᠭᠡᠮ᠎ᠤᠨ ᠠᠵᠤ ᠠᠬᠤᠶ᠎ᠶ᠋ᠢᠨ ᠪᠠᠢᠴᠠᠭᠠᠯᠲᠠ ᠪᠠ ᠰᠤᠳᠤᠯᠭᠠᠨ᠎ᠢ ᠠᠩᠬᠠᠷᠴᠤ᠌᠂ ᠡᠭᠦᠨ᠎ᠢᠶᠠᠷ ᠲᠡᠮᠡᠴᠡᠯ᠎ᠤᠨ ᠠᠷᠭ᠎ᠠ ᠪᠤᠳᠤᠯᠭ᠎ᠠ ᠪᠠ ᠠᠵᠢᠯ᠎ᠤᠨ ᠠᠷᠭ᠎ᠠ᠎ᠪᠠᠨ ᠲᠣᠭ᠍ᠲᠠᠭᠠᠬᠤ ᠬᠡᠷᠡᠭ᠌ᠲᠡᠶ》 ᠭᠡᠵᠦ᠍ ᠴᠢᠬᠤᠯᠠᠴᠢᠯᠠᠪᠠ᠃ ᠬᠥᠮᠦᠵᠢᠯ ᠬᠢᠬᠦ᠌᠎ᠪᠠᠷ ᠳᠠᠮᠵᠢᠭᠤᠯᠤᠨ 《ᠨᠠᠮ᠎ᠤᠨ ᠭᠡᠱᠢᠭᠦᠨ᠎ᠤ ᠦᠵᠡᠯ ᠰᠠᠨᠠᠭ᠎ᠠ ᠪᠠ ᠨᠠᠮ᠎ᠤᠨ ᠳᠣᠲᠣᠭᠠᠳᠤ᠎ᠶ᠋ᠢᠨ ᠠᠮᠢᠳᠤᠷᠠᠯ᠎ᠢ ᠴᠥᠮ ᠤᠯᠤᠰ ᠲᠦᠷᠦᠴᠢᠯᠡᠵᠦ᠍᠂ ᠱᠢᠨᠵᠢᠯᠡᠬᠦ᠌ ᠤᠬᠠᠭᠠᠨᠴᠢᠯᠠᠬᠤ》 ᠬᠡᠷᠡᠭ᠌ᠲᠡᠢ ᠭᠡᠵᠦ᠍ ᠴᠢᠬᠤᠯᠠᠴᠢᠯᠡᠪᠡ᠃

ᠭᠦ᠋ ᠲᠢᠶᠠᠨ᠎ᠤ ᠬᠤᠷᠠᠯ᠎ᠠᠴᠠ ᠨᠠᠮ᠎ᠤᠨ ᠦᠵᠡᠯ ᠰᠠᠨᠠᠭᠠᠨ᠎ᠤ ᠪᠠᠢᠭᠤᠯᠤᠯᠲᠠ ᠪᠣᠯ ᠭᠦᠨ ᠭᠦᠨᠵᠡᠭᠡᠶ ᠠᠬᠤᠶ ᠪᠠᠢᠳᠠᠯ ᠪᠠ ᠱᠢᠯᠲᠠᠭᠠᠨ᠎ᠲᠠᠢ ᠶᠤᠮ ᠭᠡᠵᠦ᠍ ᠣᠨᠴᠠᠭᠠᠢᠯᠠᠨ ᠴᠢᠬᠤᠯᠠᠴᠢᠯᠠᠵᠠᠢ᠃ ᠬᠦ᠋ ᠲᠢᠶᠠᠨ᠎ᠤ ᠬᠤᠷᠠᠯ᠎ᠨᠢ ᠡᠪ ᠬᠠᠮᠲᠤ ᠨᠠᠮ᠎ᠤᠨ ᠳᠣᠲᠣᠭᠠᠳᠤ᠎ᠳᠤ ᠣᠷᠣᠱᠢᠵᠤ ᠪᠠᠢᠭ᠎ᠠ ᠡᠯ᠎ᠡ ᠵᠦᠢᠯ᠎ᠤᠨ ᠦᠭᠡᠢᠭᠦᠦ ᠠᠩᠬᠢ᠎ᠶ᠋ᠢᠨ ᠪᠤᠰᠤ ᠦᠵᠡᠯ ᠰᠠᠨᠠᠭ᠎ᠠ᠎ᠶ᠋ᠢ ᠵᠠᠳᠠᠯᠵᠤ᠂ ᠪᠤᠢ ᠪᠣᠯᠤᠭ᠍ᠰᠠᠨ ᠦᠨᠳᠦᠰᠦ ᠰᠤᠷᠪᠤᠯᠵᠢ᠂ ᠬᠤᠣᠷ ᠬᠥᠨᠥᠭᠡᠯ ᠪᠣᠯᠤᠨ ᠵᠠᠯᠠᠷᠠᠭᠤᠯᠬᠤ ᠠᠷᠭ᠎ᠠ ᠬᠡᠮᠵᠢᠶ᠎ᠡ᠎ᠶ᠋ᠢ ᠵᠢᠭᠠᠵᠤ ᠭᠠᠷᠭᠠᠪᠠ᠃ ᠬᠤᠷᠠᠯ᠎ᠠᠴᠠ᠄ 《ᠤᠯᠠᠭᠠᠨ ᠴᠡᠷᠢᠭ᠎ᠤᠨ ᠨᠠᠮ᠎ᠤᠨ ᠳᠣᠲᠣᠭᠠᠳᠤ᠎ᠶ᠋ᠢᠨ ᠬᠠᠮᠤᠭ᠎ᠤᠨ ᠲᠤᠯᠭᠠᠮ ᠠᠰᠠᠭᠤᠳᠠᠯ ᠪᠣᠯ ᠰᠤᠷᠭᠠᠨ ᠬᠥᠮᠦᠵᠢᠯ᠎ᠤᠨ ᠠᠰᠠᠭᠤᠳᠠᠯ ᠪᠣᠯᠤᠨ᠎ᠠ᠃ ᠤᠯᠠᠭᠠᠨ ᠴᠡᠷᠢᠭ᠎ᠢ ᠲᠡᠭᠦᠯᠳᠡᠷᠵᠢᠭᠦᠯᠬᠦ᠌ ᠪᠠ ᠥᠷᠭᠡᠳᠭᠡᠬᠦ᠌᠎ᠶ᠋ᠢᠨ ᠲᠥᠯᠥᠭᠡ᠂ ᠲᠡᠮᠡᠴᠡᠯ᠎ᠤᠨ ᠡᠭᠦᠷᠭᠡ᠎ᠶ᠋ᠢ ᠳᠠᠭᠠᠭᠠᠵᠤ ᠠᠪᠬᠤ᠎ᠶ᠋ᠢᠨ ᠲᠥᠯᠥᠭᠡ᠂ ᠨᠠᠮ᠎ᠤᠨ ᠳᠣᠲᠣᠷᠠᠬᠢ ᠬᠥᠮᠦᠵᠢᠯ᠎ᠠᠴᠠ ᠡᠬᠢᠯᠡᠵᠦ᠍ ᠬᠢᠬᠦ᠌ ᠬᠡᠷᠡᠭ᠌ᠲᠡᠢ》 ᠬᠡᠵᠤ ᠵᠢᠭᠠᠨ ᠭᠠᠷᠭᠠᠪᠠ᠃

ᠨᠠᠮ᠎ᠤᠨ ᠵᠠᠭᠤᠨ ᠵᠢᠯ᠎ᠤᠨ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢᠨ ᠲᠡᠦᠬᠡ᠎ᠶ᠋ᠢ ᠡᠷᠭᠢᠴᠡᠭᠦᠯᠪᠡᠯ᠂ ᠬᠦ᠋ ᠲᠢᠶᠠᠨ᠎ᠤ ᠬᠤᠷᠠᠯ᠎ᠤᠨ ᠱᠢᠢᠳᠪᠦᠷᠢ᠎ᠳᠤ ᠦᠵᠡᠯ ᠰᠠᠨᠠᠭᠠᠨ᠎ᠤ ᠲᠠᠯ᠎ᠠ᠎ᠪᠠᠷ ᠨᠠᠮ ᠪᠠᠢᠭᠤᠯᠬᠤ ᠦᠨᠳᠦᠰᠦᠨ ᠵᠠᠷᠴᠢᠮ᠎ᠢ ᠲᠣᠭ᠍ᠲᠠᠭᠠᠵᠤ᠂ ᠲᠦᠷᠢᠮ ᠪᠠ ᠪᠣᠳᠠᠲᠠᠢ ᠠᠷᠭ᠎ᠠ᠎ᠶ᠋ᠢᠨ ᠲᠠᠯ᠎ᠠ᠎ᠪᠠᠷ ᠨᠠᠮ᠎ᠤᠨ ᠭᠡᠱᠢᠭᠦᠨ᠎ᠤ ᠦᠵᠡᠯ ᠰᠠᠨᠠᠭ᠎ᠠ ᠤᠯᠤᠰ ᠲᠦᠷᠦ᠎ᠶ᠋ᠢᠨ ᠬᠥᠮᠦᠵᠢᠯ᠎ᠢ ᠲᠣᠳᠣᠷᠬᠠᠢᠯᠠᠵᠤ᠂ ᠨᠠᠮ᠎ᠤᠨ ᠭᠡᠱᠢᠭᠦᠨ ᠡᠯᠰᠡᠬᠦ᠌ ᠠᠰᠠᠭᠤᠳᠠᠯ᠎ᠤᠨ ᠲᠠᠯ᠎ᠠ᠎ᠪᠠᠷ᠎ᠬᠢ ᠪᠦᠷᠢᠯᠳᠦᠬᠦᠨ᠎ᠢ ᠯᠡ ᠡᠷᠬᠢᠮᠯᠡᠬᠦ᠌ ᠤᠨᠤᠯ᠎ᠢ ᠡᠪᠳᠡᠭ᠌ᠰᠡᠨ ᠪᠠᠢᠨ᠎ᠠ᠂ ᠡᠨᠡ ᠪᠣᠯ ᠮᠠᠤ ᠽᠧ ᠳ᠋ᠦᠩ ᠨᠥᠬᠦᠷ᠎ᠢᠶᠠᠷ ᠭᠤᠣᠯ ᠲᠥᠯᠥᠭᠡᠯᠡᠭ᠌ᠴᠢ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤᠴᠤᠳ ᠮᠠᠷᠺᠰ᠎ᠤᠨ ᠦᠵᠡᠯ᠎ᠤᠨ ᠭᠤᠣᠯ ᠦᠨᠳᠦᠰᠦᠯᠡᠯ᠎ᠢ ᠬᠡᠷᠡᠭ᠌ᠯᠡᠨ ᠳᠤᠮᠳᠠᠳᠤ ᠤᠯᠤᠰ᠎ᠤᠨ ᠤᠯᠤᠰ᠎ᠤᠨ ᠪᠠᠢᠳᠠᠯ᠎ᠢ ᠵᠠᠳᠠᠯᠤᠨ ᠱᠢᠨᠵᠢᠯᠡᠵᠦ᠍᠂ ᠳᠤᠮᠳᠠᠳᠤ ᠤᠯᠤᠰ᠎ᠤᠨ ᠬᠤᠪᠢᠰᠭᠠᠯ᠎ᠤᠨ ᠵᠠᠮ᠎ᠢ ᠪᠡᠶ᠎ᠡ᠎ᠪᠠᠨ ᠳᠠᠭᠠᠭᠠᠵᠤ ᠡᠵᠡᠨ ᠮᠡᠳᠡᠨ ᠬᠠᠢᠨ ᠰᠦᠪᠡᠭ᠌ᠴᠢᠯᠡᠭ᠌ᠰᠡᠨ ᠨᠢᠭᠡ ᠤᠳᠠᠭᠠᠨ᠎ᠤ ᠲᠦᠢᠯ᠎ᠤᠨ ᠴᠢᠬᠤᠯᠠ ᠰᠦᠪᠡᠭ᠌ᠴᠢᠯᠡᠯᠲᠡ ᠪᠠ ᠦᠢᠯᠡᠳᠦᠯᠭᠡ ᠮᠥᠨ᠃

ᠬᠥ᠋ ᠲᠢᠶᠠᠨ᠎ᠤ ᠬᠤᠷᠠᠯ᠎ᠳᠤ ᠨᠠᠮ᠎ᠠᠴᠠ ᠴᠡᠷᠢᠭ ᠠᠩᠭᠢ᠎ᠶ᠋ᠢ ᠬᠠᠷᠢᠴᠠᠯᠠᠰᠢ ᠦᠭᠡᠶ ᠤᠳᠤᠷᠢᠳᠭᠤ ᠵᠠᠷᠴᠢᠮ᠎ᠢ ᠲᠣᠭ᠍ᠲᠠᠭᠠᠵᠤ᠂ ᠬᠡᠷᠬᠢᠨ ᠲᠠᠷᠢᠶᠠᠴᠢᠨ᠎ᠢᠶᠠᠷ ᠭᠤᠣᠯ ᠪᠦᠷᠢᠯᠳᠦᠬᠦᠨ ᠪᠣᠯᠭᠠᠭ᠍ᠰᠠᠨ ᠴᠡᠷᠢᠭ ᠠᠩᠭᠢ᠎ᠶ᠋ᠢ ᠨᠠᠮ᠎ᠤᠨ ᠤᠳᠤᠷᠢᠳᠤᠯᠭ᠎ᠠ ᠳᠣᠣᠷᠠᠬᠢ ᠱᠢᠨ᠎ᠡ ᠮᠠᠶᠢᠭ᠎ᠤᠨ ᠠᠷᠠᠳ᠎ᠤᠨ ᠴᠡᠷᠢᠭ ᠠᠩᠭᠢ ᠪᠣᠯᠭᠠᠨ ᠪᠠᠢᠭᠤᠯᠬᠤ ᠠᠰᠠᠭᠤᠳᠠᠯ᠎ᠢ  ᠱᠢᠢᠳᠪᠦᠷᠢᠯᠡᠪᠡ᠃ ᠴᠡᠷᠢᠭ ᠠᠩᠬᠢ᠎ᠶ᠋ᠢ ᠬᠡᠨ ᠤᠳᠤᠷᠢᠳᠴᠤ᠌᠂ ᠬᠡᠨ᠎ᠤ ᠵᠢᠯᠤᠭᠤᠳᠤᠯᠭ᠎ᠠ᠎ᠶ᠋ᠢ ᠲᠠᠭᠠᠬᠤ᠎ᠨᠢ ᠴᠡᠷᠢᠭ ᠠᠩᠬᠢ᠎ᠶ᠋ᠢᠨ ᠪᠦᠲᠦᠭᠡᠨ ᠪᠠᠢᠭᠤᠯᠤᠯᠲᠠ᠎ᠳᠤ ᠠᠪᠴᠤ᠌ ᠬᠡᠯᠡᠪᠡᠯ ᠨᠢᠭᠡᠨ ᠦᠨᠳᠦᠰᠦᠨ ᠴᠢᠨᠠᠷᠲᠠᠢ ᠠᠰᠠᠭᠤᠳᠠᠯ ᠮᠥᠨ᠂ ᠮᠥᠨ ᠴᠦ᠍ ᠠᠩᠬᠠᠳᠤᠭᠠᠷ ᠤᠳᠠᠭᠠᠨ᠎ᠤ ᠭᠤᠮᠢᠨᠳᠠᠩ ᠡᠪ ᠬᠠᠮᠲᠤ ᠨᠠᠮ᠎ᠤᠨ ᠬᠠᠮᠲᠤᠷᠠᠯᠴᠠᠭ᠎ᠠ ᠡᠪᠳᠡᠭ᠌ᠳᠡᠵᠦ᠍᠂ ᠶᠡᠭᠡ ᠬᠤᠪᠢᠰᠭᠠᠯ ᠢᠯᠠᠭ᠍ᠳᠠᠭ᠍ᠰᠠᠨ᠎ᠠᠴᠠ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠠᠪᠴᠢᠷᠠᠭ᠍ᠰᠠᠨ ᠬᠠᠷᠠᠰᠠᠯᠳᠤ ᠰᠤᠷᠭᠠᠮᠵᠢ᠎ᠶ᠋ᠢᠨ ᠨᠢᠭᠡ ᠮᠥᠨ᠃ ᠬᠥ᠋ ᠲᠢᠶᠠᠨ᠎ᠤ ᠬᠤᠷᠠᠯ᠎ᠤᠨ ᠱᠢᠢᠳᠪᠦᠷᠢ᠎ᠶ᠋ᠢᠨ ᠭᠤᠣᠯ ᠠᠭᠤᠯᠭ᠎ᠠ ᠪᠣᠯ ᠴᠡᠷᠢᠭ᠎ᠤᠨ ᠶᠠᠪᠤᠳᠠᠯ ᠪᠣᠯᠤᠨ ᠤᠯᠤᠰ ᠲᠥᠷᠥ᠎ᠶ᠋ᠢᠨ ᠬᠠᠷᠢᠴᠠᠭ᠎ᠠ᠎ᠶ᠋ᠢ ᠵᠥᠪ᠎ᠢᠶᠠᠷ ᠱᠢᠢᠳᠪᠦᠷᠢᠯᠡᠵᠦ᠍᠂ ᠴᠡᠷᠢᠭ ᠠᠩᠭᠢ᠎ᠳᠠᠬᠢ ᠨᠠᠮ᠎ᠤᠨ ᠬᠠᠷᠢᠴᠠᠯᠠᠰᠢ ᠦᠭᠡᠶ ᠤᠳᠤᠷᠢᠳᠤᠯᠭ᠎ᠠ᠎ᠶ᠋ᠢ ᠲᠣᠭ᠍ᠲᠠᠭᠠᠬᠤ ᠶᠠᠪᠤᠳᠠᠯ ᠪᠣᠯᠤᠨ᠎ᠠ᠃

ᠬᠥ᠋ ᠲᠢᠶᠠᠨ᠎ᠤ ᠬᠤᠷᠠᠯ᠎ᠨᠢ ᠤᠯᠤᠰ ᠲᠥᠷᠥ᠍᠂ ᠦᠵᠡᠯ ᠰᠠᠨᠠᠭ᠎ᠠ᠂ ᠵᠣᠬᠢᠶᠠᠨ ᠪᠠᠢᠭᠤᠯᠤᠯᠲᠠ᠎ᠶ᠋ᠢᠨ ᠲᠠᠯ᠎ᠠ᠎ᠪᠠᠷ ᠨᠠᠮ᠎ᠠᠴᠠ ᠴᠡᠷᠢᠭ ᠠᠩᠭᠢ᠎ᠶ᠋ᠢ ᠤᠳᠤᠷᠢᠳᠭᠤ ᠦᠨᠳᠦᠰᠦᠨ ᠵᠠᠷᠴᠢᠮ ᠪᠠ ᠳᠦᠷᠢᠮ᠎ᠢ ᠲᠣᠭ᠍ᠲᠠᠭᠠᠭ᠍ᠰᠠᠨ᠎ᠨᠢ ᠪᠠᠰᠠ ᠭᠦᠨ ᠭᠦᠨᠵᠡᠭᠡᠶ ᠠᠬᠤᠶ ᠪᠠᠢᠳᠠᠯ᠎ᠲᠠᠢ ᠶᠤᠮ᠃ ᠬᠥ᠋ ᠲᠢᠶᠠᠨ᠎ᠤ ᠬᠤᠷᠠᠯ᠎ᠠᠴᠠ ᠡᠮᠦᠨ᠎ᠡ᠂ 《ᠳᠠᠩ ᠭᠠᠭ᠍ᠴᠠ ᠴᠡᠷᠢᠭ᠎ᠤᠨ ᠶᠠᠪᠤᠳᠠᠯ᠎ᠤᠨ ᠦᠵᠡᠯᠲᠡ᠎ᠨᠢ ᠤᠯᠠᠭᠠᠨ ᠴᠡᠷᠢᠭ᠎ᠤᠨ ᠨᠢᠭᠡ ᠪᠦᠯᠦᠭ ᠨᠥᠬᠦᠳ᠎ᠤᠨ ᠳᠤᠮᠳᠠ ᠶᠡᠭᠡ᠎ᠪᠠᠷ ᠬᠥᠭ᠌ᠵᠢᠵᠦ᠍》 《ᠤᠯᠠᠭᠠᠨ ᠴᠡᠷᠢᠭ᠎ᠤᠨ ᠡᠭᠦᠷᠭᠡ᠎ᠨᠢ ᠴᠠᠭᠠᠨ᠎ᠤ ᠴᠡᠷᠢᠭ᠎ᠲᠠᠢ ᠠᠳᠠᠯᠢᠪᠲᠤᠷ᠂ ᠵᠥᠪᠬᠡᠨ ᠳᠠᠩ ᠭᠠᠭ᠍ᠴᠠ ᠪᠠᠢᠯᠳᠤᠭᠠᠨ ᠬᠢᠳᠡᠭ᠂ ᠤᠯᠠᠭᠠᠨ ᠴᠡᠷᠢᠭ᠎ᠤᠨ ᠡᠭᠦᠷᠭᠡ᠎ᠶ᠋ᠢ ᠮᠡᠳᠡᠬᠦ᠌ ᠦᠭᠡᠶ᠂ ᠤᠳᠭ᠎ᠠ ᠠᠭᠤᠯᠭ᠎ᠠ ᠳᠡᠭᠡᠷ᠎ᠡ᠎ᠪᠠᠨ ᠠᠩᠭᠢ᠎ᠶ᠋ᠢᠨ ᠤᠯᠤᠰ ᠲᠥᠷᠥ᠎ᠶ᠋ᠢᠨ ᠡᠭᠦᠷᠭᠡ᠎ᠶ᠋ᠢ ᠭᠦᠢᠴᠡᠳᠭᠡᠳᠡᠭ ᠵᠡᠪᠰᠡᠭ᠌ᠲᠦ ᠪᠦᠯᠦᠭ》 ᠭᠡᠵᠦ᠍ ᠦᠵᠡᠵᠦ᠍ ᠪᠠᠢᠪᠠ᠃ 1929 ᠣᠨ᠎ᠤ 5 ᠰᠠᠷ᠎ᠠ᠎ᠶ᠋ᠢᠨ ᠰᠡᠭᠦᠯᠴᠢ᠎ᠠᠴᠠ 6 ᠰᠠᠷ᠎ᠠ᠎ᠶ᠋ᠢᠨ ᠡᠬᠢ ᠪᠣᠯᠲᠠᠯ᠎ᠠ᠂ ᠤᠯᠠᠭᠠᠨ ᠳᠥᠷᠪᠡᠳᠦᠭᠡᠷ ᠠᠷᠮᠢ᠎ᠶ᠋ᠢᠨ ᠡᠮᠦᠨ᠎ᠡ ᠹᠷᠣᠨᠲ᠎ᠤᠨ ᠨᠠᠮ᠎ᠤᠨ ᠬᠤᠷᠢᠶ᠎ᠠ᠎ᠶ᠋ᠢᠨ ᠥᠷᠭᠡᠳᠭᠡᠭ᠌ᠰᠡᠨ ᠬᠤᠷᠠᠯ᠎ᠢ ᠬᠤᠷᠠᠯᠳᠤᠭᠤᠯᠵᠤ᠂ ᠮᠠᠤ ᠽᠧ ᠳ᠋ᠦᠩ ᠤᠯᠠᠭᠠᠨ ᠳᠥᠷᠪᠡᠳᠦᠭᠡᠷ ᠠᠷᠮᠢ᠎ᠶ᠋ᠢᠨ ᠡᠮᠦᠨ᠎ᠡ ᠹᠷᠣᠨᠲ᠎ᠤᠨ ᠬᠤᠷᠢᠶ᠎ᠠ᠎ᠶ᠋ᠢᠨ ᠱᠦᠵᠢ᠎ᠶ᠋ᠢᠨ ᠬᠤᠪᠢ᠎ᠪᠠᠷ᠂ ᠤᠯᠠᠭᠠᠨ ᠳᠥᠷᠪᠡᠳᠦᠭᠡᠷ ᠠᠷᠮᠢ᠎ᠶ᠋ᠢᠨ ᠨᠠᠮ᠎ᠤᠨ ᠳᠣᠲᠣᠭᠠᠳᠤ᠎ᠳᠤ ᠣᠷᠣᠱᠢᠵᠤ ᠪᠠᠢᠭ᠎ᠠ ᠲᠠᠷᠢᠶᠠᠴᠢᠨ᠂ ᠲᠡᠨᠦᠭᠦᠯ ᠠᠷᠠᠳ᠂ ᠵᠢᠵᠢᠭ ᠬᠥᠷᠥᠩᠭᠡᠲᠡᠨ ᠠᠩᠬᠢ᠎ᠶ᠋ᠢᠨ ᠵᠥᠪ ᠪᠤᠰᠤ ᠦᠵᠡᠯ ᠰᠠᠨᠠᠭ᠎ᠠ᠎ᠶ᠋ᠢ ᠡᠷᠬᠡᠪᠰᠢ ᠥᠴᠦᠬᠡᠨ ᠴᠦ᠍ ᠲᠠᠲᠠᠭᠠᠯᠵᠠᠯ ᠦᠭᠡᠢ᠎ᠪᠠᠷ ᠡᠰᠡᠷᠭᠦᠴᠡᠬᠦ᠌ ᠬᠡᠷᠡᠭ᠌ᠲᠡᠢ ᠭᠡᠵᠦ᠍ ᠳᠤᠷᠠᠳᠪᠠ᠃ ᠭᠡᠪᠡᠴᠦ᠍ ᠡᠨᠡ ᠬᠦ᠌ ᠵᠥᠪ ᠵᠣᠷᠢᠯᠲᠠ᠎ᠶ᠋ᠢ ᠬᠦᠯᠢᠶᠡᠨ ᠠᠪᠴᠤ᠌ ᠬᠡᠷᠡᠭ᠌ᠯᠡᠭ᠌ᠰᠡᠨ ᠦᠭᠡᠢ᠃ 1929 ᠣᠨ᠎ᠤ 8 ᠰᠠᠷ᠎ᠠ᠎ᠳᠤ᠂ ᠴᠧᠨ ᠢ ᠱᠠᠩᠬᠠᠢ᠎ᠳᠤ ᠬᠦᠷᠴᠦ᠍ ᠲᠥᠪ ᠬᠤᠷᠢᠶ᠎ᠠ᠎ᠳᠤ ᠤᠯᠠᠭᠠᠨ ᠳᠥᠷᠪᠡᠳᠦᠭᠡᠷ ᠠᠷᠮᠢ᠎ᠶ᠋ᠢᠨ ᠠᠵᠢᠯ ᠵᠢᠴᠢ ᠮᠠᠷᠭᠤᠯᠳᠤᠭᠠᠨ᠎ᠤ ᠪᠠᠢᠳᠠᠯ᠎ᠢ ᠬᠠᠷᠢᠭᠤ ᠮᠡᠳᠡᠭᠦᠯᠪᠡ᠃ 9 ᠰᠠᠷ᠎ᠠ᠎ᠶ᠋ᠢᠨ 28 ᠎ᠤ ᠡᠳᠦᠷ᠂ ᠲᠥᠪ ᠬᠤᠷᠢᠶ᠎ᠠ᠎ᠠᠴᠠ ᠵᠧᠦ ᠡᠸᠨ ᠯᠠᠶ᠎ᠶ᠋ᠢᠨ ᠭᠤᠣᠯᠯᠠᠨ ᠲᠤᠭᠤᠷᠪᠢᠭ᠍ᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠠᠴᠠ ᠤᠯᠠᠭᠠᠨ ᠴᠡᠷᠢᠭ᠎ᠤᠨ ᠳᠥᠷᠪᠡᠳᠦᠭᠡᠷ ᠠᠷᠮᠢ᠎ᠶ᠋ᠢᠨ ᠡᠮᠦᠨ᠎ᠡ ᠹᠷᠣᠨᠲ᠎ᠤᠨ ᠨᠠᠮ᠎ᠤᠨ ᠬᠤᠷᠢᠶ᠎ᠠ᠎ᠳᠤ ᠥᠭ᠌ᠭᠦᠭ᠌ᠰᠡᠨ ᠵᠢᠭᠠᠪᠤᠷᠢ᠎ᠶ᠋ᠢᠨ ᠵᠠᠬᠢᠳᠠᠯ》 (ᠳᠠᠷᠤᠶ ᠶᠢᠰᠦᠳᠦᠭᠡᠷ ᠰᠠᠷ᠎ᠠ᠎ᠳᠤ ᠢᠷᠡᠬᠦᠯᠦᠭ᠌ᠰᠡᠨ ᠵᠠᠬᠢᠳᠠᠯ) ᠎ᠢ ᠲᠠᠷᠬᠠᠭᠠᠵᠤ᠄ 《ᠤᠯᠠᠭᠠᠨ ᠴᠡᠷᠢᠭ᠎ᠤᠨ ᠢᠷᠡᠯᠳᠡ᠎ᠨᠢ ᠭᠠᠭ᠍ᠴᠠ ᠬᠦ᠌ ᠥᠷᠭᠡᠨ ᠤᠯᠠᠨ ᠶᠠᠳᠠᠭᠤᠷᠠᠭ᠍ᠰᠠᠨ ᠲᠠᠷᠢᠶᠠᠴᠢᠨ᠎ᠢ ᠬᠤᠷᠢᠶᠠᠨ ᠠᠪᠤᠨ᠎ᠠ᠂ ᠡᠢᠮᠦᠷᠬᠦᠦ ᠲᠠᠷᠢᠶᠠᠴᠢᠳ᠎ᠲᠤ ᠦᠭᠡᠢᠭᠦᠦ ᠠᠩᠬᠢ᠎ᠶ᠋ᠢᠨ ᠪᠤᠰᠤ ᠦᠵᠡᠯ ᠤᠬᠠᠮᠰᠠᠷ᠎ᠤᠨ ᠢᠯᠡᠷᠡᠯ ᠲᠦᠢᠯ᠎ᠤᠨ ᠬᠦᠨᠳᠦ ᠨᠣᠴᠢᠲᠠᠶ ᠪᠠᠢᠬᠤ᠎ᠨᠢ ᠶᠠᠷᠢᠶᠠᠨ ᠦᠭᠡᠢ᠂ ᠭᠡᠪᠡᠴᠦ᠍ ᠭᠠᠭ᠍ᠴᠠ ᠬᠦ᠌ ᠦᠭᠡᠢᠭᠦᠦ ᠠᠩᠬᠢ᠎ᠶ᠋ᠢᠨ ᠦᠵᠡᠯ ᠤᠬᠠᠮᠰᠠᠷ᠎ᠤᠨ ᠤᠳᠤᠷᠢᠳᠤᠯᠭ᠎ᠠ᠎ᠶ᠋ᠢ ᠴᠢᠩᠭᠠᠳᠭᠠᠪᠠᠯ ᠰᠠᠶᠢ ᠲᠠᠷᠢᠶᠠᠴᠢᠨ᠎ᠤ ᠦᠵᠡᠯ ᠤᠬᠠᠮᠰᠠᠷ᠎ᠢ ᠪᠠᠭᠠᠰᠭᠠᠵᠤ ᠴᠢᠳᠠᠨ᠎ᠠ᠂ ᠣᠳᠣᠬᠠᠨ᠎ᠤ ᠤᠯᠠᠭᠠᠨ ᠴᠡᠷᠢᠭ ᠥᠷᠭᠡᠨ ᠤᠯᠠᠨ ᠠᠵᠢᠯᠴᠢᠨ᠎ᠤ ᠪᠦᠷᠢᠯᠳᠦᠬᠦᠨ᠎ᠢ ᠱᠢᠩᠭᠡᠭᠡᠨ ᠠᠪᠬᠤ᠎ᠪᠠᠷ ᠲᠠᠮᠵᠢᠵᠤ ᠤᠯᠠᠭᠠᠨ ᠴᠡᠷᠢᠭ᠎ᠤᠨ ᠬᠡᠯᠪᠡᠷᠢᠯ᠎ᠢ ᠬᠤᠪᠢᠷᠠᠭᠤᠯᠤᠨ᠎ᠠ ᠭᠡᠵᠦ᠍ ᠶᠠᠭᠠᠬᠢᠭ᠍ᠰᠠᠨ ᠴᠤ᠌ ᠬᠡᠢ ᠬᠦᠰᠡᠵᠦ᠍ ᠪᠣᠯᠬᠤ ᠦᠭᠡᠢ》᠃ 9 ᠰᠠᠷ᠎ᠠ᠎ᠳᠤ ᠢᠷᠡᠭᠦᠯᠦᠭ᠌ᠰᠡᠨ ᠵᠠᠬᠢᠳᠠᠯ ᠬᠥ᠋ ᠲᠢᠶᠠᠨ᠎ᠤ ᠬᠤᠷᠠᠯ ᠬᠤᠷᠠᠯᠳᠤᠬᠤ᠎ᠶ᠋ᠢ ᠠᠬᠢᠭᠤᠯᠵᠤ᠂ ᠮᠠᠤ ᠽᠧ ᠳ᠋ᠦᠩ᠎ᠤᠨ ᠲᠤᠭᠤᠷᠪᠢᠭ᠍ᠰᠠᠨ ᠬᠥ᠋ ᠲᠢᠶᠠᠨ᠎ᠤ ᠬᠤᠷᠠᠯ᠎ᠤᠨ ᠱᠢᠢᠳᠪᠦᠷᠢ᠎ᠶ᠋ᠢ ᠪᠠᠲᠤᠯᠠᠪᠠ᠃

ᠱᠢᠨ᠎ᠡ ᠴᠠᠭ ᠦᠶ᠎ᠡ᠎ᠳᠤ ᠬᠦ᠋ ᠲᠢᠶᠠᠨ᠎ᠤ ᠬᠤᠷᠠᠯ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠎ᠳᠤ᠂ ᠡᠷᠬᠡᠪᠰᠢ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠎ᠶ᠋ᠢ ᠡᠷᠬᠢᠮᠯᠡᠵᠦ᠍᠂ ᠤᠯᠤᠰ ᠲᠦᠷᠦ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠎ᠶ᠋ᠢᠨ ᠣᠢᠯᠠᠭᠠᠬᠤ ᠴᠢᠳᠠᠪᠤᠷᠢ᠂ ᠤᠯᠤᠰ ᠲᠦᠷᠦ᠎ᠶ᠋ᠢᠨ ᠬᠡᠷᠡᠭ᠌ᠵᠢᠭᠦᠯᠬᠦ᠌ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ᠃ ᠨᠢᠭᠡ ᠲᠠᠯ᠎ᠠ᠎ᠪᠠᠷ᠂ ᠨᠠᠮ᠎ᠢ ᠴᠢᠩᠭ᠎ᠠ ᠵᠠᠰᠠᠬᠤ ᠠᠵᠢᠯ᠎ᠤᠨ ᠪᠦᠬᠦ᠌ ᠲᠠᠯ᠎ᠠ᠎ᠪᠠᠷ ᠡᠭᠦᠷᠢᠳᠡ ᠵᠤᠬ᠍ᠰᠤᠰᠢ ᠦᠭᠡᠢ ᠪᠠᠢᠬᠤ ᠤᠯᠤᠰ ᠲᠦᠷᠦ᠎ᠶ᠋ᠢᠨ ᠤᠬᠠᠮᠰᠠᠷ᠎ᠢ ᠴᠢᠩᠭᠠᠳᠭᠠᠵᠤ᠂ ᠨᠠᠮ᠎ᠤᠨ ᠦᠵᠡᠯ ᠰᠠᠨᠠᠭᠠᠨ᠎ᠤ ᠪᠠᠢᠭᠤᠯᠤᠯᠲᠠ᠎ᠶ᠋ᠢ ᠨᠠᠮ᠎ᠤᠨ ᠪᠠᠢᠭᠤᠯᠤᠯᠲᠠ᠎ᠶ᠋ᠢᠨ ᠰᠠᠭᠤᠷᠢ ᠴᠢᠨᠠᠷᠲᠠᠢ ᠪᠠᠢᠷᠢᠨ᠎ᠳᠤ ᠲᠠᠯᠪᠢᠵᠤ᠂ ᠨᠠᠮ᠎ᠤᠨ ᠤᠯᠤᠰ ᠲᠦᠷᠦ᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠤᠭᠤᠳᠤᠭᠤᠯᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠱᠢᠨ᠎ᠡ ᠠᠭᠤᠤ ᠶᠡᠭᠡ ᠢᠨᠵᠧᠨᠧᠷᠢᠩ᠎ᠢ ᠦᠷᠭᠦᠯᠵᠢᠯᠡᠨ ᠠᠬᠢᠭᠤᠯᠬᠤ ᠬᠡᠷᠡᠭ᠌ᠲᠡᠢ᠃ ᠨᠦᠬᠦᠭᠡ ᠲᠠᠯ᠎ᠠ᠎ᠪᠠᠷ᠂ ᠰᠢ᠎ᠶ᠋ᠢᠨ ᠫᠢᠩ᠎ᠤᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠤᠯᠤᠰ ᠲᠦᠷᠦ᠎ᠪᠠᠷ ᠴᠡᠷᠢᠭ ᠪᠠᠢᠭᠤᠯᠬᠤ᠎ᠶ᠋ᠢ ᠱᠢᠨ᠎ᠡ ᠴᠠᠭ ᠦᠶ᠎ᠡ᠎ᠶ᠋ᠢᠨ ᠴᠡᠷᠢᠭ ᠠᠩᠬᠢ᠎ᠶ᠋ᠢᠨ ᠪᠠᠢᠭᠤᠯᠤᠯᠲᠠ᠎ᠶ᠋ᠢᠨ ᠴᠡᠷᠢᠭ ᠪᠠᠢᠭᠤᠯᠬᠤ ᠦᠨᠳᠦᠰᠦ ᠪᠣᠯᠭᠠᠵᠤ᠂ ᠴᠡᠷᠢᠭ᠎ᠤᠨ ᠶᠠᠪᠤᠳᠠᠯ ᠪᠣᠯᠤᠨ ᠤᠯᠤᠰ ᠲᠦᠷᠦ᠎ᠶ᠋ᠢᠨ ᠮᠥᠨ ᠴᠢᠨᠠᠷ᠎ᠤᠨ ᠬᠠᠷᠢᠯᠴᠠᠭ᠎ᠠ᠎ᠶ᠋ᠢ ᠭᠦᠨᠵᠡᠭᠡᠢ ᠲᠠᠨᠢᠵᠤ᠂ ᠴᠡᠷᠢᠭ᠎ᠤᠨ ᠶᠠᠪᠤᠳᠠᠯ᠎ᠨᠢ ᠤᠯᠤᠰ ᠲᠦᠷᠦ᠎ᠶ᠋ᠢ ᠲᠠᠭᠠᠬᠤ᠂ ᠪᠠᠢᠯᠳᠤᠬᠤ ᠪᠤᠳᠤᠯᠭ᠎ᠠ᠎ᠨᠢ ᠤᠯᠤᠰ ᠲᠦᠷᠦ᠎ᠶ᠋ᠢ ᠲᠠᠭᠠᠬᠤ᠎ᠶ᠋ᠢ ᠪᠠᠷᠢᠮᠲᠠᠯᠠᠵᠤ᠂ ᠠᠷᠠᠳ᠎ᠤᠨ ᠴᠡᠷᠢᠭ ᠠᠩᠬᠢ᠎ᠶ᠋ᠢ ᠳᠡᠯᠡᠬᠡᠢ᠎ᠶ᠋ᠢᠨ ᠲᠡᠷᠢᠭᠦᠨ ᠵᠡᠷᠭᠡ᠎ᠶ᠋ᠢᠨ ᠴᠡᠷᠢᠭ ᠠᠩᠬᠢ ᠪᠣᠯᠭᠠᠨ ᠪᠠᠢᠭᠤᠯᠬᠤ ᠬᠡᠷᠡᠭ᠌ᠲᠡᠢ᠃

(ᠵᠣᠬᠢᠶᠠᠭ᠍ᠴᠢ ᠪᠣᠯ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠨᠠᠮ᠎ᠤᠨ ᠲᠡᠦᠬᠡ ᠨᠠᠮ᠎ᠤᠨ ᠪᠠᠢᠭᠤᠯᠤᠯᠲᠠ᠎ᠶ᠋ᠢ ᠵᠢᠭᠠᠨ ᠰᠤᠳᠤᠯᠬᠤ ᠬᠡᠯᠲᠡᠰ᠎ᠤᠨ ᠳᠡᠳ᠋ ᠫᠷᠤᠹᠧᠰᠰᠤᠷ)

 

 

ᠦᠵᠡᠯ ᠰᠠᠨᠠᠭ᠎ᠠ᠎ᠪᠠᠷ ᠨᠠᠮ ᠪᠠᠢᠭᠤᠯᠬᠤ᠎ᠶ᠋ᠢ ᠪᠠᠷᠢᠮᠲᠠᠯᠠᠵᠤ ᠣᠨᠣᠯ᠎ᠢᠶᠠᠷ ᠨᠠᠮ᠎ᠢᠶᠠᠨ ᠬᠦᠴᠦᠷᠬᠡᠭ᠌ᠵᠢᠭᠦᠯᠬᠦ᠌᠎ᠶ᠋ᠢ ᠠᠬᠢᠭᠤᠯᠤᠶ᠎ᠠ

        ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠮᠧᠶ ᠭᠠᠩ

《ᠦᠵᠡᠯ ᠰᠠᠨᠠᠭ᠎ᠠ᠎ᠪᠠᠷ ᠨᠠᠮ ᠪᠠᠢᠭᠤᠯᠬᠤ ᠪᠣᠯ ᠮᠠᠷᠺᠰ᠎ᠤᠨ ᠦᠵᠡᠯ᠎ᠤᠨ ᠣᠨᠣᠯ᠎ᠢᠶᠠᠷ ᠵᠡᠪᠰᠡᠭ᠌ᠯᠡᠬᠦ᠌᠎ᠶ᠋ᠢ ᠴᠢᠩᠭᠠᠳᠭᠠᠬᠤ᠂ ᠦᠵᠡᠯ ᠰᠠᠨᠠᠭᠠᠨ᠎ᠤ ᠬᠥᠮᠦᠵᠢᠯ᠎ᠢ ᠴᠢᠩᠭᠠᠳᠭᠠᠬᠤ᠎ᠪᠠᠷ ᠳᠠᠮᠵᠢᠭᠤᠯᠤᠨ ᠨᠠᠮ᠎ᠤᠨ ᠭᠡᠱᠢᠭᠦᠨ ᠨᠢᠭᠡᠪᠦᠷᠢ᠎ᠶ᠋ᠢᠨ ᠶᠡᠷᠦᠩᠬᠡᠢᠯᠡᠭ᠌ᠰᠡᠨ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠵᠦ᠍᠂ ᠪᠥᠬᠦ᠌ ᠨᠠᠮ᠎ᠤᠨ ᠪᠦᠲᠦᠭᠡᠯᠴᠢ ᠬᠦᠴᠦᠨ᠂ ᠨᠢᠭ᠍ᠲᠠᠷᠠᠯ᠎ᠤᠨ ᠬᠦᠴᠦᠨ ᠪᠠ ᠳᠠᠢᠴᠢᠨ ᠬᠦᠴᠦᠨ᠎ᠢ ᠬᠥᠭ᠌ᠵᠢᠭᠡᠵᠦ᠍᠂ ᠪᠥᠬᠦ᠌ ᠨᠠᠮ᠎ᠤᠨ ᠦᠵᠡᠯ ᠰᠠᠨᠠᠭ᠎ᠠ ᠤᠯᠤᠰ ᠲᠥᠷᠥ᠍  ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠳᠡᠭᠡᠳᠦ ᠬᠡᠮᠵᠢᠶ᠎ᠡ᠎ᠪᠠᠷ ᠨᠢᠭᠡᠳᠦᠯᠲᠡᠶ ᠪᠠᠢᠬᠤ᠎ᠶ᠋ᠢ ᠪᠠᠲᠤᠯᠠᠵᠤ᠂ ᠨᠠᠮ᠎ᠤᠨ ᠲᠡᠷᠢᠭᠦᠨ᠎ᠤ ᠴᠢᠨᠠᠷ᠂ ᠴᠡᠪᠡᠷ ᠴᠢᠨᠠᠷ᠎ᠢ ᠪᠠᠲᠤᠯᠠᠬᠤ ᠶᠠᠪᠤᠳᠠᠯ ᠪᠣᠯᠤᠨ᠎ᠠ》᠃ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠬᠢᠴᠢᠶᠡᠯ ᠬᠥᠮᠦᠵᠢᠯ᠎ᠤᠨ ᠭᠠᠵᠠᠷ᠎ᠤᠨ ᠸᠠᠩ ᠵᠢᠶᠠᠨ ᠫᠢᠩ᠎ᠤᠨ ᠶᠡᠷᠢᠬᠤ᠎ᠪᠠᠷ᠂ ᠬᠦᠰᠡᠯᠡᠩ ᠢᠲᠡᠭᠡᠯ ᠪᠢᠱᠢᠷᠡᠯ᠎ᠢᠶᠠᠨ ᠪᠠᠲᠤᠳᠭᠠᠬᠤ ᠪᠣᠯ ᠨᠠᠮ᠎ᠤᠨ ᠦᠵᠡᠯ ᠰᠠᠨᠠᠭᠠᠨ᠎ᠤ ᠪᠠᠢᠭᠤᠯᠤᠯᠲᠠ᠎ᠶ᠋ᠢᠨ ᠲᠡᠷᠢᠭᠦᠨ ᠴᠢᠬᠤᠯᠠ ᠡᠭᠦᠷᠭᠡ ᠮᠥᠨ᠂ ᠡᠷᠬᠡᠪᠰᠢ ᠤᠨᠤᠯ᠎ᠤᠨ ᠰᠤᠷᠤᠯᠴᠠᠯᠭ᠎ᠠ ᠪᠣᠯᠤᠨ ᠰᠡᠷᠡᠮᠵᠢᠯᠡᠭᠦᠯᠬᠦ᠌ ᠬᠥᠮᠦᠵᠢᠯ ᠵᠡᠷᠭᠡ ᠠᠵᠢᠯ᠎ᠢ ᠴᠢᠩᠭᠠᠳᠭᠠᠬᠤ ᠬᠡᠷᠡᠭ᠌ᠲᠡᠢ᠃

ᠦᠵᠡᠯ ᠰᠠᠨᠠᠭ᠎ᠠ᠎ᠪᠠᠷ ᠨᠠᠮ ᠪᠠᠢᠭᠤᠯᠬᠤ᠎ᠶ᠋ᠢ ᠴᠢᠩᠭᠠᠳᠭᠠᠬᠤ ᠬᠡᠪᠡᠯ᠂ ᠤᠨᠤᠯ᠎ᠤᠨ ᠰᠤᠷᠤᠯᠴᠠᠯᠭ᠎ᠠ᠎ᠶ᠋ᠢ ᠴᠢᠩᠭᠠᠳᠭᠠᠬᠤ ᠬᠡᠷᠡᠭ᠌ᠲᠡᠢ᠃ ᠥᠷᠭᠡᠨ ᠤᠯᠠᠨ ᠨᠠᠮ᠎ᠤᠨ ᠭᠡᠱᠢᠭᠦᠨ᠂ ᠺᠠᠳ᠋ᠷ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠱᠢᠶᠤᠤ ᠫᠢᠩ᠎ᠤᠨ ᠤᠨᠤᠯ᠂ 《ᠭᠤᠷᠪᠠ᠎ᠶ᠋ᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠂ ᠢᠯᠠᠩᠭᠤᠶ᠎ᠠ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠵᠤ᠂ ᠤᠯᠤᠰ ᠲᠦᠷᠦ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠎ᠶ᠋ᠢᠨ ᠣᠢᠯᠠᠭᠠᠬᠤ ᠴᠢᠳᠠᠪᠤᠷᠢ᠂ ᠤᠯᠤᠰ ᠲᠦᠷᠦ᠎ᠶ᠋ᠢᠨ ᠬᠡᠷᠡᠭ᠌ᠵᠢᠭᠦᠯᠬᠦ᠌ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ 《ᠲᠦᠷᠪᠡᠨ ᠤᠬᠠᠮᠰᠠᠷ》 ᠎ᠢᠶᠠᠨ ᠤᠯᠠᠮ ᠴᠢᠨᠠᠭ᠍ᠰᠢᠳᠠ ᠴᠢᠩᠭᠠᠳᠭᠠᠵᠤ᠂ 《ᠲᠦᠷᠪᠡᠨ ᠢᠲᠡᠭᠡᠯ》 ᠎ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠬᠦ᠌ ᠬᠡᠷᠡᠭ᠌ᠲᠡᠢ᠃ 《ᠭᠤᠷᠪᠠᠨ ᠬᠤᠷᠠᠯ ᠨᠢᠭᠡ ᠬᠢᠴᠢᠶᠡᠯ》᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠪᠣᠯᠤᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠬᠤᠷᠠᠯ᠂ ᠰᠡᠳᠭᠢᠯ᠎ᠤᠨ ᠦᠭᠡ᠎ᠪᠠᠨ ᠶᠠᠷᠢᠯᠴᠠᠬᠤ᠂ ᠨᠠᠮ᠎ᠤᠨ ᠭᠡᠱᠢᠭᠦᠨ᠎ᠢ ᠠᠷᠠᠳᠴᠢᠯᠠᠯ᠎ᠢᠶᠠᠷ ᠦᠨᠡᠯᠡᠬᠦ᠌ ᠵᠡᠷᠭᠡ ᠡᠯ᠎ᠡ ᠵᠦᠢᠯ᠎ᠤᠨ ᠲᠦᠷᠢᠮ᠎ᠢ ᠪᠠᠷᠢᠮᠲᠠᠯᠠᠵᠤ᠂ ᠪᠦᠷᠢᠨ ᠲᠡᠭᠦᠯᠳᠡᠷ ᠪᠦᠲᠦᠮᠵᠢᠲᠡᠶ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠢᠶᠠᠷ ᠳᠠᠮᠵᠢᠭᠤᠯᠤᠨ᠂ ᠨᠠᠮ᠎ᠤᠨ ᠭᠡᠱᠢᠭᠦᠨ᠎ᠤ ᠤᠬᠠᠮᠰᠠᠷ᠎ᠢ ᠴᠢᠩᠭᠠᠳᠭᠠᠵᠤ᠂ ᠨᠠᠮ᠎ᠤᠨ ᠦᠵᠡᠯᠲᠡ᠎ᠶ᠋ᠢ ᠴᠢᠩᠭᠠᠳᠭᠠᠵᠤ᠂ ᠨᠠᠮᠴᠢ ᠴᠢᠨᠠᠷ᠎ᠤᠨ ᠪᠣᠯᠪᠠᠰᠤᠷᠠᠯ᠎ᠢ ᠳᠡᠭᠡᠭ᠌ᠰᠢᠯᠡᠭᠦᠯᠬᠦ᠌ ᠬᠡᠷᠡᠭ᠌ᠲᠡᠶ᠃

 

ᠨᠠᠮ᠎ᠤᠨ ᠤᠯᠤᠰ ᠲᠦᠷᠦ᠎ᠶ᠋ᠢᠨ ᠪᠠᠢᠭᠤᠯᠤᠯᠲᠠ᠎ᠶ᠋ᠢ ᠡᠷᠡᠰ ᠭᠤᠢᠪᠢᠰᠢ ᠦᠭᠡᠢ ᠴᠢᠩᠭᠠᠳᠭᠠᠬᠤ ᠬᠡᠷᠡᠭ᠌ᠲᠡᠢ

      ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠮᠧᠶ ᠭᠠᠩ

ᠵᠡᠪᠰᠡᠭ᠌ᠲᠦ ᠴᠠᠭ᠍ᠳᠠᠭ᠎ᠠ᠎ᠶ᠋ᠢᠨ ᠤᠷᠳᠤᠰ᠎ᠤᠨ ᠰᠠᠯᠪᠤᠷᠢ ᠠᠩᠬᠢ᠎ᠶ᠋ᠢᠨ ᠤᠯᠤᠰ ᠲᠦᠷᠦ᠎ᠶ᠋ᠢᠨ ᠠᠵᠢᠯ᠎ᠤᠨ ᠭᠠᠵᠠᠷ᠎ᠤᠨ ᠤᠬᠠᠭᠤᠯᠤᠨ ᠬᠠᠮᠠᠭᠠᠯᠠᠬᠤ ᠲᠠᠰᠤᠭ᠎ᠤᠨ ᠳᠠᠷᠤᠭ᠎ᠠ ᠼᠠᠢ ᠱᠢᠶᠤᠤ ᠳ᠋ᠦᠩ᠄ 《ᠨᠠᠮ ᠴᠡᠷᠢᠭ ᠠᠩᠬᠢ᠎ᠶ᠋ᠢ ᠬᠠᠷᠢᠴᠠᠯᠠᠰᠢ ᠦᠭᠡᠢ ᠤᠳᠤᠷᠢᠳᠭᠤ ᠬᠡᠷᠡᠭ᠌ᠲᠡᠢ᠂ ᠴᠡᠷᠢᠭ ᠠᠩᠬᠢ ᠨᠠᠮ᠎ᠳᠠᠭᠠᠨ ᠬᠠᠷᠢᠴᠠᠯᠠᠰᠢ ᠦᠭᠡᠢ ᠦᠨᠡᠨᠴᠢ ᠱᠢᠳᠤᠷᠭᠤ ᠪᠠᠢᠬᠤ ᠬᠡᠷᠡᠭ᠌ᠲᠡᠢ᠂ ᠭᠠᠭ᠍ᠴᠠ ᠬᠦ᠌ ᠨᠠᠮ᠎ᠤᠨ ᠤᠯᠤᠰ ᠲᠦᠷᠦ᠎ᠶ᠋ᠢᠨ ᠪᠠᠢᠭᠤᠯᠤᠯᠲᠠ᠎ᠶ᠋ᠢ ᠡᠷᠡᠰ ᠭᠤᠢᠪᠢᠰᠢ ᠦᠭᠡᠢ ᠴᠢᠩᠭᠠᠳᠭᠠᠬᠤ ᠡᠨᠡ ᠬᠦ᠌ ᠮᠥᠩᠬᠡ᠎ᠶ᠋ᠢᠨ ᠰᠡᠳᠦᠪ ᠪᠣᠯ ᠰᠠᠶᠢ ᠨᠠᠮ᠎ᠤᠨ ᠤᠯᠤᠰ ᠲᠦᠷᠦ᠎ᠶ᠋ᠢᠨ ᠳᠠᠪᠠᠭᠤᠯᠢᠭ᠂ ᠵᠣᠬᠢᠶᠠᠨ ᠪᠠᠢᠭᠤᠯᠤᠯᠲᠠ᠎ᠶ᠋ᠢᠨ ᠳᠠᠪᠠᠭᠤᠯᠢᠭ᠎ᠢ ᠢᠯᠠᠯᠲᠠ ᠤᠯᠬᠤ ᠳᠠᠪᠠᠭᠤᠯᠢᠭ ᠪᠣᠯᠭᠠᠨ ᠬᠤᠪᠢᠷᠠᠭᠤᠯᠵᠤ ᠴᠢᠳᠠᠨ᠎ᠠ》 ᠭᠡᠵᠦ᠍ ᠶᠠᠷᠢᠵᠦ᠍ ᠪᠠᠢᠯ᠎ᠠ᠃

ᠼᠠᠢ ᠱᠢᠶᠤᠤ ᠳ᠋ᠦᠩ᠎ᠤᠨ ᠶᠡᠷᠢᠬᠤ᠎ᠪᠠᠷ᠂ ᠴᠡᠷᠢᠭ ᠠᠩᠬᠢ᠎ᠶ᠋ᠢᠨ ᠨᠠᠮ᠎ᠤᠨ ᠤᠯᠤᠰ ᠲᠦᠷᠦ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ᠎ᠳᠤ᠂ ᠡᠩ ᠲᠡᠷᠢᠭᠦᠨ᠎ᠳᠤ ᠴᠡᠷᠢᠭ ᠠᠩᠬᠢ᠎ᠶ᠋ᠢᠨ ᠨᠠᠮ᠎ᠳᠠᠭᠠᠨ ᠬᠠᠷᠢᠴᠠᠯᠠᠰᠢ ᠦᠭᠡᠢ ᠦᠨᠡᠨᠴᠢ ᠱᠢᠳᠤᠷᠭᠤ ᠪᠠᠢᠬᠤ᠎ᠶ᠋ᠢ ᠪᠠᠲᠤᠯᠠᠬᠤ ᠬᠡᠷᠡᠭ᠌ᠲᠡᠢ᠃ ᠡᠷᠬᠡᠪᠰᠢ ᠢᠲᠡᠭᠡᠯ ᠪᠢᠱᠢᠷᠡᠯ᠎ᠢᠶᠠᠨ ᠪᠠᠲᠤᠳᠭᠠᠵᠤ᠂ ᠴᠡᠷᠢᠭ᠎ᠤᠨ ᠰᠦᠭ ᠰᠦᠨᠡᠰᠦ᠎ᠶ᠋ᠢ ᠪᠠᠲᠤ ᠴᠣᠭ᠍ᠴᠠᠯᠠᠬᠤ ᠬᠡᠷᠡᠭ᠌ᠲᠡᠢ᠃ ᠨᠠᠮ᠎ᠳᠠᠭᠠᠨ ᠦᠨᠡᠨᠴᠢ ᠱᠢᠳᠤᠷᠭᠤ ᠪᠠᠢᠬᠤ᠎ᠨᠢ ᠲᠡᠨᠡᠭ ᠮᠤᠩᠬᠠᠬ᠎ᠢᠶᠠᠷ ᠲᠠᠭᠠᠬᠤ ᠶᠠᠪᠤᠳᠠᠯ ᠪᠢᠰᠢ᠂ ᠬᠠᠷᠢᠨ ᠨᠠᠮ᠎ᠤᠨ ᠱᠢᠨ᠎ᠡ᠎ᠶ᠋ᠢ ᠡᠭᠦᠳᠬᠦ᠌ ᠤᠨᠤᠯ᠎ᠤᠨ ᠢᠲᠡᠭᠡᠯ ᠪᠢᠱᠢᠷᠡᠯ᠎ᠤᠨ ᠰᠠᠭᠤᠷᠢᠨ ᠳᠡᠭᠡᠷ᠎ᠡ ᠪᠠᠢᠭᠤᠯᠤᠭ᠍ᠳᠠᠭ᠍ᠰᠠᠨ ᠶᠤᠮ᠃ ᠪᠢᠳᠡ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠵᠤ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠂ ᠰᠢ᠎ᠶ᠋ᠢᠨ ᠫᠢᠩ᠎ᠤᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ ᠪᠣᠯ ᠨᠠᠮ᠎ᠤᠨ ᠬᠠᠮᠤᠭ᠎ᠤᠨ ᠭᠤᠤᠯ ᠴᠦᠮ᠎ᠠ᠂ ᠬᠠᠮᠤᠭ᠎ᠤᠨ ᠴᠢᠬᠤᠯᠠ ᠦᠭᠡ ᠮᠥᠨ ᠭᠡᠳᠡᠭ᠎ᠢ ᠪᠠᠳᠤ ᠴᠡᠭᠡᠵᠢᠯᠡᠬᠦ᠌ ᠭᠡᠷᠡᠭ᠌ᠳᠡᠢ᠂ ᠡᠬᠦᠨ᠎ᠳᠤ ᠭᠠᠭ᠍ᠴᠠ ᠬᠦ᠌ ᠨᠡᠪᠳᠡᠷᠡᠳᠡᠯ᠎ᠠ ᠰᠤᠷᠤᠯᠴᠠᠵᠤ ᠪᠣᠳᠠᠲᠠᠢᠵᠢᠭᠤᠯᠪᠠᠯ ᠰᠠᠶᠢ ᠦᠨᠳᠦᠰᠦ᠎ᠠᠴᠠ᠎ᠨᠢ ᠦᠨᠡᠨᠴᠢ ᠱᠢᠳᠤᠷᠭᠤ ᠪᠠᠢᠬᠤ᠎ᠶ᠋ᠢ ᠦᠨᠡᠨ ᠬᠦ᠌ ᠪᠠᠲᠤᠯᠠᠵᠤ ᠴᠢᠳᠠᠨ᠎ᠠ᠃ ᠡᠷᠬᠡᠪᠰᠢ ᠭᠤᠤᠯᠯᠠᠭ᠍ᠴᠢ᠎ᠶ᠋ᠢ ᠬᠠᠮᠠᠭᠠᠯᠠᠵᠤ᠂ ᠨᠢᠭᠡᠳᠦᠯᠲᠡᠶ ᠪᠠᠢᠵᠤ ᠮᠦᠷᠳᠡᠨ ᠲᠠᠭᠠᠬᠤ ᠬᠡᠷᠡᠭ᠌ᠲᠡᠶ᠃ ᠨᠠᠮ᠎ᠤᠨ ᠲᠦᠷᠦ᠍ ᠪᠠᠷᠢᠬᠤ ᠪᠠᠢᠷᠢ ᠰᠠᠭᠤᠷᠢ᠎ᠶ᠋ᠢ ᠪᠠᠬᠢᠵᠢᠭᠦᠯᠵᠦ᠍᠂ ᠨᠡᠢᠭᠡᠮ ᠵᠢᠷᠤᠮ᠎ᠤᠨ ᠬᠤᠪᠢᠰᠭᠠᠯᠲᠤ ᠲᠦᠷᠦ᠍ ᠡᠭᠦᠷᠢᠳᠡ ᠦᠡᠭ᠌ᠭᠡ ᠬᠤᠪᠢᠷᠠᠬᠤ ᠦᠭᠡᠢ ᠪᠠᠢᠬᠤ᠎ᠶ᠋ᠢ ᠪᠠᠲᠤᠯᠠᠬᠤ᠎ᠳᠤ ᠡᠷᠬᠡᠪᠰᠢ ᠴᠡᠷᠢᠭ ᠠᠩᠭᠢ᠎ᠳᠠᠬᠢ ᠨᠠᠮ᠎ᠤᠨ ᠬᠠᠷᠢᠴᠠᠯᠠᠰᠢ ᠦᠭᠡᠢ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠬᠤ ᠬᠡᠷᠡᠭ᠌ᠲᠡᠢ᠂ ᠡᠨᠡ ᠪᠣᠯ ᠮᠠᠨ᠎ᠤ ᠨᠠᠮ᠎ᠤᠨ ᠴᠡᠷᠢᠭ ᠪᠠᠢᠭᠤᠯᠬᠤ ᠴᠡᠷᠢᠭ᠎ᠢ ᠵᠠᠰᠠᠬᠤ ᠲᠤᠷᠱᠢᠯᠭ᠎ᠠ ᠰᠤᠷᠭᠠᠮᠵᠢ᠎ᠶ᠋ᠢᠨ ᠭᠦᠨᠵᠡᠭᠡᠢ ᠳ᠋ᠦᠩᠨᠡᠯᠲᠡ ᠮᠥᠨ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠠᠴᠠ ᠲᠡᠭᠦᠨ᠎ᠢ ᠨᠠᠮ ᠪᠠ ᠤᠯᠤᠰ᠎ᠤᠨ ᠨᠢᠭᠡᠨ ᠦᠨᠳᠦᠰᠦᠨ ᠠᠷᠭ᠎ᠠ ᠪᠤᠳᠤᠯᠭ᠎ᠠ ᠪᠣᠯᠭᠠᠨ ᠳᠡᠭᠡᠭ᠌ᠰᠢᠯᠡᠭᠦᠯᠦᠭ᠌ᠰᠡᠨ ᠪᠥᠭᠡᠳ ᠠᠯᠤᠰ ᠬᠡᠳᠦ᠎ᠶ᠋ᠢᠨ ᠤᠯᠤᠰ ᠲᠦᠷᠦ᠎ᠶ᠋ᠢᠨ ᠪᠣᠳᠣᠯᠬᠢᠯᠠᠯ᠎ᠨᠢ ᠳᠠᠷᠤᠢ ᠡᠭᠦᠨ᠎ᠳᠤ ᠪᠠᠢᠬᠤ ᠶᠤᠮ᠃

 

【 ᠦᠨᠳᠦᠰᠦᠨ ᠱᠠᠳᠤᠨ᠎ᠤ ᠲᠠᠭᠤᠨ 】


  ᠠᠯᠪᠠᠨ ᠲᠤᠱᠢᠶᠠᠯᠲᠠᠨ᠎ᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠨ᠎ᠡ

          ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠮᠧᠶ ᠭᠠᠩ

ᠠᠯᠠᠱᠠ ᠪᠠᠷᠠᠭᠤᠨ ᠬᠤᠱᠢᠭᠤᠨ᠎ᠤ ᠠᠷᠠᠳ᠎ᠤᠨ ᠵᠡᠪᠰᠡᠭ᠌ᠲᠦ ᠬᠦᠴᠦᠨ᠎ᠤ ᠬᠡᠯᠲᠡᠰ᠎ᠤᠨ ᠤᠯᠤᠰ ᠲᠦᠷᠦ᠎ᠶ᠋ᠢᠨ ᠠᠵᠢᠯ᠎ᠤᠨ ᠰᠠᠯᠠᠭᠠᠨ᠎ᠤ ᠠᠵᠢᠯᠯᠠᠭ᠍ᠴᠢ ᠸᠠᠩ ᠶᠠᠩ᠎ᠤᠨ ᠦᠵᠡᠬᠦ᠌᠎ᠪᠠᠷ᠂ ᠬᠦᠴᠦᠷᠬᠡᠭ ᠶᠡᠭᠡ ᠠᠷᠠᠳ᠎ᠤᠨ ᠴᠡᠷᠢᠭ ᠠᠩᠬᠢ᠎ᠶ᠋ᠢ ᠪᠠᠢᠭᠤᠯᠬᠤ ᠪᠣᠯ ᠮᠠᠨ᠎ᠤ ᠨᠠᠮ᠎ᠤᠨ ᠴᠥᠬᠦᠷᠡᠰᠢ ᠦᠭᠡᠢ ᠬᠥᠭᠡᠭᠡᠴᠡᠯᠳᠦᠯ ᠮᠥᠨ᠂ ᠨᠠᠮ᠎ᠤᠨ ᠠᠷᠠᠳ᠎ᠤᠨ ᠴᠡᠷᠢᠭ ᠠᠩᠬᠢ᠎ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠪᠣᠯ ᠴᠡᠷᠢᠭ ᠪᠠᠢᠭᠤᠯᠬᠤ᠎ᠶ᠋ᠢᠨ ᠦᠨᠳᠦᠰᠦ᠂ ᠴᠡᠷᠢᠭ᠎ᠢ ᠬᠦᠴᠦᠷᠬᠡᠭ᠌ᠵᠢᠭᠦᠯᠬᠦ᠌᠎ᠶ᠋ᠢᠨ ᠰᠦᠭ ᠰᠦᠨᠡᠰᠦ ᠮᠥᠨ᠃ ᠲᠦᠭ ᠲᠦᠮᠡᠨ ᠬᠤᠪᠢᠰᠭᠠᠯᠲᠤ ᠳᠠᠷᠤᠭ᠎ᠠ ᠪᠠᠢᠯᠳᠤᠭ᠍ᠴᠢᠳ ᠡᠷᠡᠰ ᠭᠤᠢᠪᠢᠰᠢ ᠦᠭᠡᠢ᠎ᠪᠠᠷ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠲᠠᠭᠠᠵᠤ᠂ ᠨᠤᠭᠤᠷᠠᠯ ᠪᠦᠳᠦᠷᠢᠯ᠎ᠤᠨ ᠳᠤᠮᠳᠠ ᠨᠡᠩ ᠢᠯᠡᠭᠦᠦ ᠡᠷᠡᠯᠬᠡᠭ᠌ᠯᠡᠨ ᠪᠣᠰᠴᠤ᠌᠂ ᠬᠦᠴᠢᠷ ᠪᠡᠷᠬᠡᠱᠢᠶᠡᠯ᠎ᠤᠨ ᠳᠤᠮᠳᠠ ᠡᠷᠡᠯᠬᠡᠭ᠌ᠯᠡᠨ ᠤᠷᠤᠭ᠍ᠰᠢᠯᠠᠵᠤ᠂ ᠰᠦᠢᠷᠡᠰᠢ ᠦᠭᠡᠢ᠂ ᠢᠯᠠᠬ᠍ᠳᠠᠰᠢ ᠦᠭᠡᠢ᠂ ᠬᠠᠨᠳᠤᠬ᠍ᠰᠠᠨ ᠵᠦᠭ᠎ᠲᠤ ᠲᠠᠢᠰᠤᠨ ᠦᠬᠡᠢ ᠪᠤᠯᠤᠳ ᠲᠡᠮᠤᠷ ᠮᠡᠲᠦ ᠪᠠᠭᠠᠲᠤᠷ ᠴᠡᠷᠢᠭ᠎ᠢ ᠪᠠᠢᠭᠤᠯᠪᠠ᠃

ᠸᠠᠩ ᠶᠠᠩ ᠢᠯᠡᠷᠭᠡᠢᠯᠡᠬᠦ᠌᠎ᠳᠡᠭᠡᠨ᠂ ᠪᠢ ᠨᠢᠭᠡᠨ ᠠᠯᠪᠠᠨ ᠲᠤᠱᠢᠶᠠᠯᠲᠠᠨ ᠪᠣᠯᠤᠭ᠍ᠰᠠᠨ᠎ᠤ ᠬᠤᠪᠢ᠎ᠳᠤ᠂ ᠤᠯᠤᠰ ᠲᠦᠷᠦ᠎ᠪᠠᠷ ᠴᠡᠷᠢᠭ ᠪᠠᠢᠭᠤᠯᠬᠤ ᠡᠨᠡ ᠬᠦ᠌ ᠬᠥᠪᠴᠢ᠎ᠶ᠋ᠢ ᠴᠠᠭ ᠢᠮᠠᠭ᠍ᠲᠠ ᠴᠢᠩᠭᠠᠯᠠᠵᠤ᠂ ᠡᠷᠡᠰ ᠭᠤᠢᠪᠢᠰᠢ ᠦᠭᠡᠢ᠎ᠪᠠᠷ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠲᠠᠭᠠᠵᠤ᠂ ᠨᠠᠮ᠎ᠢᠶᠠᠨ ᠬᠠᠢᠷᠠᠯᠠᠵᠤ᠂ ᠨᠠᠮ᠎ᠤᠨ ᠲᠦᠯᠤᠭᠡ ᠵᠢᠳᠬᠦᠨ᠎ᠠ᠃ 《ᠲᠦᠷᠪᠡᠨ ᠤᠬᠠᠮᠰᠠᠷ》 ᠎ᠢᠶᠠᠨ ᠴᠢᠩᠭᠠᠳᠭᠠᠵᠤ᠂ 《ᠲᠦᠷᠪᠡᠨ ᠢᠲᠡᠭᠡᠯ》 ᠎ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠬᠦ᠌ ᠬᠡᠷᠡᠭ᠌ᠲᠡᠢ᠃ ᠠᠷᠠᠳ ᠲᠦᠮᠡᠨ᠎ᠳᠤ ᠦᠶᠯᠡᠴᠢᠯᠡᠬᠦ᠌ ᠵᠣᠷᠢᠯᠲᠠ᠎ᠶ᠋ᠢ ᠢᠮᠠᠭ᠍ᠲᠠ  ᠦᠢᠯᠡᠳᠦᠯᠭᠡᠵᠢᠭᠦᠯᠵᠦ᠍᠂ 《ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠦᠭ᠌ᠬᠦ》  ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠡᠷᠦᠬᠡ᠎ᠶ᠋ᠢᠨ ᠴᠡᠷᠢᠭ᠎ᠤᠨ ᠬᠥᠮᠦᠵᠢᠯ ᠪᠣᠯᠪᠠᠰᠤᠷᠠᠯ᠂ ᠴᠡᠷᠢᠭ ᠡᠯᠰᠡᠬᠦ᠂ ᠭᠤᠷᠪᠠᠨ ᠵᠠᠮ᠎ᠤᠨ ᠴᠡᠷᠢᠭ᠎ᠲᠤ  ᠦᠢᠯᠡᠴᠢᠯᠡᠭᠡ ᠪᠠᠲᠤᠯᠠᠭ᠎ᠠ ᠬᠠᠩᠭᠠᠬᠤ᠂ ᠤᠬᠠᠭᠤᠯᠤᠨ ᠮᠡᠳᠡᠭᠡᠯᠡᠬᠦ᠌ ᠵᠡᠷᠭᠡ ᠠᠵᠢᠯ᠎ᠤᠨ ᠲᠠᠯ᠎ᠠ᠎ᠪᠠᠷ᠂ ᠬᠤᠪᠢ ᠬᠥᠮᠦᠨ᠎ᠤ ᠲᠤᠬᠠᠢᠯᠠᠭ᠍ᠰᠠᠨ ᠠᠵᠢᠯ᠎ᠤᠨ ᠬᠢᠷᠢ ᠲᠦᠪᠱᠢᠨ᠎ᠢᠶᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠳᠡᠭᠡᠳᠦ ᠱᠠᠲᠤᠨ᠎ᠠᠴᠠ ᠳᠠᠭᠠᠭᠠᠯᠭᠠᠭ᠍ᠰᠠᠨ ᠡᠭᠦᠷᠭᠡ᠎ᠶ᠋ᠢ ᠴᠢᠨᠠᠷ ᠰᠠᠢᠲᠠᠶ ᠥᠨᠳᠥᠷ ᠪᠦᠲᠦᠮᠵᠢᠲᠡᠶ᠎ᠪᠠᠷ ᠪᠡᠶᠡᠯᠡᠭᠦᠯᠬᠦ᠌᠎ᠪᠠᠷ ᠴᠢᠷᠮᠠᠢᠨ᠎ᠠ᠃ 

 

ᠤᠯᠤᠰ ᠲᠥᠷᠥ᠎ᠪᠠᠷ ᠴᠡᠷᠢᠭ ᠪᠠᠢᠭᠤᠯᠬᠤ᠎ᠶ᠋ᠢ ᠣᠢᠯᠠᠭᠠᠬᠤ᠎ᠳᠤ 《ᠭᠤᠷᠪᠠᠨ ᠰᠡᠳᠭᠢᠯᠭᠡ》 ᠎ᠠᠴᠠ ᠭᠠᠷᠳᠠᠨ᠎ᠠ

         ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠮᠧᠶ ᠭᠠᠩ

《ᠤᠬ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠬᠤᠪᠢᠰᠭᠠᠯ᠎ᠤᠨ ᠤᠳᠤᠮᠱᠢᠯ᠎ᠢ ᠵᠠᠯᠭᠠᠮᠵᠢᠯᠠᠵᠤ᠂ ᠴᠡᠷᠢᠭ᠎ᠢ ᠬᠦᠴᠦᠷᠬᠡᠭ᠌ᠵᠢᠭᠦᠯᠬᠦ᠌ ᠬᠦᠨᠳᠦ ᠡᠭᠦᠷᠭᠡ᠎ᠶ᠋ᠢ ᠡᠭᠦᠷᠭᠡᠯᠡᠨ᠂ ᠨᠠᠮ᠎ᠤᠨ ᠵᠢᠯᠤᠭᠤᠳᠤᠯᠭ᠎ᠠ᠎ᠶ᠋ᠢ ᠲᠠᠭᠠᠬᠤ᠂ ᠴᠡᠷᠢᠭ᠎ᠢ ᠬᠦᠴᠦᠷᠬᠡᠭ᠌ᠵᠢᠭᠦᠯᠬᠦ᠌᠎ᠪᠠᠷ ᠲᠡᠮᠡᠴᠡᠬᠦ᠌ ᠵᠣᠷᠢᠭ ᠰᠠᠨᠠᠭ᠎ᠠ ᠬᠦᠴᠦᠨ ᠴᠢᠳᠠᠯ᠎ᠢ ᠴᠢᠨᠠᠭ᠍ᠰᠢᠳᠠ ᠨᠢᠭ᠍ᠲᠠᠷᠠᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ᠎ᠶ᠋ᠢᠨ ᠣᠳᠣᠬᠢᠴᠢᠯᠠᠯᠲᠠ᠎ᠶ᠋ᠢ ᠲᠦᠷᠭᠡᠳᠭᠡᠵᠦ᠍᠂ ᠴᠡᠷᠢᠭ᠎ᠢ ᠬᠦᠴᠦᠷᠬᠡᠭ᠌ᠵᠢᠭᠦᠯᠬᠦ᠌ ᠦᠢᠯᠡᠰ᠎ᠤᠨ ᠱᠢᠨ᠎ᠡ ᠪᠠᠢᠳᠠᠯ᠎ᠢ ᠲᠠᠰᠤᠷᠠᠯᠳᠠ ᠦᠭᠡᠢ ᠡᠭᠦᠳᠤᠨ᠂ ᠨᠠᠮ ᠪᠣᠯᠤᠨ ᠠᠷᠠᠳ ᠲᠦᠮᠡᠨ᠎ᠳᠤ ᠨᠡᠩ ᠶᠡᠭᠡ ᠢᠷᠠᠭᠤ ᠠᠯᠳᠠᠷ᠎ᠢ ᠲᠡᠮᠡᠴᠡᠨ ᠤᠯᠵᠦ᠍ ᠦᠭ᠌ᠬᠦ᠎ᠪᠠᠷ ᠴᠢᠷᠮᠠᠢᠬᠤ ᠬᠡᠷᠡᠭ᠌ᠲᠡᠢ》 ᠭᠡᠵᠦ᠍ ᠬᠥᠯᠥᠨ ᠪᠤᠢᠷ ᠬᠤᠳᠠ᠎ᠶ᠋ᠢᠨ ᠠᠷᠤᠨ ᠬᠤᠱᠢᠭᠤᠨ᠎ᠤ ᠠᠷᠠᠳ᠎ᠤᠨ ᠵᠡᠪᠰᠡᠭ᠌ᠲᠦ ᠬᠦᠴᠦᠨ᠎ᠤ ᠬᠡᠯᠲᠡᠰ᠎ᠤᠨ ᠤᠯᠤᠰ ᠲᠦᠷᠦ᠎ᠶ᠋ᠢᠨ ᠠᠵᠢᠯ᠎ᠤᠨ ᠰᠠᠯᠠᠭᠠᠨ᠎ᠤ ᠳᠠᠷᠤᠭ᠎ᠠ ᠳ᠋ᠦ᠋ ᠫᠧᠩ ᠡᠷᠡᠰ ᠪᠠᠲᠤ ᠬᠡᠯᠡᠪᠡ᠃

ᠳ᠋ᠦ᠋ ᠫᠧᠩ᠎ᠤᠨ ᠶᠡᠷᠢᠬᠤ᠎ᠪᠠᠷ᠂ ᠦᠨᠳᠦᠰᠦᠨ ᠱᠠᠲᠤᠨ᠎ᠤ ᠤᠯᠤᠰ ᠲᠦᠷᠦ᠎ᠶ᠋ᠢᠨ ᠠᠵᠢᠯ᠎ᠤᠨ ᠰᠠᠯᠠᠭ᠎ᠠ ᠮᠥᠴᠢᠷ᠎ᠤᠨ ᠠᠵᠢᠯᠳᠠᠨ ᠪᠣᠯᠤᠭ᠍ᠰᠠᠨ᠎ᠤ ᠬᠤᠪᠢ᠎ᠳᠤ᠂ ᠵᠠᠭᠤᠨ ᠵᠢᠯ᠎ᠤᠨ ᠨᠠᠮ᠎ᠤᠨ ᠲᠡᠦᠬᠡ᠎ᠠᠴᠠ ᠤᠯᠤᠰ ᠲᠦᠷᠦ᠎ᠪᠠᠷ ᠴᠡᠷᠢᠭ ᠪᠠᠢᠭᠤᠯᠬᠤ᠎ᠶ᠋ᠢ ᠣᠢᠯᠠᠭᠠᠬᠤ᠎ᠳᠤ᠂ 《ᠭᠤᠷᠪᠠᠨ ᠰᠡᠳᠭᠢᠯᠭᠡ》 ᠎ᠠᠴᠠ ᠭᠠᠷᠳᠠᠪᠠᠯ ᠵᠣᠬᠢᠨ᠎ᠠ᠃ ᠨᠢᠭᠡ᠎ᠳᠤ᠂ 《ᠦᠨᠡᠨᠴᠢ ᠱᠢᠳᠤᠷᠭᠤ ᠰᠡᠳᠭᠢᠯᠭᠡ》 ᠎ᠶ᠋ᠢ ᠡᠭᠦᠷᠢᠳᠡ ᠪᠠᠷᠢᠮᠲᠠᠯᠠᠵᠤ᠂ ᠠᠶᠠᠯᠠᠯ᠎ᠤᠨ ᠵᠦᠭ᠌ᠯᠡᠭᠦᠷ᠎ᠤᠨ 《ᠬᠦᠳᠦᠯᠦᠨ ᠳᠠᠭᠠᠭᠤᠯᠤᠭ᠍ᠴᠢ》 ᠪᠣᠯᠬᠤ᠎ᠪᠠᠷ ᠴᠢᠷᠮᠠᠢᠨ᠎ᠠ᠃ ᠬᠤᠶᠠᠷ᠎ᠲᠤ᠌᠂ 《ᠲᠠᠢᠨ᠎ᠳᠤ ᠪᠡᠯᠡᠳᠭᠡᠬᠦ᠌ ᠰᠡᠳᠭᠢᠯᠭᠡ》 ᠎ᠪᠠᠨ ᠪᠠᠲᠤ ᠰᠠᠬᠢᠵᠤ᠂ ᠬᠠᠮᠤᠭ᠎ᠤᠨ ᠣᠮᠤᠭ ᠵᠣᠷᠢᠭ᠎ᠲᠠᠢ 《ᠪᠠᠢᠯᠳᠤᠭ᠍ᠴᠢ》 ᠪᠣᠯᠬᠤ᠎ᠪᠠᠷ ᠴᠢᠷᠮᠠᠢᠬᠤ ᠬᠡᠷᠡᠭ᠌ᠲᠡᠢ᠃ ᠲᠡᠷᠢᠬᠢᠨ᠎ᠳᠠᠭᠠᠨ ᠴᠠᠭ ᠢᠮᠠᠭ᠍ᠲᠠ 《ᠡᠮᠦᠨ᠎ᠡ ᠹᠷᠣᠨᠲ》 ᠎ᠢ ᠪᠤᠳᠤᠵᠤ᠂ ᠴᠡᠭᠡᠵᠢᠨ᠎ᠳᠡᠭᠡᠨ ᠴᠠᠭ ᠢᠮᠠᠭ᠍ᠲᠠ 《ᠲᠡᠢᠨ᠎ᠤ ᠶᠠᠪᠤᠳᠠᠯ》 ᠎ᠢ ᠪᠤᠳᠤᠵᠤ᠂ ᠠᠵᠢᠯᠯᠠᠭᠠᠨ᠎ᠳᠠᠭᠠᠨ ᠴᠠᠭ ᠢᠮᠠᠭ᠍ᠲᠠ 《ᠪᠡᠯᠡᠳᠭᠡᠯ》 ᠎ᠢ ᠪᠣᠯᠪᠠᠰᠤᠷᠠᠭᠤᠯᠵᠤ᠂ ᠲᠡᠢᠨ ᠬᠢᠬᠦ᠌ ᠦᠵᠡᠯ ᠰᠠᠨᠠᠭᠠᠨ᠎ᠤ ᠪᠡᠯᠡᠳᠭᠡᠯ᠎ᠢ ᠬᠡᠵᠢᠶᠡᠳᠡ ᠪᠡᠯᠡᠬᠡᠨ ᠪᠠᠢᠯᠭᠠᠨ᠎ᠠ᠃ ᠭᠤᠷᠪᠠ᠎ᠳᠤ᠂ 《ᠦᠢᠯᠡᠰ᠎ᠢᠶᠠᠨ ᠳᠡᠭᠡᠳᠦᠯᠡᠬᠦ᠌ ᠰᠡᠳᠭᠢᠯᠬᠡ》 ᠎ᠶ᠋ᠢ ᠴᠢᠩᠭ᠎ᠠ ᠰᠠᠬᠢᠵᠤ᠂ ᠡᠷᠡᠮᠡᠬᠡᠢᠯᠡᠨ ᠲᠠᠪᠱᠢᠬᠤ 《ᠠᠵᠢᠯᠯᠠᠭ᠍ᠴᠢ》 ᠪᠣᠯᠬᠤ᠎ᠪᠠᠷ ᠴᠢᠷᠮᠠᠢᠬᠤ ᠬᠡᠷᠡᠭ᠌ᠲᠡᠢ᠃ ᠱᠢᠨ᠎ᠡ ᠴᠠᠭ ᠦᠶ᠎ᠡ ᠱᠢᠨ᠎ᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠬᠠᠮᠰᠠᠷ᠎ᠠᠴᠠ᠎ᠪᠠᠨ ᠱᠢᠨ᠎ᠡ ᠡᠭᠦᠷᠭᠡ ᠬᠠᠷᠢᠭᠤᠴᠠᠯᠭ᠎ᠠ ᠱᠢᠨ᠎ᠡ ᠡᠭᠦᠷᠭᠡᠯᠡᠯ᠎ᠢᠶᠠᠨ ᠴᠢᠩᠭᠠᠳᠭᠠᠵᠤ᠂ ᠰᠡᠳᠭᠢᠴᠡ ᠬᠠᠷᠠᠴᠠ᠎ᠪᠠᠨ ᠲᠠᠰᠤᠷᠠᠯᠳᠠ ᠦᠭᠡᠢ ᠥᠷᠭᠡᠳᠭᠡᠵᠦ᠍᠂ ᠤᠯᠤᠰ ᠲᠦᠷᠦ᠎ᠶ᠋ᠢᠨ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢᠨ ᠱᠢᠨ᠎ᠡ᠎ᠶ᠋ᠢ ᠡᠭᠦᠳᠦᠨ ᠰᠠᠢᠲᠤᠷ ᠠᠳᠭᠤᠬᠤ ᠬᠡᠷᠡᠭ᠌ᠲᠡᠢ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号