ᠤᠷᠲᠤ ᠵᠠᠮ᠎ᠤᠨ ᠠᠶᠠᠨ ᠳᠠᠢᠨ
2021-08-25 11:22:38
ᠵᠣᠬᠢᠶᠠᠭ᠍ᠴᠢ᠄
ᠢᠦᠢ ᠮᠧᠶ ᠯᠢ
ᠣᠩᠱᠢᠭ᠍ᠰᠠᠨ ᠣᠳᠠᠭ᠎ᠠ᠄
★★★☆☆


ᠤᠷᠲᠤ ᠵᠠᠮ᠎ᠤᠨ ᠠᠶᠠᠨ ᠳᠠᠢᠨ᠎ᠤ ᠵᠣᠷᠢᠭ ᠰᠠᠨᠠᠭ᠎ᠠ ᠪᠣᠯ ᠪᠢᠳᠡᠨ᠎ᠢ ᠵᠢᠯᠣᠭᠤᠳᠤᠨ ᠤᠷᠤᠭ᠍ᠰᠢᠯᠠᠭᠤᠯᠬᠤ ᠭᠡᠷᠡᠯᠲᠦ  ᠴᠠᠮᠬᠠᠭ ᠮᠦᠨ


    【 ᠲᠤᠮᠳᠠᠳᠤ ᠤᠯᠤᠰ᠎ᠤᠨ ᠡᠪ ᠬᠠᠮᠳᠤᠴᠤᠤᠨ᠎ᠤᠨ ᠤᠶᠤᠨ ᠰᠠᠨᠠᠭᠠᠨ᠎ᠤ ᠴᠠᠳᠢᠭ 】

ᠠᠭᠤᠤ ᠶᠡᠭᠡ ᠤᠷᠳᠤ ᠵᠠᠮ᠎ᠤᠨ ᠠᠶᠠᠨ ᠲᠠᠢᠨ᠎ᠤ ᠵᠣᠷᠢᠭ ᠰᠠᠨᠠᠭ᠎ᠠ ᠪᠣᠯ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠵᠣᠷᠢᠭ ᠰᠠᠨᠠᠭᠠᠨ᠎ᠤ ᠴᠠᠳᠢᠬ᠎ᠤᠨ ᠴᠢᠬᠤᠯᠠ ᠪᠦᠷᠢᠯᠳᠦᠬᠦᠨ ᠬᠡᠰᠡᠭ ᠮᠥᠨ᠃ ᠶᠡᠷᠦᠩᠬᠡᠢ ᠱᠦᠵᠢ ᠰᠢ᠎ᠶ᠋ᠢᠨ ᠫᠢᠩ ᠤᠯᠠᠭᠠᠨ ᠴᠡᠷᠢᠭ᠎ᠤᠨ ᠤᠷᠳᠤ ᠵᠠᠮ᠎ᠤᠨ ᠠᠶᠠᠨ ᠲᠠᠢᠨ᠎ᠤ ᠢᠯᠠᠯᠲᠠ ᠣᠯᠤᠭ᠍ᠰᠠᠨ 80 ᠵᠢᠯ᠎ᠤᠨ ᠤᠢ᠎ᠶ᠋ᠢ ᠳᠤᠷᠠᠰᠭᠠᠬᠤ ᠶᠡᠭᠡ ᠬᠤᠷᠠᠯ ᠳᠡᠭᠡᠷᠡᠬᠢ ᠶᠠᠷᠢᠶᠠᠨ᠎ᠳᠠᠭᠠᠨ᠄ 《ᠠᠭᠤᠤ ᠶᠡᠭᠡ ᠤᠷᠳᠤ ᠵᠠᠮ᠎ᠤᠨ ᠠᠶᠠᠨ ᠲᠠᠢᠨ᠎ᠤ ᠵᠣᠷᠢᠭ ᠰᠠᠨᠠᠭ᠎ᠠ ᠪᠣᠯ ᠳᠠᠷᠤᠢ ᠪᠦᠬᠦ᠌ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ᠎ᠶ᠋ᠢᠨ ᠦᠨᠳᠦᠰᠦᠲᠡᠨ᠎ᠤ ᠦᠨᠳᠦᠰᠦᠨ ᠠᠱᠢᠭ ᠲᠤᠰᠠ᠎ᠶ᠋ᠢ ᠠᠯᠢᠪᠠ᠎ᠠᠴᠠ ᠡᠷᠬᠢᠮ ᠲᠡᠭᠡᠳᠦ᠎ᠪᠠᠷ ᠦᠵᠡᠵᠦ᠍᠂ ᠬᠤᠪᠢᠰᠭᠠᠯ᠎ᠤᠨ ᠬᠦᠰᠡᠯᠡᠩ ᠪᠠ ᠢᠲᠡᠭᠡᠯ ᠪᠢᠱᠢᠷᠡᠯ᠎ᠢᠶᠠᠨ ᠪᠠᠲᠤᠳᠭᠠᠵᠤ᠂ ᠱᠢᠳᠤᠷᠭᠤ ᠶᠣᠰᠣᠨ᠎ᠤ ᠦᠢᠯᠡᠰ ᠯᠠᠪᠳᠠᠢ ᠢᠯᠠᠬᠤ᠎ᠶ᠋ᠢ ᠪᠠᠲᠤ ᠢᠲᠡᠭᠡᠬᠦ᠌ ᠵᠣᠷᠢᠭ ᠰᠠᠨᠠᠭ᠎ᠠ ᠪᠤᠯᠤᠨ᠎ᠠ》 ᠭᠡᠵᠦ᠍ ᠵᠢᠭᠠᠵᠤ ᠭᠠᠷᠭᠠᠵᠠᠢ᠃ ᠨᠡᠢᠭᠡᠮ ᠵᠢᠷᠤᠮᠲᠦ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠱᠢᠨ᠎ᠡ ᠠᠶᠠᠨ ᠵᠠᠮ᠎ᠳᠤ᠂ ᠤᠷᠳᠤ ᠵᠠᠮ᠎ᠤᠨ ᠠᠶᠠᠨ ᠲᠠᠢᠨ᠎ᠤ ᠵᠣᠷᠢᠭ ᠰᠠᠨᠠᠭ᠎ᠠ ᠪᠣᠯ ᠳᠠᠷᠤᠢ ᠪᠢᠳᠡᠨ᠎ᠢ ᠵᠢᠯᠣᠭᠤᠳᠤᠨ ᠤᠷᠤᠭ᠍ᠰᠢᠯᠠᠭᠤᠯᠬᠤ ᠭᠡᠷᠡᠯᠲᠦ ᠴᠠᠮᠬᠠᠭ ᠮᠥᠨ᠂ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠭ᠍ᠤ ᠱᠢᠷᠭᠢᠰᠢ ᠦᠭᠡᠢ ᠬᠥᠳᠡᠯᠭᠡᠬᠦ᠌ ᠬᠦᠴᠦᠨ᠎ᠤ ᠡᠬᠢ ᠪᠤᠯᠠᠭ ᠮᠥᠨ᠃

 

QQ截图20210825093326.png

 

ᠬᠤᠪᠢᠰᠭᠠᠯ᠎ᠤᠨ ᠬᠦᠰᠡᠯᠡᠩ ᠶᠠᠭᠤᠨ᠎ᠠᠴᠠ ᠴᠤ᠌ ᠡᠷᠬᠢᠮ

ᠬᠤᠪᠢᠰᠭᠠᠯ᠎ᠤᠨ ᠬᠦᠰᠡᠯᠡᠩ᠎ᠢᠶᠠᠨ ᠬᠢᠵᠠᠭᠠᠯᠠᠰᠢ ᠦᠭᠡᠢ ᠬᠠᠢᠷᠠᠯᠠᠬᠤ ᠪᠠ ᠨᠠᠮ᠎ᠳᠠᠭᠠᠨ ᠬᠢᠵᠠᠭᠠᠯᠠᠰᠢ ᠦᠭᠡᠢ ᠦᠨᠡᠨᠴᠢ ᠱᠢᠳᠤᠷᠭᠤ ᠪᠠᠢᠬᠤ ᠪᠣᠯ ᠤᠷᠳᠤ ᠵᠠᠮ᠎ᠤᠨ ᠠᠶᠠᠨ ᠲᠠᠢᠨ᠎ᠤ ᠵᠣᠷᠢᠭ ᠰᠠᠨᠠᠭᠠᠨ᠎ᠤ ᠦᠨᠳᠦᠰᠦᠨ ᠵᠦᠢᠯ ᠪᠣᠯᠤᠨ᠎ᠠ᠃ ᠲᠠᠪᠤᠳᠤᠭᠠᠷ ᠤᠳᠠᠭᠠᠨ᠎ᠤ 《ᠪᠦᠰᠡᠯᠡᠨ ᠤᠰᠠᠳᠭᠠᠯᠲᠠ》 ᠎ᠶ᠋ᠢ ᠡᠰᠡᠷᠭᠦᠴᠡᠭᠡᠳ ᠢᠯᠠᠭ᠍ᠳᠠᠭ᠍ᠰᠠᠨ᠎ᠤ ᠲᠠᠷᠠᠭ᠎ᠠ᠂ ᠤᠯᠠᠭᠠᠨ ᠴᠡᠷᠢᠭ᠎ᠤᠨ 8.6 ᠲᠦᠮᠡᠨ ᠵᠢᠯᠤᠭᠤᠳᠤᠭ᠍ᠴᠢ ᠪᠠᠢᠯᠳᠤᠭ᠍ᠴᠢ 1934 ᠣᠨ᠎ᠤ 10 ᠰᠠᠷ᠎ᠠ᠎ᠶ᠋ᠢᠨ 10 ᠎ᠤ ᠤᠷᠤᠢ ᠵᠢᠶᠠᠩᠰᠢ᠎ᠶ᠋ᠢᠨ ᠢᠦᠢ ᠳ᠋ᠦ᠎ᠳᠤ ᠨᠢᠭᠤᠴᠠ᠎ᠪᠠᠷ ᠭᠤᠣᠯ ᠭᠠᠲᠤᠯᠵᠤ᠂ ᠠᠭᠤᠤ ᠶᠡᠭᠡ ᠠᠶᠠᠨ ᠵᠠᠮ᠎ᠢᠶᠠᠨ ᠡᠬᠢᠯᠡᠬᠦᠯᠪᠡ᠃ ᠬᠦᠨᠳᠦ ᠬᠡᠴᠡᠭᠦᠦ ᠪᠠᠢᠭᠠᠯᠢ᠎ᠶ᠋ᠢᠨ ᠣᠷᠴᠢᠨ ᠲᠣᠭᠤᠷᠢᠨ ᠪᠠ ᠬᠡᠳᠦᠨ ᠠᠷᠪᠠᠨ ᠲᠦᠮᠡᠨ ᠳᠠᠢᠰᠤᠨ᠎ᠤ ᠴᠡᠷᠢᠭ᠎ᠤᠨ ᠪᠦᠰᠡᠯᠡᠨ ᠨᠡᠬᠡᠮᠵᠢᠯᠡᠯᠲᠠ᠎ᠶ᠋ᠢᠨ ᠡᠮᠦᠨ᠎ᠡ᠂ ᠲᠡᠳᠡ ᠱᠢᠶᠠᠩᠵᠢᠶᠠᠩ ᠮᠥᠷᠡᠨ᠎ᠳᠤ ᠴᠢᠰᠤᠨ ᠪᠠᠢᠯᠳᠤᠭᠠᠨ ᠬᠢᠵᠦ᠍᠂ ᠽᠦᠨ ᠢ᠎ᠶ᠋ᠢ ᠪᠤᠯᠢᠶᠠᠨ ᠡᠵᠡᠯᠡᠵᠦ᠍᠂ ᠊ᠤᠤᠢ ᠱᠦᠢ ᠭᠤᠣᠯ᠎ᠢ ᠳᠥᠷᠪᠠᠨᠲᠡ ᠭᠠᠲᠤᠯᠵᠤ᠂ ᠵᠢᠡᠱᠡᠵᠢᠶᠡᠩ ᠮᠥᠷᠡᠨ᠎ᠢ ᠠᠮᠵᠢᠯᠳᠠ᠎ᠲᠠᠢ ᠲᠤᠭᠤᠯᠵᠤ᠂ ᠳ᠋ᠠ ᠳ᠋ᠦ᠋ ᠾᠧ ᠭᠤᠣᠯ᠎ᠢ ᠬᠦᠴᠦᠯᠡᠨ ᠭᠠᠲᠤᠯᠵᠤ᠂ ᠯᠦ᠍ ᠳ᠋ᠢᠩ ᠴᠢᠶᠣᠤ ᠬᠥᠭᠦᠷᠭᠡ᠎ᠶ᠋ᠢ ᠪᠤᠯᠢᠶᠠᠨ ᠠᠪᠴᠤ᠌᠂ ᠵᠢᠶᠠ᠎ᠶ᠋ᠢᠨ ᠱᠠᠨ ᠠᠭᠤᠯᠠ᠎ᠶ᠋ᠢ ᠳᠠᠪᠠᠵᠤ᠂ ᠨᠠᠮᠤᠭ ᠲᠠᠯ᠎ᠠ᠎ᠶ᠋ᠢ ᠲᠤᠭᠤᠯᠵᠤ᠂ ᠪᠠᠷᠳᠠᠭ᠎ᠠ ᠶᠡᠭᠡᠳᠡᠢ ᠯᠠ ᠽᠢ ᠺᠸᠤ᠎ᠶ᠋ᠢ ᠱᠢᠪᠲᠤᠯᠤᠨ᠂ ᠱᠠᠨᠰᠢ ᠭᠠᠨᠰᠦ᠎ᠶ᠋ᠢᠨ ᠰᠣᠪᠢᠶᠠᠳ ᠣᠷᠣᠨ᠎ᠤ ᠡᠦ ᠴᠢ ᠪᠠᠯᠭᠠᠰᠤᠨ᠎ᠳᠤ ᠣᠷᠣᠵᠤ ᠰᠠᠭᠤᠪᠠ᠃ 1936 ᠣᠨ᠎ᠤ 10 ᠰᠠᠷ᠎ᠠ᠎ᠳᠤ᠂ ᠭᠤᠷᠪᠠᠨ ᠶᠡᠭᠡ ᠭᠤᠣᠯ ᠬᠦᠴᠦᠨ ᠴᠡᠷᠢᠭ ᠠᠩᠬᠢ ᠢᠯᠠᠯᠲᠠ᠎ᠲᠠᠢ᠎ᠪᠠᠷ ᠠᠭᠤᠯᠵᠠᠪᠠ᠃ ᠳᠠᠯᠠᠢ᠎ᠶ᠋ᠢᠨ ᠲᠦᠪᠱᠢᠨ᠎ᠠᠴᠠ 5470 ᠮᠧᠲᠷ ᠡᠷᠭᠦᠭ᠌ᠳᠡᠭ᠌ᠰᠡᠨ ᠴᠠᠰᠤᠲᠤ ᠠᠭᠤᠯᠠ᠎ᠶ᠋ᠢ ᠳᠠᠪᠠᠭ᠍ᠤ ᠦᠶ᠎ᠡ᠎ᠳᠤ᠂ ᠨᠢᠭᠡᠨ ᠪᠠᠢᠯᠳᠤᠭ᠍ᠴᠢ᠎ᠶ᠋ᠢᠨ ᠴᠢᠨᠳᠠᠷ᠎ᠨᠢ ᠴᠠᠰᠤᠨ᠎ᠳᠤ ᠪᠤᠯᠠᠬ᠍ᠳᠠᠵᠤ᠂ ᠲᠡᠭᠡᠭ᠌ᠰᠢ ᠡᠷᠬᠦᠭ᠌ᠰᠡᠨ ᠭᠠᠷ ᠯᠠ ᠬᠤᠯᠠ᠎ᠠᠴᠠ ᠬᠠᠷᠠᠭ᠍ᠳᠠᠵᠤ ᠪᠠᠢᠯ᠎ᠠ᠃ ᠭᠠᠷ᠎ᠲᠠᠭᠠᠨ ᠨᠠᠮ᠎ᠤᠨ ᠦᠨᠡᠮᠯᠡᠯ ᠪᠣᠯᠤᠨ ᠨᠢᠭᠡ ᠲᠦᠭᠦᠷᠢᠭ᠎ᠤᠨ ᠮᠥᠩᠭᠦᠨ ᠵᠣᠭᠤᠰ᠎ᠢ ᠴᠢᠩᠭᠠᠬᠠᠨ ᠠᠳᠭᠤᠵᠤ᠂ ᠲᠡᠷᠡ᠎ᠪᠠᠷ ᠬᠠᠮᠤᠭ᠎ᠤᠨ ᠰᠡᠭᠦᠯᠴᠢ᠎ᠶ᠋ᠢᠨ ᠨᠢᠭᠡ ᠤᠳᠠᠭ᠎ᠠ᠎ᠶ᠋ᠢᠨ ᠨᠠᠮ᠎ᠤᠨ ᠰᠦᠢᠳᠭᠡᠯ᠎ᠢᠶᠠᠨ ᠨᠠᠮ᠎ᠤᠨ ᠵᠣᠬᠢᠶᠠᠨ ᠪᠠᠢᠭᠤᠯᠤᠯᠲᠠ᠎ᠳᠤ ᠲᠤᠱᠢᠶᠠᠬᠤ᠎ᠪᠠᠨ ᠮᠠᠷᠲᠠᠭ᠍ᠰᠠᠨ ᠦᠭᠡᠢ᠃ ᠵᠠᠩ ᠸᠧᠨ ᠲᠢᠶᠠᠨ 1938 ᠣᠨ᠎ᠳᠤ ᠱᠠᠨᠰᠢ᠎ᠶ᠋ᠢᠨ ᠬᠤᠢᠲᠤ ᠬᠡᠰᠡᠭ᠎ᠤᠨ ᠠᠯᠪᠠᠨ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠲᠤ ᠥᠭ᠌ᠭᠦᠭ᠌ᠰᠡᠨ ᠮᠡᠳᠡᠭᠦᠯᠦᠯᠲᠡ᠎ᠳᠡᠭᠡᠨ᠄ 《ᠤᠷᠳᠤ ᠵᠠᠮ᠎ᠤᠨ ᠠᠶᠠᠨ ᠲᠠᠢᠨ᠎ᠤ ᠳᠤᠮᠳᠠ ᠪᠢᠳᠡ ᠦᠨᠡᠬᠡᠷ ᠲᠤᠭ᠎ᠠ ᠲᠣᠮᠰᠢ ᠦᠭᠡᠢ ᠬᠦᠴᠢᠷ ᠪᠡᠷᠬᠡᠱᠢᠶᠡᠯ᠎ᠳᠤ ᠲᠤᠯᠭᠠᠷᠠᠵᠠᠶ ᠁ ᠬᠦᠰᠡᠯᠡᠩ ᠢᠳᠡᠭᠡᠯ ᠦᠭᠡᠢ ᠪᠣᠯ ᠤᠯᠠᠭᠠᠨ ᠴᠡᠷᠢᠭ ᠮᠢᠩᠭᠠᠨ ᠭᠠᠵᠠᠷ ᠴᠤ᠌ ᠶᠠᠪᠤᠵᠤ ᠴᠢᠳᠠᠬᠤ ᠦᠭᠡᠢ ᠶᠤᠮ》 ᠭᠡᠵᠡᠶ᠃ ᠮᠠᠤ ᠽᠧ ᠳ᠋ᠦᠩ᠄ 《ᠤᠷᠳᠤ ᠵᠠᠮ᠎ᠤᠨ ᠠᠶᠠᠨ ᠲᠠᠢᠨ ᠪᠣᠯ ᠲᠡᠦᠬᠡᠨ ᠲᠡᠮᠳᠡᠭ᠌ᠯᠡᠯ᠎ᠳᠤ ᠤᠷᠢᠳ ᠡᠮᠦᠨ᠎ᠡ ᠪᠠᠢᠭ᠎ᠠ ᠦᠭᠡᠢ ᠶᠤᠮ᠂ ᠤᠷᠳᠤ ᠵᠠᠮ᠎ᠤᠨ ᠠᠶᠠᠨ ᠲᠠᠢᠨ ᠪᠣᠯ ᠲᠤᠩᠬᠠᠭ ᠪᠢᠴᠢᠭ᠂ ᠤᠷᠳᠤ ᠵᠠᠮ᠎ᠤᠨ ᠠᠶᠠᠨ ᠲᠠᠢᠨ ᠪᠣᠯ ᠤᠬᠠᠭᠤᠯᠬᠤ ᠠᠩᠬᠢ᠂ ᠤᠷᠳᠤ ᠵᠠᠮ᠎ᠤᠨ ᠠᠶᠠᠨ ᠲᠠᠢᠨ ᠪᠣᠯ ᠥᠷ᠎ᠠ ᠰᠠᠴᠤᠬᠤ ᠮᠡᠱᠢᠠ ᠮᠥᠨ》 ᠭᠡᠵᠦ᠍ ᠵᠢᠭᠠᠵᠤ ᠭᠠᠷᠭᠠᠭ᠍ᠰᠠᠨ ᠪᠠᠢᠳᠠᠬ᠃

ᠠᠮᠢ ᠪᠡᠶ᠎ᠡ᠎ᠪᠠᠨ ᠦᠷᠡᠭ᠌ᠳᠡᠭᠦᠯᠬᠦ᠌᠎ᠳᠤ ᠠᠤᠭ᠎ᠠ ᠵᠣᠷᠢᠭ ᠬᠡᠷᠡᠭ᠌ᠲᠡᠢ

ᠲᠩᠷᠢ ᠭᠠᠵᠠᠷ᠎ᠢ ᠥᠭᠡᠷᠡᠴᠢᠯᠡᠬᠦ᠌ ᠬᠤᠪᠢᠰᠭᠠᠯ᠎ᠤᠨ ᠬᠦᠰᠡᠯᠡᠩ᠎ᠢ ᠪᠡᠶᠡᠯᠡᠭᠦᠯᠬᠦ᠌᠎ᠶ᠋ᠢᠨ ᠲᠥᠯᠥᠭᠡ ᠠᠮᠢ ᠪᠡᠶ᠎ᠡ᠎ᠪᠠᠨ ᠴᠦᠯᠡᠨ ᠬᠠᠯᠠᠭᠤᠨ ᠴᠢᠰᠤ᠎ᠪᠠᠨ ᠤᠷᠤᠰᠭᠠᠬᠤ᠎ᠠᠴᠠ ᠪᠤᠴᠠᠬᠤ ᠦᠭᠡᠢ ᠪᠠᠢᠬᠤ ᠪᠣᠯ ᠤᠷᠳᠤ ᠵᠠᠮ᠎ᠤᠨ ᠠᠶᠠᠨ ᠲᠠᠢᠨ᠎ᠤ ᠵᠣᠷᠢᠭ ᠰᠠᠨᠠᠭᠠᠨ᠎ᠤ ᠲᠥᠪᠯᠡᠷᠡᠩᠭᠦᠢ ᠢᠯᠡᠷᠡᠯ ᠮᠥᠨ᠃ ᠭᠤᠷᠪᠠᠨ ᠶᠡᠭᠡ ᠤᠯᠠᠭᠠᠨ ᠴᠡᠷᠢᠭ᠎ᠤᠨ ᠭᠤᠣᠯ ᠬᠦᠴᠦᠨ ᠮᠣᠷᠳᠠᠬᠤ ᠦᠶ᠎ᠡ᠎ᠳᠤ 20.6 ᠲᠦᠮᠡᠨ ᠬᠥᠮᠦᠨ ᠪᠠᠢᠵᠤ᠂ ᠵᠠᠮ ᠳᠠᠭᠠᠤ 1.7 ᠲᠦᠮᠡᠨ ᠬᠥᠮᠦᠨ ᠨᠥᠬᠦᠪᠥᠷᠢᠯᠡᠵᠦ᠍᠂ ᠢᠯᠠᠯᠲᠠ᠎ᠲᠠᠢ᠎ᠪᠠᠷ ᠴᠡᠷᠢᠭ ᠠᠭᠤᠯᠵᠠᠬᠤ ᠦᠶ᠎ᠡ᠎ᠳᠤ ᠵᠥᠪᠬᠡᠨ 5.7 ᠲᠦᠮᠡᠨ ᠬᠥᠮᠦᠨ ᠦᠯᠡᠳᠡᠵᠡᠶ᠃ ᠤᠯᠠᠭᠠᠨ ᠴᠡᠷᠢᠭ᠎ᠤᠨ ᠳᠠᠷᠤᠭ᠎ᠠ ᠪᠠᠢᠯᠳᠤᠭ᠍ᠴᠢᠳ 14 ᠮᠤᠵᠢ᠎ᠪᠠᠷ ᠥᠩᠭᠡᠷᠡᠵᠦ᠍᠂ ᠵᠠᠭᠤ ᠱᠢᠬᠠᠮ ᠭᠤᠣᠯ ᠮᠥᠷᠡᠨ᠎ᠢ ᠭᠡᠳᠦᠯᠵᠦ᠍᠂ 40 ᠭᠠᠷᠤᠢ ᠠᠭᠤᠯᠠ ᠬᠠᠢᠷᠬᠠᠨ᠎ᠢ ᠳᠠᠪᠠᠵᠤ᠂ 《ᠦᠬᠦᠯ᠎ᠤᠨ ᠤᠨᠠᠭᠤᠯᠢ》 ᠬᠡᠮᠡᠭ᠌ᠳᠡᠭ᠌ᠰᠡᠨ ᠨᠠᠮᠤᠭ ᠲᠠᠯ᠎ᠠ᠎ᠶ᠋ᠢ ᠲᠤᠭᠤᠯᠵᠤ᠂ ᠳᠠᠢᠰᠤᠨ᠎ᠲᠠᠢ 600 ᠭᠠᠷᠤᠢ ᠤᠳᠠᠭ᠎ᠠ ᠲᠠᠢᠳᠤᠨ᠂ 700 ᠭᠠᠷᠤᠢ ᠱᠢᠶᠠᠨ᠎ᠤ ᠬᠤᠳᠠ᠎ᠶ᠋ᠢ ᠡᠵᠡᠯᠡᠪᠡ᠃ ᠪᠡᠶ᠎ᠡ ᠦᠷᠡᠭ᠌ᠳᠡᠭ᠌ᠰᠡᠨ ᠳᠠᠷᠤᠭ᠎ᠠ᠎ᠶ᠋ᠢᠨ ᠳᠣᠲᠣᠷ᠎ᠠ ᠳ᠋ᠢᠸᠢᠽᠢ᠎ᠶ᠋ᠢᠨ ᠲᠡᠰ᠎ᠤᠨ ᠺᠠᠳ᠋ᠷ 80 ᠭᠠᠷᠤᠢ᠂ ᠪᠠᠲ᠋ᠠᠯᠢᠶᠣᠨ᠎ᠠᠴᠠ ᠳᠡᠭᠡᠭ᠌ᠰᠢᠬᠢ ᠺᠠᠳ᠋ᠷ 430 ᠭᠠᠷᠤᠢ ᠬᠦᠮᠦᠨ ᠪᠤᠢ᠃ ᠱᠢᠶᠠᠩᠵᠢᠶᠠᠩ ᠮᠥᠷᠡᠨ᠎ᠤ ᠪᠠᠢᠯᠳᠤᠭᠠᠨ᠎ᠳᠤ᠂ ᠤᠯᠠᠭᠠᠨ 34 ᠳ᠋ᠤᠭᠡᠷ ᠳ᠋ᠢᠸᠢᠽᠢ᠎ᠶ᠋ᠢᠨ ᠳᠠᠷᠤᠭ᠎ᠠ ᠴᠧᠨ ᠱᠦ᠍ ᠱᠢᠶᠠᠩ ᠬᠠᠯᠠᠭᠤᠨ ᠠᠮᠢ᠎ᠪᠠᠨ ᠦᠷᠡᠭ᠌ᠳᠡᠭᠦᠯᠵᠦ᠍ ᠵᠣᠷᠢᠭ᠎ᠢᠶᠠᠨ ᠢᠯᠡᠳᠭᠡᠵᠡᠢ᠃ ᠤᠯᠠᠭᠠᠨ ᠴᠡᠷᠢᠭ ᠬᠤᠶᠠᠷ ᠲᠦᠮᠡ ᠲᠠᠪᠤᠨ ᠮᠢᠩᠭᠠᠨ ᠭᠠᠵᠠᠷ ᠤᠷᠤᠭ᠍ᠰᠢᠯᠠᠵᠤ᠂ ᠳᠤᠮᠳᠠᠴᠢ᠎ᠪᠠᠷ ᠡᠳᠦᠷ ᠪᠦᠷᠢ ᠪᠠᠷᠤᠭ 74 ᠭᠠᠵᠠᠷ ᠠᠶᠠᠯᠠᠵᠤ᠂ ᠳᠤᠮᠳᠠᠴᠢ᠎ᠪᠠᠷ 300 ᠮᠧᠲᠷ ᠪᠦᠷᠢ᠎ᠳᠤ ᠨᠢᠭᠡ ᠬᠥᠮᠦᠨ ᠪᠡᠶ᠎ᠡ ᠦᠷᠡᠭ᠌ᠳᠡᠵᠡᠶ᠃ ᠤᠷᠳᠤ ᠵᠠᠮ᠎ᠤᠨ ᠠᠶᠠᠨ ᠲᠠᠢᠨ᠎ᠤ ᠴᠠᠭ ᠬᠤᠭᠤᠴᠠᠭᠠᠨ᠎ᠤ ᠤᠷᠳᠤ᠂ ᠬᠡᠪᠴᠢᠶ᠎ᠡ᠎ᠶ᠋ᠢᠨ ᠶᠡᠭᠡ᠂ ᠠᠶᠠᠨ ᠵᠠᠮ᠎ᠤᠨ ᠬᠤᠯᠠ᠂ ᠣᠷᠴᠢᠨ ᠲᠣᠭᠤᠷᠢᠨ᠎ᠤ ᠠᠶᠤᠯ ᠲᠦᠭ᠌ᠰᠢᠭᠦᠷᠢ᠂ ᠪᠠᠢᠯᠳᠤᠭᠠᠨ᠎ᠤ ᠬᠠᠷᠠᠰᠠᠯᠳᠤ ᠪᠠᠢᠳᠠᠯ᠎ᠨᠢ ᠳᠤᠮᠳᠠᠳᠤ ᠤᠯᠤᠰ᠎ᠤᠨ ᠲᠡᠦᠬᠡᠨ᠎ᠳᠤ ᠬᠤᠣᠰ ᠦᠭᠡᠢ ᠶᠤᠮ᠂ ᠳᠡᠯᠡᠬᠡᠢ᠎ᠶ᠋ᠢᠨ ᠲᠠᠢᠨ᠎ᠤ ᠲᠡᠦᠬᠡ ᠴᠢᠨᠠᠭ᠍ᠰᠢᠯᠠᠪᠠᠯ ᠬᠥᠮᠦᠨ ᠲᠥᠷᠥᠯᠬᠢᠲᠡᠨ᠎ᠤ ᠪᠣᠯᠪᠠᠰᠤᠨ᠎ᠤ ᠲᠡᠦᠬᠡᠨ᠎ᠳᠤ ᠴᠦ᠍ ᠲᠦᠢᠯ᠎ᠤᠨ ᠬᠤᠪᠣᠷ ᠶᠤᠮ᠃

ᠪᠡᠶ᠎ᠡ᠎ᠪᠠᠨ ᠳᠠᠭᠠᠭᠠᠵᠤ ᠡᠵᠡᠨ ᠮᠡᠳᠡᠨ ᠱᠢᠨ᠎ᠡ ᠵᠠᠮ᠎ᠢ ᠨᠡᠭᠡᠭᠡᠯ᠎ᠡ

ᠠᠯᠢᠪᠠ ᠪᠦᠬᠦᠨ᠎ᠳᠤ ᠪᠣᠳᠠᠳᠠᠢ᠎ᠠᠴᠠ ᠡᠭᠦᠰᠴᠦ᠍᠂ ᠪᠡᠶ᠎ᠡ᠎ᠪᠠᠨ ᠳᠠᠭᠠᠭᠠᠨ ᠡᠵᠡᠨ ᠮᠡᠳᠡᠵᠦ᠍᠂ ᠦᠨᠡᠨ᠎ᠠᠴᠠ ᠵᠥᠪ᠎ᠢ ᠡᠷᠢᠵᠦ᠍᠂ ᠮᠠᠷᠺᠰ᠎ᠤᠨ ᠦᠵᠡᠯ᠎ᠤᠨ ᠦᠨᠳᠦᠰᠦᠨ ᠤᠭ ᠶᠤᠰᠤ᠎ᠶ᠋ᠢ ᠳᠤᠮᠳᠠᠳᠤ ᠤᠯᠤᠰ᠎ᠤᠨ ᠬᠤᠪᠢᠰᠭᠠᠯ᠎ᠤᠨ ᠪᠣᠳᠠᠲᠠᠢ ᠪᠠᠢᠳᠠᠯ᠎ᠲᠠᠢ ᠤᠶᠠᠯᠳᠤᠭᠤᠯᠬᠤ ᠪᠣᠯ ᠤᠷᠳᠤ ᠵᠠᠮ᠎ᠤᠨ ᠠᠶᠠᠨ ᠲᠠᠢᠨ᠎ᠤ ᠵᠣᠷᠢᠭ ᠰᠠᠨᠠᠭᠠᠨ᠎ᠤ ᠭᠤᠣᠯ ᠴᠢᠮᠥᠭᠡ ᠮᠥᠨ᠃ ᠱᠢᠶᠠᠩᠵᠢᠶᠠᠩ ᠮᠥᠷᠡᠨ᠎ᠤ ᠪᠠᠢᠯᠳᠤᠭᠠᠨ᠎ᠳᠤ᠂ ᠲᠥᠪ᠎ᠤᠨ ᠤᠯᠠᠭᠠᠨ ᠴᠡᠷᠢᠭ 8.6 ᠲᠦᠮᠡᠨ ᠬᠥᠮᠦᠨ ᠪᠠᠢᠭ᠍ᠰᠠᠨ᠎ᠠᠴᠠ᠎ᠪᠠᠨ ᠱᠢᠷᠦᠭᠦᠨ᠎ᠢᠶᠠᠷ ᠬᠠᠰᠤᠭ᠍ᠳᠠᠵᠤ 3 ᠲᠦᠮᠡᠨ ᠬᠥᠮᠦᠨ ᠦᠯᠡᠳᠡᠵᠦ᠍᠂ ᠳᠤᠮᠳᠠᠳᠤ ᠤᠯᠤᠰ᠎ᠤᠨ ᠬᠤᠪᠢᠰᠭᠠᠯ ᠦᠬᠦᠵᠦ᠍ ᠰᠡᠭᠡᠬᠦ᠌᠎ᠶ᠋ᠢᠨ ᠲᠠᠪᠠᠭᠠᠨ᠎ᠳᠤ ᠲᠤᠯᠭᠠᠷᠠᠵᠠᠢ᠃ ᠽᠦᠨ ᠢ᠎ᠶ᠋ᠢᠨ ᠬᠤᠷᠠᠯᠳᠤᠭᠠᠨ᠎ᠤ ᠳᠠᠷᠠᠭ᠎ᠠ᠂ ᠮᠠᠤ ᠽᠧ ᠳ᠋ᠦᠩ ᠬᠦᠳᠡᠯᠦᠩᠬᠦᠢ ᠲᠠᠢᠨ᠎ᠤ ᠪᠠᠢᠯᠳᠤᠬᠤ ᠪᠤᠳᠤᠯᠭ᠎ᠠ ᠪᠠᠢᠯᠳᠤᠬᠤ ᠠᠷᠭ᠎ᠠ᠎ᠶ᠋ᠢ ᠬᠡᠷᠡᠭ᠌ᠯᠡᠪᠡ᠄ ᠴᠡᠷᠢᠭ᠎ᠤᠨ ᠶᠠᠪᠤᠳᠠᠯ᠎ᠤᠨ ᠲᠠᠯ᠎ᠠ᠎ᠪᠠᠷ᠂ ᠊ᠤᠤᠢ ᠱᠦᠢ ᠭᠤᠣᠯ᠎ᠢ ᠳᠥᠷᠪᠠᠨᠲᠡ ᠭᠠᠲᠤᠯᠵᠤ᠂ ᠬᠡᠳᠦᠨ ᠠᠷᠪᠠᠨ ᠲᠦᠮᠡᠨ ᠳᠠᠢᠰᠤᠨ᠎ᠤ ᠪᠦᠰᠡᠯᠡᠯᠲᠠ᠎ᠶ᠋ᠢ ᠱᠢᠪᠲᠤᠯᠵᠤ᠂ ᠪᠦᠬᠦ᠌ ᠨᠠᠮ ᠪᠦᠬᠦ᠌ ᠴᠡᠷᠢᠭ᠎ᠤᠨ ᠴᠤᠭ ᠰᠦᠯᠳᠡ᠎ᠶ᠋ᠢ ᠶᠡᠭᠡ᠎ᠪᠠᠷ ᠪᠠᠳᠠᠷᠠᠭᠤᠯᠪᠠ; ᠤᠯᠤᠰ ᠲᠦᠷᠦ᠎ᠶ᠋ᠢᠨ ᠲᠠᠯ᠎ᠠ᠎ᠪᠠᠷ᠂ ᠤᠷᠳᠤ ᠵᠠᠮ᠎ᠤᠨ ᠠᠶᠠᠨ ᠲᠠᠢᠨ᠎ᠤ 《ᠶᠡᠭᠡ ᠨᠡᠬᠦᠳᠡᠯ》 ᠎ᠢ ᠤᠮᠠᠷᠠᠰᠢ ᠮᠣᠷᠳᠠᠵᠤ ᠶᠠᠫᠣᠨ᠎ᠢ ᠡᠰᠡᠷᠭᠦᠴᠡᠬᠦ᠌ ᠪᠤᠯᠭᠠᠵᠤ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠯᠤᠰ ᠲᠦᠷᠦ᠎ᠶ᠋ᠢᠨ ᠵᠣᠷᠢᠯᠲᠠ᠎ᠶ᠋ᠢ ᠥᠷᠭᠡᠨ᠎ᠢᠶᠠᠷ ᠤᠬᠠᠭᠤᠯᠵᠤ᠂ ᠵᠠᠩ ᠭᠦᠸᠧ ᠲᠤᠤ᠎ᠶ᠋ᠢᠨ ᠨᠠᠮ ᠪᠠ ᠤᠯᠠᠭᠠᠨ ᠴᠡᠷᠢᠭ᠎ᠢ ᠬᠠᠭᠠᠴᠠᠭᠤᠯᠬᠤ ᠪᠤᠷᠤᠭᠤ ᠠᠵᠢᠯᠯᠠᠭ᠎ᠠ᠎ᠲᠠᠢ ᠡᠷᠡᠰ ᠲᠡᠮᠡᠴᠡᠯ ᠶᠠᠪᠤᠭᠤᠯᠪᠠ; ᠨᠢᠭᠡᠳᠦᠮᠡᠯ ᠹᠷᠣᠨᠲ᠎ᠤᠨ ᠲᠠᠯ᠎ᠠ᠎ᠪᠠᠷ᠂ 《ᠵᠢᠶᠠᠩ ᠵᠢᠶᠧ ᠱ᠌ᠢ᠎ᠶ᠋ᠢ ᠡᠰᠡᠷᠭᠦᠴᠡᠵᠦ᠍ ᠶᠠᠫᠣᠨ᠎ᠢ ᠡᠰᠡᠷᠭᠦᠴᠡᠵᠦ᠍》 ᠪᠠᠢᠭ᠍ᠰᠠᠨ᠎ᠠᠴᠠ᠎ᠪᠠᠨ ᠠᠭᠠᠵᠢᠮ᠎ᠢᠶᠠᠷ 《ᠵᠢᠶᠠᠩ ᠵᠢᠶᠧ ᠱ᠌ᠢ᠎ᠶ᠋ᠢ ᠱᠢᠬᠠᠮᠳᠠᠭᠤᠯᠵᠤ ᠪᠠᠢᠭᠠᠳ ᠶᠠᠫᠣᠨ᠎ᠢ ᠡᠰᠡᠷᠭᠦᠴᠡᠭᠦᠯᠬᠦ᠌》 ᠪᠠ 《ᠵᠢᠶᠠᠩ ᠵᠢᠶᠧ ᠱ᠌ᠢ᠎ᠲᠠᠢ ᠬᠤᠯᠪᠣᠭᠠᠯᠠᠵᠤ ᠶᠠᠫᠣᠨ᠎ᠢ ᠡᠰᠡᠷᠭᠦᠴᠡᠬᠦ᠌》 ᠪᠤᠯᠵᠤ᠂ ᠬᠤᠶᠠᠳᠤᠭᠠᠷ ᠤᠳᠠᠭᠠᠨ᠎ᠤ ᠭᠤᠮᠢᠨᠳᠠᠩ ᠪᠠ ᠡᠪ ᠬᠠᠮᠲᠤ ᠨᠠᠮ ᠬᠠᠮᠲᠤᠷᠠᠨ ᠠᠵᠢᠯᠯᠠᠬᠤ᠎ᠶ᠋ᠢ ᠠᠬᠢᠭᠤᠯᠤᠭ᠍ᠰᠠᠨ ᠪᠠᠢᠨ᠎ᠠ᠃ ᠡᠢᠮᠦ᠎ᠠᠴᠠ ᠮᠠᠤ ᠽᠧ ᠳ᠋ᠦᠩ᠄ 《ᠤᠷᠳᠤ ᠵᠠᠮ᠎ᠤᠨ ᠠᠶᠠᠨ ᠲᠠᠢᠨ᠎ᠤ ᠢᠯᠠᠯᠲᠠ᠎ᠶ᠋ᠢ ᠬᠡᠨ ᠣᠯᠤᠭ᠍ᠰᠠᠨ ᠪᠤᠢ? ᠭᠡᠪᠡᠯ ᠡᠪ ᠬᠠᠮᠲᠤ ᠨᠠᠮ᠂ ᠡᠪ ᠬᠠᠮᠲᠤ ᠨᠠᠮ ᠪᠠᠢᠭ᠍ᠰᠠᠨ ᠦᠭᠡᠢ ᠪᠣᠯ ᠡᠢᠮᠦ᠍ ᠤᠷᠳᠤ ᠵᠠᠮ᠎ᠤᠨ ᠠᠶᠠᠨ ᠲᠠᠢᠨ᠎ᠢ ᠬᠢᠵᠦ᠍ ᠴᠢᠳᠠᠬᠤ ᠦᠭᠡᠢ ᠶᠤᠮ》 ᠭᠡᠵᠦ᠍ ᠬᠡᠯᠡᠭ᠌ᠰᠡᠨ ᠪᠢᠯᠡ᠃

ᠳᠠᠷᠤᠭ᠎ᠠ ᠪᠠᠢᠯᠳᠤᠭ᠍ᠴᠢ ᠰᠡᠳᠭᠢᠯ ᠨᠢᠭᠡᠳᠦᠨ ᠤᠷᠤᠭ᠍ᠰᠢᠯᠠᠪᠠ

ᠪᠦᠬᠦ᠌ ᠲᠠᠯ᠎ᠠ᠎ᠶ᠋ᠢ ᠬᠠᠷᠠᠭᠠᠯᠵᠠᠬᠤ᠂ ᠰᠠᠬᠢᠯᠭ᠎ᠠ ᠪᠠᠲᠤ᠎ᠶ᠋ᠢ ᠴᠢᠩᠭ᠎ᠠ ᠰᠠᠬᠢᠬᠤ᠂ ᠬᠤᠪᠢᠰᠭᠠᠯ᠎ᠤᠨ ᠡᠩᠨᠡᠭᠡ᠎ᠶ᠋ᠢᠨ ᠪᠦᠯᠬᠦᠮᠳᠡᠯ ᠨᠢᠭᠡᠳᠦᠯ᠎ᠢ ᠡᠷᠡᠰ ᠬᠠᠮᠠᠭᠠᠯᠠᠬᠤ ᠪᠣᠯ ᠤᠷᠳᠤ ᠵᠠᠮ᠎ᠤᠨ ᠠᠶᠠᠨ ᠲᠠᠢᠨ᠎ᠤ ᠵᠣᠷᠢᠭ ᠰᠠᠨᠠᠭᠠᠨ᠎ᠤ ᠢᠯᠡᠷᠬᠡᠢ ᠣᠨᠴᠠᠯᠢᠭ ᠪᠣᠯᠤᠨ᠎ᠠ᠃ ᠽᠦᠨ ᠢ᠎ᠶ᠋ᠢᠨ ᠬᠤᠷᠠᠯ ᠳᠡᠭᠡᠷ᠎ᠡ᠂ ᠮᠠᠤ ᠽᠧ ᠳ᠋ᠦᠩ ᠶᠡᠭᠡ ᠲᠠᠯ᠎ᠠ᠎ᠶ᠋ᠢ ᠪᠣᠳᠣᠯᠬᠢᠯᠠᠨ᠂ ᠲᠥᠪ ᠬᠤᠷᠢᠶᠠᠨ᠎ᠤ ᠴᠡᠷᠢᠭ᠎ᠤᠨ ᠶᠠᠪᠤᠳᠠᠯ᠎ᠤᠨ ᠱᠤᠭᠤᠮ᠎ᠤᠨ ᠲᠠᠯ᠎ᠠ᠎ᠪᠠᠷ᠎ᠬᠢ ᠠᠯᠳᠠᠭ᠎ᠠ᠎ᠶ᠋ᠢ ᠭᠤᠣᠯᠳᠠᠯᠭ᠎ᠠ᠎ᠲᠠᠢ ᠱᠢᠢᠳᠪᠦᠷᠢᠯᠡᠵᠦ᠍᠂ ᠨᠠᠮ᠎ᠤᠨ ᠳᠣᠲᠣᠭᠠᠳᠤ᠎ᠶ᠋ᠢᠨ  ᠵᠢᠭᠤᠷᠠᠯᠳᠤᠭᠠᠨ ᠪᠠ ᠵᠥᠷᠢᠴᠡᠯᠳᠦᠭᠡᠨ᠎ᠠᠴᠠ ᠵᠠᠢᠯᠠᠰᠭᠢᠪᠡ᠃ ᠤᠯᠠᠭᠠᠨ ᠴᠡᠷᠢᠭ᠎ᠤᠨ ᠳᠥᠷᠪᠡᠳᠦᠭᠡᠷ ᠠᠷᠮᠢ᠎ᠲᠠᠢ ᠪᠦᠯᠬᠦᠮᠳᠡᠵᠦ᠍ ᠬᠠᠮᠲᠤ᠎ᠪᠠᠷ ᠤᠮᠠᠷᠠᠰᠢ ᠮᠣᠷᠳᠠᠨ ᠶᠠᠫᠣᠨ᠎ᠢ ᠡᠰᠡᠷᠭᠦᠴᠡᠬᠦ᠌᠎ᠶ᠋ᠢᠨ ᠲᠥᠯᠥᠭᠡ᠂ ᠨᠠᠮ᠎ᠤᠨ ᠲᠥᠪ ᠬᠤᠷᠢᠶ᠎ᠠ ᠵᠠᠩ ᠭᠦᠸᠧ ᠲᠤᠤ᠎ᠶ᠋ᠢᠨ ᠪᠤᠷᠤᠭᠤ ᠠᠵᠢᠯᠯᠠᠭ᠎ᠠ᠎ᠲᠠᠢ ᠲᠡᠮᠡᠴᠡᠯ ᠬᠢᠬᠦ᠌᠎ᠳᠡᠭᠡᠨ ᠵᠣᠬᠢᠬᠤ ᠬᠡᠮᠵᠢᠶᠡᠨ᠎ᠤ ᠨᠠᠢᠷ ᠲᠠᠯᠪᠢᠵᠤ᠂ ᠡᠯ᠎ᠡ ᠵᠦᠢᠯ᠎ᠤᠨ ᠠᠷᠭ᠎ᠠ ᠬᠡᠯᠪᠡᠷᠢ᠎ᠪᠠᠷ ᠤᠯᠠᠭᠠᠨ ᠴᠡᠷᠢᠭ᠎ᠤᠨ ᠳᠥᠷᠪᠡᠳᠦᠭᠡᠷ ᠠᠷᠮᠢ᠎ᠶ᠋ᠢᠨ ᠵᠢᠯᠤᠭᠤᠳᠤᠭ᠍ᠴᠢ ᠪᠠᠢᠯᠳᠤᠭ᠍ᠴᠢᠳ᠎ᠢ ᠬᠠᠯᠠᠮᠵᠢᠯᠠᠵᠤ ᠪᠠᠢᠬᠤ᠎ᠪᠠᠨ ᠢᠯᠡᠳᠭᠡᠵᠦ᠍᠂ ᠤᠯᠠᠭᠠᠨ ᠴᠡᠷᠢᠭ᠎ᠤᠨ ᠳᠥᠷᠪᠡᠳᠦᠭᠡᠷ ᠠᠷᠮᠢ ᠡᠴᠦᠰ᠎ᠲᠡᠭᠡᠨ ᠬᠠᠷᠰᠢ ᠰᠠᠭᠠᠳ᠎ᠢ ᠱᠢᠪᠲᠤᠯᠵᠤ᠂ ᠡᠷᠡᠰ ᠱᠢᠭᠤᠷᠬᠠᠶ᠎ᠪᠠᠷ ᠨᠠᠮ᠎ᠤᠨ ᠲᠥᠪ ᠬᠤᠷᠢᠶ᠎ᠠ᠎ᠶ᠋ᠢ ᠲᠠᠭᠠᠭ᠍ᠰᠠᠨ ᠪᠠᠢᠨ᠎ᠠ᠃ ᠱᠢᠨ᠎ᠡ ᠳᠤᠮᠳᠠᠳᠤ ᠤᠯᠤᠰ᠎ᠢ ᠪᠠᠢᠭᠤᠯᠬᠤ ᠡᠨᠡ ᠬᠦ᠌ ᠬᠠᠮᠲᠤ᠎ᠶ᠋ᠢᠨ ᠬᠦᠰᠡᠯᠡᠩ᠎ᠢ ᠪᠡᠶᠡᠯᠡᠭᠦᠯᠬᠦ᠌᠎ᠶ᠋ᠢᠨ ᠲᠥᠯᠥᠭᠡ᠂ ᠤᠯᠠᠭᠠᠨ ᠴᠡᠷᠢᠭ᠎ᠤᠨ ᠳᠠᠷᠤᠭ᠎ᠠ ᠪᠠᠢᠯᠳᠤᠭ᠍ᠴᠢᠳ ᠭᠠᠳᠠᠨ᠎ᠠ᠎ᠪᠠᠨ ᠳᠠᠢᠰᠤᠨ᠎ᠤ ᠴᠡᠷᠢᠭ᠎ᠤᠨ ᠡᠳᠦᠷ ᠰᠥᠨᠢ᠎ᠶ᠋ᠢᠨ ᠨᠡᠬᠡᠮᠵᠢᠯᠠᠯᠲᠠ᠂ ᠳᠣᠲᠣᠭᠠᠳᠦ᠎ᠳᠠᠭᠠᠨ ᠪᠤᠷᠤᠭᠤ ᠱᠤᠭᠤᠮ᠎ᠤᠨ ᠬᠠᠷᠱᠢᠯᠠᠯ᠂ ᠡᠳ᠋ ᠪᠣᠳᠠᠰ᠎ᠤᠨ ᠬᠤᠮᠰᠠᠳᠠᠯ᠂ ᠡᠪᠡᠳᠴᠢᠨ ᠡᠮᠭᠡᠭ᠂ ᠥᠯᠥᠰᠭᠦᠯᠡᠩ᠂ ᠭᠡᠮᠲᠦᠯ ᠱᠢᠷᠬᠠᠲᠤᠯ᠎ᠳᠤ ᠴᠠᠭ ᠢᠮᠠᠭ᠍ᠳᠠ ᠲᠤᠯᠭᠠᠷᠠᠵᠤ ᠪᠠᠢᠭ᠍ᠰᠠᠨ ᠪᠠᠢᠳᠠᠯ ᠳᠣᠣᠷ᠎ᠠ᠂ ᠡᠯ᠎ᠡ ᠵᠠᠮ᠎ᠤᠨ ᠤᠯᠠᠭᠠᠨ ᠴᠡᠷᠢᠭ ᠬᠠᠷᠢᠯᠴᠠᠨ ᠲᠤᠰᠠᠯᠠᠯᠴᠠᠵᠤ᠂ ᠨᠢᠭ᠍ᠲᠠ ᠬᠠᠮᠵᠢᠯᠴᠠᠵᠤ᠂ ᠠᠶᠤᠯ ᠲᠦᠭ᠌ᠰᠢᠭᠦᠷᠢ᠎ᠲᠠᠢ ᠦᠶ᠎ᠡ᠎ᠳᠤ ᠠᠮᠢᠳᠤ ᠶᠠᠪᠤᠬᠤ ᠵᠠᠪᠱᠢᠶᠠᠨ᠎ᠢᠶᠠᠨ ᠲᠠᠢᠴᠢᠨ ᠨᠦᠭᠦᠳ᠎ᠲᠡᠭᠡᠨ ᠦᠯᠡᠳᠡᠭᠡᠵᠦ᠍ ᠥᠭ᠌ᠳᠡᠭ ᠪᠠᠢᠯ᠎ᠠ᠃ ᠬᠦᠨᠳᠦ ᠱᠢᠷᠠᠬ᠍ᠳᠤᠬ᠍ᠰᠠᠨ ᠵᠠᠷᠢᠮ ᠤᠯᠠᠭᠠᠨ ᠴᠡᠷᠢᠭ ᠪᠡᠶ᠎ᠡ ᠦᠷᠡᠭ᠌ᠳᠡᠬᠦ᠌᠎ᠠᠴᠠ᠎ᠪᠠᠨ ᠡᠮᠦᠨ᠎ᠡ ᠬᠤᠪᠴᠠᠰᠤ᠎ᠪᠠᠨ ᠲᠠᠢᠯᠵᠤ ᠬᠤᠢᠨᠠᠬᠢ ᠤᠯᠠᠭᠠᠨ ᠴᠡᠷᠢᠭ᠎ᠲᠡᠭᠡᠨ ᠦᠯᠡᠳᠡᠭᠡᠵᠦ᠍ ᠥᠭ᠌ᠲᠡᠭ᠃

ᠴᠡᠷᠢᠭ ᠠᠷᠠᠳ᠎ᠤᠨ ᠪᠦᠯᠬᠦᠮᠳᠡᠯ ᠨᠢᠭᠡ ᠭᠡᠷ ᠪᠥᠯᠢ ᠮᠡᠲᠤ

ᠤᠯᠠᠭᠠᠨ ᠴᠡᠷᠢᠭ ᠪᠣᠯ ᠠᠷᠠᠳ᠎ᠤᠨ ᠴᠡᠷᠢᠭ ᠠᠩᠬᠢ ᠮᠥᠨ᠂ ᠠᠷᠠᠳ ᠲᠦᠮᠡᠨ᠎ᠳᠤ ᠲᠦᠱᠢᠭ᠌ᠯᠡᠬᠦ᠂ ᠲᠡᠰᠪᠦᠷᠢ ᠬᠠᠲᠠᠭᠤᠵᠢᠯᠲᠠᠶ᠎ᠪᠠᠷ ᠲᠡᠮᠡᠴᠡᠬᠦ᠂ ᠠᠷᠠᠳ ᠤᠯᠡᠠ᠎ᠲᠠᠢ ᠤᠢ᠍ᠬᠦᠵᠦ᠍ ᠰᠡᠭᠡᠬᠦ᠌᠎ᠪᠠᠨ ᠬᠠᠮᠲᠤᠳᠭᠠᠬᠤ᠂ ᠵᠣᠪᠠᠭᠤᠷᠢ ᠵᠦᠳᠡᠭᠦᠷᠢ᠎ᠪᠠᠨ ᠨᠢᠭᠡᠳᠭᠡᠬᠦ᠌᠎ᠶ᠋ᠢ ᠪᠠᠷᠢᠮᠲᠠᠯᠠᠬᠤ ᠪᠣᠯ ᠤᠷᠳᠦ ᠵᠡᠮ᠎ᠤᠨ ᠠᠶᠠᠨ ᠲᠡᠢᠠ᠎ᠤ ᠵᠣᠷᠢᠭ ᠰᠠᠨᠠᠭᠠᠨ᠎ᠤ ᠢᠯᠠ ᠲᠣᠳᠣ ᠣᠨᠴᠠᠯᠢᠭ ᠮᠥᠨ᠃ 1934 ᠣᠨ᠎ᠤ 11 ᠰᠠᠷ᠎ᠠ᠎ᠳᠤ᠂ ᠤᠷᠳᠤ ᠵᠠᠮ᠎ᠤᠨ ᠠᠶᠠᠨ ᠲᠠᠢᠨ ᠬᠤᠨᠠᠨ ᠮᠤᠵᠢ᠎ᠶ᠋ᠢᠨ ᠷᠦ᠋ ᠴᠧᠩ ᠱᠢᠶᠠᠨ᠎ᠤ ᠸᠧᠨᠮᠢᠩ᠎ᠤᠨ ᠶᠣᠣ ᠦᠨᠳᠦᠰᠦᠲᠡᠨ᠎ᠤ ᠱᠢᠶᠠᠩ᠎ᠤᠨ ᠱᠠ ᠵᠧᠦ᠎ᠶ᠋ᠢᠨ ᠶᠣᠣ ᠦᠨᠳᠦᠰᠦᠲᠡᠨ᠎ᠤ ᠲᠣᠰᠭᠤᠨ᠎ᠢᠶᠠᠷ ᠥᠩᠭᠡᠷᠡᠬᠦ᠌ ᠦᠶ᠎ᠡ᠎ᠳᠤ᠂ ᠤᠯᠠᠭᠠᠨ ᠴᠡᠷᠢᠭ᠎ᠤᠨ 3 ᠡᠮᠡᠭ᠌ᠲᠡᠢ ᠪᠠᠢᠯᠳᠤᠭ᠍ᠴᠢ ᠲᠣᠰᠭᠤᠨ᠎ᠤ ᠠᠷᠠᠳ ᠱᠢᠤᠢ ᠵᠢᠶᠧ ᠱᠢᠤ᠎ᠶ᠋ᠢᠨ ᠭᠡᠷ᠎ᠲᠤ ᠬᠤᠨᠤᠭᠠᠳ ᠶᠠᠪᠤᠬᠤ ᠦᠶᠡᠰ᠎ᠲᠡᠭᠡᠨ ᠭᠠᠭ᠍ᠴᠠ ᠬᠥᠨᠵᠢᠯᠡ᠎ᠶ᠋ᠢᠨ᠎ᠢᠶᠠᠨ ᠬᠠᠭᠠᠰ᠎ᠢ᠎ᠨᠢ ᠬᠠᠢᠴᠢᠯᠠᠵᠤ ᠦᠯᠡᠳᠡᠭᠡᠨ ᠦᠭ᠌ᠬᠦᠭ᠌ᠰᠡᠨ ᠰᠠᠢᠬᠠᠨ ᠵᠤᠭᠤᠭ ᠴᠡᠷᠢᠭ ᠠᠷᠠᠳ᠎ᠤᠨ ᠵᠢᠭᠠᠰᠤ ᠤᠰᠤᠨ᠎ᠤ ᠬᠠᠢᠷ᠎ᠠ ᠰᠡᠳᠭᠢᠯᠭᠡ᠎ᠶ᠋ᠢ ᠵᠢᠷᠤᠭ᠍ᠯᠠᠭ᠍ᠰᠠᠭᠠᠷ᠃ ᠤᠷᠳᠤ ᠵᠠᠮ᠎ᠤᠨ ᠠᠶᠠᠨ ᠲᠠᠢᠨ᠎ᠤ ᠳᠤᠮᠳᠠ᠂ ᠵᠠᠮ ᠳᠠᠭᠠᠤ᠎ᠶ᠋ᠢᠨ ᠠᠷᠠᠳ ᠲᠦᠮᠡᠨ ᠤᠯᠠᠭᠠᠨ ᠴᠡᠷᠢᠭ᠎ᠤᠨ ᠡᠯ᠎ᠡ ᠴᠡᠷᠢᠭ ᠠᠩᠬᠢ᠎ᠳᠤ ᠨᠡᠢᠳᠡ ᠲᠦᠮᠡᠨ ᠲᠣᠨ ᠠᠮᠤ ᠪᠤᠳᠠᠭ᠎ᠠ ᠴᠤᠭ᠍ᠯᠠᠭᠤᠯᠵᠤ᠂ ᠪᠠᠷᠤᠭ 2 ᠲᠦᠮᠡᠨ ᠴᠡᠷᠢᠭ᠎ᠢ ᠨᠥᠬᠦᠪᠥᠷᠢᠯᠡᠪᠡ᠃ ᠰᠣᠪᠢᠶᠠᠳ ᠣᠷᠣᠨ᠎ᠤ ᠦᠶ᠎ᠡ᠎ᠳᠤ᠂ ᠢᠤᠢ ᠳ᠋ᠦ᠋ ᠱᠢᠶᠠᠨ᠎ᠳᠤ ᠵᠦᠪᠬᠡᠨ 30 ᠭᠠᠷᠤᠶ ᠲᠦᠮᠡᠨ ᠬᠦᠮᠦᠨ᠎ᠲᠠᠢ ᠪᠠᠢᠵᠤ᠂ 6.8 ᠲᠦᠮᠡ ᠭᠠᠷᠤᠶ ᠬᠥᠮᠦᠨ ᠤᠷᠢᠳ ᠬᠤᠵᠢᠳ ᠤᠯᠠᠭᠠᠨ ᠴᠡᠷᠢᠭ᠎ᠲᠤ ᠣᠷᠣᠵᠤ᠂ 10 ᠲᠦᠮᠡ ᠭᠠᠷᠤᠶ ᠬᠥᠮᠦᠨ ᠡᠮᠦᠨ᠎ᠡ ᠹᠷᠣᠨᠲ᠎ᠢ ᠲᠤᠰᠠᠯᠠᠨ ᠲᠠᠢᠨ᠎ᠳᠤ ᠣᠷᠣᠯᠴᠠᠵᠤ᠂ 1.6 ᠲᠦᠮᠡᠨ ᠬᠥᠮᠦᠨ ᠤᠷᠳᠤ ᠵᠠᠮ᠎ᠤᠨ ᠠᠶᠠᠨ ᠲᠠᠢᠨ᠎ᠤ ᠵᠠᠮ᠎ᠳᠤ ᠪᠡᠶ᠎ᠡ ᠦᠷᠡᠭ᠌ᠳᠡᠵᠡᠶ᠂ ᠪᠠᠰᠠ ᠲᠦᠮᠡ ᠱᠢᠬᠠᠮ ᠳᠠᠮᠨᠠᠭᠤᠷᠴᠢᠨ ᠴᠡᠷᠢᠭ᠎ᠢ ᠲᠠᠭᠠᠵᠦ᠍ ᠲᠠᠢᠨ᠎ᠳᠤ ᠮᠣᠷᠳᠠᠭ᠍ᠰᠠᠨ ᠪᠣᠯᠪᠠᠴᠤ᠌ ᠨᠡᠷ᠎ᠡ᠎ᠪᠠᠨ ᠦᠯᠡᠳᠡᠭᠡᠭ᠌ᠰᠡᠨ ᠦᠭᠡᠢ᠃ ᠠᠷᠠᠳ ᠲᠦᠮᠡᠨ᠎ᠢ ᠲᠦᠱᠢᠭ᠌ᠯᠡᠵᠦ᠍᠂ ᠠᠷᠠᠳ ᠤᠯᠠᠨ᠎ᠲᠠᠢ ᠦᠬᠦᠵᠦ᠍ ᠰᠡᠭᠡᠬᠦ᠌᠎ᠪᠠᠨ ᠬᠠᠮᠳᠤᠳᠭᠠᠨ ᠵᠣᠪᠠᠯ ᠵᠦᠳᠡᠭᠦᠷᠢ᠎ᠪᠠᠨ ᠨᠢᠭᠡᠳᠭᠡᠬᠦ᠌ ᠪᠣᠯ ᠤᠷᠳᠤ ᠵᠠᠮ᠎ᠤᠨ ᠠᠶᠠᠨ ᠲᠠᠢᠨ ᠢᠯᠠᠯᠲᠠ ᠤᠯᠤᠭ᠍ᠰᠠᠨ᠎ᠤ ᠦᠨᠳᠦᠰᠦ ᠮᠥᠨ᠃

ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠡᠷᠡᠮᠡᠬᠡᠢᠯᠡᠨ ᠤᠷᠤᠭ᠍ᠰᠢᠯᠠᠬᠤ ᠱᠢᠨ᠎ᠡ ᠠᠶᠠᠨ᠎ᠳᠤ᠂ ᠪᠢᠳᠡ ᠨᠠᠮ᠎ᠤᠨ ᠤᠬ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ᠎ᠶ᠋ᠢ ᠮᠠᠷᠲᠠᠵᠤ ᠪᠣᠯᠬᠤ ᠦᠬᠡᠢ᠂ ᠬᠤᠪᠢᠰᠭᠠᠯ᠎ᠤᠨ ᠲᠤᠭ᠎ᠢ ᠦᠷᠭᠦᠯᠵᠢᠯᠡᠨ ᠥᠨᠳᠥᠷ ᠮᠠᠨᠳᠤᠭᠤᠯᠵᠤ᠂ ᠠᠭᠤᠤ ᠶᠡᠭᠡ ᠤᠷᠳᠤ ᠵᠠᠮ᠎ᠤᠨ ᠠᠶᠠᠨ ᠲᠠᠢᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠠᠤᠭ᠎ᠠ ᠬᠠᠷᠠᠯᠲᠠ ᠲᠡᠢᠰᠢ ᠡᠷᠡᠮᠡᠭᠡᠢᠯᠡᠨ ᠤᠷᠤᠬ᠍ᠰᠢᠯᠠᠶ᠎ᠠ᠃

(ᠵᠣᠬᠢᠶᠠᠭ᠍ᠴᠢ᠎ᠶ᠋ᠢᠨ ᠪᠠᠢᠭᠤᠯᠭ᠎ᠠ᠄ ᠦᠪᠦᠷ ᠮᠤᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠨᠠᠮ᠎ᠤᠨ ᠲᠡᠦᠬᠡ ᠨᠠᠮ᠎ᠤᠨ ᠪᠠᠢᠭᠤᠯᠤᠯᠲᠠ᠎ᠶ᠋ᠢᠨ ᠵᠢᠭᠠᠨ ᠰᠤᠳᠤᠯᠬᠤ ᠬᠡᠯᠲᠡᠰ)

 

ᠦᠨᠢ ᠡᠭᠦᠷᠢᠳᠡ ᠨᠠᠮ᠎ᠤᠨ ᠱᠢᠳᠤᠷᠭᠤ ᠬᠠᠮᠠᠭᠠᠯᠠᠭ᠍ᠴᠢ ᠪᠣᠯᠤᠨ᠎ᠠ

                ᠯᠢ ᠱᠢᠨ ᠵᠢᠶᠦ᠋ᠨ

ᠤᠷᠴᠢᠮ᠎ᠤᠨ ᠬᠡᠳᠦᠨ ᠡᠳᠦᠷ᠂ ᠬᠥᠯᠥᠨ ᠪᠤᠢᠷ ᠬᠤᠲᠠ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ᠎ᠤᠨ ᠳᠣᠯᠣᠳᠤᠭᠠᠷ ᠬᠢᠨᠠᠨ ᠪᠠᠢᠴᠠᠭᠠᠬᠤ ᠲᠠᠰᠤᠭ᠎ᠤᠨ ᠪᠦᠷᠢᠯᠳᠦᠬᠦᠨ ᠨᠠᠷ ᠵᠠᠯᠭᠠᠭ᠎ᠠ᠎ᠪᠠᠷ ᠬᠡᠳᠦᠨ ᠭᠠᠷᠠᠭ ᠠᠵᠢᠯᠯᠠᠪᠠ᠃ ᠬᠡᠷᠡᠭ  ᠱᠢᠢᠳᠪᠦᠷᠢᠯᠡᠭ᠌ᠰᠡᠨ ᠦᠷ᠎ᠡ ᠪᠦᠲᠦᠭᠡᠯ᠎ᠢ ᠦᠵᠡᠭᠡᠳ ᠡᠷᠬᠢᠯᠡᠭ᠌ᠴᠢ ᠮᠠ ᠴᠤᠤ᠎ᠶ᠋ᠢᠨ ᠲᠤᠳᠤᠷ᠎ᠠ ᠲᠠᠯᠪᠢᠭᠤᠷᠠᠵᠤ᠂ ᠲᠡᠷᠡ ᠠᠵᠢᠯ᠎ᠢᠶᠠᠨ ᠲᠤᠱᠢᠶᠠᠬᠤ ᠪᠠ ᠭᠥᠯᠢᠶᠡᠨ ᠠᠪᠬᠤ ᠲᠡᠮᠳᠡᠭ᠌ᠯᠡᠯ᠎ᠢᠶᠠᠨ ᠰᠠᠨᠠᠭ᠎ᠠ ᠠᠮᠤᠷ ᠬᠢᠨ᠎ᠡ᠂ ᠳᠡᠷᠡ᠎ᠪᠠᠷ ᠤᠳᠠᠯ ᠥᠬᠡᠶ ᠠᠷᠤᠨ ᠬᠤᠱᠢᠭᠤᠨ᠎ᠳᠤ ᠬᠦᠷᠴᠦ᠍ ᠲᠤᠱᠢᠶᠠᠯ ᠡᠭᠦᠷᠭᠡᠯᠡᠬᠦ᠌᠎ᠪᠠᠷ ᠪᠤᠢ᠃

ᠮᠠ ᠴᠤᠤ ᠲᠤᠱᠢᠶᠠᠯ᠎ᠳᠤ ᠱᠢᠯᠵᠢᠬᠦ᠌᠎ᠠᠴᠠ᠎ᠪᠠᠨ ᠡᠮᠦᠨ᠎ᠡ ᠬᠥᠯᠥᠨ ᠪᠤᠢᠷ ᠬᠤᠲᠠ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ᠎ᠤᠨ ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠬᠦᠴᠦᠨ ᠪᠠᠢᠵᠠᠶ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠲᠡᠷᠡ ᠬᠢᠨᠠᠨ ᠪᠠᠢᠴᠠᠭᠠᠬᠤ ᠲᠠᠰᠤᠭ᠎ᠤᠨ ᠪᠦᠷᠢᠯᠳᠦᠬᠦᠨ᠎ᠢᠶᠠᠨ ᠳᠠᠭᠠᠭᠤᠯᠤᠨ ᠤᠷᠢᠳ ᠬᠤᠵᠢᠳ 200 ᠭᠠᠷᠤᠶ ᠬᠡᠷᠡᠭ᠎ᠢ ᠠᠩᠬ᠎ᠠ ᠬᠠᠷᠭᠤᠭᠤᠯᠤᠨ ᠪᠠᠢᠴᠠᠭᠠᠬᠤ᠎ᠳᠤ ᠣᠷᠣᠯᠴᠠᠵᠤ᠂ 51 ᠬᠡᠷᠡᠭ᠎ᠢ ᠪᠠᠢᠴᠠᠭᠠᠨ ᠱᠢᠢᠳᠪᠦᠷᠢᠯᠡᠪᠡ᠂ ᠡᠳᠡᠭᠡᠷ᠎ᠨᠢ ᠲᠢᠩᠬᠢᠮ᠎ᠤᠨ ᠲᠠᠰ᠎ᠤᠨ 2 ᠤᠳᠤᠷᠢᠳᠭᠤ ᠺᠠᠳ᠋ᠷ᠂ ᠭᠠᠵᠠᠷ᠎ᠤᠨ ᠲᠠᠰ᠎ᠤᠨ 30 ᠤᠳᠤᠷᠢᠳᠭᠤ ᠺᠠᠳ᠋ᠷ᠎ᠲᠠᠢ ᠬᠤᠯᠪᠣᠭ᠍ᠳᠠᠵᠤ᠂ ᠤᠯᠤᠰ᠎ᠲᠤ ᠨᠡᠢᠲᠡ 1.7 ᠳ᠋ᠦᠩᠱᠢᠭᠤᠷ ᠲᠥᠭᠦᠷᠢᠭ᠎ᠤᠨ ᠠᠵᠤ ᠠᠬᠤᠶ᠎ᠶ᠋ᠢᠨ ᠬᠤᠬᠢᠷᠠᠯ᠎ᠢ ᠡᠭᠡᠭᠦᠯᠦᠨ ᠠᠪᠴᠢᠷᠠᠵᠤ ᠦᠭ᠌ᠬᠦᠭ᠌ᠰᠡᠨ ᠪᠢᠯᠡ᠃

《ᠢᠯᠵᠠᠷᠠᠯ᠎ᠢ ᠡᠰᠡᠷᠭᠦᠴᠡᠬᠦ᠌ ᠪᠣᠯ ᠢᠯᠠᠭ᠍ᠳᠠᠵᠤ ᠪᠣᠯᠤᠰᠢ ᠥᠬᠡᠶ ᠲᠡᠢᠨ ᠮᠥᠨ᠂ ᠵᠦᠪᠭᠡᠨ ᠦᠨᠡᠨᠴᠢ ᠱᠢᠳᠤᠷᠭᠤ᠂ ᠠᠷᠢᠭᠤᠨ ᠴᠢᠬᠡᠴᠢ᠂ ᠡᠭᠦᠷᠭᠡᠯᠡᠯ ᠬᠠᠷᠢᠭᠤᠴᠠᠯᠭ᠎ᠠ᠎ᠲᠠᠢ ᠪᠠᠷᠢᠮᠵᠢᠶ᠎ᠠ᠎ᠪᠠᠷ ᠪᠡᠶ᠎ᠡ᠎ᠪᠠᠨ ᠴᠢᠩᠭ᠎ᠠ ᠱᠠᠭᠠᠷᠳᠠᠪᠠᠯ ᠰᠠᠶᠢ ᠨᠠᠮ ᠪᠠ ᠠᠷᠠᠳ ᠲᠦᠮᠡᠨ᠎ᠤ ᠬᠦᠰᠡᠯ ᠡᠷᠡᠮᠡᠯᠵᠡᠯ᠎ᠳᠤ ᠣᠰᠣᠯᠳᠠᠬᠤ ᠥᠬᠡᠶ ᠪᠠᠢᠵᠤ ᠴᠢᠳᠠᠨ᠎ᠠ》 ᠬᠡᠵᠦ᠍ ᠮᠠ ᠴᠤᠤ ᠶᠠᠷᠢᠨ᠎ᠠ᠃ ᠶᠡᠭᠡ ᠲᠠᠯ᠎ᠠ᠎ᠶ᠋ᠢ ᠪᠣᠳᠣᠯᠬᠢᠯᠠᠬᠤ᠂ ᠰᠠᠬᠢᠯᠭ᠎ᠠ ᠪᠠᠲᠤ᠎ᠶ᠋ᠢ ᠴᠢᠩᠭ᠎ᠠ ᠰᠠᠬᠢᠬᠤ᠂ ᠨᠢᠭ᠍ᠲᠠᠷᠠᠨ ᠪᠦᠯᠬᠦᠮᠳᠡᠬᠦ᠌ ᠪᠣᠯ ᠤᠯᠠᠭᠠᠨ ᠴᠡᠷᠢᠭ᠎ᠤᠨ ᠤᠷᠳᠤ ᠵᠠᠮ᠎ᠤᠨ ᠠᠶᠠᠨ ᠲᠠᠢᠨ᠎ᠤ ᠬᠤᠭᠤᠴᠠᠭᠠᠨ᠎ᠤ ᠢᠮᠠᠭ᠍ᠲᠠ ᠨᠢᠭ᠍ᠲᠠᠷᠠᠯ᠎ᠤᠨ ᠬᠦᠴᠦᠨ ᠪᠣᠯᠤᠨ ᠲᠠᠢᠴᠢᠨ ᠬᠦᠴᠦᠨ᠎ᠢᠶᠠᠨ ᠪᠠᠲᠤᠯᠠᠵᠤ ᠴᠢᠳᠠᠭ᠍ᠰᠠᠨ᠎ᠤ ᠴᠢᠬᠤᠯᠠ ᠵᠡᠪᠰᠡᠭ ᠮᠥᠨ᠃ ᠤᠷᠳᠤ ᠵᠠᠮ᠎ᠤᠨ ᠠᠶᠠᠨ ᠲᠠᠢᠨ᠎ᠤ ᠵᠣᠷᠢᠭ ᠰᠠᠨᠠᠭ᠎ᠠ᠎ᠳᠠᠬᠢ ᠦᠨᠳᠦᠰᠦᠲᠡᠨ᠎ᠤ ᠣᠷᠣᠱᠢᠨ ᠲᠣᠭ᠍ᠲᠠᠨᠢᠯ᠎ᠤᠨ ᠲᠦᠯᠦᠭᠡ᠂ ᠠᠷᠠᠳ ᠲᠦᠮᠡᠨ᠎ᠤ ᠴᠢᠯᠥᠭᠡᠯᠡᠯᠲᠡ᠎ᠶ᠋ᠢᠨ ᠲᠦᠯᠦᠭᠡ ᠬᠡᠬᠦ᠌ ᠬᠦᠰᠡᠯᠡᠩ ᠪᠣᠯᠤᠨ ᠢᠲᠡᠭᠡᠯ ᠪᠢᠱᠢᠷᠡᠯ᠂ ᠶᠠᠮᠠᠷᠪᠠ ᠬᠦᠴᠦᠷᠬᠡᠭ ᠳᠠᠢᠰᠤᠨ ᠪᠣᠯᠤᠨ ᠬᠦᠴᠢᠷ ᠪᠡᠷᠬᠡᠱᠢᠶᠡᠯ᠎ᠤᠨ ᠡᠮᠦᠨ᠎ᠡ ᠨᠤᠭᠤᠷᠠᠰᠢ ᠦᠭᠡᠢ ᠲᠡᠮᠡᠴᠡᠬᠦ᠌ ᠬᠤᠪᠢᠰᠭᠠᠯᠲᠤ ᠵᠣᠷᠢᠭ ᠰᠠᠨᠠᠭ᠎ᠠ ᠪᠣᠯᠤᠨ ᠵᠠᠩ ᠰᠤᠷᠲᠠᠯ᠂ ᠥᠭᠡᠳᠡᠯᠡᠨ ᠲᠠᠪᠱᠢᠬᠤ᠂ ᠪᠦᠯᠬᠦᠮᠳᠡᠨ ᠨᠢᠭᠡᠳᠬᠦ᠌ ᠴᠢᠬᠡᠴᠢ ᠵᠣᠷᠢᠭ ᠰᠠᠨᠠᠭ᠎ᠠ ᠪᠣᠯ᠂ ᠲᠡᠷᠡ ᠪᠠ ᠲᠡᠭᠦᠨ᠎ᠤ ᠬᠠᠮᠲᠤ ᠠᠵᠢᠯᠯᠠᠭ᠍ᠰᠠᠳ᠎ᠤᠨ ᠠᠵᠢᠯ᠎ᠤᠨ ᠳᠤᠮᠳᠠ᠎ᠪᠠᠨ ᠢᠮᠠᠭ᠍ᠲᠠ ᠪᠠᠷᠢᠮᠲᠠᠯᠠᠭ᠍ᠰᠠᠭᠠᠷ ᠢᠷᠡᠭ᠌ᠰᠡᠨ ᠠᠵᠢᠯ᠎ᠤᠨ ᠵᠠᠷᠴᠢᠮ ᠪᠤᠯᠤᠨ᠎ᠠ᠃

ᠰᠠᠬᠢᠯᠭ᠎ᠠ ᠪᠠᠲᠤ ᠪᠠᠢᠴᠠᠭᠠᠬᠤ ᠬᠤᠱᠢᠭᠤᠴᠢ ᠪᠣᠯᠤᠭ᠍ᠰᠠᠨ᠎ᠤ ᠬᠤᠪᠢ᠎ᠳᠤ᠂ ᠡᠲᠡᠭᠡᠷ ᠵᠢᠯ᠎ᠤᠳ᠎ᠲᠤ ᠮᠠ ᠴᠤᠤ ᠪᠦᠯᠬᠦᠮ᠎ᠢᠶᠠᠨ ᠳᠠᠭᠠᠭᠤᠯᠤᠨ ᠣᠭ ᠰᠠᠨᠠᠭ᠎ᠠ᠎ᠪᠠᠨ ᠢᠮᠠᠭ᠍ᠳᠠ ᠪᠠᠷᠢᠮᠳᠠᠯᠠᠨ᠂ 《ᠶᠠᠷᠢᠯᠴᠠᠬᠤ᠂ ᠭᠠᠳᠠᠭ᠍ᠰᠢ ᠪᠠᠢᠴᠠᠭᠠᠯᠳᠠ ᠬᠢᠬᠦ᠂ ᠭᠡᠷᠡᠴᠢ ᠠᠪᠬᠤ》 ᠦᠨᠳᠦᠰᠦᠨ ᠴᠢᠳᠠᠪᠤᠷᠢ᠎ᠪᠠᠨ ᠲᠠᠪᠳᠠᠨ ᠪᠤᠯᠪᠠᠰᠤᠷᠠᠭᠤᠯᠵᠤ᠂ ᠮᠠᠰᠢ ᠣᠯᠠᠨ ᠤᠳᠠᠭ᠎ᠠ ᠠᠩᠬᠠᠳᠠᠭ᠍ᠴᠢ᠎ᠶ᠋ᠢ ᠡᠬᠦᠳᠴᠡᠢ᠃ ᠲᠤᠬᠠᠢᠯᠠᠪᠠᠯ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶ᠋ᠢᠨ ᠠᠩᠬᠠᠳᠠᠭ᠍ᠴᠢ ᠲᠤᠭ᠍ᠳᠠᠭ᠍ᠰᠠᠨ ᠬᠠᠷᠢᠶ᠎ᠠ ᠤᠷᠤᠨ᠎ᠤ ᠬᠡᠷᠡᠭ᠎ᠢ ᠤᠨᠳᠤᠤ ᠭᠠᠵᠠᠷ᠎ᠲᠤ ᠱᠢᠯᠵᠢᠬᠦᠯᠦᠨ ᠱᠢᠢᠳᠪᠦᠷᠢᠯᠡᠭ᠌ᠰᠡᠨ᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ 《ᠬᠠᠷ᠎ᠠ ᠨᠡᠢᠭᠡᠮ᠎ᠤᠨ ᠬᠡᠷᠡᠭ》᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ 《ᠬᠠᠮᠠᠭᠠᠯᠠᠭ᠍ᠴᠢ ᠱᠢᠬᠦᠷ》 ᠎ᠤᠨ ᠬᠡᠷᠡᠭ᠂ ᠠᠷᠠᠳ᠎ᠤᠨ ᠠᠭᠠᠷ᠎ᠤᠨ ᠰᠡᠷᠭᠡᠢᠯᠡᠯᠲᠡ᠎ᠶ᠋ᠢᠨ ᠬᠦᠷᠢᠶᠡᠨ᠎ᠳᠠᠬᠢ ᠠᠩᠬᠠᠳᠠᠭ᠍ᠴᠢ ᠳᠠᠷᠤᠭ᠍ᠳᠠᠮᠠᠯ ᠬᠡᠷᠡᠭ ᠵᠡᠷᠭᠡ᠎ᠶ᠋ᠢ ᠱᠢᠢᠳᠪᠦᠷᠢᠯᠡᠭ᠌ᠰᠡᠨ ᠶᠠᠪᠤᠳᠠᠯ ᠪᠤᠯᠤᠨ᠎ᠠ᠃

《ᠰᠠᠬᠢᠯᠭ᠎ᠠ ᠪᠠᠲᠤ ᠪᠠᠢᠴᠠᠭᠠᠬᠤ ᠠᠵᠢᠯ᠎ᠳᠤ ᠶᠡᠭᠡ ᠪᠠᠭ᠎ᠠ᠎ᠶ᠋ᠢᠨ ᠢᠯᠭᠠᠭ᠎ᠠ ᠦᠭᠡᠢ᠂ ᠨᠢᠭᠡ ᠨᠠᠷᠢᠨ ᠵᠦᠢᠯᠡᠰ᠎ᠢ ᠣᠷᠬᠢᠭ᠍ᠳᠠᠭᠤᠯᠪᠠᠯ᠂ ᠳᠠᠷᠤᠢ ᠲᠤᠱᠢᠶᠠᠯ᠎ᠳᠠᠭᠠᠨ ᠣᠰᠣᠯᠳᠠᠭ᠍ᠰᠠᠨ ᠶᠠᠯᠠᠲᠤ ᠠᠵᠢᠯᠯᠠᠭ᠎ᠠ ᠪᠣᠯᠤᠨ᠎ᠠ》 ᠬᠡᠵᠦ᠍ ᠲᠤᠬᠠᠢᠯᠠᠭ᠍ᠰᠠᠨ ᠠᠵᠢᠯ᠎ᠤᠨ ᠭᠤᠣᠯᠯᠠᠭ᠍ᠴᠢ ᠫᠧᠩ ᠪᠥᠸᠧ ᠬᠡᠯᠡᠪᠡ᠃

《ᠠᠭᠤᠤ ᠶᠡᠭᠡ ᠤᠷᠳᠤ ᠵᠠᠮ᠎ᠤᠨ ᠠᠶᠠᠨ ᠲᠠᠢᠨ᠎ᠤ ᠵᠣᠷᠢᠭ ᠰᠠᠨᠠᠭ᠎ᠠ ᠪᠣᠯ ᠳᠠᠷᠤᠢ ᠪᠦᠬᠦ᠌ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ᠎ᠶ᠋ᠢᠨ ᠦᠨᠳᠦᠰᠦᠲᠡᠨ᠎ᠤ ᠦᠨᠳᠦᠰᠦᠨ ᠠᠱᠢᠭ ᠲᠤᠰᠠ᠎ᠶ᠋ᠢ ᠠᠯᠢᠪᠠ᠎ᠠᠴᠠ ᠡᠷᠬᠢᠮ ᠲᠡᠭᠡᠳᠦ᠎ᠪᠠᠷ ᠦᠵᠡᠬᠦ᠂ ᠬᠤᠪᠢᠰᠭᠠᠯ᠎ᠤᠨ ᠬᠦᠰᠡᠯᠡᠩ ᠪᠣᠯᠤᠨ ᠢᠲᠡᠭᠡᠯ ᠪᠢᠱᠢᠷᠡᠯ᠎ᠢᠶᠠᠨ ᠪᠠᠲᠤᠳᠭᠠᠬᠤ᠂ ᠱᠢᠳᠤᠷᠭᠤ ᠶᠣᠰᠣᠨ᠎ᠤ ᠦᠢᠯᠡᠰ ᠯᠠᠪᠲᠠᠢ ᠢᠯᠠᠯᠲᠠ ᠤᠯᠬᠤ ᠪᠠᠳᠤ ᠢᠳᠡᠭᠡᠯ ᠪᠣᠯᠤᠨ᠎ᠠ᠃ ᠰᠠᠬᠢᠯᠭ᠎ᠠ ᠪᠠᠲᠤ ᠪᠠᠢᠴᠠᠭᠠᠭ᠍ᠴᠢ ᠬᠡᠷᠡᠭ ᠱᠢᠢᠳᠪᠦᠷᠢᠯᠡᠬᠦ᠌᠎ᠳᠡᠭᠡᠨ ᠠᠷᠠᠳ ᠲᠦᠮᠡᠨ᠎ᠤ ᠠᠱᠢᠭ ᠲᠤᠰᠠ ᠪᠠ ᠨᠠᠮ᠎ᠤᠨ ᠠᠱᠢᠭ ᠲᠤᠰᠠ᠎ᠶ᠋ᠢ ᠪᠣᠳᠣᠯᠬᠢᠯᠠᠵᠤ᠂ ᠠᠷᠠᠳ᠎ᠤᠨ ᠲᠥᠯᠥᠭᠡ ᠭᠡᠬᠦ᠌ ᠬᠠᠢᠷ᠎ᠠ ᠰᠡᠳᠭᠢᠯᠭᠡ᠎ᠶ᠋ᠢ ᠢᠯᠡᠷᠡᠭᠦᠯᠵᠦ᠍᠂ ᠠᠷᠠᠳ ᠲᠦᠮᠡᠨ᠎ᠤ ᠳᠤᠮᠳᠠ ᠦᠨᠳᠦᠰᠦᠯᠡᠵᠦ᠍᠂ ᠠᠷᠠᠳ ᠲᠦᠮᠡᠨ᠎ᠳᠤ ᠦᠢᠯᠡᠴᠢᠯᠡᠨ᠎ᠡ᠃ ᠪᠢᠳᠡ ᠤᠷᠳᠤ ᠵᠠᠮ᠎ᠤᠨ ᠠᠶᠠᠨ ᠲᠠᠢᠨ᠎ᠤ ᠵᠣᠷᠢᠭ ᠰᠠᠨᠠᠭ᠎ᠠ᠎ᠶ᠋ᠢ ᠦᠷᠭᠦᠯᠵᠢᠯᠡᠨ ᠴᠢᠷᠮᠠᠢᠨ ᠦᠢᠯᠡᠳᠦᠯᠭᠡᠵᠢᠭᠦᠯᠵᠦ᠍᠂ ᠤᠷᠳᠤ ᠵᠠᠮ᠎ᠤᠨ ᠠᠶᠠᠨ ᠲᠠᠢᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠨ ᠵᠠᠯᠭᠠᠮᠵᠢᠯᠠᠵᠤ᠂ ᠱᠢᠨ᠎ᠡ ᠴᠠᠭ ᠦᠶ᠎ᠡ᠎ᠶ᠋ᠢᠨ 〈ᠱᠢᠨ᠎ᠡ ᠤᠷᠳᠤ ᠵᠠᠮ᠎ᠤᠨ ᠠᠶᠠᠨ ᠲᠠᠢᠨ〉 ᠎ᠤ ᠳᠤᠮᠳᠠ ᠱᠢᠨ᠎ᠡ ᠢᠯᠠᠯᠲᠠ᠎ᠶ᠋ᠢ ᠲᠠᠰᠤᠷᠠᠯᠳᠠ ᠦᠭᠡᠢ ᠲᠡᠮᠡᠴᠡᠨ ᠣᠯᠤᠨ᠎ᠠ!》 ᠭᠡᠵᠦ᠍ ᠬᠥᠯᠥᠨ ᠪᠤᠢᠷ ᠬᠤᠳᠠ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠤᠷᠢᠶᠠᠨ᠎ᠤ ᠳᠡᠳ᠋ ᠱᠦᠵᠢ᠂ ᠬᠢᠨᠠᠨ ᠪᠠᠢᠴᠠᠭᠠᠬᠤ ᠵᠥᠪᠯᠡᠯ᠎ᠤᠨ ᠳᠡᠳ᠋ ᠡᠷᠬᠢᠯᠡᠭ᠌ᠴᠢ ᠴᠧᠩ ᠭᠤᠸᠠᠨ ᠫᠧᠩ ᠶᠠᠷᠢᠯ᠎ᠠ᠃

 

【 ᠦᠨᠳᠦᠰᠦᠨ ᠱᠠᠳᠤᠨ᠎ᠤ ᠲᠠᠭᠤᠨ 】

  ᠲᠡᠰᠪᠦᠷᠢ ᠬᠠᠲᠠᠭᠤᠵᠢᠯᠲᠠᠶ᠎ᠪᠠᠷ ᠭᠤᠶᠠᠴᠢ ᠦᠬᠡᠢ ᠵᠢᠳᠬᠦᠨ᠎ᠠ

                 ᠱᠢᠤᠢ ᠶᠤᠸᠠᠢ

ᠠᠯᠠᠱᠠ ᠪᠠᠷᠠᠭᠤᠨ ᠬᠤᠱᠢᠭᠤᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠵᠥᠪᠯᠡᠯ᠎ᠤᠨ ᠭᠡᠱᠢᠭᠦᠨ᠂ ᠬᠤᠱᠢᠭᠤᠨ᠎ᠤ ᠺᠠᠳ᠋ᠷ ᠠᠵᠢᠯᠲᠠᠨ᠎ᠤ ᠶᠠᠪᠤᠳᠠᠯ᠎ᠤᠨ ᠲᠠᠩᠰᠠ ᠡᠪᠬᠡᠮᠡᠯ᠎ᠤᠨ ᠲᠥᠪ᠎ᠤᠨ ᠡᠷᠬᠢᠯᠡᠭ᠌ᠴᠢ ᠵᠠᠩ ᠪᠢᠨ ᠵᠥᠩ᠂ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠣᠯᠠᠨ ᠵᠢᠯ ᠬᠢᠵᠦ᠍᠂ ᠦᠨᠳᠦᠰᠦᠨ ᠱᠠᠲᠤᠨ᠎ᠤ ᠨᠠᠮ᠎ᠤᠨ ᠠᠵᠢᠯᠲᠠᠨ᠎ᠤ ᠡᠭᠦᠷᠭᠡ ᠬᠠᠷᠢᠭᠤᠴᠠᠯᠭ᠎ᠠ᠎ᠪᠠᠨ ᠢᠮᠠᠭ᠍ᠲᠠ ᠪᠠᠲᠤ ᠴᠡᠭᠡᠵᠢᠯᠡᠵᠦ᠍᠂ ᠡᠬᠡᠯ ᠵᠢᠷ᠎ᠤᠨ ᠠᠵᠢᠯ᠎ᠤᠨ ᠪᠠᠢᠷᠢ ᠲᠡᠭᠡᠷ᠎ᠡ ᠱᠢᠷᠭᠠᠭᠤ ᠬᠠᠲᠠᠭᠤᠵᠢᠯᠲᠠᠶ ᠠᠵᠢᠯᠯᠠᠵᠤ ᠭᠤᠶᠠᠴᠢ ᠦᠭᠡᠢ ᠵᠢᠳᠬᠦᠪᠠ᠃

《ᠪᠢ ᠬᠡᠳᠦ᠋ᠢᠪᠡᠷ ᠡᠬᠡᠯ ᠵᠢᠷ᠎ᠤᠨ ᠨᠠᠮ᠎ᠤᠨ ᠠᠵᠢᠯᠲᠠᠨ ᠪᠤᠯᠪᠠᠴᠤ᠌ ᠠᠵᠢᠯ ᠦᠢᠯᠡᠰ᠎ᠢᠶᠠᠨ ᠬᠠᠮᠤᠭ᠎ᠠᠴᠠ ᠢᠯᠡᠬᠦᠦ ᠡᠷᠬᠢᠮᠨᠡᠨ ᠳᠡᠭᠡᠳᠦᠯᠡᠳᠡᠭ》 ᠭᠡᠵᠦ᠍ ᠵᠠᠩ ᠪᠢᠨ ᠵᠥᠩ ᠶᠠᠷᠢᠨ᠎ᠠ᠃ ᠲᠡᠷᠡ᠎ᠪᠠᠷ ᠠᠵᠢᠯᠴᠢ ᠬᠢᠴᠢᠶᠡᠩᠭᠦᠢ᠂ ᠨᠡᠷ᠎ᠡ ᠨᠢᠳᠡᠷ᠎ᠲᠡᠭᠡᠨ ᠲᠡᠩᠴᠡᠭ᠌ᠰᠡᠨ 《ᠠᠷᠠᠯ᠎ᠤᠨ ᠱᠠᠷ》 ᠪᠢᠯᠠ᠃ ᠵᠣᠬᠢᠶᠠᠨ ᠪᠠᠢᠭᠤᠯᠬᠤ ᠠᠵᠢᠯ᠎ᠳᠤ ᠰᠡᠯᠡᠭᠦᠦ ᠴᠠᠭ ᠴᠦᠬᠡᠨ᠂ ᠢᠯᠠᠩᠭᠤᠶ᠎ᠠ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠴᠡᠭ ᠤᠯᠠᠨ᠂  ᠬᠡᠪᠴᠢᠶ᠎ᠡ᠎ᠨᠢ ᠥᠷᠭᠡᠨ ᠪᠠᠢᠳᠠᠭ᠃ ᠵᠠᠩ ᠪᠢᠨ ᠵᠦᠩ ᠣᠨᠴᠠ᠎ᠶ᠋ᠢᠨ ᠳᠡᠰᠪᠦᠷᠢ ᠳᠡᠪᠴᠢᠶᠡᠷᠢ᠎ᠲᠠᠢ ᠪᠠᠢᠵᠤ᠂ ᠬᠦᠨᠳᠦ ᠶᠠᠭᠠᠷᠠᠤ ᠠᠵᠢᠯ ᠲᠤᠮᠳᠠ ᠵᠣᠯ ᠵᠢᠷᠭᠠᠯᠲᠤ ᠲᠦᠷᠦᠭ᠌ᠳᠡᠯ ᠪᠣᠯᠤᠨ ᠢᠷᠠᠭᠤ ᠠᠯᠳᠠᠷᠲᠤ ᠲᠦᠷᠦᠭ᠌ᠳᠡᠯ᠎ᠢᠶᠠᠨ ᠨᠡᠮᠡᠭ᠌ᠳᠡᠬᠦᠯᠵᠦ᠍᠂ ᠵᠣᠷᠢᠭ᠍ᠲᠠᠢ ᠡᠭᠦᠷᠭᠡᠯᠡᠵᠦ᠍ ᠬᠠᠳᠠᠭᠤᠵᠢᠯᠳᠠᠢ ᠠᠵᠢᠯᠯᠠᠬᠤ ᠳᠤᠮᠳᠠ ᠦᠪᠡᠷ᠎ᠢ᠎ᠪᠠᠨ ᠳᠠᠪᠳᠠᠨ ᠪᠤᠯᠪᠠᠰᠤᠷᠠᠭᠤᠯᠵᠠᠢ᠃

ᠲᠡᠷᠡ᠂ ᠡᠬᠦᠷᠬᠡ ᠲᠤᠱᠢᠶᠠᠯ᠎ᠢᠶᠠᠨ ᠬᠢᠴᠢᠶᠡᠩᠬᠦ᠋ᠢᠯᠡᠨ ᠬᠦᠢᠴᠡᠳᠭᠡᠵᠦ᠍᠂ ᠨᠠᠮᠴᠢ ᠴᠢᠨᠠᠷ᠎ᠢ ᠬᠠᠮᠤᠭ᠎ᠠᠴᠠ ᠡᠷᠬᠢᠮᠯᠡᠳᠡᠭ 《ᠨᠠᠮ᠎ᠤᠨ ᠠᠵᠢᠯᠲᠠᠨ》 ᠮᠥᠨ᠃ ᠲᠡᠭᠦᠨ᠎ᠤ ᠤᠯᠤᠰ ᠲᠦᠷᠦ᠎ᠶ᠋ᠢᠨ ᠵᠣᠭ᠍ᠰᠣᠯᠲᠠ ᠪᠠᠲᠤ᠌᠂ ᠨᠠᠮᠴᠢ ᠴᠢᠨᠠᠷ᠎ᠤᠨ ᠪᠣᠯᠪᠠᠰᠤᠷᠠᠯ ᠪᠣᠯᠤᠨ ᠤᠯᠤᠰ ᠲᠦᠷᠦ᠎ᠶ᠋ᠢᠨ ᠬᠡᠪ ᠪᠣᠯᠪᠠᠰᠤᠷᠠᠯ ᠥᠨᠳᠥᠷ᠂ ᠢᠯᠠᠩᠭᠤᠶ᠎ᠠ ᠨᠠᠮ᠎ᠤᠨ ᠭᠡᠱᠢᠭᠦᠨ ᠡᠯᠰᠡᠬᠦ᠂ ᠪᠠᠢᠭᠤᠯᠭ᠎ᠠ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ ᠵᠡᠷᠭᠡ ᠡᠯ᠎ᠡ ᠲᠦᠷᠦᠯ᠎ᠤᠨ ᠠᠵᠢᠯ᠎ᠤᠨ ᠳᠤᠮᠳᠠ᠂ ᠵᠠᠷᠴᠢᠮ᠎ᠢ ᠢᠮᠠᠭ᠍ᠲᠠ ᠭᠤᠢᠪᠢᠰᠢ ᠦᠭᠡᠢ ᠪᠠᠷᠢᠮᠳᠠᠯᠠᠵᠦ᠍᠂ ᠪᠠᠷᠢᠮᠵᠢᠶ᠎ᠠ᠎ᠶ᠋ᠢ ᠬᠤᠪᠢᠷᠠᠭᠤᠯᠬᠤ ᠦᠭᠡᠢ᠂ ᠲᠡᠰ ᠳᠠᠷᠠᠭᠠᠯᠠᠯ᠎ᠢ ᠬᠤᠪᠢᠷᠠᠭᠤᠯᠬᠤ ᠦᠭᠡᠢ᠂ ᠰᠠᠬᠢᠯᠭ᠎ᠠ ᠪᠠᠲᠤ᠎ᠶ᠋ᠢ ᠰᠤᠯᠠᠷᠠᠭᠤᠯᠬᠤ ᠦᠭᠡᠢ ᠪᠠᠢᠵᠤ᠂ ᠪᠦᠬᠦ᠌ ᠬᠤᠱᠢᠭᠤᠨ᠎ᠤ ᠪᠠᠢᠭᠤᠯᠭ᠎ᠠ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠨᠠᠮ᠎ᠤᠨ ᠭᠡᠱᠢᠭᠦᠨ ᠡᠯᠰᠡᠬᠦ᠌ ᠲᠡᠰ ᠳᠠᠷᠠᠭᠠᠯᠠᠯ᠎ᠢ ᠴᠢᠩᠭ᠎ᠠ ᠠᠳᠭᠤᠭ᠍ᠰᠠᠨ ᠦᠭᠡᠢ᠂ ᠭᠤᠣᠯ ᠰᠡᠳᠦᠪᠲᠦ ᠨᠠᠮ᠎ᠤᠨ ᠡᠳᠦᠷᠯᠢᠭ᠎ᠤᠨ ᠭᠤᠣᠯ ᠰᠡᠳᠦᠪ ᠲᠣᠳᠣᠷᠬᠠᠢ ᠦᠭᠡᠢ᠂ ᠠᠭᠤᠯᠭ᠎ᠠ᠎ᠨᠢ ᠠᠳᠠᠯᠢ ᠦᠭᠡᠢ ᠵᠡᠷᠭᠡ ᠠᠰᠠᠭᠤᠳᠠᠯ᠎ᠤᠳ᠎ᠢ ᠪᠦᠲᠦᠮᠵᠢᠲᠡᠢ ᠱᠢᠢᠳᠪᠦᠷᠢᠯᠡᠪᠡ᠃

ᠲᠡᠷᠡ᠂ ᠱᠢᠷᠭᠠᠭᠤ ᠰᠤᠷᠤᠯᠴᠠᠵᠤ ᠱᠢᠮᠳᠠᠨ ᠰᠤᠳᠤᠯᠵᠤ᠂ ᠤᠯᠠᠨ ᠵᠦᠢᠯ᠎ᠳᠤ ᠴᠠᠭᠠᠷᠠᠭ᠍ᠰᠠᠨ ᠴᠢᠳᠠᠪᠤᠷᠢᠲᠠᠨ ᠮᠥᠨ᠃ ᠨᠢᠭ᠍ᠲᠠ᠎ᠠᠴᠠ ᠨᠢᠭ᠍ᠲᠠ ᠪᠠᠢᠬᠤ᠎ᠶ᠋ᠢ ᠢᠮᠠᠭ᠍ᠲᠠ ᠪᠠᠷᠢᠮᠲᠠᠯᠠᠵᠤ᠂ ᠮᠠᠲ᠋ᠧᠷᠢᠶᠠᠯ ᠨᠢᠭᠡᠪᠦᠷᠢ᠎ᠶ᠋ᠢᠨ ᠠᠯᠪᠠᠨ ᠪᠢᠴᠢᠭ ᠶᠠᠪᠤᠭᠤᠯᠬᠤ ᠬᠡᠯᠪᠡᠷᠢ᠂ ᠦᠭᠡ ᠬᠡᠯᠡ ᠦᠰᠦᠭ ᠪᠢᠴᠢᠭ᠂ ᠴᠡᠭ ᠲᠡᠮᠳᠡᠭ ᠵᠡᠷᠭᠡ ᠨᠠᠷᠢᠨ ᠵᠦᠢᠯᠡᠰ᠎ᠢ ᠴᠢᠩᠭ᠎ᠠ ᠠᠩᠬᠠᠷᠴᠤ᠌᠂ ᠵᠢᠯ ᠪᠦᠷᠢ᠎ᠶ᠋ᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠂ ᠦᠨᠳᠦᠰᠦᠨ ᠱᠠᠲᠤᠨ᠎ᠤ ᠨᠠᠮ᠎ᠤᠨ (ᠠᠵᠢᠯᠯᠠᠬᠤ) ᠬᠤᠷᠢᠶ᠎ᠠ᠎ᠶ᠋ᠢᠨ ᠱᠦᠵᠢ᠎ᠶ᠋ᠢᠨ ᠨᠠᠮ᠎ᠤᠨ ᠪᠠᠢᠭᠤᠯᠤᠯᠲᠠ᠎ᠶ᠋ᠢ ᠠᠳᠭᠤᠬᠤ ᠲᠤᠱᠢᠶᠠᠯ᠎ᠤᠨ ᠮᠡᠳᠡᠭᠦᠯᠦᠯᠲᠡ᠎ᠶ᠋ᠢ ᠦᠨᠡᠯᠡᠬᠦ᠌ ᠬᠤᠷᠠᠯ ᠵᠡᠷᠭᠡ ᠴᠢᠬᠤᠯᠠ ᠬᠤᠷᠠᠯ᠎ᠤᠨ ᠮᠠᠲ᠋ᠧᠷᠢᠶᠠᠯ᠎ᠢ ᠨᠠᠷᠢᠨ ᠬᠢᠨᠠᠮᠠᠭᠠᠢ ᠬᠢᠨᠠᠨ ᠬᠠᠷᠭᠤᠭᠤᠯᠳᠠᠭ᠃ ᠲᠡᠷᠡ ᠢᠳᠡᠪᠬᠢᠳᠡᠢ ᠠᠷᠭ᠎ᠠ ᠤᠬᠠᠭᠠᠨ ᠰᠤᠪᠢᠵᠤ᠂ ᠵᠤᠷᠢᠭ᠍ᠳᠠᠢ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠱᠢᠨ᠎ᠡ᠎ᠶ᠋ᠢ ᠡᠭᠦᠳᠪᠡ᠃ ᠪᠥᠬᠦ᠌ ᠬᠤᠱᠢᠭᠤᠨ᠎ᠤ ᠪᠠᠢᠭᠤᠯᠭ᠎ᠠ᠎ᠶ᠋ᠢᠨ ᠨᠠᠮ᠎ᠤᠨ ᠭᠡᠱᠢᠭᠦᠨ᠎ᠤ ᠬᠥᠮᠦᠵᠢᠯ ᠬᠠᠮᠢᠶᠠᠷᠤᠯᠲᠠ᠎ᠶ᠋ᠢᠨ ᠠᠵᠢᠯᠯᠠᠭ᠎ᠠ᠎ᠶ᠋ᠢ ᠦᠷᠨᠢᠬᠦᠯᠬᠦ᠌ ᠲᠤᠮᠳᠠ᠂ ᠬᠤᠲᠠ ᠤᠷᠤᠭ᠍ᠰᠠᠨ ᠮᠠᠯᠴᠢᠨ ᠲᠠᠷᠢᠶᠠᠴᠢᠨ ᠨᠠᠮ᠎ᠤᠨ ᠭᠡᠱᠢᠭᠦᠨ ᠨᠡᠯᠢᠶᠡᠳ ᠣᠯᠠᠨ ᠪᠠᠢᠬᠤ ᠪᠣᠳᠠᠲᠤ ᠪᠠᠢᠳᠠᠯ᠎ᠳᠤ ᠴᠢᠭ᠌ᠯᠡᠭᠦᠯᠦᠨ᠂ 《ᠨᠡᠭᠡᠭᠡᠯᠲᠡᠲᠦ ᠮᠠᠶᠢᠭ》 ᠎ᠤᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠂ ᠬᠤᠲᠠ ᠬᠥᠳᠡᠭᠡ᠎ᠶ᠋ᠢᠨ ᠨᠠᠮ᠎ᠤᠨ ᠭᠡᠱᠢᠭᠦᠨ᠎ᠤ 《ᠬᠤᠷᠱᠢᠯ ᠢᠨᠵᠧᠨᠧᠷᠢᠩ》 ᠎ᠢ ᠰᠦᠪᠡᠭ᠌ᠴᠢᠯᠡᠨ ᠥᠷᠨᠢᠭᠦᠯᠵᠦ᠍᠂ ᠤᠮᠠᠷᠠᠲᠤ ᠬᠢᠯᠢ᠎ᠶ᠋ᠢᠨ ᠬᠤᠱᠢᠭᠤᠴᠢ ᠰᠦᠯᠵᠢᠶ᠎ᠡ᠎ᠪᠠᠷ ᠳᠡᠮᠵᠢᠨ ᠪᠥᠬᠦ᠌ ᠣᠷᠣᠨ᠎ᠳᠤ ᠰᠠᠨᠠᠯ᠎ᠢᠶᠠᠨ ᠰᠣᠯᠢᠯᠴᠠᠪᠠ᠃

ᠲᠡᠷᠡ᠂ ᠠᠵᠢᠯ ᠦᠢᠯᠡᠰ᠎ᠢᠶᠠᠨ ᠲᠡᠭᠡᠳᠦᠯᠡᠵᠦ᠍᠂ 《ᠶᠠᠮᠠᠷᠪᠠ ᠬᠦᠴᠢᠷ ᠪᠡᠷᠬᠡᠱᠢᠶᠡᠯ᠎ᠠᠴᠠ ᠠᠶᠤᠬᠤ ᠦᠭᠡᠢ᠂ ᠠᠯᠢᠪᠠ᠎ᠪᠠᠨ ᠬᠠᠷᠠᠮ ᠦᠭᠡᠢ ᠵᠣᠷᠢᠭᠤᠯᠬᠤ》 ᠡᠷᠬᠢᠮ ᠲᠡᠭᠡᠳᠦ ᠵᠣᠷᠢᠭ ᠰᠠᠨᠠᠭ᠎ᠠ᠎ᠲᠠᠢ᠃ 3 ᠵᠢᠯ᠎ᠤᠨ ᠲᠤᠷᠰᠢ᠂ ᠲᠡᠷᠡ ᠦᠨᠳᠦᠰᠦᠨ ᠱᠠᠳᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠨᠡᠢᠲᠡ 20 ᠭᠠᠷᠤᠶ ᠤᠳᠠᠭ᠎ᠠ ᠤᠨᠤᠯ᠎ᠤᠨ ᠬᠢᠴᠢᠶᠡᠯ ᠤᠷᠤᠪᠠ᠃ 《ᠲᠤᠬᠠᠢ᠎ᠶ᠋ᠢᠨ ᠦᠶ᠎ᠡ᠎ᠶ᠋ᠢᠨ ᠤᠯᠠᠭᠠᠨ ᠴᠡᠷᠢᠭ᠎ᠤᠨ ᠤᠯᠤᠰ᠎ᠢᠶᠠᠨ ᠠᠪᠤᠷᠠᠵᠤ ᠠᠷᠠᠳ ᠲᠦᠮᠡᠨ᠎ᠢᠶᠠᠨ ᠠᠪᠤᠷᠠᠬᠤ᠎ᠶ᠋ᠢᠨ ᠲᠥᠯᠥᠭᠡ ᠶᠠᠮᠠᠷᠪᠠ ᠬᠦᠴᠢᠷ ᠪᠡᠷᠬᠡᠱᠢᠶᠡᠯ ᠬᠠᠷᠰᠢ ᠰᠠᠭᠠᠳ᠎ᠠᠴᠠ ᠠᠶᠤᠬᠤ ᠦᠭᠡᠢ ᠵᠤᠷᠢᠭ ᠰᠠᠨᠠᠭ᠎ᠠ᠂ ᠠᠯᠢᠪᠠ ᠪᠦᠬᠦᠨ᠎ᠳᠤ ᠪᠣᠳᠠᠲᠠᠢ᠎ᠠᠴᠠ ᠡᠭᠦᠰᠭᠦ ᠵᠣᠷᠢᠭ ᠰᠠᠨᠠᠭ᠎ᠠ᠎ᠨᠢ ᠨᠠᠳᠠ᠎ᠳᠤ ᠶᠡᠬᠡᠭᠡᠨ ᠰᠡᠩᠬᠡᠷᠡᠬᠦᠯᠦᠯ ᠪᠤᠯᠪᠠ᠃ ᠠᠭᠤᠤ ᠶᠡᠭᠡ ᠤᠷᠳᠤ ᠵᠠᠮ᠎ᠤᠨ ᠠᠶᠠᠨ ᠲᠠᠢᠨ᠎ᠤ ᠵᠣᠷᠢᠭ ᠰᠠᠨᠠᠭ᠎ᠠ ᠪᠣᠯ ᠪᠢᠳᠡᠨ᠎ᠤ ᠠᠷᠠᠳ ᠲᠦᠮᠡᠨ᠎ᠳᠤ ᠦᠢᠯᠡᠴᠢᠯᠡᠬᠦ᠂ ᠦᠷᠭᠦᠯᠵᠢᠯᠡᠨ ᠤᠷᠤᠭ᠍ᠰᠢᠯᠠᠬᠤ ᠵᠣᠷᠢᠭ ᠰᠠᠨᠠᠭᠠᠨ᠎ᠤ ᠡᠬᠢ ᠪᠤᠯᠠᠭ ᠮᠥᠨ᠂ ᠪᠢᠳᠡ ᠵᠠᠪᠠᠯ ᠱᠢᠨ᠎ᠡ ᠪᠣᠳᠠᠲᠤ ᠪᠠᠢᠳᠠᠯ᠎ᠲᠠᠢ ᠰᠠᠢᠲᠤᠷ ᠤᠶᠠᠯᠳᠤᠭᠤᠯᠵᠤ᠂ ᠤᠷᠳᠤ ᠵᠠᠮ᠎ᠤᠨ ᠠᠶᠠᠨ ᠲᠠᠢᠨ᠎ᠤ ᠵᠣᠷᠢᠭ ᠰᠠᠨᠠᠭ᠎ᠠ᠎ᠶ᠋ᠢ ᠰᠠᠢᠲᠤᠷ ᠤᠯᠠᠮᠵᠢᠯᠠᠵᠤ ᠰᠠᠢᠲᠤᠷ ᠪᠠᠳᠠᠷᠠᠭᠤᠯᠬᠤ ᠬᠡᠷᠡᠭ᠌ᠲᠡᠢ》 ᠭᠡᠵᠦ᠍ ᠵᠠᠩ ᠪᠢᠨ ᠵᠥᠩ ᠶᠠᠷᠢᠨ᠎ᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号