ᠲᠡᠦᠬᠡ᠎ᠪᠠᠷ ᠲᠤᠯᠢ ᠪᠣᠯᠭᠠᠵᠤ᠂ ᠢᠷᠡᠭᠡᠳᠦᠢ᠎ᠶ᠋ᠢ ᠨᠡᠬᠡᠬᠡᠬᠦ᠌᠎ᠳᠤ ᠡᠷᠬᠡᠪᠰᠢ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢ ᠪᠠᠢᠭᠤᠯᠬᠤ᠎ᠶ᠋ᠢ ᠲᠠᠰᠤᠷᠠᠯᠳᠠ ᠦᠭᠡᠢ ᠠᠬᠢᠭᠤᠯᠬᠤ ᠬᠡᠷᠡᠭ᠌ᠲᠡᠢ᠃ ᠡᠩᠬᠡ ᠲᠠᠢᠪᠤᠩ᠂ ᠡᠶ᠎ᠡ ᠨᠠᠢᠷᠠᠮᠳᠠᠭᠤ᠂ ᠡᠶ᠎ᠡ ᠵᠣᠬᠢᠴᠠᠩᠭᠤᠢ ᠪᠠᠢᠬᠤ ᠪᠣᠯ ᠳᠤᠮᠳᠠᠳᠤ᠎ᠶ᠋ᠢᠨ ᠦᠨᠳᠦᠰᠦᠲᠡᠨ᠎ᠤ 5000 ᠭᠠᠷᠤᠢ ᠵᠢᠯ᠎ᠤᠨ ᠲᠤᠷᠰᠢ ᠬᠥᠭᠡᠭᠡᠴᠡᠯᠳᠦᠭ᠌ᠰᠡᠭᠡᠷ ᠢᠷᠡᠭ᠌ᠰᠡᠨ ᠪᠥᠭᠡᠳ ᠵᠠᠯᠭᠠᠮᠵᠢᠯᠠᠭ᠍ᠰᠠᠭᠠᠷ ᠢᠷᠡᠭ᠌ᠰᠡᠨ ᠣᠢᠯᠠᠭᠠᠭ᠍ᠳᠠᠬᠤᠨ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠴᠢᠰᠤᠨ᠎ᠳᠤ ᠪᠤᠰᠤᠳ᠎ᠢ ᠲᠦᠷᠢᠮᠡᠬᠡᠢᠯᠡᠬᠦ᠂ ᠡᠵᠡᠨ ᠮᠡᠳᠡᠵᠤ ᠡᠵᠡᠷᠬᠡᠨ ᠠᠭᠠᠱᠢᠯᠠᠬᠤ ᠤᠳᠤᠮᠱᠢᠯ ᠬᠡᠵᠤ ᠪᠠᠢᠬᠤ ᠦᠭᠡᠢ᠃ ᠳᠤᠮᠳᠠᠳᠤ ᠤᠯᠤᠰ᠎ᠤᠨ ᠡᠪ ᠬᠠᠮᠲᠤ ᠨᠠᠮ ᠬᠥᠮᠦᠨ ᠲᠥᠷᠥᠯᠬᠢᠲᠡᠨ᠎ᠤ ᠢᠷᠡᠭᠡᠳᠦᠢ᠎ᠶ᠋ᠢᠨ ᠬᠤᠪᠢ ᠵᠠᠶᠠᠭ᠎ᠠ᠎ᠶ᠋ᠢ ᠠᠩᠬᠠᠷᠴᠤ᠌᠂ ᠳᠡᠯᠡᠬᠡᠢ ᠳᠡᠭᠡᠷᠡᠬᠢ ᠠᠯᠢᠪᠠ ᠳᠠᠪᠱᠢᠩᠭᠤᠢ ᠬᠦᠴᠦᠨ᠎ᠲᠠᠢ ᠭᠠᠷ ᠬᠤᠯᠪᠣᠨ ᠤᠷᠤᠭ᠍ᠰᠢᠯᠠᠨ᠎ᠠ᠂ ᠳᠤᠮᠳᠠᠳᠤ ᠤᠯᠤᠰ ᠢᠮᠠᠭ᠍ᠲᠠ ᠳᠡᠯᠡᠬᠡᠢ᠎ᠶ᠋ᠢᠨ ᠡᠩᠬᠡ ᠲᠠᠢᠪᠤᠩ᠎ᠤᠨ ᠪᠦᠲᠦᠭᠡᠨ ᠪᠠᠢᠭᠤᠯᠤᠭ᠍ᠴᠢ᠂ ᠪᠦᠬᠦ᠌ ᠪᠥᠮᠪᠥᠷᠴᠡᠭ᠎ᠤᠨ ᠬᠥᠭ᠌ᠵᠢᠯᠲᠡ᠎ᠳᠤ ᠬᠤᠪᠢ ᠨᠡᠮᠡᠷᠢ ᠦᠵᠡᠭᠦᠯᠦᠭ᠌ᠴᠢ᠂ ᠤᠯᠠᠨ ᠤᠯᠤᠰ᠎ᠤᠨ ᠡᠮᠬᠢ ᠳᠢᠭ᠌ᠯᠢᠮ᠎ᠤᠨ ᠬᠠᠮᠠᠭᠠᠯᠠᠭ᠍ᠴᠢ ᠪᠣᠯᠤᠨ᠎ᠠ!

ᠱᠢᠨ᠎ᠡ ᠠᠶᠠᠨ᠎ᠳᠠᠭᠠᠨ᠂ ᠪᠢᠳᠡ ᠡᠷᠬᠡᠪᠰᠢ ᠡᠩᠬᠡ ᠲᠠᠢᠪᠤᠩ᠂ ᠬᠥᠭ᠌ᠵᠢᠯᠲᠡ᠂ ᠬᠠᠮᠲᠤᠷᠠᠯᠴᠠᠭ᠎ᠠ᠂ ᠬᠠᠮᠲᠤ᠎ᠪᠠᠷ ᠠᠱᠢᠭ ᠭᠥᠷᠳᠡᠬᠦ᠌ ᠲᠤᠭ᠎ᠢ ᠥᠨᠳᠥᠷ ᠮᠠᠨᠳᠤᠭᠤᠯᠵᠤ᠂ ᠪᠡᠶ᠎ᠡ᠎ᠪᠠᠨ ᠳᠠᠭᠠᠭᠠᠵᠤ ᠡᠵᠡᠨ ᠮᠡᠳᠡᠬᠦ᠌ ᠨᠠᠢᠷᠠᠮᠳᠠᠯ᠎ᠤᠨ ᠭᠠᠳᠠᠭᠠᠳᠤ ᠬᠠᠷᠢᠯᠴᠠᠭᠠᠨ᠎ᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠡᠩᠬᠡ ᠲᠠᠢᠪᠤᠩ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ᠎ᠶ᠋ᠢ ᠪᠠᠷᠢᠮᠲᠠᠯᠠᠵᠤ᠂ ᠱᠢᠨ᠎ᠡ ᠬᠡᠯᠪᠡᠷᠢ᠎ᠶ᠋ᠢᠨ ᠣᠯᠠᠨ ᠤᠯᠤᠰ᠎ᠤᠨ ᠬᠠᠷᠢᠯᠴᠠᠭ᠎ᠠ᠎ᠶ᠋ᠢ ᠪᠠᠢᠭᠤᠯᠬᠤ᠎ᠶ᠋ᠢ ᠠᠬᠢᠭᠤᠯᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠵᠤ᠂ 《ᠨᠢᠭᠡ ᠪᠦᠰᠡ ᠨᠢᠭᠡ ᠵᠠᠮ》 ᠢ ᠬᠠᠮᠲᠤ᠎ᠪᠠᠷ ᠪᠥᠲᠥᠭᠡᠨ ᠪᠠᠢᠭᠤᠯᠬᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠱᠢᠨ᠎ᠡ ᠬᠥᠭ᠌ᠵᠢᠯᠲᠡ᠎ᠪᠠᠷ ᠳᠡᠯᠡᠬᠡᠶ ᠳ᠋ᠠᠬᠢᠨ᠎ᠳᠤ ᠱᠢᠨ᠎ᠡ ᠠᠵᠠ ᠲᠣᠬᠢᠶᠠᠯ ᠤᠯᠭᠤᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠦᠷᠭᠦᠯᠵᠢᠯᠡᠨ ᠡᠩᠬᠡ ᠲᠠᠢᠪᠤᠩ᠎ᠢ ᠡᠷᠬᠢᠮᠯᠡᠳᠡᠭ ᠠᠯᠢᠪᠠ ᠤᠯᠤᠰ ᠪᠠ ᠠᠷᠠᠳ ᠲᠦᠮᠡᠨ᠎ᠲᠠᠢ ᠬᠠᠮᠲᠤ᠎ᠪᠠᠷ ᠡᠩᠬᠡ ᠲᠠᠢᠪᠤᠩ᠂ ᠬᠥᠭ᠌ᠵᠢᠯᠲᠡ᠂ ᠲᠥᠪ ᠭᠤᠣᠯᠴᠢ᠂ ᠱᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ᠎ᠲᠠᠢ ᠪᠦᠬᠦ᠌ ᠬᠥᠮᠦᠨ ᠲᠥᠷᠥᠯᠬᠢᠲᠡᠨ᠎ᠤ ᠬᠠᠮᠲᠤ᠎ᠶ᠋ᠢᠨ ᠦᠷᠳᠡᠭ᠎ᠢ ᠪᠠᠳᠠᠷᠠᠭᠤᠯᠵᠤ᠂ ᠬᠠᠮᠲᠤᠷᠠᠯᠴᠠᠬᠤ᠎ᠠᠴᠠ ᠪᠢᠰᠢ ᠡᠰᠡᠷᠭᠦᠴᠡᠯᠳᠦᠬᠦ᠌ ᠦᠭᠡᠢ᠂ ᠨᠡᠭᠡᠭᠡᠯᠳᠡ ᠬᠢᠬᠦ᠌᠎ᠠᠴᠠ ᠪᠢᠰᠢ ᠡᠬᠦᠳᠡ᠎ᠪᠠᠨ ᠲᠦᠭ᠌ᠵᠢᠬᠦ᠌ ᠦᠭᠡᠢ ᠪᠠᠢᠬᠤ᠎ᠶ᠋ᠢ ᠪᠠᠷᠢᠮᠲᠠᠯᠠᠵᠤ᠂ ᠬᠠᠷᠢᠯᠴᠠᠨ ᠠᠱᠢᠭ᠍ᠳᠠᠢ ᠬᠠᠮᠲᠤ᠎ᠪᠠᠷ ᠠᠱᠢᠬ ᠬᠥᠷᠳᠡᠬᠦ᠌ᠶ᠋ᠢ ᠪᠠᠷᠢᠮᠲᠠᠯᠠᠨ᠂ ᠲᠡᠭ ᠨᠡᠢᠯᠡᠪᠤᠷᠢᠶ᠋ᠢᠨ ᠦᠵᠡᠯᠴᠡᠭᠡᠨ᠎ᠢ ᠬᠢᠬᠦ᠌ ᠦᠭᠡᠢ᠂ ᠡᠵᠡᠷᠬᠡᠬᠦ᠌ ᠦᠵᠡᠯ ᠪᠠ ᠬᠦᠴᠦᠷᠬᠡᠭ᠌ᠯᠡᠯ᠎ᠤᠨ ᠤᠯᠤᠰ ᠲᠦᠷᠤ᠎ᠶ᠋ᠢ ᠡᠰᠡᠷᠭᠦᠴᠡᠵᠦ᠍᠂ ᠲᠡᠦᠬᠡᠨ ᠬᠦᠷᠳᠦ᠎ᠶ᠋ᠢᠨ ᠭᠡᠭᠡᠨ ᠰᠠᠷᠠᠭᠤᠯ ᠬᠠᠷᠠᠯᠲᠠ ᠲᠡᠢᠰᠢ ᠤᠷᠤᠭ᠍ᠰᠢᠯᠠᠬᠤ᠎ᠶ᠋ᠢ ᠠᠬᠢᠭᠤᠯᠤᠨ᠎ᠠ!
ᠳᠤᠮᠳᠠᠳᠤ ᠤᠯᠤᠰ᠎ᠤᠨ ᠠᠷᠠᠳ ᠲᠦᠮᠡᠨ ᠪᠣᠯ ᠱᠢᠳᠤᠷᠭᠤ ᠶᠣᠰᠣ᠎ᠶ᠋ᠢ ᠡᠷᠬᠢᠮᠯᠡᠵᠦ᠍᠂ ᠬᠦᠴᠦᠷᠬᠡᠭ᠌ᠯᠡᠯ᠎ᠠᠴᠠ ᠰᠦᠷᠳᠡᠳᠡᠭ ᠦᠭᠡᠢ ᠠᠷᠠᠳ ᠲᠦᠮᠡᠨ ᠮᠥᠨ᠂ ᠳᠤᠮᠳᠠᠳᠤ᠎ᠶ᠋ᠢᠨ ᠦᠨᠳᠦᠰᠦᠲᠡᠨ ᠪᠣᠯ ᠪᠠᠲᠤ ᠴᠢᠩᠭ᠎ᠠ ᠦᠨᠳᠦᠰᠦᠲᠡᠨ᠎ᠤ ᠤᠮᠤᠬ᠍ᠰᠢᠯᠳᠦ ᠰᠡᠳᠭᠢᠯᠭᠡ ᠪᠠ ᠢᠲᠡᠭᠡᠯ ᠵᠣᠷᠢᠭᠲᠠᠢ ᠦᠨᠳᠦᠰᠦᠲᠡᠨ ᠮᠥᠨ᠃ ᠳᠤᠮᠳᠠᠳᠤ ᠤᠯᠤᠰ᠎ᠤᠨ ᠠᠷᠠᠳ ᠲᠦᠮᠡᠨ ᠶᠡᠷᠦ᠎ᠠᠴᠠ ᠪᠤᠰᠤᠳ ᠤᠯᠤᠰ᠎ᠤᠨ ᠠᠷᠠᠳ ᠲᠦᠮᠡᠨ᠎ᠢ ᠲᠤᠷᠤᠮᠵᠢᠯᠠᠵᠤ᠂ ᠳᠠᠷᠤᠯᠠᠵᠤ᠂ ᠪᠣᠭᠤᠯᠴᠢᠯᠠᠵᠤ ᠥᠩᠭᠡᠷᠡᠭ᠌ᠰᠡᠨ ᠦᠭᠡᠢ᠂ ᠦᠩᠭᠡᠷᠡᠭ᠌ᠰᠡᠨ᠎ᠳᠤ ᠪᠠᠢᠬᠤ ᠦᠭᠡᠢ᠂ ᠤᠳᠤ ᠴᠤ᠌ ᠪᠠᠢᠬᠤ ᠦᠭᠡᠢ᠂ ᠢᠷᠡᠭᠡᠳᠦᠢ᠎ᠳᠤ ᠴᠦ᠍ ᠪᠠᠢᠬᠤ ᠦᠭᠡᠢ ᠶᠤᠮ᠃ ᠡᠭᠦᠨ᠎ᠤ ᠬᠠᠮᠲᠤ᠌᠂ ᠳᠤᠮᠳᠠᠳᠤ ᠤᠯᠤᠰ᠎ᠤᠨ ᠠᠷᠠᠳ ᠲᠦᠮᠡᠨ ᠪᠠᠰᠠ ᠶᠠᠮᠠᠷᠪᠠ ᠭᠠᠳᠠᠭᠠᠳᠤ᠎ᠶ᠋ᠢᠨ ᠬᠦᠴᠦᠨ᠎ᠤ ᠮᠠᠨᠢ ᠲᠤᠷᠤᠮᠵᠢᠯᠠᠵᠤ᠂ ᠳᠠᠷᠤᠯᠠᠵᠤ᠂ ᠪᠣᠭᠤᠯᠴᠢᠯᠠᠬᠤ᠎ᠶ᠋ᠢ ᠤᠬ᠍ᠳᠤ ᠵᠥᠪᠱᠢᠶᠡᠷᠡᠬᠦ᠌ ᠦᠭᠡᠢ᠂ ᠬᠡᠨ ᠢᠩᠭᠢᠵᠦ᠍ ᠬᠢᠬᠦ᠌᠎ᠪᠠᠷ ᠭᠤᠷᠢᠳᠠᠪᠠᠯ᠂ 14 ᠳ᠋ᠦᠩᠱᠢᠭᠤᠷ ᠭᠠᠷᠤᠢ ᠳᠤᠮᠳᠠᠳᠤ ᠤᠯᠤᠰ᠎ᠤᠨ ᠠᠷᠠᠳ ᠲᠦᠮᠡᠨ᠎ᠤ ᠴᠢᠰᠤ ᠮᠢᠬ᠎ᠠ᠎ᠪᠠᠷ᠎ᠢᠶᠠᠨ ᠴᠣᠭ᠍ᠴᠠᠯᠠᠭ᠍ᠰᠠᠨ ᠪᠤᠯᠤᠳ ᠲᠡᠮᠤᠷ ᠮᠠᠳᠤ ᠤᠷᠳᠤ ᠴᠠᠭᠠᠨ ᠬᠡᠷᠡᠮ᠎ᠤᠨ ᠡᠮᠦᠨ᠎ᠡ ᠲᠤᠬᠤ ᠲᠤᠯᠤᠭᠠᠢ᠎ᠪᠠᠨ ᠬᠠᠭᠠᠷᠠᠳᠠᠯ᠎ᠠ ᠴᠤᠬᠢᠭ᠍ᠳᠠᠬᠤᠨᠢ ᠯᠠᠪᠲᠠᠢ ᠶᠤᠮ!
【 ᠲᠤᠰᠭᠠᠶ ᠮᠡᠷᠭᠡᠵᠢᠯᠲᠡᠨ᠎ᠤ ᠲᠠᠢᠯᠤᠮᠵᠢ 】
ᠦᠢᠯᠡᠳᠣᠯᠭᠡ᠎ᠪᠠᠷ ᠳᠤᠮᠳᠠᠳᠤ ᠤᠯᠤᠰ᠎ᠤᠨ ᠡᠭᠦᠷᠭᠡᠯᠡᠯ᠎ᠢ ᠲᠠᠢᠯᠪᠤᠷᠢᠯᠠᠵᠤ ᠳᠡᠯᠡᠬᠡᠶ ᠳ᠋ᠠᠬᠢᠨ᠎ᠳᠤ ᠳᠤᠮᠳᠠᠳᠤ᠎ᠶ᠋ᠢᠨ ᠣᠶᠤᠨ ᠤᠬᠠᠭᠠᠨ᠎ᠢ ᠨᠡᠮᠡᠷᠢᠯᠡᠨ᠎ᠡ
● ᠲᠦᠸᠧ ᠵᠢᠶᠦ᠋ᠨ ᠵᠢᠶᠧ
ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶ᠋ᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠤᠢ ᠪᠣᠯᠤᠨ 《ᠬᠤᠣᠰ ᠵᠠᠭᠤᠨ ᠵᠢᠯ》 ᠤᠨ ᠲᠡᠦᠬᠡ᠎ᠶ᠋ᠢᠨ ᠠᠭᠤᠯᠵᠠᠷ᠎ᠤᠨ ᠵᠠᠩᠭᠢᠯᠠᠭ᠎ᠠ᠎ᠶ᠋ᠢᠨ ᠮᠦᠴᠡ᠎ᠳᠤ ᠰᠠᠭᠤᠷᠢᠯᠠᠵᠤ᠂ ᠳᠤᠮᠳᠠᠳᠤ ᠤᠯᠤᠰ ᠡᠩᠬᠡ ᠲᠠᠢᠪᠤᠩ ᠬᠥᠭ᠌ᠵᠢᠯᠲᠡ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢ ᠪᠠᠢᠭᠤᠯᠬᠤ᠎ᠶ᠋ᠢ ᠲᠠᠰᠤᠷᠠᠯᠲᠠ ᠦᠭᠡᠢ ᠠᠬᠢᠭᠤᠯᠬᠤ ᠡᠷᠡᠰ ᠵᠣᠷᠢᠭ᠎ᠢ ᠢᠯᠡᠳᠭᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠥᠮᠦᠨ ᠲᠥᠷᠥᠯᠬᠢᠲᠡᠨ᠎ᠤ ᠰᠠᠢᠨ ᠰᠠᠢᠬᠠᠨ ᠢᠷᠡᠭᠡᠳᠦᠢ᠎ᠶ᠋ᠢᠨ ᠲᠥᠯᠥᠭᠡ ᠲᠡᠮᠡᠴᠡᠬᠦ᠌ ᠬᠠᠷᠢᠭᠤᠴᠠᠯᠭ᠎ᠠ ᠡᠭᠦᠷᠭᠡᠯᠡᠯ᠎ᠢ ᠭᠦᠢᠴᠡᠳ ᠢᠯᠡᠷᠡᠭᠦᠯᠪᠡ᠃
ᠬᠥᠮᠦᠨ ᠲᠥᠷᠥᠯᠬᠢᠲᠡᠨ ᠵᠢᠷᠭᠠᠯ ᠵᠣᠪᠠᠯᠠᠩ᠎ᠢᠶᠠᠨ ᠬᠠᠮᠲᠤᠳᠭᠠᠵᠤ᠂ ᠡᠩᠬᠡ ᠲᠠᠢᠪᠤᠩ᠎ᠢ ᠡᠭᠦᠷᠢᠳᠡ ᠡᠳ᠋ᠯᠡᠬᠦ᠌ ᠪᠣᠯ ᠡᠯ᠎ᠡ ᠤᠯᠤᠰ᠎ᠤᠨ ᠠᠷᠠᠳ ᠲᠦᠮᠡᠨ᠎ᠤ ᠬᠠᠮᠲᠤ᠎ᠶ᠋ᠢᠨ ᠬᠦᠰᠡᠯ ᠵᠡᠭᠦᠳᠦ ᠮᠥᠨ᠃ ᠡᠩᠬᠡ ᠲᠠᠢᠪᠤᠩ᠂ ᠡᠶ᠎ᠡ ᠨᠠᠢᠷᠠᠮᠳᠠᠭᠤ᠂ ᠡᠶ᠎ᠡ ᠵᠣᠬᠢᠴᠠᠯ᠎ᠲᠠᠢ ᠪᠠᠢᠬᠤ ᠪᠣᠯ ᠳᠤᠮᠳᠠᠳᠤ᠎ᠶ᠋ᠢᠨ ᠦᠨᠳᠦᠰᠦᠲᠡᠨ᠎ᠤ 5000 ᠭᠠᠷᠤᠢ ᠵᠢᠯ᠎ᠤᠨ ᠲᠤᠷᠰᠢ ᠬᠥᠭᠡᠭᠡᠴᠡᠯᠳᠦᠭ᠌ᠰᠡᠭᠡᠷ ᠢᠷᠡᠭ᠌ᠰᠡᠨ ᠪᠥᠭᠡᠳ ᠤᠯᠠᠮᠵᠢᠯᠠᠨ ᠵᠠᠯᠭᠠᠮᠵᠢᠯᠠᠭ᠍ᠰᠠᠭᠠᠷ ᠢᠷᠡᠭ᠌ᠰᠡᠨ ᠣᠢᠯᠠᠭᠠᠭ᠍ᠳᠠᠬᠤᠨ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠴᠢᠰᠤᠨ᠎ᠳᠤ ᠪᠤᠰᠤᠳ᠎ᠢ ᠲᠦᠷᠢᠮᠡᠬᠡᠢᠯᠡᠬᠦ᠂ ᠡᠵᠡᠷᠬᠡᠬᠦ᠌ ᠤᠲᠤᠮᠱᠢᠯ ᠪᠠᠢᠬᠤ ᠦᠭᠡᠢ ᠶᠤᠮ᠃
ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢ ᠪᠠᠢᠭᠤᠯᠬᠤ᠎ᠶ᠋ᠢ ᠪᠠᠷᠢᠮᠲᠠᠯᠠᠨ ᠠᠬᠢᠭᠤᠯᠬᠤ ᠪᠣᠯ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌ ᠦᠨᠳᠦᠰᠦᠨ ᠠᠷᠭ᠎ᠠ ᠪᠤᠳᠤᠯᠭ᠎ᠠ᠎ᠶ᠋ᠢᠨ ᠨᠢᠭᠡ ᠪᠣᠯᠤᠨ᠎ᠠ᠃
ᠤᠯᠠᠨ ᠵᠢᠯ᠎ᠤᠨ ᠲᠤᠷᠰᠢ᠂ ᠳᠤᠮᠳᠠᠳᠤ ᠤᠯᠤᠰ 《ᠨᠢᠭᠡ ᠪᠦᠰᠡ ᠨᠢᠭᠡ ᠵᠠᠮ》 ᠤᠨ ᠰᠠᠨᠠᠭᠠᠴᠢᠯᠠᠭ᠎ᠠ᠎ᠶ᠋ᠢ ᠲᠠᠰᠤᠷᠠᠯᠲᠠ ᠦᠭᠡᠢ ᠠᠬᠢᠭᠤᠯᠵᠤ᠂ ᠳᠡᠯᠡᠬᠡᠢ ᠳ᠋ᠠᠬᠢᠨ᠎ᠯᠤᠭ᠎ᠠ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠠᠱᠢᠭ᠎ᠢ ᠬᠠᠮᠲᠤ᠎ᠪᠠᠷ ᠡᠳ᠋ᠯᠡᠵᠦ᠍᠂ ᠡᠯᠪᠡᠭ ᠪᠠᠶᠠᠯᠢᠭ ᠦᠷ᠎ᠡ ᠪᠦᠲᠦᠮᠵᠢ ᠣᠯᠵᠠᠢ᠃ 2021 ᠣᠨ᠎ᠤ 1 ᠰᠠᠷ᠎ᠠ ᠪᠣᠯᠲᠠᠯ᠎ᠠ᠂ ᠳᠤᠮᠳᠠᠳᠤ ᠤᠯᠤᠰ ᠨᠢᠭᠡᠨᠲᠡ ᠪᠦᠬᠦ᠌ ᠪᠥᠮᠪᠥᠷᠴᠡᠭ᠎ᠤᠨ 171 ᠤᠯᠤᠰ ᠪᠠ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠲᠠᠢ 205 ᠬᠤᠪᠢ 《ᠨᠢᠭᠡ ᠪᠦᠰᠡ ᠨᠢᠭᠡ ᠵᠠᠮ》 ᠢ ᠬᠠᠮᠲᠤ᠎ᠪᠠᠷ ᠪᠦᠲᠦᠭᠡᠨ ᠪᠠᠢᠭᠤᠯᠬᠤ ᠬᠠᠮᠲᠤᠷᠠᠯᠴᠠᠭᠠᠨ᠎ᠤ ᠪᠢᠴᠢᠭ ᠮᠠᠲ᠋ᠧᠷᠢᠶᠠᠯ᠎ᠳᠤ ᠭᠠᠷᠤᠨ ᠦᠰᠦᠭ ᠵᠢᠷᠤᠵᠤ᠂ 《ᠨᠢᠭᠡ ᠪᠦᠰᠡ ᠨᠢᠭᠡ ᠵᠠᠮ》 ᠨᠢᠭᠡᠨᠲᠡ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢ ᠪᠠᠢᠭᠤᠯᠬᠤ ᠴᠢᠬᠤᠯᠠ ᠦᠢᠯᠡᠳᠦᠯᠭᠡ᠎ᠶ᠋ᠢᠨ ᠲᠠᠪᠴᠠᠩ ᠪᠣᠯᠵᠠᠢ᠃
ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠠᠷᠭᠠᠴᠠᠭᠠᠬᠤ ᠶᠠᠪᠤᠴᠠ᠎ᠳᠤ᠂ ᠳᠤᠮᠳᠠᠳᠤ ᠤᠯᠤᠰ ᠳᠡᠯᠡᠬᠡᠢ᠎ᠶ᠋ᠢᠨ ᠡᠯ᠎ᠡ ᠤᠯᠤᠰ᠎ᠲᠠᠢ ᠭᠠᠷ ᠬᠤᠯᠪᠣᠨ ᠬᠠᠮᠲᠤᠷᠠᠯᠴᠠᠵᠤ᠂ ᠴᠠᠭ᠎ᠤᠨ ᠪᠡᠷᠬᠡ᠎ᠶ᠋ᠢ ᠬᠠᠮᠲᠤ᠎ᠪᠠᠷ ᠲᠤᠭᠤᠯᠤᠨ᠂ ᠥᠪᠡᠷ᠎ᠤᠨ ᠠᠵᠢᠯᠯᠠᠭ᠎ᠠ᠎ᠪᠠᠷ᠎ᠢᠶᠠᠨ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢ ᠪᠠᠢᠭᠤᠯᠬᠤ ᠴᠢᠩ ᠦᠨᠡᠨᠴᠢ ᠬᠦᠰᠡᠯ ᠡᠷᠡᠮᠡᠯᠵᠡᠯ ᠪᠣᠯᠤᠨ ᠲᠤᠮᠤ ᠤᠯᠤᠰ᠎ᠤᠨ ᠡᠭᠦᠷᠭᠡᠯᠡᠯ᠎ᠢ ᠲᠠᠢᠯᠪᠤᠷᠢᠯᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠣᠳᠠᠲᠤ ᠠᠵᠢᠯᠯᠠᠭ᠎ᠠ᠎ᠪᠠᠷ᠎ᠢᠶᠠᠨ ᠳᠤᠮᠳᠠᠳᠤ ᠤᠯᠤᠰ ᠢᠮᠠᠭ᠍ᠲᠠ ᠳᠤᠷᠠᠲᠠᠶ᠎ᠠ ᠳᠡᠯᠡᠬᠡᠢ ᠳᠡᠭᠡᠷᠡᠬᠢ ᠠᠯᠢᠪᠠ ᠳᠠᠪᠱᠢᠩᠭᠤᠢ ᠬᠦᠴᠦᠨ᠎ᠲᠠᠢ ᠪᠦᠯᠬᠦᠮᠳᠡᠨ ᠨᠥᠬᠦᠷᠰᠡᠭ᠎ᠢᠶᠠᠷ ᠬᠠᠮᠲᠤᠷᠠᠯᠴᠠᠵᠤ᠂ ᠬᠠᠮᠲᠤ᠎ᠪᠠᠷ ᠴᠡᠴᠡᠭ᠌ᠯᠡᠨ ᠬᠥᠭ᠌ᠵᠢᠵᠦ᠍᠂ ᠳᠡᠯᠡᠬᠡᠢ᠎ᠶ᠋ᠢᠨ ᠡᠩᠬᠡ ᠲᠠᠢᠪᠤᠩ᠎ᠤᠨ ᠪᠦᠲᠦᠭᠡᠨ ᠪᠠᠢᠭᠤᠯᠤᠭ᠍ᠴᠢ᠂ ᠪᠦᠬᠦ᠌ ᠪᠥᠮᠪᠥᠷᠴᠡᠭ᠎ᠤᠨ ᠬᠥᠭ᠌ᠵᠢᠯᠲᠡ᠎ᠳᠤ ᠬᠤᠪᠢ ᠨᠡᠮᠡᠷᠢ ᠦᠵᠡᠭᠦᠯᠦᠭ᠌ᠴᠢ ᠪᠠ ᠤᠯᠠᠨ ᠤᠯᠤᠰ᠎ᠤᠨ ᠡᠮᠬᠢ ᠳᠢᠭ᠌ᠯᠢᠮ᠎ᠤᠨ ᠬᠠᠮᠠᠭᠠᠯᠠᠭ᠍ᠴᠢ ᠪᠣᠯᠤᠨ᠎ᠠ ᠭᠡᠳᠡᠭ᠎ᠢ ᠭᠡᠷᠡᠴᠢᠯᠡᠪᠡ᠃
ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢ ᠪᠠᠢᠭᠤᠯᠬᠤ ᠪᠣᠯ ᠳᠡᠯᠡᠬᠡᠶ᠎ᠶ᠋ᠢᠨ ᠡᠯ᠎ᠡ ᠤᠯᠤᠰ᠎ᠤᠨ ᠠᠷᠠᠳ ᠲᠦᠮᠡᠨ᠎ᠤ ᠬᠠᠮᠲᠤ᠎ᠶ᠋ᠢᠨ ᠬᠦᠰᠡᠯ ᠪᠠ ᠰᠠᠢᠨ ᠰᠠᠢᠬᠠᠨ ᠮᠦᠷᠦᠭᠡᠳᠦᠯ ᠮᠥᠨ᠂ ᠡᠭᠦᠨ᠎ᠳᠤ ᠳᠡᠯᠡᠬᠡᠶ ᠨᠡᠢᠲᠡ᠎ᠪᠠᠷ᠎ᠢᠶᠠᠨ ᠬᠠᠮᠲᠤ᠎ᠪᠠᠷ ᠣᠷᠣᠯᠴᠠᠵᠤ᠂ ᠬᠠᠮᠲᠤ᠎ᠪᠠᠷ ᠬᠠᠮᠲᠤᠷᠠᠨ ᠠᠵᠢᠯᠯᠠᠵᠤ᠂ ᠬᠠᠮᠲᠤ᠎ᠪᠠᠷ ᠠᠱᠢᠭ ᠭᠥᠷᠳᠡᠬᠦ᠌ ᠬᠡᠷᠡᠭ᠌ᠲᠡᠶ᠂ ᠡᠢᠮᠦ᠎ᠠᠴᠠ ᠤᠯᠤᠰ ᠲᠥᠷᠥ᠍᠂ ᠠᠵᠤ ᠠᠬᠤᠶ᠂ ᠰᠣᠶᠣᠯ᠂ ᠨᠡᠢᠭᠡᠮ᠂ ᠠᠮᠢ ᠠᠬᠤᠶ᠎ᠶ᠋ᠢᠨ ᠪᠣᠯᠪᠠᠰᠤᠨ ᠵᠡᠷᠭᠡ ᠲᠠᠯ᠎ᠠ᠎ᠪᠠᠷ ᠨᠢᠭᠡ ᠴᠤᠭ᠍ᠴᠠᠵᠢᠭ᠍ᠰᠠᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭ᠌ᠲᠡᠶ᠃
ᠪᠢᠳᠡᠨ᠎ᠳᠤ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢᠨ ᠰᠠᠢᠨ ᠰᠠᠢᠬᠠᠨ ᠬᠦᠰᠡᠯ ᠡᠷᠡᠮᠡᠯᠵᠡᠯ ᠪᠤᠯᠤᠨ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠬᠠᠮᠳᠤ᠎ᠪᠠᠷ ᠪᠠᠶᠠᠯᠡᠬᠦᠯᠵᠤ᠂ ᠡᠯ᠎ᠡ ᠤᠯᠤᠰ᠎ᠤᠨ ᠠᠷᠠᠳ ᠲᠦᠮᠡᠨ᠎ᠲᠠᠢ ᠬᠠᠮᠲᠤ᠎ᠪᠠᠷ ᠨᠡᠩ ᠰᠠᠢᠨ ᠰᠠᠢᠬᠠᠨ ᠢᠷᠡᠭᠡᠳᠦᠢ᠎ᠶ᠋ᠢ ᠴᠣᠭ᠍ᠴᠠᠯᠠᠬᠤ ᠢᠲᠡᠭᠡᠯ ᠵᠤᠷᠢᠭ ᠪᠠ ᠬᠦᠴᠦᠨ ᠴᠢᠳᠡᠯ ᠪᠤᠢ᠃
(ᠵᠣᠬᠢᠶᠠᠭ᠍ᠴᠢ ᠪᠣᠯ ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠵᠠᠰᠠᠭ᠎ᠤᠨ ᠣᠷᠳᠣᠨ᠎ᠤ ᠬᠠᠮᠢᠶᠠᠷᠤᠯᠲᠠ᠎ᠶ᠋ᠢᠨ ᠳᠡᠭᠡᠳᠦ ᠰᠤᠷᠭᠠᠭᠤᠯᠢ᠎ᠶ᠋ᠢᠨ ᠵᠠᠬᠢᠷᠤᠯ)

① ᠥᠪᠥᠷ ᠮᠣᠩᠭᠤᠯ᠎ᠤᠨ 20 ᠳ᠋ᠤᠭᠠᠷ ᠪᠦᠯᠦᠭ᠎ᠤᠨ ᠷᠦᠸᠠᠨᠳᠠ᠎ᠶ᠋ᠢ ᠲᠤᠰᠠᠯᠠᠬᠤ ᠡᠮᠴᠢᠯᠡᠭᠡᠨ᠎ᠤ ᠠᠩᠬᠢ᠎ᠶ᠋ᠢᠨ ᠭᠡᠱᠢᠭᠦᠳ ᠲᠤᠬᠠᠢ᠎ᠶ᠋ᠢᠨ ᠭᠠᠵᠠᠷ᠎ᠤᠨ ᠡᠪᠡᠳᠴᠢᠲᠡᠨ᠎ᠲᠠᠢ ᠬᠠᠮᠲᠤ᠌᠃

② ᠡᠷᠢᠶᠡᠨ ᠬᠤᠲᠠ᠎ᠶ᠋ᠢᠨ ᠬᠢᠯᠢ᠎ᠪᠠᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠥᠷᠲᠡᠭᠡᠨ᠎ᠤ ᠴᠠᠭ᠍ᠳᠠᠭ᠎ᠠ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢ ᠪᠠᠢᠴᠠᠭᠠᠵᠤ ᠪᠠᠢᠭ᠎ᠠ᠎ᠨᠢ᠃

③ ᠦᠬᠠᠶ ᠬᠤᠲᠠ 2021 ᠣᠨ᠎ᠤ ᠲᠡᠭ ᠨᠡᠭᠦᠷᠡᠰᠦᠲᠥ᠋ᠷᠥᠭ᠌ᠴᠢᠲᠦ ᠬᠤᠲᠠ᠎ᠶ᠋ᠢᠨ ᠠᠵᠤ ᠦᠢᠯᠡᠰ᠎ᠤᠨ ᠲᠦᠷᠦᠭᠦᠴᠦᠳ᠎ᠤᠨ ᠬᠤᠷᠠᠯ ᠬᠤᠷᠠᠯᠳᠤᠭᠤᠯᠪᠠ᠃

④ ᠱᠢᠩ ᠺᠠᠩ ᠨᠡᠢᠭᠡᠮ ᠲᠣᠭᠤᠷᠢᠭ᠎ᠤᠨ ᠠᠵᠢᠯᠲᠠᠨ ᠭᠠᠳᠠᠭᠠᠳᠤ᠎ᠶ᠋ᠢᠨ ᠰᠠᠭᠤᠭᠠᠯᠢ ᠠᠷᠠᠳ᠎ᠢ ᠬᠠᠪᠰᠤᠷᠤᠨ ᠭᠠᠷ ᠤᠲᠠᠰᠤ ᠬᠡᠷᠡᠭ᠌ᠯᠡᠬᠦ᠌᠎ᠶ᠋ᠢ ᠵᠢᠭᠠᠵᠤ ᠪᠤᠢ᠃
【 ᠠᠮᠢᠳᠤᠯᠢᠭ ᠦᠢᠯᠡᠳᠦᠯᠭᠡ 】
ᠨᠢᠭᠡ ᠪᠦᠰᠡ ᠨᠢᠭᠡ ᠵᠠᠮ — ᠪᠦᠯᠬᠦᠮᠳᠡᠯ᠎ᠤᠨ ᠴᠡᠴᠡᠭ ᠲᠡᠯᠭᠡᠷᠡᠨ᠎ᠡ
2013 ᠣᠨ᠎ᠤ ᠠᠯᠳᠠᠨ ᠨᠠᠮᠤᠷ᠎ᠢᠶᠠᠷ ᠭᠠᠷᠤᠭ᠎ᠠ ᠪᠣᠯᠭᠠᠵᠤ᠂ 《ᠨᠢᠭᠡ ᠪᠦᠰᠡ ᠨᠢᠭᠡ ᠵᠠᠮ》 ᠤᠨ ᠪᠦᠳᠦᠭᠡᠨ ᠪᠠᠢᠭᠤᠯᠤᠯᠲᠠ᠎ᠨᠢ ᠴᠠᠭ ᠦᠶ᠎ᠡ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠬᠦ᠌ ᠡᠷᠢᠨ ᠵᠠᠭᠤᠨ᠎ᠤ ᠢᠨᠵᠧᠨᠧᠷᠢᠩ ᠪᠤᠯᠵᠥ᠍᠂ ᠳᠡᠯᠡᠬᠡᠢ᠎ᠶ᠋ᠢᠨ ᠬᠥᠭ᠌ᠵᠢᠯᠲᠡ᠎ᠶ᠋ᠢᠨ ᠠᠬᠢᠴᠠ᠎ᠶ᠋ᠢᠨ ᠱᠢᠨ᠎ᠡ ᠬᠠᠭᠤᠳᠠᠰᠤ᠎ᠶ᠋ᠢ ᠨᠡᠭᠡᠭᠡᠪᠡ᠃
8 ᠵᠢᠯ᠎ᠤᠨ ᠲᠤᠷᠰᠢ᠂ 《ᠨᠢᠭᠡ ᠪᠦᠰᠡ ᠨᠢᠭᠡ ᠵᠠᠮ》 ᠤᠨ ᠪᠦᠳᠦᠭᠡᠨ ᠪᠠᠢᠭᠤᠯᠤᠯᠲᠠ ᠡᠩᠬᠡ ᠲᠠᠢᠪᠤᠩ᠂ ᠬᠥᠭ᠌ᠵᠢᠯ ᠴᠡᠴᠡᠭ᠌ᠯᠡᠯ᠂ ᠨᠡᠭᠡᠭᠡᠯᠲᠡ᠎ᠲᠠᠢ᠂ ᠪᠣᠬᠢᠷᠲᠤᠯ ᠦᠭᠡᠢ᠂ ᠱᠢᠨ᠎ᠡ᠎ᠶ᠋ᠢ ᠡᠭᠦᠳᠬᠦ᠂ ᠪᠣᠯᠪᠠᠰᠤᠨ᠎ᠤ ᠵᠠᠮ᠎ᠢ ᠨᠡᠭᠡᠭᠡᠬᠦ᠌ ᠶᠡᠷᠦ᠍ ᠪᠤᠰᠤ᠎ᠶ᠋ᠢᠨ ᠠᠶᠠᠨ᠎ᠳᠤ ᠥᠪᠥᠷ ᠮᠣᠩᠭᠤᠯ 《ᠨᠢᠭᠡ ᠪᠦᠰᠡ ᠨᠢᠭᠡ ᠵᠠᠮ》 ᠤᠨ ᠬᠠᠭᠤᠷᠠᠢ ᠵᠠᠮ᠎ᠳᠠᠬᠢ ᠴᠢᠬᠤᠯᠠ ᠵᠠᠩᠭᠢᠯᠠᠭ᠎ᠠ᠎ᠶ᠋ᠢᠨ ᠴᠡᠭ ᠪᠣᠯᠤᠭ᠍ᠰᠠᠨ᠎ᠤ ᠬᠤᠪᠢ᠎ᠳᠤ᠂ ᠣᠷᠣᠨ ᠪᠠᠢᠷᠢ᠎ᠶ᠋ᠢᠨ ᠳᠠᠪᠠᠭᠤᠯᠢᠭ᠎ᠢᠶᠠᠨ ᠢᠳᠡᠪᠬᠢᠲᠡᠢ ᠪᠠᠳᠠᠷᠠᠭᠤᠯᠵᠤ᠂ ᠤᠮᠠᠷᠠᠰᠢ ᠮᠣᠷᠳᠠᠨ ᠡᠮᠦᠨᠡᠰᠢ ᠪᠠᠭᠤᠵᠤ᠂ ᠵᠡᠭᠦᠨᠰᠢ ᠤᠷᠤᠭ᠍ᠰᠢᠯᠠᠨ ᠪᠠᠷᠠᠭᠤᠨᠰᠢ ᠵᠣᠷᠴᠢᠵᠤ᠂ ᠳᠣᠲᠣᠨ᠎ᠠ ᠭᠠᠳᠠᠨ᠎ᠠ ᠬᠤᠯᠪᠣᠭᠠᠯᠠᠨ ᠬᠥᠳᠡᠯᠦᠯᠴᠡᠵᠦ᠍᠂ ᠤᠯᠠᠨ ᠲᠠᠯᠠᠲᠤ ᠭᠠᠳᠠᠭᠠᠳᠤ ᠨᠡᠭᠡᠭᠡᠯᠳᠠ᠎ᠶ᠋ᠢᠨ ᠱᠢᠨ᠎ᠡ ᠪᠠᠢᠷᠢᠱᠢᠯ᠎ᠢ ᠴᠣᠭ᠍ᠴᠠᠯᠠᠪᠠ᠃
7 ᠰᠠᠷ᠎ᠠ᠎ᠶ᠋ᠢᠨ ᠡᠷᠢᠶᠡᠨ ᠬᠤᠳᠠ᠎ᠶ᠋ᠢᠨ ᠪᠣᠭᠤᠮᠲᠠ ᠴᠡᠴᠡᠭ᠌ᠯᠡᠯ ᠬᠥᠭ᠌ᠵᠢᠯ᠎ᠤᠨ ᠬᠠᠭᠤᠳᠠᠰᠤ᠎ᠶ᠋ᠢ ᠪᠢᠴᠢᠭ᠌ᠯᠡᠨ᠎ᠡ᠂ ᠳᠡᠭᠡᠷ᠎ᠡ ᠬᠠᠭᠠᠰ ᠵᠢᠯ᠎ᠳᠤ᠂ ᠬᠢᠯᠢ᠎ᠪᠠᠷ ᠣᠷᠣᠵᠤ ᠭᠠᠷᠬᠤ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢ 1238 ᠲᠤᠰᠴᠤ᠌᠂ ᠲᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ᠎ᠬᠢ᠎ᠠᠴᠠ 29.6% ᠪᠠᠷ ᠨᠡᠮᠡᠭ᠌ᠳᠡᠵᠦ᠍᠂ ᠳᠠᠬᠢᠨᠲᠠ ᠱᠢᠨ᠎ᠡ ᠲᠡᠮᠳᠡᠭ᠌ᠯᠡᠯ᠎ᠢ ᠡᠭᠦᠳᠪᠡ!
《2020 ᠣᠨ᠎ᠳᠤ᠂ ᠡᠷᠢᠶᠡᠨ ᠬᠤᠲᠠ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠪᠣᠭᠤᠮᠲᠠ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠷᠠᠯᠵᠢᠶ᠎ᠠ ᠬᠤᠳᠠᠯᠳᠤᠭᠠᠨ᠎ᠤ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠡᠯ᠎ᠡ ᠵᠦᠢᠯ᠎ᠤᠨ ᠡᠭᠦᠷᠭᠡ᠎ᠶ᠋ᠢ ᠬᠠᠮᠲᠤ᠎ᠪᠠᠷ ᠪᠠᠢᠷᠢᠯᠠᠭᠤᠯᠵᠤ ᠬᠠᠮᠲᠤ᠎ᠪᠠᠷ ᠬᠦᠴᠦᠯᠡᠵᠦ᠍᠂ ᠪᠥᠬᠦ᠌ ᠵᠢᠯ᠎ᠤᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭ᠍ᠰᠠᠨ ᠪᠠᠷᠠᠭᠠᠨ᠎ᠤ ᠬᠡᠮᠵᠢᠶ᠎ᠡ 1897 ᠲᠦᠮᠡᠨ ᠲᠣᠨ᠎ᠳᠤ ᠬᠦᠷᠴᠦ᠍᠂ ᠠᠷᠠᠯᠵᠢᠶᠠᠨ᠎ᠤ ᠬᠡᠮᠵᠢᠶ᠎ᠡ 238.8 ᠳ᠋ᠦᠩᠱᠢᠭᠤᠷ ᠲᠥᠭᠦᠷᠢᠭ᠎ᠲᠤ ᠬᠦᠷᠴᠦ᠍᠂ ᠮᠣᠩᠭᠤᠯ ᠤᠯᠤᠰ᠎ᠯᠤᠭ᠎ᠠ᠎ᠶ᠋ᠢᠨ ᠠᠷᠠᠯᠵᠢᠶᠠᠨ᠎ᠤ ᠬᠡᠮᠵᠢᠶ᠎ᠡ 185.3 ᠳ᠋ᠦᠩᠱᠢᠭᠤᠷ ᠲᠥᠭᠦᠷᠢᠭ᠎ᠲᠤ ᠬᠦᠷᠴᠦ᠍᠂ ᠣᠷᠣᠰ᠎ᠯᠤᠭ᠎ᠠ᠎ᠶ᠋ᠢᠨ ᠠᠷᠠᠯᠵᠢᠶᠠᠨ᠎ᠤ ᠬᠡᠮᠵᠢᠶ᠎ᠡ 52.3 ᠳ᠋ᠦᠩᠱᠢᠭᠤᠷ ᠲᠥᠭᠦᠷᠢᠭ᠎ᠲᠤ ᠬᠦᠷᠴᠡᠶ》 ᠭᠡᠵᠦ᠍ ᠡᠷᠢᠶᠡᠨ ᠬᠤᠲᠠ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ᠎ᠶ᠋ᠢᠨ ᠳᠡᠳ᠋ ᠳᠠᠷᠤᠭ᠎ᠠ᠂ ᠬᠠᠷᠢᠯᠴᠠᠨ ᠠᠷᠠᠯᠵᠢᠶᠠᠯᠠᠬᠤ ᠠᠯᠪᠠᠨ ᠬᠡᠷ᠎ᠤᠨ ᠡᠷᠬᠢᠯᠡᠭ᠌ᠴᠢ ᠮᠥᠩᠬᠡ ᠬᠢᠷᠢ ᠪᠦᠲᠦᠮᠵᠢ᠎ᠶ᠋ᠢᠨ ᠬᠠᠭᠤᠳᠠᠰᠤ᠎ᠪᠠᠨ ᠶᠠᠷᠢᠬᠤ᠎ᠳᠤ ᠮᠠᠰᠢ ᠪᠠᠶᠠᠷᠲᠠᠶ᠃
ᠭᠠᠳᠠᠭᠠᠳᠤ᠎ᠶ᠋ᠢ ᠲᠤᠰᠠᠯᠠᠬᠤ ᠡᠮᠴᠢᠯᠡᠭᠡ — ᠨᠥᠬᠦᠷᠯᠡᠯ ᠪᠠ ᠡᠩᠬᠡ ᠲᠠᠢᠪᠤᠩ ᠠᠪᠴᠢᠷᠠᠨ᠎ᠠ
ᠬᠥᠭ᠌ᠵᠢᠵᠦ᠍ ᠪᠠᠢᠭ᠎ᠠ ᠤᠯᠤᠰ ᠢᠯᠠᠩᠭᠤᠶ᠎ᠠ ᠬᠠᠮᠤᠭ᠎ᠤᠨ ᠬᠥᠭ᠌ᠵᠢᠭᠡᠳᠦᠶ ᠤᠯᠤᠰ᠎ᠢ ᠲᠤᠰᠠᠯᠠᠬᠤ ᠡᠷᠴᠢᠮ᠎ᠢᠶᠠᠨ ᠴᠢᠩᠭᠠᠳᠭᠠᠵᠤ᠂ ᠡᠮᠦᠨᠡᠲᠦ ᠤᠮᠠᠷᠠᠲᠤ᠎ᠶ᠋ᠢᠨ ᠵᠥᠷᠢᠶ᠎ᠡ᠎ᠶ᠋ᠢ ᠪᠠᠭᠠᠰᠭᠠᠬᠤ᠎ᠶ᠋ᠢ ᠠᠬᠢᠭᠤᠯᠬᠤ ᠪᠣᠯ ᠪᠠᠰᠠ ᠴᠤ᠌ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢ ᠪᠠᠢᠭᠤᠯᠬᠤ ᠪᠣᠳᠠᠲᠠᠶ ᠦᠢᠯᠡᠳᠣᠯᠭᠡ᠎ᠶ᠋ᠢᠨ ᠳᠤᠮᠳᠠᠬᠢ ᠨᠢᠭᠡᠨ ᠴᠢᠬᠤᠯᠠ ᠠᠭᠤᠯᠭ᠎ᠠ ᠪᠣᠯᠤᠨ᠎ᠠ᠃
ᠥᠪᠥᠷ ᠮᠣᠩᠭᠤᠯ 1982 ᠣᠨ᠎ᠠᠴᠠ ᠡᠬᠢᠯᠡᠨ ᠭᠠᠳᠠᠭᠠᠳᠤ᠎ᠶ᠋ᠢ ᠲᠤᠰᠠᠯᠠᠬᠤ ᠡᠮᠴᠢᠯᠡᠭᠡᠨ᠎ᠤ ᠠᠩᠭᠢ᠎ᠶ᠋ᠢ ᠳᠠᠭᠠᠭᠠᠴᠢᠯᠠᠨ ᠲᠣᠮᠢᠯᠠᠵᠤ᠂ ᠣᠲᠣ ᠪᠣᠯᠲᠠᠯ᠎ᠠ ᠨᠢᠭᠡᠨᠲᠡ 21 ᠪᠦᠯᠦᠭ ᠡᠮᠴᠢᠯᠡᠭᠡᠨ᠎ᠤ ᠠᠩᠭᠢ᠎ᠶ᠋ᠢᠨ 258 ᠭᠡᠱᠢᠭᠦᠨ᠎ᠢ ᠲᠣᠮᠢᠯᠠᠵᠠᠶ᠃ ᠢᠯᠠᠩᠭᠤᠶ᠎ᠠ 2020 ᠣᠨ᠎ᠳᠤ᠂ ᠠᠹᠷᠢᠺᠠ ᠲᠢᠪ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠦᠷᠭᠦᠯᠵᠢᠯᠡᠨ ᠦᠷᠪᠢᠰᠦᠨ ᠲᠡᠯᠭᠡᠷᠡᠭ᠌ᠰᠡᠨ ᠪᠠᠢᠳᠠᠯ ᠳᠤᠤᠷ᠎ᠠ᠂ ᠥᠪᠥᠷ ᠮᠣᠩᠭᠤᠯ᠎ᠤᠨ ᠭᠠᠳᠠᠭᠠᠳᠤ᠎ᠶ᠋ᠢ ᠲᠤᠰᠠᠯᠠᠬᠤ ᠡᠮᠴᠢᠯᠡᠭᠡᠨ᠎ᠤ ᠠᠩᠭᠢ ᠡᠪᠡᠳᠴᠢᠲᠡᠨ᠎ᠤ ᠡᠪᠡᠷᠱᠢᠶᠡᠯ᠎ᠢ ᠠᠷᠢᠯᠭᠠᠬᠤ᠎ᠶ᠋ᠢᠨ ᠬᠠᠮᠲᠤ ᠲᠤᠰᠠᠯᠠᠮᠵᠢ ᠭᠥᠷᠳᠡᠭ᠌ᠰᠡᠨ ᠡᠮᠨᠡᠯᠭᠡ᠎ᠶ᠋ᠢᠨ ᠬᠤᠷᠢᠶ᠎ᠠ᠎ᠲᠠᠢ ᠳᠤᠮᠳᠠᠳᠤ ᠤᠯᠤᠰ᠎ᠤᠨ ᠬᠢᠵᠢᠭ᠎ᠲᠠᠢ ᠲᠡᠮᠡᠴᠡᠭ᠌ᠰᠡᠨ ᠲᠤᠷᠱᠢᠯᠭ᠎ᠠ ᠪᠣᠯᠤᠨ ᠣᠨᠣᠱᠢᠯᠠᠨ ᠵᠠᠰᠠᠬᠤ ᠲᠥᠰᠦᠪ᠎ᠢᠶᠠᠨ ᠢᠳᠡᠪᠬᠢᠲᠡᠶ ᠬᠤᠪᠢᠶᠠᠯᠴᠠᠪᠠ᠃
ᠥᠪᠥᠷ ᠮᠣᠩᠭᠤᠯ᠎ᠤᠨ ᠠᠨᠠᠭᠠᠬᠤ ᠤᠬᠠᠭᠠᠨ᠎ᠤ ᠶᠡᠭᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠤᠷᠢᠶᠠᠨ᠎ᠤ ᠪᠠᠴᠢᠮ ᠠᠪᠤᠷᠠᠯᠳᠠ᠎ᠶ᠋ᠢᠨ ᠰᠠᠯᠠᠭᠠᠨ᠎ᠤ ᠳᠡᠳ᠋ ᠡᠷᠬᠢᠯᠡᠭ᠌ᠴᠢ ᠡᠮᠴᠢ ᠸᠠᠩ ᠴᠢ ᠪᠣᠯ 20 ᠳ᠋ᠤᠭᠠᠷ ᠪᠦᠯᠦᠭ᠎ᠤᠨ ᠷᠦᠸᠠᠨᠳᠠ᠎ᠶ᠋ᠢ ᠲᠤᠰᠠᠯᠠᠬᠤ ᠡᠮᠴᠢᠯᠡᠭᠡᠨ᠎ᠤ ᠠᠩᠬᠢ᠎ᠶ᠋ᠢᠨ ᠳᠠᠷᠤᠭ᠎ᠠ ᠪᠣᠯᠤᠨ᠎ᠠ᠂ ᠡᠨᠡ ᠵᠢᠯ᠎ᠤᠨ 1 ᠰᠠᠷ᠎ᠠ᠎ᠳᠤ᠂ ᠲᠡᠷᠡ 1 ᠵᠢᠯ᠎ᠤᠨ ᠭᠠᠳᠠᠨ᠎ᠠ 2 ᠰᠠᠷ᠎ᠠ᠎ᠶ᠋ᠢᠨ ᠬᠤᠭᠤᠴᠠᠭ᠎ᠠ᠎ᠲᠠᠢ ᠡᠮᠴᠢᠯᠡᠭᠡ᠎ᠶ᠋ᠢ ᠲᠤᠰᠠᠯᠠᠬᠤ ᠡᠭᠦᠷᠭᠡ᠎ᠪᠠᠨ ᠠᠮᠵᠢᠯᠲᠠ᠎ᠲᠠᠢ ᠪᠡᠶᠡᠯᠡᠭᠦᠯᠦᠭᠡᠳ ᠨᠤᠲᠤᠭ᠎ᠲᠠᠭᠠᠨ ᠪᠤᠴᠠᠵᠠᠢ᠂ ᠲᠤᠰ ᠤᠳᠠᠭᠠᠨ᠎ᠤ ᠣᠨᠴᠠᠭᠠᠢ ᠥᠩᠭᠡᠷᠡᠯᠲᠡ᠎ᠪᠠᠷ ᠲᠠᠮᠵᠢᠭᠠᠳ ᠲᠡᠷᠡ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢ ᠪᠠᠢᠭᠤᠯᠬᠤ ᠲᠤᠬᠠᠢ ᠨᠡᠩ ᠭᠦᠨᠵᠡᠭᠡᠢ ᠲᠠᠨᠢᠯᠲᠠ᠎ᠲᠠᠢ ᠪᠣᠯᠵᠠᠢ᠃ 《ᠳᠤᠮᠳᠠᠳᠤ ᠤᠯᠤᠰ ᠠᠹᠷᠢᠺᠠ ᠲᠢᠪ᠎ᠤᠨ ᠠᠬ᠎ᠠ ᠳᠡᠭᠦᠦ ᠨᠡᠷ᠎ᠢ ᠪᠦᠬᠦ᠌ ᠲᠠᠯ᠎ᠠ᠎ᠪᠠᠷ ᠬᠠᠪᠰᠤᠷᠤᠨ ᠲᠡᠳᠬᠦᠵᠦ᠍ ᠪᠠᠢᠨ᠎ᠠ᠂ ᠡᠮᠴᠢᠯᠡᠭᠡᠨ᠎ᠤ ᠠᠪᠤᠷᠠᠨ ᠲᠤᠰᠠᠯᠠᠮᠵᠢ ᠪᠣᠯ ᠵᠥᠪᠬᠡᠨ ᠲᠡᠭᠦᠨ᠎ᠤ ᠳᠣᠲᠣᠷᠠᠬᠢ ᠨᠢᠭᠡ ᠵᠦᠢᠯ᠎ᠨᠢ ᠪᠣᠯᠤᠨ᠎ᠠ᠃ ᠰᠠᠭᠤᠷᠢ ᠪᠦᠲᠦᠭᠡᠨ ᠪᠠᠢᠭᠤᠯᠤᠯᠲᠠ᠎ᠶ᠋ᠢᠨ ᠲᠠᠯ᠎ᠠ᠎ᠪᠠᠷ ᠷᠦᠸᠠᠨᠳᠠ᠎ᠶ᠋ᠢᠨ 80% ᠠᠴᠠ ᠳᠡᠭᠡᠭ᠌ᠰᠢᠬᠢ ᠵᠠᠰᠠᠮᠠᠯ ᠵᠠᠮ᠎ᠢ ᠳᠤᠮᠳᠠᠳᠤ ᠤᠯᠤᠰ ᠵᠠᠰᠠᠵᠠᠢ᠂ ᠪᠠᠰᠠ ᠰᠤᠷᠭᠠᠭᠤᠯᠢ᠂ ᠡᠮᠨᠡᠯᠭᠡ᠎ᠶ᠋ᠢᠨ ᠬᠤᠷᠢᠶ᠎ᠠ᠂ ᠠᠯᠪᠠᠨ ᠠᠰᠠᠷ ᠵᠡᠷᠭᠡ ᠪᠤᠢ᠃ ᠳᠤᠮᠳᠠᠳᠤ ᠤᠯᠤᠰ ᠪᠠᠰᠠ ᠲᠠᠷᠢᠶᠠᠯᠠᠩ᠎ᠤᠨ ᠮᠡᠷᠭᠡᠵᠢᠯᠳᠡᠨ᠎ᠤ ᠳᠤᠭᠤᠢᠯᠠᠩ ᠲᠣᠮᠢᠯᠠᠨ᠂ ᠲᠤᠬᠠᠶ᠎ᠶ᠋ᠢᠨ ᠭᠠᠵᠠᠷ᠎ᠤᠨ ᠲᠠᠷᠢᠶᠠᠴᠢᠳ᠎ᠲᠤ ᠥᠨᠳᠥᠷ ᠪᠦᠲᠦᠮᠵᠢᠲᠡᠶ ᠲᠠᠷᠢᠬᠤ ᠠᠷᠭ᠎ᠠ᠎ᠶ᠋ᠢ ᠵᠢᠭᠠᠵᠤ᠂ ᠲᠡᠳᠡᠨ᠎ᠳᠤ ᠬᠤᠯᠤᠰᠤ᠎ᠪᠠᠷ ᠬᠡᠷᠬᠢᠨ ᠭᠡᠷ᠎ᠤᠨ ᠬᠡᠷᠡᠭ᠌ᠰᠡᠯ ᠬᠢᠬᠦ᠌᠎ᠶ᠋ᠢ ᠵᠢᠭᠠᠵᠤ ᠥᠭ᠌ᠪᠡ᠃ ᠺᠦᠩᠽᠢ᠎ᠶ᠋ᠢᠨ ᠳᠡᠭᠡᠳᠦ ᠰᠤᠷᠭᠠᠭᠤᠯᠢ ᠲᠤᠬᠠᠢ᠎ᠶ᠋ᠢᠨ ᠭᠠᠵᠠᠷ᠎ᠲᠠᠭᠠᠨ ᠬᠢᠲᠠᠳ ᠬᠡᠯᠡᠨ᠎ᠤ ᠬᠢᠴᠢᠶᠡᠯ ᠨᠡᠭᠡᠭᠡᠵᠦ᠍᠂ ᠲᠤᠬᠠᠢ᠎ᠶ᠋ᠢᠨ ᠭᠠᠵᠠᠷ᠎ᠤᠨ ᠰᠤᠷᠤᠭ᠍ᠴᠢᠳ᠎ᠤᠨ ᠳᠤᠮᠳᠠᠳᠤ ᠤᠯᠤᠰ᠎ᠲᠤ ᠢᠷᠡᠵᠦ᠍ ᠰᠤᠷᠤᠯᠴᠠᠬᠤ᠎ᠳᠤ ᠰᠠᠢᠨ ᠰᠠᠢᠬᠠᠨ ᠬᠡᠯᠡᠨ᠎ᠤ ᠰᠠᠭᠤᠷᠢ᠎ᠶ᠋ᠢ ᠲᠠᠯᠪᠢᠵᠤ ᠥᠭ᠌ᠴᠡᠢ᠃ ᠬᠡᠳᠦ᠋ᠢᠪᠡᠷ ᠠᠹᠷᠢᠺᠠ ᠲᠢᠪ᠎ᠢ ᠲᠤᠰᠠᠯᠠᠬᠤ ᠠᠶᠠᠨ᠎ᠳᠤ ᠬᠦᠴᠦ᠍ ᠬᠥᠯᠥᠰᠥ᠍ ᠪᠠ ᠨᠢᠯᠪᠤᠰᠤ ᠠᠰᠭᠠᠷᠠᠭᠤᠯᠤᠭ᠍ᠰᠠᠨ ᠪᠣᠯᠪᠠᠴᠤ᠌ ᠲᠤᠬᠠᠶ᠎ᠶ᠋ᠢᠨ ᠭᠠᠵᠠᠷ᠎ᠤᠨ ᠡᠪᠡᠳᠴᠢᠲᠡᠨ᠎ᠤ ᠢᠲᠡᠭᠡᠯ᠎ᠢ ᠣᠯᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠳᠤ ᠥᠴᠦᠬᠡᠨ ᠬᠤᠪᠢ ᠨᠡᠮᠡᠷᠢ ᠦᠵᠡᠭᠦᠯᠦᠭ᠌ᠰᠡᠨ᠎ᠳᠡᠭᠡᠨ ᠤᠮᠤᠭ᠍ᠰᠢᠵᠤ ᠪᠤᠢ 》 ᠬᠡᠵᠤ ᠸᠠᠩ ᠴᠢ ᠬᠡᠯᠡᠨ᠎ᠡ᠃
ᠨᠠᠢᠭᠡᠮ ᠲᠤᠭᠤᠷᠢᠭ᠎ᠤᠨ ᠦᠢᠯᠡᠴᠢᠯᠡᠭᠡ — ᠬᠠᠯᠠᠭᠤᠨ ᠲᠤᠯᠠᠭᠠᠨ ᠪᠠ ᠡᠷᠴᠢ ᠬᠦᠴᠦᠨ᠎ᠢ ᠲᠠᠮᠵᠢᠭᠤᠯᠤᠨ᠎ᠠ
ᠬᠦᠭᠡᠬᠤᠳᠠ᠎ᠶ᠋ᠢᠨ ᠰᠠᠢᠬᠠᠨ ᠲᠤᠭᠤᠷᠢᠭ᠎ᠤᠨ ᠠᠷᠠᠳ᠎ᠤᠨ ᠵᠠᠮ᠎ᠤᠨ ᠵᠡᠭᠡᠯᠢ ᠭᠤᠳᠤᠮᠵᠢ᠎ᠶ᠋ᠢᠨ ᠱᠢᠩ ᠺᠠᠩ ᠨᠠᠢᠭᠡᠮ ᠲᠤᠭᠤᠷᠢᠭ᠎ᠤᠨ ᠨᠠᠮ᠎ᠤᠨ ᠬᠤᠷᠢᠶᠠᠨ᠎ᠤ ᠱᠦᠵᠢ ᠪᠠᠢ ᠱᠢᠶᠠ ᠪᠤᠯ ᠨᠠᠶᠠᠭᠠᠳ ᠤᠨ᠎ᠳᠤ ᠲᠦᠷᠦᠵᠤ᠂ 2009 ᠤᠨ᠎ᠤ 4 ᠰᠠᠷ᠎ᠠ᠎ᠳᠤ᠂ 25 ᠨᠠᠰᠤᠳᠠᠢ ᠲᠡᠷᠡ᠎ᠪᠠᠷ ᠦᠨᠳᠦᠷ ᠴᠠᠯᠢᠩ᠎ᠲᠠᠢ ᠠᠵᠢᠯ᠎ᠢᠶᠠᠨ ᠬᠠᠶᠠᠭᠠᠳ ᠨᠤᠳᠤᠭ᠎ᠲᠠᠭᠠᠨ ᠢᠷᠠᠵᠤ ᠨᠠᠢᠭᠡᠮ ᠲᠤᠭᠤᠷᠢᠭ᠎ᠤᠨ ᠠᠵᠢᠯᠳᠠᠨ ᠪᠤᠯᠵᠠᠢ᠃ 12 ᠵᠢᠯ᠎ᠤᠨ ᠲᠤᠷᠰᠢ᠂ ᠪᠠᠢ ᠱᠢᠶᠠ ᠦᠨᠳᠦᠰᠦᠨ ᠱᠠᠲᠤᠨ᠎ᠳᠤ ᠭᠦᠨᠵᠡᠭᠡᠢᠷᠡᠵᠦ᠍᠂ ᠪᠣᠳᠠᠲᠠᠢ ᠠᠵᠢᠯᠯᠠᠵᠤ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠢᠯᠡᠳᠦᠯᠭᠡᠵᠢᠭᠦᠯᠪᠡ᠃ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢ ᠪᠠᠢᠭᠤᠯᠬᠤ᠎ᠶ᠋ᠢ ᠡᠷᠬᠡᠪᠰᠢ ᠲᠠᠰᠤᠷᠠᠯᠳᠠ ᠦᠭᠡᠢ ᠠᠬᠢᠭᠤᠯᠬᠤ ᠲᠤᠬᠠᠢ ᠲᠡᠷᠡ ᠢᠩᠭᠢᠵᠦ᠍ ᠣᠢᠯᠠᠭᠠᠨ᠎ᠠ᠄ ᠬᠥᠮᠦᠰ ᠠᠯᠢ ᠤᠯᠤᠰ᠎ᠲᠤ ᠪᠠᠢᠭ᠍ᠰᠠᠨ ᠴᠤ᠌᠂ ᠢᠲᠡᠭᠡᠯ ᠪᠢᠱᠢᠷᠡᠯ ᠶᠠᠮᠠᠷ ᠪᠠᠢᠭ᠍ᠰᠠᠨ ᠴᠤ᠌᠂ ᠳᠤᠷᠠᠲᠠᠢ ᠡᠰᠡᠬᠦ᠌ ᠪᠠᠢᠭ᠍ᠰᠠᠨ ᠴᠤ᠌᠂ ᠦᠨᠡᠨ᠎ᠳᠡᠭᠡᠨ ᠬᠥᠮᠦᠨ ᠲᠥᠷᠥᠯᠬᠢᠲᠡᠨ ᠨᠢᠭᠡᠨᠲᠡ ᠬᠤᠪᠢ ᠵᠠᠶᠠᠭᠠᠨ᠎ᠤ ᠬᠠᠮᠲᠤ ᠴᠣᠭ᠍ᠴᠠ᠎ᠳᠤ ᠣᠷᠣᠱᠢᠵᠤ ᠪᠠᠢᠨ᠎ᠠ᠃ ᠡᠢᠮᠦ᠎ᠠᠴᠠ᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢ ᠪᠠᠢᠭᠤᠯᠬᠤ᠎ᠨᠢ ᠦᠨᠡᠨ᠎ᠳᠡᠭᠡᠨ ᠮᠠᠨ᠎ᠤ ᠬᠥᠮᠦᠨ ᠪᠦᠬᠦᠨ᠎ᠲᠠᠢ ᠨᠢᠭ᠍ᠲᠠ ᠬᠤᠯᠪᠣᠭ᠎ᠠ᠎ᠲᠠᠢ᠂ ᠨᠡᠢᠭᠡᠮ ᠲᠣᠭᠤᠷᠢᠭ᠎ᠨᠢ ᠨᠢᠭᠡ ᠨᠢᠭᠡ ᠬᠡᠷ ᠪᠦᠯᠢ᠎ᠪᠠᠷ ᠪᠦᠷᠢᠯᠳᠦᠵᠦ᠍᠂ ᠳᠤᠮᠳᠠᠳᠤ ᠤᠯᠤᠰ᠎ᠤᠨ ᠰᠠᠭᠤᠭᠠᠯᠢ ᠠᠷᠠᠳ ᠪᠠᠢᠬᠤ᠎ᠪᠠᠷ ᠪᠠᠷᠠᠬᠤ ᠥᠬᠡᠶ᠂ ᠭᠠᠳᠠᠭᠠᠳᠤ᠎ᠶ᠋ᠢᠨ ᠰᠠᠭᠤᠭᠠᠯᠢ ᠠᠷᠠᠳ ᠴᠤ᠌ ᠪᠠᠢᠨ᠎ᠠ᠃ ᠡᠳᠦᠷ ᠲᠤᠲᠤᠮ᠎ᠤᠨ ᠠᠮᠢᠳᠤᠷᠠᠯ ᠳᠤᠮᠳᠠ᠂ ᠨᠡᠢᠭᠡᠮ ᠲᠣᠭᠤᠷᠢᠭ᠎ᠤᠨ ᠠᠵᠢᠯᠲᠠᠳ ᠴᠥᠮ ᠠᠳᠠᠯᠢ ᠲᠡᠭ᠌ᠰᠢ ᠬᠠᠨᠳᠤᠵᠤ᠂ ᠨᠥᠬᠦᠷᠰᠡᠭ᠎ᠢᠶᠠᠷ ᠬᠠᠷᠢᠭᠤᠴᠠᠬᠤ ᠣᠪᠣᠷ᠎ᠢᠶᠠᠷ ᠬᠠᠷᠢᠶ᠎ᠠ ᠣᠷᠣᠨ᠎ᠤ ᠰᠠᠭᠤᠭᠠᠯᠢ ᠠᠷᠠᠳ᠎ᠲᠤ ᠶᠡᠭᠡ ᠬᠡᠷ ᠪᠦᠯᠢ᠎ᠶ᠋ᠢᠨ ᠬᠠᠯᠠᠭᠤᠨ ᠳᠤᠯᠠᠭᠠᠨ᠎ᠢ ᠦᠨᠡᠨ ᠬᠦ᠌ ᠮᠡᠳᠡᠷᠡᠭᠦᠯᠪᠡ᠃ ᠢᠯᠠᠩᠭᠤᠶ᠎ᠠ ᠬᠢᠵᠢᠭ᠎ᠤᠨ ᠪᠠᠢᠳᠠᠯ᠎ᠤᠨ ᠬᠤᠭᠤᠴᠠᠭᠠᠨ᠎ᠳᠤ᠂ ᠭᠠᠳᠠᠭᠠᠳᠤ᠎ᠶ᠋ᠢᠨ ᠰᠠᠭᠤᠭᠠᠯᠢ ᠠᠷᠠᠳ ᠲᠣᠭ᠍ᠲᠠᠭ᠍ᠰᠠᠨ ᠬᠤᠭᠤᠴᠠᠭᠠᠨ᠎ᠳᠤ ᠤᠯᠤᠰ᠎ᠲᠠᠭᠠᠨ ᠪᠤᠴᠠᠵᠤ ᠳᠡᠢᠯᠬᠦ᠌ ᠦᠭᠡᠢ ᠪᠠᠢᠳᠠᠯ ᠲᠤᠤᠷ᠎ᠠ ᠪᠢᠳᠡ ᠲᠡᠳᠡᠨ᠎ᠢ ᠢᠯᠡᠭᠦᠦ ᠬᠠᠷᠠᠭᠠᠯᠵᠠᠨ᠂ ᠠᠮᠢᠳᠤᠷᠠᠯ᠎ᠤᠨ ᠬᠦᠴᠢᠷ ᠠᠰᠠᠭᠤᠳᠠᠯ᠎ᠢ᠎ᠨᠢ ᠬᠠᠪᠰᠤᠷᠤᠨ ᠱᠢᠢᠳᠪᠦᠷᠢᠯᠡᠵᠦ᠍᠂ ᠨᠢᠭᠡ ᠭᠡᠷ᠎ᠤᠨ ᠬᠥᠮᠦᠨ ᠱᠢᠭ ᠬᠦᠴᠢᠷ ᠪᠡᠷᠬᠡᠱᠢᠶᠡᠯ᠎ᠢ ᠬᠠᠮᠲᠤ᠎ᠪᠠᠷ ᠲᠤᠭᠤᠯᠵᠠᠢ᠃ ᠣᠳᠣᠬᠠᠨ᠎ᠤ ᠳᠡᠯᠡᠬᠡᠢ ᠶᠢᠷᠲᠢᠨᠴᠦ᠍ ᠮᠠᠰᠢ ᠤᠯᠠᠨ ᠬᠠᠲᠠᠭᠤ ᠴᠢᠩᠭ᠎ᠠ ᠥᠷᠢᠰᠥᠯᠳᠦᠭᠡᠨ᠎ᠳᠤ ᠲᠤᠯᠭᠠᠷᠠᠵᠤ ᠪᠠᠢᠨ᠎ᠠ᠂ ᠭᠠᠭ᠍ᠴᠠ ᠬᠦ᠌ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢ ᠬᠠᠮᠠᠭᠠᠯᠠᠬᠤ ᠱᠢᠳᠤᠷᠭᠤ ᠶᠣᠰᠣᠨ᠎ᠤ ᠬᠦᠴᠦᠨ᠎ᠢ ᠨᠢᠭ᠍ᠲᠠᠷᠠᠭᠤᠯᠪᠠᠯ ᠪᠦᠬᠦ᠌ ᠳᠡᠯᠡᠬᠡᠢ᠎ᠶ᠋ᠢᠨ ᠠᠷᠠᠳ ᠲᠦᠮᠡᠨ᠎ᠤ ᠠᠮᠢᠳᠤᠷᠠᠯ ᠰᠠᠶᠢ ᠤᠯᠠᠮ᠎ᠠᠴᠠ ᠤᠯᠠᠮ ᠰᠠᠢᠵᠢᠷᠠᠵᠤ ᠴᠢᠳᠠᠨ᠎ᠠ᠃
ᠪᠣᠬᠢᠷᠲᠤᠯ ᠥᠬᠡᠶ ᠬᠥᠭ᠌ᠵᠢᠯᠲᠡ — ᠭᠠᠷ ᠬᠤᠯᠪᠣᠨ ᠰᠠᠢᠨ ᠰᠠᠢᠬᠠᠨ ᠢᠷᠡᠭᠡᠳᠦᠶ᠎ᠪᠠᠨ ᠬᠠᠮᠲᠤ᠎ᠪᠠᠷ ᠴᠤᠭ᠍ᠴᠠᠯᠠᠨ᠎ᠠ
2020 ᠣᠨ᠎ᠤ 9 ᠰᠠᠷ᠎ᠠ᠎ᠳᠤ᠂ ᠳᠤᠮᠳᠠᠳᠤ ᠤᠯᠤᠰ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ 2030 ᠣᠨ᠎ᠠᠴᠠ ᠡᠮᠦᠨ᠎ᠡ ᠤᠷᠬᠢᠯ ᠬᠡᠮᠵᠢᠭ᠌ᠳᠡᠯ᠎ᠳᠤ ᠬᠦᠷᠭᠡᠬᠦ᠌᠎ᠪᠠᠷ ᠴᠢᠷᠮᠠᠢᠵᠤ᠂ 2060 ᠣᠨ᠎ᠠᠴᠠ ᠡᠮᠦᠨ᠎ᠡ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠬᠠᠷᠠᠯᠲᠠ᠎ᠶ᠋ᠢ ᠪᠡᠶᠡᠯᠡᠭᠦᠯᠬᠦ᠌᠎ᠪᠠᠷ ᠴᠢᠷᠮᠠᠢᠨ᠎ᠠ ᠭᠡᠵᠦ᠍ ᠳᠤᠷᠠᠳᠪᠠ᠃ ᠡᠨᠡ ᠪᠣᠯ ᠨᠠᠮ᠎ᠤᠨ ᠲᠥᠪ ᠬᠤᠷᠢᠶᠠᠨ᠎ᠤ ᠭᠦᠨᠵᠡᠭᠡᠢ ᠰᠡᠳᠭᠢᠵᠦ᠍ ᠨᠢᠮᠪᠠᠢ ᠪᠣᠳᠣᠯᠬᠢᠯᠠᠭᠠᠳ ᠭᠠᠷᠭᠠᠭ᠍ᠰᠠᠨ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠱᠢᠢᠳᠪᠦᠷᠢᠲᠦ ᠪᠤᠳᠤᠯᠭ᠎ᠠ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠥᠨᠢᠳᠡ᠎ᠶ᠋ᠢᠨ ᠬᠥᠭ᠌ᠵᠢᠯᠲᠡ ᠪᠠ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢ ᠪᠠᠢᠭᠤᠯᠬᠤᠯᠤᠭᠠ ᠬᠤᠯᠪᠣᠭ᠍ᠳᠠᠵᠤ᠂ ᠮᠠᠨ᠎ᠤ ᠤᠯᠤᠰ᠎ᠤᠨ ᠳᠡᠯᠡᠬᠡᠢ ᠳ᠋ᠠᠬᠢᠨ᠎ᠳᠤ ᠬᠢᠭ᠌ᠰᠡᠨ ᠲᠥᠪ ᠴᠢᠩᠭ᠎ᠠ ᠠᠮᠠᠯᠠᠯᠲᠠ ᠮᠥᠨ᠃
ᠥᠪᠥᠷ ᠮᠣᠩᠭᠤᠯ ᠳᠤᠮᠳᠠᠳᠤ ᠤᠯᠤᠰ᠎ᠤᠨ ᠴᠢᠬᠤᠯᠠ ᠡᠨᠧᠷᠭᠢ᠎ᠶ᠋ᠢᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠡᠯ᠎ᠡ ᠭᠠᠵᠠᠷ 《ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠤᠷᠬᠢᠯ ᠬᠡᠮᠵᠢᠭ᠌ᠳᠡᠯ᠎ᠳᠤ ᠬᠦᠷᠭᠡᠬᠦ᠂ ᠨᠡᠭᠦᠷᠡᠰᠦᠳᠦ᠋ᠷᠦᠭ᠌ᠴᠢ᠎ᠶ᠋ᠢ ᠰᠠᠭᠠᠷᠮᠠᠭ᠍ᠵᠢᠭᠤᠯᠬᠤ ᠬᠠᠷᠠᠯᠲᠠ》 ᠳᠤ ᠬᠦᠴᠦᠨ ᠨᠡᠮᠡᠷᠢᠯᠡᠵᠦ᠍᠂ ᠪᠣᠬᠢᠷᠲᠤᠯ ᠥᠬᠡᠶ᠎ᠪᠠᠷ ᠬᠡᠯᠪᠡᠷᠢ᠎ᠪᠠᠨ ᠬᠤᠪᠢᠷᠠᠭᠤᠯᠬᠤ᠎ᠶ᠋ᠢ ᠪᠡᠶᠡᠯᠡᠭᠦᠯᠬᠦ᠌᠎ᠪᠠᠷ ᠬᠦᠴᠦᠯᠡᠵᠡᠭᠡᠨᠡ᠃
ᠡᠯ᠎ᠠ ᠲᠤᠮᠤ ᠠᠵᠤ ᠠᠬᠤᠢ᠍ᠢᠯᠠᠯ ᠪᠠᠰᠠ ᠤᠯᠠᠨ ᠤᠯᠠᠨ ᠠᠷᠭ᠎ᠠ ᠬᠡᠮᠵᠢᠶ᠎ᠠ ᠠᠪᠴᠦ᠍ ᠪᠤᠢ᠄ ᠪᠤᠭᠤᠲᠤ᠎ᠶ᠋ᠢᠨ ᠪᠤᠯᠤᠳ ᠲᠡᠮᠦᠷ᠎ᠤᠨ ᠭᠠᠩ ᠯᠢᠶᠠᠨ ᠬᠤᠪᠢ ᠤᠷᠤᠭᠤᠯᠤᠭ᠍ᠰᠠᠨ ᠬᠢᠵᠠᠭᠠᠷᠲᠤ ᠺᠣᠮᠫᠠᠨᠢ ᠥᠪᠥᠷ ᠮᠣᠩᠭᠤᠯ᠎ᠤᠨ ᠠᠩᠬᠠᠳᠠᠭ᠍ᠴᠢ ᠪᠤᠯᠤᠳ ᠲᠡᠮᠦᠷ᠎ᠤᠨ ᠠᠵᠢᠯ ᠲᠦᠷᠦᠯ᠎ᠤᠨ 《ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ》 ᠪᠣᠬᠢᠷᠲᠤᠯ ᠦᠭᠡᠢ ᠵᠢᠭᠡᠯᠡᠯᠭᠡ᠎ᠶ᠋ᠢᠨ ᠲᠡᠮᠳᠡᠭ᠎ᠢ ᠢᠯᠡ᠎ᠪᠠᠷ ᠲᠠᠷᠬᠠᠭᠠᠪᠠ; ᠤᠯᠤᠰ᠎ᠤᠨ ᠴᠠᠬᠢᠯᠭᠠᠨ ᠲᠣᠣᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭᠠᠨ ᠬᠦᠴᠦᠨ᠎ᠤ ᠺᠤᠮᠫᠠᠨᠢ ᠪᠣᠬᠢᠷᠲᠤᠯ ᠦᠭᠡᠢ ᠴᠠᠬᠢᠯᠭᠠᠨ ᠬᠦᠴᠦᠨ᠎ᠤ ᠬᠤᠣᠰ ᠡᠷᠭᠢᠯᠲᠡ᠎ᠶ᠋ᠢ ᠲᠦᠷᠭᠡᠳᠭᠡᠨ ᠪᠠᠢᠭᠤᠯᠵᠤ᠂ ᠥᠪᠥᠷ ᠮᠣᠩᠭᠤᠯ᠎ᠤᠨ ᠠᠵᠤ ᠦᠢᠯᠡᠰ᠎ᠤᠨ ᠠᠷᠢᠭᠤᠨ ᠴᠡᠪᠡᠷ ᠳᠣᠣᠷ᠎ᠠ ᠨᠡᠭᠦᠷᠡᠰᠦᠲᠥ᠋ᠷᠥᠭ᠌ᠴᠢᠲᠦ ᠬᠡᠯᠪᠡᠷᠢ ᠵᠦᠭ ᠬᠤᠪᠢᠷᠠᠭᠤᠯᠬᠤ᠂ ᠴᠠᠬᠢᠯᠭᠠᠨ ᠲᠣᠣᠷ᠎ᠤᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠠᠬᠢᠭᠤᠯᠵᠤ ᠪᠤᠢ ᠁
ᠥᠪᠥᠷ ᠮᠣᠩᠭᠤᠯ ᠶᠠᠭ ᠨᠡᠭᠡᠭᠡᠯᠲᠡ᠎ᠲᠠᠢ᠂ ᠪᠠᠭ᠍ᠲᠠᠭᠠᠮᠵᠢᠲᠠᠢ᠂ ᠢᠲᠡᠭᠡᠯ ᠲᠡᠭᠦᠯᠳᠡᠷ ᠴᠣ᠌ ᠱᠢᠨ᠎ᠡ ᠳᠦᠷᠰᠦ ᠪᠠᠢᠳᠠᠯ᠎ᠢᠶᠠᠷ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢ ᠪᠠᠢᠭᠤᠯᠬᠤ᠎ᠳᠤ ᠢᠳᠡᠪᠬᠢᠲᠡᠢ ᠣᠷᠣᠯᠴᠠᠵᠤ ᠪᠠᠢᠨ᠎ᠠ᠃
ᠱᠢᠨ᠎ᠡ ᠴᠠᠭ ᠦᠶ᠎ᠡ᠂ ᠱᠢᠨ᠎ᠡ ᠭᠠᠷᠤᠭ᠎ᠠ᠎ᠳᠤ᠂ ᠳᠤᠮᠳᠠᠳᠤ ᠤᠯᠤᠰ ᠡᠯ᠎ᠡ ᠤᠯᠤᠰ᠎ᠯᠤᠭ᠎ᠠ ᠣᠢᠯᠠᠭᠠᠯᠴᠠᠬᠤ᠂ ᠬᠠᠮᠲᠤ᠎ᠪᠠᠷ ᠬᠥᠭ᠌ᠵᠢᠬᠦ᠌ ᠵᠠᠮ ᠳᠡᠭᠡᠷ᠎ᠡ ᠭᠠᠷ ᠬᠤᠯᠪᠣᠨ ᠲᠡᠮᠡᠴᠡᠪᠡᠯ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ ᠴᠣᠭ᠍ᠴᠠ᠎ᠶ᠋ᠢᠨ ᠭᠡᠭᠡᠨ ᠰᠠᠷᠠᠭᠤᠯ ᠢᠷᠡᠭᠡᠳᠦᠢ᠎ᠶ᠋ᠢ ᠯᠠᠪᠲᠠᠢ ᠴᠤᠭ᠍ᠴᠠᠯᠠᠵᠤ ᠴᠢᠳᠠᠨ᠎ᠠ!
(ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ ᠬᠠᠮ ᠵᠠᠭᠤᠴᠢᠯᠠᠭᠤᠷ᠎ᠤᠨ ᠰᠤᠷᠪᠤᠯᠵᠢᠯᠠᠭ᠍ᠴᠢ ᠭᠤᠤ ᠵᠢᠶᠠ)