ᠲᠦᠷᠦᠬᠦᠬᠡᠨ᠂ ᠬᠥᠬᠡᠬᠤᠲᠠ᠎ᠶ᠋ᠢᠨ ᠦᠨᠳᠦᠰᠦᠲᠡᠨ᠎ᠤ ᠬᠡᠷᠡᠭ ᠡᠷᠭᠢᠯᠡᠬᠦ᠌ ᠵᠥᠪᠯᠡᠯ᠎ᠤᠨ ᠱᠢᠰᠲ᠋ᠧᠮ᠎ᠤᠨ᠎ᠬᠢᠨ ᠶᠡᠷᠦᠩᠬᠡᠶ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢᠴᠢ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠤᠰᠭᠠᠶ ᠰᠡᠳᠦᠪᠲᠦ ᠪᠣᠯᠪᠠᠰᠤᠷᠠᠯ᠎ᠤᠨ ᠠᠩᠭᠢ ᠡᠷᠭᠢᠯᠡᠪᠡ᠃
ᠤᠢ᠍ᠢᠯᠠᠭᠠᠭ᠍ᠰᠠᠨ᠎ᠢᠶᠠᠷ᠂ ᠪᠤᠯᠪᠠᠰᠤᠷᠠᠯ᠎ᠤᠨ ᠠᠩᠭᠢ ᠬᠤᠪᠢᠰᠭᠠᠯ᠎ᠤᠨ ᠣᠬᠤᠷ ᠹᠢᠯᠢᠮ᠂ ᠬᠠᠪᠰᠤᠷᠤᠨ ᠵᠢᠯᠣᠭᠤᠳᠭᠤ ᠲᠠᠢᠯᠤᠮᠵᠢ᠂ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠣᠯᠠᠨ ᠵᠦᠢᠯ᠎ᠤᠨ ᠠᠭᠤᠯᠭ᠎ᠠ᠎ᠶ᠋ᠢ ᠲᠣᠬᠢᠷᠠᠭᠤᠯᠪᠠ᠃ ᠰᠤᠷᠤᠯᠭ᠎ᠠ ᠡᠬᠢᠯᠡᠬᠦ᠌ ᠶᠣᠰᠣᠯᠠᠯ᠎ᠨᠢ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠠᠮᠲᠤ ᠨᠡᠢᠳᠡ᠎ᠶ᠋ᠢᠨ ᠲᠥᠯᠥᠭᠡᠯᠡᠭ᠌ᠴᠢ ᠪᠠ ᠲᠡᠷᠢᠭᠦᠨ᠎ᠤ ᠬᠤᠪᠢ ᠬᠥᠮᠦᠨ᠂ ᠡᠯ᠎ᠡ ᠬᠤᠱᠢᠭᠤ ᠱᠢᠶᠠᠨ ᠲᠣᠭᠤᠷᠢᠭ᠎ᠤᠨ ᠦᠨᠳᠦᠰᠦᠲᠡᠨ᠎ᠤ ᠬᠡᠷᠡᠭ ᠡᠷᠭᠢᠯᠡᠬᠦ᠌ ᠵᠥᠪᠯᠡᠯ᠎ᠳᠤ ᠦᠨᠳᠦᠰᠦᠲᠡᠨ᠎ᠤ ᠲᠤᠯᠭᠤᠷ ᠪᠢᠴᠢᠭ ᠪᠠ 《ᠬᠤᠪᠢᠰᠭᠠᠯᠲᠤ ᠰᠣᠶᠣᠯ ᠬᠢᠭᠡᠳ ᠬᠤᠪᠢᠰᠭᠠᠯᠲᠤ ᠲᠡᠮᠡᠴᠡᠯ》 ᠭᠡᠬᠦ᠌ ᠱᠢᠷᠢᠰ ᠴᠤᠪᠤᠷᠠᠯ ᠪᠢᠴᠢᠭ᠎ᠢ ᠪᠡᠯᠡᠭ᠌ᠯᠡᠵᠠᠢ᠃ ᠬᠥᠬᠡᠬᠤᠲᠠ ᠣᠷᠣᠨ᠎ᠤ ᠲᠠᠰ᠂ ᠬᠤᠲᠠ᠎ᠶ᠋ᠢᠨ ᠲᠠᠰ᠎ᠤᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠠᠮᠲᠤ ᠨᠡᠢᠳᠡ᠎ᠶ᠋ᠢᠨ ᠲᠥᠯᠥᠭᠡᠯᠡᠭ᠌ᠴᠢ ᠪᠠ ᠲᠡᠷᠢᠬᠦᠨ᠎ᠤ ᠬᠤᠪᠢ ᠬᠥᠮᠦᠨ᠂ ᠬᠤᠱᠢᠭᠤ ᠱᠢᠶᠠᠨ ᠲᠣᠭᠤᠷᠢᠭ᠎ᠤᠨ ᠦᠨᠳᠦᠰᠦᠲᠡᠨ᠎ᠤ ᠬᠡᠷᠡᠭ ᠡᠷᠭᠢᠯᠡᠬᠦ᠌ ᠵᠥᠪᠯᠡᠯ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ᠂ ᠬᠤᠲᠠ᠎ᠶ᠋ᠢᠨ ᠨᠠᠮ᠎ᠤᠨ ᠬᠤᠷᠢᠶ᠎ᠠ᠎ᠶ᠋ᠢᠨ ᠪᠠᠢᠭᠤᠯᠭ᠎ᠠ᠎ᠶ᠋ᠢᠨ ᠨᠠᠮ᠎ᠤᠨ ᠭᠡᠱᠢᠭᠦᠨ ᠺᠠᠳ᠋ᠷ ᠵᠡᠷᠭᠡ 60 ᠭᠠᠷᠤᠶ ᠬᠥᠮᠦᠨ ᠪᠣᠯᠪᠠᠰᠤᠷᠠᠯ᠎ᠤᠨ ᠠᠩᠬᠢ᠎ᠳᠤ ᠣᠷᠣᠯᠴᠠᠪᠠ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号