
ᠨᠠᠨ ᠯᠢ ᡁᠢ (ᠵᠡᠬᠦᠨᠳᠡᠬᠢ) ᠦᠷᠬᠡᠰᠦ᠎ᠳᠦ ᠬᠡᠮᠬᠡ ᠲᠡᠭᠦᠨ᠎ᠡ
ᠤᠯᠠᠭᠠᠨᠬᠠᠳᠠ ᠬᠤᠲᠠ᠎ᠶ᠋ᠢᠨ ᠨᠢᠩᠴᠧᠩ ᠱᠢᠶᠠᠨ᠎ᠤ ᠪᠤᠷᠬᠠᠨᠳᠤ ᠪᠠᠯᠭᠠᠰᠤᠨ᠎ᠤ ᠪᠤᠷᠬᠠᠨᠳᠤ ᠲᠣᠰᠭᠤᠨ᠎ᠳᠤ ᠨᠢᠭᠡᠨ ᠡᠭᠡᠯ ᠵᠢᠷ᠎ᠤᠨ ᠮᠦᠷᠲᠡᠭᠡᠨ ᠤᠯᠠᠨ᠎ᠳᠠᠭᠠᠨ ᠲᠠᠨᠢᠬ᠍ᠳᠠᠬ᠍ᠰᠠᠨ ᠤᠨᠴᠠᠭᠠᠢ ᠬᠦᠮᠦᠨ ᠪᠠᠢᠳᠠᠭ᠃ ᠡᠨᠡ ᠬᠦᠮᠦᠨ᠎ᠢ ᠨᠠᠨ ᠯᠢ ᡁᠢ ᠭᠡᠳᠡᠭ᠃ ᠲᠣᠰᠭᠤᠨ᠎ᠤ ᠨᠠᠮ᠎ᠤᠨ ᠶᠡᠷᠦᠩᠬᠡᠶ ᠡᠭᠦᠷ᠎ᠤᠨ ᠭᠡᠱᠢᠭᠦᠨ᠂ ᠨᠢᠩᠴᠧᠩ ᠱᠢᠶᠠᠨ᠎ᠤ ᠵᠢᠮᠢᠰ ᠢᠳᠡᠱᠢᠨ ᠨᠣᠭᠤᠭ᠎ᠠ᠎ᠶ᠋ᠢᠨ ᠲᠤᠰᠭᠠᠶ ᠬᠤᠷᠱᠢᠶ᠎ᠠ᠎ᠶ᠋ᠢᠨ ᠨᠠᠮ᠎ᠤᠨ ᠡᠭᠦᠷ᠎ᠤᠨ ᠱᠦᠵᠢ᠂ ᠬᠡᠷᠡᠭ ᠡᠷᠬᠢᠯᠡᠭ᠌ᠴᠢᠳ᠎ᠤᠨ ᠳᠠᠷᠤᠭ᠎ᠠ ᠪᠤᠯᠤᠨ᠎ᠠ᠃
《ᠨᠢᠭᠡ ᠬᠦᠯᠡᠮᠵᠢ ᠢᠳᠡᠱᠢᠨ ᠨᠣᠭᠤᠭ᠎ᠠ᠎ᠪᠠᠷ ᠨᠢᠭᠡ ᠬᠡᠷ ᠪᠦᠯᠢ᠎ᠶ᠋ᠢ ᠪᠠᠶᠠᠵᠢᠭᠤᠯᠵᠤ᠂ ᠨᠢᠭᠡ ᠰᠠᠭᠤᠷᠢᠨ᠎ᠢᠶᠠᠷ ᠨᠢᠭᠡ ᠠᠵᠤ ᠦᠢᠯᠡᠰ᠎ᠢ ᠳᠠᠢᠴᠢᠯᠠᠵᠤ᠂ ᠨᠢᠭᠡ ᠠᠵᠤ ᠦᠢᠯᠡᠰ᠎ᠢᠶᠠᠷ ᠨᠢᠭᠡ ᠬᠡᠷ᠎ᠤᠨ ᠬᠥᠮᠦᠰ᠎ᠲᠤ ᠪᠤᠶᠠᠨ ᠦᠢᠯᠡᠳᠬᠦ᠌》 ᠡᠷᠡᠰ ᠪᠠᠲᠤ ᠢᠲᠡᠭᠡᠯ ᠵᠣᠷᠢᠭ᠎ᠢ ᠡᠪᠦᠷᠯᠡᠨ ᠨᠠᠨ ᠯᠢ ᡁᠢ ᠤᠬ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠠ᠂ ᠡᠷᠬᠢᠨ ᠲᠣᠭᠤᠷᠢᠨ᠎ᠤ ᠤᠯᠠᠨ ᠲᠦᠮᠡᠨ᠎ᠢᠶᠠᠨ ᠳᠠᠭᠠᠭᠤᠯᠤᠨ ᠪᠠᠶᠠᠵᠢᠯ᠎ᠤᠨ ᠵᠠᠮ᠎ᠢᠶᠠᠷ ᠵᠤᠷᠢᠬ᠍ᠳᠠᠢ ᠵᠠᠮᠨᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠡᠪ ᠬᠠᠮᠲᠤ ᠨᠠᠮ᠎ᠤᠨ ᠭᠡᠱᠢᠭᠦᠨ᠎ᠤ ᠴᠤᠭ ᠵᠢᠪᠬᠤᠭ᠎ᠠ᠎ᠶ᠋ᠢ ᠢᠯᠡᠷᠡᠭᠦᠯᠦᠨ᠎ᠡ᠃
ᠤᠳᠤ ᠶᠠᠭ ᠰᠠᠶᠢᠬᠠᠨ ᠬᠦᠯᠡᠮᠵᠢ᠎ᠶ᠋ᠢᠨ ᠥᠷᠭᠡᠰᠦᠲᠦ ᠬᠡᠮᠬᠡ ᠪᠤᠯᠪᠠᠰᠤᠷᠠᠵᠤ ᠡᠯᠪᠡᠭ ᠬᠤᠷᠢᠶᠠᠯᠲᠠ᠎ᠶ᠋ᠢᠨ ᠤᠯᠠᠷᠢᠯ᠎ᠢᠶᠠᠨ ᠤᠭ᠍ᠲᠤᠯ᠎ᠠ᠃ ᠰᠤᠷᠪᠤᠯᠵᠢᠯᠠᠭ᠍ᠴᠢ ᠨᠢᠩᠴᠧᠩ ᠱᠢᠶᠠᠨ᠎ᠤ ᠯᠢ ᡁᠢ ᠢᠳᠡᠱᠢᠨ ᠨᠣᠭᠤᠭ᠎ᠠ᠎ᠶ᠋ᠢᠨ ᠲᠤᠰᠭᠠᠢ ᠬᠤᠷᠱᠢᠶ᠎ᠠ᠎ᠶ᠋ᠢᠨ ᠬᠦᠯᠡᠮᠵᠢ᠎ᠳᠤ ᠬᠦᠷᠬᠦ᠌᠎ᠳᠤ᠂ ᠠᠵᠢᠯᠴᠢᠳ ᠪᠣᠯᠪᠠᠰᠤᠷᠠᠭ᠍ᠰᠠᠨ ᠥᠷᠭᠡᠰᠦᠲᠦ ᠬᠡᠮᠬᠡ᠎ᠶ᠋ᠢ ᠲᠡᠭᠦᠵᠦ᠍ ᠵᠠᠬ᠎ᠠ ᠳᠡᠯᠭᠡᠭᠦᠷ᠎ᠲᠤ ᠪᠣᠷᠣᠯᠠᠭᠤᠯᠬᠤ᠎ᠪᠠᠷ ᠶᠠᠭᠠᠷᠠᠵᠠᠭᠠᠨ᠎ᠠ᠃
《300 ᠭᠠᠷᠤᠶ ᠬᠦᠯᠡᠮᠵᠢ ᠥᠷᠭᠡᠰᠦᠲᠦ ᠬᠡᠮᠬᠡ ᠳᠠᠷᠢᠵᠡᠢ᠂ ᠡᠲᠡᠭᠡᠷ ᠥᠷᠭᠡᠰᠦᠲᠦ ᠬᠡᠮᠬᠡ᠎ᠶ᠋ᠢ ᠵᠡᠭᠦᠨ ᠤᠷᠤᠨ᠎ᠤ ᠭᠤᠷᠪᠠᠨ ᠮᠤᠵᠢ᠂ ᠪᠡᠭᠡᠵᠢᠩ ᠲᠢᠶᠠᠨᠵᠢᠨ ᠲᠠᠩᠱᠠᠨ᠂ ᠬᠥᠬᠡᠮᠥ᠋ᠷᠡᠨ᠎ᠤ ᠭᠤᠷᠪᠠᠯᠵᠢᠨ ᠬᠤᠢᠭ ᠪᠠ ᠵᠦᠵᠢᠶᠠᠩ ᠮᠥᠷᠡᠨ᠎ᠤ ᠭᠤᠷᠪᠠᠯᠵᠢᠨ ᠬᠤᠢᠭ ᠵᠡᠷᠭᠡ ᠭᠠᠵᠠᠷ ᠣᠷᠣᠨ᠎ᠳᠤ ᠪᠣᠷᠣᠯᠠᠭᠤᠯᠤᠨ᠎ᠠ᠃ ᠮᠠᠠ᠎ᠤ ᠲᠡᠷᠢᠬ᠍ᠰᠠᠠ ᠲᠥᠪᠡᠳ ᠬᠠᠰᠢ᠂ ᠯᠠᠵᠤᠤ᠂ ᠬᠠᠰᠢ ᠪᠤᠯ ᠴᠦᠮ ᠪᠤᠬᠢᠷᠳᠤᠯ ᠦᠭᠡᠢ ᠢᠳᠡᠭᠡᠨ᠎ᠤ A ᠲᠡᠰ᠎ᠤᠨ ᠪᠦᠲᠦᠭᠡᠭ᠌ᠳᠡᠬᠦᠨ᠎ᠢᠶᠠᠷ ᠦᠨᠡᠯᠡᠭ᠌ᠳᠡᠵᠡᠢ᠃ ᠬᠤᠷᠱᠢᠶᠠᠨ᠎ᠤ ᠵᠢᠯ᠎ᠤᠨ ᠢᠳᠡᠱᠢᠨ ᠨᠣᠭᠤᠭ᠎ᠠ᠎ᠶ᠋ᠢᠨ ᠭᠠᠷᠤᠯᠲᠠ 9600 ᠲᠣᠨ᠎ᠳᠤ ᠬᠦᠷᠴᠦ᠍᠂ ᠦᠢᠯᠡᠳᠬᠦᠨ᠎ᠤ ᠦᠷᠳᠡᠭ 3000 ᠭᠠᠷᠤᠢ ᠲᠦᠮᠡᠨ ᠲᠥᠭᠦᠷᠢᠭ᠎ᠲᠤ ᠬᠦᠷᠴᠦ᠍ ᠪᠤᠢ》 ᠬᠡᠮᠡᠨ ᠨᠠᠨ ᠯᠢ ᡁᠢ ᠲᠠᠨᠢᠯᠴᠠᠭᠤᠯᠪᠠ᠃
2000 ᠣᠨ᠎ᠠᠴᠠ ᠳᠦᠬᠦᠬᠡᠷᠤᠮᠵᠢ᠎ᠳᠤ ᠲᠠᠷᠢᠶᠠᠯᠠᠩ ᠡᠵᠡᠩᠨᠡᠬᠡᠳ ᠤᠳᠤ 5800 ᠭᠠᠷᠤᠢ ᠮᠦ᠍᠎ᠶ᠋ᠢᠨ ᠲᠡᠷᠢᠶᠠᠠ ᠭᠠᠵᠠᠷ ᠡᠵᠡᠩᠨᠡᠵᠥ᠍ ᠪᠠᠢᠭ᠎ᠠ ᠬᠤᠷᠱᠢᠶ᠎ᠠ᠎ᠲᠠᠢ᠂ ᠪᠡᠶ᠎ᠡ᠎ᠪᠠᠨ ᠳᠠᠭᠠᠭᠠᠭ᠍ᠰᠠᠨ ᠨᠡᠷᠡᠳᠤ ᠳᠡᠮᠳᠡᠭ 《ᠯᠢ ᡁᠢ ᠲᠠᠷᠢᠶᠠᠯᠠᠩ᠎ᠤᠨ ᠬᠦᠷᠢᠶᠡᠯᠡᠩ》 ᠢ ᠳᠠᠩᠰᠠᠯᠠᠭᠤᠯᠵᠥ᠍ ᠬᠥᠳᠡᠭᠡ ᠠᠵᠤ ᠠᠬᠤᠢ ᠬᠥᠳᠡᠭᠡ ᠲᠣᠰᠭᠤᠨ᠎ᠤ ᠶᠠᠮᠤᠨ᠎ᠳᠤ ᠪᠠᠷᠢᠮᠵᠢᠶᠠᠵᠢᠭ᠍ᠰᠠᠨ ᠢᠳᠡᠱᠢᠨ ᠨᠣᠭᠤᠭ᠎ᠠ᠎ᠶ᠋ᠢᠨ ᠦᠢᠯᠡᠳᠪᠦᠷᠢᠯᠡᠯ᠎ᠤᠨ ᠰᠠᠭᠤᠷᠢᠨ᠎ᠢᠶᠠᠷ ᠦᠨᠡᠯᠡᠭ᠌ᠳᠡᠵᠡᠢ᠃
1996 ᠣᠨ᠎ᠳᠤ᠂ 18 ᠨᠠᠰᠤᠲᠠᠢ ᠨᠠᠨ ᠯᠢ ᡁᠢ ᠥᠨᠳᠥᠷ ᠳᠤᠮᠳᠠᠳᠤ᠎ᠪᠠᠨ ᠲᠡᠭᠦᠰᠭᠡᠵᠦ᠍ ᠪᠤᠷᠬᠠᠨᠳᠤ ᠲᠣᠰᠭᠤᠨ᠎ᠳᠤ ᠢᠷᠡᠵᠤ᠂ ᠲᠤᠰᠭᠤᠨ᠎ᠤ ᠵᠥᠪᠯᠡᠯ᠎ᠤᠨ ᠡᠪᠯᠡᠯ᠎ᠤᠨ ᠡᠭᠦᠷ᠎ᠤᠨ ᠱᠦᠵᠢ᠂ ᠡᠷᠦᠭᠡ᠎ᠶ᠋ᠢᠨ ᠴᠡᠷᠢᠭ᠎ᠤᠨ ᠰᠤᠮᠤᠨ ᠳᠠᠷᠤᠭ᠎ᠠ᠎ᠶ᠋ᠢᠨ ᠲᠤᠱᠢᠶᠠᠯ᠎ᠢ ᠬᠠᠷᠢᠭᠤᠴᠠᠪᠠ᠃ ᠲᠤᠬᠠᠢ᠎ᠶ᠋ᠢᠨ ᠦᠶ᠎ᠡ᠎ᠳᠤ ᠲᠡᠷᠡ ᠠᠵᠢᠯ᠎ᠤᠨ ᠲᠤᠷᠱᠢᠯᠭ᠎ᠠ ᠦᠬᠡᠢ ᠴᠦ᠍ ᠬᠡᠰᠡᠨ ᠰᠠᠢᠨ ᠠᠵᠢᠯᠯᠠᠪᠠᠯ ᠤᠯᠠᠨ ᠲᠦᠮᠡᠨ᠎ᠤ ᠬᠦᠷᠢᠶᠡᠯᠡᠯ᠎ᠢ ᠣᠯᠵᠤ ᠳᠡᠭᠡᠳᠦ ᠱᠠᠲᠤᠨ᠎ᠤ ᠢᠲᠡᠭᠡᠯ᠎ᠢ ᠣᠯᠵᠥ᠍᠂ ᠨᠤᠲᠤᠭ᠎ᠤᠨ ᠠᠬ᠎ᠠ ᠳᠡᠭᠦᠦ ᠨᠡᠷ᠎ᠤᠨ᠎ᠢᠶᠠᠨ ᠬᠦᠰᠠᠯ ᠨᠠᠢᠳᠠᠯᠭ᠎ᠠ᠎ᠶ᠋ᠢ ᠬᠥᠰᠡᠷᠳᠡᠭᠦᠯᠬᠦ᠌ ᠦᠭᠡᠢ ᠬᠡᠮᠡᠡ ᠴᠢᠷᠮᠠᠢᠠ ᠠᠵᠢᠯᠯᠠᠵᠤ᠂ ᠴᠢᠳᠠᠬᠤ ᠦᠬᠡᠢ ᠮᠠᠳᠠᠬᠦ᠌ ᠦᠬᠡᠢ ᠵᠦᠢᠯᠡᠰ᠎ᠢᠶᠠᠨ ᠲᠣᠰᠭᠤᠨ᠎ᠤ ᠠᠬᠠᠮᠠᠳ ᠺᠠᠳ᠋ᠷ᠎ᠠᠴᠠ ᠳᠠᠷᠤᠤ ᠬᠢᠴᠢᠶᠡᠩᠭᠦᠢ᠎ᠪᠠᠷ ᠠᠰᠠᠭᠤᠨ ᠰᠤᠷᠤᠯᠴᠠᠨ᠎ᠠ᠃
《ᠲᠤᠬᠠᠢ᠎ᠶ᠋ᠢᠨ ᠦᠶ᠎ᠠ᠎ᠳᠤ ᠲᠣᠰᠭᠤᠨ᠎ᠤ ᠬᠥᠮᠦᠨ ᠪᠦᠷᠢ᠎ᠳᠤ ᠳᠤᠮᠳᠠᠴᠢ᠎ᠪᠠᠷ ᠨᠢᠭᠡ ᠮᠦ᠍ ᠲᠠᠷᠢᠶ᠎ᠠ ᠨᠣᠭ᠍ᠳᠠᠵᠤ ᠪᠠᠢᠬ᠍ᠰᠠᠨ ᠪᠦᠬᠡᠳ ᠡᠨᠡ᠎ᠨᠢ ᠲᠣᠰᠭᠤᠨ᠎ᠤ ᠠᠷᠠᠳ᠎ᠤᠨ ᠭᠤᠤᠯ ᠤᠷᠤᠯᠭ᠎ᠠ᠎ᠨᠢ ᠪᠤᠯᠵᠤ ᠪᠠᠢᠵᠠᠢ᠃ 1999 ᠤᠨ ᠪᠠ 2000 ᠤᠨ᠎ᠳᠤ ᠬᠤᠶᠠᠷ ᠵᠢᠯ ᠳᠠᠷᠠᠭᠠᠯᠠᠨ ᠶᠡᠭᠡ ᠭᠠᠩ ᠬᠠᠭ᠍ᠰᠠᠷᠠᠭᠠᠨ ᠪᠤᠯᠤᠭ᠍ᠰᠠᠨ᠎ᠢᠶᠠᠷ ᠲᠣᠰᠭᠤᠨ᠎ᠤ ᠠᠷᠠᠳ᠎ᠤᠨ ᠬᠤᠷᠢᠶᠠᠯᠳᠠ ᠬᠠᠰᠤᠭ᠍ᠳᠠᠭ᠍ᠰᠠᠠᠢᠶᠠᠷ ᠠᠵᠤ ᠦᠢᠯᠡᠰ᠎ᠢ ᠬᠥᠭ᠌ᠵᠢᠭᠦᠯᠵᠦ᠍ ᠠᠵᠢᠯ ᠣᠯᠭᠤᠯᠲᠠ᠎ᠶ᠋ᠢ ᠱᠢᠢᠳᠪᠦᠷᠢᠯᠡᠨ ᠣᠷᠣᠯᠭ᠎ᠠ᠎ᠶ᠋ᠢ ᠨᠡᠮᠡᠭ᠌ᠳᠡᠭᠦᠯᠬᠦ᠌ ᠶᠠᠪᠤᠳᠠᠯ ᠲᠤᠯᠭᠠᠮ ᠱᠠᠭᠠᠷᠳᠠᠭ᠍ᠳᠠᠪᠠ》 ᠭᠡᠵᠦ᠍ ᠨᠠᠨ ᠯᠢ ᡁᠢ ᠦᠩᠭᠡᠷᠡᠭ᠌ᠰᠡᠨ᠎ᠢᠶᠠᠨ ᠡᠷᠭᠢᠴᠡᠭᠦᠯᠦᠨ᠎ᠠ᠃
ᠲᠤᠬᠠᠢ᠎ᠶ᠋ᠢᠨ ᠦᠶ᠎ᠡ᠎ᠶ᠋ᠢᠨ ᠪᠠᠢᠳᠠᠯ᠎ᠢ ᠬᠤᠪᠢᠷᠠᠭᠤᠯᠬᠤ᠎ᠶ᠋ᠢᠨ ᠲᠥᠯᠥᠭᠡ ᠲᠡᠷᠡ ᠲᠤᠰᠭᠤᠠ᠎ᠤ ᠠᠷᠠᠳ᠎ᠢ ᠲᠡᠢᠴᠢᠯᠠᠠ ᠠᠯᠠᠱᠢᠨ ᠦᠬᠡᠷ᠂ ᠭᠠᠭ᠍ᠠᠢ᠂ ᠬᠤᠨᠢ᠂ ᠲᠠᠬᠢᠶ᠎ᠠ ᠲᠡᠵᠢᠭᠡᠯᠬᠡᠬᠦ᠌ᠶ᠋ᠢᠨ ᠵᠡᠷᠬᠡ᠎ᠪᠠᠷ ᠬᠠᠷ᠎ᠠ ᠠᠷᠢᠬᠢ ᠨᠡᠷᠡᠬᠦ᠂ ᠲᠡᠬᠡᠬᠡᠪᠤᠷᠢ᠎ᠶ᠋ᠢᠨ ᠦᠢᠯᠡᠰ᠎ᠢ ᠲᠤᠷᠱᠢᠠ ᠡᠵᠡᠩᠨᠡᠭ᠌ᠰᠡᠡ ᠪᠤᠯᠪᠠᠴᠤ᠌ ᠪᠦᠷ ᠢᠯᠠᠭ᠍ᠳᠠᠯᠢᠶᠠᠷ ᠲᠡᠬᠦᠰᠴᠡᠢ᠃ ᠲᠡᠮᠡᠢ ᠤᠳᠠᠯ ᠦᠬᠡᠢ ᠱᠢᠶᠠᠨ᠎ᠠᠴᠠ ᠲᠡᠳᠠᠠᠢ ᠵᠤᠬᠢᠶᠠᠠ ᠪᠠᠢᠭᠤᠯᠤᠠ ᠱᠠᠨᠳᠦ᠋ᠩ᠎ᠤᠨ ᠱᠧᠦ ᠭᠤᠸᠠᠩ᠎ᠤᠨ ᠬᠦᠯᠡᠮᠵᠢ᠎ᠶ᠋ᠢᠨ ᠢᠳᠡᠱᠢᠨ ᠨᠣᠭᠤᠭ᠎ᠠ ᠲᠡᠷᠢᠵᠥ᠍ ᠪᠠᠢᠭ᠎ᠠ ᠲᠤᠷᠱᠢᠯᠭ᠎ᠠ᠎ᠶ᠋ᠢ ᠲᠤᠭᠤᠷᠢᠠ ᠦᠵᠡᠵᠥ᠍ ᠰᠤᠷᠤᠯᠴᠠᠬᠤ᠎ᠪᠠᠷ ᠶᠠᠪᠤᠭᠤᠯᠤᠭ᠍ᠰᠠᠠᠨᠢ ᠲᠡᠭᠦᠨ᠎ᠳᠤ ᠲᠦᠬᠦᠭᠡᠷᠦᠮᠵᠢᠲᠦ ᠲᠠᠷᠢᠶᠠᠯᠠᠩ ᠡᠵᠡᠩᠨᠡᠬᠦ᠌ ᠵᠣᠷᠢᠭ᠎ᠢ᠎ᠨᠢ ᠬᠥᠪᠴᠢᠯᠡᠵᠡᠶ᠃ ᠬᠠᠷᠢᠵᠥ᠍ ᠢᠷᠡᠭ᠌ᠰᠡᠡᠤᠪᠠᠨ ᠳᠠᠷᠠᠭ᠎ᠠ᠂ ᠨᠠᠨ ᠯᠢ ᡁᠢ ᠳᠠᠷᠦ᠋ᠢᠬᠠᠨ ᠲᠣᠰᠭᠤᠨ᠎ᠤ ᠠᠷᠠᠳ᠎ᠢᠶᠠᠨ ᠵᠣᠬᠢᠶᠠᠨ ᠪᠠᠢᠭᠤᠯᠵᠤ ᠨᠠᠯᠠᠤ ᠭᠠᠵᠠᠷ᠎ᠢ 600 ᠲᠦᠭᠦᠷᠢᠭ᠂ ᠲᠡᠭ᠌ᠰᠢᠬᠡᠨ ᠭᠠᠵᠠᠷ᠎ᠢ 800 ᠲᠦᠭᠦᠷᠢᠭ᠎ᠤᠨ ᠦᠷᠳᠡᠭ᠎ᠢᠶᠠᠷ ᠭᠠᠵᠠᠷ ᠱᠢᠷᠣᠢ᠎ᠶ᠋ᠢ ᠡᠷᠭᠢᠯᠳᠦᠭᠦᠯᠤᠠ ᠡᠵᠡᠭ᠌ᠨᠡᠬᠦᠯᠦᠭ᠌ᠰᠡᠡᠨᠢ ᠲᠣᠰᠭᠤᠨ᠎ᠳᠤ ᠯᠤᠲᠤ ᠶᠡᠭᠡ ᠬᠤᠪᠢᠷᠠᠯᠲᠠ ᠭᠠᠷᠭᠠᠪᠠ᠃
《ᠠᠩᠬᠠᠠ᠎ᠤ ᠵᠢᠯ᠎ᠤᠨ ᠬᠦᠯᠡᠮᠵᠢ᠎ᠶ᠋ᠢᠨ ᠥᠷᠭᠡᠰᠦᠲᠦ ᠬᠡᠮᠬᠡ ᠨᠡᠯᠢᠶᠡᠳ ᠵᠦᠭᠡᠷ ᠬᠤᠷᠢᠶᠠᠯᠲᠡ ᠤᠯᠪᠠ᠂ ᠦᠷᠬᠡᠰᠤᠳᠤ ᠬᠡᠮᠬᠡ᠎ᠪᠠᠨ ᠬᠤᠳᠠᠯᠳᠤᠵᠥ᠍ ᠭᠠᠷᠭᠠᠵᠥ᠍ ᠲᠡᠢᠯᠬᠦ᠌ ᠦᠬᠡᠢ ᠶᠡᠭᠡ ᠵᠦᠳᠡᠷᠡᠭ᠌ᠰᠡᠡ ᠪᠤᠯᠪᠠᠴᠤ᠌ ᠡᠴᠤᠰ᠎ᠲᠡᠭᠡᠨ ᠬᠦᠯᠡᠮᠵᠢ ᠪᠦᠷᠢ᠎ᠶ᠋ᠢᠨ ᠳᠤᠮᠳᠠᠴᠢ ᠣᠷᠣᠯᠭ᠎ᠠ 3 ᠲᠦᠮᠡ ᠭᠠᠷᠤᠢ ᠲᠥᠭᠦᠷᠢᠭ᠎ᠲᠤ ᠬᠦᠷᠴᠦ᠍᠂ ᠲᠤᠬᠠᠢ᠎ᠶ᠋ᠢᠨ ᠦᠶ᠎ᠡ᠎ᠶ᠋ᠢᠨ 100 ᠮᠦ᠍ ᠲᠠᠷᠢᠶ᠎ᠠ ᠲᠠᠷᠢᠭ᠍ᠰᠠᠨ ᠣᠷᠣᠯᠭ᠎ᠠ᠎ᠲᠠᠢ ᠲᠡᠩᠴᠡᠵᠡᠢ》 ᠭᠡᠵᠦ᠍ ᠨᠠᠨ ᠯᠢ ᡁᠢ ᠡᠷᠬᠢᠴᠠᠬᠦᠯᠤᠨᠠ᠃
2003 ᠣᠨ᠎ᠳᠤ ᠨᠠᠨ ᠯᠢ ᡁᠢ 《ᠬᠤᠩ ᡁᠢ ᠠᠵᠤ ᠦᠢᠯᠡᠰ᠎ᠤᠨ ᠬᠤᠷᠱᠢᠶ᠎ᠠ》 ᠶ᠋ᠢ ᠪᠠᠢᠭᠤᠯᠵᠥ᠍ ᠲᠡᠷᠢᠶᠠᠴᠢᠳ᠎ᠢᠶᠠᠨ ᠲᠡᠭᠠᠭᠤᠯᠤᠠ ᠬᠦᠯᠡᠮᠵᠢ᠎ᠳᠤ ᠢᠳᠡᠱᠢᠠ ᠨᠤᠭᠤᠭ᠎ᠠ ᠲᠡᠷᠢᠬᠤ ᠦᠢᠯᠡᠰ᠎ᠢ ᠬᠦᠭ᠌ᠵᠢᠬᠦᠯᠵᠥ᠍ ᠤᠷᠤᠯᠭ᠎ᠠ᠎ᠶ᠋ᠢ ᠨᠡᠮᠡᠭ᠌ᠳᠡᠬᠦᠯᠦᠭ᠌ᠰᠡᠡ ᠰᠠᠭᠤᠷᠢ ᠲᠡᠬᠡᠷ᠎ᠠ 2008 ᠣᠨ᠎ᠤ 7 ᠰᠠᠷ᠎ᠠ᠎ᠳᠤ 300 ᠲᠦᠮᠡᠨ ᠲᠥᠭᠦᠷᠢᠭ᠎ᠤᠨ ᠪᠡᠯᠡ ᠬᠤᠷᠠᠮᠳᠤᠭᠤᠯᠵᠤ᠂ ᠤᠳᠤ᠎ᠶ᠋ᠢᠨ 《ᠨᠢᠩᠴᠧᠩ ᠱᠢᠶᠠᠨ᠎ᠤ ᠵᠢᠮᠢᠰ ᠢᠳᠡᠱᠢᠨ ᠨᠣᠭᠤᠭ᠎ᠠ᠎ᠶ᠋ᠢᠨ ᠲᠤᠰᠭᠠᠢ ᠬᠤᠷᠱᠢᠶ᠎ᠠ》 ᠶ᠋ᠢ ᠳᠠᠩᠰᠠᠯᠠᠭᠤᠯᠵᠤ᠂ ᠣᠷᠣᠨ ᠪᠠᠢᠷᠢ ᠪᠠ ᠡᠬᠢ ᠪᠠᠶᠠᠯᠢᠭ᠎ᠤᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ ᠬᠦᠯᠡᠮᠵᠢ᠎ᠶ᠋ᠢᠨ ᠢᠳᠡᠱᠢᠨ ᠨᠣᠭᠤᠭ᠎ᠠ᠎ᠶ᠋ᠢᠨ ᠠᠵᠤ ᠦᠢᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠪᠡ᠃
ᠲᠡᠭᠦᠨ᠎ᠤ ᠳᠠᠭᠠᠭᠤᠯᠭ᠎ᠠ᠎ᠪᠠᠷ᠂ ᠬᠤᠷᠱᠢᠶ᠎ᠠ᠎ᠨᠢ ᠨᠢᠭᠡᠳᠦᠯᠲᠡᠶ ᠪᠥᠲᠥᠭᠡᠨ ᠪᠠᠢᠭᠤᠯᠬᠤ᠂ ᠣᠷᠣᠨ ᠬᠤᠪᠢᠶᠠᠨ ᠳᠠᠷᠢᠬᠤ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠱᠠᠲᠤ ᠬᠤᠪᠢᠶᠠᠨ ᠪᠣᠷᠣᠯᠠᠭᠤᠯᠬᠤ ᠵᠡᠷᠭᠡ ᠠᠵᠢᠯᠯᠠᠭᠠᠨ᠎ᠤ ᠵᠠᠭ᠍ᠪᠤᠷ᠎ᠢ ᠬᠡᠷᠡᠭ᠌ᠵᠢᠭᠦᠯᠵᠦ᠍᠂ ᠲᠠᠷᠢᠮᠠᠯ᠎ᠤᠨ ᠡᠷᠦᠬᠡ᠎ᠶ᠋ᠢᠨ ᠲᠡᠷᠢᠶᠠᠠ ᠭᠤᠤᠷᠰᠤ᠎ᠶ᠋ᠢ ᠴᠡᠪᠡᠷᠯᠡᠬᠦ᠂ ᠲᠥᠷᠥᠯ ᠵᠦᠢᠯ᠎ᠤᠨ ᠰᠣᠩᠭᠤᠯᠲᠠ᠂ ᠦᠢᠯᠡᠳᠪᠦᠷᠢᠯᠡᠯ᠎ᠤᠨ ᠶᠠᠪᠤᠴᠠ᠎ᠳᠠᠬᠢ ᠮᠡᠷᠭᠡᠵᠢᠯ᠎ᠤᠨ ᠵᠢᠯᠣᠭᠤᠳᠣᠯᠭ᠎ᠠ᠂ ᠲᠡᠷᠢᠶᠠᠯᠠᠩ᠎ᠤᠨ ᠪᠦᠳᠦᠬᠡᠭ᠌ᠳᠡᠬᠦᠠᠤ ᠪᠣᠷᠣᠯᠠᠭᠤᠯᠭ᠎ᠠ ᠵᠡᠷᠭᠡ ᠠᠰᠠᠭᠤᠳᠠᠯ᠎ᠤᠳ᠎ᠢ ᠦᠨᠳᠦᠰᠦᠨ᠎ᠠᠴᠠ᠎ᠨᠢ ᠱᠢᠢᠳᠪᠦᠷᠢᠯᠡᠭ᠌ᠰᠡᠡᠢᠶᠠᠷ ᠲᠠᠷᠢᠮᠠᠯ᠎ᠤᠨ ᠦᠷ᠎ᠡ ᠠᠱᠢᠭ ᠵᠢᠯ ᠳᠠᠷᠠᠭᠠᠯᠠᠨ ᠨᠡᠮᠡᠭ᠌ᠳᠡᠵᠥ᠍ ᠬᠤᠷᠱᠢᠶᠠᠨ᠎ᠤ ᠭᠡᠱᠢᠭᠦᠳ᠎ᠤᠨ ᠡᠩᠨᠡᠭᠡ ᠴᠤ᠌ ᠲᠠᠰᠤᠷᠠᠯᠲᠠ ᠥᠬᠡᠶ ᠪᠤᠵᠠᠭᠠᠢᠷᠠᠠ 316 ᠭᠡᠱᠢᠭᠦᠨ᠎ᠲᠠᠢ ᠪᠣᠯᠵᠠᠶ᠃
ᠱ᠌ᠢ ᠢᠦᠢ ᠯᠦᠩ ᠪᠣᠯ ᠪᠤᠷᠬᠠᠨᠳᠤ ᠲᠣᠰᠭᠤᠨ᠎ᠤ ᠲᠠᠷᠢᠶᠠᠴᠢᠨ᠂ 2 ᠬᠡᠦᠬᠡᠳ᠎ᠲᠠᠢ᠂ ᠲᠡᠭᠡᠷ᠎ᠡ᠎ᠨᠢ ᠪᠠᠰᠠ ᠬᠤᠶᠠᠷ ᠨᠠᠰᠤᠲᠠᠨ᠎ᠢᠶᠠᠨ ᠠᠰᠠᠷᠠᠠ ᠬᠠᠷᠠᠭᠠᠯᠵᠠᠨ᠎ᠠ᠂ ᠲᠡᠷᠠ ᠡᠬᠡᠨᠡᠷ᠎ᠲᠠᠢ᠎ᠪᠠᠨ ᠬᠤᠶᠠᠭᠤᠯᠠ ᠵᠢᠯ ᠲᠤᠵᠢ ᠲᠡᠷᠢᠶᠠᠠ ᠭᠠᠵᠠᠷ᠎ᠲᠠᠭᠠᠨ ᠶᠠᠭᠠᠷᠠᠠ ᠮᠤᠩᠭᠠᠨᠢᠭᠠᠳ ᠬᠡᠳᠦᠨ ᠮᠢᠩᠭᠠᠬᠠᠨ ᠲᠥᠭᠦᠷᠢᠭ᠎ᠤᠨ ᠤᠷᠤᠯᠭ᠎ᠠ ᠤᠯᠳᠠᠭ ᠪᠤᠯᠬᠤᠷ ᠠᠮᠢᠳᠤᠷᠠᠯ᠎ᠨᠢ ᠮᠠᠰᠢ ᠬᠦᠴᠢᠷᠲᠡᠢ᠃ 2016 ᠣᠨ᠎ᠳᠤ᠂ ᠬᠤᠷᠱᠢᠶ᠎ᠠ᠎ᠠᠴᠠ ᠲᠡᠳᠠᠠᠤᠬᠢ ᠵᠢ ᠬᠠᠪᠰᠤᠷᠤᠨ ᠵᠢᠭᠡᠯᠡᠯᠭᠡ᠎ᠶ᠋ᠢᠨ ᠮᠦᠩᠭᠦ᠌ ᠤᠯᠭᠤᠵᠤ 2 ᠲᠤᠮᠤ ᠬᠦᠯᠡᠮᠵᠢ ᠪᠠᠢᠭᠤᠯᠵᠤ ᠥᠭ᠌ᠴᠠᠢ᠃
《ᠨᠢᠭᠡ ᠮᠥᠩᠭᠦ᠌ ᠴᠦ᠍ ᠵᠠᠷᠤᠴᠠᠭᠤᠯᠤᠭ᠍ᠰᠠᠨ ᠦᠭᠡᠢ᠎ᠪᠠᠷ ᠬᠦᠯᠡᠮᠵᠢ ᠪᠠᠢᠭᠤᠯᠵᠤ ᠦᠭ᠌ᠬᠦᠭ᠌ᠰᠡᠡ᠎ᠢᠶᠠᠷ ᠪᠠᠷᠠᠬᠤ ᠦᠬᠡᠢ ᠪᠠᠰᠠ ᠮᠡᠷᠭᠡᠵᠢᠯᠲᠡᠨ ᠢᠷᠡᠵᠦ᠍ ᠲᠠᠷᠢᠵᠥ᠍ ᠠᠷᠠᠴᠢᠯᠠᠬᠤ ᠲᠡᠯ᠎ᠠ᠎ᠪᠠᠷ ᠵᠢᠭᠠᠨ ᠵᠢᠯᠤᠭᠤᠳᠴᠤ᠌ ᠪᠣᠷᠣᠯᠠᠭᠤᠯᠭ᠎ᠠ᠎ᠶ᠋ᠢᠨ ᠠᠰᠠᠭᠤᠳᠠᠯ᠎ᠢ ᠱᠢᠢᠳᠪᠤᠷᠢᠯᠡᠵᠥ᠍ ᠦᠭ᠌ᠬᠦᠨ᠎ᠠ᠃ ᠬᠤᠷᠱᠢᠶ᠎ᠠ᠎ᠶ᠋ᠢᠨ ᠬᠠᠪᠰᠤᠷᠤᠯᠭ᠎ᠠ᠎ᠪᠠᠷ ᠤᠳᠤ ᠬᠦᠯᠡᠮᠵᠢ᠎ᠠᠴᠠ᠎ᠪᠠᠨ ᠵᠢᠯ ᠪᠦᠷᠢ 7 ᠲᠦᠮᠡᠨ ᠲᠥᠭᠦᠷᠢᠭ᠎ᠤᠨ ᠤᠷᠤᠯᠭ᠎ᠠ ᠤᠯᠵᠥ᠍ ᠴᠢᠨᠡᠭᠡᠯᠢᠭ ᠠᠮᠢᠳᠤᠷᠠᠵᠥ᠍ ᠪᠠᠢᠨ᠎ᠠ》 ᠭᠡᠵᠦ᠍ ᠱ᠌ᠢ ᠢᠦᠶ ᠯᠦᠩ ᠪᠠᠶᠠᠷᠯᠠᠨ ᠶᠠᠷᠢᠵᠤ ᠪᠠᠢᠯ᠎ᠠ᠃
ᠡᠪ ᠬᠠᠮᠲᠤ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠨᠠᠨ ᠯᠢ ᡁᠢ ᠡᠭᠦᠷᠭᠡ ᠬᠠᠷᠢᠭᠤᠴᠠᠯᠭ᠎ᠠ᠎ᠪᠠᠨ ᠢᠮᠠᠭ᠍ᠲᠠ ᠪᠠᠲᠤ ᠴᠡᠭᠡᠵᠢᠯᠡᠵᠦ᠍᠂ ᠬᠤᠷᠱᠢᠶᠠᠨ᠎ᠤ ᠨᠠᠮ᠎ᠤᠨ ᠡᠭᠦᠷ᠎ᠢᠶᠠᠨ ᠳᠠᠭᠠᠭᠤᠯᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠎ᠳᠤ ᠢᠳᠡᠪᠬᠢᠲᠡᠢ ᠣᠷᠣᠯᠴᠠᠵᠤ᠂ ᠲᠣᠰᠭᠤᠨ᠎ᠤ ᠠᠷᠠᠳ᠎ᠢ ᠬᠠᠪᠰᠤᠷᠤᠨ ᠣᠷᠣᠯᠭ᠎ᠠ᠎ᠶ᠋ᠢ᠎ᠨᠢ ᠨᠡᠮᠡᠭ᠌ᠳᠡᠭᠦᠯᠦᠨ ᠴᠢᠨᠡᠬᠡᠯᠢᠭ᠌ᠵᠢᠬᠦᠯᠵᠡᠢ᠃ ᠲᠡᠷᠡ ᠶᠠᠳᠠᠭᠤ᠎ᠶ᠋ᠢ ᠲᠡᠳᠬᠦᠬᠦ᠌ 650 ᠮᠦ᠍᠎ᠶ᠋ᠢᠨ ᠬᠦᠷᠢᠶᠡᠯᠡᠩ ᠲᠣᠭᠤᠷᠢᠭ᠎ᠢ ᠪᠠᠢᠭᠤᠯᠵᠤ᠂ ᠶᠠᠳᠠᠭᠤ ᠬᠦᠴᠢᠷᠳᠡᠯᠲᠡᠢ ᠡᠷᠦᠬᠡ᠎ᠶ᠋ᠢᠨ ᠠᠵᠤ ᠦᠢᠯᠡᠰ᠎ᠢᠶᠠᠨ ᠬᠥᠭ᠌ᠵᠢᠭᠦᠯᠬᠦ᠌ ᠬᠦᠴᠢᠷ ᠠᠰᠠᠭᠤᠳᠠᠯ᠎ᠢ᠎ᠨᠢ ᠱᠢᠢᠳᠪᠦᠷᠢᠯᠡᠵᠦ᠍᠂ ᠶᠠᠳᠠᠭᠤ ᠬᠦᠴᠢᠷᠳᠡᠯᠲᠡᠢ ᠡᠷᠦᠬᠡ᠎ᠶ᠋ᠢᠨ ᠭᠡᠷ᠎ᠠᠴᠠ᠎ᠪᠠᠨ ᠦᠢᠷ᠎ᠠ ᠠᠵᠢᠯ ᠤᠯᠵᠥ᠍ ᠬᠢᠬᠦ᠌ ᠬᠦᠰᠡᠯ᠎ᠢ ᠪᠡᠶᠡᠯᠡᠭᠦᠯᠵᠦ᠍᠂ 96 ᠡᠷᠦᠬᠡ᠎ᠶ᠋ᠢᠨ 183 ᠬᠥᠮᠦᠨ᠎ᠳᠤ ᠠᠱᠢᠭ ᠬᠦᠷᠳᠡᠭᠡᠪᠡ᠃
《ᠬᠤᠷᠱᠢᠶ᠎ᠠ᠎ᠳᠤ ᠬᠥᠯᠥᠰᠥᠨ ᠠᠵᠢᠯ ᠬᠢᠵᠤ ᠰᠠᠷ᠎ᠠ᠎ᠳᠤ 3000 ᠲᠥᠭᠦᠷᠢᠭ᠎ᠤᠨ ᠴᠠᠯᠢᠩ ᠤᠯᠵᠤ ᠪᠠᠢᠬᠤ᠎ᠠᠴᠠ ᠭᠠᠳᠠᠨ᠎ᠠ ᠪᠠᠰᠠ ᠭᠠᠵᠠᠷ ᠱᠢᠷᠤᠢ᠎ᠪᠠᠨ ᠡᠷᠭᠢᠯᠳᠦᠭᠦᠯᠦᠠ ᠡᠵᠡᠩᠨᠡᠭ᠌ᠰᠡᠡ ᠤᠷᠤᠯᠭ᠎ᠠ᠎ᠲᠠᠢ ᠪᠤᠯᠬᠤᠷ ᠠᠮᠢᠳᠤᠷᠠᠯ ᠶᠠᠪᠤᠬᠤ ᠲᠤᠳᠤᠮ ᠰᠠᠢᠵᠢᠷᠠᠵᠤ ᠪᠠᠢᠨ᠎ᠠ》 ᠬᠡᠮᠡᠨ ᠬᠤᠷᠱᠢᠶ᠎ᠠ᠎ᠳᠤ ᠬᠥᠯᠥᠰᠥᠨ ᠠᠵᠢᠯ ᠬᠢᠵᠦ᠍ ᠪᠠᠢᠭ᠎ᠠ ᠴᠧᠨ ᠢᠦᠢ ᠱᠢᠨ ᠤᠳᠤᠬᠠᠨ᠎ᠤ ᠠᠮᠢᠳᠤᠷᠠᠯ᠎ᠳᠠᠭᠠᠨ ᠮᠠᠰᠢ ᠰᠠᠳᠭᠢᠯ ᠬᠠᠨᠭ᠌ᠬᠤᠯᠤᠭᠤᠠ ᠪᠠᠢᠨ᠎ᠠ᠃
ᠦᠢᠯᠠᠭᠠᠭ᠍ᠰᠠᠠᠢᠶᠠᠷ᠂ ᠨᠠᠨ ᠯᠢ ᡁᠢ ᠪᠠᠰᠠ 600 ᠮᠦ᠍ ᠣᠷᠴᠢᠮ᠎ᠤᠨ ᠶᠠᠳᠠᠭᠤ᠎ᠶ᠋ᠢ ᠲᠡᠳᠬᠦᠬᠦ᠌ ᠠᠵᠤ ᠦᠢᠯᠡᠰ᠎ᠤᠨ ᠬᠦᠷᠢᠶᠡᠯᠡᠩ ᠲᠣᠭᠤᠷᠢᠭ᠎ᠢ ᠪᠠᠢᠭᠤᠯᠬᠤ ᠪᠠᠯᠡᠳᠭᠡᠯ ᠠᠵᠢᠯ᠎ᠳᠠᠭᠠᠨ ᠶᠠᠭᠠᠷᠠᠵᠥ᠍ ᠪᠠᠢᠨ᠎ᠠ᠂ ᠲᠤᠰ ᠬᠦᠷᠢᠶᠠᠯᠠᠩ ᠪᠠᠢᠭᠤᠯᠤᠭ᠍ᠳᠠᠪᠠᠯ ᠪᠠᠰᠠ 20 ᠭᠠᠷᠤᠢ ᠲᠣᠰᠭᠤᠨ᠎ᠤ ᠠᠷᠠᠳ᠎ᠤᠨ ᠠᠵᠢᠯ ᠣᠯᠭᠤᠯᠲᠠ᠎ᠶ᠋ᠢᠨ ᠠᠰᠠᠭᠤᠳᠠᠯ᠎ᠢ ᠱᠢᠢᠳᠪᠦᠷᠢᠯᠡᠴᠢᠬᠡᠨᠠ᠃
ᠤᠯᠠᠨ ᠵᠢᠯ᠎ᠤᠨ ᠲᠤᠷᠰᠢ᠂ ᠨᠠᠨ ᠯᠢ ᡁᠢ ᠤᠯᠤᠰ᠂ ᠬᠠᠮᠲᠤ ᠨᠠᠢᠳᠠ ᠤᠯᠠᠨ ᠲᠦᠮᠡᠨ᠎ᠤ ᠠᠱᠢᠭ ᠲᠤᠰᠠ᠎ᠶ᠋ᠢ ᠢᠮᠠᠭ᠍ᠲᠠ ᠲᠡᠷᠢᠭᠦᠨ᠎ᠳᠤ ᠲᠠᠯᠪᠢᠵᠤ ᠬᠠᠷᠠᠮ ᠦᠭᠡᠢ ᠵᠢᠳᠭᠦᠨ᠎ᠡ᠃ ᠵᠢᠯ ᠴᠠᠭᠠᠨ ᠰᠠᠷ᠎ᠠ ᠪᠠᠶᠠᠷ ᠳᠤᠷᠠᠰᠭᠠᠯ᠎ᠤᠨ ᠡᠳᠦᠷ ᠪᠤᠯᠬᠤ ᠪᠦᠷᠢ ᠲᠠᠪᠤᠨ ᠪᠠᠲᠤᠯᠠᠭᠠᠲᠤ ᠡᠷᠦᠬᠡ᠂ ᠶᠠᠳᠠᠭᠤ ᠬᠦᠴᠢᠷᠳᠡᠯᠲᠡᠶ ᠡᠷᠦᠬᠡ᠂ ᠨᠠᠰᠤᠲᠠᠨ᠎ᠢ ᠠᠰᠠᠷᠠᠬᠤ ᠬᠦᠷᠢᠶᠡᠯᠡᠩ᠎ᠤᠨ ᠨᠠᠰᠤᠲᠠᠨ᠎ᠢ ᠲᠣᠬᠤᠨᠢᠭᠤᠯᠤᠨ᠎ᠠ; ᠮᠡᠷᠭᠡᠵᠢᠯ᠎ᠤᠨ ᠵᠢᠯᠣᠭᠤᠳᠭᠤ ᠲᠥᠪ᠎ᠢ ᠪᠠᠢᠭᠤᠯᠵᠤ ᠲᠤᠷᠱᠢᠯᠭ᠎ᠠ ᠪᠠ ᠣᠯᠤᠯᠲᠠ ᠲᠥᠷᠥᠭ᠌ᠳᠡᠯ᠎ᠢᠶᠠᠨ ᠲᠠᠷᠢᠶᠠᠴᠢᠳ᠎ᠲᠠᠢ ᠬᠠᠷᠠᠮ ᠦᠭᠡᠶ ᠬᠤᠪᠢᠶᠠᠯᠴᠠᠨ᠎ᠠ; ᠦᠶᠡᠷ᠎ᠲᠠᠢ ᠲᠡᠮᠡᠴᠡᠬᠦ᠂ ᠠᠶᠤᠯ᠎ᠠᠴᠠ ᠠᠪᠤᠷᠠᠬᠤ᠂ ᠭᠠᠯ ᠤᠨᠲᠠᠷᠠᠭᠠᠬᠤ ᠵᠡᠷᠬᠡ ᠠᠶᠤᠯ ᠲᠦᠭ᠌ᠰᠢᠬᠦᠷᠢᠳᠠᠢ ᠦᠶ᠎ᠡ᠎ᠳᠤ ᠬᠡᠵᠢᠶᠠᠳᠠ ᠡᠮᠤᠨ᠎ᠠ᠎ᠨᠢ ᠭᠠᠪᠱᠢᠭᠠᠢᠯᠠᠨ ᠤᠷᠤᠵᠥ᠍ ᠦᠯᠢᠭᠡᠷ ᠳᠠᠭᠤᠷᠢᠶᠠᠯ ᠪᠤᠯᠵᠥ᠍ ᠪᠠᠢᠳᠠᠭ᠎ᠢᠶᠠᠷ ᠤᠯᠠᠨ ᠲᠦᠮᠡᠨ᠎ᠤ ᠦᠨᠳᠤᠷ ᠦᠨᠡᠯᠡᠯᠲᠡ ᠪᠠ ᠮᠠᠭ᠍ᠲᠠᠭᠠᠯ ᠰᠠᠢᠱᠢᠶᠠᠯ᠎ᠢ ᠣᠯᠤᠭ᠍ᠰᠠᠭᠠᠷ ᠢᠷᠡᠵᠡᠢ᠃ ᠲᠡᠷᠠ ᠤᠷᠢᠳ ᠬᠤᠵᠢᠳ 《ᠪᠦᠬᠦ᠌ ᠤᠯᠤᠰ᠎ᠤᠨ ᠲᠠᠷᠢᠶᠠᠯᠠᠩ᠎ᠤᠨ ᠬᠥᠳᠡᠯᠮᠦᠷᠢ᠎ᠶ᠋ᠢᠨ ᠵᠢᠱ᠌ᠢᠶᠡᠴᠢ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠢᠯᠢᠳᠡᠭ ᠡᠪ ᠬᠠᠮᠲᠤ ᠨᠠᠮ᠎ᠤᠨ ᠭᠡᠱᠢᠭᠦᠨ》 ᠵᠡᠷᠭᠡ ᠢᠷᠠᠭᠤ ᠠᠯᠳᠠᠷ᠎ᠢ ᠬᠦᠷᠳᠡᠪᠠ᠃