ᠶᠡᠷᠦᠩᠬᠡᠢ ᠱᠦᠵᠢ ᠰᠢ᠎ᠶ᠋ᠢᠨ ᠫᠢᠩ᠎ᠤᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠤᠳᠭ᠎ᠠ ᠰᠠᠨᠠᠭ᠎ᠠ ᠭᠦᠨ᠂ ᠠᠭᠤᠯᠤᠭ᠍ᠳᠠᠬᠤᠨ ᠭᠦᠨᠵᠡᠭᠡᠢ᠂ ᠰᠦᠷ ᠳᠠᠯᠠᠢᠴᠠᠲᠠᠢ ᠪᠠᠢᠵᠤ᠂ ᠴᠠᠭ ᠦᠶᠡᠴᠢ ᠴᠢᠨᠠᠷ᠂ ᠪᠠᠢᠯᠳᠤᠬᠤ ᠪᠤᠳᠤᠯᠭ᠎ᠠ᠎ᠶ᠋ᠢᠨ ᠴᠢᠨᠠᠷ᠂ ᠱᠢᠨ᠎ᠡ᠎ᠶ᠋ᠢ ᠡᠭᠦᠳᠬᠦ᠌ ᠴᠢᠨᠠᠷ᠂ ᠦᠢᠯᠡᠳᠦᠯᠭᠡ᠎ᠶ᠋ᠢᠨ ᠴᠢᠨᠠᠷ᠎ᠢ ᠲᠤᠪᠤᠢᠯᠭᠠᠪᠠ᠂ ᠡᠨᠡ ᠪᠣᠯ ᠨᠠᠮ᠎ᠤᠨ ᠲᠦᠷᠦ᠎ᠶ᠋ᠢ ᠵᠠᠰᠠᠵᠤ ᠵᠠᠰᠠᠭ᠎ᠢ ᠡᠷᠬᠢᠯᠡᠬᠦ᠌ ᠠᠷᠭ᠎ᠠ ᠪᠤᠳᠤᠯᠭ᠎ᠠ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠬᠦᠷᠢᠶᠡᠨ᠎ᠳᠠᠬᠢ ᠲᠥᠪᠯᠡᠷᠡᠩᠭᠦᠢ ᠢᠯᠡᠷᠡᠯ ᠪᠠᠢᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠌᠎ᠳᠤ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠵᠢᠭᠠᠨ ᠦᠭ᠌ᠴᠤ᠂ ᠦᠨᠳᠦᠰᠦᠨ ᠵᠢᠷᠤᠮᠯᠠᠯ ᠬᠠᠩᠭᠠᠵᠠᠢ᠃
ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠤᠨ ᠴᠢᠬᠤᠯᠠ ᠦᠵᠡᠯ ᠰᠠᠨᠠᠭᠠᠨ᠎ᠤ ᠴᠠᠭ ᠦᠶᠡᠴᠢ ᠴᠢᠨᠠᠷ᠎ᠢ ᠭᠦᠨᠵᠡᠭᠡᠶ ᠣᠢᠯᠠᠭᠠᠬᠤ ᠬᠡᠷᠡᠭ᠌ᠲᠡᠶ᠃ ᠶᠠᠮᠠᠷᠪᠠ ᠠᠭᠤᠤ ᠶᠡᠭᠡ ᠦᠵᠡᠯ ᠰᠠᠨᠠᠭ᠎ᠠ ᠪᠣᠯ ᠴᠥᠮ ᠴᠠᠭ ᠦᠶ᠎ᠡ᠎ᠶ᠋ᠢᠨ ᠪᠦᠲᠦᠭᠡᠭ᠌ᠳᠡᠬᠦᠨ ᠮᠥᠨ᠃ ᠨᠠᠮ᠎ᠤᠨ ᠵᠠᠭᠤᠨ ᠵᠢᠯ᠎ᠤᠨ ᠲᠡᠦᠬᠡᠨ ᠶᠠᠪᠤᠴᠠ᠎ᠶ᠋ᠢ ᠡᠷᠭᠢᠴᠡᠭᠦᠯᠪᠡᠯ᠂ ᠨᠠᠮ᠎ᠤᠨ ᠦᠨᠳᠦᠰᠦᠲᠡᠨ᠎ᠤ ᠠᠵᠢᠯ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠣᠯᠵᠤ ᠴᠢᠳᠠᠭ᠍ᠰᠠᠨ᠎ᠤ ᠬᠠᠮᠤᠭ᠎ᠤᠨ ᠦᠨᠳᠦᠰᠦᠨ ᠱᠢᠯᠲᠠᠭᠠᠨ᠎ᠨᠢ ᠮᠠᠨ᠎ᠤ ᠨᠠᠮ ᠴᠠᠭ ᠦᠶ᠎ᠡ᠎ᠶ᠋ᠢᠨ ᠬᠥᠭ᠌ᠵᠢᠯᠲᠡ᠎ᠶ᠋ᠢ ᠲᠠᠭᠠᠵᠤ᠂ ᠮᠠᠷᠺᠰ᠎ᠤᠨ ᠦᠵᠡᠯ᠎ᠤᠨ ᠦᠨᠳᠤᠰᠦᠨ ᠤᠭ ᠶᠤᠰᠤ᠎ᠶ᠋ᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠢ ᠴᠢᠳᠠᠮᠠᠭᠠᠢ᠎ᠪᠠᠷ ᠤᠶᠠᠯᠳᠤᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢ ᠴᠠᠭ ᠦᠶ᠎ᠡ᠎ᠲᠠᠢ ᠵᠡᠷᠭᠡ᠎ᠪᠠᠷ ᠤᠷᠤᠭ᠍ᠰᠢᠯᠠᠨ ᠨᠡᠭᠡᠭᠡᠭ᠌ᠰᠡᠨ᠎ᠳᠤ ᠤᠷᠤᠱᠢᠨ᠎ᠠ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠬ᠍ᠰᠠᠨ ᠨᠠᠮ᠎ᠤᠨ ᠲᠥᠪ ᠬᠤᠷᠢᠶ᠎ᠠ ᠮᠠᠨ᠎ᠤ ᠤᠯᠤᠰ᠎ᠤᠨ ᠲᠡᠦᠬᠡ᠎ᠶ᠋ᠢᠨ ᠣᠷᠣᠨ ᠪᠠᠢᠷᠢ᠎ᠶ᠋ᠢᠨ ᠱᠢᠨ᠎ᠡ ᠬᠤᠪᠢᠷᠠᠯᠲᠠ᠎ᠶ᠋ᠢ ᠭᠦᠨᠵᠡᠭᠡᠶ ᠵᠠᠳᠠᠯᠵᠤ᠂ ᠳᠤᠮᠳᠠᠳᠤ ᠤᠯᠤᠰ᠎ᠤᠨ ᠣᠨᠴᠠᠯᠢᠭ ᠪᠥᠬᠦᠶ ᠨᠡᠢᠭᠡᠮ ᠵᠢᠷᠤᠮ ᠱᠢᠨ᠎ᠡ ᠴᠠᠭ ᠦᠶ᠎ᠡ᠎ᠳᠤ ᠲᠠᠪᠱᠢᠨ ᠤᠷᠤᠭ᠍ᠰᠠᠨ ᠱᠢᠨᠵᠢᠯᠡᠬᠦ᠌ ᠤᠬᠠᠭᠠᠨᠴᠢ ᠮᠠᠭᠠᠳᠯᠠᠯᠲᠠ ᠬᠢᠭ᠌ᠰᠡᠨ ᠰᠠᠭᠤᠷᠢᠨ ᠳᠡᠭᠡᠷ᠎ᠡ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠳᠤ ᠲᠤᠯᠭᠠᠷᠠᠵᠤ ᠪᠠᠢᠭ᠎ᠠ ᠱᠢᠨ᠎ᠡ ᠪᠠᠢᠳᠠᠯ ᠱᠢᠨ᠎ᠡ ᠱᠠᠭᠠᠷᠳᠠᠯᠭ᠎ᠠ᠎ᠶ᠋ᠢ ᠪᠣᠳᠣᠯᠬᠢᠯᠠᠨ᠂ ᠠᠯᠤᠰ ᠬᠡᠲᠦ᠎ᠶ᠋ᠢᠨ ᠠᠷᠭ᠎ᠠ ᠪᠣᠳᠣᠯᠭ᠎ᠠ᠎ᠶ᠋ᠢ ᠰᠦᠪᠡᠭ᠌ᠴᠢᠯᠡᠵᠦ᠍᠂ ᠦᠨᠳᠦᠰᠦ᠎ᠶ᠋ᠢ ᠪᠠᠬᠢᠵᠢᠭᠦᠯᠬᠦ᠌ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠦᠨ᠂ 《ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠭᠡᠬᠦ᠌ ᠡᠨᠡ ᠬᠦ᠌ ᠴᠢᠬᠤᠯᠠ ᠶᠡᠭᠡ ᠨᠤᠲᠠᠯᠠᠯᠲᠠ᠎ᠶ᠋ᠢ ᠪᠦᠲᠦᠭᠡᠯᠴᠢ᠎ᠪᠠᠷ ᠳᠤᠷᠠᠳᠤᠨ ᠭᠠᠷᠭᠠᠵᠤ᠂ ᠦᠨᠳᠦᠰᠦᠲᠡᠨ᠎ᠤ ᠠᠵᠢᠯ᠎ᠢ ᠬᠥᠲᠥᠯᠥᠨ ᠵᠢᠯᠣᠭᠤᠳᠴᠤ᠌ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠳᠤᠮᠳᠠ ᠱᠢᠨ᠎ᠡ ᠳᠡᠭ᠌ᠲᠡᠷ᠎ᠲᠤ ᠭᠠᠷᠭᠠᠵᠤ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠢ ᠳᠤᠮᠳᠠᠳᠤ ᠤᠯᠤᠰᠴᠢᠯᠠᠬᠤ ᠱᠢᠨ᠎ᠡ ᠠᠬᠤᠶ ᠪᠠᠢᠳᠠᠯ᠎ᠢ ᠨᠡᠭᠡᠭᠡᠭ᠌ᠰᠡᠨ ᠪᠠᠢᠨ᠎ᠠ᠃ ᠶᠡᠷᠦᠩᠬᠡᠶ ᠱᠦᠵᠢ ᠰᠢ᠎ᠶ᠋ᠢᠨ ᠫᠢᠩ᠎ᠤᠨ ᠶᠠᠷᠢᠶᠠᠨ᠎ᠳᠠᠭᠠᠨ ᠳᠡᠭᠡᠳᠦ ᠬᠡᠮᠵᠢᠶ᠎ᠡ᠎ᠪᠠᠷ ᠬᠤᠷᠢᠶᠠᠩᠭᠤᠢᠯᠠᠭ᠍ᠰᠠᠨ 《ᠠᠷᠪᠠᠨ ᠬᠤᠶᠠᠷ ᠡᠷᠬᠡᠪᠰᠢ》 ᠶ᠋ᠢᠨ ᠴᠢᠬᠤᠯᠠ ᠦᠵᠡᠯ ᠰᠠᠨᠠᠭ᠎ᠠ᠎ᠨᠢ ᠲᠡᠦᠬᠡ᠎ᠶ᠋ᠢᠨ ᠣᠷᠣᠨ ᠪᠠᠢᠷᠢ᠂ ᠴᠢᠬᠤᠯᠠ ᠡᠭᠦᠷᠭᠡ᠂ ᠠᠵᠢᠯ᠎ᠤᠨ ᠭᠤᠤᠯ ᠱᠢᠵᠢᠮ᠂ ᠦᠨᠳᠦᠰᠦᠨ ᠵᠠᠷᠴᠢᠮ ᠵᠡᠷᠭᠡ ᠲᠠᠯ᠎ᠠ᠎ᠪᠠᠷ ᠨᠢᠭᠡᠨ ᠪᠦᠷᠢᠨ ᠪᠦᠲᠦᠨ ᠱᠢᠨᠵᠢᠯᠡᠬᠦ᠌ ᠤᠬᠠᠭᠠᠨᠴᠢ ᠣᠨᠣᠯ᠎ᠤᠨ ᠱᠢᠰᠲ᠋ᠧᠮ᠎ᠢ ᠪᠦᠷᠢᠯᠳᠦᠭᠦᠯᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ ᠶᠠᠮᠠᠷ ᠲᠤᠭ᠎ᠢ ᠮᠠᠨᠳᠤᠭᠤᠯᠬᠤ᠂ ᠶᠠᠮᠠᠷ ᠵᠠᠮ᠎ᠢᠶᠠᠷ ᠵᠠᠮᠨᠠᠬᠤ᠂ ᠶᠠᠭᠠᠬᠢᠵᠤ ᠬᠢᠬᠦ᠌ ᠲᠤᠬᠠᠶ 《ᠴᠠᠭ ᠦᠶ᠎ᠡ᠎ᠶ᠋ᠢᠨ ᠠᠰᠠᠭᠤᠯᠲᠠ》 ᠶ᠋ᠢ ᠱᠢᠰᠲ᠋ᠧᠮ᠎ᠲᠠᠢ ᠬᠠᠷᠢᠭᠤᠯᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠳᠤ ᠦᠨᠳᠦᠰᠦᠨ ᠵᠢᠷᠤᠮᠯᠠᠯ ᠬᠠᠩᠭᠠᠵᠤ᠂ ᠪᠥᠬᠦ᠌ ᠨᠠᠮ ᠪᠥᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠠᠢᠴᠢᠯᠠᠨ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠬᠠᠮᠲᠤ᠎ᠪᠠᠷ ᠲᠡᠮᠡᠴᠡᠬᠦ᠌᠎ᠳᠤ ᠬᠦᠴᠦᠷᠬᠡᠭ ᠶᠡᠭᠡ ᠦᠵᠡᠯ ᠰᠠᠨᠠᠭᠠᠨ᠎ᠤ ᠵᠡᠪᠰᠡᠭ ᠪᠠ ᠣᠨᠣᠯ᠎ᠤᠨ ᠵᠦᠭ᠌ᠯᠡᠭᠦᠷ ᠬᠠᠩᠭᠠᠪᠠ᠃
ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠᠢᠯᠳᠤᠬᠤ ᠪᠣᠳᠣᠯᠭ᠎ᠠ᠎ᠶ᠋ᠢᠨ ᠴᠢᠨᠠᠷ᠎ᠢ ᠭᠦᠨᠵᠡᠭᠡᠶ ᠣᠢᠯᠠᠭᠠᠬᠤ ᠬᠡᠷᠡᠭ᠌ᠲᠡᠶ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷᠡᠬᠢ ᠪᠦᠬᠦ᠋ᠢᠯᠠ ᠶᠠᠷᠢᠶ᠎ᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠡᠰᠡᠨ ᠤᠯᠠᠭᠠᠨ ᠱᠤᠭᠤᠮ᠎ᠢᠶᠠᠷ ᠲᠤᠭᠤᠱᠢᠯᠠᠭ᠍ᠳᠠᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢ ᠦᠨᠳᠦᠰᠦᠲᠡᠨ᠎ᠨᠦᠭᠦᠳ ᠬᠠᠮᠲᠤ᠎ᠪᠠᠷ ᠪᠠᠢᠭᠤᠯᠬᠤ ᠪᠠᠢᠯᠳᠤᠬᠤ ᠪᠤᠳᠤᠯᠭ᠎ᠠ᠎ᠶ᠋ᠢᠨ ᠴᠢᠭ᠌ᠯᠡᠯ᠎ᠢ ᠢᠯᠡᠷᠡᠭᠦᠯᠵᠠᠢ᠃ ᠶᠠᠷᠢᠶᠠᠨ᠎ᠳᠤ 《ᠬᠠᠮᠲᠤ᠎ᠪᠠᠷ》᠂ 《ᠬᠠᠮᠲᠤ᠎ᠶ᠋ᠢᠨ》᠂ 《ᠪᠦᠯᠬᠦᠮᠳᠡᠯ》᠂ 《ᠡᠶ᠎ᠡ ᠵᠣᠬᠢᠴᠠᠩᠭᠤᠢ》 ᠵᠡᠷᠭᠡ ᠨᠡᠢᠲᠡᠯᠢᠭ ᠴᠢᠨᠠᠷᠲᠠᠢ ᠦᠵᠡᠯ ᠰᠠᠨᠠᠭ᠎ᠠ᠎ᠶ᠋ᠢ ᠢᠯᠡᠷᠡᠭᠦᠯᠦᠭ᠌ᠰᠡᠨ ᠦᠭᠡ ᠬᠡᠯᠡᠯᠭᠡ ᠤᠯᠠᠨ ᠤᠳᠠᠭ᠎ᠠ ᠢᠯᠡᠷᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠣᠯ ᠱᠢᠵᠢᠮ ᠪᠣᠯᠭᠠᠵᠤ᠂ ᠦᠨᠳᠦᠰᠦᠲᠡᠨ᠎ᠨᠦᠭᠦᠳ᠎ᠤᠨ ᠶᠡᠭᠡ ᠪᠦᠯᠬᠦᠮᠳᠡᠯ᠎ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠳᠣᠲᠣᠭᠠᠳᠤ ᠯᠣᠭᠢᠭ᠎ᠢ ᠲᠤᠪᠤᠢᠯᠭᠠᠪᠠ; ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠦᠨᠳᠦᠰᠦᠨ ᠡᠷᠬᠡ ᠠᠱᠢᠭ᠎ᠢ ᠪᠠᠲᠤᠯᠠᠬᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠴᠡᠴᠡᠭ᠌ᠯᠡᠨ ᠬᠥᠭ᠌ᠵᠢᠬᠦ᠌᠎ᠶ᠋ᠢ ᠠᠬᠢᠭᠤᠯᠬᠤ᠂ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢ ᠪᠡᠶᠡᠯᠡᠭᠦᠯᠬᠦ᠂ ᠦᠨᠳᠦᠰᠦᠲᠡᠨ᠎ᠨᠦᠭᠦᠳ᠎ᠤᠨ ᠦᠨᠳᠦᠰᠦᠨ ᠠᠱᠢᠭ ᠲᠤᠰᠠ᠎ᠶ᠋ᠢ ᠰᠠᠢᠲᠤᠷ ᠪᠡᠶᠡᠯᠡᠭᠦᠯᠬᠦ᠂ ᠰᠠᠢᠲᠤᠷ ᠬᠠᠮᠠᠭᠠᠯᠠᠬᠤ᠂ ᠰᠠᠢᠲᠤᠷ ᠬᠥᠭ᠌ᠵᠢᠭᠦᠯᠬᠦ᠌ ᠦᠷᠳᠡᠭ᠎ᠤᠨ ᠣᠢᠯᠠᠭᠠᠭ᠍ᠳᠠᠬᠤᠨ᠎ᠢ ᠲᠤᠪᠤᠢᠯᠭᠠᠵᠦ᠍᠂ ᠠᠷᠠᠳ᠎ᠤᠨ ᠲᠥᠯᠥᠭᠡ ᠲᠦᠷᠦ᠍ ᠪᠠᠷᠢᠬᠤ ᠦᠵᠡᠯ ᠰᠠᠨᠠᠭ᠎ᠠ ᠦᠭᠡ ᠥᠭᠦᠯᠡᠪᠦᠷᠢ ᠪᠦᠬᠦᠨ᠎ᠠᠴᠠ ᠮᠡᠳᠡᠭ᠌ᠳᠡᠵᠦ᠍ ᠪᠠᠢᠨ᠎ᠠ᠃ ᠶᠡᠷᠦᠩᠬᠡᠢ ᠱᠦᠵᠢ ᠰᠢ᠎ᠶ᠋ᠢᠨ ᠫᠢᠩ᠄ 《ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠳᠠᠷᠤᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠦᠲᠦᠯᠦᠨ ᠵᠢᠯᠣᠭᠤᠳᠴᠤ᠌ ᠪᠠᠢᠭᠠᠳ ᠬᠦᠴᠢᠷ ᠪᠡᠷᠭᠡ᠎ᠶ᠋ᠢ ᠬᠠᠮᠳᠣ᠎ᠪᠠᠷ ᠲᠣᠭᠤᠯᠬᠤ᠂ ᠵᠢᠷᠭᠠᠯ ᠵᠣᠪᠠᠯᠠᠩ᠎ᠢᠶᠠᠨ ᠬᠠᠮᠳᠣᠳᠭᠠᠬᠤ᠂ ᠦᠬᠦᠵᠦ᠍ ᠰᠡᠭᠡᠬᠦ᠌᠎ᠪᠠᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠤᠢ ᠪᠣᠯᠭᠠᠬᠤ ᠶᠠᠪᠤᠳᠠᠯ ᠪᠣᠯᠤᠨ᠎ᠠ》 ᠭᠡᠵᠦ᠍ ᠴᠢᠬᠤᠯᠠᠴᠢᠯᠠᠪᠠ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠵᠠᠢᠯᠠᠰᠢ ᠦᠭᠡᠢ ᠱᠠᠭᠠᠷᠳᠠᠯᠭ᠎ᠠ᠎ᠶ᠋ᠢ ᠠᠩᠬ᠎ᠠ ᠤᠳᠠᠭ᠎ᠠ ᠱᠢᠰᠲ᠋ᠧᠮ᠎ᠲᠠᠢ ᠲᠣᠳᠣᠷᠬᠠᠢᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠦᠨᠳᠦᠰᠦᠲᠡᠨ᠎ᠨᠦᠭᠦᠳ᠎ᠤᠨ ᠦᠨᠳᠦᠰᠦᠨ ᠠᠱᠢᠭ ᠲᠤᠰᠠ᠎ᠶ᠋ᠢ ᠬᠠᠮᠠᠭᠠᠯᠠᠬᠤ᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠂ ᠡᠷᠬᠡ ᠲᠡᠭ᠌ᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭ᠍ᠰᠠᠨ ᠡᠶ᠎ᠡ ᠵᠣᠬᠢᠴᠠᠯ᠎ᠲᠠᠢ ᠨᠡᠢᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ᠎ᠶ᠋ᠢ ᠪᠠᠬᠢᠵᠢᠭᠦᠯᠦᠨ ᠬᠥᠭ᠌ᠵᠢᠭᠦᠯᠬᠦ᠌᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠂ ᠨᠠᠮ᠎ᠤᠨ ᠦᠨᠳᠦᠰᠦᠲᠡᠨ᠎ᠤ ᠠᠵᠢᠯ᠎ᠤᠨ ᠱᠢᠨ᠎ᠡ ᠪᠠᠢᠳᠠᠯ᠎ᠢ ᠨᠡᠭᠡᠭᠡᠬᠦ᠌᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ ᠭᠡᠳᠡᠭ᠎ᠢ ᠲᠣᠳᠣᠷᠬᠠᠢᠯᠠᠪᠠ᠃ ᠭᠠᠭ᠍ᠴᠠ ᠬᠦ᠌ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠪᠠᠯ ᠰᠠᠶᠢ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠶᠠᠪᠤᠴᠠ᠎ᠳᠤ ᠦᠨᠳᠦᠰᠦᠲᠡᠨ᠎ᠤ ᠬᠦᠷᠢᠶᠡᠨ᠎ᠳᠤ ᠡᠭᠦᠰᠴᠦ᠍ ᠮᠡᠳᠡᠬᠦ᠌ ᠠᠶᠤᠯ ᠲᠦᠭ᠌ᠰᠢᠭᠦᠷᠢ ᠥᠷᠢᠰᠥᠯᠳᠦᠭᠡᠨ᠎ᠢ ᠪᠦᠲᠦᠮᠵᠢᠲᠡᠢ ᠠᠷᠭᠠᠴᠠᠭᠠᠵᠤ ᠴᠢᠳᠠᠨ᠎ᠠ; ᠰᠠᠶᠢ ᠨᠠᠮ ᠪᠠ ᠤᠯᠤᠰ ᠣᠷᠣᠨ᠎ᠤ ᠬᠥᠭ᠌ᠵᠢᠨ ᠮᠠᠨᠳᠤᠬᠤ᠂ ᠥᠨᠢ ᠤᠳᠠᠭᠠᠨ ᠠᠮᠤᠷ ᠲᠤᠭ᠍ᠳᠠᠭᠤᠨ ᠪᠠᠢᠬᠤ᠎ᠳᠤ ᠴᠢᠬᠤᠯᠠ ᠦᠵᠡᠯ ᠰᠠᠨᠠᠭᠠᠨ᠎ᠤ ᠪᠠᠲᠤᠯᠠᠭ᠎ᠠ ᠬᠠᠩᠭᠠᠵᠤ ᠴᠢᠳᠠᠨ᠎ᠠ; ᠦᠨᠳᠦᠰᠦᠲᠡᠨ᠎ᠨᠦᠭᠦᠳ᠎ᠤᠨ ᠳᠤᠮᠳᠠᠳᠤ᠎ᠶ᠋ᠢᠨ ᠦᠨᠳᠦᠰᠦᠲᠡᠨ᠎ᠤ ᠲᠤᠬᠠᠢ ᠤᠬᠠᠮᠰᠠᠷᠲᠤ ᠬᠠᠮᠳᠤ᠎ᠶ᠋ᠢᠨ ᠲᠠᠨᠢᠯᠳᠠ᠎ᠶ᠋ᠢ ᠨᠡᠮᠡᠭ᠌ᠳᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠳᠤ᠎ᠶ᠋ᠢᠨ ᠲᠠᠨᠢᠯᠳᠠ᠎ᠪᠠᠷ ᠨᠡᠩ ᠥᠨᠳᠥᠷ᠂ ᠨᠢᠭ᠍ᠲᠠᠷᠠᠯ᠎ᠤᠨ ᠬᠦᠴᠦᠨ᠎ᠢᠶᠠᠷ ᠨᠡᠩ ᠴᠢᠩᠭ᠎ᠠ ᠬᠤᠪᠢ ᠵᠠᠶᠠᠭᠠᠨ᠎ᠤ ᠬᠠᠮᠲᠤ ᠴᠣᠭ᠍ᠴᠠ ᠪᠣᠯᠬᠤ᠎ᠶ᠋ᠢ ᠠᠬᠢᠭᠤᠯᠵᠤ ᠴᠢᠳᠠᠨ᠎ᠠ ᠭᠡᠳᠡᠭ᠎ᠢ ᠭᠦᠨᠵᠡᠭᠡᠢ ᠲᠣᠳᠣᠷᠬᠠᠢᠯᠠᠨ ᠥᠭᠦᠯᠡᠪᠡ᠃ ᠭᠠᠭ᠍ᠴᠠ ᠬᠦ᠌ ᠴᠠᠭ ᠦᠶ᠎ᠡ᠎ᠶ᠋ᠢᠨ ᠬᠤᠪᠢᠷᠠᠯᠲᠠ᠎ᠶ᠋ᠢ ᠳᠠᠭᠠᠵᠤ᠂ ᠨᠡᠢᠲᠡᠯᠢᠭ ᠴᠢᠨᠠᠷ᠎ᠢ ᠨᠡᠮᠡᠭ᠌ᠳᠡᠭᠦᠯᠬᠦ᠌ ᠴᠢᠭ᠌ᠯᠡᠯ᠎ᠢᠶᠠᠷ ᠦᠨᠳᠦᠰᠦᠲᠡᠨ᠎ᠤ ᠠᠵᠢᠯ᠎ᠢ ᠰᠠᠢᠵᠢᠷᠠᠭᠤᠯᠪᠠᠯ ᠰᠠᠶᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠢ ᠨᠠᠷᠢᠨ ᠨᠢᠮᠪᠠᠶ ᠯᠠᠪᠳᠠᠭᠤᠨ ᠪᠠᠲᠤᠲᠠᠶ ᠬᠢᠵᠦ᠍ ᠴᠢᠳᠠᠨ᠎ᠠ᠃ ᠡᠳᠡᠭᠡᠷ ᠥᠭᠦᠯᠡᠯᠲᠡ᠎ᠨᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠦᠵᠡᠯ ᠤᠬᠠᠮᠰᠠᠷ᠎ᠤᠨ ᠪᠠᠢᠯᠳᠤᠬᠤ ᠪᠤᠳᠤᠯᠭ᠎ᠠ᠎ᠶ᠋ᠢᠨ ᠦᠵᠡᠯ ᠰᠠᠨᠠᠭ᠎ᠠ᠎ᠶ᠋ᠢ ᠪᠠᠲᠤ ᠴᠣᠭ᠍ᠴᠠᠯᠠᠬᠤ ᠱᠢᠨᠵᠢᠯᠡᠬᠦ᠌ ᠤᠬᠠᠭᠠᠨᠴᠢ ᠦᠨᠳᠦᠰᠦᠯᠡᠯ ᠪᠠ ᠴᠢᠬᠤᠯᠠ ᠶᠡᠭᠡ ᠠᠴᠢ ᠬᠤᠯᠪᠣᠭ᠍ᠳᠠᠯ᠎ᠢ ᠲᠤᠳᠤᠷᠬᠠᠢᠯᠠᠵᠦ᠍᠂ ᠪᠢᠳᠠᠨ᠎ᠤ ᠭᠤᠣᠯ ᠱᠢᠵᠢᠮ᠎ᠳᠤ ᠡᠷᠡᠰ ᠭᠤᠢᠪᠢᠰᠢ ᠦᠭᠡᠢ᠎ᠪᠠᠷ ᠠᠩᠬᠠᠷᠤᠯ᠎ᠢᠶᠠᠨ ᠲᠥᠪᠯᠡᠷᠡᠭᠦᠯᠵᠤ ᠦᠨᠳᠦᠰᠦᠲᠡᠨ᠎ᠤ ᠠᠵᠢᠯ᠎ᠢ ᠠᠬᠢᠭᠤᠯᠬᠤ ᠠᠵᠢᠯ᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠪᠡ᠃
ᠶᠠᠷᠢᠶᠠᠨ᠎ᠤ ᠵᠣᠷᠢᠭ ᠰᠠᠨᠠᠭᠠᠨ᠎ᠤ ᠱᠢᠨ᠎ᠡ᠎ᠶ᠋ᠢ ᠡᠭᠦᠳᠬᠦ᠌ ᠴᠢᠨᠠᠷ᠎ᠢ ᠭᠦᠨᠵᠡᠭᠡᠶ ᠣᠢᠯᠠᠭᠠᠬᠤ ᠬᠡᠷᠡᠭ᠌ᠲᠡᠶ᠃ ᠱᠢᠨ᠎ᠡ᠎ᠶ᠋ᠢ ᠡᠭᠦᠳᠬᠦ᠌ ᠪᠣᠯ ᠨᠢᠭᠡ ᠦᠨᠳᠦᠰᠦᠲᠡᠨ᠎ᠤ ᠳᠠᠪᠱᠢᠯᠲᠠ᠎ᠶ᠋ᠢᠨ ᠠᠮᠢᠨ ᠰᠦᠨᠡᠰᠦ ᠮᠥᠨ᠂ ᠪᠠᠰᠠ ᠴᠤ᠌ ᠡᠯ᠎ᠡ ᠵᠦᠢᠯ᠎ᠤᠨ ᠠᠵᠢᠯ ᠦᠢᠯᠡᠰ᠎ᠤᠨ ᠲᠠᠰᠤᠷᠠᠯᠲᠠ ᠦᠭᠡᠢ ᠬᠥᠭ᠌ᠵᠢᠨ ᠳᠠᠪᠱᠢᠬᠤ᠎ᠶ᠋ᠢᠨ ᠦᠨᠳᠦᠰᠦᠨ ᠬᠥᠳᠡᠯᠭᠡᠬᠦ᠌ ᠬᠦᠴᠦᠨ ᠮᠥᠨ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠎ᠨᠢ ᠱᠢᠨ᠎ᠡ᠎ᠶ᠋ᠢ ᠡᠭᠦᠳᠬᠦ᠌ ᠠᠭᠤᠯᠤᠭ᠍ᠳᠠᠬᠤᠨ᠎ᠢᠶᠠᠷ ᠪᠢᠯᠬᠠᠵᠤ ᠪᠤᠢ᠂ ᠡᠨᠡ᠎ᠨᠢ ᠱᠢᠨ᠎ᠡ ᠴᠠᠭ ᠦᠶ᠎ᠡ᠎ᠳᠤ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠡᠷᠭᠡ ᠱᠢᠰᠲ᠋ᠧᠮ᠎ᠲᠠᠢ ᠥᠭᠦᠯᠡᠯᠲᠡ ᠳᠡᠭᠡᠷ᠎ᠡ ᠢᠯᠡᠷᠡᠵᠤ᠂ ᠦᠨᠳᠦᠰᠦᠲᠡᠨ᠎ᠤ ᠠᠵᠢᠯ᠎ᠤᠨ ᠱᠢᠨ᠎ᠡ᠎ᠶ᠋ᠢ ᠡᠭᠦᠳᠬᠦ᠌ ᠡᠷᠴᠢᠮ ᠪᠣᠯᠤᠨ ᠱᠢᠨ᠎ᠡ᠎ᠶ᠋ᠢ ᠡᠭᠦᠳᠬᠦ᠌ ᠱᠠᠭᠠᠷᠳᠠᠯᠭ᠎ᠠ᠎ᠶ᠋ᠢ ᠠᠬᠢᠭᠤᠯᠬᠤ ᠳᠡᠭᠡᠷ᠎ᠡ ᠪᠠᠰᠠ ᠢᠯᠡᠷᠡᠵᠦ᠍ ᠪᠠᠢᠨ᠎ᠠ᠃ ᠨᠠᠮ᠎ᠤᠨ ᠦᠨᠳᠦᠰᠦᠲᠡᠨ᠎ᠤ ᠠᠵᠢᠯ᠎ᠤᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢ ᠠᠬᠢᠭᠤᠯᠬᠤ᠎ᠳᠤ ᠵᠥᠪ ᠣᠨᠣᠪᠴᠢᠲᠠᠢᠶ᠋ᠢᠨᠢ ᠪᠠᠷᠢᠮᠳᠠᠯᠠᠵᠦ᠍᠂ ᠴᠠᠭ᠎ᠠᠴᠠ ᠬᠤᠴᠣᠷᠤᠭ᠍ᠰᠠᠨ᠎ᠳᠤᠨᠢ ᠲᠣᠬᠢᠷᠠᠭᠤᠯᠣᠯᠳᠠ ᠬᠢᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠱᠢᠭ᠎ᠢ ᠨᠡᠩ ᠰᠠᠢᠲᠤᠷ ᠪᠠᠲᠤᠯᠠᠬᠤ ᠬᠡᠷᠡᠭ᠌ᠲᠡᠢ᠃ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠳᠤ ᠲᠤᠯᠭᠠᠷᠠᠵᠤ ᠪᠠᠢᠭ᠎ᠠ ᠱᠢᠨ᠎ᠡ ᠪᠠᠢᠳᠠᠯ ᠱᠢᠨ᠎ᠡ ᠠᠰᠠᠭᠤᠳᠠᠯ᠎ᠳᠤ ᠴᠢᠭ᠌ᠯᠡᠭᠦᠯᠦᠨ᠂ ᠶᠡᠷᠦᠩᠬᠡᠢ ᠱᠦᠵᠢ ᠰᠢ᠎ᠶ᠋ᠢᠨ ᠫᠢᠩ ᠲᠦᠷᠪᠡᠨ ᠵᠦᠢᠯ᠎ᠤᠨ ᠬᠠᠷᠢᠴᠠᠭ᠎ᠠ᠎ᠶ᠋ᠢ ᠵᠥᠪ ᠡᠵᠡᠮᠳᠡᠬᠦ᠌ ᠴᠢᠬᠤᠯᠠ ᠵᠠᠷᠴᠢᠮ᠎ᠢ ᠳᠤᠷᠠᠳᠤᠨ ᠭᠠᠷᠭᠠᠪᠠ᠃ ᠨᠡᠢᠲᠡᠯᠢᠭ ᠴᠢᠨᠠᠷ ᠪᠠ ᠵᠥᠷᠢᠶᠡᠲᠦ ᠴᠢᠨᠠᠷ᠎ᠤᠨ ᠬᠠᠷᠢᠴᠠᠭ᠎ᠠ᠎ᠶ᠋ᠢ ᠵᠥᠪ ᠡᠵᠡᠮᠳᠡᠵᠦ᠍᠂ ᠨᠡᠢᠲᠡᠯᠢᠭ ᠴᠢᠨᠠᠷ᠎ᠢ ᠨᠡᠮᠡᠭ᠌ᠳᠡᠭᠦᠯᠦᠨ᠂ ᠵᠥᠷᠢᠶᠡᠲᠦ ᠴᠢᠨᠠᠷ᠎ᠢ ᠬᠦᠨᠳᠦᠳᠭᠡᠨ ᠪᠠᠭ᠍ᠲᠠᠭᠠᠬᠤ ᠪᠣᠯ ᠦᠨᠳᠦᠰᠦᠲᠡᠨ᠎ᠤ ᠠᠵᠢᠯ᠎ᠤᠨ ᠴᠢᠬᠤᠯᠠ ᠵᠠᠷᠴᠢᠮ ᠮᠥᠨ ᠭᠡᠵᠦ᠍ ᠴᠢᠬᠤᠯᠠᠴᠢᠯᠠᠪᠠ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ ᠪᠠ ᠡᠯ᠎ᠡ ᠦᠨᠳᠦᠰᠦᠲᠡᠨ᠎ᠤ ᠤᠬᠠᠮᠰᠠᠷ᠎ᠤᠨ ᠬᠠᠷᠢᠴᠠᠭ᠎ᠠ᠎ᠶ᠋ᠢ ᠵᠥᠪ ᠡᠵᠡᠮᠳᠡᠵᠦ᠍᠂ ᠡᠯ᠎ᠡ ᠦᠨᠳᠦᠰᠦᠲᠡᠨ᠎ᠢ ᠬᠦᠲᠦᠯᠦᠨ ᠵᠢᠯᠣᠭᠤᠳᠴᠤ᠌ ᠪᠠᠢᠭᠠᠳ ᠳᠤᠮᠳᠠᠳᠤ᠎ᠶ᠋ᠢᠨ ᠦᠨᠳᠦᠰᠦᠲᠡᠨ᠎ᠤ ᠠᠱᠢᠭ ᠲᠤᠰᠠ᠎ᠶ᠋ᠢ ᠢᠮᠠᠭ᠍ᠲᠠ ᠲᠡᠷᠢᠭᠦᠨ ᠪᠠᠢᠷᠢᠨ᠎ᠳᠤ ᠲᠠᠯᠪᠢᠵᠤ᠂ ᠲᠤᠰ ᠦᠨᠳᠦᠰᠦᠲᠡᠨ᠎ᠤ ᠤᠬᠠᠮᠰᠠᠷ᠎ᠨᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠳᠠᠭᠠᠬᠤ ᠪᠠ ᠲᠡᠭᠦᠨ᠎ᠳᠤ ᠦᠢᠯᠡᠴᠢᠯᠡᠬᠦ᠌ ᠬᠡᠷᠡᠭ᠌ᠳᠡᠢ᠂ ᠡᠭᠦᠨ᠎ᠤ ᠵᠡᠷᠭᠡ᠎ᠪᠠᠷ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠪᠦᠬᠦᠯᠢ ᠴᠣᠭ᠍ᠴᠠ᠎ᠶ᠋ᠢᠨ ᠠᠱᠢᠭ ᠲᠤᠰᠠ᠎ᠶ᠋ᠢ ᠰᠠᠢᠲᠤᠷ ᠪᠡᠶᠡᠯᠡᠭᠦᠯᠬᠦ᠌ ᠠᠬᠢᠴᠠ ᠳᠤᠮᠳᠠ ᠡᠯ᠎ᠡ ᠦᠨᠳᠦᠰᠦᠲᠡᠨ᠎ᠤ ᠪᠣᠳᠠᠲᠠᠢ ᠠᠱᠢᠭ ᠲᠤᠰᠠ᠎ᠶ᠋ᠢ ᠰᠠᠢᠲᠤᠷ ᠪᠡᠶᠡᠯᠡᠭᠦᠯᠬᠦ᠌ ᠬᠡᠷᠡᠭ᠌ᠳᠡᠢ᠂ ᠬᠢᠲᠠᠳ᠎ᠤᠨ ᠳᠡᠭᠡᠷᠡᠩᠭᠦᠢ ᠦᠵᠡᠯ ᠪᠠ ᠣᠷᠣᠨ ᠨᠤᠲᠤᠭ᠎ᠤᠨ ᠦᠨᠳᠦᠰᠦᠲᠡᠨ᠎ᠤ ᠦᠵᠡᠯ᠎ᠨᠢ ᠴᠥᠮ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠪᠠᠢᠭᠤᠯᠤᠯᠲᠠ᠎ᠳᠤ ᠠᠱᠢᠭ ᠦᠭᠡᠢ; ᠳᠤᠮᠳᠠᠳᠤ᠎ᠶ᠋ᠢᠨ ᠰᠣᠶᠣᠯ ᠪᠣᠯᠤᠨ ᠦᠨᠳᠦᠰᠦᠲᠡᠨ᠎ᠨᠦᠭᠦᠳ᠎ᠤᠨ ᠰᠣᠶᠣᠯ᠎ᠤᠨ ᠬᠠᠷᠢᠴᠠᠭ᠎ᠠ᠎ᠶ᠋ᠢ ᠵᠥᠪ ᠡᠵᠡᠮᠳᠡᠬᠦ᠌ ᠬᠡᠷᠡᠭ᠌ᠲᠡᠢ᠂ ᠦᠨᠳᠦᠰᠦᠲᠡᠨ᠎ᠨᠦᠭᠦᠳ᠎ᠤᠨ ᠱᠢᠯᠢᠳᠡᠭ ᠤᠯᠠᠮᠵᠢᠯᠠᠯᠲᠤ ᠰᠣᠶᠣᠯ ᠪᠣᠯ ᠴᠥᠮ ᠳᠤᠮᠳᠠᠳᠤ᠎ᠶ᠋ᠢᠨ ᠰᠣᠶᠣᠯ᠎ᠤᠨ ᠪᠦᠷᠢᠯᠳᠦᠬᠦᠨ ᠬᠡᠰᠡᠭ ᠮᠥᠨ᠂ ᠳᠤᠮᠳᠠᠳᠤ᠎ᠶ᠋ᠢᠨ ᠰᠣᠶᠣᠯ ᠪᠣᠯ ᠭᠤᠣᠯ ᠡᠰᠢ ᠮᠥᠨ᠂ ᠦᠨᠳᠦᠰᠦᠲᠡᠨ᠎ᠨᠦᠭᠦᠳ᠎ᠤᠨ ᠰᠣᠶᠣᠯ ᠪᠣᠯ ᠰᠠᠯᠠᠭ᠎ᠠ ᠨᠠᠮᠠᠭ᠎ᠠ ᠮᠥᠨ᠂ ᠦᠨᠳᠦᠰᠦ ᠭᠦᠨ ᠪᠥᠭᠡᠳ ᠢᠳᠡᠷᠡᠭᠦᠨ ᠪᠠᠢᠪᠠᠯ ᠰᠠᠶᠢ ᠰᠠᠯᠠᠭ᠎ᠠ ᠨᠠᠮᠠᠭ᠎ᠠ᠎ᠨᠢ ᠢᠭ᠍ᠴᠤ ᠰᠠᠬᠤᠯᠢᠭ ᠪᠠᠢᠵᠤ ᠴᠢᠳᠠᠨ᠎ᠠ; ᠪᠣᠳᠠᠰ ᠪᠣᠯᠤᠨ ᠤᠶᠤᠨ᠎ᠤ ᠬᠠᠷᠢᠴᠠᠭ᠎ᠠ᠎ᠶ᠋ᠢ ᠵᠥᠪ ᠡᠵᠡᠮᠳᠡᠵᠦ᠍᠂ ᠪᠤᠢ ᠪᠦᠬᠦᠢ ᠥᠭᠡᠷᠡᠴᠢᠯᠡᠯᠲᠡ ᠬᠥᠭ᠌ᠵᠢᠯᠲᠡ᠎ᠳᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠢᠯᠡᠷᠡᠭᠦᠯᠬᠦ᠌ ᠠᠴᠢ ᠬᠤᠯᠪᠤᠭ᠍ᠳᠠᠯ᠂ ᠨᠢᠭᠡᠳᠦᠯ᠎ᠢ ᠬᠠᠮᠠᠭᠠᠯᠠᠬᠤ᠂ ᠬᠠᠭᠠᠴᠠᠭᠤᠯᠬᠤ᠎ᠶ᠋ᠢ ᠡᠰᠡᠷᠭᠦᠴᠡᠬᠦ᠌ ᠠᠴᠢ ᠬᠤᠯᠪᠣᠭ᠍ᠳᠠᠯ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠂ ᠬᠥᠮᠦᠰ᠎ᠤᠨ ᠰᠡᠳᠭᠢᠯ᠎ᠢ ᠨᠢᠭ᠍ᠲᠠᠷᠠᠭᠤᠯᠬᠤ ᠠᠴᠢ ᠬᠤᠯᠪᠣᠭ᠍ᠳᠠᠯ᠎ᠢ ᠣᠯᠭᠤᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢ ᠪᠠᠲᠤ ᠪᠠᠬᠢ ᠪᠣᠯᠭᠠᠬᠤ ᠬᠡᠷᠡᠭ᠌ᠲᠡᠢ᠃ ᠡᠳᠡᠭᠡᠷ ᠬᠠᠨᠳᠤᠯᠭᠠᠲᠤ ᠴᠢᠨᠠᠷ᠎ᠢᠶᠠᠷ ᠮᠠᠰᠢ ᠴᠢᠩᠭ᠎ᠠ ᠭᠦᠨ ᠳᠠᠪᠬᠤᠷᠭ᠎ᠠ᠎ᠶ᠋ᠢᠨ ᠠᠰᠠᠭᠤᠳᠠᠯ᠎ᠤᠨ ᠲᠤᠬᠠᠢ ᠬᠠᠷᠢᠭᠤᠯᠲᠠ᠎ᠨᠢ ᠪᠢᠳᠡᠨ᠎ᠤ ᠨᠠᠮ᠎ᠤᠨ ᠦᠨᠳᠦᠰᠦᠲᠡᠨ᠎ᠤ ᠣᠨᠣᠯ ᠪᠠ ᠲᠥᠷᠥ᠎ᠶ᠋ᠢᠨ ᠪᠣᠳᠣᠯᠭ᠎ᠠ᠎ᠶ᠋ᠢ ᠪᠦᠲᠦᠭᠡᠯᠴᠢ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ ᠦᠵᠡᠯ ᠰᠠᠨᠠᠭᠠᠨ᠎ᠤ ᠲᠥᠭᠡᠷᠢᠭ᠌ᠳᠡᠯ᠎ᠢ ᠠᠷᠢᠯᠭᠠᠵᠤ᠂ ᠵᠠᠷᠴᠢᠮ᠎ᠤᠨ ᠵᠢᠷᠤᠮᠯᠠᠯ ᠬᠠᠩᠭᠠᠪᠠ᠃
ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠤᠨ ᠦᠢᠯᠡᠳᠦᠯᠭᠡᠲᠦ ᠴᠢᠨᠠᠷ᠎ᠢ ᠭᠦᠨᠵᠡᠭᠡᠶ ᠡᠵᠡᠮᠱᠢᠬᠦ᠌ ᠬᠡᠷᠡᠭ᠌ᠳᠡᠢ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠎ᠨᠢ ᠤᠨᠤᠯ᠎ᠤᠨ ᠲᠠᠯ᠎ᠠ᠎ᠪᠠᠷ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠳᠤ ᠱᠢᠨᠵᠢᠯᠡᠬᠦ᠌ ᠤᠬᠠᠭᠠᠨᠴᠢ ᠵᠦᠭ᠌ᠯᠡᠭᠦᠷ ᠬᠠᠩᠭᠠᠭ᠍ᠰᠠᠨ᠎ᠢᠶᠠᠷ ᠪᠠᠷᠠᠬᠤ ᠦᠭᠡᠢ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠳᠤ ᠬᠠᠷᠠᠯᠲᠠ ᠡᠭᠦᠷᠭᠡ ᠪᠣᠯᠤᠨ ᠦᠢᠯᠡᠳᠦᠯᠭᠡ᠎ᠶ᠋ᠢᠨ ᠱᠠᠭᠠᠷᠳᠠᠯᠭ᠎ᠠ ᠳᠤᠷᠠᠳᠤᠭ᠍ᠰᠠᠨ ᠪᠠᠢᠨ᠎ᠠ᠃ ᠶᠠᠷᠢᠶᠠᠨ᠎ᠳᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ 《ᠬᠥᠲᠥᠯᠪᠦᠷᠢ》 ᠮᠥᠨ᠂ ᠪᠤᠢ ᠪᠦᠬᠦᠢ ᠠᠵᠢᠯ᠎ᠢ ᠡᠬᠦᠨ᠎ᠳᠤ ᠲᠥᠪᠯᠡᠷᠡᠭᠦᠯᠬᠦ᠌ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠲᠣᠭᠤᠷᠢᠨ᠎ᠳᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ᠎ᠶ᠋ᠢ ᠭᠦᠨᠵᠡᠭᠡᠢ ᠥᠷᠨᠢᠭᠦᠯᠬᠦ᠂ ᠦᠨᠳᠦᠰᠦᠲᠡᠨ᠎ᠤ ᠭᠠᠵᠠᠷ ᠣᠷᠣᠨ᠎ᠤ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢᠨ ᠠᠯᠬᠤᠴᠠ᠎ᠶ᠋ᠢ ᠲᠦᠷᠭᠡᠳᠭᠡᠬᠦ᠂ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠬᠤ ᠱᠢᠰᠲ᠋ᠧᠮ ᠪᠠ ᠵᠠᠰᠠᠬᠤ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠂ ᠦᠨᠳᠦᠰᠦᠲᠡᠨ᠎ᠤ ᠬᠦᠷᠢᠶᠡᠨ᠎ᠳᠠᠬᠢ ᠠᠶᠤᠯ ᠲᠦᠭ᠌ᠰᠢᠭᠦᠷᠢ᠎ᠶ᠋ᠢᠨ ᠳᠠᠯᠳᠠ ᠭᠡᠮ᠎ᠢ ᠰᠡᠷᠭᠡᠢᠯᠡᠨ ᠠᠷᠢᠯᠭᠠᠬᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠨ ᠲᠡᠭᠦᠯᠳᠡᠷᠵᠢᠭᠦᠯᠬᠦ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠪᠠᠢᠷᠢᠱᠢᠯ᠎ᠢ ᠪᠠᠢᠭᠤᠯᠬᠤ ᠵᠡᠷᠭᠡ ᠦᠢᠯᠡᠳᠦᠯᠭᠡ᠎ᠶ᠋ᠢᠨ ᠠᠷᠭ᠎ᠠ ᠵᠠᠮ᠎ᠢ ᠳᠤᠷᠠᠳᠤᠨ ᠭᠠᠷᠭᠠᠪᠠ᠃ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ 《ᠬᠥᠲᠥᠯᠪᠦᠷᠢ》 ᠶ᠋ᠢ ᠠᠳᠭᠤᠬᠤ᠎ᠳᠤ᠂ ᠡᠷᠬᠡᠪᠰᠢ ᠤᠬᠠᠮᠰᠠᠷ᠎ᠠᠴᠠ᠎ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠲᠠᠢ ᠨᠢᠭᠡᠳᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠨᠠᠮ᠎ᠤᠨ ᠦᠨᠳᠦᠰᠦᠲᠡᠨ᠎ᠤ ᠠᠵᠢᠯ᠎ᠤᠨ ᠪᠦᠬᠦ᠌ ᠶᠠᠪᠤᠴᠠ ᠡᠯ᠎ᠡ ᠲᠠᠯ᠎ᠠ᠎ᠳᠤ ᠲᠤᠭᠤᠱᠢᠯᠠᠭᠤᠯᠬᠤ ᠬᠡᠷᠡᠭ᠌ᠲᠡᠢ᠃ ᠨᠡᠢᠭᠡᠮ᠎ᠤᠨ ᠤᠶᠤᠨ᠎ᠤ ᠬᠥᠮᠥᠷᠭᠡ᠎ᠶ᠋ᠢᠨ ᠠᠵᠢᠯᠳᠠᠨ ᠪᠣᠯᠤᠭ᠍ᠰᠠᠨ᠎ᠤ ᠬᠤᠪᠢ᠎ᠳᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠳᠤ ᠳᠤᠷᠠᠳᠤᠭ᠍ᠰᠠᠨ ᠱᠢᠨ᠎ᠡ ᠤᠨᠤᠯ᠂ ᠱᠢᠨ᠎ᠡ ᠦᠵᠡᠯᠲᠡ᠂ ᠱᠢᠨ᠎ᠡ ᠱᠠᠭᠠᠷᠳᠠᠯᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠵᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠨᠢᠭ᠍ᠲᠠ ᠤᠶᠠᠯᠳᠤᠭᠤᠯᠤᠨ ᠤᠬᠠᠭᠤᠯᠤᠨ ᠲᠠᠢᠯᠪᠤᠷᠢᠯᠠᠬᠤ ᠠᠵᠢᠯ᠎ᠢ ᠰᠠᠢᠲᠤᠷ ᠬᠢᠵᠦ᠍᠂ ᠨᠠᠮ ᠪᠣᠯᠤᠨ ᠵᠠᠰᠠᠭ᠎ᠤᠨ ᠣᠷᠳᠣᠨ᠎ᠳᠤ ᠦᠨ᠎ᠡ ᠦᠷᠳᠡᠭ᠎ᠲᠠᠢ ᠱᠢᠢᠳᠪᠦᠷᠢᠲᠦ ᠪᠤᠳᠤᠯᠭ᠎ᠠ᠎ᠶ᠋ᠢᠨ ᠯᠠᠪᠯᠠᠭ᠎ᠠ᠎ᠶ᠋ᠢᠨ ᠦᠢᠯᠡᠴᠢᠯᠡᠭᠡᠨ᠎ᠤ ᠦᠷ᠎ᠡ ᠪᠦᠲᠦᠭᠡᠯ ᠬᠠᠩᠭᠠᠬᠤ᠎ᠪᠠᠷ ᠴᠢᠷᠮᠠᠢᠨ᠎ᠠ᠃
(ᠵᠣᠬᠢᠶᠠᠭ᠍ᠴᠢ᠄ ᠥᠪᠥᠷ ᠮᠣᠩᠭᠤᠯ᠎ᠤᠨ ᠪᠧᠶ ᠴᠧᠨ ᠣᠶᠤᠨ᠎ᠤ ᠬᠥᠮᠥᠷᠭᠡ᠎ᠶ᠋ᠢᠨ ᠰᠤᠳᠤᠯᠭᠠᠨ᠎ᠤ ᠲᠦᠪ)