— ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠬᠠᠶ ᠬᠤᠶᠠᠷᠲᠠ ᠥᠭᠦᠯᠡᠬᠦ᠌᠎ᠨᠢ
ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ ᠶᠠᠭᠤ ᠪᠤᠢ? ᠶᠡᠷᠦᠩᠬᠡᠢ ᠱᠦᠵᠢ ᠰᠢ᠎ᠶ᠋ᠢᠨ ᠫᠢᠩ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ᠎ᠳᠠᠭᠠᠨ᠄ 《ᠨᠠᠮ᠎ᠤᠨ ᠵᠠᠭᠤᠨ ᠵᠢᠯ᠎ᠤᠨ ᠲᠡᠦᠬᠡᠨ ᠶᠠᠪᠤᠴᠠ᠎ᠶ᠋ᠢ ᠡᠷᠭᠢᠴᠡᠭᠦᠯᠪᠡᠯ᠂ ᠨᠠᠮ᠎ᠤᠨ ᠦᠨᠳᠦᠰᠦᠲᠡᠨ᠎ᠤ ᠠᠵᠢᠯ᠎ᠤᠨ ᠣᠯᠤᠭ᠍ᠰᠠᠨ ᠬᠠᠮᠤᠭ᠎ᠤᠨ ᠶᠡᠭᠡ ᠠᠮᠵᠢᠯᠲᠠ ᠪᠦᠲᠦᠮᠵᠢ ᠪᠣᠯ ᠳᠠᠷᠤᠢ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢ ᠨᠡᠭᠡᠭᠡᠭ᠌ᠰᠡᠨ ᠶᠠᠪᠤᠳᠠᠯ ᠪᠣᠯᠤᠨ᠎ᠠ》 ᠭᠡᠵᠤ ᠬᠠᠷᠢᠭᠤᠯᠲᠠ ᠦᠭ᠌ᠪᠡ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠎ᠨᠢ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ ᠶᠠᠮᠠᠷ ᠲᠤᠭ᠎ᠢ ᠮᠠᠨᠳᠤᠭᠤᠯᠬᠤ᠂ ᠶᠠᠮᠠᠷ ᠵᠠᠮ᠎ᠢᠶᠠᠷ ᠵᠠᠮᠨᠠᠬᠤ ᠵᠡᠷᠭᠡ ᠴᠢᠬᠤᠯᠠ ᠶᠡᠭᠡ ᠠᠰᠠᠭᠤᠳᠠᠯ᠎ᠳᠤ ᠱᠢᠨᠵᠢᠯᠡᠬᠦ᠌ ᠤᠬᠠᠭᠠᠨᠴᠢ ᠬᠠᠷᠢᠭᠤᠯᠲᠠ ᠥᠭ᠌ᠴᠦ᠂ ᠨᠠᠮ᠎ᠤᠨ ᠦᠨᠳᠦᠰᠦᠲᠡᠨ᠎ᠤ ᠠᠵᠢᠯ᠎ᠤᠨ ᠦᠢᠯᠡᠳᠦᠯᠭᠡ᠎ᠶ᠋ᠢᠨ ᠬᠠᠮᠤᠭ᠎ᠤᠨ ᠱᠢᠨ᠎ᠡ ᠳ᠋ᠦᠩᠨᠡᠯᠲᠡ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠢ ᠳᠤᠮᠳᠠᠳᠤ ᠤᠯᠤᠰᠴᠢᠯᠠᠭ᠍ᠰᠠᠨ ᠬᠠᠮᠤᠭ᠎ᠤᠨ ᠱᠢᠨ᠎ᠡ ᠦᠷ᠎ᠡ ᠪᠦᠲᠦᠭᠡᠯ ᠪᠠᠢᠵᠤ᠂ ᠮᠠᠨ᠎ᠤ ᠣᠷᠣᠨ᠎ᠤ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠢᠲᠤᠷ ᠬᠢᠬᠦ᠌᠎ᠳᠤ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠵᠢᠭᠠᠨ ᠦᠭ᠌ᠴᠦ᠂ ᠦᠨᠳᠦᠰᠦᠨ ᠵᠢᠷᠤᠮᠯᠠᠯ ᠬᠠᠩᠭᠠᠵᠠᠢ᠃
ᠦᠨᠳᠦᠰᠦᠲᠡᠨ᠎ᠤ ᠠᠰᠠᠭᠤᠳᠠᠯ᠎ᠢ ᠬᠡᠷᠬᠢᠨ ᠰᠠᠢᠲᠤᠷ ᠱᠢᠢᠳᠪᠦᠷᠢᠯᠡᠬᠦ᠌ ᠪᠣᠯ ᠳᠡᠯᠡᠬᠡᠢ᠎ᠶ᠋ᠢᠨ ᠴᠢᠨᠠᠷᠲᠠᠢ ᠰᠡᠳᠦᠪ ᠮᠥᠨ᠃ ᠵᠠᠷᠢᠮ ᠤᠯᠤᠰ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠲᠥᠯᠥᠭᠡ ᠤᠷᠢᠳ ᠬᠤᠵᠢᠳ ᠺᠣᠯᠣᠨᠢᠴᠢᠯᠠᠬᠤ ᠦᠵᠡᠯ᠂ ᠠᠷᠠᠰᠤᠲᠠᠨ᠎ᠤ ᠦᠵᠡᠯ᠂ ᠬᠠᠢᠯᠤᠭᠤᠯᠬᠤ ᠦᠵᠡᠯ᠂ ᠰᠣᠶᠣᠯ᠎ᠤᠨ ᠤᠯᠠᠨ ᠡᠱᠢᠲᠦ ᠦᠵᠡᠯ᠎ᠤᠨ ᠵᠠᠮ᠎ᠢᠶᠠᠷ ᠶᠠᠪᠤᠵᠤ ᠥᠩᠭᠡᠷᠡᠭ᠌ᠰᠡᠨ ᠪᠣᠯᠪᠠᠴᠤ᠌ ᠤᠳᠤᠬᠠᠨ ᠪᠣᠯᠲᠠᠯ᠎ᠠ ᠠᠰᠠᠭᠤᠳᠠᠯ ᠮᠥᠨ ᠣᠷᠣᠱᠢᠭ᠍ᠰᠠᠭᠠᠷ ᠪᠠᠢᠵᠤ᠂ ᠡᠭᠦᠨ᠎ᠠᠴᠠ ᠪᠤᠯᠤᠭ᠍ᠰᠠᠨ ᠮᠠᠷᠭᠤᠯᠳᠤᠭᠠᠨ᠂ ᠡᠰᠡᠷᠭᠦᠴᠡᠯ᠂ ᠰᠠᠮᠠᠭᠤᠷᠠᠯ ᠶᠡᠷᠦ᠎ᠠᠴᠠ ᠵᠣᠭ᠍ᠰᠣᠭ᠍ᠰᠠᠨ ᠦᠭᠡᠢ᠃ ᠮᠠᠨ᠎ᠤ ᠤᠯᠤᠰ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌᠎ᠳᠡᠭᠡᠨ ᠢᠮᠠᠭ᠍ᠲᠠ ᠤᠯᠤᠰ᠎ᠤᠨ ᠪᠠᠢᠳᠠᠯ᠎ᠳᠠᠭᠠᠨ ᠰᠠᠭᠤᠷᠢᠯᠠᠵᠤ᠂ ᠪᠣᠳᠠᠲᠤ ᠪᠠᠢᠳᠠᠯ᠎ᠳᠤ ᠰᠠᠭᠤᠷᠢᠯᠠᠨ᠂ ᠵᠢᠮ᠎ᠡ ᠶᠣᠰᠣ᠎ᠶ᠋ᠢ ᠡᠵᠡᠮᠳᠡᠵᠤ᠂ ᠲᠠᠰᠤᠷᠠᠯᠲᠠ ᠦᠭᠡᠢ ᠬᠠᠲᠠᠭᠤᠵᠢᠯᠲᠠᠢ ᠰᠦᠪᠡᠭ᠌ᠴᠢᠯᠡᠬᠦ᠌᠎ᠪᠠᠷ ᠳᠠᠮᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢ ᠡᠷᠢᠵᠦ᠍ ᠣᠯᠪᠠ᠃ ᠡᠨᠡ ᠬᠦ᠌ ᠵᠠᠮ᠎ᠨᠢ ᠮᠠᠨ᠎ᠤ ᠤᠯᠤᠰ᠎ᠤᠨ ᠤᠯᠤᠰ᠎ᠤᠨ ᠪᠠᠢᠳᠠᠯ᠎ᠲᠠᠢ ᠨᠡᠢᠴᠡᠵᠦ᠍᠂ ᠦᠨᠳᠦᠰᠦᠲᠡᠨ᠎ᠨᠦᠭᠦᠳ᠎ᠤᠨ ᠦᠨᠳᠦᠰᠦᠨ ᠠᠱᠢᠭ ᠲᠤᠰᠠᠲᠠᠢ ᠨᠡᠢᠴᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠲᠡᠦᠬᠡ᠎ᠶ᠋ᠢᠨ ᠬᠥᠭ᠌ᠵᠢᠯᠲᠡ᠎ᠶ᠋ᠢᠨ ᠵᠢᠮ᠎ᠡ ᠶᠣᠰᠣᠲᠠᠢ ᠨᠡᠢᠴᠡᠵᠦ᠍ ᠪᠠᠢᠭ᠎ᠠ ᠶᠤᠮ᠃
ᠡᠨᠡ ᠬᠦ᠌ ᠵᠠᠮ᠎ᠨᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠦᠴᠦᠲᠡᠢ ᠳᠡᠮᠵᠢᠯᠭᠡ ᠪᠠ ᠴᠢᠩ ᠰᠡᠳᠭᠢᠯ᠎ᠤᠨ ᠬᠦᠷᠢᠶᠡᠯᠡᠯ᠎ᠢ ᠣᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠠᠭᠠᠭᠤᠯᠤᠨ ᠱᠢᠨ᠎ᠡ ᠳᠤᠮᠳᠠᠳᠤ ᠤᠯᠤᠰ᠎ᠢ ᠬᠠᠮᠲᠤ᠎ᠪᠠᠷ ᠴᠣᠭ᠍ᠴᠠᠯᠠᠨ ᠪᠠᠢᠭᠤᠯᠵᠤ᠂ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠡᠷᠬᠡ ᠲᠡᠭ᠌ᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠬᠤ ᠡᠶ᠎ᠡ ᠵᠣᠬᠢᠴᠠᠯ᠎ᠲᠠᠢ ᠬᠠᠷᠢᠴᠠᠭ᠎ᠠ᠎ᠶ᠋ᠢ ᠬᠥᠭ᠌ᠵᠢᠭᠦᠯᠬᠦ᠌ ᠱᠢᠨ᠎ᠡ ᠡᠷᠢᠨ ᠵᠠᠭᠤᠨ᠎ᠢ ᠨᠡᠭᠡᠭᠡᠭ᠌ᠰᠡᠨ ᠪᠠᠢᠨ᠎ᠠ᠃ ᠡᠨᠡ ᠬᠦ᠌ ᠵᠠᠮ᠎ᠨᠢ ᠤᠯᠤᠰ᠎ᠤᠨ ᠳᠣᠲᠣᠭᠠᠳᠤ᠎ᠶ᠋ᠢᠨ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠭ᠌ᠰᠡᠨ᠎ᠢᠶᠠᠷ ᠪᠠᠷᠠᠬᠤ ᠦᠭᠡᠢ ᠪᠠᠰᠠ ᠳᠡᠯᠡᠬᠡᠢ᠎ᠶ᠋ᠢᠨ ᠡᠯ᠎ᠡ ᠤᠯᠤᠰ᠎ᠤᠨ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌᠎ᠳᠤ ᠳᠤᠮᠳᠠᠳᠤ ᠤᠯᠤᠰ᠎ᠤᠨ ᠲᠥᠰᠦᠯ᠎ᠢ ᠬᠠᠩᠭᠠᠵᠤ᠂ ᠳᠤᠮᠳᠠᠳᠤ ᠤᠯᠤᠰ᠎ᠤᠨ ᠤᠶᠤᠨ ᠤᠬᠠᠭᠠᠨ᠎ᠢ ᠨᠡᠮᠡᠷᠢᠯᠡᠪᠠ᠃
ᠵᠠᠮ ᠬᠤᠪᠢ ᠵᠠᠶᠠᠭ᠎ᠠ᠎ᠶ᠋ᠢ ᠲᠣᠭ᠍ᠲᠠᠭᠠᠳᠠᠭ᠂ ᠵᠠᠮ ᠬᠤᠪᠢ ᠵᠠᠶᠠᠭ᠎ᠠ᠎ᠶ᠋ᠢ ᠬᠤᠪᠢᠷᠠᠭᠤᠯᠳᠠᠭ᠃ ᠥᠪᠥᠷ ᠮᠣᠩᠭᠤᠯ ᠪᠣᠯ ᠮᠠᠨ᠎ᠤ ᠤᠯᠤᠰ᠎ᠤᠨ ᠬᠠᠮᠤᠭ᠎ᠤᠨ ᠡᠷᠲᠡ ᠪᠠᠢᠭᠤᠯᠤᠭ᠍ᠳᠠᠭ᠍ᠰᠠᠨ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠮᠦᠨ᠂ ᠨᠠᠮ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠬᠠᠮᠤᠭ᠎ᠤᠨ ᠡᠷᠲᠡ ᠬᠡᠷᠡᠭ᠌ᠵᠢᠭᠦᠯᠦᠭ᠌ᠰᠡᠨ ᠭᠠᠵᠠᠷ ᠣᠷᠣᠨ ᠮᠦᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢᠶᠠᠷ ᠵᠠᠮᠨᠠᠭ᠍ᠰᠠᠨ ᠬᠤᠱᠢᠭᠤᠴᠢ ᠵᠢᠱ᠌ᠢᠶᠡᠴᠢ ᠮᠥᠨ᠃ 70 ᠭᠠᠷᠤᠶ ᠵᠢᠯ᠎ᠤᠨ ᠲᠤᠷᠰᠢ᠂ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠨᠠᠮ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠲᠥᠷᠥ᠎ᠶ᠋ᠢᠨ ᠪᠣᠳᠣᠯᠭ᠎ᠠ᠎ᠶ᠋ᠢᠨ ᠬᠡᠷᠡᠯ ᠰᠠᠴᠤᠷᠠᠩᠭᠤᠶ ᠲᠤᠶᠠᠭᠠᠯᠠᠯ ᠳᠤᠤᠷ᠎ᠠ᠂ ᠪᠥᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠪᠦᠯᠬᠦᠮᠳᠡᠯ ᠲᠡᠮᠡᠴᠡᠯ᠎ᠢᠶᠠᠷ ᠳᠠᠮᠵᠢᠨ ᠥᠪᠥᠷ ᠮᠣᠩᠭᠤᠯ᠎ᠳᠤ ᠲᠩᠷᠢ ᠭᠠᠵᠠᠷ᠎ᠢ ᠳᠣᠩᠰᠣᠯᠭᠠᠮ᠎ᠠ ᠬᠤᠪᠢᠷᠠᠯᠲᠠ ᠭᠠᠷᠴᠤ᠌᠂ ᠱᠢᠨ᠎ᠡ ᠬᠥᠭ᠌ᠵᠢᠯᠲᠡ ᠱᠢᠨ᠎ᠡ ᠳᠠᠪᠠᠯᠲᠠ᠎ᠶ᠋ᠢ ᠪᠡᠶᠡᠯᠡᠭᠦᠯᠵᠦ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ ᠡᠷᠬᠢᠮ ᠳᠡᠭᠡᠳᠦ ᠢᠷᠠᠭᠤ ᠠᠯᠳᠠᠷ᠎ᠢ ᠭᠥᠷᠳᠡᠭ᠌ᠰᠡᠨ ᠪᠥᠭᠡᠳ ᠡᠨᠡᠬᠦ᠌ ᠢᠷᠡᠭᠤ ᠠᠯᠳᠠᠷ᠎ᠢᠶᠠᠨ ᠣᠷᠳᠣ ᠬᠤᠭᠤᠴᠠᠭ᠎ᠠ᠎ᠪᠠᠷ ᠬᠠᠮᠠᠭᠠᠯᠠᠭ᠍ᠰᠠᠭᠠᠷ ᠢᠷᠡᠵᠠᠢ᠃ ᠨᠠᠮ᠎ᠤᠨ ᠦᠨᠳᠦᠰᠦᠲᠡᠨ᠎ᠤ ᠤᠨᠤᠯ ᠪᠠ ᠴᠢᠭ᠌ᠯᠡᠯᠲᠡ ᠲᠦᠷᠦ᠎ᠶ᠋ᠢᠨ ᠪᠤᠳᠤᠯᠭ᠎ᠠ ᠪᠣᠯ ᠵᠥᠪ ᠣᠨᠣᠪᠴᠢᠲᠠᠢ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠠᠮ ᠪᠣᠯ ᠵᠥᠪ ᠣᠨᠣᠪᠴᠢᠲᠠᠢ᠂ ᠭᠠᠭ᠍ᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ ᠰᠠᠶᠢ ᠳᠤᠮᠳᠠᠳᠤ᠎ᠶ᠋ᠢᠨ ᠦᠨᠳᠦᠰᠦᠲᠡᠨ᠎ᠤ ᠶᠡᠭᠡ ᠪᠦᠯᠬᠦᠮᠳᠡᠯ᠎ᠢ ᠪᠡᠶᠡᠯᠡᠭᠦᠯᠵᠦ᠍ ᠴᠢᠳᠠᠨ᠎ᠠ᠂ ᠭᠠᠭ᠍ᠴᠠ ᠬᠦ᠌ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢᠶᠠᠷ ᠭᠤᠢᠪᠢᠰᠢ ᠦᠭᠡᠢ ᠵᠠᠮᠨᠠᠪᠠᠯ ᠰᠠᠶᠢ ᠦᠨᠳᠦᠰᠦᠲᠡᠨ᠎ᠨᠦᠭᠦᠳ᠎ᠢ ᠪᠦᠯᠬᠦᠮᠳᠡᠭᠦᠯᠤᠨ᠂ ᠦᠨᠳᠦᠰᠦᠲᠡᠨ᠎ᠨᠦᠭᠦᠳ᠎ᠢ ᠨᠢᠭ᠍ᠲᠠᠷᠠᠭᠤᠯᠵᠤ᠂ ᠦᠨᠳᠦᠰᠦᠲᠡᠨ᠎ᠨᠦᠭᠦᠳ᠎ᠢ ᠬᠥᠭ᠌ᠵᠢᠭᠦᠯᠤᠨ᠂ ᠦᠨᠳᠦᠰᠦᠲᠡᠨ᠎ᠨᠦᠭᠦᠳ᠎ᠢ ᠴᠡᠴᠡᠭ᠌ᠯᠡᠭᠦᠯᠦᠨ ᠬᠥᠭ᠌ᠵᠢᠭᠦᠯᠵᠦ᠍᠂ ᠦᠨᠳᠦᠰᠦᠲᠡᠨ᠎ᠤ ᠭᠠᠵᠠᠷ ᠣᠷᠣᠨ᠎ᠤ ᠬᠥᠭ᠌ᠵᠢᠯᠲᠡ᠎ᠶ᠋ᠢ ᠲᠦᠷᠭᠡᠳᠭᠡᠬᠦ᠌ ᠬᠦᠴᠦᠷᠬᠡᠭ ᠶᠡᠭᠡ ᠬᠠᠮᠳᠤᠷᠠᠯ ᠬᠦᠴᠦᠨ᠎ᠢ ᠨᠢᠭ᠍ᠲᠠᠷᠠᠭᠤᠯᠵᠤ ᠴᠢᠳᠠᠨ᠎ᠠ ᠭᠡᠳᠡᠭ᠎ᠢ ᠥᠪᠥᠷ ᠮᠣᠩᠭᠤᠯ᠎ᠤᠨ ᠠᠮᠢᠳᠤᠯᠢᠭ ᠦᠢᠯᠡᠳᠦᠯᠭᠡ ᠭᠦᠢᠴᠡᠳ ᠭᠡᠷᠡᠴᠢᠯᠡᠵᠠᠢ᠃
ᠦᠨᠳᠦᠰᠦᠲᠡᠨ᠎ᠤ ᠠᠵᠢᠯ ᠪᠣᠯ ᠪᠦᠬᠦ᠌ ᠲᠠᠯ᠎ᠠ᠎ᠳᠤ ᠬᠤᠯᠪᠣᠭ᠍ᠳᠠᠵᠤ᠂ ᠠᠯᠤᠰ ᠢᠷᠡᠭᠡᠳᠦᠢ᠎ᠳᠤ ᠬᠤᠯᠪᠣᠭ᠍ᠳᠠᠵᠤ᠂ ᠦᠨᠳᠦᠰᠦᠨ ᠵᠦᠢᠯ᠎ᠳᠤ ᠬᠤᠯᠪᠣᠭ᠍ᠳᠠᠵᠤ ᠪᠠᠢᠳᠠᠭ᠃ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢᠶᠠᠷ ᠭᠤᠢᠪᠢᠰᠢ ᠦᠭᠡᠢ ᠵᠠᠮᠨᠠᠬᠤ᠎ᠨᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠶ᠋ᠢᠨ ᠬᠦᠰᠡᠯ ᠡᠷᠡᠮᠡᠯᠵᠡᠯ᠎ᠢ ᠠᠴᠢᠶᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠨᠦᠭᠦᠳ᠎ᠤᠨ ᠬᠠᠮᠲᠤ᠎ᠶ᠋ᠢᠨ ᠬᠦᠰᠡᠯ ᠵᠡᠭᠦᠳᠦ᠎ᠶ᠋ᠢ ᠠᠴᠢᠶᠠᠯᠠᠵᠤ᠂ ᠪᠢᠳᠡᠨ᠎ᠤ ᠰᠡᠳᠭᠢᠯ ᠨᠢᠭᠡᠳᠦᠨ ᠬᠦᠰᠡᠯ ᠵᠡᠭᠦᠳᠦ᠎ᠪᠠᠨ ᠲᠡᠷᠭᠡᠯᠱᠢᠭᠦᠯᠬᠦ᠌᠎ᠶ᠋ᠢᠨ ᠵᠠᠪᠠᠯ ᠶᠠᠪᠤᠬᠤ ᠵᠠᠮ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠴᠢᠬᠤᠯᠠ ᠪᠠᠲᠤᠯᠠᠭ᠎ᠠ ᠮᠥᠨ᠃ ᠱᠢᠨ᠎ᠡ ᠪᠠᠢᠳᠠᠯ ᠳᠣᠣᠷ᠎ᠠ ᠦᠨᠳᠦᠰᠦᠲᠡᠨ᠎ᠤ ᠠᠵᠢᠯ ᠱᠢᠨ᠎ᠡ ᠱᠠᠳᠤᠴᠢ ᠴᠢᠨᠠᠷᠲᠠᠢ ᠣᠨᠴᠠᠯᠢᠭ᠂ ᠱᠢᠨ᠎ᠡ ᠬᠦᠴᠢᠷᠳᠡᠯ ᠪᠠ ᠥᠷᠢᠰᠥᠯᠳᠦᠭᠡᠨ᠎ᠳᠤ ᠲᠤᠯᠭᠠᠷᠠᠵᠤ ᠪᠠᠢᠨ᠎ᠠ᠂ ᠪᠢᠳᠡ ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ᠎ᠠᠴᠠ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠲᠡᠦᠬᠡᠨ ᠣᠷᠣᠨ ᠪᠠᠢᠷᠢ᠎ᠶ᠋ᠢ ᠡᠵᠡᠮᠳᠡᠬᠦ᠌ ᠬᠡᠷᠡᠭ᠌ᠲᠡᠢ; ᠡᠷᠬᠡᠪᠰᠢ ᠦᠨᠳᠦᠰᠦᠲᠡᠨ᠎ᠨᠦᠭᠦᠳ᠎ᠤᠨ ᠨᠡᠢᠭᠡᠮ ᠵᠢᠷᠤᠮᠲᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢᠨ ᠲᠥᠯᠥᠭᠡ ᠬᠠᠮᠲᠤ᠎ᠪᠠᠷ ᠲᠡᠮᠡᠴᠡᠬᠦ᠌᠎ᠶ᠋ᠢ ᠠᠬᠢᠭᠤᠯᠬᠤ ᠶᠠᠪᠤᠳᠠᠯ᠎ᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠬᠤᠯᠠ ᠡᠭᠦᠷᠭᠡ᠎ᠪᠠᠨ ᠪᠣᠯᠭᠠᠬᠤ ᠬᠡᠷᠡᠭ᠌ᠲᠡᠢ; ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠤᠣᠯ ᠱᠢᠵᠢᠮ᠎ᠢᠶᠠᠨ ᠪᠣᠯᠭᠠᠬᠤ ᠬᠡᠷᠡᠭ᠌ᠲᠡᠢ; ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠤ ᠵᠥᠪ ᠲᠡᠦᠬᠡ᠎ᠶ᠋ᠢᠨ ᠦᠵᠡᠯᠲᠡ᠎ᠶ᠋ᠢ ᠪᠠᠷᠢᠮᠲᠠᠯᠠᠬᠤ ᠬᠡᠷᠡᠭ᠌ᠲᠡᠢ; ᠡᠷᠬᠡᠪᠰᠢ ᠦᠨᠳᠦᠰᠦᠲᠡᠨ᠎ᠨᠦᠭᠦᠳ ᠴᠥᠮ ᠡᠷᠬᠡ ᠲᠡᠭ᠌ᠰᠢ ᠪᠠᠢᠬᠤ᠎ᠶ᠋ᠢ ᠪᠠᠷᠢᠮᠲᠠᠯᠠᠬᠤ ᠬᠡᠷᠡᠭ᠌ᠲᠡᠢ; ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠤ ᠶᠡᠭᠡ ᠪᠦᠯᠬᠦᠮᠳᠡᠯ᠎ᠤᠨ ᠲᠤᠭ᠎ᠢ ᠥᠨᠳᠥᠷ ᠮᠠᠨᠳᠤᠭᠤᠯᠬᠤ ᠬᠡᠷᠡᠭ᠌ᠲᠡᠶ; ᠡᠷᠬᠡᠪᠰᠢ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠬᠡᠷᠡᠭ᠌ᠲᠡᠢ; ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠢ ᠪᠦᠳᠦᠬᠡᠨ ᠪᠠᠢᠭᠤᠯᠬᠤ ᠬᠡᠷᠡᠭ᠌ᠲᠡᠶ; ᠡᠷᠬᠡᠪᠰᠢ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠬᠡᠷᠡᠭ᠌ᠲᠡᠢ; ᠡᠷᠬᠡᠪᠰᠢ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣᠭᠠᠷ ᠵᠠᠰᠠᠬᠤ᠎ᠶ᠋ᠢ ᠪᠠᠷᠢᠮᠲᠠᠯᠠᠬᠤ ᠬᠡᠷᠡᠭ᠌ᠲᠡᠢ; ᠡᠷᠬᠡᠪᠰᠢ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠡᠷᠡᠰ ᠬᠠᠮᠠᠭᠠᠯᠠᠬᠤ ᠬᠡᠷᠡᠭ᠌ᠲᠡᠢ; ᠡᠷᠬᠡᠪᠰᠢ ᠦᠨᠳᠦᠰᠦᠲᠡᠨ᠎ᠤ ᠠᠵᠢᠯ᠎ᠳᠠᠬᠢ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ ᠬᠡᠷᠡᠭ᠌ᠲᠡᠢ᠃ ᠴᠠᠭ ᠦᠶ᠎ᠡ᠎ᠶ᠋ᠢᠨ ᠬᠤᠪᠢᠷᠠᠯᠲᠠ᠎ᠳᠤ ᠵᠣᠬᠢᠴᠠᠨ ᠠᠯᠢᠪᠠ ᠪᠦᠬᠦᠨ᠎ᠳᠤ ᠪᠣᠳᠠᠲᠠᠢ᠎ᠠᠴᠠ ᠡᠭᠦᠰᠴᠦ᠍᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠦᠨᠡᠨ ᠬᠦ᠌ ᠨᠠᠷᠢᠯᠢᠭ ᠪᠣᠳᠠᠲᠠᠢ ᠨᠠᠢᠳᠠᠪᠤᠷᠢᠵᠢᠭᠤᠯᠵᠤ᠂ ᠪᠣᠳᠠᠲᠠᠢ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ ᠪᠣᠯᠤᠨ ᠪᠣᠳᠠᠳᠤ ᠠᠵᠢᠯᠯᠠᠭ᠎ᠠ ᠪᠣᠯᠭᠠᠨ ᠬᠤᠪᠢᠷᠠᠭᠤᠯᠪᠠᠯ᠂ ᠥᠪᠥᠷ ᠮᠣᠩᠭᠤᠯ᠎ᠤᠨ ᠦᠨᠳᠦᠰᠦᠲᠡᠨ᠎ᠤ ᠠᠵᠢᠯ᠎ᠢ ᠨᠡᠩ ᠦᠷ᠎ᠠ ᠪᠦᠲᠦᠮᠵᠢᠲᠡᠢ᠎ᠪᠠᠷ ᠰᠠᠢᠲᠤᠷ ᠬᠢᠵᠦ᠍ ᠴᠢᠳᠠᠬᠤ᠎ᠨᠢ ᠯᠠᠪᠳᠠᠢ᠃
ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ᠎ᠤᠨ ᠬᠥᠮᠦᠨ ᠮᠡᠲᠦ ᠳᠣᠲᠣᠨᠣ ᠪᠠᠢᠵᠤ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠎ᠶ᠋ᠢ ᠬᠠᠮᠲᠤ᠎ᠪᠠᠷ ᠲᠡᠷᠭᠡᠯᠱᠢᠭᠦᠯᠤᠮᠤᠢ᠃ ᠬᠤᠤᠰ ᠵᠠᠭᠤᠨ ᠵᠢᠯ᠎ᠤᠨ ᠲᠡᠦᠬᠡ᠎ᠶ᠋ᠢᠨ ᠠᠭᠤᠯᠵᠠᠷ᠎ᠲᠤ ᠵᠣᠭ᠍ᠰᠣᠵᠤ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠣᠯ ᠱᠢᠵᠢᠮ ᠪᠣᠯᠭᠠᠬᠤ᠎ᠶ᠋ᠢ ᠪᠠᠷᠢᠮᠲᠠᠯᠠᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢᠶᠠᠷ ᠭᠤᠢᠪᠢᠰᠢ ᠦᠭᠡᠢ ᠵᠠᠮᠨᠠᠵᠤ᠂ ᠨᠠᠮ᠎ᠤᠨ ᠦᠨᠳᠦᠰᠦᠲᠡᠨ᠎ᠤ ᠤᠨᠤᠯ ᠪᠣᠯᠤᠨ ᠦᠨᠳᠦᠰᠦᠲᠡᠨ᠎ᠤ ᠲᠦᠷᠦ᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠦᠳᠦᠬᠡᠨ ᠪᠠᠢᠭᠤᠯᠪᠠᠯ ᠪᠢᠳᠡ ᠯᠠᠪᠲᠠᠢ ᠱᠢᠨ᠎ᠡ ᠴᠠᠭ ᠦᠶ᠎ᠡ᠎ᠳᠤ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ ᠡᠷᠬᠢᠮ ᠳᠡᠭᠡᠳᠦ ᠢᠷᠠᠭᠤ ᠠᠯᠳᠠᠷ᠎ᠢᠶᠠᠨ ᠦᠷᠭᠦᠯᠵᠢᠯᠡᠨ ᠪᠠᠲᠤᠯᠠᠵᠤ᠂ ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢᠶᠠᠨ ᠨᠡᠩ ᠦᠵᠡᠰᠭᠦᠯᠡᠩᠲᠦ ᠰᠠᠢᠬᠠᠨ ᠪᠣᠯᠭᠠᠨ ᠴᠤᠭ᠍ᠴᠠᠯᠠᠵᠤ ᠴᠢᠳᠠᠬᠤ ᠶᠤᠮ᠃