ᠬᠠᠷ᠎ᠠ ᠲᠠᠮᠠᠬᠢ᠎ᠶᠢᠨ ᠳᠠᠶ᠋ᠢᠨ᠎ᠦ ᠳᠠᠷᠠᠭ᠎ᠠ᠂ ᠳᠤᠮᠳᠠᠳᠤ ᠤᠯᠤᠰ ᠬᠦᠨᠳᠦ ᠨᠣᠴᠢᠲᠠᠢ ᠦᠨᠳᠦᠰᠦᠲᠡᠨ᠎ᠦ
ᠬᠢᠮᠤᠷᠠᠯ᠎ᠤᠨ ᠳᠤᠮᠳᠠ ᠣᠷᠣᠰᠢᠵᠤ ᠪᠠᠢᠪᠠ᠃ 1916 ᠣᠨ᠎ᠳᠤ ᠶᠤᠸᠠᠨ ᠱᠢ ᠺᠠᠢ ᠠᠷᠭ᠎ᠠ ᠪᠤᠰᠤ ᠬᠠᠭᠠᠨᠲᠤ ᠪᠠᠢᠭᠤᠯᠤᠯ᠎ᠢᠶᠠᠨ
ᠬᠦᠴᠦᠨ ᠦᠭᠡᠢ ᠪᠣᠯᠭᠠᠵᠠᠢ᠃ ᠲᠤᠰ ᠵᠢᠯ᠎ᠳᠦ ᠯᠢ ᠳᠡ ᠵᠤᠤ ᠶᠠᠫᠤᠨ᠎ᠳᠤ ᠰᠤᠷᠤᠯᠴᠠᠭᠠᠳ ᠪᠤᠴᠠᠵᠤ ᠢᠷᠡᠬᠦ᠎ᠳᠦ᠂ ᠯᠢᠶᠠᠩ
ᠴᠢ ᠴᠤᠤ ᠨᠠᠷ᠎ᠤᠨ ᠤᠷᠢᠯᠭ᠎ᠠ᠎ᠪᠠᠷ 《ᠴᠸᠨ
ᠵᠦᠩ ᠰᠣᠨᠢᠨ》 ᠤ ᠨᠠᠢᠷᠠᠭᠤᠯᠬᠤ ᠠᠵᠢᠯ᠎ᠢ ᠡᠷᠬᠢᠯᠡᠪᠡ᠃ ᠬᠡᠪᠯᠡᠯ ᠡᠬᠢᠯᠡᠭᠰᠡᠨ
ᠳ᠋ᠤᠭᠠᠷ ᠳᠡᠭᠡᠷ᠎ᠡ ᠯᠢ ᠳᠡ ᠵᠤᠤ 《〈ᠴᠸᠨ ᠵᠦᠡᠭ〉 ᠤᠨ ᠡᠭᠦᠷᠭᠡ ᠊᠊᠊ ᠵᠠᠯᠠᠭᠤ ᠨᠠᠰᠤᠨ᠎ᠤ
ᠳᠤᠮᠳᠠᠳᠤ᠎ᠶᠢᠨ ᠡᠭᠦᠳᠦᠨ ᠪᠦᠲᠦᠭᠡᠯᠲᠡ》 ᠵᠢ ᠨᠡᠢᠲᠡᠯᠡᠪᠡ᠃
ᠲᠤᠰ ᠵᠣᠬᠢᠶᠠᠯ᠎ᠳᠤ ᠯᠢ ᠳᠡ ᠵᠤᠤ ᠠᠩᠬ᠎ᠠ ᠤᠳᠠᠭ᠎ᠠ ᠥᠪᠡᠷ᠎ᠦᠨ 《ᠵᠠᠯᠠᠭᠤ ᠨᠠᠰᠤᠨ᠎ᠤ ᠳᠤᠮᠳᠠᠳᠤ ᠤᠯᠤᠰ》 ᠤᠨ ᠬᠦᠰᠡᠯᠡᠩ᠎ᠢᠶᠡᠨ ᠲᠣᠳᠣᠷᠬᠠᠢᠯᠠᠵᠤ᠂ ᠵᠠᠯᠠᠭᠤᠴᠤᠳ᠎ᠲᠤ ᠥᠪᠡᠷ᠎ᠦᠨ ᠤᠬᠠᠮᠰᠠᠷ᠎ᠠᠴᠠ᠎ᠪᠠᠨ
ᠡᠷᠡᠯᠬᠡᠭᠯᠡᠨ ᠲᠡᠮᠡᠴᠡᠬᠦ ᠤᠷᠢᠶᠠᠯᠠᠭ᠎ᠠ ᠭᠠᠷᠭᠠᠪᠠ᠃ ᠲᠡᠷᠡ᠂ ᠳᠤᠮᠳᠠᠳᠤ᠎ᠶᠢᠨ ᠦᠨᠳᠦᠰᠦᠲᠡᠨ᠎ᠦ ᠪᠠᠴᠢᠮ ᠰᠢᠢᠳᠪᠦᠷᠢᠯᠡᠬᠦ
ᠴᠢᠬᠤᠯᠠᠲᠠᠢ ᠠᠰᠠᠭᠤᠳᠠᠯ ᠪᠣᠯ ᠮᠥᠬᠥᠬᠦ ᠡᠰᠡᠬᠦ᠎ᠶᠢᠨ ᠠᠰᠠᠭᠤᠳᠠᠯ ᠪᠢᠰᠢ᠂ ᠬᠠᠷᠢᠨ ᠬᠡᠷᠬᠢᠨ ᠵᠠᠯᠠᠭᠤ ᠨᠠᠰᠤ᠎ᠶᠢ
ᠳᠠᠬᠢᠨ ᠪᠣᠢᠵᠢᠭᠤᠯᠬᠤ ᠶᠠᠪᠤᠳᠠᠯ ᠪᠣᠯᠣᠨ᠎ᠠ; ᠳᠤᠮᠳᠠᠳᠤ ᠤᠯᠤᠰ᠎ᠤᠨ ᠭᠠᠷᠬᠤ
ᠵᠠᠮ ᠪᠣᠯ ᠬᠠᠭᠤᠴᠢᠨ ᠤᠯᠠᠮᠵᠢᠯᠠᠯ᠂ ᠬᠠᠭᠤᠴᠢᠨ ᠣᠢᠯᠠᠭᠠᠭᠳᠠᠬᠤᠨ᠎ᠤ ᠬᠦᠯᠢᠶᠡᠰᠦᠯᠡᠯ᠎ᠡᠴᠡ ᠮᠤᠯᠲᠤᠷᠠᠵᠤ᠂ ᠡᠷᠡᠯᠬᠡᠭᠯᠡᠨ
ᠤᠷᠤᠭᠰᠢᠯᠠᠵᠤ᠂ ᠱᠠᠯᠠᠮᠠᠭᠠᠢᠯᠠᠨ ᠪᠣᠰᠴᠤ ᠱᠠᠯᠠᠮᠠᠭᠠᠢᠯᠠᠨ ᠨᠡᠬᠡᠵᠦ᠂ ᠢᠷᠡᠭᠡᠳᠦᠢ᠎ᠳᠦ ᠬᠠᠨᠳᠤᠭᠰᠠᠨ ᠠᠮᠢᠵᠢᠷᠠᠯ᠎ᠤᠨ
ᠬᠦᠴᠦᠨ᠎ᠢᠶᠡᠷ ᠪᠢᠯᠬᠠᠮ᠎ᠠ ᠵᠠᠯᠠᠭᠤ ᠨᠠᠰᠤᠨ᠎ᠤ ᠳᠤᠮᠳᠠᠳᠤ ᠤᠯᠤᠰ᠎ᠢ ᠪᠠᠶ᠋ᠢᠭᠤᠯᠬᠤ᠎ᠳᠤ ᠪᠠᠢᠨ᠎ᠠ᠃ ᠤᠳᠠᠯ ᠦᠭᠡᠢ᠂
ᠯᠢ ᠳᠡ ᠵᠤᠤ᠎ᠶᠢᠨ ᠨᠦᠬᠦᠭᠡ ᠨᠢᠭᠡ 《ᠵᠠᠯᠠᠭᠤ ᠨᠠᠰᠤ 》 ᠬᠡᠬᠦ ᠵᠤᠬᠢᠶᠠᠯ ᠨᠢ 《ᠰᠢᠨ᠎ᠡ ᠵᠠᠯᠠᠭᠤᠴᠤᠳ》
ᠰᠡᠳᠬᠦᠯ ᠳ᠋ᠤ ᠨᠡᠢᠲᠡᠯᠡᠭᠳᠡᠵᠡᠢ᠃ ᠵᠣᠬᠢᠶᠠᠯ᠎ᠳᠤ ᠤᠯᠤᠰ᠎ᠢᠶᠠᠨ ᠬᠠᠢᠷᠠᠯᠠᠬᠤ
ᠪᠠ ᠤᠯᠤᠰ᠎ᠢᠶᠠᠨ ᠠᠪᠤᠷᠠᠬᠤ᠎ᠶᠢ ᠳᠠᠬᠢᠨᠲᠠ ᠳᠡᠭᠡᠳᠦ ᠬᠡᠮᠵᠢᠶ᠎ᠡ᠎ᠪᠡᠷ ᠨᠢᠭᠡᠳᠬᠡᠵᠦ᠂ ᠳᠤᠮᠳᠠᠳᠤ ᠤᠯᠤᠰ ᠶᠠᠭ
ᠬᠠᠷᠠᠩᠭᠤᠢ ᠪᠠ ᠦᠦᠷ᠎ᠦᠨ ᠭᠡᠭᠡ᠎ᠶᠢᠨ ᠠᠭᠤᠯᠵᠠᠷ᠎ᠲᠤ ᠣᠷᠣᠰᠢᠵᠤ ᠪᠠᠢᠨ᠎ᠠ᠂ ᠵᠠᠯᠠᠭᠤᠴᠤᠳ᠎ᠢ ᠴᠤᠭ ᠪᠠᠳᠠᠷᠠᠩᠭᠤᠢ
ᠤᠯᠤᠰ ᠣᠷᠣᠨ᠎ᠢ ᠪᠦᠲᠦᠭᠡᠨ ᠪᠠᠶ᠋ᠢᠭᠤᠯᠬᠤ᠎ᠶᠢᠨ ᠲᠥᠯᠥᠭᠡ ᠲᠡᠮᠡᠴᠡᠬᠦ᠎ᠶᠢ ᠵᠣᠷᠢᠭ᠍ᠵᠢᠭᠤᠯᠵᠠᠢ᠃
1918 ᠣᠨ᠎ᠳᠤ᠂ ᠯᠢ ᠳᠡ ᠵᠤᠤ
ᠪᠡᠭᠡᠵᠢᠩ ᠶᠡᠬᠡ ᠰᠤᠷᠭᠠᠭᠤᠯᠢ᠎ᠶᠢᠨ ᠨᠣᠮ᠎ᠤᠨ ᠰᠠᠩ᠎ᠤᠨ ᠡᠷᠬᠢᠯᠡᠭᠴᠢ᠎ᠶᠢᠨ ᠲᠤᠰᠢᠶᠠᠯ᠎ᠢ ᠬᠠᠷᠢᠭᠤᠴᠠᠵᠤ᠂ ᠰᠢᠨ᠎ᠡ
ᠰᠣᠶᠣᠯ᠎ᠤᠨ ᠬᠥᠳᠡᠯᠭᠡᠭᠡᠨ᠎ᠦ ᠭᠣᠣᠯ ᠬᠦᠴᠦᠨ ᠪᠣᠯᠵᠤ᠂ ᠳᠤᠮᠳᠠᠳᠤ ᠤᠯᠤᠰ᠎ᠤᠨ ᠬᠠᠮᠤᠭ᠎ᠤᠨ ᠡᠷᠲᠡᠨ᠎ᠦ ᠮᠠᠷᠺᠰ᠎ᠤᠨ
ᠦᠵᠡᠯ᠎ᠦᠨ ᠤᠯᠠᠮᠵᠢᠯᠠᠭ᠍ᠴᠢ᠎ᠶᠢᠨ ᠨᠢᠭᠡ ᠪᠣᠯᠪᠠ᠃ ᠯᠢ ᠳᠡ ᠵᠤᠤ᠎ᠶᠢᠨ ᠦᠵᠡᠬᠦ᠎ᠪᠡᠷ ᠂ ᠡᠷᠲᠡᠨ᠎ᠦ ᠦᠨᠳᠦᠰᠦᠲᠡᠨ
ᠤᠷᠢ ᠵᠠᠯᠠᠭᠤ ᠨᠠᠰᠤ᠎ᠪᠠᠨ ᠲᠠᠬᠢᠨ ᠢᠯᠡᠷᠡᠭᠦᠯᠵᠦ ᠳᠡᠶ᠋ᠢᠯᠬᠦ ᠡᠰᠡᠬᠦ᠎ᠶᠢᠨ ᠵᠠᠩᠭᠢᠯᠠᠭ᠎ᠠ ᠨᠢ 《ᠵᠠᠯᠠᠭᠤᠴᠤᠳ᠎ᠤᠨ ᠤᠬᠠᠮᠰᠠᠷ ᠶᠠᠮᠠᠷᠰᠢᠤ ᠪᠠᠢᠬᠤ᠎ᠲᠠᠢ ᠬᠣᠯᠪᠣᠭᠳᠠᠨ᠎ᠠ》᠂ ᠡᠢᠮᠦ᠎ᠡᠴᠡ ᠵᠠᠯᠠᠭᠤᠴᠤᠳ᠎ᠤᠨ ᠰᠡᠩᠬᠡᠷᠡᠭᠦᠯᠦᠯ᠎ᠦᠨ ᠲᠥᠯᠥᠭᠡ ᠴᠢᠷᠮᠠᠢᠵᠤ᠂
ᠵᠠᠯᠠᠭᠤᠴᠤᠳ᠎ᠤᠨ ᠰᠠᠢᠨ ᠪᠠᠭ᠍ᠰᠢ ᠳᠣᠲᠣᠨᠣ᠌ ᠨᠠᠢᠵᠠ ᠪᠣᠯᠬᠤ ᠪᠡᠷ ᠠᠵᠢᠯᠯᠠᠵᠠᠢ᠃
ᠲᠤᠬᠠᠢ᠎ᠶᠢᠨ ᠦᠶ᠎ᠡ᠎ᠶᠢᠨ ᠯᠢ ᠳᠡ ᠵᠣᠣ ᠰᠠᠷ᠎ᠠ ᠪᠦᠷᠢ 240 ᠮᠥᠩᠭᠥᠨ ᠵᠣᠭᠣᠰ ᠣᠯᠳᠠᠭ᠃
ᠭᠡᠪᠡᠴᠦ ᠲᠡᠭᠦᠨ᠎ᠦ ᠡᠬᠡᠨᠡᠷ ᠵᠣᠣ ᠴᠧ ᠯᠠᠨ ᠨᠢ ᠦᠷᠭᠦᠯᠵᠢ ᠭᠡᠷ᠎ᠦᠨ᠎ᠢᠶᠡᠨ ᠠᠮᠢᠳᠤᠷᠠᠯ᠎ᠤᠨ ᠲᠥᠯᠥᠭᠡ ᠰᠠᠨᠠᠭ᠎ᠠ
ᠵᠣᠪᠠᠳᠠᠭ᠂ ᠤᠴᠢᠷ ᠨᠢ ᠯᠢ ᠳᠡ ᠵᠣᠣ ᠦᠷᠭᠦᠯᠵᠢ ᠠᠯᠢᠪᠠ ᠪᠡᠷ ᠵᠢᠡᠨ ᠶᠠᠳᠠᠭᠤ ᠰᠤᠷᠤᠭ᠍ᠴᠢᠳ᠎ᠢ ᠲᠡᠳᠬᠦᠳᠡᠭ᠃ ᠬᠠᠮᠤᠭ
ᠰᠡᠭᠦᠯ ᠳ᠋ᠦ᠍ᠨᠢ᠂ ᠪᠡᠭᠡᠵᠢᠩ ᠶᠡᠬᠡ ᠰᠤᠷᠭᠠᠭᠤᠯᠢ᠎ᠶᠢᠨ ᠵᠠᠬᠢᠷᠤᠯ ᠼᠠᠢ ᠶᠤᠸᠠᠨ ᠫᠸᠢ ᠠᠷᠭ᠎ᠠ ᠪᠤᠰᠤ ᠨᠢᠭ᠍ᠲᠠᠯᠠᠨ
ᠪᠣᠳᠣᠬᠤ ᠰᠠᠯᠠᠭ᠎ᠠ᠎ᠶᠢ ᠰᠠᠷ᠎ᠠ ᠪᠦᠷᠢ ᠴᠠᠯᠢᠩ ᠥᠭᠬᠦ᠎ᠳᠡᠭᠡᠨ ᠨᠢᠭᠡ ᠬᠡᠰᠡᠭ᠎ᠢ ᠨᠢ ᠤᠷᠢᠳ᠎ᠢᠶᠠᠷ ᠬᠠᠰᠤᠵᠤ᠂
ᠥᠪᠡᠷ᠎ᠦᠨ ᠭᠠᠷ᠎ᠢᠶᠠᠷ᠎ᠢᠶᠠᠨ ᠯᠢ ᠬᠠᠲᠤᠭᠲᠠᠢ᠎ᠳᠤ ᠥᠭᠬᠦᠨ᠎ᠠ ᠬᠡᠵᠤ ᠱᠠᠭᠠᠷᠳᠠᠪᠠ᠃
ᠮᠠᠤ ᠽᠧ ᠳ᠋ᠦᠩ ᠬᠣᠵᠢᠮ ᠨᠢ ᠡᠷᠭᠢᠴᠡᠭᠦᠯᠬᠦ᠎ᠳᠡᠭᠡᠨ᠂ ᠲᠡᠷᠡ ᠪᠡᠭᠡᠵᠢᠩ ᠶᠡᠬᠡ ᠰᠤᠷᠭᠠᠭᠤᠯᠢ᠎ᠳᠤ
ᠣᠴᠢᠵᠤ ᠠᠵᠢᠯ ᠡᠷᠢᠬᠦ ᠳ᠋ᠦ ᠯᠢ ᠳᠡ ᠵᠤᠤ᠎ᠶᠢᠨ ᠲᠠᠭᠠᠰᠢᠶᠠᠯ᠎ᠢ ᠣᠯᠵᠤ᠂ ᠲᠤᠰᠠᠯᠠᠭ᠍ᠴᠢ ᠪᠣᠯᠬᠤ᠎ᠪᠠᠷ ᠲᠣᠬᠢᠷᠠᠭᠤᠯᠪᠠ᠃
ᠪᠡᠭᠡᠵᠢᠩ ᠶᠡᠬᠡ ᠰᠤᠷᠭᠠᠭᠤᠯᠢ᠎ᠳᠤ ᠪᠠᠢᠬᠤ ᠬᠤᠭᠤᠴᠠᠭᠠᠨ᠎ᠳᠠᠭᠠᠨ᠂ ᠲᠡᠷᠡ ᠦᠷᠭᠦᠯᠵᠢ ᠭᠦᠨ ᠤᠬᠠᠭᠠᠨ ᠪᠠ ᠰᠣᠨᠢᠨ
ᠮᠡᠳᠡᠭᠡᠨ᠎ᠦ ᠬᠢᠴᠢᠶᠡᠯ᠎ᠢ ᠰᠤᠯᠠ ᠰᠣᠨᠣᠰᠴᠤ᠂ ᠨᠡᠷᠡᠳᠤ ᠬᠥᠮᠥᠰ᠎ᠢᠶᠡᠷ ᠵᠢᠭᠠᠯᠭᠠᠬᠤ ᠪᠡᠷ ᠬᠦᠰᠡᠳᠡᠭ
ᠪᠠᠢᠵᠠᠢ᠂ ᠭᠡᠲᠡᠯ᠎ᠡ 《ᠲᠡᠳᠡ ᠪᠦᠷ ᠶᠠᠭᠠᠷᠠᠤ
ᠬᠥᠮᠥᠰ ᠪᠠᠢᠵᠤ᠂ ᠨᠣᠮ᠎ᠤᠨ ᠰᠠᠩ᠎ᠤᠨ ᠲᠤᠰᠠᠯᠠᠭ᠍ᠴᠢ᠎ᠶᠢᠨ ᠡᠮᠦᠨᠡᠳᠦ ᠣᠷᠣᠨ᠎ᠤ ᠦᠭᠡ ᠶᠠᠷᠢᠬᠤ᠎ᠶᠢ ᠰᠣᠨᠣᠰᠬᠤ ᠴᠠᠭ
ᠦᠭᠡᠢ ᠪᠠᠢᠪᠠ》᠃ ᠲᠤᠬᠠᠢ᠎ᠶᠢᠨ ᠦᠶ᠎ᠡ᠎ᠳᠦ ᠨᠢᠭᠡᠨᠲᠡ ᠡᠷᠳᠡᠮ ᠰᠢᠨᠵᠢᠯᠡᠭᠡᠨ᠎ᠦ
ᠬᠢᠨ ᠳ᠋ᠦ ᠡᠷᠬᠡ ᠰᠦᠷ᠎ᠲᠠᠢ ᠪᠣᠯᠤᠭᠰᠠᠨ ᠯᠢ ᠳᠡ ᠵᠣᠣ᠂ ᠡᠨᠡ ᠬᠦ᠌ ᠳᠤᠮᠳᠠᠳᠤ ᠵᠡᠷᠭᠡ᠎ᠶᠢᠨ ᠪᠠᠭ᠍ᠰᠢ᠎ᠶᠢᠨ ᠰᠤᠷᠭᠠᠭᠤᠯᠢ᠎ᠶᠢᠨ
ᠰᠤᠷᠤᠯᠭ᠎ᠠ᠎ᠶᠢᠨ ᠨᠠᠮᠲᠠᠷ᠎ᠲᠠᠢ ᠪᠠᠭ᠍ᠰᠢ ᠵᠢᠨ ᠠᠰᠠᠭᠤᠯᠲᠠ ᠪᠦᠬᠦᠨ ᠢ᠋ ᠵᠠᠪᠠᠯ ᠬᠠᠷᠢᠭᠤᠯᠬᠤ᠎ᠪᠠᠷ ᠪᠠᠷᠠᠬᠤ
ᠦᠭᠡᠢ ᠪᠠᠰᠠ ᠦᠷᠭᠦᠯᠵᠢ ᠰᠢᠨ᠎ᠡ ᠨᠣᠮ ᠲᠠᠨᠢᠯᠴᠠᠭᠤᠯᠵᠤ ᠪᠠᠢᠪᠠ᠃ 1949 ᠣᠨ᠎ᠳᠤ ᠮᠠᠤ ᠽᠧ ᠳ᠋ᠦᠩ
ᠲᠥᠪ᠎ᠦᠨ ᠤᠳᠤᠷᠢᠳᠬᠤ ᠪᠠᠢᠭᠤᠯᠭ᠎ᠠ᠎ᠶᠢ ᠳᠠᠭᠠᠭᠤᠯᠤᠨ ᠰᠢ ᠪᠠᠢ ᠫᠦᠸᠸ ᠡᠴᠡ ᠪᠸᠢᠢᠫᠢᠩ᠎ᠳᠤ ᠣᠷᠣᠵᠤ᠄ 30 ᠵᠢᠯ᠎ᠦᠨ ᠡᠮᠦᠨ᠎ᠡ ᠪᠢ ᠤᠯᠤᠰ᠎ᠢᠶᠠᠨ ᠠᠪᠤᠷᠠᠬᠤ ᠠᠷᠠᠳ
ᠲᠦᠮᠡᠨ᠎ᠢᠶᠡᠨ ᠠᠪᠤᠷᠠᠬᠤ ᠦᠨᠡᠨ ᠶᠣᠰᠣ᠌᠎ᠶᠢ ᠡᠷᠢᠯᠬᠢᠯᠡᠬᠦ᠎ᠶᠢᠨ ᠲᠥᠯᠥᠭᠡ ᠵᠢᠳᠭᠦᠵᠤ ᠪᠠᠢᠪᠠ ᠁ ᠪᠸᠢᠢᠫᠢᠩ᠎ᠳᠤ
ᠨᠢᠭᠡᠨ ᠰᠠᠢᠨ ᠬᠥᠮᠥᠨ᠎ᠲᠠᠢ ᠠᠭᠤᠯᠵᠠᠪᠠ᠂ ᠲᠡᠷᠡ ᠪᠣᠯ ᠳᠠᠷᠤᠢ ᠯᠢ ᠳᠡ ᠵᠤᠤ ᠨᠥᠬᠥᠷ ᠪᠣᠯᠣᠨ᠎ᠠ ᠬᠡᠵᠡᠢ᠃
《ᠵᠠᠯᠠᠭᠤ ᠨᠠᠰᠤᠨ᠎ᠤ ᠳᠤᠮᠳᠠᠳᠤ ᠤᠯᠤᠰ》 ᠤᠨ ᠬᠦᠰᠡᠯᠡᠩ
ᠨᠢ ᠯᠢ ᠳᠡ ᠵᠤᠤ᠎ᠶᠢᠨ ᠨᠢᠭᠡ ᠨᠠᠰᠤ᠎ᠪᠠᠷ᠎ᠢᠶᠠᠨ ᠳᠤᠮᠳᠠᠳᠤ᠎ᠶᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ
ᠲᠥᠯᠥᠭᠡ ᠲᠡᠮᠡᠴᠡᠭᠰᠡᠨ ᠡᠷᠬᠢᠮ ᠳᠡᠭᠡᠳᠦ ᠪᠤᠳᠤᠯ ᠪᠣᠯᠣᠨ ᠴᠥᠬᠥᠷᠡᠰᠢ ᠦᠭᠡᠢ ᠲᠡᠮᠡᠴᠡᠬᠦ ᠵᠣᠷᠢᠭ᠋ ᠰᠠᠨᠠᠭ᠎ᠠ᠎ᠶᠢ
ᠪᠤᠢ ᠪᠣᠯᠭᠠᠵᠤ᠂ ᠲᠡᠭᠦᠨ᠎ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠤᠭ᠎ᠤᠨ ᠴᠢᠬᠤᠯᠠ ᠡᠭᠦᠰᠬᠡᠨ ᠪᠠᠢᠭᠤᠯᠤᠭ᠍ᠴᠢ
ᠪᠠ ᠬᠤᠪᠢᠰᠬᠠᠯᠴᠢ᠎ᠶᠢᠨ ᠨᠢᠭᠡ ᠪᠣᠯᠭᠠᠵᠠᠢ᠃ 1927 ᠣᠨ᠎ᠤ 4 ᠰᠠᠷ᠎ᠠ᠎ᠶᠢᠨ
6᠎ᠤ ᠡᠳᠦᠷ᠂ ᠯᠢ ᠳᠡ ᠵᠤᠤ ᠪᠠᠷᠢᠪᠴᠢᠯᠠᠭᠳᠠᠨ
ᠭᠢᠨᠳᠠᠨ᠎ᠳᠤ ᠣᠷᠣᠪᠠ᠃ ᠲᠤᠬᠠᠢ᠎ᠶᠢᠨ ᠦᠶ᠎ᠡ᠎ᠶᠢᠨ ᠰᠣᠨᠢᠨ᠎ᠤ ᠮᠡᠳᠡᠭᠡᠯᠡᠯ᠎ᠢ ᠦᠨᠳᠦᠰᠦᠯᠡᠪᠡᠯ᠂ ᠲᠡᠷᠡ ᠰᠢᠭᠦᠭᠳᠡᠬᠦ
ᠦᠶ᠎ᠡ᠎ᠳᠦ 《ᠵᠣᠷᠢᠭ᠋ ᠰᠠᠨᠠᠭ᠎ᠠ ᠨᠢ ᠮᠠᠰᠢ ᠪᠠᠳᠠᠷᠠᠩᠭᠤᠢ᠂ ᠣᠪᠣᠷ ᠨᠢ
ᠲᠤᠢᠯ᠎ᠤᠨ ᠲᠣᠭᠲᠠᠭᠤᠨ》 ᠪᠠᠢᠵᠤ᠂ ᠪᠠᠭᠠᠲᠤᠷᠯᠢᠭ᠋᠎ᠢᠶᠠᠷ ᠪᠡᠶ᠎ᠡ ᠦᠷᠡᠭᠳᠡᠬᠦ
ᠦᠶ᠎ᠡ᠎ᠳᠦ 38 ᠨᠠᠰᠤ ᠬᠦᠷᠦᠭᠡᠳᠦᠢ ᠪᠠᠢᠵᠠᠢ᠃
( ᠢᠷᠡᠯᠳᠡ᠄ 《ᠡᠪ ᠬᠠᠮᠲᠤ ᠨᠠᠮ᠎ᠤᠨ
ᠬᠡᠰᠢᠬᠦᠨ᠎ᠤ ᠮᠡᠳᠡᠬᠦ ᠶᠤᠰᠤᠳᠠᠢ ᠨᠠᠮ ᠤᠨ ᠲᠡᠤᠬᠡ ᠵᠢᠨ ᠵᠢᠵᠢᠭ
ᠦᠯᠢᠭᠡᠷ᠎ᠤᠳ 》 )