ᠸᠠᠨ ᠯᠢ ᠵᠢᠨ ᠣᠯᠠᠨ ᠲᠦᠮᠡᠨᠴᠢ ᠦᠵᠡᠯᠲᠡ
2022-10-27 11:20:27
ᠵᠣᠬᠢᠶᠠᠭ᠍ᠴᠢ᠄
​ᠯᠢᠦ ᠶᠢᠩ
ᠣᠩᠱᠢᠭ᠍ᠰᠠᠨ ᠣᠳᠠᠭ᠎ᠠ᠄
★★★☆☆

1947 ᠣᠨ᠎ᠤ 1 ᠰᠠᠷ᠎ᠠ᠎ᠶ᠋ᠢᠨ 30 ᠎ᠤ ᠡᠳᠦᠷ᠂ ᠸᠠᠨ ᠯᠢ 《ᠾᠸᠪᠸᠢ ᠱᠠᠨᠳᠦ᠋ᠩ ᠾᠧᠨᠠᠨ ᠡᠳᠦᠷ᠎ᠦᠨ ᠰᠣᠨᠢᠨ》 ᠳᠡᠭᠡᠷ᠎ᠡ 《ᠤᠯᠠᠨ ᠲᠦᠮᠡᠨ᠎ᠦ ᠢᠳᠡᠪᠬᠢᠵᠢᠯ ᠪᠠ ᠪᠦᠲᠦᠭᠡᠯᠴᠢ ᠴᠢᠨᠠᠷ᠎ᠢ ᠪᠠᠳᠠᠷᠠᠭᠤᠯᠤᠶ᠎ᠠ》ᠭᠡᠬᠦ᠌ ᠵᠣᠬᠢᠶᠠᠯ ᠨᠡᠢᠲᠡᠯᠡᠵᠦ᠍᠄《ᠤᠳᠤᠷᠢᠳᠤᠭ᠍ᠴᠢ ᠤᠯᠠᠨ ᠲᠦᠮᠡᠨ᠎ᠦ ᠢᠳᠡᠪᠬᠢᠵᠢᠯ᠎ᠢ ᠤᠯᠠᠮ ᠪᠠᠳᠠᠷᠠᠭᠤᠯᠵᠤ᠂ ᠵᠣᠬᠢᠶᠠᠨ ᠪᠠᠢᠭᠤᠯᠵᠤ ᠴᠢᠳᠠᠪᠠᠯ ᠤᠯᠠᠨ ᠲᠦᠮᠡᠨ ᠤᠯᠠᠮ ᠢᠯᠡᠭᠦᠦ ᠪᠦᠳᠦᠭᠡᠯᠴᠢ ᠪᠤᠯᠵᠦ ᠴᠢᠳᠠᠨ᠎ᠠ》 ᠬᠡᠵᠡᠢ᠃ ᠸᠠᠨ ᠯᠢ᠎ᠶ᠋ᠢᠨ ᠦᠵᠡᠬᠦ᠌᠎ᠪᠡᠷ᠂ ᠺᠠᠳ᠋ᠷ ᠪᠣᠯᠤᠨ ᠤᠯᠠᠨ ᠲᠦᠮᠡᠨ᠎ᠦ ᠢᠳᠡᠪᠬᠢᠵᠢᠯ᠎ᠢ ᠭᠦᠢᠴᠡᠳ ᠳᠠᠢ᠌ᠴᠢᠯᠠᠵᠤ᠂ ᠤᠯᠠᠨ ᠲᠦᠮᠡᠨ᠎ᠦ ᠵᠣᠭ᠍ᠰᠣᠴᠠ᠎ᠠᠴᠠ ᠤᠯᠠᠨ ᠲᠦᠮᠡᠨ᠎ᠲᠡᠶ ᠨᠢᠭᠡᠳᠪᠡᠯ ᠰᠠᠶᠢ ᠠᠵᠢᠯ᠎ᠢᠶᠠᠨ ᠰᠠᠢᠲᠤᠷ ᠬᠢᠵᠦ᠍ ᠴᠢᠳᠠᠨ᠎ᠠ᠃

1941 ᠣᠨ᠎ᠠᠴᠠ 1942 ᠣᠨ ᠪᠣᠯᠲᠠᠯ᠎ᠠ᠂ ᠾᠸᠪᠸᠢ ᠱᠠᠨᠳᠦ᠋ᠩ ᠾᠧᠨᠠᠨ᠎ᠤ ᠬᠢᠵᠠᠭᠠᠷ ᠣᠷᠣᠨ᠎ᠳᠤ ᠬᠦᠨᠳᠦ ᠨᠣᠴᠢᠲᠠᠢ ᠭᠠᠩ ᠬᠠᠭ᠍ᠰᠠᠷᠠᠭᠠᠨ ᠪᠣᠯᠪᠠ᠃ ᠭᠠᠮᠱᠢᠭ᠎ᠤᠨ ᠡᠮᠦᠨ᠎ᠡ᠂ ᠪᠠᠷᠠᠭᠤᠨ ᠣᠷᠣᠨ᠎ᠤ ᠨᠠᠮ᠎ᠤᠨ ᠬᠣᠷᠢᠶᠠᠨ᠎ᠤ ᠱᠦᠵᠢ᠎ᠶ᠋ᠢᠨ ᠲᠤᠱᠢᠶᠠᠯ᠎ᠢ ᠬᠠᠷᠢᠭᠤᠴᠠᠵᠤ ᠪᠠᠢᠭ᠍ᠰᠠᠨ ᠸᠠᠨ ᠯᠢ《ᠰᠠᠭᠤᠷᠢᠨ ᠭᠠᠵᠠᠷ᠎ᠲᠤ ᠨᠢᠭᠡ ᠬᠥᠮᠦᠨ᠎ᠢ ᠴᠦ᠍ ᠥᠯᠪᠡᠷᠴᠦ᠍ ᠦᠬᠦᠭᠦᠯᠵᠦ᠍ ᠪᠣᠯᠬᠤ ᠦᠭᠡᠢ》ᠭᠡᠰᠡᠨ ᠤᠷᠢᠶ᠎ᠠ ᠳᠤᠷᠠᠳᠴᠤ᠌᠂ ᠲᠤᠰᠭᠠᠢ ᠣᠷᠣᠨ᠎ᠤ ᠨᠠᠮ᠎ᠤᠨ ᠬᠣᠷᠢᠶᠠᠨ᠎ᠳᠤ ᠭᠠᠮᠱᠢᠭ᠎ᠠᠴᠠ ᠠᠪᠤᠷᠠᠬᠤ ᠺᠣᠮᠢᠰ ᠪᠠᠢᠭᠤᠯᠵᠤ᠂ ᠲᠤᠰᠭᠠᠢ ᠬᠥᠮᠦᠨ ᠲᠣᠮᠢᠯᠠᠨ ᠭᠠᠮᠱᠢᠭ᠍ᠳᠠᠭ᠍ᠰᠠᠨ ᠠᠷᠠᠳ᠎ᠢ ᠲᠥᠪᠬᠢᠨᠡᠭᠦᠯᠵᠦ᠍᠂ ᠤᠯᠠᠨ ᠲᠦᠮᠡᠨ᠎ᠢ ᠵᠣᠬᠢᠶᠠᠨ ᠪᠠᠢᠭᠤᠯᠤᠨ ᠠᠳᠠᠷ ᠬᠠᠭᠠᠯᠪᠤᠷᠢᠯᠠᠨ ᠦᠢᠯᠡᠳᠪᠦᠷᠢᠯᠡᠯ ᠬᠢᠯᠭᠡᠵᠦ᠍᠂ ᠦᠢᠯᠡᠳᠪᠦᠷᠢᠯᠡᠯ᠎ᠡᠴᠡ ᠰᠠᠯᠤᠭ᠍ᠰᠠᠨ ᠬᠥᠮᠦᠰ᠎ᠦᠨ ᠠᠮᠤ ᠪᠤᠳᠠᠭᠠᠨ᠎ᠤ ᠬᠡᠮᠵᠢᠶ᠎ᠡ᠎ᠶ᠋ᠢ ᠪᠠᠭᠠᠰᠭᠠᠵᠤ᠂ ᠭᠠᠮᠱᠢᠭ᠍ᠳᠠᠭ᠍ᠰᠠᠨ ᠣᠷᠣᠨ᠎ᠢ ᠪᠦᠬᠦ᠌ ᠬᠦᠴᠦ᠍᠎ᠪᠡᠷ᠎ᠢᠶᠡᠨ ᠲᠤᠰᠠᠯᠠᠬᠤ᠎ᠶ᠋ᠢ ᠱᠠᠭᠠᠷᠳᠠᠪᠠ᠃ 1942 ᠣᠨ᠎ᠤ ᠬᠠᠪᠤᠷ᠂ ᠸᠠᠨ ᠯᠢ ᠶᠦᠨ ᠰᠢ ᠣᠷᠣᠨ᠎ᠤ ᠺᠠᠳ᠋ᠷ ᠪᠠᠢᠯᠳᠤᠭ᠍ᠴᠢᠳ᠎ᠲᠠᠶ ᠬᠠᠮᠲᠤ᠂ ᠪᠠᠢᠯᠳᠤᠭᠠᠨ ᠪᠠ ᠠᠵᠢᠯ᠎ᠤᠨ ᠴᠢᠯᠥᠭᠡ ᠵᠠᠪ᠎ᠢᠶᠠᠨ ᠠᠱᠢᠭ᠍ᠯᠠᠨ᠂ ᠲᠤᠬᠠᠢ᠎ᠶ᠋ᠢᠨ ᠭᠠᠵᠠᠷ᠎ᠤᠨ ᠤᠯᠠᠨ ᠲᠦᠮᠡᠨ ᠪᠠ ᠭᠠᠮᠱᠢᠭ᠍ᠳᠠᠭ᠍ᠰᠠᠨ ᠠᠷᠠᠳ᠎ᠢ ᠬᠠᠪᠰᠤᠷᠤᠨ ᠬᠠᠪᠰᠤᠷᠤᠯ ᠬᠣᠷᠱᠢᠶᠠᠵᠢᠯ᠎ᠢ ᠬᠡᠷᠡᠭ᠌ᠵᠢᠭᠦᠯᠵᠦ᠍᠂ ᠦᠢᠯᠡᠳᠪᠦᠷᠢᠯᠡᠯ᠎ᠦᠨ ᠵᠢᠭᠡᠯᠡᠯᠭᠡ ᠪᠠ ᠰᠠᠢ᠌ᠨ ᠦᠷ᠎ᠠ ᠳᠠᠷᠬᠠᠭᠠᠵᠤ᠂ ᠮᠠᠯ ᠤᠨᠤᠭ᠎ᠠ᠂ ᠬᠥᠳᠡᠯᠮᠦᠷᠢ ᠬᠦᠴᠦ᠍ ᠪᠠ ᠲᠠᠷᠢᠶᠠᠯᠠᠩ᠎ᠤᠨ ᠪᠠᠭᠠᠵᠢ᠎ᠶ᠋ᠢᠨ ᠠᠰᠠᠭᠤᠳᠠᠯ᠎ᠢ ᠱᠢᠢᠳᠪᠦᠷᠢᠯᠡᠵᠦ᠍᠂ ᠲᠠᠷᠢᠶᠠᠯᠠᠩ᠎ᠤᠨ ᠲᠤᠰᠠᠯᠠᠬᠤ ᠠᠵᠤ ᠠᠬᠤᠢ᠎ᠶ᠋ᠢ ᠬᠥᠭ᠌ᠵᠢᠭᠦᠯᠪᠡ ᠡᠭᠦᠨ᠎ᠦ ᠬᠠᠮᠲᠤ ᠥᠪᠡᠷ᠎ᠢᠶᠡᠨ ᠭᠠᠷ ᠬᠥᠳᠡᠯᠵᠦ᠍᠂ ᠵᠠᠮ᠎ᠤᠨ ᠬᠠᠵᠠᠭᠤ᠂ ᠲᠣᠰᠭᠣᠨ᠎ᠤ ᠵᠠᠬ᠎ᠠ᠂ ᠬᠠᠳᠤᠨ ᠭᠣᠣᠯ᠎ᠤᠨ ᠬᠠᠭᠤᠴᠢᠨ ᠵᠠᠮ᠎ᠤᠨ ᠲᠠᠷᠠᠬᠠᠢ ᠪᠤᠲᠠᠷᠬᠠᠢ ᠠᠳᠠᠷ ᠭᠠᠵᠠᠷ᠎ᠢ ᠬᠠᠭᠠᠯᠪᠤᠷᠢᠯᠠᠵᠤ᠂ ᠠᠮᠤ ᠪᠤᠳᠠᠭ᠎ᠠ᠂ ᠨᠣᠭᠣᠭ᠎ᠠ᠂ ᠬᠥᠪᠥᠩ ᠲᠠᠷᠢᠪᠠ᠃ ᠸᠠᠨ ᠯᠢ ᠵᠢᠨ ᠤᠳᠤᠷᠢᠳᠤᠯᠭ᠎ᠠ ᠳᠣᠣᠷ᠎ᠠ᠂ ᠪᠦᠬᠦ᠌ ᠣᠷᠣᠨ᠎ᠤ ᠴᠡᠷᠢᠭ ᠠᠷᠠᠳ ᠵᠢᠷᠭᠠᠯ ᠵᠣᠪᠠᠯᠠᠩ᠎ᠢᠶᠠᠨ ᠬᠠᠮᠲᠤᠳᠭᠠᠨ᠂ ᠭᠠᠮᠱᠢᠭ᠎ᠢ ᠢᠯᠠᠵᠤ᠂ ᠾᠧᠪᠧᠶ ᠱᠠᠨᠳᠦ᠋ᠩ ᠾᠧᠨᠠᠨ᠎ᠤ ᠰᠠᠭᠤᠷᠢᠨ ᠭᠠᠵᠠᠷ᠎ᠤᠨ ᠪᠡᠬᠢᠵᠢᠯ ᠬᠥᠭ᠌ᠵᠢᠯᠲᠡ᠎ᠳᠦ ᠬᠤᠪᠢ ᠨᠡᠮᠡᠷᠢ ᠦᠵᠡᠭᠦᠯᠪᠡ᠃

1957 ᠣᠨ᠎ᠤ ᠬᠠᠪᠤᠷ᠂ ᠲᠤᠬᠠᠶ᠎ᠶ᠋ᠢᠨ ᠦᠶ᠎ᠡ᠎ᠳᠦ ᠬᠣᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠶᠠᠮᠤᠨ᠎ᠤ ᠰᠠᠢᠳ ᠪᠠᠢᠭ᠍ᠰᠠᠨ ᠸᠠᠨ ᠯᠢ ᠳ᠋ᠧᠩ ᠱᠢᠶᠤᠤ ᠫᠢᠩ᠎ᠢ ᠳᠠᠭᠠᠵᠤ ᠲᠠᠢᠶᠤᠸᠠᠨ᠂ ᠰᠢ ᠠᠨ ᠵᠡᠷᠭᠡ ᠭᠠᠵᠠᠷ᠎ᠢᠶᠠᠷ ᠬᠦᠷᠴᠦ᠍ ᠠᠵᠢᠯ ᠪᠠᠢᠴᠠᠭᠠᠪᠠ᠃ ᠪᠡᠭᠡᠵᠢᠩ᠎ᠳᠦ ᠪᠤᠴᠠᠭ᠍ᠰᠠᠨ᠎ᠤ ᠳᠠᠷᠠᠭ᠎ᠠ ᠸᠠᠨ ᠯᠢ ᠶᠠᠷᠢᠯᠴᠠᠬᠤ ᠬᠤᠷᠠᠯ ᠭᠢᠵᠦ᠄ 《ᠮᠠᠨ᠎ᠤ ᠬᠤᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠠᠵᠢᠯ᠎ᠢᠶᠠᠷ ᠠᠪᠴᠤ᠌ ᠬᠡᠯᠡᠪᠡᠯ᠂ ᠪᠣᠳᠠᠲᠤ ᠪᠠᠢᠳᠠᠯ᠎ᠠᠴᠠ ᠰᠠᠯᠵᠤ᠂ ᠤᠯᠠᠨ ᠲᠦᠮᠡᠨ᠎ᠡᠴᠡ ᠰᠠᠯᠤᠩᠬᠢᠷᠠᠵᠦ᠂ ᠲᠤᠰ ᠤᠯᠤᠰ᠎ᠤᠨ᠎ᠢᠶᠠᠨ ᠪᠠᠢᠳᠠᠯ᠎ᠢ ᠦᠨᠳᠦᠰᠦᠯᠡᠨ ᠬᠤᠲᠠ᠎ᠪᠠᠨ ᠰᠠᠢᠲᠤᠷ ᠪᠦᠲᠦᠭᠡᠨ ᠪᠠᠢᠭᠤᠯᠵᠤ ᠴᠢᠳᠠᠭ᠍ᠰᠠᠨ ᠦᠭᠡᠢ ᠶᠠᠪᠤᠳᠠᠯ ᠪᠣᠯ ᠬᠠᠮᠤᠭ᠎ᠤᠨ ᠦᠨᠳᠦᠰᠦᠨ ᠳᠤᠲᠠᠭ᠍ᠳᠠᠯ ᠪᠠ ᠠᠯᠳᠠᠭ᠎ᠠ ᠪᠣᠯᠤᠨ᠎ᠠ》ᠭᠡᠵᠦ ᠵᠢᠭᠠᠵᠤ ᠭᠠᠷᠭᠠᠨ᠂ ᠰᠢ ᠠᠨ᠎ᠤ ᠨᠢᠭᠡᠨ ᠭᠠᠵᠠᠷ᠎ᠤᠨ ᠦᠶᠡᠷ᠎ᠢ ᠰᠡᠷᠭᠡᠢᠯᠡᠬᠦ᠌ ᠪᠠᠷᠢᠯᠭ᠎ᠠ᠎ᠶ᠋ᠢ ᠥᠨᠳᠥᠷ ᠪᠠᠢᠷᠢᠨ᠎ᠳᠤ ᠪᠠᠢᠭᠤᠯᠵᠤ᠂ ᠳᠤᠤᠷ᠎ᠠ ᠭᠠᠵᠠᠷ᠎ᠤᠨ ᠤᠰᠤ᠎ᠶ᠋ᠢ ᠳᠡᠭᠡᠭ᠌ᠰᠢ ᠲᠠᠲᠠᠵᠤ᠂ ᠪᠥᠲᠥᠭᠡᠨ ᠪᠠᠢᠭᠤᠯᠤᠯᠲᠠ᠎ᠶ᠋ᠢᠨ ᠨᠢᠭᠡᠴᠢ᠎ᠶ᠋ᠢ ᠤᠤᠯ᠎ᠤᠨ ᠦᠶᠡᠷ ᠬᠤᠷᠠᠭᠤᠯᠬᠤ ᠣᠷᠣᠨ᠎ᠳᠤ ᠬᠡᠷ ᠪᠠᠢᠱᠢᠩ ᠪᠠᠷᠢᠭ᠍ᠰᠠᠨ᠎ᠠᠴᠠ ᠪᠣᠯᠵᠣ ᠬᠡᠷ ᠪᠠᠢᠱᠢᠩ ᠤᠰᠤᠨ᠎ᠳᠤ ᠠᠪᠲᠠᠭ᠍ᠳᠠᠭᠰᠠᠨ ᠵᠢᠱ᠌ᠢᠶ᠎ᠡ ᠪᠡᠷ᠂ ᠬᠣᠲᠠ᠎ᠶ᠋ᠢᠨ ᠲᠥᠯᠥᠪᠵᠢᠭᠦᠯᠭᠡ ᠪᠠ ᠵᠢᠷᠤᠭ ᠲᠥᠯᠥᠪᠯᠡᠭᠡ᠎ᠶ᠋ᠢᠨ ᠲᠠᠯ᠎ᠠ᠎ᠪᠠᠷ ᠶᠡᠬᠡ᠎ᠳᠦ ᠳᠤᠷᠠᠯᠠᠵᠤ ᠱᠢᠨ᠎ᠡ᠎ᠳᠦ ᠱᠢᠨᠤᠵᠤ᠂ ᠪᠣᠳᠠᠲᠤ ᠬᠡᠷᠡᠭ᠌ᠯᠡᠭᠡ᠎ᠶ᠋ᠢ ᠡᠷᠬᠢᠮᠯᠡᠬᠦ᠌ ᠥᠬᠡᠶ᠂ ᠣᠯᠠᠨ ᠲᠦᠮᠡᠨ᠎ᠦ ᠰᠠᠨᠠᠯ᠎ᠢ ᠰᠣᠨᠣᠰᠭᠤ ᠥᠬᠡᠶ ᠵᠡᠷᠭᠡ ᠳᠤᠲᠠᠭ᠍ᠳᠠᠯ᠎ᠢ ᠱᠢᠭᠦᠮᠵᠢᠯᠡᠪᠡ᠃ ᠲᠡᠷᠡ᠂ ᠬᠤᠲᠠ᠎ᠶ᠋ᠢᠨ ᠪᠦᠲᠦᠭᠡᠡ ᠪᠠᠢᠭᠤᠯᠤᠯᠲᠠ ᠨᠢ ᠭᠤᠤ᠎ᠠ ᠰᠠᠢᠬᠠᠨ ᠪᠠ ᠬᠡᠯᠪᠡᠷᠢ᠎ᠶ᠋ᠢ ᠥᠷᠥᠭᠡᠰᠦᠯᠡᠯ᠎ᠢᠶᠡᠷ ᠬᠥᠭᠡᠭᠡᠴᠡᠯᠳᠦᠬᠦ᠌ ᠨᠢ ᠠᠷᠠᠳ ᠲᠦᠮᠡᠨ᠎ᠦ ᠢᠳᠡᠪᠬᠢᠵᠢᠯ᠎ᠢ ᠳᠠᠢᠴᠢᠯᠠᠬᠤ᠎ᠳᠤ ᠠᠱᠢᠭ ᠦᠭᠡᠢ᠂ ᠠᠵᠢᠯᠴᠢᠨ ᠲᠠᠷᠢᠶᠠᠴᠢᠨ᠎ᠤ ᠬᠣᠯᠪᠣᠭ᠎ᠠ᠎ᠶ᠋ᠢ ᠨᠥᠯᠥᠭᠡᠯᠡᠨ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠣᠯᠠᠨ ᠲᠦᠮᠡᠨ᠎ᠡᠴᠡ ᠨᠢᠭᠤᠷᠳᠠᠨ ᠠᠰᠠᠭᠤᠵᠤ᠂ ᠠᠵᠢᠯ᠎ᠤᠨ ᠪᠠᠢᠴᠠᠭᠠᠯᠲᠠ ᠬᠢᠵᠦ᠍᠂ ᠵᠠᠰᠠᠪᠤᠷᠢ ᠣᠷᠣᠭᠤᠯᠬᠤ᠎ᠶ᠋ᠢᠨ ᠬᠠᠮᠲᠤ ᠳ᠋ᠥᠩᠨᠡᠯᠲᠡ ᠬᠢᠬᠦ᠌᠎ᠶ᠋ᠢ ᠱᠠᠭᠠᠷᠳᠠᠪᠠ᠃

1977 ᠣᠨ᠎ᠤ 6 ᠰᠠᠷ᠎ᠠ᠎ᠳᠤ᠂ ᠸᠠᠨ ᠯᠢ ᠠᠨᠾᠦ᠋ᠢ ᠮᠤᠵᠢ᠎ᠶ᠋ᠢᠨ ᠨᠠᠮ᠎ᠤᠨ ᠬᠣᠷᠢᠶᠠᠨ᠎ᠤ ᠨᠢᠭᠡᠳᠦᠭᠡᠷ ᠱᠦᠵᠢ᠎ᠶ᠋ᠢᠨ ᠲᠤᠱᠢᠶᠠᠯ᠎ᠢ ᠬᠠᠷᠢᠭᠤᠴᠠᠪᠠ᠃ ᠳᠤᠬᠠᠢ ᠵᠢᠨ ᠵᠢᠯ᠎ᠤᠳ ᠠᠨᠾᠦ᠋ᠢ᠎ᠳ᠋ᠤ ᠪᠠᠢᠭᠠᠯᠢ᠎ᠶ᠋ᠢᠨ ᠭᠠᠮᠱᠢᠭ ᠣᠯᠠᠨ ᠡᠭᠦᠰᠴᠦ᠍᠂ ᠹᠸᠩ ᠶᠠᠩ᠎ᠤᠨ ᠲᠠᠷᠢᠶᠠᠴᠢᠳ᠎ᠤᠨ ᠠᠮᠢᠳᠤᠷᠠᠯ ᠬᠦᠴᠢᠷᠲᠡᠶ᠂ ᠢᠳᠡᠵᠦ᠍ ᠡᠮᠦᠰᠭᠦ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠠᠷᠭ᠎ᠠ ᠥᠬᠡᠶ ᠪᠠᠢᠪᠠ᠃ ᠮᠤᠵᠢ᠎ᠶ᠋ᠢᠨ ᠨᠠᠮ᠎ᠤᠨ ᠬᠣᠷᠢᠶᠠᠨ᠎ᠳᠤ ᠹᠧᠩ ᠶᠠᠩ᠎ᠤᠨ ᠲᠠᠷᠢᠶᠠᠴᠢᠳ᠎ᠤᠨ ᠭᠠᠳᠠᠭ᠍ᠰᠢ ᠭᠠᠷᠴᠤ᠌ ᠪᠤᠳᠠᠭ᠎ᠠ ᠭᠤᠶᠤᠬᠤ ᠠᠰᠠᠭᠤᠳᠠᠯ᠎ᠢ ᠬᠡᠷᠬᠢᠨ ᠱᠢᠶ᠋ᠳᠪᠦᠷᠢᠯᠡᠬᠦ᠌᠎ᠶ᠋ᠢ ᠰᠤᠳᠤᠯᠤᠨ ᠶᠠᠷᠢᠯᠴᠠᠬᠤ ᠦᠶ᠎ᠡ᠎ᠳᠦ᠂ ᠵᠠᠷᠢᠮ ᠬᠥᠮᠦᠨ ᠲᠡᠨᠳᠡᠬᠢ ᠲᠠᠷᠢᠶᠠᠴᠢᠳ ᠪᠤᠳᠠᠭ᠎ᠠ ᠭᠤᠶᠤᠬᠤ ᠳᠠᠳᠭᠠᠯ᠎ᠲᠠᠶ ᠭᠡᠵᠦ᠍ ᠬᠡᠯᠡᠪᠡ᠃ ᠸᠠᠨ ᠯᠢ ᠰᠣᠨᠣᠰᠤᠭᠠᠳ ᠮᠠᠰᠢ ᠠᠭᠤᠷᠯᠠᠵᠦ᠄ 《ᠪᠤᠳᠠᠭ᠎ᠠ ᠭᠤᠶᠤᠬᠤ᠎ᠳᠤ ᠪᠠᠰᠠ ᠶᠠᠮᠠᠷ ᠳᠠᠳᠭᠠᠯ᠎ᠲᠠᠶ ᠪᠠᠢᠳᠠᠭ ᠪᠤᠢ?ᠰᠣᠨᠣᠰᠴᠤ᠌ ᠥᠩᠭᠡᠷᠡᠭ᠌ᠰᠡᠨ ᠦᠭᠡᠢ᠂ ᠡᠢᠮᠦ᠍ ᠦᠭᠡ ᠬᠡᠯᠡᠳᠡᠭ ᠬᠥᠮᠦᠨ᠎ᠦ ᠵᠣᠭ᠍ᠰᠣᠯᠲᠠ ᠨᠢ ᠬᠠᠮᠢᠭ᠎ᠠ ᠪᠠᠢᠬᠤ ᠪᠤᠢ᠂ ᠶᠠᠮᠠᠷ ᠰᠡᠳᠭᠢᠯᠭᠡ ᠪᠤᠢ? ᠢᠳᠡᠬᠦ᠌ ᠪᠤᠳᠠᠭ᠎ᠠ᠎ᠲᠠᠶ᠂ ᠪᠠᠩᠰᠢ᠎ᠲᠠᠶ ᠪᠠᠢᠬᠤ᠎ᠳᠦ ᠪᠠᠰᠠ ᠪᠤᠳᠠᠭ᠎ᠠ ᠭᠤᠶᠤᠬᠤ᠎ᠪᠠᠷ ᠣᠴᠢᠨ᠎ᠠ ᠭᠡᠵᠦ ᠤᠤ? ᠪᠢ ᠯᠡ ᠢᠲᠡᠭᠡᠬᠦ᠌ ᠥᠬᠡᠶ》 ᠸᠠᠨ ᠯᠢ ᠵᠢᠨ ᠦᠵᠡᠬᠦ ᠪᠡᠷ᠂ ᠲᠠᠷᠢᠶᠠᠴᠢᠳ ᠢᠳᠡᠵᠦ᠍ ᠴᠠᠳᠭᠤ ᠦᠭᠡᠢ᠂ ᠦᠢᠯᠡᠳᠪᠦᠷᠢᠯᠡᠯ᠎ᠢᠶᠡᠨ ᠰᠠᠢ᠌ᠨ ᠬᠢᠵᠦ᠍ ᠴᠢᠳᠠᠬᠤ ᠦᠭᠡᠢ ᠪᠠᠢᠬᠤ ᠨᠢ ᠭᠣᠣᠯᠳᠠᠭᠤ ᠤᠯᠠᠨ ᠲᠦᠮᠡᠨ᠎ᠦ ᠦᠢᠯᠡᠳᠪᠦᠷᠢᠯᠡᠯ᠎ᠦᠨ ᠢᠳᠡᠪᠬᠢᠵᠢᠯ᠎ᠢ ᠳᠠᠢᠴᠢᠯᠠᠭ᠍ᠰᠠᠨ ᠦᠭᠡᠢ᠎ᠡᠴᠡ ᠪᠣᠯᠵᠠᠢ᠃ ᠡᠭᠦᠨ᠎ᠦ ᠲᠤᠯᠠᠳᠠ᠂ ᠲᠡᠷᠡ ᠡᠯ᠎ᠡ ᠱᠠᠲᠤᠨ᠎ᠤ ᠤᠳᠤᠷᠢᠳᠤᠯᠭ᠎ᠠ ᠤᠯᠠᠨ ᠲᠦᠮᠡᠨᠴᠢ ᠦᠵᠡᠯᠲᠡ ᠪᠠ ᠦᠢᠯᠡᠳᠪᠦᠷᠢᠯᠡᠯ᠎ᠦᠨ ᠦᠵᠡᠯᠲᠡ᠎ᠶ᠋ᠢ ᠪᠠᠲᠤ ᠪᠡᠬᠢ ᠪᠤᠢ ᠪᠣᠯᠭᠠᠬᠤ ᠬᠡᠷᠡᠭ᠌ᠲᠡᠢ ᠭᠡᠵᠦ᠍ ᠣᠨᠴᠠᠭᠠᠢᠯᠠᠨ ᠴᠢᠬᠤᠯᠠᠴᠢᠯᠠᠭ᠍ᠰᠠᠨ ᠪᠥᠭᠡᠳ ᠬᠥᠳᠡᠭᠡ ᠲᠣᠰᠭᠣᠨ᠎ᠳᠤ ᠤᠯᠠᠨ ᠤᠳᠠᠭ᠎ᠠ ᠭᠦᠨᠵᠡᠭᠡᠢᠷᠡᠨ ᠪᠠᠢᠴᠠᠭᠠᠯᠲᠠ ᠬᠢᠵᠦ᠍᠂ ᠲᠦᠷᠦ᠍᠎ᠶ᠋ᠢᠨ ᠪᠤᠳᠤᠯᠭ᠎ᠠ᠎ᠶ᠋ᠢ ᠰᠤᠳᠤᠯᠤᠨ ᠲᠣᠭ᠍ᠲᠠᠭᠠᠪᠠ᠃ ᠸᠠᠨ ᠯᠢ ᠲᠠᠷᠢᠶᠠᠯᠠᠩ᠎ᠤᠨ ᠦᠢᠯᠡᠳᠪᠦᠷᠢᠯᠡᠯ᠎ᠦᠨ ᠬᠥᠭ᠌ᠵᠢᠯᠲᠡ᠎ᠶ᠋ᠢᠨ ᠵᠠᠭ᠍ᠪᠤᠷ᠎ᠢ ᠰᠦᠪᠡᠭ᠌ᠴᠢᠯᠡᠬᠦ᠌᠎ᠶ᠋ᠢ ᠪᠠᠷᠢᠮᠲᠠᠯᠠᠵᠤ᠂ ᠠᠨᡁᠦᠶ᠋ᠢ ᠵᠢᠨ ᠲᠠᠷᠢᠶᠠᠯᠠᠩ᠎ᠤᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠠᠬᠢᠭᠤᠯᠵᠤ᠂ ᠬᠥᠳᠡᠭᠡ ᠲᠣᠰᠭᠣᠨ᠎ᠤ ᠠᠵᠤ ᠠᠬᠤᠢ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠬᠥᠱᠢᠭᠡ᠎ᠶ᠋ᠢ ᠰᠡᠬᠦᠵᠡᠢ᠃

ᠠᠷᠠᠳ ᠲᠦᠮᠡᠨ᠎ᠦ ᠵᠣᠭ᠍ᠰᠣᠯᠲᠠ ᠪᠣᠯ ᠨᠠᠮ᠎ᠤᠨ ᠦᠨᠳᠦᠰᠦᠨ ᠤᠯᠤᠰ ᠲᠦᠷᠦ᠍᠎ᠶ᠋ᠢᠨ ᠵᠣᠭ᠍ᠰᠣᠯᠲᠠ ᠮᠥᠨ᠂ ᠤᠯᠠᠨ ᠲᠦᠮᠡᠨᠴᠢ ᠱᠤᠭᠤᠮ ᠪᠣᠯ ᠨᠠᠮ᠎ᠤᠨ ᠠᠮᠢᠨ ᠰᠤᠳᠠᠰᠤ ᠪᠠ ᠦᠨᠳᠦᠰᠦᠨ ᠠᠵᠢᠯ᠎ᠤᠨ ᠱᠤᠭᠤᠮ ᠮᠥᠨ᠃ ᠸᠠᠨ ᠯᠢ ᠤᠯᠠᠨ ᠲᠦᠮᠡᠨ᠎ᠢ ᠢᠲᠡᠭᠡᠵᠦ᠍᠂ ᠺᠠᠳ᠋ᠷ ᠎ᠤᠨ ᠢᠳᠡᠪᠬᠢᠵᠢᠯ ᠎ᠢ ᠳᠠᠢᠴᠢᠯᠠᠬᠤ᠎ᠶ᠋ᠢ ᠠᠩᠬᠠᠷᠴᠤ᠌᠂ ᠪᠡᠶ᠎ᠡ᠎ᠪᠡᠷ᠎ᠢᠶᠡᠨ ᠬᠡᠪ ᠲᠦᠷᠢᠮ ᠪᠤᠯᠵᠤ ᠠᠷᠠᠳ ᠲᠦᠮᠡᠨ᠎ᠦ ᠵᠣᠭ᠍ᠰᠣᠯᠲᠠ᠎ᠶ᠋ᠢ ᠪᠠᠷᠢᠮᠲᠠᠯᠠᠬᠤ ᠦᠵᠡᠯᠲᠡ ᠪᠠ ᠠᠵᠢᠯᠯᠠᠬᠤ ᠠᠷᠭ᠎ᠠ ᠨᠢ ᠪᠢᠳᠡᠨ᠎ᠦ ᠤᠯᠠᠨ ᠲᠦᠮᠡᠨᠴᠢ ᠱᠤᠭᠤᠮ᠎ᠢ ᠦᠢᠯᠡᠳᠦᠯᠭᠡᠵᠢᠭᠦᠯᠬᠦ᠌᠂ ᠠᠷᠠᠳ ᠤᠯᠠᠨ᠎ᠯᠤᠭ᠎ᠠ᠎ᠶ᠋ᠢᠨ ᠴᠢᠰᠤ ᠮᠢᠬᠠᠨ᠎ᠤ ᠬᠠᠷᠢᠴᠠᠭ᠎ᠠ᠎ᠶ᠋ᠢ ᠪᠠᠲᠤᠯᠠᠬᠤ᠎ᠳᠤ ᠦᠯᠢᠭᠡᠷ ᠳᠠᠭᠤᠷᠢᠶᠠᠯ ᠪᠣᠯᠤᠭ᠍ᠰᠠᠨ ᠪᠠᠢᠨ᠎ᠠ᠃

ᠢᠷᠡᠯᠳᠡ᠄ 《ᠡᠪ ᠬᠠᠮᠳᠤ ᠨᠠᠮ᠎ᠤᠨ ᠬᠡᠰᠢᠬᠦᠨ᠎ᠤ ᠮᠡᠳᠡᠬᠦ ᠶᠤᠰᠤᠳᠠᠢ ᠨᠠᠮ᠎ᠤᠨ ᠳᠡᠦᠬᠡ ᠵᠢᠨ ᠵᠢᠵᠢᠭ ᠦᠯᠢᠭᠡᠷ᠎ᠤᠳ》

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号