ᠯᠢ ᠰᠢᠶᠠᠨ ᠨᠢᠶᠠᠨ᠎ᠤ ᠪᠠᠷᠢᠮᠳᠠᠯᠠᠳᠠᠭ 《ᠮᠣᠷᠠᠯ ᠴᠢᠳᠠᠪᠤᠷᠢ᠎ᠶᠢ ᠵᠡᠷᠭᠡ᠎ᠪᠡᠷ ᠴᠢᠬᠤᠯᠠᠴᠢᠯᠠᠬᠤ》 ᠵᠠᠷᠴᠢᠮ
2022-11-23 19:41:58
ᠵᠣᠬᠢᠶᠠᠭ᠍ᠴᠢ᠄
ᠯᠢ ᠮᠧᠩ ᠮᠧᠩ
ᠣᠩᠱᠢᠭ᠍ᠰᠠᠨ ᠣᠳᠠᠭ᠎ᠠ᠄
★★★☆☆

1952 ᠣᠨ᠎ᠤ 6 ᠰᠠᠷ᠎ᠠ᠎ᠳᠤ ᠬᠤᠪᠧᠢ ᠮᠤᠵᠢ᠎ᠶᠢᠨ ᠨᠠᠮ᠎ᠤᠨ ᠬᠣᠷᠢᠶᠠᠨ᠎ᠤ ᠳᠥᠷᠪᠡᠳᠦᠭᠡᠷ ᠤᠳᠠᠭᠠᠨ᠎ᠤ ᠵᠣᠬᠢᠶᠠᠨ ᠪᠠᠶ᠋ᠢᠭᠤᠯᠬᠤ ᠠᠵᠢᠯ᠎ᠤᠨ ᠬᠤᠷᠠᠯ ᠳᠡᠭᠡᠷ᠎ᠡ ᠯᠢ ᠰᠢᠶᠠᠨ ᠨᠢᠶᠠᠨ᠄ 《ᠪᠢᠳᠡ ᠬᠣᠢᠰᠢᠳᠠ ᠺᠠᠳ᠋ᠷ᠎ᠢ ᠦᠵᠡᠬᠦ᠎ᠳᠡᠭᠡᠨ 〈ᠮᠣᠷᠠᠯ ᠴᠢᠳᠠᠪᠤᠷᠢ᠎ᠶᠢ ᠵᠡᠷᠭᠡ᠎ᠪᠡᠷ ᠴᠢᠬᠤᠯᠠᠴᠢᠯᠠᠬᠤ〉 ᠵᠠᠷᠴᠢᠮ᠎ᠢ ᠦᠨᠳᠦᠰᠦᠯᠡᠨ ᠡᠷᠬᠡᠪᠰᠢ᠄ ᠨᠢᠭᠡ ᠳ᠋ᠦ᠂ ᠲᠡᠦᠬᠡ᠎ᠪᠡᠷ ᠴᠢᠬᠤᠯᠠ ᠯᠠᠪᠯᠠᠯᠲᠠ ᠪᠣᠯᠭᠠᠵᠤ᠂ ᠭᠣᠣᠯᠳᠠᠭᠤ ᠣᠳᠣᠬᠢ᠎ᠶᠢ ᠦᠵᠡᠬᠦ ᠬᠡᠷᠡᠭᠲᠡᠢ᠃ ᠬᠣᠶᠠᠷ ᠲᠦ᠍᠂ ᠵᠥᠪᠬᠡᠨ ᠲᠤᠬᠠᠢᠯᠠᠭᠰᠠᠨ ᠠᠵᠢᠯ᠎ᠢ ᠨᠢ ᠦᠵᠡᠬᠦ ᠪᠢᠰᠢ᠂ ᠬᠡᠨ᠎ᠳᠦ ᠦᠢᠯᠡᠴᠢᠯᠡᠬᠦ᠎ᠶᠢ ᠨᠢ ᠦᠵᠡᠬᠦ ᠬᠡᠷᠡᠭᠲᠡᠢ᠃ ᠭᠤᠷᠪᠠ ᠳ᠋ᠦ᠂ ᠵᠠᠷᠯᠢᠭ᠋ ᠵᠠᠬᠢᠶ᠎ᠠ᠎ᠶᠢ ᠳᠠᠭᠠᠬᠤ ᠵᠢ ᠯᠠ ᠦᠵᠡᠬᠦ ᠪᠢᠰᠢ᠂ ᠬᠠᠷᠢᠨ ᠡᠭᠦᠷᠭᠡᠯᠡᠵᠦ ᠴᠢᠳᠠᠬᠤ ᠡᠰᠡᠬᠦ᠎ᠶᠢ ᠨᠢ ᠦᠵᠡᠬᠦ ᠬᠡᠷᠡᠭᠲᠡᠢ》 ᠬᠡᠪᠡ᠃ ᠡᠨᠡ ᠨᠢ ᠲᠡᠭᠦᠨ᠎ᠦ ᠺᠠᠳ᠋ᠷ᠎ᠢ ᠬᠥᠮᠥᠵᠢᠭᠦᠯᠬᠦ ᠪᠠ ᠱᠠᠭᠠᠷᠳᠠᠬᠤ ᠵᠠᠷᠴᠢᠮ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠲᠡᠭᠦᠨ᠎ᠦ ᠪᠣᠳᠠᠲᠠᠢ ᠠᠵᠢᠯ᠎ᠤᠨ ᠳᠤᠮᠳᠠ᠎ᠪᠠᠨ ᠢᠮᠠᠭᠲᠠ ᠦᠢᠯᠡᠳᠦᠯᠭᠡᠵᠢᠭᠦᠯᠦᠭᠰᠡᠨ ᠠᠮᠠᠯᠠᠯᠲᠠ ᠪᠣᠯᠣᠨ᠎ᠠ᠃

《〈ᠮᠣᠷᠠᠯ〉 ᠭᠡᠳᠡᠭ ᠨᠢ ᠶᠠᠭᠤ ᠪᠤᠢ? ᠳᠡᠭᠡᠳᠦ ᠬᠡᠮᠵᠢᠶᠡᠨ᠎ᠦ ᠦᠪᠡᠷ᠎ᠤᠨ ᠤᠬᠠᠮᠰᠠᠷ᠎ᠡᠴᠡ ᠪᠡᠨ ᠠᠷᠠᠳ ᠲᠦᠮᠡᠨ᠎ᠳᠦ ᠦᠢᠯᠡᠴᠢᠯᠡᠬᠦ ᠪᠤᠯᠤᠨ᠎ᠠ》᠃ ᠯᠢ ᠰᠢᠶᠠᠨ ᠨᠢᠶᠠᠨ ᠠᠷᠠᠳ ᠲᠦᠮᠡᠨ᠎ᠦ ᠵᠣᠪᠠᠭᠤᠷᠢ ᠵᠦᠳᠡᠭᠦᠷᠢ᠎ᠶᠢ ᠢᠮᠠᠭᠲᠠ ᠴᠢᠬᠤᠯᠠᠴᠢᠯᠠᠵᠤ᠂ ᠤᠯᠠᠨ ᠲᠦᠮᠡᠨ᠎ᠦ ᠳᠤᠮᠳᠠ ᠭᠦᠨᠵᠡᠭᠡᠢᠷᠡᠵᠦ᠂ ᠠᠷᠠᠳ᠎ᠤᠨ ᠪᠠᠢᠳᠠᠯ᠎ᠢ ᠣᠢᠯᠠᠭᠠᠵᠤ᠂ ᠠᠷᠠᠳ ᠲᠦᠮᠡᠨ᠎ᠦ ᠬᠦᠴᠢᠷ ᠵᠣᠪᠠᠭᠤᠷᠢ᠎ᠶᠢ ᠰᠢᠢᠳᠪᠦᠷᠢᠯᠡᠵᠦ ᠥᠭᠬᠦ᠎ᠶᠢ ᠵᠣᠷᠢᠭ᠍ᠰᠠᠭᠠᠷ ᠢᠷᠡᠵᠠᠢ᠃ 1952 ᠣᠨ᠎ᠳᠤ᠂ ᠯᠢ ᠰᠢᠶᠠᠨ ᠨᠢᠶᠠᠨ ᠬᠤᠪᠧᠢ ᠵᠢᠨ ᠮᠢᠶᠠᠨ ᠶᠠᠩ ᠰᠢᠶᠠᠨ᠎ᠤ 17 ᠨᠠᠰᠤᠲᠠᠢ ᠬᠥᠳᠡᠭᠡ ᠵᠢᠨ ᠪᠦᠰᠡᠭᠦᠢ ᠮᠢᠨ ᠴᠢᠤᠸᠠᠨ ᠬᠦᠢ᠎ᠵᠢᠨ᠎ᠵᠠᠬᠢᠳᠠᠯ᠎ᠢ ᠳᠤᠰᠪᠠ᠂ ᠳᠡᠷᠡ ᠵᠠᠬᠢᠳᠠᠯ᠎ᠳᠠᠭᠠᠨ ᠮᠢᠶᠠᠨ ᠶᠠᠩ᠂ ᠬᠣᠩ ᠬᠤ᠌ ᠬᠣᠶᠠᠷ ᠰᠢᠶᠠᠨ᠎ᠤ ᠰᠢᠭᠦᠬᠦ ᠬᠣᠷᠢᠶ᠎ᠠ ᠲᠡᠭᠦᠨ᠎ᠦ ᠤᠷᠤᠭ ᠰᠠᠯᠬᠤ ᠬᠡᠷᠡᠭ᠎ᠢ᠎ᠬᠠᠷᠢᠯᠴᠠᠨ ᠲᠦᠯᠬᠢᠯᠴᠡᠪᠡ ᠭᠡᠵᠠᠢ᠃ ᠯᠢ ᠰᠢᠶᠠᠨ ᠨᠢᠶᠠᠨ ᠵᠠᠬᠢᠳᠠᠯ᠎ᠢ ᠣᠯᠣᠭᠰᠠᠨ᠎ᠤ ᠳᠠᠷᠠᠭ᠎ᠠ ᠦᠪᠡᠷ᠎ᠢᠶᠡᠨ ᠴᠣᠬᠣᠯᠠᠪᠤᠷᠢ ᠬᠢᠵᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠨᠠᠷᠢᠨ ᠬᠢᠨᠠᠮᠠᠭᠠᠢ ᠰᠢᠢᠳᠪᠦᠷᠢᠯᠡᠬᠦ ᠬᠡᠷᠡᠭᠲᠡᠢ ᠭᠡᠵᠦ ᠵᠠᠷᠯᠢᠭ᠍ᠳᠠᠭᠰᠠᠨ ᠪᠥᠭᠡᠳ ᠤᠴᠢᠷ ᠶᠠᠪᠤᠳᠠᠯ᠎ᠤᠨ ᠠᠬᠢᠴᠠ᠎ᠶᠢ ᠨᠢᠭ᠍ᠲᠠ ᠠᠩᠬᠠᠷᠤᠭᠰᠠᠨ ᠪᠠᠢᠨ᠎ᠠ᠃ ᠡᠴᠦᠰ᠎ᠲᠡᠬᠡᠨ ᠮᠢᠨ ᠴᠢᠤᠸᠠᠨ ᠬᠦᠢ᠎ᠶᠢᠨ ᠤᠷᠤᠭ ᠰᠠᠯᠬᠤ ᠬᠡᠷᠡᠭ ᠲᠣᠬᠢᠲᠠᠢ ᠰᠢᠢᠳᠪᠦᠷᠢᠯᠡᠭᠳᠡᠵᠡᠢ᠂ ᠲᠡᠷᠡ ᠤᠷᠤᠭ᠎ᠤᠨ ᠡᠷᠬᠡ ᠴᠢᠯᠦᠭᠡ᠎ᠶᠢ ᠣᠯᠣᠭᠰᠠᠨ᠎ᠤ ᠳᠠᠷᠠᠭ᠎ᠠ ᠲᠤᠰᠬᠠᠢᠯᠠᠨ ᠯᠢ ᠰᠢᠶᠠᠨ ᠨᠢᠶᠠᠨ ᠪᠣᠯᠣᠨ ᠠᠷᠠᠳ᠎ᠤᠨ ᠵᠠᠰᠠᠭ᠎ᠤᠨ ᠣᠷᠳᠣᠨ᠎ᠳᠤ ᠵᠠᠬᠢᠳᠠᠯ ᠪᠢᠴᠢᠵᠦ ᠲᠠᠯᠠᠷᠬᠠᠭᠰᠠᠨ ᠪᠥᠭᠡᠳ 32 ᠵᠢᠯ᠎ᠦᠨ ᠳᠠᠷᠠᠭ᠎ᠠ 《ᠬᠤᠪᠧᠢ ᠵᠢᠨ ᠡᠳᠦᠷ᠎ᠦᠨ ᠰᠣᠨᠢᠨ》ᠳ᠋ᠦ ᠵᠠᠬᠢᠳᠠᠯ ᠪᠢᠴᠢᠵᠦ ᠳᠠᠬᠢᠨᠲᠠ ᠲᠠᠯᠠᠷᠬᠠᠵᠤ ᠪᠠᠢᠬᠤ᠎ᠪᠠᠨ ᠢᠯᠡᠳᠬᠡᠵᠡᠢ᠃ 《ᠬᠤᠪᠧᠢ ᠵᠢᠨ ᠡᠳᠦᠷ᠎ᠦᠨ ᠰᠣᠨᠢᠨ》 ᠎ᠤ 《ᠤᠯᠠᠨ ᠲᠦᠮᠡᠨ᠎ᠦ ᠬᠦᠷᠢᠶᠡᠯᠡᠩ》 ᠪᠤᠯᠤᠩ ᠴᠤ᠌ ᠯᠢ ᠰᠢᠶᠠᠨ ᠨᠢᠶᠠᠨ᠎ᠤ ᠡᠳᠦᠷ ᠪᠦᠷᠢ᠎ᠶᠢᠨ ᠵᠠᠪᠠᠯ ᠦᠵᠡᠬᠦ ᠠᠭᠤᠯᠭ᠎ᠠ ᠮᠥᠨ᠂ ᠲᠡᠷᠡ ᠤᠯᠠᠨ ᠲᠦᠮᠡᠨ᠎ᠦ ᠰᠤᠨᠢᠨ ᠳᠡᠭᠡᠷ᠎ᠠ ᠲᠤᠰᠬᠠᠭᠰᠠᠨ ᠠᠰᠠᠭᠤᠳᠠᠯ ᠪᠠ ᠰᠠᠨᠠᠯ᠎ᠢ ᠴᠠᠭ ᠲᠤᠬᠠᠢ ᠳ᠋ᠤᠨᠢ ᠰᠢᠢᠳᠪᠦᠷᠢᠯᠡᠵᠦ᠂ ᠪᠠᠰᠠ ᠡᠯ᠎ᠡ ᠱᠠᠲᠤᠨ᠎ᠤ ᠺᠠᠳ᠋ᠷᠴᠤᠳ᠎ᠢ 《ᠰᠣᠨᠢᠨ ᠦᠵᠡᠬᠦ᠎ᠶᠢ ᠠᠩᠬᠠᠷᠬᠤ᠎ᠶᠢᠨ ᠬᠠᠮᠲᠤ ᠤᠩᠰᠢᠭ᠍ᠴᠢᠳ᠎ᠤᠨ ᠢᠷᠡᠭᠦᠯᠦᠭᠰᠡᠨ ᠵᠠᠬᠢᠳᠠᠯ᠎ᠢ  ᠴᠦ᠍ ᠠᠩᠬᠠᠷᠬᠤ ᠬᠡᠷᠡᠭᠲᠡᠢ》 ᠭᠡᠵᠦ ᠱᠠᠭᠠᠷᠳᠠᠵᠠᠢ᠃

《〈ᠴᠢᠳᠠᠪᠤᠷᠢ〉 ᠭᠡᠳᠡᠭ ᠨᠢ ᠶᠠᠭᠤ ᠪᠤᠢ? ᠠᠰᠠᠭᠤᠳᠠᠯ᠎ᠢ ᠢᠯᠡᠷᠡᠭᠦᠯᠵᠦ᠂ ᠠᠰᠠᠭᠤᠳᠠᠯ᠎ᠢ ᠳᠤᠷᠠᠳᠴᠤ᠂ ᠠᠰᠠᠭᠤᠳᠠᠯ᠎ᠢ ᠰᠢᠢᠳᠪᠦᠷᠢᠯᠡᠬᠦ ᠪᠦᠬᠡᠳ ᠦᠨᠡᠨ᠎ᠡᠴᠡ ᠵᠥᠪ᠎ᠢ ᠡᠷᠢᠬᠦ ᠤᠴᠢᠷ ᠪᠤᠯᠤᠨ᠎ᠠ᠃ ᠡᠨᠡ ᠬᠦ᠌ ᠶᠠᠪᠤᠴᠠ᠎ᠳᠤ ᠬᠦᠴᠢᠷᠳᠡᠯ ᠲᠤᠯᠭᠠᠷᠠᠪᠠᠯ ᠳᠠᠷᠤᠤ ᠬᠢᠴᠢᠶᠡᠩᠭᠦᠢ᠎ᠪᠡᠷ ᠰᠤᠷᠤᠯᠴᠠᠵᠤ᠂ ᠡᠷᠳᠡᠮ ᠴᠢᠳᠠᠪᠤᠷᠢ᠎ᠪᠠᠨ ᠨᠡᠮᠡᠭᠳᠡᠭᠦᠯᠦᠨ᠂ ᠠᠵᠢᠯ᠎ᠢᠶᠠᠨ ᠰᠠᠢᠨ ᠬᠢᠵᠦ ᠳᠡᠶ᠋ᠢᠯᠬᠦ ᠬᠡᠷᠡᠭᠲᠡᠢ》᠃ 1954 ᠣᠨ᠎ᠤ 9 ᠰᠠᠷ᠎ᠠ᠎ᠳᠤ᠂ ᠯᠢ ᠰᠢᠶᠠᠨ ᠨᠢᠶᠠᠨ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠢᠳ ᠪᠥᠭᠡᠳ ᠡᠳ᠋᠎ᠦᠨ ᠵᠠᠰᠠᠭ᠎ᠤᠨ ᠶᠠᠮᠤᠨ᠎ᠤ ᠰᠠᠢᠳ᠎ᠢᠶᠠᠷ ᠲᠣᠮᠢᠯᠠᠭᠳᠠᠪᠠ᠂ ᠡᠨᠡ ᠬᠦ᠌ ᠵᠠᠩᠵᠤᠨ ᠡᠳ᠋᠎ᠦᠨ ᠶᠠᠪᠤᠳᠠᠯ᠎ᠢ ᠬᠠᠮᠢᠶᠠᠷᠬᠤ ᠬᠦᠨᠳᠦ ᠡᠭᠦᠷᠭᠡ᠎ᠶᠢ ᠡᠭᠦᠷᠭᠡᠯᠡᠬᠦ ᠪᠣᠯᠤᠭᠰᠠᠨ᠎ᠳᠠᠭᠠᠨ ᠶᠡᠬᠡ ᠳᠠᠷᠤᠭᠠᠰᠤ᠎ᠲᠠᠢ ᠰᠠᠨᠠᠭᠳᠠᠪᠠ᠃ ᠬᠡᠳᠦᠢᠪᠡᠷ ᠲᠦᠷᠦᠭᠦᠦ ᠬᠡᠳᠦᠨ ᠵᠢᠯ ᠣᠷᠣᠨ ᠨᠤᠲᠤᠭ᠎ᠲᠤ ᠠᠵᠢᠯᠯᠠᠵᠤ᠂ ᠠᠵᠤ ᠠᠬᠤᠢ᠎ᠶᠢ ᠤᠳᠤᠷᠢᠳᠬᠤ ᠲᠤᠷᠰᠢᠯᠭ᠎ᠠ ᠵᠢ ᠬᠤᠷᠠᠮᠳᠤᠭᠤᠯᠤᠭᠰᠠᠨ ᠪᠣᠯᠪᠠᠴᠤ᠂ ᠪᠦᠬᠦ ᠤᠯᠤᠰ᠎ᠤᠨ ᠡᠳ᠋᠎ᠦᠨ ᠵᠠᠰᠠᠭ ᠠᠵᠤ ᠠᠬᠤᠢ᠎ᠶᠢᠨ ᠠᠵᠢᠯ᠎ᠤᠨ ᠡᠮᠦᠨ᠎ᠡ᠂ ᠲᠡᠷᠡ ᠴᠢᠳᠠᠪᠤᠷᠢ ᠮᠡᠬᠦᠰᠳᠡᠵᠦ᠂ ᠡᠭᠦᠷᠭᠡᠯᠡᠵᠦ ᠳᠡᠶ᠋ᠢᠯᠬᠦ ᠦᠭᠡᠢ᠎ᠡᠴᠡ ᠯᠡ ᠠᠶᠤᠵᠤ ᠪᠠᠢᠪᠠ᠃ ᠤᠯᠠᠨ ᠲᠠᠯ᠎ᠠ᠎ᠶᠢᠨ ᠬᠢᠨ ᠶᠠᠷᠢᠯᠴᠠᠭᠰᠠᠨ᠎ᠤ ᠳᠠᠷᠠᠭ᠎ᠠ᠂ ᠲᠡᠷᠡ ᠡᠷᠡᠰ ᠰᠢᠭᠤᠷᠬᠠᠢ᠎ᠪᠠᠷ ᠵᠠᠷᠯᠢᠭ᠋ ᠳᠠᠭᠠᠵᠤ᠂ ᠬᠦᠴᠢᠷ᠎ᠢ ᠰᠥᠷᠦᠨ ᠤᠷᠤᠭᠰᠢᠯᠠᠪᠠ᠃ ᠮᠠᠰᠢ ᠣᠯᠠᠨ ᠶᠠᠪᠤᠳᠠᠯ᠎ᠢ ᠲᠡᠷᠡ ᠳᠠᠷᠤᠤ ᠬᠢᠴᠢᠶᠡᠩᠭᠦᠢ ᠪᠡᠷ ᠡᠬᠢᠨ᠎ᠡᠴᠡ ᠨᠢ ᠰᠤᠷᠴᠤ᠂ ᠠᠵᠢᠯ᠎ᠤᠨ ᠳᠤᠮᠳᠠ᠎ᠪᠠᠨ ᠪᠦᠯᠬᠦᠮᠳᠡᠯ᠎ᠢ ᠡᠷᠬᠢᠮᠯᠠᠨ᠂ ᠬᠠᠮᠲᠤ ᠠᠵᠢᠯᠲᠠᠨ᠎ᠢᠶᠠᠨ ᠬᠦᠨᠳᠦᠳᠬᠡᠵᠦ᠂ ᠬᠠᠮᠲᠤ᠎ᠶᠢᠨ ᠣᠶᠤᠨ ᠤᠬᠠᠭᠠᠨ᠎ᠢ ᠭᠦᠢᠴᠡᠳ ᠪᠠᠳᠠᠷᠠᠭᠤᠯᠳᠠᠭ᠃ ᠡᠳ᠋᠎ᠦᠨ ᠵᠠᠰᠠᠭ ᠠᠵᠤ ᠠᠬᠤᠢ᠎ᠶᠢᠨ ᠠᠵᠢᠯ᠎ᠢ ᠤᠳᠠᠭᠠᠨ ᠵᠢᠯ ᠬᠢᠭᠰᠡᠨ ᠳ᠋ᠤᠸᠠᠨ ᠶᠦᠨ ᠬᠣᠵᠢᠮ ᠨᠢ ᠡᠷᠭᠢᠴᠡᠭᠦᠯᠬᠦ᠎ᠳᠡᠭᠡᠨ᠂ ᠯᠢ ᠰᠢᠶᠠᠨ ᠨᠢᠶᠠᠨ 《ᠠᠭᠤᠳᠠᠮᠴᠢ ᠵᠠᠩ᠎ᠲᠠᠢ᠂ ᠪᠤᠰᠤᠤᠨ ᠡᠴᠡ ᠬᠢᠴᠢᠶᠡᠡᠭᠭᠦᠢᠯᠡᠨ ᠠᠰᠠᠭᠤᠵᠤ᠂ ᠮᠠᠤ ᠲᠡᠷᠢᠭᠦᠯᠡᠭᠴᠢ᠎ᠶᠢᠨ ᠬᠡᠯᠡᠭᠰᠡᠨ ᠰᠢᠭ ᠵᠢᠡᠷ ᠮᠡᠷᠭᠡᠰᠢᠭᠰᠡᠨ ᠬᠥᠮᠥᠨ ᠪᠦᠬᠦᠨ ( ᠶᠠᠮᠠᠷ ᠬᠥᠮᠥᠨ ᠴᠦ᠍ ᠪᠣᠯᠣᠭ ) ᠡᠴᠡ ᠠᠵᠤ ᠠᠬᠤᠢ᠎ᠶᠢᠨ ᠠᠵᠢᠯ ᠰᠤᠷᠴᠤ᠂ ᠡᠨᠡ ᠲᠠᠯ᠎ᠠ᠎ᠶᠢᠨ ᠦᠯᠡᠮᠵᠢ ᠮᠡᠳᠡᠯᠭᠡ᠎ᠶᠢ ᠮᠠᠰᠢ ᠲᠦᠷᠭᠡᠨ ᠡᠵᠡᠮᠰᠢᠵᠡᠢ》 ᠭᠡᠪᠡ᠃ ᠯᠢ ᠰᠢᠶᠠᠨ ᠨᠢᠶᠠᠨ ᠡᠳ᠋᠎ᠦᠨ ᠵᠠᠰᠠᠭ᠎ᠤᠨ ᠶᠠᠮᠤᠨ᠎ᠤ ᠰᠠᠢᠳ᠎ᠤᠨ ᠲᠤᠰᠢᠶᠠᠯ᠎ᠢ 22 ᠵᠢᠯ ᠬᠠᠷᠢᠭᠤᠴᠠᠵᠤ᠂ ᠠᠩᠬ᠎ᠠ ᠡᠬᠢᠯᠡᠬᠦ ᠳ᠋ᠡᠭᠡᠨ 《ᠴᠢᠳᠠᠪᠤᠷᠢ᠎ᠶᠢᠨ ᠮᠡᠬᠦᠰᠳᠡᠯ ᠲᠠᠢ》 ᠪᠠᠢᠭᠰᠠᠨ᠎ᠠᠴᠠ᠎ᠪᠠᠨ ᠡᠴᠦᠰ᠎ᠲᠡᠬᠡᠨ ᠪᠦᠬᠦ ᠨᠠᠮ᠎ᠵᠢᠡᠷ ᠵᠢᠡᠨ ᠰᠠᠢᠨ ᠮᠡᠳᠡᠳᠡᠭ ᠴᠠᠭᠠᠷᠠᠭᠰᠠᠨ ᠲᠤᠰᠬᠠᠢ ᠮᠡᠷᠭᠡᠵᠢᠯᠲᠡᠨ ᠪᠣᠯᠪᠠ᠃

ᠠᠷᠠᠳ ᠲᠦᠮᠡᠨ᠎ᠳᠦ ᠦᠢᠯᠡᠴᠢᠯᠡᠬᠦ ᠳᠤᠮᠳᠠ 《ᠮᠣᠷᠠᠯ》 ᠲᠠᠢ ᠪᠣᠯᠵᠤ᠂ ᠡᠷᠳᠡᠮ ᠴᠢᠳᠠᠪᠤᠷᠢ᠎ᠪᠠᠨ ᠨᠡᠮᠡᠭᠳᠡᠭᠦᠯᠬᠦ ᠳᠤᠮᠳᠠ 《ᠴᠢᠳᠠᠪᠤᠷᠢ》 ᠲᠠᠢ ᠪᠣᠯᠵᠤ᠂ 《ᠮᠣᠷᠠᠯ ᠴᠢᠳᠠᠪᠤᠷᠢ᠎ᠶᠢ ᠵᠡᠷᠭᠡ᠎ᠪᠡᠷ ᠴᠢᠬᠤᠯᠠᠴᠢᠯᠠᠬᠤ》 ᠪᠣᠯ ᠯᠢ ᠰᠢᠶᠠᠨ ᠨᠢᠶᠠᠨ᠎ᠤ ᠨᠠᠮ᠎ᠤᠨ ᠭᠡᠰᠢᠭᠦᠨ ᠺᠠᠳ᠋ᠷᠴᠤᠳ᠎ᠲᠤ ᠲᠠᠯᠪᠢᠭ᠍ᠰᠠᠨ ᠱᠠᠭᠠᠷᠳᠠᠯᠭ᠎ᠠ ᠮᠥᠨ᠂ ᠮᠦᠨ ᠴᠤ᠌ ᠲᠡᠭᠦᠨ᠎ᠦ ᠨᠠᠰᠤᠨ ᠲᠤᠷᠰᠢᠲᠠ ᠴᠥᠬᠥᠷᠡᠰᠢ ᠦᠭᠡᠢ ᠬᠥᠭᠡᠭᠡᠴᠡᠯᠳᠦᠭᠰᠡᠨ ᠬᠠᠷᠠᠯᠲᠠ ᠮᠥᠨ᠃

ᠢᠷᠡᠯᠳᠡ᠄ 《ᠡᠪ ᠬᠠᠮᠲᠤ ᠨᠠᠮ᠎ᠤᠨ ᠬᠡᠰᠢᠬᠦᠨ᠎ᠤ ᠮᠡᠳᠡᠬᠦ ᠶᠤᠰᠤᠳᠠᠢ ᠨᠠᠮ ᠎ᠤᠨ ᠲᠡᠤᠬᠡ ᠵᠢᠨ ᠵᠢᠵᠢᠭ ᠦᠯᠢᠭᠡᠷ ᠎ᠤᠳ》

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号